2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠤᠨ ᠬᠤᠷᠠᠯ ᠡᠷᠬᠢᠯᠡᠬᠦ ᠦᠭᠡ
ᠨᠡᠶᠢᠲᠡᠯᠡᠭᠰᠡᠨ ᠴᠠᠭ᠄
2021/8/2
ᠬᠦᠨᠳᠦᠲᠦ ᠤᠳᠤᠷᠢᠳᠤᠯᠭ᠎ᠠ᠂ ᠡᠷᠬᠢᠮ ᠵᠣᠴᠢᠳ᠂ ᠨᠠᠶᠢᠵᠢ ᠨᠦᠬᠦᠳ ᠡ᠄     ᠶᠠᠭᠤᠨ ᠤ ᠡᠮᠦᠨ᠎ᠡ ᠪᠢ᠂ ᠡᠨᠡ ᠡᠳᠦᠷ ᠤᠨ ᠬᠠᠯᠠᠭᠤᠨ ᠮᠡᠨᠳᠦᠴᠢᠯᠡᠯ ᠢ ᠲᠡᠪᠰᠢᠭᠦᠯᠦᠨ ᠵᠤᠯᠭᠠᠵᠤ ᠪᠠᠶᠢᠨ᠎ᠠ᠃ ᠲᠠᠨᠠᠷ ᠮᠠᠨᠢ ᠰᠠᠶᠢᠬᠠᠨ ᠵᠤᠨᠵᠢᠵᠤ ᠪᠠᠶᠢᠨ᠎ᠠ ᠤᠤ︖     ᠨᠠᠷᠠ ᠬᠤᠷ᠎ᠠ ᠲᠡᠩᠴᠡᠭᠰᠡᠨ ᠨᠠᠶᠢᠷᠰᠠᠭ ᠰᠠᠶᠢᠬᠠᠨ ᠤᠯᠠᠷᠢᠯ ᠳᠤ ᠪᠢᠳᠡ ᠬᠠᠮᠳᠤᠪᠠᠷ ︽ᠲᠤᠮᠲᠠᠲᠤ ᠤᠯᠤᠰ ᠤᠨ ᠠᠲᠤᠭᠤᠨ ᠰᠤᠶᠤᠯ ᠤᠨ ᠲᠦᠪ — ᠰᠢᠯᠢ ᠶᠢᠨ ᠬᠤᠲᠠ︾᠎ ᠳᠤ ᠬᠤᠷᠠᠨ ᠴᠤᠭᠯᠠᠷᠠᠯ᠎ᠠ᠃ᠰᠢᠯᠢ ᠶᠢᠨ ᠭᠤᠤᠯ ᠤᠨ ᠲᠠᠯ᠎ᠠ ᠨᠤᠲᠤᠭ ᠨᠢ ᠬᠦᠬᠡ ᠲᠡᠭᠷᠢ ᠨᠢ ᠲᠤᠭᠤᠰᠤ ᠦᠭᠡᠢ ᠴᠡᠮᠴᠡᠭᠡᠷ᠂ ᠬᠦᠳᠡᠭᠡ ᠲᠠᠯ᠎ᠠ ᠨᠢ ᠲᠤᠷᠳᠤᠭ ᠦᠭᠡᠢ ᠴᠡᠮᠴᠡᠭᠡᠷ᠃ ᠪᠢᠳᠡ ᠠᠷᠮᠠᠭ ᠬᠦᠯᠦᠭ ᠤᠨ ᠤᠨᠠᠭᠠᠨ ᠦᠦᠷᠰᠡᠭᠡ᠂ ᠠᠯᠠᠭ ᠴᠡᠴᠡᠭ ᠤᠨ ᠰᠤᠯᠤᠩᠭᠠᠨ ᠮᠢᠷᠠᠯᠵᠢᠭᠠᠨ᠂ ᠤᠷᠲᠤ ᠶᠢᠨ ᠲᠠᠭᠤᠤ ᠶᠢᠨ ᠰᠢᠷᠤᠩᠬᠠᠢ ᠡᠭᠡᠰᠢᠭ᠂ ᠤᠲᠤᠮᠲᠤ ᠪᠦᠬᠡ ᠶᠢᠨ ᠬᠦᠴᠦᠲᠦ ᠲᠡᠪᠢᠯᠭᠡ ᠪᠠᠷ ᠢᠶᠠᠨ ︽2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ︾᠎ ᠢ ᠤᠭᠲᠤᠨ ᠠᠪᠴᠢᠷᠠᠯ᠎ᠠ᠃     ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠤᠷᠤᠨ ᠢ ᠪᠠᠶᠢᠴᠠᠭᠠᠨ ᠦᠵᠡᠬᠦ ᠳᠡᠭᠡᠨ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠬᠡᠷᠡᠭᠵᠢᠬᠦᠯᠵᠦ᠂ ᠪᠦᠬᠦ ᠠᠶᠢᠮᠠᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯᠲᠡ ᠶᠢ ᠤᠯᠠᠮ  ᠪᠠᠲᠤᠳᠬᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠲᠡᠮᠳᠡᠭᠯᠡᠨ ᠲᠤᠷᠠᠰᠬᠠᠬᠤ ᠠᠵᠢᠯᠯᠠᠭ᠎ᠠ ᠪᠠᠨ ᠤᠯᠠᠮ ᠦᠷᠭᠡᠵᠢᠬᠦᠯᠦᠨ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠠᠮᠢ ᠠᠬᠤᠢ ᠶᠢᠨ ᠰᠤᠶᠤᠯ ᠵᠤᠭᠠᠴᠠᠯ ᠤᠨ ᠪᠦᠲᠦᠭᠡᠭᠳᠡᠬᠦᠨ ᠢ ᠲᠦᠯᠬᠢᠨ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠤ᠂ ︽2021 ᠰᠢᠯᠢ ᠶᠢᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ︾᠎ ᠤᠨ ᠡᠬᠢᠯᠡᠯᠲᠡ ᠶᠢᠨ ᠶᠣᠰᠣᠯᠠᠯ ᠢ ᠶᠠᠪᠤᠭᠲᠠᠭᠤᠯᠵᠤ ᠪᠠᠶᠢᠨ᠎ᠠ︕     ᠥᠨᠥᠳᠦᠷ ᠤᠨ ᠠᠵᠢᠯᠯᠠᠭ᠎ᠠ ᠳᠤ ᠣᠷᠣᠯᠴᠠᠬᠤ ᠤᠳᠤᠷᠢᠳᠤᠯᠭ᠎ᠠ ᠪᠤᠯᠤᠨ ᠬᠦᠨᠳᠦᠳᠦ ᠵᠤᠴᠢᠳ ᠨᠠᠷ ᠪᠤᠯ ᠄ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠶᠯᠡᠰ ᠤᠨ ᠬᠥᠭᠵᠢᠯᠲᠡ ᠎ ᠶᠢᠨ ᠭᠠᠵᠠᠷ ᠤᠨ ᠳᠠᠷᠤᠭ᠎ᠠ ᠡᠦ ᠱᠣᠤ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠡᠳ᠋ ᠡᠷᠬᠢᠯᠡᠭᠴᠢ ᠵᠠᠩ ᠬᠤᠤ᠂ ᠠᠵᠢᠯ ᠤᠨ ᠲᠤᠰᠬᠠᠶ ᠠᠩᠭᠢ ᠶᠢᠨ ᠬᠠᠷᠢᠭᠤᠴᠠᠯᠭᠠᠲᠠᠨ ᠯᠢ ᠲᠢᠶᠠᠨ ᠯᠧ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠤᠨ ᠮᠡᠷᠭᠡᠵᠢᠯ ᠤᠨ ᠲᠦᠷᠦᠬᠦᠦ ᠲᠤᠰᠬᠠᠶ ᠮᠡᠷᠭᠡᠵᠢᠯᠲᠡᠨ ᠯᠢᠦ ᠵᠢᠶᠠ ᠰᠢᠶᠠᠩ᠂ ᠶᠢᠨ ᠰᠢᠶᠦ᠋ᠩ︔ ᠵᠢᠴᠢ ᠠᠶᠢᠮᠠᠭ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ᠂ ᠬᠤᠰᠢᠭᠤ ᠰᠢᠶᠠᠨ ᠬᠤᠲᠠ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠠᠶᠢᠮᠠᠭ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠨᠠᠷ ᠪᠤᠯᠤᠨ᠎ᠠ᠃ᠪᠢᠳᠡ ᠬᠠᠯᠠᠭᠤᠨ ᠠᠯᠠᠭ᠎ᠠ ᠲᠡᠰᠢᠯᠲᠡ ᠪᠠᠷ ᠡᠯ᠎ᠡ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠤᠨ ᠪᠠᠶᠠᠷᠯᠠᠨ ᠤᠭᠲᠤᠵᠤ᠂ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠥᠨᠥᠳᠦᠷ ᠤᠨ ᠡᠬᠢᠯᠡᠯᠲᠡ ᠶᠢᠨ ᠶᠣᠰᠣᠯᠠᠯ ᠨᠢ ᠨᠡᠶᠢᠲᠡ 3 ᠠᠯᠬᠤᠮ ᠲᠠᠷᠠᠭ᠎ᠠ ᠲᠠᠢ᠂ ᠳᠣᠣᠷ᠎ᠠ ᠳᠡᠰ ᠳᠠᠷᠠᠭ᠎ᠠ ᠲᠠᠢ ᠪᠠᠷ ᠶᠠᠪᠤᠭᠳᠠᠭᠤᠯᠤᠨ᠎ᠠ᠄ ᠡᠩ ᠲᠡᠷᠢᠬᠦᠨ ᠳᠤ᠂ ᠡᠬᠢᠯᠡᠯᠲᠡ ᠶᠢᠨ ᠶᠤᠰᠤᠯᠠᠯ ᠤᠨ ᠲᠠᠯᠠᠪᠠᠶ ᠳᠤ ᠣᠷᠣᠬᠤ ᠶᠣᠰᠣᠯᠠᠯ ᠢ ᠶᠠᠪᠤᠭᠳᠠᠭᠤᠯᠤᠨ᠎ᠠ᠃      ᠳᠣᠣᠷ᠎ᠠ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠤᠷᠳᠤᠨᠠᠰᠤᠨ ᠨᠦᠬᠦᠷ ᠠᠴᠠ ᠶᠠᠷᠢᠶ᠎ᠠ ᠲᠠᠯᠪᠢᠨ᠎ᠠ᠃      ᠲᠤᠤᠷ᠎ᠠ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠨᠥᠬᠦᠷ ᠠᠴᠠ ᠨᠠᠶᠢᠷ ᠡᠬᠢᠯᠡᠭᠰᠡᠨ ᠎ ᠢ ᠵᠠᠷᠯᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号