2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠲᠡᠭᠡᠷᠡᠬᠢ ᠪᠠᠶᠠᠷ ᠤᠨ ᠦᠭᠡ
ᠨᠡᠶᠢᠲᠡᠯᠡᠭᠰᠡᠨ ᠴᠠᠭ᠄
2021/8/2
ᠬᠦᠨᠳᠦᠲᠦ ᠤᠳᠤᠷᠢᠳᠤᠯᠭ᠎ᠠ᠂ ᠡᠷᠬᠢᠮ ᠵᠣᠴᠢᠳ᠂ ᠠᠪᠠᠭ᠋ᠠᠢ ᠨᠠᠷ᠂ ᠠᠪᠤᠭᠠᠢ ᠨᠠᠷ᠂ ᠨᠠᠶᠢᠵᠢ ᠨᠠᠷ ᠡ᠄       ᠲᠠᠨᠠᠷ ᠰᠠᠶᠢᠨ ᠪᠠᠶᠢᠵᠠᠭᠠᠨ᠎ᠠ ᠤᠤ︕       7 ᠰᠠᠷ᠎ᠠ ᠶᠢᠨ ᠰᠢᠯᠢ ᠶᠢᠨ ᠭᠤᠤᠯ ᠤᠨ ᠲᠠᠯ᠎ᠠ ᠨᠤᠲᠤᠭ ᠬᠦᠪᠡᠭᠡ ᠬᠢᠵᠠᠭᠠᠷ ᠦᠭᠡᠢ ᠬᠦᠬᠡᠷᠡᠨ ᠲᠤᠨᠤᠷᠠᠨ᠎ᠠ᠂ ᠡᠨᠡᠬᠦ ᠵᠦᠢᠯ ᠤᠨ ᠴᠡᠴᠡᠭ ᠮᠢᠷᠠᠯᠵᠠᠨ ᠲᠡᠯᠭᠡᠷᠡᠭᠰᠡᠨ ᠵᠤᠨ ᠤ ᠰᠠᠶᠢᠬᠠᠨ ᠤᠯᠠᠷᠢᠯ ᠳᠤ᠂ ᠪᠢᠳᠡ 2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠲᠠᠭᠤᠯᠬᠤ ᠪᠠᠷ ᠪᠤᠯᠪᠠ  ᠃ ᠠᠳᠡ ᠪᠢ ᠡᠩ ᠲᠡᠷᠢᠭᠦᠨ ᠳᠤ ᠬᠦᠷᠦᠯᠴᠡᠨ ᠢᠷᠡᠭᠰᠡᠨ ᠬᠦᠨᠳᠦᠲᠦ ᠵᠣᠴᠢᠳ ᠢᠶᠠᠨ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠤᠷᠲᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠤᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠰᠢᠯᠢ ᠶᠢᠨ ᠭᠤᠤᠯ ᠠᠶᠢᠮᠠᠭ ᠡᠬᠡ ᠤᠯᠤᠰ ᠤᠨ ᠤᠮᠠᠷᠠᠲᠤ ᠣᠷᠣᠨ ᠳᠤ ᠪᠠᠶᠢᠷᠢᠯᠠᠵᠤ᠂ ᠠᠮᠢ ᠠᠬᠤᠶ ᠶᠢᠨ ᠡᠬᠢ ᠪᠠᠶᠠᠯᠢᠭ ᠢᠶᠠᠷ ᠥᠪᠡᠷᠮᠢᠴᠡ ᠳᠠᠪᠠᠭᠤᠯᠢᠭ ᠲᠠᠯ᠎ᠠ ᠲᠠᠢ᠂ ᠥᠨᠢ ᠤᠳᠠᠭᠠᠨ ᠰᠤᠶᠤᠯ ᠲᠡᠦᠬᠡ ᠲᠠᠢ᠂ ᠢᠯᠭᠤᠮ ᠲᠤᠲᠤ ᠦᠨᠳᠦᠰᠦᠲᠡᠨ ᠤ ᠵᠠᠩ ᠠᠷᠠᠨᠰᠢᠨ ᠲᠠᠢ ᠪᠠᠶᠢᠳᠠᠭ᠃ ᠥᠷᠭᠡᠨ ᠠᠭᠤᠳᠠᠮ ᠰᠦᠷᠯᠢᠭ ᠰᠠᠶᠢᠬᠠᠨ ᠰᠢᠯᠢ ᠶᠢᠨ ᠭᠤᠣᠯ ᠪᠣᠯ ᠳᠡᠯᠡᠬᠡᠶ ᠳᠤ ᠠᠯᠳᠠᠷᠰᠢᠭᠰᠠᠨ ᠲᠠᠯ᠎ᠠ ᠨᠤᠲᠤᠭ ᠪᠠ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠎ ᠶᠢᠨ ᠬᠠᠯᠬᠠᠪᠴᠢ ᠪᠠᠶᠢᠵᠤ᠂ ᠪᠠᠰᠠᠴᠣ ᠨᠡᠶᠢᠰᠯᠡᠯ ᠪᠡᠭᠡᠵᠢᠩ ᠠᠴᠠ ᠬᠠᠮᠤᠭ ᠤᠨ ᠣᠶᠢᠷ᠎ᠠ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠭᠠᠵᠠᠷ ᠪᠣᠯᠤᠨ᠎ᠠ᠃ ᠰᠢᠯᠢ ᠶᠢᠨ ᠭᠤᠤᠯ ᠤᠨ ᠲᠠᠯ᠎ᠠ ᠨᠤᠲᠤᠭ ᠲᠤ ᠢᠷᠡᠪᠡᠯ᠂ ᠲᠠ ︽ᠦᠨᠳᠦᠷ ᠲᠡᠭᠷᠢ ᠬᠦᠬᠡᠷᠡᠵᠦ ᠦᠷᠭᠡᠨ ᠲᠠᠯ᠎ᠠ ᠨᠡᠯᠦᠶᠢᠨ᠎ᠡ᠂ ᠡᠪᠡᠰᠦᠨ ᠤ ᠲᠤᠯᠤᠭᠠᠢ ᠰᠠᠯᠬᠢᠨ ᠳᠤ ᠨᠠᠶᠢᠭᠤᠬᠤᠯᠠᠷ ᠦᠬᠡᠷ ᠬᠤᠨᠢᠳ ᠦᠵᠡᠭᠳᠡᠨᠡᠮ︾ ᠭᠡᠬᠦ ᠭᠤᠶᠢᠲᠠ ᠰᠠᠶᠢᠬᠠᠨ ᠦᠵᠡᠮᠵᠢ ᠶᠢ ᠰᠣᠨᠢᠷᠬᠠᠵᠤ᠂ ᠦᠶ᠎ᠡ ᠶᠢᠨ ᠦᠶ᠎ᠡ ᠪᠠᠷ ᠎ ᠢᠶᠠᠨ ᠲᠠᠯ᠎ᠠ ᠨᠤᠲᠤᠭ ᠲᠤ ᠠᠮᠢᠲᠤᠷᠠᠨ ᠤᠨᠲᠤᠷᠤᠵᠤ ᠪᠤᠢ ᠪᠤᠯᠤᠭᠰᠠᠨ ᠦᠨᠳᠦᠰᠦᠲᠡᠨ ᠤ ᠵᠠᠩ ᠦᠢᠯᠡ᠂ ᠦᠨᠳᠦᠰᠦᠲᠡᠨ ᠤ ᠳᠠᠭᠤᠤ ᠪᠥᠵᠢᠭ ᠢ ᠰᠤᠨᠢᠷᠬᠠᠨ ᠣᠶᠢᠯᠠᠭᠠᠵᠤ᠂ ︽ᠰᠢᠯᠢ ᠶᠢᠨ ᠭᠤᠤᠯ ᠤᠨ ᠮᠣᠩᠭᠤᠯ ᠬᠤᠭᠤᠯᠠ ᠎ ᠶᠢᠨ 8 ᠲᠠᠩᠰᠤᠭ ᠢᠳᠡᠭᠡᠨ︾᠂ ︽ᠰᠢᠯᠢ ᠶᠢᠨ ᠭᠤᠤᠯ ᠤᠨ ᠪᠢᠰᠢᠯᠠᠭ︾᠎ ᠢᠶᠠᠷ ᠲᠥᠯᠥᠭᠡᠯᠡᠭᠦᠯᠦᠭᠰᠡᠨ ᠦᠪᠡᠷᠮᠢᠴᠡ ᠣᠨᠴᠠᠯᠢᠭᠲᠤ ᠮᠣᠩᠭᠤᠯ ᠬᠤᠭᠤᠯᠠ ᠶᠢ ᠠᠮᠲᠠᠷᠬᠠᠨ ᠵᠤᠭᠤᠭᠯᠠᠵᠤ᠂ ᠡᠳᠡᠭᠡᠷ ᠨᠢ ᠯᠠᠪᠲᠠᠶ ᠲᠠᠨ ᠳᠤ ᠮᠠᠷᠲᠠᠭᠳᠠᠰᠢ ᠥᠬᠡᠶ ᠳᠤᠷᠠᠳᠬᠠᠯ ᠪᠣᠯᠬᠤ ᠶᠤᠮ᠃     ᠣᠶᠢᠷ᠎ᠠ ᠶᠢᠨ ᠵᠢᠯ ᠠᠴᠠ ᠨᠠᠰᠢ᠂ ᠪᠡᠭᠡᠵᠢᠩ ᠤᠨ ᠬᠤᠶᠢᠲᠤ ᠲᠠᠯ᠎ᠠ ᠳᠠᠬᠢ ᠬᠠᠮᠤᠭ ᠤᠨ ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠤ ᠨᠠᠷᠠᠲᠤ ᠲᠡᠮᠳᠡᠭᠲᠦ ᠶᠢ ᠡᠭᠦᠳᠬᠦ ᠶᠢᠨ ᠲᠥᠯᠥᠭᠡ᠂ ᠮᠠᠨ ᠤ ᠠᠶᠢᠮᠠᠭ ᠣᠯᠠᠨ ᠶᠠᠩᠵᠤᠲᠤ ᠪᠠᠶᠢᠭᠠᠯᠢ ᠶᠢᠨ ᠦᠵᠡᠮᠵᠢ᠂ ᠡᠯᠪᠡᠭ ᠪᠠᠶᠠᠯᠢᠭ ᠵᠢᠭᠤᠯᠴᠢᠯᠠᠯ ᠤᠨ ᠦᠶᠯᠡᠰ ᠢ ᠨᠢᠭᠡ ᠴᠣᠭᠴᠠᠵᠢᠭᠤᠯᠤᠭᠰᠠᠨ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠢ ᠢᠳᠡᠪᠬᠢᠲᠡᠶ ᠴᠤᠭᠴᠠᠯᠠᠵᠤ᠂ ᠵᠠᠮ ᠳᠠᠭᠠᠤ ᠶᠢᠨ ᠲᠠᠯ᠎ᠠ ᠨᠤᠲᠤᠭ ᠤᠨ ᠲᠥᠷᠥᠯ ᠬᠡᠯᠪᠡᠷᠢ ᠣᠯᠠᠨ ᠪᠠᠶᠢᠵᠤ᠂ ᠭᠤᠤᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠰᠤᠯᠪᠢᠴᠠᠵᠤ᠂ 20 ᠭᠠᠷᠤᠶ A ᠲᠠᠰ ᠤᠨ ᠦᠵᠡᠮᠵᠢ ᠶᠢᠨ ᠣᠷᠣᠨ ᠲᠣᠰ ᠲᠣᠰ ᠤᠨ ᠣᠨᠴᠠᠯᠢᠭ ᠢᠶᠠᠨ ᠢᠯᠡᠷᠡᠬᠦᠯᠵᠦ᠂ ᠣᠶᠤᠨᠴᠢ ᠵᠢᠭᠤᠯᠴᠢᠯᠠᠯ ᠤᠨ ᠦᠶᠯᠡᠴᠢᠯᠡᠭᠡ ᠡᠳᠦᠷ ᠢᠷᠡᠬᠦᠶ᠎ᠡ ᠲᠡᠭᠦᠯᠳᠡᠷᠵᠢᠵᠦ᠂ ᠤᠷᠢᠬᠠᠨ ᠬᠠᠪᠤᠷ᠂ ᠲᠠᠩᠰᠤᠭ ᠵᠣᠨ᠂ ᠠᠯᠲᠠᠨ ᠨᠠᠮᠤᠷ᠂ ᠮᠥᠩᠭᠦᠨ ᠡᠪᠦᠯ ᠤᠨ ᠳᠥᠷᠪᠡᠨ ᠤᠯᠠᠷᠢᠯ ᠎ ᠤᠨ ᠵᠢᠭᠤᠯᠴᠢᠯᠠᠯ ᠤᠨ ᠠᠵᠢᠯᠯᠠᠭ᠎ᠠ ᠨᠢ ᠰᠤᠨᠢᠷᠬᠠᠯᠲᠠᠢ ᠰᠠᠶᠢᠬᠠᠨ ᠶᠠᠪᠤᠭᠲᠠᠵᠤ᠂ ᠨᠢᠭᠡᠨᠲᠡ ᠰᠢᠯᠢ ᠶᠢᠨ ᠭᠤᠤᠯ ᠤᠨ ᠪᠠᠶᠢᠭᠠᠯᠢ ᠶᠢᠨ ᠦᠵᠡᠮᠵᠢ᠂ ᠲᠡᠦᠬᠡ ᠰᠣᠶᠣᠯ᠂ ᠪᠠᠶᠠᠷ ᠳᠤᠷᠠᠰᠬᠠᠯ ᠤᠨ ᠠᠵᠢᠯᠯᠠᠭ᠎ᠠ ᠶᠢ ᠬᠠᠷᠠᠭᠤᠯᠤᠭᠰᠠᠨ ᠪᠦᠲᠦᠨ ᠵᠢᠷᠤᠭ ᠪᠤᠯᠤᠭᠰᠠᠨ ᠪᠠᠶᠢᠨ᠎ᠠ᠃ ᠲᠠ ᠬᠥᠬᠡ ᠲᠩᠷᠢ ᠪᠠ ᠨᠤᠮᠢᠨ ᠲᠠᠯ᠎ᠠ ᠤᠨ ᠬᠤᠭᠤᠷᠣᠨᠳᠣ ᠴᠢᠯᠥᠭᠡᠲᠡᠶ ᠠᠶᠠᠯᠠᠨ ᠶᠠᠪᠤᠬᠤ ᠳᠠᠭᠠᠨ᠂ ᠲᠠᠯ᠎ᠠ ᠨᠤᠲᠤᠭ ᠤᠨ ᠨᠠᠮ ᠵᠢᠮ᠂ ᠭᠡᠭᠡᠨ ᠰᠠᠷᠠᠭᠤᠯ ᠪᠠ ᠥᠷᠭᠡᠨ ᠠᠭᠤᠳᠠᠮ ᠢ ᠯᠠᠪᠲᠠᠶ ᠱᠠᠭᠰᠢᠨ ᠭᠠᠶᠢᠬᠠᠬᠤ ᠪᠠᠶᠢᠬ᠎ᠠ ᠳ᠋ᠠ᠃     ᠰᠢᠯᠢ ᠶᠢᠨ ᠬᠤᠲᠠ ᠨᠢ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠤᠭᠰᠠᠨ ᠤ ᠬᠤᠪᠢ ᠳᠤ᠂ ᠮᠦᠨᠴᠤ ︽ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ︾᠎ ᠤᠨ ᠭᠤᠤᠯ ᠴᠢᠭ ᠬᠤᠲᠠ ᠪᠠᠶᠢᠵᠤ᠂ ︽ᠲᠠᠯ᠎ᠠ ᠨᠤᠲᠤᠭ ᠤᠨ ᠭᠡᠷᠡᠯᠲᠦ ᠰᠤᠪᠤᠳ︾ ᠭᠡᠰᠡᠨ ᠭᠤᠶᠢᠲᠠ ᠨᠡᠷᠡᠶᠢᠳᠦᠯ ᠲᠠᠢ ᠶᠤᠮ᠃ ᠥᠨᠥᠳᠦᠷ ᠪᠢᠳᠡ ᠠᠳᠡ 2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠶᠢ ᠡᠷᠬᠢᠯᠡᠭᠰᠡᠨ ᠤ ᠵᠤᠷᠢᠯᠭ᠎ᠠ ᠎ ᠨᠢ ᠭᠡᠪᠡᠯ᠂ ᠥᠪᠡᠷᠮᠢᠴᠡ ᠣᠨᠴᠠᠯᠢᠭ ᠪᠥᠬᠦᠶ ᠭᠠᠯᠲᠤ ᠠᠭᠤᠯᠠ ᠶᠢᠨ ᠦᠵᠡᠮᠵᠢ ᠶᠢᠨ ᠡᠬᠢ ᠪᠠᠶᠠᠯᠢᠭ ᠲᠤ ᠲᠦᠰᠢᠭᠯᠡᠨ ᠂ ᠤᠯᠠᠮᠵᠢᠯᠠᠯᠲᠤ ᠨᠠᠭᠠᠳᠤᠮ ᠤᠨ ᠬᠤᠷᠠᠯ ᠤᠨ ᠰᠠᠭᠤᠷᠢᠨ ᠳᠡᠭᠡᠷ᠎ᠡ ᠪᠡᠶ᠎ᠡ ᠲᠠᠮᠢᠷ᠂ ᠳᠠᠭᠤᠤ ᠬᠥᠭᠵᠢᠮ᠂ ᠵᠢᠭᠤᠯᠴᠢᠯᠠᠯ ᠎ ᠤᠨ ᠭᠡᠷᠡᠯ ᠵᠢᠷᠤᠭ᠂ ᠠᠮᠲᠠᠲᠤ ᠢᠳᠡᠭᠡᠨ ᠵᠡᠷᠭᠡ ᠣᠯᠠᠨ ᠵᠦᠶᠯ ᠤᠨ ᠡᠯᠧᠮᠧᠨ᠋ᠲ ᠢ ᠠᠭᠤᠰᠤᠯᠴᠠᠭᠤᠯᠤᠭᠰᠠᠨ ᠰᠢᠯᠢ ᠶᠢᠨ ᠭᠤᠤᠯ ᠤᠨ ᠪᠥᠬᠡ ᠶᠢᠨ ᠤᠷᠤᠯᠳᠤᠭᠠᠨ᠂ ᠭᠠᠯᠲᠤ ᠠᠭᠤᠯᠠ ᠶᠢᠨ ᠳᠠᠭᠤᠤ ᠬᠥᠭᠵᠢᠮ ᠤᠨ ᠨᠠᠶᠢᠷ᠂ ᠲᠠᠯ᠎ᠠ ᠨᠤᠲᠤᠭ ᠎ ᠤᠨ ᠵᠢᠭᠤᠯᠴᠢᠯᠠᠯ ᠤᠨ ᠭᠡᠷᠡᠯ ᠵᠢᠷᠤᠭ ᠲᠠᠲᠠᠬᠤ ᠦᠵᠡᠮᠵᠢ ᠶᠢᠨ ᠭᠠᠵᠠᠷ᠂ ᠪᠢᠰᠢᠯᠠᠭ ᠪᠠ ᠠᠮᠲᠠᠲᠤ ᠢᠳᠡᠭᠡᠨ ᠤ ᠴᠤᠭᠯᠠᠭᠠᠨ᠂ ᠲᠠᠯ᠎ᠠ ᠨᠤᠲᠤᠭ ᠤᠨ ᠵᠢᠭᠤᠯᠴᠢᠯᠠᠭᠰᠠᠳ ᠲᠤ ᠵᠤᠷᠢᠭᠤᠯᠤᠭᠰᠠᠨ ᠡᠷ᠎ᠡ ᠶᠢᠨ ᠭᠤᠷᠪᠠᠨ ᠨᠠᠭᠠᠲᠤᠮ᠂ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠦᠪ ᠤᠨ ᠮᠤᠷᠢᠨ ᠤ ᠤᠷᠤᠯᠳᠤᠭᠠᠨ ᠵᠡᠷᠭᠡ ᠠᠵᠢᠯᠯᠠᠭ᠎ᠠ ᠶᠢ ᠰᠢᠨ᠎ᠡ ᠪᠠᠷ ᠲᠦᠰᠦᠪᠯᠡᠵᠦ᠂  ᠵᠢᠭᠤᠯᠴᠢᠯᠠᠭᠰᠠᠳ ᠲᠤ ᠨᠠᠩ ᠢᠯᠡᠭᠦᠦ ᠪᠡᠶᠡᠴᠢᠯᠡᠨ ᠣᠶᠢᠯᠠᠭᠠᠬᠤ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠦᠨ ᠦᠭᠴᠦ᠂ ᠰᠢᠯᠢ ᠶᠢᠨ ᠭᠤᠤᠯ ᠤᠨ ᠰᠣᠶᠣᠯ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃     ᠬᠠᠮᠤᠭ ᠰᠡᠭᠦᠯ ᠳᠤ ᠨᠢ᠂ ᠲᠣᠰ ᠤᠳᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠲᠡᠭᠦᠰ ᠠᠮᠵᠢᠯᠲᠠ ᠤᠯᠬᠤ ᠶᠢ ᠵᠥᠩᠨᠡᠵᠦ᠂ ᠡᠷᠬᠢᠮ ᠵᠣᠴᠢᠳ ᠪᠣᠯᠤᠨ ᠵᠢᠭᠤᠯᠴᠢᠯᠠᠭᠰᠠᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠬᠡᠷ ᠪᠦᠯᠢ ᠵᠣᠯ ᠵᠢᠷᠭᠠᠯ ᠲᠠᠢ᠂ ᠠᠶᠠᠨ ᠵᠠᠮ ᠳᠠᠭᠠᠨ ᠪᠠᠶᠠᠷ ᠪᠠᠶᠠᠰᠬᠤᠯᠠᠩ ᠲᠠᠢ ᠪᠠᠶᠢᠬᠤ ᠶᠢ ᠬᠦᠰᠡᠨ ᠵᠥᠩᠨᠡᠶ᠎ᠡ︕    ᠤᠯᠠᠨ ᠳᠤ ᠪᠠᠶᠠᠷᠯᠠᠯ᠎ᠠ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号