2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠶᠣᠰᠣᠯᠠᠯ ᠡᠬᠢᠯᠡᠬᠦ ᠠᠴᠠ ᠡᠮᠦᠨᠡᠬᠢ ᠦᠭᠡ
ᠨᠡᠶᠢᠲᠡᠯᠡᠭᠰᠡᠨ ᠴᠠᠭ᠄
2021/8/2
ᠡᠷᠬᠢᠮ ᠬᠦᠨᠳᠦᠲᠦ ᠵᠣᠴᠢᠳ᠂ ᠵᠢᠭᠤᠯᠴᠢᠨ ᠨᠠᠶᠢᠵᠠ ᠨᠠᠷ ᠡ᠂ ︽2021 ᠰᠢᠯᠢ ᠶᠢᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ︾ ᠲᠠᠨᠠᠷ ᠢ ᠢᠶᠠᠨ ᠪᠠᠶᠠᠷᠯᠠᠨ ᠤᠭᠲᠤᠵᠤ ᠪᠠᠶᠢᠨ᠎ᠠ᠃     2021 ᠰᠢᠯᠢ ᠶᠢᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠪᠣᠯ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠬᠢᠯᠡᠵᠦ᠂ ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠭᠠᠭᠠᠴᠢᠯᠠᠨ ᠡᠷᠬᠢᠯᠡᠵᠦ᠂ ᠰᠢᠯᠢ ᠶᠢᠨ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ᠂ ᠰᠢᠯᠢ ᠶᠢᠨ ᠭᠤᠣᠯ ᠠᠶᠢᠮᠠᠭ ᠤᠨ ᠰᠣᠶᠣᠯ ᠤᠨ ᠣᠷᠳᠣᠨ᠂ ᠰᠢᠯᠢ ᠶᠢᠨ ᠬᠤᠲᠠ ᠶᠢᠨ  ᠪᠢᠯᠢᠭ ᠮᠠᠯᠵᠢᠯ ᠤᠨ ᠲᠠᠯᠠᠪᠠᠢ ᠬᠠᠮᠵᠢᠯᠴᠠᠨ ᠡᠷᠬᠢᠯᠡᠭᠰᠡᠨ ᠲᠠᠯ᠎ᠠ ᠨᠤᠲᠤᠭ ᠤᠨ ᠦᠪᠡᠳᠡᠭᠰᠢ ᠨᠠᠶᠢᠷ ᠪᠣᠯᠤᠨ᠎ᠠ᠃     ᠰᠢᠯᠢ ᠶᠢᠨ ᠭᠤᠣᠯ ᠠᠶᠢᠮᠠᠭ ᠪᠣᠯ ᠡᠬᠡ ᠤᠯᠤᠰ ᠤᠨ ᠤᠮᠠᠷᠠᠲᠤ ᠬᠡᠰᠡᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠠᠪᠢ ᠪᠠᠷ ᠪᠠᠶᠢᠷᠢᠰᠢᠯᠠᠵᠦ᠂ ᠶᠡᠷᠦᠩᠬᠡᠶ ᠲᠠᠯᠠᠪᠠᠶ ᠨᠢ 20.3 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠠᠶᠢᠩᠭᠤ ᠰᠠᠭᠤᠭ᠎ᠠ ᠬᠥᠮᠦᠨ ᠠᠮᠠ 105 ᠲᠦᠮᠡ ᠪᠠᠶᠢᠵᠤ᠂ ᠡᠭᠦᠨ ᠤ ᠳᠣᠲᠣᠷ᠎ᠠ ᠮᠣᠩᠭᠤᠯ ᠦᠨᠳᠦᠰᠦᠲᠡᠨ ᠤ ᠬᠥᠮᠦᠨ ᠠᠮᠠ 30%᠎ ᠶᠢ ᠡᠵᠡᠯᠡᠨ᠎ᠡ᠃ 12 ᠬᠤᠰᠢᠭᠤ ᠰᠢᠶᠠᠨ ᠬᠤᠲᠠ ᠪᠠ 1 ᠬᠠᠮᠢᠶᠠᠷᠤᠯᠲᠠ ᠶᠢᠨ ᠣᠷᠣᠨ ᠢ ᠬᠠᠷᠢᠶᠠᠯᠠᠵᠤ᠂ ᠡᠷᠢᠶᠡᠨ ᠬᠤᠲᠠ᠂ ᠵᠡᠭᠦᠨ ᠬᠠᠲᠠᠪᠴᠢ ᠵᠡᠷᠭᠡ ᠮᠣᠩᠭᠤᠯ ᠤᠯᠤᠰ ᠲᠤ ᠨᠡᠭᠡᠭᠡᠭᠰᠡᠨ ᠤᠯᠤᠰ ᠤᠨ ᠨᠢᠭᠡᠳᠦᠭᠡᠷ ᠲᠥᠷᠥᠯ ᠤᠨ ᠬᠤᠶᠠᠷ ᠬᠢᠯᠢ ᠶᠢᠨ ᠪᠣᠭᠤᠮᠲᠠ ᠲᠠᠢ ᠪᠠᠶᠢᠳᠠᠭ᠃     ᠰᠢᠯᠢ ᠶᠢᠨ ᠭᠤᠣᠯ ᠭᠡᠳᠡᠭ ᠨᠢ ᠮᠣᠩᠭᠤᠯ ᠦᠭᠡ᠂ ︽ᠰᠢᠯᠢ ᠭᠠᠵᠠᠷ ᠤᠨ ᠭᠤᠣᠯ︾ ᠭᠡᠰᠡᠨ ᠤᠳᠬ᠎ᠠ ᠲᠠᠢ᠂ ᠠᠳᠡ ᠲᠤᠭ᠎ᠠ ᠲᠣᠮᠰᠢ ᠦᠭᠡᠶ ᠣᠯᠠᠨ ᠭᠤᠣᠯ ᠮᠦᠷᠡᠨ ᠤ ᠤᠷᠤᠰᠬᠠᠯ᠂ ᠨᠠᠭᠤᠷ ᠴᠥᠭᠦᠷᠥᠮ ᠪᠠ ᠪᠤᠯᠠᠭ ᠤᠨ ᠤᠰᠤ ᠲᠦᠭᠡᠵᠦ ᠪᠠᠶᠢᠳᠠᠭ᠃ ᠦᠵᠡᠰᠬᠦᠯᠡᠩᠲᠦ ᠰᠠᠶᠢᠬᠠᠨ ᠥᠷᠭᠡᠨ ᠠᠭᠤᠳᠠᠮ ᠰᠢᠯᠢ ᠶᠢᠨ ᠭᠤᠣᠯ ᠤᠨ ᠲᠠᠯ᠎ᠠ ᠨᠤᠲᠤᠭ ᠨᠢ  ᠪᠠᠶᠢᠭᠠᠯᠢᠯᠢᠭ ᠣᠷᠴᠢᠨ ᠢᠶᠠᠷ ᠢᠶᠠᠨ ᠳᠡᠯᠡᠬᠡᠶ ᠳᠤ ᠠᠯᠳᠠᠷᠰᠢᠭᠰᠠᠨ ᠶᠤᠮ᠃ ᠠᠳᠡ 1200 ᠭᠠᠷᠤᠶ ᠲᠦᠷᠦᠯ ᠤᠨ ᠤᠷᠭᠤᠮᠠᠯ ᠤᠷᠭᠤᠵᠤ᠂ ᠡᠷᠳᠡᠮ ᠰᠢᠨᠵᠢᠯᠡᠭᠡᠨ ᠤ ᠬᠢᠨ ᠳᠤ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠨᠡᠶᠢᠲᠡᠯᠢᠭ ᠬᠡᠭᠡᠷ᠎ᠡ ᠲᠠᠯ᠎ᠠ ᠶᠢᠨ ᠥᠯᠢᠭᠡᠷ ᠭᠠᠵᠠᠷ ᠭᠡᠵᠦ ᠨᠡᠷᠡᠯᠡᠭᠳᠡᠭᠰᠡᠨ ᠪᠥᠭᠡᠳ ᠳᠡᠯᠡᠬᠡᠶ ᠳᠡᠭᠡᠷᠡᠬᠢ ᠬᠡᠭᠡᠷ᠎ᠡ ᠲᠠᠯ᠎ᠠ ᠶᠢᠨ ᠲᠥᠷᠥᠯ ᠵᠦᠢᠯ ᠢᠶᠠᠷ ᠬᠠᠮᠤᠭ ᠤᠨ ᠨᠡᠶᠢᠲᠡᠯᠢᠭ᠂ ᠬᠠᠮᠤᠭ ᠤᠨ ᠪᠦᠷᠢᠨ ᠭᠠᠵᠠᠷ ᠣᠷᠣᠨ ᠪᠣᠯᠤᠨ᠎ᠠ᠂ ᠨᠡᠶᠢᠲᠡᠯᠢᠭ ᠬᠡᠭᠡᠷ᠎ᠡ ᠲᠠᠯ᠎ᠠ᠂ ᠨᠤᠭᠤ ᠲᠠᠯ᠎ᠠ ᠭᠠᠵᠠᠷ᠂ ᠣᠶ ᠰᠢᠭᠤᠶ ᠶᠢᠨ ᠬᠡᠭᠡᠷ᠎ᠡ ᠲᠠᠯ᠎ᠠ ᠠᠴᠠ ᠡᠯᠡᠰᠦᠷᠬᠡᠭ ᠭᠠᠵᠠᠷ ᠤᠨ ᠬᠡᠭᠡᠷ᠎ᠡ ᠲᠠᠯ᠎ᠠ᠂ ᠬᠠᠭᠠᠰ ᠴᠥᠯᠡᠷᠬᠡᠭ ᠬᠡᠭᠡᠷ᠎ᠡ ᠲᠠᠯ᠎ᠠ ᠬᠦᠷᠳᠡᠯ᠎ᠡ ᠪᠠᠶᠢᠵᠤ᠂ ᠣᠯᠠᠨ ᠶᠠᠩᠵᠤ ᠶᠢᠨ ᠲᠥᠷᠥᠯ  ᠵᠦᠢᠯ᠂ ᠡᠯᠳᠡᠪ ᠶᠠᠩᠵᠤ ᠶᠢᠨ ᠬᠡᠯᠪᠡᠷᠢ ᠳᠦᠷᠰᠦ᠂ ᠬᠠᠴᠢᠨ ᠭᠠᠶᠢᠬᠠᠮᠰᠢᠭᠲᠤ ᠭᠠᠵᠠᠷ ᠤᠨ ᠭᠠᠲᠠᠷᠭᠤ ᠲᠠᠢ ᠪᠠᠶᠢᠵᠤ᠂  ᠰᠤᠨᠢᠷᠬᠠᠭᠠᠳ ᠬᠠᠨᠤᠰᠢ ᠥᠬᠡᠶ ᠪᠠᠶᠢᠳᠠᠭ᠃     2012 ᠣᠨ ᠤ 6 ᠰᠠᠷ᠎ᠠ ᠶᠢᠨ 29᠎ ᠤ ᠡᠳᠦᠷ᠂ 36 ᠳ᠋ᠤᠭᠠᠷ ᠬᠤᠭᠤᠴᠠᠭᠠᠨ ᠤ ᠳᠡᠯᠡᠬᠡᠶ ᠶᠢᠨ ᠥᠪ ᠬᠦᠷᠦᠩᠭᠡ ᠶᠢᠨ ᠶᠡᠭᠡ ᠬᠤᠷᠠᠯ ᠣᠷᠣᠰ ᠤᠨ ᠰᠠᠨᠲ ᠫᠧᠲ᠋ᠧᠷᠪᠦ᠋ᠷᠡᠭ ᠲᠤ ᠶᠠᠪᠤᠭᠲᠠᠵᠤ᠂  ᠳᠤᠮᠳᠠᠳᠤ ᠤᠯᠤᠰ ᠤᠨ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ︽ᠳᠡᠯᠡᠬᠡᠶ ᠶᠢᠨ ᠥᠪ ᠤᠨ ᠨᠡᠷᠡᠰ ᠤᠨ ᠵᠢᠭᠰᠠᠭᠠᠯᠲᠠ︾᠎ ᠳᠤ ᠣᠷᠣᠭᠤᠯᠤᠨ᠎ᠠ ᠭᠡᠵᠦ ᠠᠯᠪᠠᠨ ᠶᠣᠰᠣᠭᠠᠷ ᠵᠠᠷᠯᠠᠵᠤ᠂ ᠲᠡᠭᠦᠨ ᠤ ᠳᠡᠯᠡᠬᠡᠶ ᠶᠢᠨ ᠪᠣᠯᠪᠠᠰᠤᠨ ᠤ ᠲᠡᠤᠬᠡ ᠪᠠ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠡᠤᠬᠡᠨ ᠳᠠᠬᠢ ᠥᠪᠡᠷᠮᠢᠴᠡ ᠪᠠᠶᠢᠷᠢ ᠰᠠᠭᠤᠷᠢ ᠶᠢ ᠡᠭᠦᠨ ᠠᠴᠠ ᠤᠯᠵᠤ ᠬᠠᠷᠠᠵᠤ ᠪᠤᠯᠤᠨ᠎ᠠ᠃     ᠰᠢᠯᠢ ᠶᠢᠨ ᠭᠤᠣᠯ ᠪᠣᠯ ᠤᠯᠠᠭᠠᠨᠮᠥ᠋ᠴᠢᠷ ᠤᠨ ᠡᠭᠦᠰᠤᠯᠲᠡ ᠶᠢᠨ ᠭᠠᠵᠠᠷ ᠪᠤᠯᠤᠨ᠎ᠠ᠃ 1957 ᠣᠨ ᠳᠤ᠂ ᠶᠡᠷᠦᠩᠬᠡᠶ ᠰᠠᠶᠢᠳ ᠵᠧᠤ ᠧᠨ ᠯᠠᠶ ᠠᠴᠠ ᠠᠲᠡ ᠪᠤᠢ ᠪᠤᠯᠤᠭᠰᠠᠨ ᠪᠥᠬᠦ ᠤᠯᠤᠰ ᠤᠨ ᠠᠩᠬᠠᠳᠠᠭᠴᠢ ᠤᠯᠠᠭᠠᠨᠮᠥ᠋ᠴᠢᠷ ᠢ ︽ᠲᠠᠯ᠎ᠠ ᠨᠤᠲᠤᠭ ᠤᠨ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠭᠡᠵᠦ ᠮᠠᠭᠲᠠᠨ ᠰᠠᠶᠢᠰᠢᠶᠠᠪᠠ᠃ 2017 ᠣᠨ ᠤ 11 ᠰᠠᠷ᠎ᠠ ᠶᠢᠨ 21᠎ ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠴᠠ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠳᠣᠲᠣᠨᠣ ᠪᠠᠷ ᠬᠠᠷᠢᠭᠤ ᠵᠠᠬᠢᠳᠠᠯ ᠢᠯᠡᠭᠡᠵᠦ᠂ ︽ᠤᠯᠠᠭᠠᠨᠮᠥ᠋ᠴᠢᠷ ᠪᠣᠯ ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠮᠥᠨ︾ ᠭᠡᠵᠦ ᠮᠠᠭᠲᠠᠵᠠᠶ᠃ ᠶᠡᠷᠦᠩᠬᠡᠢ ᠱᠦᠵᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠳᠤ ᠰᠢᠨ᠎ᠡ ᠬᠦᠰᠡᠯ ᠡᠷᠡᠮᠡᠯᠵᠡᠯ ᠲᠠᠯᠪᠢᠵᠦ᠂ ᠡᠨᠡ ᠨᠢ ᠮᠥᠨ ᠴᠤ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠲᠤ ᠰᠢᠨ᠎ᠡ ᠡᠭᠦᠷᠭᠡ ᠬᠠᠷᠢᠭᠤᠴᠠᠯᠭ᠎ᠠ ᠤᠯᠭᠤᠭᠰᠠᠨ ᠪᠠᠶᠢᠨ᠎ᠠ᠃    ᠰᠢᠯᠢ ᠶᠢᠨ ᠭᠤᠣᠯ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ ︽ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ︾ ᠪᠣᠯᠤᠨ᠎ᠠ᠃ ᠠᠳᠡ ᠥᠪᠥᠷ ᠮᠣᠩᠭᠤᠯ ᠲᠡᠷᠡᠴᠢᠯᠡᠨ ᠪᠦᠬᠦ ᠳᠤᠮᠳᠠᠳᠤ ᠤᠯᠤᠰ ᠤᠨ ᠬᠠᠮᠤᠭ ᠤᠨ ᠭᠤᠣᠯ ᠪᠣᠯᠬᠤ ᠠᠳᠤᠭᠤᠨ ᠤ ᠰᠠᠭᠤᠷᠢᠨ ᠭᠠᠵᠠᠷ ᠪᠠ ᠠᠳᠤᠭᠤᠨ ᠤ ᠠᠵᠤ ᠦᠢᠯᠡᠰ ᠤᠨ ᠲᠥᠪ ᠪᠤᠢ᠂ ᠰᠢᠯᠢ ᠶᠢᠨ ᠮᠤᠷᠢᠳ ᠤᠨ ᠰᠢᠯᠢᠳᠡᠭ ᠣᠭᠰᠠᠭ᠎ᠠ ᠲᠡᠯᠡᠬᠡᠢ ᠳᠤ ᠠᠯᠳᠠᠷᠲᠠᠢ᠃  ᠮᠣᠷᠢ ᠪᠣᠯ ᠳᠡᠯᠡᠬᠡᠢ ᠳᠡᠭᠡᠷᠡᠬᠢ ᠬᠠᠮᠤᠭ ᠤᠨ ᠲᠡᠭᠦᠰ ᠰᠠᠶᠢᠬᠠᠨ᠂ ᠬᠥᠮᠦᠨ ᠤ ᠰᠡᠳᠬᠢᠯ ᠢ ᠬᠠᠮᠤᠭ ᠠᠴᠠ ᠣᠶᠢᠯᠠᠭᠠᠳᠠᠭ᠂ ᠬᠠᠮᠤᠭ ᠤᠨ ᠥᠷᠥᠰᠢᠶᠡᠯ ᠵᠢᠷᠤᠮ ᠲᠠᠢ ᠮᠠᠯ ᠪᠣᠯᠤᠨ᠎ᠠ ᠭᠡᠵᠦ ᠰᠢᠯᠢᠩᠭᠤᠣᠯᠴᠣᠳ ᠦᠵᠡᠳᠡᠭ᠃ ᠮᠣᠷᠢ ᠨᠢ ᠰᠢᠯᠢᠩᠭᠤᠣᠯᠴᠣᠳ ᠤᠨ ᠤᠨᠤᠰᠢ ᠬᠦᠯᠦᠭ ᠪᠠᠷ ᠪᠠᠷᠠᠬᠤ ᠦᠭᠡᠢ᠂ ᠤᠶᠤᠨ ᠰᠠᠨᠠᠭᠠᠨ ᠤ  ᠭᠦᠨ ᠳᠤ ᠨᠢ ᠢᠳᠡᠭᠡᠰᠢᠭᠰᠡᠨ ᠠᠨᠳᠠ ᠨᠠᠶᠢᠵᠠ ᠨᠢ ᠪᠠᠶᠢᠳᠠᠭ᠃     ᠰᠢᠯᠢ ᠶᠢᠨ ᠭᠤᠣᠯ ᠪᠣᠯ ᠨᠢᠭᠡᠨ ᠮᠣᠩᠭᠤᠯ ᠮᠤᠷᠢᠨ ᠤ ᠵᠣᠷᠢᠭ ᠰᠠᠨᠠᠭᠠᠨ ᠤ ᠵᠣᠷᠢᠭᠵᠢᠭᠤᠯᠤᠯ ᠳᠣᠣᠷ᠎ᠠ ᠡᠷᠡᠮᠡᠬᠡᠶᠢᠯᠡᠨ ᠤᠷᠤᠭᠰᠢᠯᠠᠵᠤ ᠪᠠᠶᠢᠭ᠎ᠠ ᠭᠠᠵᠠᠷ ᠪᠣᠯᠤᠨ᠎ᠠ᠃ 2014 ᠣᠨ ᠤ 1 ᠰᠠᠷ᠎ᠠ ᠶᠢᠨ 27᠎ ᠤ ᠡᠳᠦᠷ ᠤᠨ ᠬᠥᠬᠡᠭᠡ ᠡᠪᠦᠯ ᠤᠨ ᠬᠦᠢᠲᠡᠨ ᠤᠯᠠᠷᠢᠯ ᠳᠤ᠂ ᠰᠢ ᠶᠢᠨ ᠫᠢᠩ ᠶᠡᠷᠦᠩᠬᠡᠶ ᠱᠦᠵᠢ ᠬᠠᠬᠢᠷ ᠬᠦᠢᠲᠡᠨ ᠢ ᠬᠠᠶᠢᠬᠤᠷᠤᠯ ᠦᠭᠡᠶ ᠪᠠᠷ ᠴᠠᠭᠠᠨ ᠴᠠᠰᠤᠨ ᠤ ᠯᠠᠪᠰᠠᠭᠠᠨ ᠳᠤ᠂ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠰᠢᠯᠢ ᠶᠢᠨ ᠬᠤᠲᠠ ᠳᠤ ᠢᠷᠡᠵᠦ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ ᠂ ᠮᠦᠩᠭᠦᠨ ᠡᠪᠦᠯ ᠤᠨ ᠨᠠᠭᠠᠳᠤᠮ ᠤᠨ ᠬᠤᠷᠠᠯ ᠳᠡᠭᠡᠷ᠎ᠡ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠥᠬᠡᠶ ᠤᠷᠤᠭᠰᠢᠯᠠᠬᠤ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠠᠩᠬ᠎ᠠ ᠤᠳᠠᠭ᠎ᠠ ᠳᠤᠷᠠᠳᠤᠨ ᠭᠠᠷᠭᠠᠵᠠᠶ᠂ ᠲᠡᠷᠡ ᠬᠡᠯᠡᠬᠦ ᠳᠡᠭᠡᠨ᠄ ︽ᠮᠣᠩᠭᠤᠯ ᠮᠣᠷᠢ ᠬᠡᠳᠦ᠋ᠢᠪᠡᠷ ᠭᠠᠳᠠᠭᠠᠳᠤ ᠶᠢᠨ ᠨᠠᠷᠠᠲᠤ ᠮᠣᠷᠢ ᠰᠢᠭ᠋ ᠲᠡᠶᠢᠮᠦ ᠥᠨᠳᠥᠷ ᠲᠤᠮᠤ ᠪᠢᠰᠢ ᠪᠣᠯᠪᠠᠴᠤ ᠠᠮᠢᠵᠢᠷᠠᠯ ᠤᠨ ᠬᠦᠴᠦᠨ ᠢᠶᠠᠷ ᠴᠢᠩᠭ᠎ᠠ᠂ ᠲᠡᠰᠪᠦᠷᠢ ᠳᠠᠭᠠᠭᠠᠮᠠᠭᠠᠶ᠂ ᠲᠤᠷᠪᠢ ᠰᠠᠶᠢᠲᠠᠢ ᠪᠠᠶᠢᠳᠠᠭ᠂ ᠪᠢᠳᠡ ᠠᠵᠢᠯ ᠶᠠᠪᠤᠳᠠᠯ ᠬᠢᠵᠦ ᠦᠢᠯᠡᠰ ᠴᠣᠭᠴᠠᠯᠠᠬᠤ ᠳᠠᠭᠠᠨ ᠮᠣᠩᠭᠤᠯ ᠮᠣᠷᠢ ᠰᠢᠭ᠋ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠥᠬᠡᠶ ᠤᠷᠤᠭᠰᠢᠯᠠᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ︾ ᠭᠡᠵᠡᠶ᠃ ᠮᠣᠩᠭᠤᠯ ᠮᠤᠷᠢᠨ ᠤ ᠵᠣᠷᠢᠭ ᠰᠠᠨᠠᠭ᠎ᠠ ᠨᠢ ᠰᠢᠯᠢᠩᠭᠤᠣᠯᠴᠣᠳ  ᠤᠨ ᠠᠵᠢᠯ ᠬᠢᠵᠦ ᠦᠢᠯᠡᠰ ᠪᠤᠰᠬᠠᠬᠤ ᠵᠣᠷᠢᠭ ᠰᠠᠨᠠᠭᠠᠨ ᠤ ᠪᠡᠯᠭᠡ ᠲᠡᠮᠳᠡᠭ ᠪᠤᠯᠵᠤ᠂ ᠰᠢᠨ᠎ᠡ ᠴᠠᠭ ᠦᠶ᠎ᠡ ᠳᠤ ᠲᠠᠰᠤᠷᠠᠯᠳᠡ ᠦᠭᠡᠢ ᠡᠷᠡᠯᠬᠡᠭᠯᠡᠨ ᠲᠡᠮᠡᠴᠡᠬᠦ ᠵᠣᠷᠢᠭ ᠬᠦᠴᠦᠨ ᠪᠣᠯᠵᠠᠢ᠃    ᠰᠠᠶ᠋ᠢᠬᠠᠨ ᠬᠤᠷᠠᠯᠳᠤᠭᠰᠠᠨ ︽ᠳᠤᠮᠳᠠᠳᠤ ᠤᠯᠤᠰ ᠤᠨ ᠮᠢᠬᠠᠨ ᠤ ᠲᠥᠷᠥᠯ ᠤᠨ ᠨᠡᠶᠢᠭᠡᠮᠯᠢᠭ ᠤᠨ 2021 ᠣᠨ ᠤ ᠠᠮᠢ ᠠᠬᠤᠶ ᠶᠢᠨ ᠬᠤᠨᠢᠨ ᠤ ᠠᠵᠤ ᠦᠢᠯᠡᠰ ᠤᠨ ᠲᠦᠷᠦᠭᠦᠴᠦᠳ ᠤᠨ ᠬᠤᠷᠠᠯ ︵ᠰᠢᠯᠢ ᠶᠢᠨ ᠭᠤᠤᠯ︶︾ ᠳᠡᠭᠡᠷ᠎ᠡ᠂ ᠳᠤᠮᠳᠠᠳᠤ ᠤᠯᠤᠰ ᠤᠨ ᠮᠢᠬᠠᠨ ᠤ ᠲᠥᠷᠥᠯ ᠤᠨ ᠨᠡᠶᠢᠭᠡᠮᠯᠢᠭ ᠠᠴᠠ ᠰᠢᠯᠢ ᠶᠢᠨ ᠭᠤᠤᠯ ᠠᠶᠢᠮᠠᠭ ᠲᠤ ︽ᠳᠤᠮᠳᠠᠳᠤ ᠤᠯᠤᠰ ᠤᠨ ᠠᠮᠢ ᠠᠬᠤᠶ ᠶᠢᠨ ᠬᠤᠨᠢᠨ ᠤ ᠰᠣᠶᠣᠯ ᠤᠨ ᠲᠥᠪ︾᠎ ᠎ ᠤᠨ ᠴᠣᠯᠠ ᠤᠯᠭᠤᠪᠠ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠶᠤᠤ ᠶᠦᠩ ᠪᠥᠸᠧ ᠬᠤᠷᠠᠯ ᠳᠡᠭᠡᠷ᠎ᠡ᠄ ᠪᠢᠳᠡ ᠲᠤᠰ ᠤᠳᠠᠭ᠎ᠠ ᠶᠢᠨ ᠠᠮᠢ ᠠᠬᠤᠢ ᠶᠢᠨ ᠬᠤᠨᠢᠨ ᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢᠯᠢ ᠶᠢᠨ ᠭᠤᠣᠯ ᠤᠨ ᠬᠤᠨᠢᠨ ᠤ ᠵᠠᠭᠤᠨ ᠳ᠋ᠦᠩᠰᠢᠭᠤᠷ ᠤᠨ ᠠᠵᠤ ᠠᠬᠤᠶᠢᠯᠠᠯ ᠤᠨ ᠮᠢᠩᠭᠠᠨ ᠳ᠋ᠦᠩᠰᠢᠭᠤᠷ ᠤᠨ ᠠᠵᠤ ᠦᠢᠯᠡᠰ ᠢ ᠴᠣᠭᠴᠠᠯᠠᠬᠤ ᠬᠠᠷᠠᠯᠲᠠ ᠪᠠᠷ᠂ ᠳᠤᠮᠳᠠᠳᠤ ᠤᠯᠤᠰ ᠤᠨ ᠠᠮᠢ ᠠᠬᠤᠢ ᠶᠢᠨ ᠬᠤᠨᠢᠨ ᠤ ᠰᠣᠶᠣᠯ ᠤᠨ ᠲᠥᠪ  ᠭᠡᠬᠦ ᠡᠨᠡᠬᠦ ᠠᠯᠳᠠᠨ ᠦᠰᠦᠭᠲᠦ ᠫᠠᠶᠢᠰᠠ ᠶᠢ ᠪᠦᠬᠦ ᠬᠦᠴᠦᠨ ᠢᠶᠠᠷ ᠢᠶᠠᠨ  ᠰᠠᠶᠢᠲᠤᠷ ᠬᠢᠯᠠᠯᠵᠠᠭᠤᠯᠤᠨ᠂ ᠠᠯᠲᠠᠷᠰᠢᠭᠤᠯᠤᠨ ᠲᠠᠭᠤᠷᠢᠰᠠᠭᠤᠯᠵᠤ᠂ ᠨᠡᠩ ᠪᠤᠲᠠᠲᠠᠶᠢᠵᠢᠭᠤᠯᠤᠨ ᠬᠢᠬᠦ ᠬᠡᠷᠡᠭᠲᠠᠢ ᠭᠡᠵᠦ ᠳᠤᠷᠠᠳᠪᠠ᠃     2021 ᠣᠨ ᠳᠤ᠂ ᠰᠢᠯᠢ ᠶᠢᠨ ᠭᠤᠣᠯ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠨᠡᠩ ᠤᠯᠠᠨ ᠵᠢᠭᠤᠯᠴᠢᠳ ᠤᠨ ᠠᠶᠠᠨ ᠵᠠᠮ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠪᠢᠳᠡ ᠵᠢᠭᠤᠯᠴᠢᠯᠠᠯ ᠎ ᠤᠨ ᠦᠵᠡᠮᠵᠢ ᠶᠢᠨ ᠣᠷᠣᠨ᠂ ᠮᠠᠯᠴᠢᠨ ᠠᠶᠢᠯ᠂ ᠵᠣᠴᠢᠳ ᠤᠨ ᠪᠠᠭᠤᠳᠠᠯ ᠵᠡᠷᠭᠡ ᠤᠯᠠᠨ ᠵᠦᠢᠯ ᠤᠨ ᠬᠢᠮᠳᠠᠷᠠᠯ ᠲᠠᠢ ᠦᠢᠯᠡᠴᠢᠯᠡᠭᠡ ᠶᠢ ᠲᠦᠪᠯᠡᠷᠡᠬᠦᠯᠦᠭᠰᠡᠨ ᠵᠢᠭᠤᠯᠴᠢᠯᠠᠯ ᠤᠨ ᠨᠡᠶᠢᠲᠡᠮ ᠲᠤᠬᠢᠷᠠᠬᠤ ᠺᠠᠷᠲ —  ᠤᠶᠤᠨᠲᠦ ᠵᠢᠭᠤᠯᠴᠢᠯᠠᠯ ᠰᠢᠯᠢ ᠶᠢᠨ ᠭᠤᠣᠯ  ︽ᠮᠢᠩᠭᠠᠨ ᠭᠠᠵᠠᠷ ᠤᠨ ᠵᠢᠭᠤᠯᠴᠢᠯᠠᠯ ᠤᠨ ᠺᠣᠳ᠋︾᠎ ᠢ ᠭᠠᠷᠭᠠᠪᠠ᠃    ᠤᠶᠤᠨᠲᠦ ᠵᠢᠭᠤᠯᠴᠢᠯᠠᠯ ᠰᠢᠯᠢ ᠶᠢᠨ ᠭᠤᠤᠯ ︽ᠮᠢᠩᠭᠠᠨ ᠭᠠᠵᠠᠷ ᠤᠨ ᠵᠢᠭᠤᠯᠴᠢᠯᠠᠯ ᠤᠨ ᠺᠣᠳ᠋︾ ᠪᠣᠯ ᠵᠢᠩᠬᠢᠨᠢ ᠨᠡᠷ᠎ᠡ ᠪᠠᠷ ᠲᠠᠩᠰᠠᠯᠠᠬᠤ ᠵᠢᠭᠤᠯᠴᠢᠯᠠᠯ ᠤᠨ ᠭᠡᠰᠢᠭᠦᠨ ᠤ ᠡᠯᠧᠺᠲᠷᠣᠨ ᠵᠢᠯ ᠤᠨ ᠺᠠᠷᠲ ᠮᠥᠨ᠂ ᠪᠥᠬᠦ ᠤᠯᠤᠰ ᠤᠨ ᠨᠢᠭᠡᠳᠦᠯᠲᠡᠶ ᠬᠤᠳᠠᠯᠳᠤᠬᠤ ᠦᠨ᠎ᠡ ᠨᠢ ᠵᠢᠯ ᠪᠦᠷᠢ ᠺᠠᠷᠲ ᠪᠦᠷᠢ 28 ᠲᠥᠭᠦᠷᠢᠭ ᠪᠣᠯᠤᠨ᠎ᠠ᠃ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠢᠨᠠᠨ ᠦᠢᠯᠡᠳᠴᠦ᠂ ᠰᠢᠯᠢ ᠶᠢᠨ ᠭᠤᠤᠯ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠲᠠᠷᠬᠠᠭᠠᠨ ᠡᠵᠡᠩᠨᠡᠵᠦ ᠬᠠᠮᠢᠶᠠᠷᠬᠤ ᠤᠶᠤᠨᠲᠦ ᠵᠢᠭᠤᠯᠴᠢᠯᠠᠯ ᠤᠨ ᠬᠠᠷᠠᠭᠠᠯᠵᠠᠯ ᠲᠠᠢ ᠭᠡᠰᠢᠭᠦᠨ ᠤ ᠺᠠᠷᠲ ᠪᠤᠯᠤᠨ᠎ᠠ᠃ ︽ᠮᠢᠩᠭᠠᠨ ᠭᠠᠵᠠᠷ ᠤᠨ ᠵᠢᠭᠤᠯᠴᠢᠯᠠᠯ ᠤᠨ ᠺᠣᠳ᠋︾᠎ ᠢ ᠬᠤᠳᠠᠯᠳᠤᠨ ᠠᠪᠤᠭᠰᠠᠨ ᠵᠢᠭᠤᠯᠴᠢᠯᠠᠭᠰᠠᠳ ᠵᠤᠭᠠᠴᠠᠬᠤ᠂ ᠬᠤᠨᠤᠬᠤ᠂ ᠨᠠᠭᠠᠳᠬᠤ ᠶᠠᠪᠤᠴᠠ ᠳᠤ ᠤᠨᠴᠠᠭᠠᠢ ᠬᠠᠷᠠᠭᠠᠯᠵᠠᠯ ᠢ ᠬᠦᠷᠲᠡᠨ᠎ᠡ᠃ ︽ᠮᠢᠩᠭᠠᠨ ᠭᠠᠵᠠᠷ ᠤᠨ ᠵᠢᠭᠤᠯᠴᠢᠯᠠᠯ ᠤᠨ ᠺᠣᠳ᠋︾᠎ ᠎ ᠪᠠᠷ ︽ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠤᠨ ᠪᠥᠬᠦ ᠦᠵᠡᠮᠵᠢ ᠶᠢᠨ 7 ᠡᠳᠦᠷ ᠤᠨ ᠵᠢᠭᠤᠯᠴᠢᠯᠠᠯ︾᠎ ᠤᠨ ᠱᠤᠭᠤᠮ ᠢᠶᠠᠷ ᠵᠤᠭᠠᠴᠠᠪᠠᠯ᠂ ᠬᠠᠮᠤᠭ ᠤᠨ ᠠᠷᠪᠢᠨ ᠳᠠᠭᠠᠨ 1800 ᠭᠠᠷᠤᠶ ᠲᠥᠭᠦᠷᠢᠭ ᠤᠨ ᠬᠠᠷᠠᠭᠠᠯᠵᠠᠯ ᠭᠥᠷᠳᠡᠵᠦ ᠪᠣᠯᠤᠨ᠎ᠠ᠃    ᠰᠢᠯᠢ ᠶᠢᠨ ᠭᠤᠣᠯ ᠤᠨ ᠵᠢᠯ ᠪᠦᠷᠢ ᠶᠢᠨ ᠳᠣᠯᠤᠭ᠎ᠠ ᠨᠠᠢᠮᠠᠨ ᠰᠠᠷ᠎ᠠ ᠪᠤᠯ᠂ ᠡᠪᠡᠰᠦ ᠪᠡᠯᠴᠢᠭᠡᠷ ᠬᠦᠬᠡᠷᠡᠨ ᠨᠤᠭᠤᠭᠠᠷᠠᠵᠦ᠂ ᠦᠬᠡᠷ ᠮᠠᠯ ᠲᠠᠷᠭᠤ ᠰᠠᠶᠢᠲᠠᠢ ᠬᠠᠮᠤᠭ ᠤᠨ ᠰᠠᠶᠢᠬᠠᠨ ᠤᠯᠠᠷᠢᠯ ᠪᠣᠯᠬᠤ ᠶᠤᠮ᠃ ᠬᠠᠶᠢᠷᠠᠲᠤ ᠨᠠᠶᠢᠵᠠ ᠨᠠᠷ ᠡ᠂  ᠡᠨᠡ ᠬᠦ  ᠲᠠᠯ᠎ᠠ ᠨᠤᠲᠤᠭ ᠤᠨ ᠬᠠᠮᠤᠭ ᠤᠨ ᠰᠠᠶᠢᠬᠠᠨ ᠤᠯᠠᠷᠢᠯ ᠳᠤ  ᠪᠢᠳᠡ 2021 ᠰᠢᠯᠢ ᠶᠢᠨ ᠭᠤᠣᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠢ ᠡᠷᠬᠢᠯᠡᠵᠦ᠂ ᠲᠤᠰ ᠠᠵᠢᠯᠯᠠᠭ᠎ᠠ ᠨᠢ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠥᠪᠡᠷᠮᠢᠴᠡ ᠣᠨᠴᠠᠯᠢᠭ ᠲᠠᠢ ᠦᠵᠡᠮᠵᠢ ᠶᠢᠨ ᠡᠬᠢ ᠪᠠᠶᠠᠯᠢᠭ ᠪᠠ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ ᠤᠨ ᠭᠤᠣᠯ ᠲᠣᠭᠤᠷᠢᠭ ᠤᠨ ᠠᠳᠤᠭᠤᠨ ᠤ ᠲᠦᠷᠦᠯ ᠤᠨ ᠤᠷᠤᠯᠳᠤᠭᠠᠨ ᠵᠢᠴᠢ ᠵᠤᠭ᠎ᠠ ᠴᠡᠩᠭᠡᠯ ᠤᠨ ᠲᠥᠷᠥᠯ ᠵᠦᠢᠯ ᠤᠨ ᠡᠬᠢ ᠪᠠᠶᠠᠯᠢᠭ ᠲᠤ ᠲᠦᠰᠢᠭᠯᠡᠵᠦ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠴᠤᠭᠴᠠᠯᠠᠬᠤ ᠪᠠᠷ ᠭᠤᠤᠯ ᠪᠣᠯᠭᠠᠵᠤ᠂ ᠦᠨᠳᠦᠰᠦᠲᠡᠨ ᠤ ᠪᠡᠶ᠎ᠡ ᠲᠠᠮᠢᠷ᠂ ᠳᠠᠭᠤᠤ ᠬᠥᠭᠵᠢᠮ᠂  ᠬᠦᠳᠡᠭᠡ ᠬᠡᠭᠡᠷ᠎ᠡ ᠶᠢᠨ ᠵᠢᠭᠤᠯᠴᠢᠯᠠᠯ᠂ ᠵᠢᠭᠤᠯᠴᠢᠯᠠᠯ ᠤᠨ ᠭᠡᠷᠡᠯ ᠵᠢᠷᠤᠭ᠂ ᠠᠮᠲᠠᠲᠤ ᠢᠳᠡᠭᠡᠨ᠂ ᠪᠢᠰᠢᠯᠠᠭ ᠵᠡᠷᠭᠡ ᠣᠯᠠᠨ ᠲᠦᠷᠦᠯ ᠵᠦᠢᠯ ᠤᠨ ᠵᠢᠭᠤᠯᠴᠢᠯᠠᠯ ᠤᠨ ᠡᠯᠧᠮᠧᠨ᠋ᠲ ᠢ ᠠᠭᠤᠰᠬᠠᠭᠰᠠᠨ ᠰᠢᠯᠢ ᠶᠢᠨ ᠭᠤᠤᠯ ᠤᠨ ᠪᠥᠬᠡ ᠶᠢᠨ ᠤᠷᠤᠯᠳᠤᠭᠠᠨ᠂ ᠰᠢᠷᠡᠭᠡᠲᠦ ᠭᠠᠯᠲᠤ ᠠᠭᠤᠯᠠ ᠶᠢᠨ ᠳᠠᠭᠤᠤ ᠬᠥᠭᠵᠢᠮ ᠤᠨ ᠨᠠᠶᠢᠷ᠂ ᠲᠠᠯ᠎ᠠ ᠨᠤᠲᠤᠭ ᠤᠨ ᠵᠢᠭᠤᠯᠴᠢᠯᠠᠯ ᠤᠨ ᠭᠡᠷᠡᠯ ᠵᠢᠷᠤᠭ ᠲᠠᠲᠠᠬᠤ ᠦᠵᠡᠮᠵᠢ ᠶᠢᠨ ᠭᠠᠵᠠᠷ᠂ ᠰᠢᠯᠢ ᠶᠢᠨ ᠭᠤᠤᠯ ᠪᠢᠰᠢᠯᠠᠭ ᠢ ᠠᠮᠲᠠᠯᠠᠨ ᠦᠨᠡᠯᠡᠬᠦ ᠰᠢᠯᠭᠠᠷᠠᠭᠤᠯᠤᠯᠲᠠ᠂ ᠲᠠᠯ᠎ᠠ ᠨᠤᠲᠤᠭ ᠤᠨ  ᠵᠢᠭᠤᠯᠴᠢᠯᠠᠬᠰᠠᠳ ᠎ ᠲᠤ ᠬᠠᠨᠳᠣᠭᠤᠯᠠᠬᠰᠠᠨ ᠡᠷ᠎ᠡ ᠶᠢᠨ ᠭᠤᠷᠪᠠᠨ ᠨᠠᠭᠠᠳᠣᠮ ᠵᠡᠷᠭᠡ ᠠᠵᠢᠯᠯᠠᠭ᠎ᠠ ᠶᠢ ᠰᠢᠨ᠎ᠡ ᠪᠠᠷ ᠡᠭᠦᠳᠦᠨ ᠲᠦᠰᠦᠪᠯᠡᠪᠡ᠃ ᠡᠭᠦᠨ ᠤ ᠵᠣᠷᠢᠯᠭ᠎ᠠ ᠨᠢ ᠵᠠᠯᠠᠭᠤᠴᠤᠳ᠂ ᠭᠠᠩᠭᠠᠨᠴᠣᠳ᠂ ᠬᠦᠳᠡᠭᠡ ᠬᠡᠭᠡᠷ᠎ᠡ ᠶᠢᠨ ᠵᠢᠭᠤᠯᠴᠢᠳ  ᠤᠨ ᠠᠩᠬᠠᠷᠤᠯ ᠢ ᠰᠢᠯᠢ ᠶᠢᠨ ᠭᠤᠤᠯ ᠤᠨ ᠵᠢᠭᠤᠯᠴᠢᠯᠠᠯ ᠳᠤ ᠲᠠᠲᠠᠨ ᠠᠪᠴᠢᠷᠠᠵᠤ᠂ ᠵᠢᠭᠤᠯᠴᠢᠯᠠᠬᠰᠠᠳ ᠲᠤ ᠨᠠᠩ ᠢᠯᠡᠭᠦᠤ ᠪᠡᠶ᠎ᠡ ᠪᠠᠷ ᠢᠶᠠᠨ ᠤᠶᠢᠯᠠᠭᠠᠵᠦ ᠮᠡᠳᠡᠷᠡᠭᠦᠯᠬᠦ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠦᠨ ᠥᠭᠴᠦ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠤᠨ ᠬᠠᠯᠠᠭᠤᠨ ᠥᠷᠨᠢᠯᠲᠡ ᠶᠢ ᠳᠠᠶᠢᠴᠢᠯᠠᠬᠤ ᠶᠢᠨ ᠲᠥᠯᠥᠭᠡ ᠶᠤᠮ᠃ᠳᠣᠤᠷ᠎ᠠ ᠪᠢᠳᠡ ᠲᠣᠰ ᠤᠳᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠢ ᠡᠷᠭᠢᠯᠡᠭᠰᠡᠨ ᠬᠤᠲᠠ — ᠲᠠᠯ᠎ᠠ ᠨᠤᠲᠤᠭ ᠤᠨ ᠭᠡᠷᠡᠯᠲᠦ ᠰᠤᠪᠤᠳ —  ᠰᠢᠯᠢ ᠶᠢᠨ ᠬᠤᠲᠠ ᠶᠢ ᠦᠪᠡᠳᠡᠭᠰᠢ ᠶᠡᠭᠡ ᠪᠠᠷ ᠲᠠᠨᠢᠯᠴᠠᠭᠤᠯᠤᠶ᠎ᠠ᠃    ᠰᠢᠯᠢ ᠶᠢᠨ ᠬᠤᠲᠠ ᠪᠣᠯ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠰᠠᠭᠤᠭ᠎ᠠ ᠭᠠᠵᠠᠷ ᠪᠣᠯᠤᠨ᠎ᠠ᠂ ᠡᠷᠲᠡ ᠳᠡᠭᠡᠳᠦ ᠶᠢᠨ ᠰᠣᠶᠣᠯ ᠤᠯᠠᠮᠵᠢᠯᠠᠯ ᠲᠠᠢ᠂ ᠥᠨᠢ ᠤᠳᠠᠭᠠᠨ ᠲᠡᠦᠬᠡ ᠶᠢᠨ ᠤᠯᠠ ᠮᠦᠷ ᠲᠠᠢ᠂ ᠪᠣᠷᠣᠭᠵᠢᠭᠤᠨ ᠰᠠᠶᠢᠬᠠᠨ ᠵᠠᠩ ᠵᠠᠩᠰᠢᠯ ᠲᠠᠢ᠂ ᠭᠤᠶᠢᠳᠠ ᠰᠠᠶᠢᠬᠠᠨ ᠪᠠᠶᠢᠭᠠᠯᠢ ᠶᠢᠨ ᠦᠩᠭᠡ ᠦᠵᠡᠮᠵᠢ ᠲᠠᠢ ᠬᠡᠰᠢᠭ ᠬᠤᠷᠤᠶᠢᠯᠠᠬᠰᠠᠨ ᠨᠤᠲᠤᠭ ᠶᠤᠮ᠃ ᠠᠲᠡ ᠪᠤᠯ ᠲᠠᠯ᠎ᠠ ᠨᠤᠲᠤᠭ ᠮᠦᠷᠲᠡᠭᠡᠨ ᠪᠠᠰᠠ ᠬᠤᠲᠠ ᠪᠣᠯᠤᠨ᠎ᠠ᠂ ᠲᠡᠷᠡ ᠪᠣᠯ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠴᠢᠬᠤᠯᠠ ᠠᠮᠢ ᠠᠬᠤᠶ ᠶᠢᠨ ᠬᠠᠯᠬᠠᠪᠴᠢ ᠮᠥᠨ᠂ ᠳᠤᠮᠳᠠᠳᠤ ᠤᠯᠤᠰ ᠤᠨ ᠤᠮᠠᠷᠠᠲᠤ ᠣᠷᠣᠨ ᠤ ᠴᠢᠬᠤᠯᠠ ᠡᠨᠧᠷᠭᠢ ᠪᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠰᠠᠭᠤᠷᠢᠨ ᠭᠠᠵᠠᠷ ᠮᠥᠨ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠥᠩᠭᠡ ᠦᠵᠡᠮᠵᠢ ᠪᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠰᠢᠵᠤ᠂ ᠨᠠᠩ ᠴᠤ ᠲᠠᠯ᠎ᠠ ᠨᠤᠲᠤᠭ ᠤᠨ ᠰᠣᠶᠣᠯ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠰᠠᠨ ᠢᠶᠠᠷ ᠢᠶᠠᠨ ᠥᠪᠡᠷᠮᠢᠴᠡ ᠲᠠᠲᠠᠬᠤ ᠬᠦᠴᠦᠨ ᠲᠠᠢ ᠪᠠᠶᠢᠳᠠᠭ᠃ ᠰᠢᠯᠢ ᠶᠢᠨ ᠬᠤᠲᠠ ᠪᠣᠯ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠤ ᠠᠭᠤᠯᠵᠠᠷ ᠲᠤ ᠪᠠᠶᠢᠷᠢᠰᠢᠯᠠᠵᠦ᠂ ᠪᠡᠭᠡᠵᠢᠩ᠂ ᠬᠥᠬᠡᠬᠤᠲᠠ᠂ ᠱᠧᠨᠶᠠᠩ ᠠᠴᠠ ᠲᠣᠰ ᠲᠣᠰ 460 ᠺᠢᠯᠣᠮᠧᠲᠷ᠂ 470 ᠺᠢᠯᠣᠮᠧᠲᠷ᠂ 620 ᠺᠢᠯᠣᠮᠧᠲᠷ ᠵᠠᠶᠢᠲᠠᠶ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠡᠭᠦᠨᠲᠠᠢ ᠠᠴᠠ ᠤᠷᠤᠭᠤᠯᠵᠤ ᠪᠠᠷᠠᠭᠤᠨᠰᠢ ᠭᠠᠷᠭᠠᠬᠤ︾᠂ ︽ᠤᠮᠠᠷᠠᠰᠢ ᠨᠡᠭᠡᠭᠡᠵᠦ ᠡᠮᠦᠨᠡᠰᠢ ᠬᠤᠯᠪᠣᠭᠠᠯᠠᠬᠤ︾ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠪᠥᠭᠡᠳ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠨ᠎ᠠ᠃ ᠰᠢᠯᠢ ᠶᠢᠨ ᠬᠤᠲᠠ ᠶᠢᠨ ᠵᠠᠰᠠᠮᠠᠯ ᠵᠠᠮ ᠤᠨ ᠪᠥᠬᠦ ᠣᠷᠳᠣ ᠨᠢ 1555 ᠺᠢᠯᠣᠮᠧᠲᠷ ᠪᠠᠶᠢᠵᠤ᠂ ᠵᠡᠭᠦᠨᠰᠢ ᠪᠠᠨ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠵᠠᠯᠭᠠᠯᠳᠤᠵᠤ᠂ ᠪᠠᠷᠠᠭᠤᠨᠰᠢ ᠪᠠᠨ ᠬᠥᠬᠡᠬᠤᠲᠠ ᠪᠤᠭᠤᠲᠤ ᠣᠷᠳᠣᠰ ᠣᠷᠣᠨ ᠲᠠᠢ ᠨᠡᠪᠲᠡᠷᠡᠵᠦ᠂ ᠡᠮᠦᠨᠡᠰᠢ ᠪᠠᠨ ᠪᠡᠭᠡᠵᠢᠩ ᠲᠢᠶᠠᠨᠵᠢᠨ ᠲᠠᠩᠱᠠᠨ ᠬᠦᠷᠦᠨ᠎ᠡ︔ ᠣᠳᠣᠬᠠᠨ ᠳᠤ ᠰᠢᠯᠢ ᠶᠢᠨ ᠬᠤᠲᠠ ᠶᠢᠨ 4C ᠲᠠᠰ ᠤᠨ ᠨᠢᠰᠬᠡᠯ ᠤᠨ ᠪᠠᠭᠤᠳᠠᠯ ᠨᠢ ᠪᠡᠭᠡᠵᠢᠩ᠂ ᠬᠥᠬᠡᠬᠤᠲᠠ᠂ ᠪᠤᠭᠤᠲᠤ᠂ ᠲᠦᠩᠯᠢᠶᠣᠤ᠂ ᠴᠦᠩᠴᠢᠩ ᠵᠡᠷᠭᠡ ᠭᠠᠵᠠᠷ ᠲᠤ ᠬᠥᠷᠬᠦ ᠣᠯᠠᠨ ᠵᠤᠷᠪᠤᠰ ᠠᠭᠠᠷ ᠤᠨ ᠠᠶᠠᠯᠠᠯ ᠤᠨ ᠱᠤᠭᠤᠮ ᠢ ᠨᠢᠬᠡᠨᠲᠡ ᠨᠡᠪᠲᠡᠷᠡᠬᠦᠯᠪᠡ᠃ ᠰᠢᠯᠢ ᠶᠢᠨ ᠬᠤᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠥᠭᠡᠳ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠪᠠ ᠭᠦᠨ ᠵᠤᠵᠠᠭᠠᠨ ᠬᠤᠪᠢᠰᠬᠠᠯᠲᠦ ᠤᠳᠤᠮᠰᠢᠯ ᠲᠠᠢ ᠶᠤᠮ᠃ 2000 ᠣᠨ ᠳᠤ ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ ᠶᠢ ᠢᠷᠠᠭᠤ ᠠᠯᠳᠠᠷᠲᠠᠶ ᠪᠠᠷ ᠭᠥᠷᠳᠡᠭᠰᠡᠨ ᠠᠴᠠ ᠨᠠᠰᠢ᠂ ᠤᠷᠢᠳ ᠬᠤᠵᠢᠳ ᠠᠷᠠᠳ ᠤᠨ ᠰᠣᠶᠣᠯ ᠤᠷᠠᠯᠢᠭ ᠤᠨ ᠨᠤᠲᠤᠭ᠂ ︽ᠴᠤᠭᠤᠷ ᠲᠠᠭᠤᠣ ᠶᠢᠨ ᠦᠯᠦᠭᠡᠢ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠵᠡᠷᠭᠡ ᠠᠯᠢ ᠣᠯᠠᠨ ᠢᠷᠠᠭᠤ ᠠᠯᠳᠠᠷ ᠢ ᠭᠥᠷᠳᠡᠪᠡ᠃ 2010 ᠣᠨ ᠤ 4 ᠰᠠᠷ᠎ᠠ ᠶᠢᠨ 25᠎ ᠤ ᠡᠳᠦᠷ᠂ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ ᠠᠴᠠ ᠰᠢᠯᠢ ᠶᠢᠨ ᠬᠤᠲᠠ ᠪᠠᠷ ᠭᠤᠣᠯ ᠪᠣᠯᠭᠠᠭᠰᠠᠨ ᠰᠢᠯᠢ ᠶᠢᠨ ᠭᠤᠣᠯ ᠤᠨ ︽ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ︾ ᠭᠡᠬᠦ ᠢᠷᠠᠭᠤ ᠠᠯᠳᠠᠷ ᠤᠨ ᠴᠣᠯᠠ ᠣᠯᠭᠤᠪᠠ᠃ ᠡᠭᠦᠨ ᠳᠤ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠤᠨ ᠭᠤᠣᠯ ᠲᠣᠭᠤᠷᠢᠭ ᠤᠨ ᠰᠣᠶᠣᠯ ᠠᠮᠢ ᠠᠬᠤᠢ ᠶᠢᠨ ᠵᠢᠭᠤᠯᠴᠢᠯᠠᠯ ᠎ ᠤᠨ ᠦᠵᠡᠮᠵᠢ ᠶᠢᠨ ᠣᠷᠣᠨ ᠨᠢ ᠳᠤᠮᠳᠠᠳᠤ ᠤᠯᠤᠰ ᠤᠨ ᠪᠡᠶ᠎ᠡ ᠲᠠᠮᠢᠷ ᠤᠨ ᠵᠢᠭᠤᠯᠴᠢᠯᠠᠯ ᠤᠨ ᠠᠷᠪᠠᠨ ᠰᠣᠳᠣᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠠᠳᠡ ᠠᠴᠠ ᠪᠢᠳᠡ ᠮᠤᠷᠢᠨ ᠮᠡᠷᠭᠡᠵᠢᠯ ᠤᠨ ᠲᠣᠭᠯᠠᠯᠲᠠ ᠶᠢ ᠰᠣᠨᠢᠷᠬᠠᠵᠤ᠂ ᠮᠤᠷᠢᠨ ᠮᠡᠷᠭᠡᠵᠢᠯ ᠢ ᠪᠡᠶᠡᠴᠢᠯᠡᠨ ᠣᠶᠢᠯᠠᠭᠠᠵᠤ᠂ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠤᠨ ᠭᠠᠶᠢᠬᠠᠮᠰᠢᠭ ᠢ ᠣᠶᠢᠯᠠᠭᠠᠵᠤ ᠪᠣᠯᠤᠨ᠎ᠠ᠃ᠰᠢᠯᠢ ᠶᠢᠨ ᠬᠤᠲᠠ ᠳᠤ ᠢᠷᠡᠭᠰᠡᠨ ᠤ ᠳᠠᠷᠠᠭ᠎ᠠ᠂ ︽ᠥᠪᠥᠷ ᠮᠣᠩᠭᠤᠯ ᠤᠨ ᠠᠮᠲᠠᠲᠦ ᠢᠳᠡᠭᠡᠨ︾ ᠰᠢᠯᠢ ᠶᠢᠨ ᠭᠤᠤᠯ ᠠᠶᠢᠮᠠᠭ ᠤᠨ ᠮᠣᠩᠭᠤᠯ ᠬᠤᠭᠤᠯᠠᠨ ᠤ ᠨᠠᠢᠮᠠᠨ ᠲᠠᠩᠰᠤᠭ ᠢᠳᠡᠭᠡᠨ ᠤ ᠨᠢᠭᠡ — ᠠᠮᠲᠠᠲᠦ ᠰᠢᠭᠦᠰᠦᠯᠢᠭ ᠬᠤᠨᠢᠨ ᠮᠢᠬ᠎ᠠ ᠶᠢ ᠵᠠᠪᠠᠯ ᠠᠮᠲᠠᠯᠠᠭᠠᠷᠠᠢ᠂ ᠰᠠᠶᠢᠨ ᠬᠤᠨᠢᠨ ᠮᠢᠬ᠎ᠠ ᠨᠢ ᠶᠠᠷᠢᠶᠠᠨ ᠦᠭᠡᠢ ᠰᠠᠶᠢᠨ ᠪᠡᠯᠴᠢᠭᠡᠷ ᠠᠴᠠ ᠢᠷᠠᠯᠲᠠᠢ ᠶᠤᠮ᠃ ᠰᠢᠯᠢ ᠶᠢᠨ ᠬᠤᠲᠠ ᠶᠢᠨ ᠬᠤᠨᠢᠨ ᠰᠦᠷᠦᠭ ᠨᠢ ᠰᠢᠯᠢ ᠶᠢᠨ ᠭᠤᠤᠯ ᠤᠨ ᠲᠠᠯ᠎ᠠ ᠨᠤᠲᠤᠭ ᠲᠡᠭᠡᠷ᠎ᠡ ᠠᠰᠬᠠᠬᠰᠠᠨ ᠰᠣᠪᠣᠳ ᠰᠢᠭ᠋ ᠲᠦᠭᠡᠭᠡᠨ ᠲᠠᠷᠬᠠᠵᠤ ᠪᠠᠶᠢᠳᠠᠭ᠃ ᠰᠢᠯᠢ ᠶᠢᠨ ᠭᠤᠣᠯ ᠤᠨ ᠲᠠᠯ᠎ᠠ ᠨᠤᠲᠤᠭ ᠪᠣᠯ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠬᠡᠭᠡᠷ᠎ᠡ ᠲᠠᠯ᠎ᠠ ᠶᠢᠨ  ᠪᠦᠰᠡ ᠳᠤ ᠬᠠᠷᠢᠶᠠᠯᠠᠬᠳᠠᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠠᠪᠢ ᠳᠤ ᠪᠠᠶᠢᠷᠢᠰᠢᠯᠠᠵᠦ᠂ ᠳᠡᠯᠡᠬᠡᠶ ᠳᠤ ᠠᠯᠳᠠᠷᠲᠠᠶ ᠳᠥᠷᠪᠡᠨ ᠶᠡᠭᠡ ᠬᠡᠭᠡᠷ᠎ᠡ ᠲᠠᠯ᠎ᠠ ᠶᠢᠨ ᠨᠢᠭᠡ ᠪᠠᠶᠢᠵᠤ᠂ ︽ᠰᠢᠵᠢᠷ ᠠᠯᠲᠠᠨ ᠮᠠᠯᠵᠢᠯ ᠤᠨ ᠲᠠᠯᠠᠪᠠᠶ︾ ᠬᠡᠮᠡᠭᠳᠡᠵᠦ᠂ 400 ᠭᠠᠷᠤᠶ ᠵᠦᠢᠯ ᠤᠨ ᠴᠡᠪᠡᠷ ᠪᠠᠶᠢᠭᠠᠯᠢ ᠶᠢᠨ ᠪᠤᠷᠴᠠᠭ ᠤᠨ ᠢᠵᠠᠭᠤᠷ ᠤᠨ ᠤᠷᠭᠤᠮᠠᠯ ᠨᠡᠶᠢᠳᠡᠮ ᠲᠠᠷᠬᠠᠵᠤ᠂ ᠡᠭᠦᠨ ᠠᠴᠠ ᠭᠠᠳᠠᠨ᠎ᠠ ᠬᠡᠭᠡᠷ᠎ᠡ ᠶᠢᠨ ᠭᠤᠭᠤᠳ ᠵᠡᠷᠭᠡ 700 ᠭᠠᠷᠤᠶ ᠵᠦᠢᠯ ᠤᠨ ᠪᠣᠬᠢᠷᠲᠤᠯ ᠦᠭᠡᠶ ᠡᠪᠡᠰᠦ ᠤᠷᠭᠤᠮᠠᠯ ᠲᠠᠢ ᠪᠠᠶᠢᠵᠤ᠂ ᠮᠠᠨ ᠤ ᠤᠯᠤᠰ ᠤᠨ ᠬᠠᠮᠤᠭ ᠤᠨ ᠲᠥᠯᠥᠭᠡᠯᠡᠬᠦ ᠴᠢᠨᠠᠷᠲᠠᠶ ᠪᠥᠭᠡᠳ ᠨᠡᠶᠢᠲᠡᠯᠢᠭ ᠴᠢᠨᠠᠷᠲᠠᠶ ᠰᠡᠷᠢᠭᠦᠨ ᠪᠦᠰᠡ ᠶᠢᠨ ᠬᠡᠭᠡᠷ᠎ᠡ ᠲᠠᠯ᠎ᠠ ᠪᠣᠯᠤᠨ᠎ᠠ᠃ ᠡᠭᠦᠨ ᠠᠴᠠ ᠭᠠᠳᠠᠨ᠎ᠠ ᠠᠲᠡ ᠪᠠᠰᠠ ᠳᠤᠮᠳᠠᠳᠤ ᠤᠯᠤᠰ ᠤᠨ ᠴᠣᠷ ᠤᠨ ᠭᠠᠭᠴᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠠᠴᠠ ᠲᠣᠭᠲᠠᠭᠠᠭᠰᠠᠨ ᠬᠥᠮᠦᠨ ᠪᠠ ᠠᠮᠢᠳᠤ ᠪᠣᠳᠠᠰ ᠤᠨ ᠮᠠᠨᠳᠠᠯ ᠤᠨ ᠬᠠᠮᠠᠭᠠᠯᠠᠯᠲᠠ ᠶᠢᠨ ᠰᠦᠯᠵᠢᠶᠡᠨ ᠤ ᠪᠦᠷᠢᠯᠳᠦᠬᠦᠨ ᠨᠢᠭᠡᠴᠡ᠂ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠥᠯᠢᠭᠡᠷ ᠲᠠᠯ᠎ᠠ ᠭᠠᠵᠠᠷ ᠬᠡᠮᠡᠭᠳᠡᠭᠰᠡᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ — ᠪᠠᠶᠠᠨᠰᠢᠯᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠰᠢᠯᠢ ᠶᠢᠨ ᠭᠤᠤᠯ ᠤᠨ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ᠂ ᠪᠠᠶᠠᠨᠬᠦ᠋ᠷᠢᠶ᠎ᠡ ᠶᠢᠨ ᠤᠯᠤᠰ ᠤᠨ ᠲᠠᠰ ᠤᠨ ᠴᠠᠬᠤᠯᠠᠶ ᠶᠢᠨ ᠬᠠᠮᠠᠭᠠᠯᠠᠯᠲᠠ ᠶᠢᠨ ᠣᠷᠣᠨ᠂ ᠬᠦᠢᠳᠡᠨᠰᠢᠯᠢ ᠶᠢᠨ ᠪᠠᠶᠢᠭᠠᠯᠢ ᠶᠢᠨ ᠤᠷᠭᠤᠮᠠᠯ ᠤᠨ ᠬᠦᠷᠢᠶᠡᠯᠡᠩ ᠪᠠ ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠪᠠᠶᠢᠭᠠᠯᠢ᠂ ᠭᠠᠵᠠᠷ ᠰᠢᠨᠵᠢᠯᠡᠭᠡ ᠪᠠᠷ ᠭᠤᠤᠯ ᠪᠣᠯᠭᠠᠭᠰᠠᠨ ᠠᠮᠢ ᠠᠬᠤᠶ ᠶᠢᠨ ᠦᠵᠡᠮᠵᠢ ᠲᠠᠢ᠂ ᠲᠡᠳᠡᠭᠡᠷ ᠨᠢ ᠲᠠᠯ᠎ᠠ ᠨᠤᠲᠤᠭ ᠤᠨ ᠬᠥᠪᠡᠭᠦᠳ ᠥᠬᠢᠳ ᠡᠬᠡ ᠪᠠᠶᠢᠭᠠᠯᠢ ᠪᠠᠨ ᠪᠢᠰᠢᠷᠡᠨ ᠲᠡᠭᠡᠲᠦᠯᠡᠵᠦ᠂ ᠦᠪᠡᠷ ᠤᠨ ᠮᠡᠯᠮᠡᠢ ᠰᠢᠭ ᠢᠶᠠᠨ ᠨᠠᠨᠳᠢᠩᠨᠠᠨ ᠬᠠᠶᠢᠷᠠᠯᠠᠳᠠᠭ ᠢ ᠬᠠᠷᠠᠭᠤᠯᠤᠭᠰᠠᠨ ᠪᠠᠶᠢᠨ᠎ᠠ᠃ ᠤᠢᠢᠷ᠎ᠠ ᠶᠢᠨ ᠵᠢᠯ ᠳᠤ᠂ ᠰᠢᠯᠢ ᠶᠢᠨ ᠬᠤᠲᠠ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ ᠤᠨ ᠰᠣᠶᠣᠯ ᠤᠨ ᠨᠡᠷᠡᠲᠦ ᠲᠡᠮᠲᠡᠭᠲᠦ ᠶᠢ ᠪᠦᠬᠦ ᠬᠦᠴᠦᠨ ᠢᠶᠠᠷ ᠢᠶᠠᠨ ᠴᠤᠭᠴᠠᠯᠠᠵᠤ᠂ ᠥᠪᠡᠷᠮᠢᠴᠡ ᠪᠠᠶᠢᠭᠠᠯᠢ ᠶᠢᠨ ᠦᠵᠡᠮᠵᠢ᠂ ᠰᠣᠶᠣᠯ ᠢᠷᠭᠡᠨᠰᠢᠯ ᠪᠣᠯᠤᠨ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠴᠣᠭᠴᠠᠯᠠᠵᠤ᠂ ᠪᠠᠶᠢᠭᠠᠯᠢ ᠶᠢᠨ ᠦᠵᠡᠮᠵᠢ ᠪᠣᠯᠤᠨ ᠰᠣᠶᠣᠯ ᠢᠷᠭᠡᠨᠰᠢᠯ ᠢ ᠤᠶᠠᠯᠳᠤᠭᠤᠯᠤᠭᠰᠠᠨ᠂ ᠰᠣᠶᠣᠯ ᠪᠣᠯᠤᠨ ᠵᠢᠭᠤᠯᠴᠢᠯᠠᠯ ᠢ ᠠᠭᠤᠰᠤᠯᠴᠠᠭᠤᠯᠤᠭᠰᠠᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠲᠤᠬᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ 2021 ᠣᠨ ᠳᠤ᠂ ᠰᠢᠯᠢ ᠶᠢᠨ ᠭᠤᠣᠯ ᠠᠶᠢᠮᠠᠭ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠦᠵᠡᠮᠵᠢ ᠳᠤ ᠲᠦᠰᠢᠭᠯᠡᠨ᠂ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠬᠠᠯᠠᠮᠰᠢᠯ ᠲᠠᠢ ᠤᠶᠠᠯᠳᠣᠭᠤᠯᠵᠦ᠂ ᠪᠡᠶ᠎ᠡ ᠲᠠᠮᠢᠷ᠂ ᠳᠠᠭᠤᠤ ᠬᠥᠭᠵᠢᠮ᠂ ᠬᠦᠳᠡᠭᠡ ᠬᠡᠭᠡᠷ᠎ᠡ ᠶᠢᠨ ᠵᠢᠭᠤᠯᠴᠢᠯᠠᠯ᠂ ᠵᠢᠭᠤᠯᠴᠢᠯᠠᠯ ᠤᠨ ᠭᠡᠷᠡᠯ ᠵᠢᠷᠤᠭ᠂ ᠠᠮᠲᠠᠲᠤ ᠢᠳᠡᠭᠡᠨ ᠵᠡᠷᠭᠡ ᠵᠢᠭᠤᠯᠴᠢᠯᠠᠯ ᠤᠨ ᠡᠯᠧᠮᠧᠨ᠋ᠲ ᠢ ᠨᠢᠭᠡ ᠴᠣᠭᠴᠠ ᠪᠣᠯᠭᠠᠨ ᠨᠡᠶᠢᠯᠡᠭᠦᠯᠵᠦ᠂ ᠵᠢᠭᠤᠯᠴᠢᠯᠠᠬᠰᠠᠳ ᠲᠤ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠢ ᠨᠡᠩ ᠢᠯᠡᠬᠦᠦ ᠪᠡᠶᠡᠴᠢᠯᠡᠨ ᠤᠶᠢᠯᠠᠭᠠᠭᠤᠯᠬᠤ ᠪᠦᠲᠦᠭᠡᠭᠳᠡᠬᠦᠨ ᠢ ᠬᠠᠩᠭᠠᠵᠤ᠂ ᠰᠢᠯᠢ ᠶᠢᠨ ᠭᠤᠣᠯ ᠤᠨ ᠲᠠᠯ᠎ᠠ ᠨᠤᠲᠤᠭ ᠎ ᠤᠨ ᠵᠢᠭᠤᠯᠴᠢᠯᠠᠯ ᠤᠨ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠲᠠᠶᠢᠴᠢᠯᠠᠭᠰᠠᠨ ᠤ ᠬᠠᠮᠲᠤ ᠵᠠᠬ᠎ᠠ ᠳᠡᠯᠭᠡᠭᠦᠷ ᠤᠨ ᠬᠡᠷᠡᠭᠴᠡᠭᠡ ᠵᠢᠴᠢ ᠵᠢᠭᠤᠯᠴᠢᠯᠠᠬᠰᠠᠳ ᠤᠨ ᠪᠡᠶᠡᠴᠢᠯᠡᠨ ᠣᠶᠢᠯᠠᠭᠠᠬᠤ ᠡᠭᠦᠳᠡᠨ ᠠᠴᠠ ︽ᠤᠶᠤᠨᠲᠦ ᠵᠢᠭᠤᠯᠴᠢᠯᠠᠯ ᠰᠢᠯᠢ ᠶᠢᠨ ᠭᠤᠣᠯ︾᠂ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ︾᠂ ︽2021 ᠰᠢᠯᠢ ᠶᠢᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ︾ ᠵᠡᠷᠭᠡ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠲᠦᠰᠦᠪᠯᠡᠨ ᠡᠭᠦᠳᠦᠪᠡ᠃ᠲᠣᠰ ᠤᠳᠠᠭᠠᠨ ᠤ ᠡᠷᠭᠢᠯᠡᠭᠰᠡᠨ ︽2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ︾᠎ ᠨᠢ ᠤᠤᠯ ᠤᠨ ᠪᠠᠶᠢᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠵᠠᠭᠪᠤᠷ ᠢ ᠰᠢᠨᠡᠴᠢᠯᠡᠵᠦ᠂ ᠰᠦᠯᠵᠢᠶᠡᠨ ᠤ ᠬᠠᠯᠠᠮᠰᠢᠯ ᠦᠵᠡᠮᠵᠢ ᠶᠢ ᠪᠣᠶ ᠪᠣᠯᠭᠠᠬᠤ᠂ ᠲᠠᠮᠵᠢᠭᠤᠯᠤᠨ ᠲᠠᠷᠬᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠵᠡᠷᠭᠡ ᠪᠠᠷ ᠰᠢᠯᠢ ᠶᠢᠨ ᠭᠤᠤᠯ ᠤᠨ ᠵᠢᠭᠤᠯᠴᠢᠯᠠᠯ ᠤᠨ ᠬᠥᠷᠰᠢ ᠵᠡᠷᠭᠡᠯᠡᠳᠡᠭᠡ ᠮᠤᠵᠢ ᠬᠤᠲᠠ ᠪᠠ  ᠵᠠᠯᠠᠭᠤ ᠨᠢᠭᠡ ᠦᠶ᠎ᠡ ᠎ ᠶᠢᠨ ᠵᠢᠭᠤᠯᠴᠢᠯᠠᠬᠰᠠᠳ ᠢ ᠲᠠᠲᠠᠬᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠦᠵᠡᠮᠵᠢ ᠶᠢᠨ ᠣᠷᠣᠨ ᠤ ᠨᠡᠷᠡᠲᠦ ᠲᠡᠮᠲᠡᠭᠲᠦ ᠪᠠ ᠰᠢᠷᠡᠭᠡᠲᠦ ᠠᠭᠤᠯᠠ ᠶᠢᠨ ᠨᠠᠷᠠ ᠵᠢᠷᠭᠠᠬᠤ ᠦᠵᠡᠮᠵᠢ ᠶᠢ ᠰᠡᠭᠦᠳᠡᠷᠯᠡᠬᠦ ᠰᠦᠯᠵᠢᠶᠡᠨ ᠤ ᠬᠠᠯᠠᠮᠰᠢᠯ ᠴᠢᠭ ᠢ ᠪᠣᠶ ᠪᠣᠯᠭᠠᠪᠠ᠃ ᠡᠭᠦᠨ ᠤ ᠬᠠᠮᠲᠤ ᠵᠢᠭᠤᠯᠴᠢᠯᠠᠬᠰᠠᠳ ᠤᠨ ᠬᠠᠮᠤᠭ ᠠᠴᠠ ᠪᠠᠭ᠋ᠠᠷᠬᠠᠳᠠᠭ ᠦᠨᠳᠦᠰᠦᠲᠡᠨ ᠤ ᠪᠡᠶ᠎ᠡ ᠲᠠᠮᠢᠷ ᠤᠨ ᠲᠦᠷᠦᠯ ᠵᠦᠢᠯ ︽ᠪᠥᠬᠡ︾᠎ ᠶᠢᠨ ᠤᠷᠤᠯᠳᠤᠭᠠᠨ ᠢ ᠵᠢᠭᠤᠯᠴᠢᠯᠠᠯ ᠤᠨ ᠪᠡᠶᠡᠴᠢᠯᠡᠨ ᠤᠶᠢᠯᠠᠭᠠᠬᠤ ᠠᠭᠤᠯᠭ᠎ᠠ ᠳᠤ ᠤᠷᠤᠭᠤᠯᠵᠤ᠂ ᠵᠢᠭᠤᠯᠴᠢᠯᠠᠬᠰᠠᠳ ᠪᠡᠶ᠎ᠡ ᠪᠠᠷ ᠢᠶᠠᠨ ᠤᠷᠤᠯᠴᠠᠨ᠂ ᠬᠠᠷᠢᠯᠴᠠᠨ ᠨᠡᠪᠲᠡᠷᠡᠯᠴᠡᠬᠦ ᠴᠢᠨᠠᠷ ᠪᠣᠯᠤᠨ ᠰᠣᠨᠢᠷᠬᠠᠯᠲᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃ 2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠢ ᠡᠷᠭᠢᠯᠡᠬᠦ ᠴᠠᠭ ᠨᠢ 7 ᠰᠠᠷ᠎ᠠ ᠶᠢᠨ 30᠎ ᠤ ᠡᠳᠦᠷ ᠠᠴᠠ 8 ᠰᠠᠷ᠎ᠠ ᠶᠢᠨ 1᠎ ᠤ ᠡᠳᠦᠷ ᠬᠦᠷᠲᠡᠯ᠎ᠡ ᠪᠠᠶᠢᠵᠤ᠂ ᠬᠤᠷᠠᠯ ᠤᠨ ᠭᠤᠤᠯ ᠲᠠᠯᠠᠪᠠᠶ ᠶᠢ ᠰᠢᠯᠢ ᠶᠢᠨ ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ ᠪᠠᠶᠢᠷᠢᠯᠠᠭᠤᠯᠵᠠᠶ᠃ ᠲᠤᠰ ᠤᠳᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠨᠠᠶᠢᠷ 3 ᠡᠳᠦᠷ ᠶᠠᠪᠤᠭᠲᠠᠨ᠎ᠠ᠃ ᠬᠤᠷᠠᠯ ᠤᠨ ᠭᠤᠣᠯ ᠲᠠᠯᠠᠪᠠᠶ᠂ ᠬᠤᠷᠠᠯ ᠤᠨ ᠬᠤᠪᠢᠶᠠᠷᠢ ᠲᠠᠯᠠᠪᠠᠶ ᠶᠢᠨ ᠠᠵᠢᠯᠯᠠᠭ᠎ᠠ ᠶᠢ ᠨᠡᠶᠢᠲᠡ 11 ᠵᠦᠢᠯ ᠲᠣᠬᠢᠷᠠᠭᠤᠯᠵᠤ᠂ ᠡᠭᠦᠨ ᠳᠤ ᠂ ᠬᠤᠷᠠᠯ ᠤᠨ ᠭᠤᠤᠯ ᠲᠠᠯᠠᠪᠠᠶ ᠳᠤ 2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠡᠬᠢᠯᠡᠬᠦ ᠶᠣᠰᠣᠯᠠᠯ᠂ 2021 ᠰᠢᠯᠢ ᠶᠢᠨ ᠭᠤᠤᠯ ᠤᠨ ᠪᠥᠬᠡ ᠶᠢᠨ ᠤᠷᠤᠯᠳᠤᠭᠠᠨ᠂ 2021 ᠰᠢᠷᠡᠭᠡᠲᠦ ᠭᠠᠯᠲᠤ ᠠᠭᠤᠯᠠ ᠶᠢᠨ ᠳᠠᠭᠤᠤ ᠬᠥᠭᠵᠢᠮ ᠤᠨ ᠨᠠᠶᠢᠷ᠂ ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠪᠢᠰᠢᠯᠠᠭ ᠢ ᠦᠨᠡᠯᠡᠨ ᠰᠤᠩᠭᠤᠬᠤ ᠵᠢᠴᠢ ᠠᠮᠲᠠᠲᠤ ᠢᠳᠡᠭᠡᠨ ᠤ ᠴᠤᠭᠯᠠᠭᠠᠨ᠂ ᠲᠠᠯ᠎ᠠ ᠨᠤᠲᠤᠭ ᠤᠨ ᠵᠢᠭᠤᠯᠴᠢᠯᠠᠯ ᠤᠨ ᠭᠡᠷᠡᠯ ᠵᠢᠷᠤᠭ ᠲᠠᠲᠠᠬᠤ ᠦᠵᠡᠮᠵᠢ ᠶᠢᠨ ᠭᠠᠵᠠᠷ᠂ ᠲᠠᠯ᠎ᠠ ᠨᠤᠲᠤᠭ ᠤᠨ ᠵᠢᠭᠤᠯᠴᠢᠯᠠᠬᠰᠠᠳ ᠲᠤ ᠬᠠᠨᠳᠣᠭᠤᠯᠣᠬᠰᠠᠨ ᠡᠷ᠎ᠡ ᠎ ᠶᠢᠨ ᠭᠤᠷᠪᠠᠨ ᠨᠠᠭᠠᠳᠤᠮ ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠶᠠᠪᠠᠭᠠᠨ ᠵᠢᠭᠤᠯᠴᠢᠯᠠᠯ᠂ ᠠᠳᠣᠭᠤᠨ ᠰᠣᠶᠣᠯ ᠤᠨ ᠦᠵᠡᠭᠦᠯᠭᠡ ᠵᠢᠴᠢ ᠰᠡᠭᠦᠳᠡᠷᠯᠡᠬᠦ ᠠᠵᠢᠯᠯᠠᠭ᠎ᠠ ᠵᠡᠷᠭᠡ ᠨᠡᠶᠢᠲᠡ 8  ᠵᠦᠢᠯ  ᠪᠠᠶᠢᠨ᠎ᠠ᠃ ᠬᠤᠷᠠᠯ ᠤᠨ ᠬᠤᠪᠢᠶᠠᠷᠢ ᠲᠠᠯᠠᠪᠠᠢ ᠳᠤ 2021 ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ ︵ᠲᠤᠮᠤ ᠮᠤᠷᠢᠨ ᠤ ᠤᠷᠤᠯᠳᠤᠭᠠᠨ︶᠎ ᠤᠨ ᠮᠣᠩᠭᠤᠯ ᠮᠤᠷᠢᠨ ᠤ ᠲᠡᠷᠢᠬᠦᠨ ᠰᠢᠯᠭᠠᠷᠠᠭᠤᠯᠬᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠪᠢᠰᠢᠯᠠᠭ ᠠᠮᠲᠠᠯᠠᠨ ᠦᠨᠡᠯᠡᠬᠦ ᠰᠢᠯᠭᠠᠷᠠᠭᠤᠯᠤᠯᠲᠠ᠂ 2021 ᠣᠨ ᠤ ᠰᠢᠯᠢ ᠶᠢᠨ ᠭᠤᠣᠯ ᠠᠶᠢᠮᠠᠭ ᠤᠨ ᠰᠦᠯᠵᠢᠶᠡᠨ ᠤ ᠬᠠᠯᠠᠮᠰᠢᠯ ᠤᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠵᠡᠷᠭᠡ 3 ᠵᠦᠢᠯ ᠪᠠᠶᠢᠨ᠎ᠠ᠃ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠪᠠᠶᠢᠵᠤ᠂  ᠵᠤᠨ ᠴᠠᠭ ᠤᠨ ᠵᠤᠭ᠎ᠠ ᠲᠠᠢ ᠰᠡᠯᠡᠭᠦᠴᠡᠯ ᠢ ᠬᠠᠩᠭᠠᠵᠦ᠂ ᠰᠢᠯᠢ ᠶᠢᠨ ᠭᠤᠤᠯ ᠎ ᠤᠨ ᠲᠠᠯ᠎ᠠ ᠨᠤᠲᠤᠭ ᠲᠤ ᠬᠥᠷ ᠨᠠᠷᠭᠢᠶᠠᠨ ᠢ ᠠᠪᠴᠢᠷᠠᠬᠰᠠᠨ ᠪᠠᠶᠢᠨ᠎ᠠ᠃ 7 ᠰᠠᠷ᠎ᠠ ᠶᠢᠨ 30᠎ ᠤ ᠡᠳᠦᠷ ᠠᠴᠠ 8 ᠰᠠᠷ᠎ᠠ ᠶᠢᠨ 1᠎ ᠤ ᠡᠳᠦᠷ ᠪᠣᠯᠲᠠᠯ᠎ᠠ ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠪᠥᠬᠦ ᠲᠠᠯ᠎ᠠ ᠪᠠᠷ ᠦᠪᠡᠳᠡᠭᠰᠢ ᠶᠡᠭᠡ ᠪᠠᠷ ᠶᠠᠪᠤᠬᠳᠠᠵᠦ᠂ ᠣᠷᠭᠢᠯᠤᠮ᠎ᠠ ᠬᠠᠯᠠᠭᠤᠨ ᠠᠭᠤᠷ ᠠᠮᠢᠰᠬᠤᠯ ᠢᠶᠠᠷ ᠪᠢᠯᠬᠠᠨ᠎ᠠ︕ ᠲᠣᠰ ᠤᠳᠠᠭᠠᠨ ᠤ ︽2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ︾᠎ ᠢ ᠡᠷᠭᠢᠯᠡᠭᠰᠡᠨ ᠭᠠᠵᠠᠷ ᠨᠢ ᠴᠦ ᠥᠪᠡᠷᠮᠢᠴᠡ ᠣᠨᠴᠠᠯᠢᠭ ᠲᠠᠢ ᠶᠤᠮ᠃ ᠲᠤᠰ  ᠤᠲᠠᠭᠠᠨ ᠤ ᠨᠠᠶᠢᠷ ᠤᠨ ᠭᠤᠣᠯ ᠲᠠᠯᠠᠪᠠᠢ — ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠨᠢ ᠰᠢᠯᠢ ᠶᠢᠨ ᠬᠤᠲᠠ ᠶᠢᠨ ᠬᠤᠲᠠ ᠶᠢᠨ ᠲᠣᠭᠤᠷᠢᠭ ᠤᠨ ᠡᠮᠦᠨ᠎ᠡ ᠪᠠᠶᠢᠷᠢᠰᠢᠯᠠᠵᠦ᠂ ᠶᠡᠷᠦᠩᠬᠡᠢ ᠲᠠᠯᠠᠪᠠᠢ ᠨᠢ 285.8 ᠲᠡᠭᠰᠢ ᠳᠥᠷᠪᠡᠯᠵᠢᠨ ᠺᠢᠯᠣᠮᠧᠲᠷ ᠪᠤᠯᠤᠨ᠎ᠠ᠃ ᠴᠡᠴᠡᠷᠯᠢᠭ ᠲᠤ ᠬᠤᠶᠠᠷ ᠬᠦᠷᠢᠶᠡᠯᠡᠩ ᠲᠣᠭᠤᠷᠢᠭ ᠲᠠᠢ ᠪᠠᠶᠢᠵᠤ᠂ ᠪᠢᠯᠢᠭ ᠮᠠᠯᠵᠢᠯ ᠤᠨ ᠲᠠᠯᠠᠪᠠᠶ ᠶᠢᠨ ᠪᠤᠷᠵᠢᠨ ᠴᠢᠯᠠᠭᠤᠯᠢᠭ ᠤᠨ ᠣᠯᠠᠨ ᠱᠠᠲᠤᠯᠢᠭ ᠳᠡᠨᠵᠢ ᠪᠠ ᠲᠠᠭᠲᠠᠭ᠎ᠠ ᠶᠢᠨ ᠠᠭᠤᠯᠠ ᠶᠢᠨ ᠨᠡᠶᠢᠯᠡᠮᠡᠯ ᠭᠠᠯᠲᠤ ᠠᠭᠤᠯᠠ ᠶᠢᠨ ᠱᠣᠷᠣᠯᠵᠢᠨ ᠵᠢᠴᠢ ᠴᠣᠷᠭᠢᠯ ᠱᠣᠷᠣᠯᠵᠢᠨ ᠭᠡᠬᠦ ᠬᠤᠶᠠᠷ ᠭᠤᠤᠯ ᠦᠵᠡᠮᠵᠢ ᠶᠢᠨ ᠣᠷᠣᠨ ᠪᠣᠶ᠂ ᠡᠭᠦᠨ ᠳᠤ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠦᠯᠡᠳᠡᠭᠳᠡᠯ ᠤᠨ ᠦᠵᠡᠮᠵᠢ ᠶᠢᠨ ᠭᠠᠵᠠᠷ 10 ᠵᠢᠴᠢ ᠪᠠᠶᠢᠭᠠᠯᠢ ᠶᠢᠨ ᠦᠵᠡᠮᠵᠢ᠂ ᠲᠡᠦᠬᠡ ᠢᠷᠭᠡᠨᠰᠢᠯ ᠪᠠ ᠬᠤᠲᠠ ᠶᠢᠨ ᠦᠵᠡᠮᠵᠢ ᠶᠢᠨ ᠡᠬᠢ ᠪᠠᠶᠠᠯᠢᠭ 30 ᠭᠠᠷᠤᠶ ᠪᠣᠶ᠃ ᠤᠤᠭᠠᠯ ᠲᠠᠯ᠎ᠠ ᠨᠤᠲᠤᠭ ᠤᠨ ᠥᠩᠭᠡ ᠦᠵᠡᠮᠵᠢ ᠪᠠ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠦᠯᠡᠳᠡᠭᠳᠡᠯ ᠤᠨ ᠦᠵᠡᠮᠵᠢ ᠪᠠᠷ ᠭᠤᠤᠯ ᠪᠣᠯᠭᠠᠭᠰᠠᠨ᠂ ᠲᠡᠤᠬᠡ ᠢᠷᠭᠡᠨᠰᠢᠯ᠂ ᠦᠨᠳᠦᠰᠦᠲᠡᠨ ᠤ ᠵᠠᠩ ᠦᠢᠯᠡ ᠵᠢᠴᠢ ᠠᠵᠤ  ᠦᠢᠯᠡᠰ ᠤᠨ ᠦᠵᠡᠮᠵᠢ ᠶᠢᠨ ᠡᠬᠢ ᠪᠠᠶᠠᠯᠢᠭ ᠵᠡᠷᠭᠡ ᠣᠯᠠᠨ ᠡᠯᠧᠮᠧᠨ᠋ᠲ ᠵᠡᠷᠭᠡᠴᠡᠨ ᠣᠷᠣᠰᠢᠭᠰᠠᠨ ᠲᠣᠮᠣ ᠬᠡᠯᠪᠡᠷᠢ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ ᠬᠠᠷᠢᠶᠠᠯᠠᠭᠳᠠᠬᠤ ᠪᠥᠭᠡᠳ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠤᠨ  ᠭᠠᠵᠠᠷ ᠤᠨ ᠨᠢᠭᠡ ᠨᠢ ᠪᠣᠯᠤᠨ᠎ᠠ᠃ᠪᠢᠳᠡ ᠥᠷᠭᠡᠨ ᠤᠯᠠᠨ ᠵᠢᠭᠤᠯᠴᠢᠯᠠᠬᠰᠠᠳ ᠲᠤ ᠰᠣᠶᠣᠯ᠂ ᠪᠡᠶ᠎ᠡ ᠲᠠᠮᠢᠷ᠂ ᠳᠠᠭᠤᠤ ᠬᠥᠭᠵᠢᠮ᠂ ᠬᠦᠳᠡᠭᠡ ᠬᠡᠭᠡᠷ᠎ᠡ ᠎ ᠶᠢᠨ ᠵᠢᠭᠤᠯᠴᠢᠯᠠᠯ᠂ ᠵᠢᠭᠤᠯᠴᠢᠯᠠᠯ ᠤᠨ ᠭᠡᠷᠡᠯ ᠵᠢᠷᠤᠭ᠂ ᠠᠮᠲᠠᠲᠤ ᠢᠳᠡᠭᠡᠨ᠂ ᠭᠠᠩᠭᠠᠩ ᠤᠷᠤᠰᠬᠠᠯ ᠲᠠᠢ ᠨᠢᠭᠡ ᠴᠤᠬᠴᠠᠵᠢᠭᠤᠯᠤᠬᠰᠠᠨ ᠵᠤᠨ ᠴᠠᠭ ᠤᠨ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠷᠬᠢᠮ ᠵᠣᠴᠢᠳ ᠵᠢᠴᠢ ᠵᠢᠭᠤᠯᠴᠢᠯᠠᠬᠰᠠᠳ ᠨᠠᠷ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠬᠤ ᠶᠢᠨ ᠬᠠᠮᠲᠤ᠂ ᠮᠠᠨ ᠤ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ  ᠵᠤᠭᠠᠴᠠᠯ︾᠎ ᠢᠶᠠᠷ ᠵᠤᠭᠠᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ 2021 ᠣᠨ ᠳᠤ᠂ ᠪᠢᠳᠡ ᠲᠠᠯ᠎ᠠ ᠨᠤᠲᠤᠭ ᠤᠨ ᠭᠤᠶᠢᠲᠠ ᠦᠵᠡᠮᠵᠢ ᠪᠣᠯᠤᠨ ᠪᠡᠶᠡᠴᠢᠯᠡᠨ ᠤᠶᠢᠯᠠᠭᠠᠯᠲᠠ ᠶᠢ ᠰᠢᠨ᠎ᠡ ᠪᠠᠷ ᠡᠮᠬᠢᠯᠡᠵᠦ᠂ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ︾᠎ ᠤᠨ ᠦᠵᠡᠮᠵᠢ ᠤᠨ ᠭᠠᠵᠠᠷ ᠢ ᠰᠤᠩᠭᠤᠨ ᠭᠠᠷᠭᠠᠪᠠ᠃ ᠣᠳᠣᠬᠠᠨ ᠳᠤ ᠠᠵᠢᠯᠯᠠᠭ᠎ᠠ ᠶᠢᠨ ᠠᠷᠭ᠎ᠠ ᠪᠣᠳᠣᠯᠭ᠎ᠠ ᠶᠢ ᠨᠢᠭᠡᠨᠲᠡ ᠪᠥᠬᠦ ᠰᠦᠯᠵᠢᠶᠡᠨ ᠳᠤ ᠨᠡᠶᠢᠲᠡᠯᠡᠪᠡ᠃ ᠮᠢᠩᠭᠠᠨ ᠭᠠᠵᠠᠷ ᠤᠨ ᠲᠠᠯ᠎ᠠ ᠨᠤᠲᠤᠭ᠂ ᠲᠠᠩᠰᠤᠭ ᠰᠠᠶᠢᠬᠠᠨ ᠢᠳᠡᠭᠡᠨ ᠤ ᠲᠡᠭᠡᠵᠢ᠂ ᠴᠡᠪᠡᠷ ᠠᠷᠢᠭᠤᠨ ᠠᠭᠤᠷ ᠠᠮᠢᠰᠬᠤᠯ᠂ ᠲᠡᠯᠡᠬᠡᠢ ᠶᠢᠨ ᠦᠪ ᠰᠤᠶᠤᠯ᠂ ᠵᠢᠷᠭᠠᠬᠤ ᠨᠠᠷᠠᠨ ᠤ ᠲᠤᠶᠠᠭ᠎ᠠ᠂ ᠲᠠᠷᠭᠤ ᠰᠠᠶᠢᠲᠠᠢ ᠲᠠᠪᠤᠨ ᠬᠤᠰᠢᠭᠤ ᠮᠠᠯ᠂ ᠤᠳᠤᠳ ᠲᠦᠭᠡᠭᠡᠭᠰᠡᠨ ᠰᠦᠨᠢ ᠶᠢᠨ ᠤᠭᠲᠠᠷᠭᠤᠢ ᠁ ᠁ ᠲᠠᠨ ᠤ ᠬᠦᠰᠡᠨ ᠮᠦᠷᠦᠭᠡᠳᠦᠵᠦ ᠪᠠᠶᠢᠭ᠎ᠠ ᠲᠠᠯ᠎ᠠ ᠨᠤᠲᠤᠭ ᠨᠢ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠳᠤ ᠴᠦᠮ ᠠᠭᠤᠯᠤᠭᠲᠠᠨ᠎ᠠ︕ ᠡᠭᠦᠨ ᠤ ᠬᠠᠮᠲᠤ ᠪᠢᠳᠡ ᠪᠠᠰᠠ ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠢ ᠥᠪᠡᠷ ᠥᠪᠡᠷ ᠤᠨ ᠣᠨᠴᠠᠯᠢᠭ ᠲᠠᠢ ᠭᠤᠣᠯ ᠰᠡᠳᠦᠪᠲᠦ ᠱᠤᠭᠤᠮ ᠪᠤᠯᠭᠠᠨ ᠪᠦᠷᠢᠯᠳᠦᠭᠦᠯᠪᠡ ᠂ ᠨᠠᠶᠢᠵᠠ ᠨᠠᠷ ᠤᠨ ᠲᠤᠭᠤᠷᠢᠨ ᠵᠤᠭᠠᠴᠠᠬᠤ ᠶᠢ ᠪᠠᠶᠠᠷᠯᠠᠨ ᠤᠭᠲᠤᠵᠤ ᠪᠠᠶᠢᠨ᠎ᠠ︕ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ ᠵᠤᠭᠠᠴᠠᠯ ᠤᠨ ᠠᠯᠢ ᠨᠢᠭᠡᠨ ᠦᠵᠡᠮᠵᠢ ᠨᠢ ᠯᠠᠪᠲᠠᠢ ᠲᠠᠨ ᠤ ᠬᠠᠷᠠᠭᠠᠨ ᠳᠤ ᠲᠠᠭᠠᠯᠠᠭᠲᠠᠨ ᠦᠷᠳᠦᠵᠦ᠂ ᠠᠯᠢ ᠨᠢᠭᠡᠨ ᠠᠮᠲᠠᠲᠤ ᠢᠳᠡᠭᠡᠨ ᠨᠢ ᠲᠠᠨ ᠤ ᠰᠡᠳᠬᠢᠯ ᠳᠤ   ᠲᠠᠭᠠᠰᠢᠶᠠᠭᠲᠠᠨ ᠦᠯᠡᠳᠡᠬᠦ ᠶᠤᠮ︕ᠥᠷᠭᠡᠨ ᠠᠭᠤᠳᠠᠮ ᠲᠠᠯ᠎ᠠ ᠨᠤᠲᠤᠭ ᠲᠤ ᠬᠦᠰᠡᠯ  ᠮᠦᠷᠦᠭᠡᠳᠦᠯ ᠢᠶᠠᠨ ᠲᠡᠷᠭᠡᠯᠰᠢᠭᠦᠯᠵᠦ᠂ ᠣᠷᠭᠢᠯᠤᠮ᠎ᠠ ᠰᠡᠳᠬᠢᠯᠭᠡ  ᠎ ᠪᠠᠨ  ᠬᠦᠭᠵᠢᠭᠡᠶ᠎ᠡ︕                                                                            2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ        ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ        ᠠᠮᠢ ᠠᠬᠤᠢ ᠶᠢᠨ ᠬᠤᠨᠢᠨ ᠤ ᠰᠣᠶᠣᠯ ᠤᠨ ᠲᠥᠪ        ᠲᠠᠯ ᠨᠤᠲᠤᠭ ᠤᠨ ᠭᠡᠷᠡᠯᠲᠦ ᠰᠣᠪᠤᠳ        ᠰᠢᠯᠢ ᠶᠢᠨ ᠬᠤᠲᠠᠲᠠᠨᠠᠷ ᠢ  ᠪᠠᠶᠠᠷᠯᠠᠨ  ᠤᠬᠲᠤᠵᠦ ᠪᠠᠶᠢᠨ᠎ᠠ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号