ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠤᠨ ᠪᠢᠰᠢᠯᠠᠭ ᠢ ᠦᠨᠡᠯᠡᠨ ᠰᠤᠩᠭᠤᠬᠤ ᠵᠢᠴᠢ ᠠᠮᠲᠠᠲᠤ ᠢᠳᠡᠭᠡᠨ ᠠᠮᠲᠠᠯᠠᠨ ᠰᠢᠯᠭᠠᠷᠠᠭᠤᠯᠬᠤ ᠴᠤᠭᠯᠠᠭᠠᠨ ᠤ ᠲᠡᠭᠦᠰᠬᠦ ᠶᠣᠰᠣᠯᠠᠯ ᠲᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/8/2
ᠡᠯ᠎ᠡ ᠤᠳᠤᠷᠢᠳᠤᠯᠭ᠎ᠠ᠂ ᠵᠣᠴᠢᠳ᠂ ᠨᠠᠶᠢᠵᠠ ᠨᠠᠷ ᠡ᠄        ᠲᠠᠶᠠᠭᠠᠷ ᠲᠤ ᠦᠳᠡᠰᠢ ᠶᠢᠨ ᠠᠮᠤᠭᠤᠯᠠᠩ ᠢ ᠠᠶᠢᠯᠠᠳᠬᠠᠶ᠎ᠠ︕        ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠤᠨ ᠪᠢᠰᠢᠯᠠᠭ ᠢ ᠦᠨᠡᠯᠡᠨ ᠰᠤᠩᠭᠤᠬᠤ ᠵᠢᠴᠢ ᠠᠮᠲᠠᠲᠤ ᠢᠳᠡᠭᠡᠨ ᠠᠮᠲᠠᠯᠠᠨ ᠰᠢᠯᠭᠠᠷᠠᠭᠤᠯᠬᠤ ᠴᠤᠭᠯᠠᠭᠠᠨ ᠲᠡᠭᠦᠰ ᠠᠮᠵᠢᠯᠲᠠ ᠲᠠᠢ ᠥᠨᠳᠥᠷᠯᠡᠬᠦ ᠪᠣᠯᠤᠯ᠎ᠠ᠂ ᠡᠯ᠎ᠡ ᠭᠤᠤᠯᠯᠠᠨ ᠡᠷᠬᠢᠯᠡᠭᠰᠡᠨ ᠨᠢᠭᠡᠴᠡ᠂ ᠲᠠᠭᠠᠭᠠᠴᠢᠯᠠᠨ ᠡᠷᠬᠢᠯᠡᠭᠰᠡᠨ ᠨᠢᠭᠡᠴᠡ ᠵᠢᠴᠢ ᠬᠠᠮᠢᠶ᠎ᠠ ᠪᠦᠬᠦᠢ ᠡᠭᠦᠷᠭᠡ ᠴᠢᠲᠠᠪᠬᠢᠲᠦ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠳᠣᠤᠷ᠎ᠠ᠂ ᠡᠨᠡ ᠤᠳᠠᠭᠠᠨ ᠤ ᠰᠢᠯᠢ ᠶᠢᠨ ᠭᠤᠤᠯ ᠤᠨ ᠪᠢᠰᠢᠯᠠᠭ ᠢ ᠦᠨᠡᠯᠡᠨ ᠰᠤᠩᠭᠤᠬᠤ ᠵᠢᠴᠢ ᠠᠮᠲᠠᠲᠤ ᠢᠳᠡᠭᠡᠨ ᠠᠮᠲᠠᠯᠠᠨ ᠰᠢᠯᠭᠠᠷᠠᠭᠤᠯᠬᠤ ᠴᠤᠭᠯᠠᠭᠠᠨ ᠨᠢ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢᠨ ᠬᠠᠷᠠᠯᠲᠠ ᠶᠢ ᠪᠡᠶᠡᠯᠡᠭᠦᠯᠪᠡ᠂ ᠠᠳᠡ ᠪᠢ ᠰᠢᠯᠢ ᠎ ᠶᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠵᠦ᠂ ᠡᠨᠡ ᠤᠳᠠᠭᠠᠨ ᠤ ᠰᠢᠯᠢ ᠶᠢᠨ ᠭᠤᠤᠯ ᠤᠨ ᠪᠢᠰᠢᠯᠠᠭ ᠢ ᠦᠨᠡᠯᠡᠨ ᠰᠤᠩᠭᠤᠬᠤ ᠵᠢᠴᠢ ᠠᠮᠲᠠᠲᠤ ᠢᠳᠡᠭᠡᠨ ᠠᠮᠲᠠᠯᠠᠨ ᠰᠢᠯᠭᠠᠷᠠᠭᠤᠯᠬᠤ ᠴᠤᠭᠯᠠᠭᠠᠨ ᠳᠤ ᠰᠢᠷᠭᠠᠭᠤ ᠬᠥᠳᠡᠯᠮᠦᠷᠢ ᠵᠠᠷᠤᠴᠠᠭᠤᠯᠤᠭᠰᠠᠨ ᠪᠥᠬᠦ ᠠᠵᠢᠯᠲᠠᠨ ᠳᠤ ᠲᠠᠯᠠᠷᠬᠠᠵᠤ ᠪᠠᠶᠢᠬᠤ ᠪᠠᠨ  ᠢᠯᠡᠳᠬᠡᠶ᠎ᠡ᠂ ᠦᠨᠡᠯᠡᠨ ᠰᠤᠩᠭᠤᠬᠤ ᠠᠵᠢᠯᠯᠠᠭ᠎ᠠ ᠶᠢᠨ ᠳᠤᠮᠳᠠ ᠱᠠᠩᠨᠠᠯ ᠣᠯᠤᠭᠰᠠᠨ ᠪᠤᠢ ᠪᠦᠬᠦᠢ ᠨᠢᠭᠡᠴᠢ ᠪᠠ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠮᠦᠨᠴᠤ ᠰᠢᠯᠢ ᠶᠢᠨ ᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠢ ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠃     ᠤᠯᠠᠮᠵᠢᠯᠠᠯᠲᠤ ᠴᠠᠭᠠᠨ ᠢᠳᠡᠭᠡ ᠨᠢ ᠥᠨᠢ ᠤᠳᠠᠭᠠᠨ ᠲᠡᠦᠬᠡ ᠲᠠᠢ᠂ ᠤᠳᠤ ᠴᠤ ᠭᠡᠰᠡᠨ ᠬᠥᠮᠦᠰ ᠤᠨ ᠡᠳᠦᠷ ᠳᠤᠳᠤᠮ ᠤᠨ ᠠᠮᠢᠳᠤᠷᠠᠯ ᠳᠤᠮᠳᠠ ᠨᠡᠶᠢᠳᠡᠮ ᠬᠠᠷᠠᠭᠲᠠᠵᠤ᠂ ᠡᠯᠪᠡᠭ ᠪᠠᠶᠠᠯᠢᠭ ᠰᠢᠮ᠎ᠡ ᠲᠡᠵᠢᠭᠡᠯ ᠪᠣᠯᠤᠨ ᠰᠣᠶᠣᠯ ᠤᠨ ᠣᠨᠴᠠᠯᠢᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠨᠡᠷᠡᠳᠤ ᠦᠪᠡᠷᠮᠢᠴᠡ ᠪᠦᠲᠦᠭᠡᠭᠳᠡᠬᠦᠨ ᠤ ᠨᠢᠭᠡ ᠪᠣᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠣᠯ 2021 ᠰᠢᠯᠢ ᠶᠢᠨ ᠭᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠤᠨ ᠴᠢᠬᠤᠯᠠ ᠨᠢᠭᠡ ᠠᠵᠢᠯᠯᠠᠭ᠎ᠠ ᠪᠣᠯᠤᠨ᠎ᠠ᠂ ᠬᠤᠶᠠᠷ ᠡᠳᠦᠷ ᠤᠨ ᠬᠤᠭᠤᠴᠠᠭᠠᠨ ᠳᠤ᠂ ᠪᠥᠬᠦ ᠠᠶᠢᠮᠠᠭ ᠤᠨ 11 ᠬᠤᠰᠢᠭᠤ ᠰᠢᠶᠠᠨ ᠬᠤᠲᠠ ᠤᠷᠤᠨ ᠤ 218 ᠡᠷᠦᠬᠡ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ ᠨᠢ   ᠲᠡᠯᠭᠡᠨ ᠦᠵᠡᠬᠦᠯᠬᠡ ᠪᠠ ᠦᠨᠡᠯᠡᠨ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠵᠤ᠂ ᠪᠦᠲᠦᠭᠡᠭᠳᠡᠬᠦᠨ ᠤ ᠰᠢᠨ᠎ᠡ ᠶᠢ ᠡᠭᠦᠳᠦᠭᠰᠡᠨ ᠱᠠᠩᠨᠠᠯ᠂ ᠪᠢᠰᠢᠯᠠᠭ ᠦᠶᠯᠡᠳᠦᠭᠰᠡᠨ ᠱᠠᠩᠨᠠᠯ᠂ ᠲᠦᠳᠡ ᠦᠶᠯᠡᠳᠦᠭᠰᠡᠨ ᠱᠠᠩᠨᠠᠯ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠦᠭᠰᠡᠨ ᠱᠠᠩᠨᠠᠯ᠂ ᠪᠣᠭᠤᠳᠠᠯ ᠤᠨ ᠵᠢᠷᠤᠭ ᠲᠥᠯᠥᠪᠯᠡᠭᠡ ᠶᠢᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠂ ᠠᠵᠤ ᠦᠶᠯᠡᠰ ᠤᠨ ᠬᠥᠭᠵᠢᠯᠲᠡ ᠎ ᠶᠢ ᠠᠬᠢᠭᠤᠯᠤᠭᠰᠠᠨ ᠱᠠᠩᠨᠠᠯ᠂ ᠵᠣᠷᠢᠭᠵᠢᠭᠤᠯᠤᠯ ᠤᠨ ᠱᠠᠩᠨᠠᠯ ᠵᠡᠷᠭᠡ 8 ᠱᠠᠩᠨᠠᠯ ᠢ ᠬᠠᠮᠲᠤ ᠪᠠᠷ ᠦᠷᠢᠰᠦᠯᠳᠦᠨ ᠤᠯᠵᠤ᠂ ᠠᠵᠢᠯᠯᠠᠭ᠎ᠠ ᠳᠤ ᠣᠷᠣᠯᠴᠠᠭᠰᠠᠨ ᠪᠦᠲᠦᠭᠡᠭᠳᠡᠬᠦᠨ ᠳᠤ ᠬᠤᠷᠤᠳ᠂ ᠥᠷᠥᠮ᠎ᠡ᠂ ᠠᠭᠠᠷᠤᠤᠯ᠂ ᠴᠡᠭᠡ ᠵᠡᠷᠭᠡ 30 ᠭᠠᠷᠤᠶ ᠵᠦᠶᠯ ᠤᠨ ᠣᠨᠴᠠᠯᠢᠭᠲᠤ ᠪᠦᠲᠦᠭᠡᠭᠳᠡᠬᠦᠨ ᠢ ᠬᠠᠮᠤᠷᠴᠤ᠂ ᠭᠤᠶᠤ ᠰᠠᠶᠢᠬᠠᠨ ᠠᠮᠲᠠᠲᠤ ᠢᠳᠡᠭᠡᠨ ᠤ ᠦᠪᠡᠳᠡᠭᠰᠢ ᠨᠠᠶᠢᠷ ᠢ ᠬᠠᠮᠲᠤ ᠪᠠᠷ ᠪᠦᠷᠢᠯᠳᠦᠭᠦᠯᠪᠡ᠃ ᠠᠵᠢᠯᠯᠠᠭ᠎ᠠ ᠨᠢ ᠪᠠᠰᠠ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠲᠠᠯᠳᠤᠬᠤ ᠮᠠᠶ᠋ᠢᠭ ᠢᠶᠠᠷ ᠴᠢᠨᠠᠷ ᠰᠠᠶᠢᠲᠠᠶ ᠦᠶᠯᠡᠳᠬᠦᠨ ᠢ ᠤᠯᠠᠮᠵᠢᠯᠠᠨ ᠵᠠᠯᠭᠠᠮᠵᠢᠯᠠᠬᠤ ᠪᠠ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠥᠭᠵᠢᠯᠲᠡ ᠬᠠᠷᠢᠯᠴᠠᠨ ᠲᠤᠰᠠᠯᠠᠯᠴᠠᠨ ᠠᠬᠢᠭᠤᠯᠬᠤ ᠶᠢ ᠪᠡᠶᠡᠯᠡᠭᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠣᠯᠠᠨ ᠡᠰᠢᠵᠢᠭᠰᠡᠨ ᠬᠥᠭᠵᠢᠯᠲᠡ ᠶᠢ ᠤᠯᠠᠮ ᠨᠢᠭᠡ ᠠᠯᠬᠤᠮ ᠬᠥᠭᠵᠢᠭᠡᠪᠡ᠃      ᠲᠣᠰ ᠤᠳᠠᠭᠠᠨ ᠤ ᠠᠵᠢᠯᠯᠠᠭ᠎ᠠ ᠨᠢ ᠦᠶᠯᠡᠳᠪᠦᠷᠢᠯᠡᠯ ᠢ ᠠᠬᠢᠭᠤᠯᠵᠤ᠂ ᠬᠢᠷᠢ ᠲᠦᠪᠰᠢᠨ ᠢ ᠳᠡᠭᠡᠭᠰᠢᠯᠡᠭᠦᠯᠬᠦ᠂ ᠨᠡᠷᠡᠲᠦ ᠲᠡᠮᠳᠡᠭᠲᠦ ᠶᠢ ᠡᠭᠦᠳᠬᠦ ᠪᠠᠷ ᠵᠣᠷᠢᠯᠭ᠎ᠠ ᠪᠠᠨ ᠪᠤᠯᠭᠠᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠰᠣᠶᠣᠯ ᠤᠨ ᠠᠵᠤ ᠦᠶᠯᠡᠰ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠠᠷ ᠭᠠᠷᠳᠠᠴᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠠᠮᠢ ᠠᠬᠤᠶ ᠶᠢ ᠡᠩ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠠᠢ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠩᠭᠠᠨ ᠳ᠋ᠦᠩᠰᠢᠭᠤᠷ ᠲᠠᠰ ᠤᠨ ᠴᠠᠭᠠᠨ ᠢᠳᠡᠭᠡᠨ ᠤ ᠠᠵᠤ ᠦᠶᠯᠡᠰ ᠢ ᠬᠥᠭᠵᠢᠭᠦᠯᠬᠦ ᠲᠤᠬᠠᠶ ᠬᠦᠰᠡᠯ ᠨᠠᠶᠢᠳᠠᠯᠭ᠎ᠠ ᠶᠢ ᠢᠮᠠᠭᠲᠠ ᠴᠡᠭᠡᠵᠢᠯᠡᠵᠦ᠂ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠦᠨᠡᠨ ᠬᠦ ᠴᠢᠬᠤᠯᠠ ᠪᠠᠶᠢᠷᠢᠨ ᠳᠤ ᠲᠠᠯᠪᠢᠵᠤ᠂ ᠮᠠᠨ ᠤ ᠠᠮᠢ ᠠᠬᠤᠢ ᠶᠢᠨ ᠳᠠᠪᠠᠭᠤᠯᠢᠭ ᠲᠠᠯ᠎ᠠ ᠪᠠ ᠠᠵᠤ ᠦᠢᠯᠡᠰ ᠤᠨ ᠰᠠᠭᠤᠷᠢ ᠡᠬᠢ ᠪᠠᠶᠠᠯᠢᠭ ᠢᠶᠠᠨ ᠭᠦᠢᠴᠡᠳ ᠪᠠᠲᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠳᠡᠰ ᠳᠡᠪᠰᠢᠬᠦ᠂ ᠠᠵᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ  ᠃      ᠬᠠᠮᠤᠭ ᠰᠡᠭᠦᠯ ᠳᠤ ᠮᠠᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠨᠢ ᠤᠯᠠᠮ ᠠᠴᠠ ᠤᠯᠠᠮ ︽ᠲᠤᠰᠬᠠᠶᠢᠵᠢᠬᠤ᠂ ᠵᠠᠬ᠎ᠠ ᠳᠡᠯᠭᠡᠭᠦᠷᠴᠢᠯᠡᠬᠦ᠂ ᠳᠡᠯᠡᠬᠡᠶᠢᠴᠢᠯᠡᠬᠦ᠂ ᠲᠥᠷᠥᠯ ᠲᠡᠮᠳᠡᠭᠵᠢᠭᠦᠯᠬᠦ︾ ᠪᠣᠯᠵᠣ᠂ ᠴᠢᠨᠠᠷ ᠰᠠᠶᠢᠲᠠᠶ ᠡᠬᠢ ᠪᠠᠶᠠᠯᠢᠭ ᠢ ᠭᠠᠳᠠᠭᠰᠢ ᠭᠠᠷᠭᠠᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠵᠤ᠂ ᠮᠠᠯᠴᠢᠳ ᠢ ᠲᠤᠰᠠᠯᠠᠨ ᠣᠷᠣᠯᠭ᠎ᠠ ᠶᠢ ᠨᠢ ᠨᠡᠮᠡᠭᠳᠡᠬᠦᠯᠵᠦ᠂ ᠨᠡᠶᠢᠭᠡᠮ ᠪᠠ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ  ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号