︽ᠠᠮᠤᠷ ᠲᠦᠪᠰᠢᠨ ᠢᠶᠠᠷ ᠡᠮᠨᠡᠯᠭᠡ ᠶᠢᠨ ᠪᠠᠭᠠᠵᠢ ᠬᠡᠷᠡᠭᠰᠡᠯ ᠢ ᠬᠡᠷᠡᠭᠯᠡᠵᠦ᠂ ᠰᠢᠨ᠎ᠡ ᠶᠢ ᠡᠭᠦᠳᠬᠦ ᠬᠥᠭᠵᠢᠯᠲᠡ︾ | — ᠠᠶᠢᠮᠠᠭ ᠬᠤᠲᠠ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ | 2021 ᠣᠨ ᠤ ︽ᠪᠥᠬᠦ ᠤᠯᠤᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠡᠷᠬᠢᠯᠡᠪᠡ | ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠨ ᠬᠠᠮᠢᠶᠠᠷᠤᠯᠲᠠ ᠶᠢᠨ ᠲᠦᠷᠢᠮ︾ ᠵᠢᠴᠢ ᠲᠡᠭᠦᠨ ᠤ ᠢᠵᠢ | ᠪᠥᠷᠢᠳᠦᠭᠰᠡᠨ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠪᠠᠭᠠᠵᠢ ᠬᠡᠷᠡᠭᠰᠡᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ | ᠡᠮᠴᠢᠯᠡᠭᠡᠨ ᠤ ᠪᠠᠭᠠᠵᠢ ᠬᠡᠷᠡᠭᠰᠡᠯ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ | ᠦᠷᠨᠢᠭᠦᠯᠵᠦ᠂ ᠨᠠᠩ ᠰᠠᠶᠢᠲᠤᠷ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠡᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠯᠲᠡᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠠᠶᠢᠮᠠᠭ ᠬᠤᠲᠠ ᠬᠤᠶᠠᠷ ᠱᠠᠲᠤᠨ ᠤ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠨᠢᠭᠡ ᠭᠠᠷᠠᠭ ᠤᠨ ᠬᠤᠭᠤᠴᠠᠭ᠎ᠠ ᠲᠠᠢ᠂ ︽ᠠᠮᠤᠷ | ᠲᠦᠪᠰᠢᠨ ᠢᠶᠠᠷ ᠡᠮᠨᠡᠯᠭᠡ ᠶᠢᠨ ᠪᠠᠭᠠᠵᠢ ᠬᠡᠷᠡᠭᠰᠡᠯ ᠢ ᠬᠡᠷᠡᠭᠯᠡᠵᠦ᠂ ᠰᠢᠨ᠎ᠡ ᠶᠢ ᠡᠭᠦᠳᠬᠦ ᠬᠥᠭᠵᠢᠯᠲᠡ︾ ᠪᠠᠷ ᠭᠤᠤᠯ | ᠰᠡᠳᠦᠪ ᠪᠣᠯᠭᠠᠭᠰᠠᠨ 2021 ᠣᠨ ᠤ ︽ᠪᠥᠬᠦ ᠤᠯᠤᠰ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ | ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠶᠢ ᠡᠬᠢᠯᠡᠭᠦᠯᠪᠡ᠃ ᠠᠶᠢᠮᠠᠭ ᠬᠤᠲᠠ ᠬᠤᠶᠠᠷ | ᠱᠠᠲᠤᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠠᠵᠢᠯᠲᠠᠨ ᠵᠢᠴᠢ ᠰᠢᠯᠢ ᠶᠢᠨ ᠬᠤᠲᠠ ᠶᠢᠨ | ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 40 | ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃ |