ᠰᠢᠯᠢ ᠶᠢᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ  ᠎ ᠢ  ᠰᠡᠷᠭᠡᠶᠢᠯᠡᠨ  ᠡᠵᠡᠮᠳᠡᠬᠦ  ᠠᠵᠢᠯ ᠤᠨ  ᠵᠢᠯᠣᠭᠤᠳᠬᠤ  ᠭᠡᠯᠳᠡᠰ ᠎ ᠤᠨ  ᠠᠯᠪᠠᠨ ᠵᠠᠷᠯᠠᠯ     ︵13 ᠲᠣᠭᠠᠳᠣ︶
ᠨᠡᠶᠢᠲᠡᠯᠡᠭᠰᠡᠨ ᠴᠠᠭ᠄
2021/9/2
ᠰᠢᠯᠢ ᠶᠢᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ  ᠎ ᠢ  ᠰᠡᠷᠭᠡᠶᠢᠯᠡᠨ  ᠡᠵᠡᠮᠳᠡᠬᠦ  ᠠᠵᠢᠯ ᠤᠨ  ᠵᠢᠯᠣᠭᠤᠳᠬᠤ  ᠭᠡᠯᠳᠡᠰ ᠎ ᠤᠨ  ᠠᠯᠪᠠᠨ   ᠵᠠᠷᠯᠠᠯ                                                            ︵13 ᠲᠣᠭᠠᠳᠣ︶2021 ᠣᠨ ᠤ 7 ᠰᠠᠷ᠎ᠠ ᠶᠢᠨ 20᠎ ᠤ ᠡᠳᠦᠷ ᠠᠴᠠ ᠨᠠᠰᠢ᠂ ᠨᠠᠨᠵᠢᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠬᠠᠯᠳᠠᠪᠤᠷᠢᠯᠠᠭᠳᠠᠭᠰᠠᠨ ᠬᠥᠮᠦᠨ ᠤ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠨᠢᠭᠡᠨᠲᠡ ᠣᠯᠠᠨ ᠮᠤᠵᠢ ᠬᠤᠲᠠ ᠳᠤ ᠲᠠᠷᠬᠠᠨ ᠳᠡᠯᠭᠡᠷᠡᠪᠡ᠃ ᠣᠳᠣᠬᠠᠨ ᠳᠤ ᠲᠡᠯᠭᠡᠷᠡᠵᠦ ᠪᠠᠶᠢᠭ᠎ᠠ ᠬᠤᠤᠷᠲᠤ ᠸᠢᠷᠦ᠋ᠰ ᠨᠢ ᠭᠤᠤᠯᠲᠠᠭᠤ ᠳ᠋ᠧᠷᠲ᠋ᠠ  ᠣᠨᠳᠣᠤᠰᠢᠭᠰᠠᠨ ᠸᠢᠷᠦ᠋ᠰ ᠪᠠᠶᠢᠵᠤ᠂ ᠲᠠᠷᠬᠠᠬᠤ ᠬᠤᠷᠳᠤᠴᠠ ᠨᠢ ᠲᠦᠷᠭᠡᠨ᠂ ᠪᠡᠶ᠎ᠡ ᠳᠣᠲᠣᠷ᠎ᠠ ᠦᠷᠪᠢᠰᠴᠦ ᠦᠷᠡᠵᠢᠬᠦ ᠨᠢ ᠬᠤᠷᠲᠤᠨ᠂ ᠪᠢᠯᠢᠭ ᠴᠢᠨᠠᠷ ᠪᠤᠯᠵᠤ ᠬᠤᠪᠢᠷᠠᠬᠤ ᠴᠠᠭ ᠨᠢ ᠤᠷᠲᠤ ᠵᠡᠷᠭᠡ ᠣᠨᠴᠠᠯᠢᠭ ᠲᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠤᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ᠨᠢᠭᠡ᠂ ᠦᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠲᠠᠯ ᠢ ᠨᠢᠬᠲᠠ ᠠᠩᠬᠠᠷᠴᠤ᠂14 ᠡᠳᠦᠷ ᠤᠨ ᠲᠤᠲᠤᠷ᠎ᠠ ᠲᠤᠮᠲᠠ᠂ ᠦᠨᠳᠦᠷ ᠵᠡᠷᠭᠡ ᠶᠢᠨ ᠲᠦᠭᠰᠢᠭᠦᠷᠢᠲᠦ ᠭᠠᠵᠠᠷ ᠤᠷᠤᠨ ᠢᠶᠠᠷ ᠵᠢᠭᠤᠯᠴᠢᠯᠠᠵᠤ ᠰᠠᠭᠤᠭᠰᠠᠨ ᠲᠡᠦᠬᠡ ᠲᠠᠢ ᠪᠤᠶᠤ ᠦᠨᠳᠦᠷ ᠵᠡᠷᠭᠡ ᠶᠢᠨ ᠲᠦᠭᠰᠢᠭᠦᠷᠢᠲᠦ ᠤᠷᠤᠨ ᠲᠠᠯᠠᠪᠤᠷ ᠢᠶᠠᠷ ᠤᠷᠤᠵᠤ ᠭᠠᠷᠤᠭᠰᠠᠨ᠂ ᠤᠨᠤᠰᠢᠯᠠᠭᠳᠠᠭᠰᠠᠨ ᠡᠪᠡᠳᠴᠢᠲᠠᠨ ᠪᠠ ᠡᠪᠡᠳᠴᠢᠨ ᠤ ᠢᠯᠡᠷᠡᠯ ᠦᠭᠡᠢ ᠬᠠᠯᠲᠠᠪᠤᠷᠢᠯᠠᠭᠳᠠᠭᠴᠢ ᠶᠢᠨ ᠶᠠᠪᠤᠵᠤ ᠰᠠᠭᠤᠭᠰᠠᠨ ᠵᠠᠮ ᠮᠦᠷ ᠲᠠᠢ ᠬᠤᠯᠪᠤᠭᠲᠠᠯ ᠲᠠᠢ ᠬᠦᠮᠦᠰ ᠰᠢᠯᠢ ᠶᠢᠨ ᠬᠤᠲᠠ ᠳᠤ ᠬᠦᠷᠴᠦ ᠢᠷᠡᠭᠰᠡᠨ ᠤ ᠲᠠᠷᠠᠭ᠎ᠠ᠂ ᠲᠠᠷᠤᠢ ᠲᠦᠷᠭᠡᠨ ᠰᠠᠭᠤᠭ᠎ᠠ ᠨᠡᠶᠢᠭᠡᠮ ᠲᠤᠭᠤᠷᠢᠭ ︵ᠭᠠᠴᠠᠭ᠎ᠠ᠂ ᠬᠤᠪᠢᠶᠠᠷᠢ ᠲᠠᠯᠠᠪᠠᠢ︶ ᠪᠠ ᠪᠠᠶᠢᠭᠤᠯᠭ᠎ᠠ ︵ᠪᠤᠶᠤ ᠰᠠᠭᠤᠭᠰᠠᠨ ᠪᠠᠭᠤᠲᠠᠯ︶᠎ ᠳᠠᠭᠠᠨ ᠰᠠᠨᠠᠭᠠᠴᠢᠯᠠᠭ᠎ᠠ ᠠᠴᠠ ᠪᠠᠨ ᠮᠡᠳᠡᠬᠦᠯᠬᠦ ᠬᠡᠷᠡᠭᠲᠠᠢ᠃  ᠦᠨᠳᠦᠷ ᠵᠡᠷᠭᠡ ᠶᠢᠨ ᠲᠦᠭᠰᠢᠭᠦᠷᠢᠲᠦ ᠤᠷᠤᠨ ᠠᠴᠠ ᠰᠢᠯᠢ ᠶᠢᠨ ᠬᠤᠲᠠ ᠳᠤ ᠢᠷᠡᠭᠰᠡᠳ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠵᠡᠷᠭᠡ ᠶᠢᠨ ᠲᠦᠭᠰᠢᠭᠦᠷᠢᠲᠦ ᠭᠠᠵᠠᠷ ᠣᠷᠣᠨ ᠠᠴᠠ ᠰᠢᠯᠢ ᠶᠢᠨ ᠬᠤᠲᠠ ᠳᠤ ᠢᠷᠡᠭᠰᠡᠳ ᠲᠤ ᠴᠥᠮ  ︽14 ᠡᠳᠦᠷ ᠬᠡᠷ ᠲᠡᠭᠡᠨ ᠰᠠᠭᠤᠵᠤ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠎ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠠᠵᠢᠭᠯᠠᠯᠲᠠ ᠶᠢᠨ 1᠂ 4᠂ 7᠂ 10᠂ 14  ᠳ᠋ᠦ᠋ᠭᠡᠷ ᠡᠳᠦᠷ ᠲᠤ ᠲᠣᠰ ᠪᠦᠷᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ᠬᠤᠶᠠᠷ᠂ ᠡᠨᠡ ᠡᠳᠦᠷ ᠠᠴᠠ ᠡᠬᠢᠯᠡᠨ᠂ ᠡᠮᠴᠢᠯᠡᠭᠡᠨ ᠤ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠭᠠᠵᠠᠷ᠂ ᠵᠣᠴᠢᠳ ᠤᠨ ᠪᠠᠭᠤᠳᠠᠯ᠂ ᠪᠢᠲᠡᠭᠦᠮᠵᠢᠲᠦ ᠵᠤᠭ᠎ᠠ ᠴᠡᠩᠭᠡᠯ ᠤᠨ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠲᠠᠯᠠᠪᠤᠷ᠂ ᠨᠢᠰᠬᠡᠯ ᠤᠨ ᠪᠠᠭᠤᠳᠠᠯ᠂ ᠠᠶᠠᠨᠴᠢᠳ ᠤᠨ ᠵᠦᠭᠡᠭᠡᠪᠦᠷᠢ ᠶᠢᠨ ᠲᠡᠷᠭᠡᠨ ᠥᠷᠲᠡᠭᠡ᠂ ᠭᠠᠯᠲᠤ ᠲᠡᠷᠭᠡᠨ ᠥᠷᠲᠡᠭᠡ ᠵᠢᠴᠢ ᠬᠥᠮᠦᠨ ᠤᠯᠠᠨᠲᠠᠢ ᠣᠯᠠᠨ ᠨᠡᠶᠢᠲᠡ ᠶᠢᠨ ᠲᠠᠯᠠᠪᠤᠷ᠂ ᠣᠯᠠᠨ ᠨᠡᠶᠢᠲᠡ ᠎ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ᠂ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ︵ᠲᠣᠭᠤᠷᠢᠭ︶ ᠵᠡᠷᠭᠡ ᠭᠠᠳᠠᠨ᠎ᠠ ᠭᠠᠵᠠᠷ ᠠᠴᠠ ᠢᠷᠡᠭᠰᠡᠨ ᠬᠥᠮᠦᠰ ᠤᠨ ᠦᠷᠬᠦᠯᠵᠢ ᠤᠷᠤᠵᠤ ᠭᠠᠷᠳᠠᠭ ᠭᠠᠵᠠᠷ ᠣᠷᠣᠨ ᠪᠠ ᠨᠢᠭᠡᠴᠢ ᠎ ᠨᠢ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠎ ᠶᠢᠨ ᠣᠷᠣᠨ ᠳᠤ ︽ᠬᠡᠮᠵᠢᠶ᠎ᠡ ᠶᠢ ᠬᠢᠵᠠᠭᠠᠷᠯᠠᠬᠤ᠂ ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠢ ᠭᠥᠯᠢᠶᠡᠨ ᠠᠪᠬᠤ ᠬᠠᠮᠤᠭ ᠤᠨ ᠶᠡᠭᠡ ᠬᠡᠮᠵᠢᠶ᠎ᠡ ᠶᠢ ᠬᠢᠵᠠᠭᠠᠷᠯᠠᠬᠤ ᠬᠡᠷᠡᠭᠲᠠᠢ᠃ ᠣᠯᠠᠨ ᠨᠡᠶᠢᠲᠡ ᠶᠢᠨ ᠦᠶᠯᠡᠴᠢᠯᠡᠭᠡ᠂ ᠵᠦᠭᠡᠭᠡᠪᠦᠷᠢᠯᠡᠯᠲᠡ᠂ ᠬᠠᠮᠠᠭᠠᠯᠠᠯᠲᠠ ᠎ ᠳᠤ ᠬᠤᠯᠪᠤᠭᠲᠠᠬᠤ ᠠᠵᠢᠯᠲᠠᠨ ᠨᠢ ᠸᠠᠺᠼᠢᠨ ᠤ ᠲᠠᠷᠢᠯᠭ᠎ᠠ ᠬᠢᠬᠦ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠰᠠᠶᠢᠲᠤᠷ ᠬᠢᠬᠦ ᠬᠡᠷᠡᠭᠲᠡᠶ᠃ᠭᠤᠷᠪᠠ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠣᠷᠣᠨ ᠳᠤ ᠲᠤᠬᠠᠶ ᠶᠢᠨ ᠭᠠᠵᠠᠷ ᠤᠨ ᠡᠪᠡᠳᠴᠢᠨ ᠤ ᠵᠢᠱᠢᠶ᠎ᠡ ᠢᠯᠡᠷᠡᠭᠰᠡᠨ ᠪᠣᠯᠬᠤᠷ᠂ ᠴᠢᠬᠤᠯᠠᠴᠢᠯᠠᠭ᠎ᠠ ᠦᠭᠡᠢ ᠪᠤᠯ ᠣᠶᠢᠷ᠎ᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠎ ᠤᠨ ᠬᠢᠵᠢᠭ ᠤᠨ ᠪᠠᠶᠢᠳᠠᠯ ᠢᠯᠡᠷᠡᠭᠰᠡᠨ ᠬᠤᠲᠠ ᠪᠠ ᠭᠠᠵᠠᠷ ᠣᠷᠣᠨ ᠳᠤ ᠣᠴᠢᠵᠤ ᠵᠢᠭᠤᠯᠴᠢᠯᠠᠬᠤ᠂ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠪᠠᠷ ᠶᠠᠪᠤᠬᠤ ᠬᠡᠷᠡᠭ ᠦᠭᠡᠢ᠃ ᠡᠷᠬᠡᠪᠰᠢ ᠣᠴᠢᠬᠤ ᠴᠢᠬᠤᠯᠠᠲᠠᠢ ᠪᠣᠯ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ ᠰᠢᠯᠢ ᠶᠢᠨ ᠬᠤᠲᠠ ᠳᠤ ᠪᠤᠴᠠᠬᠤ ᠠᠴᠠ ᠪᠠᠨ ᠡᠮᠦᠨ᠎ᠡ᠂ ᠪᠠᠶᠢᠭᠤᠯᠭ᠎ᠠ ᠨᠢᠭᠡᠴᠢ ᠪᠠ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ᠂ ᠬᠤᠪᠢᠶᠠᠷᠢ ᠲᠠᠯᠠᠪᠠᠶ︶᠎ ᠲᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠣᠰ ᠡᠳᠦᠷ ᠠᠴᠠ ᠡᠬᠢᠯᠡᠨ᠂ ᠪᠠᠶᠢᠭᠤᠯᠭ᠎ᠠ᠂ ᠠᠵᠢᠯ ᠦᠶᠯᠡᠰ ᠤᠨ ᠨᠢᠭᠡᠴᠡ ᠪᠣᠯᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠨᠢ ᠠᠶᠢᠮᠠᠭ ᠤᠨ ᠭᠠᠲᠠᠨ᠎ᠠ ᠬᠦᠷᠴᠦ ᠪᠦᠯᠬᠦᠮ ᠨᠡᠶᠢᠲᠡ ᠶᠢᠨ ᠴᠢᠨᠠᠷᠲᠠᠶ ᠠᠵᠢᠯᠯᠠᠭ᠎ᠠ ᠵᠤᠬᠢᠶᠠᠨ ᠪᠠᠶᠢᠭᠤᠯᠬᠤ ᠶᠢ ᠲᠦᠷ ᠵᠣᠭᠰᠣᠭᠠᠬᠤ ᠶᠢᠨ ᠬᠠᠮᠲᠤ ᠲᠣᠰ ᠨᠢᠭᠡᠴᠡ ᠶᠢᠨ ᠢᠶᠠᠨ ᠺᠠᠳ᠋ᠷ ᠠᠵᠢᠯᠲᠠᠨ ᠠᠵᠢᠯᠴᠢᠨ ᠵᠢᠴᠢ ᠬᠡᠷ ᠤᠨ ᠬᠥᠮᠦᠰ ᠲᠤ ᠠᠶᠢᠮᠠᠭ ᠠᠴᠠ ᠭᠠᠷᠴᠤ ᠵᠢᠭᠤᠯᠴᠢᠯᠠᠬᠤ ᠶᠢ ᠲᠦᠷ ᠬᠤᠶᠢᠰᠢᠯᠠᠭᠤᠯᠬᠤ ᠶᠢ ᠰᠠᠨᠠᠭᠤᠯᠬᠤ ᠪᠠ ᠬᠥᠲᠥᠯᠥᠨ ᠵᠢᠯᠤᠭᠤᠳᠬᠤ ᠬᠡᠷᠡᠭᠲᠠᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠨᠤᠭᠤᠳ ᠥᠷᠭᠡᠨ ᠣᠯᠠᠨ ᠪᠠᠭᠰᠢ ᠰᠤᠷᠤᠭᠴᠢᠳ ᠤᠨ ᠵᠤᠨ ᠤ ᠠᠮᠠᠷᠠᠯᠲᠠ ᠶᠢᠨ ᠵᠢᠭᠤᠯᠴᠢᠯᠠᠯ ᠢ ᠠᠯᠢ ᠴᠢᠳᠠᠬᠤ ᠪᠠᠷ ᠠᠶᠢᠮᠠᠭ ᠤᠨ ᠳᠣᠲᠣᠷ᠎ᠠ ᠪᠠᠨ ᠬᠢᠬᠦ ᠶᠢ ᠰᠠᠨᠠᠭᠤᠯᠬᠤ ᠪᠠ ᠬᠥᠲᠥᠯᠥᠨ ᠵᠢᠯᠣᠭᠤᠳᠴᠤ᠂ ᠠᠶᠢᠮᠠᠭ ᠠᠴᠠ ᠭᠠᠷᠴᠤ ᠵᠢᠭᠤᠯᠴᠢᠯᠠᠬᠤ ᠶᠢ ᠲᠦᠷ ᠬᠤᠶᠢᠰᠢᠯᠠᠭᠤᠯᠵᠤ᠂ ᠬᠡᠷᠪᠡ ᠡᠷᠬᠡᠪᠰᠢ ᠣᠴᠢᠬᠤ ᠴᠢᠬᠤᠯᠠ ᠲᠠᠢ ᠪᠣᠯ ᠡᠷᠬᠡᠪᠰᠢ ᠰᠤᠷᠭᠠᠭᠤᠯᠢ ᠡᠬᠢᠯᠡᠬᠦ ᠠᠴᠠ 14 ᠡᠳᠦᠷ ᠤᠨ ᠡᠮᠦᠨ᠎ᠡ ᠪᠤᠴᠠᠵᠤ ᠢᠷᠡᠬᠦ ᠬᠡᠷᠡᠭᠲᠡᠶ᠃ᠳᠥᠷᠪᠡ᠂ ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠨᠦᠭᠦᠳ ᠴᠢᠬᠤᠯᠠᠴᠢᠯᠠᠭ᠎ᠠ ᠦᠭᠡᠢ ᠪᠣᠯ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠥᠬᠡᠶ᠂ ᠡᠷᠬᠡᠪᠰᠢ ᠡᠷᠭᠢᠯᠡᠬᠦ ᠴᠢᠬᠤᠯᠠᠲᠠᠶ ᠪᠣᠯ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠭᠤᠤᠯᠯᠠᠨ ᠡᠷᠭᠢᠯᠡᠬᠦ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ ᠲᠣᠮᠣ ᠬᠡᠯᠪᠡᠷᠢ ᠶᠢᠨ ᠬᠤᠷᠠᠯ᠂ ᠦᠵᠡᠭᠦᠯᠭᠡ᠂ ᠰᠢᠯᠭᠠᠯᠲᠠ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠎ ᠶᠢ ᠴᠢᠩᠭ᠎ᠠ ᠡᠵᠡᠮᠳᠡᠵᠦ᠂ ᠴᠢᠬᠤᠯᠠ ᠪᠤᠰᠤ ᠴᠤᠭᠯᠠᠷᠠᠯ ᠢ ᠪᠠᠭᠠᠰᠬᠠᠨ᠂ ᠠᠯᠢ ᠴᠢᠳᠠᠬᠤ ᠪᠠᠷ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠠᠶᠢᠮᠠᠭ ᠤᠨ ᠭᠠᠲᠠᠨ᠎ᠠ ᠠᠴᠠ ᠮᠠᠨ ᠤ ᠬᠤᠲᠠ ᠳᠤ ᠬᠦᠷᠴᠦ ᠬᠤᠷᠠᠯ᠂ ᠤᠷᠤᠯᠳᠤᠭᠠᠨ ᠵᠡᠷᠭᠡ ᠬᠠᠮᠲᠤ ᠶᠢᠨ ᠠᠵᠢᠯᠯᠠᠭ᠎ᠠ ᠳᠤ ᠤᠷᠤᠯᠴᠠᠬᠤ ᠪᠣᠶ ᠪᠥᠬᠦᠶ ᠬᠥᠮᠦᠰ ᠡᠷᠬᠡᠪᠰᠢ 72 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ᠂ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠬᠤᠷᠠᠯ᠂ ᠠᠵᠢᠯᠯᠠᠭ᠎ᠠ ᠡᠷᠭᠢᠯᠡᠬᠦ ᠲᠠᠯ᠎ᠠ ᠶᠢᠨ ᠬᠢᠨ ᠳᠤ ᠮᠡᠳᠡᠭᠦᠯᠬᠦ ᠬᠡᠷᠡᠭᠲᠡᠶ᠃ᠲᠠᠪᠤ᠂ ᠦᠷᠭᠡᠨ ᠤᠯᠠᠨ ᠰᠠᠭᠤᠭᠠᠯᠢ ᠠᠷᠠᠳ ᠬᠤᠪᠢ ᠬᠥᠮᠦᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠵᠢᠴᠢ ᠬᠥᠮᠦᠨ ᠣᠯᠠᠨ ᠴᠤᠭᠯᠠᠷᠠᠬᠤ ᠲᠠᠯᠠᠪᠤᠷ ᠲᠤ ᠠᠵᠢᠯᠯᠠᠭ᠎ᠠ ᠬᠢᠬᠦ ᠳᠡᠭᠡᠨ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠶᠢ ᠠᠩᠬᠠᠷᠬᠤ ᠬᠡᠷᠡᠭᠲᠡᠶ᠃ ᠨᠢᠰᠬᠡᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠣᠯᠠᠨ ᠨᠡᠶᠢᠲᠡ ᠶᠢᠨ ᠬᠡᠷᠡᠭᠰᠡᠯ ᠲᠠᠢ ᠬᠦᠷᠦᠯᠴᠡᠬᠦ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠤᠭᠤᠯᠠ ᠢᠳᠡᠬᠦ ᠪᠠ ᠤᠰᠤ ᠤᠤᠭᠤᠬᠤ ᠤᠳᠠᠭ᠎ᠠ ᠪᠠᠨ ᠪᠠᠭᠠᠰᠬᠠᠬᠤ ᠬᠡᠷᠡᠭᠲᠡᠶ᠃ ᠡᠳᠦᠷ ᠲᠤᠲᠤᠮ ᠤᠨ ᠠᠮᠢᠳᠤᠷᠠᠯ ᠳᠤᠮᠳᠠ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠶ ᠶᠢ ᠪᠠᠲᠤᠯᠠᠵᠤ᠂ ᠪᠥᠭᠡᠮᠨᠡᠷᠡᠬᠦ ᠥᠬᠡᠶ᠂ ᠴᠤᠭᠯᠠᠷᠠᠬᠤ ᠥᠬᠡᠶ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠬᠦᠯᠵᠦ᠂ ᠬᠠᠮᠲᠤ ᠪᠠᠷ ᠬᠤᠭᠤᠯᠠᠯᠠᠬᠤ ᠶᠢ ᠪᠠᠭᠠᠰᠬᠠᠵᠤ᠂ ᠲᠤᠰᠠᠭᠠᠷ ᠬᠤᠭᠤᠯᠠᠯᠠᠬᠤ ᠲᠦᠷᠢᠮ ᠢ ᠵᠢᠷᠤᠮᠯᠠᠵᠤ᠂ ᠨᠡᠶᠢᠲᠡ ᠶᠢᠨ ᠬᠠᠯᠪᠠᠭ᠎ᠠ ᠰᠠᠪᠬ᠎ᠠ ᠬᠡᠷᠡᠭᠯᠡᠵᠦ᠂ ᠬᠠᠨᠢᠶᠠᠬᠤ᠂ ᠨᠠᠶᠢᠲᠠᠭᠠᠬᠤ ᠦᠶ᠎ᠡ ᠳᠤ ᠪᠠᠨ ᠴᠠᠭᠠᠰᠤ ᠪᠤᠶᠤ ᠲᠣᠬᠤᠶ ᠬᠠᠨᠴᠤᠶ ᠪᠠᠷ ᠢᠶᠠᠨ ᠬᠠᠯᠬᠠᠯᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠎ ᠢ ᠪᠤᠢ ᠪᠤᠯᠭᠠᠬᠤ ᠪᠠ ᠠᠮᠢᠳᠤᠷᠠᠯ ᠤᠨ ᠠᠷᠭ᠎ᠠ ᠮᠠᠶ᠋ᠢᠭ ᠢ ᠠᠪᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ᠂ ᠲᠠᠷᠤᠢ ᠲᠦᠷᠭᠡᠨ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠤᠨᠤᠰᠢᠯᠠᠨ ᠪᠠᠶᠢᠴᠠᠭᠠᠯᠭᠠᠨ᠎ᠠ᠃ ᠵᠢᠷᠭᠤᠭ᠎ᠠ᠂ ᠣᠯᠠᠨ ᠲᠦᠮᠡᠨ ᠤ ᠣᠶᠢᠷ᠎ᠠ ᠬᠠᠪᠢ ᠳᠤ ᠪᠠᠨ ᠲᠠᠷᠢᠯᠭ᠎ᠠ ᠬᠢᠬᠦ ᠳᠤ ᠲᠥᠬᠦᠮ ᠦᠵᠡᠭᠦᠯᠬᠦ ᠶᠢᠨ ᠲᠥᠯᠥᠭᠡ ᠂ ᠣᠳᠣᠬᠠᠨ ᠳᠤ ᠮᠠᠨ ᠤ ᠬᠤᠲᠠ ᠨᠢᠭᠡᠨᠲᠡ 5 ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠴᠡᠭ ᠲᠤᠬᠢᠷᠠᠭᠤᠯᠪᠠ᠃① ᠦᠵᠡᠭᠦᠯᠭᠡ ᠶᠢᠨ ᠲᠥᠪ ᠤᠨ ᠲᠠᠷᠢᠯᠭ᠎ᠠ ᠳᠠᠷᠢᠬᠤ ᠴᠡᠭ᠂ ᠰᠢᠯᠢ ᠶᠢᠨ ᠠᠭᠤᠲᠠᠮ ᠲᠠᠯᠠᠪᠠᠶ ᠶᠢᠨ ᠪᠠᠷᠠᠭᠤᠨ ᠲᠠᠯ᠎ᠠ ᠎ ᠳᠤ ᠪᠠᠶᠢᠷᠢᠯᠠᠨ᠎ᠠ︔ ②ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠲᠥᠪ ᠤᠨ ᠲᠠᠷᠢᠯᠭ᠎ᠠ ᠲᠠᠷᠢᠬᠤ ᠴᠡᠭ᠂ ᠪᠡᠶᠢᠰᠡ ᠶᠢᠨ ᠰᠦᠮ᠎ᠡ ᠶᠢᠨ ᠶᠡᠭᠡ ᠵᠡᠭᠡᠯᠢ ᠶᠢᠨ ᠪᠠᠷᠠᠭᠤᠨ ᠬᠡᠰᠡᠭ᠂ ᠤᠤᠯ ᠤᠨ ᠬᠤᠲᠠ ᠎ ᠶᠢᠨ ᠡᠮᠨᠡᠯᠭᠡ ᠶᠢᠨ ᠬᠤᠷᠢᠶ᠎ᠠ ᠪᠠᠶᠢᠭᠰᠠᠨ ᠭᠠᠵᠠᠷ ᠲᠤ ᠪᠠᠶᠢᠷᠢᠯᠠᠨ᠎ᠠ︔③ᠪᠠᠶᠠᠨᠴᠠᠭᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠎ ᠤᠨ ᠲᠠᠷᠢᠯᠭ᠎ᠠ ᠲᠠᠷᠢᠬᠤ ᠴᠡᠭ᠂ ᠪᠠᠶᠠᠨᠴᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠶᠢᠲᠤ ᠲᠠᠯ᠎ᠠ ᠎ ᠳᠤ ᠪᠠᠶᠢᠷᠢᠯᠠᠨ᠎ᠠ︔④ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠲᠠᠷᠢᠯᠭ᠎ᠠ ᠲᠠᠷᠢᠬᠤ ᠴᠡᠭ᠂ ᠢ ᠾᠧ ᠶᠤᠸᠠᠨ ᠣᠯᠠᠨ ᠤᠯᠤᠰ ᠤᠨ ᠨᠠᠰᠤᠵᠢᠯ ᠤᠨ ᠠᠰᠠᠷᠠᠮᠵᠢ ᠶᠢᠨ ᠲᠥᠪ ᠤᠨ ᠬᠤᠶᠢᠲᠤ ᠲᠠᠯ᠎ᠠ ᠳᠤ ᠪᠠᠶᠢᠷᠢᠯᠠᠨ᠎ᠠ︔⑤ᠠᠨ ᠱᠧᠨ ᠡᠮᠨᠡᠯᠭᠡ ᠶᠢᠨ ᠬᠤᠷᠢᠶᠠᠨ ᠤ ᠲᠠᠷᠢᠯᠭ᠎ᠠ ᠲᠠᠷᠢᠬᠤ ᠴᠡᠭ᠂ ᠠᠨ ᠱᠧᠨ ᠡᠮᠨᠡᠯᠭᠡ ᠶᠢᠨ ᠬᠤᠷᠢᠶᠠᠨ ᠤ 3 ᠳ᠋ᠤᠭᠠᠷ ᠠᠰᠠᠷ ᠲᠤ ᠪᠠᠶᠢᠷᠢᠯᠠᠵᠤ᠂ ᠡᠮᠦᠨ᠎ᠡ ᠡᠭᠦᠳᠡ ᠪᠠᠷ ᠤᠷᠤᠨ᠎ᠠ᠃ 2 ᠲᠠᠷᠢᠯᠭ᠎ᠠ ᠲᠠᠷᠢᠬᠤ ᠴᠡᠭ ᠢ ᠨᠡᠮᠡᠵᠦ ᠲᠤᠬᠢᠷᠠᠭᠤᠯᠬᠤ ᠪᠠᠷ ᠲᠦᠰᠦᠪᠯᠡᠵᠦ᠂ ᠵᠢᠱᠢᠯᠲᠡ ᠪᠠᠷ 8 ᠰᠠᠷ᠎ᠠ ᠶᠢᠨ 3᠎ ᠤ ᠡᠳᠦᠷ ᠠᠴᠠ ᠡᠬᠢᠯᠡᠵᠦ ᠬᠡᠷᠡᠭᠯᠡᠨ᠎ᠡ᠂ ᠪᠣᠳᠠᠲᠠᠶ ᠬᠡᠷᠡᠭᠯᠡᠬᠦ ᠴᠠᠭ ᠢ ᠣᠶᠢᠷ᠎ᠠ ᠶᠢᠨ ᠬᠤᠭᠤᠴᠠᠭᠠᠨ ᠳᠤ ᠥᠷᠭᠡᠨ ᠣᠯᠠᠨ ᠬᠤᠲᠠ ᠶᠢᠨ ᠠᠷᠠᠳ ᠲᠤ ᠮᠡᠳᠡᠭᠳᠡᠨ᠎ᠡ᠃① ᠡᠷᠳᠡᠨᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠥᠷᠲᠡᠭᠡ ᠶᠢᠨ ᠲᠠᠷᠢᠯᠭ᠎ᠠ ᠲᠠᠷᠢᠬᠤ ᠴᠡᠭ᠂ ᠵᠠᠮ ᠬᠠᠷᠢᠯᠴᠠᠭᠠᠨ ᠤ ᠲᠠᠪᠤᠳᠤᠭᠠᠷ ᠵᠤᠭᠰᠤᠭᠠᠯ ᠠᠴᠠ ᠬᠤᠶᠢᠰᠢ 200 ᠮᠧᠲᠷ ᠲᠤ ᠪᠠᠶᠢᠷᠢᠯᠠᠨ᠎ᠠ︔② ᠲᠧᠩ ᠲᠤ ᠠᠭᠤᠳᠠᠮ ᠲᠠᠯᠠᠪᠠᠶ ᠶᠢᠨ ᠲᠠᠷᠢᠯᠭ᠎ᠠ ᠲᠠᠷᠢᠬᠤ ᠭᠠᠵᠠᠷ᠂ ᠪᠡᠭᠡᠵᠢᠩ ᠵᠠᠮ ᠤᠨ ᠲᠧᠩ ᠲᠤ ᠠᠭᠤᠳᠠᠮ ᠲᠠᠯᠠᠪᠠᠶ ᠶᠢᠨ ᠪᠠᠷᠠᠭᠤᠨ ᠲᠠᠯ᠎ᠠ ᠳᠤ ᠪᠠᠶᠢᠷᠢᠯᠠᠨ᠎ᠠ᠃ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠡᠷᠬᠡᠲᠦ ᠠᠷᠠᠳ ᠨᠢᠭᠡᠪᠦᠷᠢ ᠶᠢᠨ ᠭᠦᠶᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠮᠦᠷᠲᠡᠭᠡᠨ ᠲᠠᠷᠢᠯᠭ᠎ᠠ ᠲᠠᠷᠢᠭᠠᠳᠤᠢ ᠰᠠᠭᠤᠭᠠᠯᠢ ᠠᠷᠠᠳ ᠳᠠᠷᠤᠶ ᠲᠦᠷᠭᠡᠨ ᠲᠠᠷᠢᠯᠭ᠎ᠠ ᠲᠠᠷᠢᠵᠤ᠂ ᠰᠢᠨ᠎ᠡ ᠲᠢᠲᠢᠮᠯᠢᠭ ᠸᠢᠷᠦ᠋ᠰ ᠢ ᠦᠯᠦ ᠬᠠᠯᠲᠠᠭᠠᠬᠤ ᠬᠠᠯᠬᠠᠪᠴᠢ ᠶᠢ ᠬᠠᠮᠲᠤ ᠪᠠᠷ ᠴᠤᠭᠴᠠᠯᠠᠶ᠎ᠠ᠃            ᠰᠢᠯᠢ ᠶᠢᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ            ᠠᠭᠤᠰᠬᠢᠨ  ᠦᠷᠪᠢᠰᠦᠯ ᠎ ᠢ  ᠰᠡᠷᠭᠡᠶᠢᠯᠡᠨ  ᠡᠵᠡᠮᠳᠡᠬᠦ  ᠠᠵᠢᠯ  ᠤᠨ  ᠵᠢᠯᠣᠭᠤᠳᠬᠤ  ᠭᠡᠯᠳᠡᠰ                                       2021 ᠣᠨ ᠤ 8 ᠰᠠᠷ᠎ᠠ ᠶᠢᠨ 1᠎ ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号