ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/9/2
 ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠤᠷᠢᠶᠠᠯᠠᠭ᠎ᠠ ᠶᠢᠨ ᠪᠢᠴᠢᠭ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠡ᠄ ᠬᠢᠵᠢᠭ ᠤᠨ ᠪᠠᠶᠢᠳᠠᠯ ᠬᠠᠷᠠᠬᠠᠨ ᠳᠠᠭᠤᠰᠤᠭᠠᠳᠤᠢ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠶᠤᠮ᠃ ᠸᠠᠺᠼᠢᠨ ᠤ ᠲᠠᠷᠢᠯᠭ᠎ᠠ ᠬᠢᠬᠦ ᠪᠣᠯ ᠬᠠᠷᠢᠭᠤᠴᠠᠯᠭ᠎ᠠ ᠮᠦᠷᠲᠡᠭᠡᠨ ᠨᠠᠩ ᠴᠤ ᠡᠭᠦᠷᠭᠡ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠲᠤᠳᠬᠠᠬᠤ ᠶᠢᠨ ᠲᠥᠯᠥᠭᠡ᠂ ᠬᠢᠵᠢᠭ ᠤᠨ ᠪᠠᠶᠢᠳᠠᠯ ᠤᠨ ᠡᠮᠦᠨ᠎ᠡ ᠬᠦᠨᠳᠡᠯᠡᠨ ᠠᠴᠠ ᠬᠠᠷᠠᠭᠴᠢ ᠪᠣᠯᠬᠤ ᠥᠬᠡᠶ ᠪᠠᠷ᠂ ᠬᠥᠮᠦᠨ ᠪᠣᠯᠭᠠᠨ ᠬᠥᠳᠡᠯᠦᠯᠴᠡᠵᠦ ᠪᠠᠶᠢᠭᠠᠳ ᠡᠷᠡᠭᠦᠯ ᠡᠩᠬᠡ ᠶᠢᠨ ᠴᠠᠭᠠᠨ ᠬᠡᠷᠡᠮ ᠢ ᠬᠠᠮᠲᠤ ᠪᠠᠷ ᠴᠣᠭᠴᠠᠯᠠᠬᠤ ᠶᠢ ᠪᠢᠳᠡ ᠰᠠᠨᠠᠭᠠᠴᠢᠯᠠᠶ᠎ᠠ᠄ᠨᠢᠭᠡ᠂ ᠬᠥᠮᠦᠨ ᠪᠦᠬᠦᠨ ᠴᠥᠮ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠸᠠᠺᠼᠢᠨ ᠤ ᠲᠠᠷᠢᠯᠭ᠎ᠠ ᠬᠢᠬᠦ ᠨᠢ ᠥᠪᠡᠷ ᠤᠨ ᠪᠡᠶ᠎ᠡ ᠳᠡᠭᠡᠨ ᠬᠠᠷᠢᠭᠤᠴᠠᠵᠤ ᠪᠠᠶᠢᠬᠤ ᠮᠥᠷᠲᠡᠭᠡᠨ ᠪᠠᠰᠠ ᠬᠡᠷ ᠤᠨ ᠬᠥᠮᠦᠰ ᠪᠠ ᠪᠤᠰᠤᠳ ᠢ ᠬᠠᠮᠠᠭᠠᠯᠠᠵᠤ ᠪᠠᠶᠢᠬᠤ ᠶᠠᠪᠤᠳᠠᠯ ᠮᠥᠨ᠃ ᠭᠠᠭᠴᠠ ᠬᠦ ᠲᠣᠬᠢᠷᠠᠮᠵᠢᠲᠠᠶ ᠬᠥᠮᠦᠰ ᠲᠤ ᠴᠥᠮ ᠸᠠᠺᠼᠢᠨ ᠤ ᠲᠠᠷᠢᠯᠭ᠎ᠠ ᠬᠢᠮᠡᠨᠵᠢᠨ ᠰᠠᠶ᠋ᠢ ᠬᠠᠮᠲᠤ ᠨᠡᠶᠢᠲᠡ ᠶᠢᠨ ᠦᠯᠦ ᠬᠠᠯᠲᠠᠭᠠᠬᠤ ᠬᠠᠯᠬᠠᠪᠴᠢ ᠶᠢ ᠪᠣᠶ ᠪᠣᠯᠭᠠᠵᠤ ᠴᠢᠳᠠᠨ᠎ᠠ᠃ ᠮᠠᠨ ᠤ ᠬᠤᠲᠠ ᠳᠤ ᠠᠵᠢᠯᠯᠠᠵᠤ ᠠᠮᠢᠳᠤᠷᠠᠵᠤ ᠪᠠᠶᠢᠭ᠎ᠠ᠂ ᠪᠦᠬᠦᠯᠢ 12 ᠨᠠᠰᠤ ᠬᠦᠷᠦᠭᠰᠡᠨ ︵ᠡᠷᠦᠬᠡ ᠠᠮᠠ ᠶᠢᠨ ᠲᠠᠩᠰᠠ ᠶᠢᠨ ᠬᠢᠵᠠᠭᠠᠷ ᠥᠬᠡᠶ︶ ᠮᠥᠷᠲᠡᠭᠡᠨ ᠸᠠᠺᠼᠢᠨ ᠤ ᠲᠠᠷᠢᠯᠭ᠎ᠠ ᠬᠢᠬᠦ ᠳᠤ ᠴᠡᠭᠡᠷᠯᠡᠬᠦ ᠡᠪᠡᠳᠴᠢᠨ ᠥᠬᠡᠶ ᠬᠥᠮᠦᠰ ᠲᠤ ᠴᠦᠮ ᠳᠠᠷᠤᠶ ᠲᠦᠷᠭᠡᠨ ᠲᠠᠷᠢᠯᠭ᠎ᠠ ᠬᠢᠵᠦ᠂ ᠲᠠᠷᠢᠬᠤ ᠶᠤᠰᠤᠲᠠᠢ ᠶᠢ ᠨᠢ ᠴᠢᠲᠠᠬᠤ ᠶᠢᠨ ᠲᠤᠲᠤᠷ᠎ᠠ ᠴᠦᠮ ᠲᠠᠷᠢᠭᠤᠯᠤᠨ᠎ᠠ᠃ᠬᠤᠶᠠᠷ᠂ ᠲᠠᠷᠢᠯᠭ᠎ᠠ ᠬᠢᠬᠦ ᠳᠡᠭᠡᠨ ᠬᠠᠮᠢᠶ᠎ᠠ ᠪᠦᠬᠦᠢ ᠳᠦᠷᠢᠮᠵᠢᠯ ᠤᠨ ᠶᠠᠪᠤᠴᠠ ᠶᠢ ᠴᠢᠩᠭ᠎ᠠ ᠵᠢᠷᠤᠮᠯᠠᠵᠤ᠂ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠪᠦᠬᠦ ᠶᠠᠪᠤᠴᠠ ᠳᠤ ᠲᠠᠷᠢᠯᠭ᠎ᠠ ᠬᠢᠵᠦ᠂ ᠬᠠᠮᠤᠭ ᠤᠨ ᠰᠠᠶᠢᠨ ᠦᠯᠦ ᠬᠠᠯᠲᠠᠭᠠᠬᠤ ᠦᠷ᠎ᠡ ᠳ᠋ᠦᠩ ᠳᠤ ᠬᠦᠷᠭᠡᠵᠦ᠂ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠲᠠᠭᠠᠭᠤᠯᠤᠭᠴᠢ ᠪᠠ ᠤᠬᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ᠭᠤᠷᠪᠠ᠂ ᠣᠶᠢᠷ᠎ᠠ ᠶᠢᠨ ᠬᠤᠭᠤᠴᠠᠭᠠᠨ ᠳᠤ ᠳᠡᠯᠭᠡᠷᠡᠭᠰᠡᠨ ᠳ᠋ᠧᠷᠲ᠋ᠠ ᠸᠢᠷᠦ᠋ᠰ ᠤᠨ ᠳᠠᠭᠠᠭᠠᠴᠠ ᠶᠢᠨ ᠬᠡᠮᠵᠢᠶ᠎ᠡ ᠨᠢ ᠥᠨᠳᠥᠷ᠂ ᠨᠢᠭᠤᠭᠳᠠᠮᠠᠯ ᠬᠤᠭᠤᠴᠠᠭ᠎ᠠ ᠨᠢ ᠣᠬᠤᠷ᠂ ᠲᠠᠷᠬᠠᠬᠤ ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠨᠤᠷᠮ᠎ᠠ ᠨᠢ ᠥᠨᠳᠥᠷ ᠪᠠᠶᠢᠳᠠᠭ᠃ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨ ᠣᠯᠠᠨ ᠲᠦᠮᠡᠨ ᠳᠤ ᠬᠠᠨᠳᠤᠵᠤ᠂ ᠣᠯᠠᠩᠬᠢ ᠭᠠᠵᠠᠷ ᠲᠤ ᠬᠥᠮᠦᠨ ᠬᠠᠷ᠎ᠠ ᠬᠤᠷᠠᠨ ᠴᠤᠭᠯᠠᠷᠠᠵᠤ᠂ ᠬᠡᠰᠡᠭ ᠭᠠᠵᠠᠷ ᠤᠨ ᠣᠷᠣᠨ ᠵᠠᠶ ᠨᠢ ᠨᠢᠭᠲᠠ ᠪᠢᠳᠡᠬᠦᠦ ᠪᠠᠶᠢᠳᠠᠭ᠂ ᠸᠢᠷᠦ᠋ᠰ ᠤᠨ ᠬᠠᠯᠳᠠᠪᠤᠷᠢᠯᠠᠯ ᠢ ᠡᠭᠦᠰᠭᠡᠵᠦ ᠮᠡᠳᠡᠬᠦ ᠲᠦᠭᠰᠢᠭᠦᠷᠢ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢᠨ ᠲᠥᠯᠥᠭᠡ᠂  ᠬᠦᠢᠲᠡᠨ ᠬᠡᠯᠬᠢᠶ᠎ᠡ᠂ ᠪᠠᠷᠠᠭᠠᠨ ᠤ  ᠭᠦᠢᠯᠭᠡᠭᠡ᠂ ᠲᠦᠷᠭᠡᠨ ᠬᠦᠷᠭᠡᠯᠲᠡ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠳᠠᠯᠳᠤᠭᠠᠨ ᠤ ᠠᠰᠠᠷ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠤᠰᠤ ᠴᠠᠬᠢᠯᠭᠠᠨ ᠨᠡᠭᠦᠷᠡᠰᠦᠨ ᠬᠡᠶ᠂ ᠠᠳᠠᠯ ᠠᠬᠤᠶ ᠶᠢᠨ ᠦᠢᠯᠡᠴᠢᠯᠡᠭᠡ᠂ ᠪᠠᠭᠤᠳᠠᠯ᠂ ᠰᠦᠯᠵᠢᠶᠡᠨ ᠪᠠᠭᠠᠷ᠂ KTV᠂ ᠺᠢᠨᠣ᠋ ᠶᠢᠨ ᠣᠷᠳᠣᠨ ᠵᠡᠷᠭᠡ ᠠᠵᠢᠯ ᠲᠥᠷᠥᠯ ᠤᠨ ᠠᠵᠢᠯᠲᠠᠨ ᠨᠠᠷ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠃ᠳᠥᠷᠪᠡ᠂ ᠰᠢᠨ᠎ᠡ ᠲᠢᠳᠢᠮᠯᠢᠭ ᠸᠢᠷᠦ᠋ᠰ ᠢᠯᠠᠩᠭᠤᠶ᠎ᠠ ᠳ᠋ᠧᠷᠲ᠋ᠠ ᠸᠢᠷᠦ᠋ᠰ ᠤᠨ ᠣᠯᠠᠨ ᠨᠡᠶᠢᠲᠡ ᠶᠢᠨ ᠲᠠᠯᠠᠪᠤᠷ ᠲᠤ ᠲᠠᠷᠬᠠᠬᠤ ᠠᠶᠤᠯ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠬᠤᠪᠢ ᠬᠥᠮᠦᠨ ᠳᠤ ᠬᠠᠯᠲᠠᠪᠤᠷᠢᠯᠠᠬᠤ ᠦᠭᠡᠶ ᠪᠠᠶᠢᠯᠭᠠᠬᠤ ᠶᠢᠨ ᠲᠥᠯᠥᠭᠡ᠂ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ ᠴᠢᠬᠤᠯᠠᠴᠢᠯᠠᠭ᠎ᠠ ᠦᠭᠡᠢ ᠪᠤᠯ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠠᠳᠠᠭᠰᠢ ᠭᠠᠷᠬᠤ ᠥᠬᠡᠶ ᠪᠠᠶᠢᠵᠤ᠂ ᠴᠢᠬᠤᠯᠠᠴᠢᠯᠠᠭ᠎ᠠ ᠦᠭᠡᠢ ᠪᠤᠯ ᠦᠵᠡᠮᠵᠢᠲᠦ ᠣᠷᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠤᠬᠡᠳ ᠰᠠᠭᠠᠲᠠᠭᠤᠯᠬᠤ ᠭᠠᠵᠠᠷ᠂ ᠰᠤᠷᠭᠠᠭᠤᠯᠢ ︵ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠭᠲᠠᠨ᠎ᠠ︶᠂ ᠰᠣᠶᠣᠯ ᠴᠡᠩᠭᠡᠯ ᠤᠨ ᠲᠠᠯᠠᠪᠤᠷ ︵ᠰᠣᠶᠣᠯ ᠤᠨ ᠣᠷᠳᠣᠨ᠂ ᠮᠦᠽᠧᠶ᠂ ᠨᠣᠮ ᠤᠨ ᠰᠠᠩ᠂ ᠤᠷᠠᠯᠢᠭ ᠤᠨ ᠣᠷᠳᠣᠨ᠂ ᠺᠢᠨᠣ᠋ ᠶᠢᠨ ᠣᠷᠳᠣᠨ᠂ ᠠᠷᠢᠬᠢᠨ ᠪᠠᠭᠠᠷ᠂ ᠰᠦᠯᠵᠢᠶᠡᠨ ᠤ ᠪᠠᠭᠠᠷ ᠵᠡᠷᠭᠡ ᠪᠠᠭᠲᠠᠬᠤ ᠮᠦᠷᠲᠡᠭᠡᠨ ᠡᠭᠦᠨ ᠢᠶᠠᠷ ᠬᠢᠵᠠᠭᠠᠷᠯᠠᠬᠤ ᠦᠭᠡᠢ︶ ᠵᠡᠷᠭᠡ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠥᠬᠡᠶ ᠪᠠᠶᠢᠬᠤ ᠶᠢ ᠰᠠᠨᠠᠭᠠᠴᠢᠯᠠᠨ᠎ᠠ᠃ᠲᠠᠪᠤ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠥᠷᠭᠡᠨ ᠣᠯᠠᠨ ᠬᠤᠲᠠ ᠶᠢᠨ ᠠᠷᠠᠳ ᠮᠥᠨ ᠬᠦ ︽ᠠᠮᠠᠪᠴᠢ ᠵᠡᠭᠦᠬᠦ᠂ ᠭᠠᠷ ᠢᠶᠠᠨ  ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ︾ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠬᠤᠪᠢ ᠬᠥᠮᠦᠨ ᠤ ᠬᠠᠮᠠᠭᠠᠯᠠᠯᠲᠠ ᠶᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠶ ᠶᠢ ᠪᠠᠲᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠵᠤ᠂ ᠲᠣᠰ ᠪᠡᠶ᠎ᠡ ᠪᠠ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠬᠡᠷᠡᠭᠲᠡᠶ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠪᠢᠳᠡ ᠳᠠᠷᠤᠶ ᠲᠦᠷᠭᠡᠨ ᠬᠥᠳᠡᠯᠦᠯᠴᠡᠵᠦ᠂ ᠥᠪᠡᠷ ᠤᠨ ᠪᠡᠶ᠎ᠡ᠂ ᠬᠡᠷ ᠤᠨ ᠬᠥᠮᠦᠰ᠂ ᠨᠡᠶᠢᠭᠡᠮ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠯᠢ ᠲᠦᠷᠭᠡᠨ ᠢᠶᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ᠂ ᠦᠯᠦ ᠬᠠᠯᠲᠠᠭᠠᠬᠤ ᠬᠠᠯᠬᠠᠪᠴᠢ ᠶᠢ ᠰᠡᠳᠭᠢᠯ ᠨᠢᠭᠡᠳᠦᠨ ᠬᠠᠮᠲᠤ ᠪᠠᠷ ᠴᠣᠭᠴᠠᠯᠠᠨ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠬᠡᠯᠪᠡᠷᠢ ᠪᠠᠷ ᠬᠢᠵᠢᠭ ᠤᠨ ᠪᠠᠶᠢᠳᠠᠯ ᠢ ᠠᠷᠭᠠᠴᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠰᠠᠬᠢᠨ ᠬᠠᠮᠠᠭᠠᠯᠠᠶ᠎ᠠ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号