ᠯᠢᠦ ᠱᠠᠨ ᠭᠠᠩ
ᠨᠡᠶᠢᠲᠡᠯᠡᠭᠰᠡᠨ ᠴᠠᠭ᠄
2022/1/26
 ᠯᠢᠦ ᠱᠠᠨ ᠭᠠᠩ    ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠲᠤᠷᠢᠳᠬᠤ ᠲᠤᠭᠤᠶᠢᠯᠠᠩ ᠤᠨ  ᠪᠦᠷᠢᠯᠳᠦᠭᠦᠨ᠂  ᠲᠡᠳ᠋ ᠡᠷᠬᠢᠯᠡᠭᠴᠢ ᠲᠤᠬᠲᠠᠭᠤᠨᠪᠠᠶᠠᠷ ᠡᠷᠬᠢᠯᠡᠭᠴᠢ ᠶᠢ ᠬᠠᠪᠰᠤᠷᠤᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃ ᠡᠯ᠎ᠡ ᠵᠡᠭᠡᠯᠢ ᠭᠤᠳᠤᠮᠵᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠶᠢᠨ ᠲᠣᠪᠴᠢᠶ᠎ᠠ᠂  ᠡᠳ᠋ ᠤᠨ  ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠤᠷᠰᠢᠯᠴᠠᠭᠠᠨ ᠤ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠯᠢ ᠶᠢᠨ ᠭᠤᠣᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠮᠥᠩᠭᠦᠨ ᠭᠦᠢᠯᠭᠡᠭᠡ  ᠳᠠᠭᠠᠳᠬᠠᠯ ᠤᠨ ᠪᠠᠶᠢᠭᠤᠯᠤᠮᠵᠢ᠂ ᠰᠢᠯᠢ ᠶᠢᠨ ᠬᠤᠲᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ᠂ ᠰᠢᠯᠢ ᠶᠢᠨ ᠬᠤᠲᠠ ᠶᠢᠨ ᠭᠠᠯᠲᠤ ᠲᠡᠷᠭᠡᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠲᠠᠮᠠᠬᠢᠨ ᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ ᠪᠣᠯᠤᠨ ᠡᠯ᠎ᠡ ᠲᠣᠮᠣ ᠺᠣᠮᠫᠠᠨᠢ ᠠᠵᠤ ᠠᠬᠤᠶᠢᠯᠠᠯ ᠲᠠᠢ ᠬᠠᠷᠢᠯᠴᠠᠨ᠎ᠠ᠃ ᠲᠣᠪᠴᠢ ᠨᠠᠮᠲᠠᠷ ᠯᠢᠦ ᠱᠠᠨ ᠭᠠᠩ᠂ ᠡᠷᠡᠭᠲᠡᠢ᠂ ᠮᠠᠨᠵᠤ ᠦᠨᠳᠦᠰᠦᠲᠡᠨ᠂ 1970 ᠣᠨ ᠤ 2 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1991 ᠣᠨ ᠤ 9 ᠰᠠᠷ᠎ᠠ ᠳᠤ ᠠᠵᠢᠯ ᠳᠤ ᠣᠷᠣᠵᠤ᠂ ᠤᠳᠤ ᠰᠢᠯᠢ ᠶᠢᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃  ᠰᠢᠯᠢ ᠶᠢᠨ ᠬᠤᠲᠠ ᠶᠢᠨ ᠠᠵᠤ ᠠᠬᠤᠢ ᠠᠷᠠᠯᠵᠢᠶᠠᠨ ᠤ ᠲᠣᠪᠴᠢᠶᠠᠨ ᠤ ᠳᠡᠳ᠋ ᠳᠠᠷᠤᠭ᠎ᠠ︔ ᠰᠢᠯᠢ ᠶᠢᠨ ᠬᠤᠲᠠ ᠶᠢᠨ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ︔ ᠰᠢᠯᠢ ᠶᠢᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ᠂ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ︔ ᠰᠢᠯᠢ ᠶᠢᠨ ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔ ᠰᠢᠯᠢ ᠶᠢᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠦᠩᠭᠡᠷᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号