ᠱᠢ ᠴᠢᠶᠠᠨ
ᠨᠡᠶᠢᠲᠡᠯᠡᠭᠰᠡᠨ ᠴᠠᠭ᠄
2022/1/26
ᠱᠢ ᠴᠢᠶᠠᠨ    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ  ᠠᠵᠢᠯ ᠤᠨ ᠬᠤᠪᠢᠶᠠᠷᠢᠯᠠᠯ᠄ ᠲᠤᠭᠲᠠᠭᠤᠨᠪᠠᠶᠠᠷ ᠡᠷᠬᠢᠯᠡᠭᠴᠢ ᠶᠢ ᠬᠠᠮᠵᠢᠨ᠂ ᠨᠠᠮ ᠤᠨ ᠪᠠᠶᠢᠭᠤᠯᠤᠯᠲᠠ ᠶᠢᠨ ᠠᠵᠢᠯ ᠢ ᠭᠤᠣᠯᠯᠠᠨ ᠠᠳᠬᠤᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠪᠠ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠪᠠᠶᠢᠭᠤᠯᠭ᠎ᠠ ᠶᠢᠨ ᠨᠠᠮ ᠤᠨ ᠠᠵᠢᠯᠯᠠᠬᠤ ᠵᠦᠪᠯᠡᠯ᠂ ᠨᠠᠮ ᠤᠨ ᠰᠤᠷᠭᠠᠭᠤᠯᠢ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠬᠠᠮ ᠵᠠᠭᠤᠴᠢᠯᠠᠭᠤᠷ ᠤᠨ ᠲᠥᠪ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠪᠠᠶᠢᠭᠤᠯᠭ᠎ᠠ ᠶᠢᠨ ᠶᠠᠪᠤᠳᠠᠯ ᠤᠨ ᠦᠶ᠋ᠯᠡᠴᠢᠯᠡᠭᠡᠨ ᠤ ᠲᠥᠪ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠠᠵᠢᠯ ᠮᠡᠷᠭᠡᠵᠢᠯ ᠤᠨ ᠵᠢᠭᠠᠨ ᠵᠢᠯᠤᠭᠤᠳᠬᠤ ᠲᠦᠪ ᠲᠠᠢ ᠬᠠᠷᠢᠯᠴᠠᠨ᠎ᠠ᠃ ᠲᠣᠪᠴᠢ ᠨᠠᠮᠲᠠᠷ ᠱᠢ ᠴᠢᠶᠠᠨ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 9 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1992 ᠣᠨ ᠤ 10 ᠰᠠᠷ᠎ᠠ ᠳᠤ ᠠᠵᠢᠯ ᠳᠤ ᠣᠷᠣᠵᠤ᠂ ᠤᠳᠤ  ᠰᠢᠯᠢ ᠶᠢᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃  ᠰᠢᠯᠢ ᠶᠢᠨ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠲᠠᠷᠴᠤᠳ ᠤᠨ ᠲᠣᠪᠴᠢᠶᠠᠨ ᠤ ᠳᠠᠷᠤᠭ᠎ᠠ︔ ᠰᠢᠯᠢ ᠶᠢᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠱᠦᠵᠢ᠂ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠦᠩᠭᠡᠷᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号