ᠸᠠᠩ ᠶᠢᠤ ᠪᠢᠨ
ᠨᠡᠶᠢᠲᠡᠯᠡᠭᠰᠡᠨ ᠴᠠᠭ᠄
2022/1/26
ᠸᠠᠩ ᠶᠢᠤ ᠪᠢᠨ ᠨᠥᠬᠦᠷ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠᠸᠠᠩ ᠶᠢᠦ ᠪᠢᠨ    ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠠᠵᠢᠯ ᠤᠨ ᠬᠤᠪᠢᠶᠠᠷᠢᠯᠠᠯ᠄ ᠵᠣᠤ ᠭᠦᠸᠧ ᠵᠦ ᠲᠡᠷᠢᠭᠦᠯᠡᠭᠴᠢ ᠶᠢᠨ ᠠᠵᠢᠯ ᠢ ᠬᠠᠪᠰᠤᠷᠴᠤ᠂ ᠠᠵᠤ ᠠᠬᠤᠢ ᠶᠢᠨ ᠵᠥᠪᠯᠡᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠲᠡᠦᠬᠡ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠲᠣᠪᠴᠢᠶ᠎ᠠ᠂  ᠠᠶᠤᠯᠭᠦᠢ ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠡᠮ ᠤᠨ ᠵᠦᠢᠯ ᠪᠠ ᠦᠶ᠋ᠯᠡᠳᠪᠦᠷᠢ ᠬᠤᠳᠠᠯᠳᠤᠭ᠎ᠠ ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠨᠡᠭᠡᠭᠡᠯᠲᠡ ᠶᠢᠨ  ᠤᠷᠤᠨ ᠤ ᠬᠠᠮᠢᠶᠠᠷᠤᠯᠲᠠ ᠶᠢᠨ ᠵᠥᠪᠯᠡᠯ᠂ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠬᠦᠷᠢᠶᠡᠯᠡᠩ ᠲᠣᠭᠤᠷᠢᠭ᠂ ᠲᠠᠩᠰᠠ ᠡᠪᠬᠡᠮᠡᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠡᠦᠬᠡ ᠶᠢᠨ ᠳᠤᠷᠠᠰᠬᠠᠯᠲᠤ  ᠵᠦᠢᠯᠡᠰ ᠤᠨ ᠠᠵᠢᠯ  ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠡᠯ᠎ᠡ ᠮᠥᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ ᠶᠢ ᠬᠤᠪᠢᠲᠠᠨ ᠬᠠᠮᠢᠶᠠᠷᠤᠨ᠎ᠠ᠃ ᠲᠣᠪᠴᠢ ᠨᠠᠮᠲᠠᠷ ᠸᠠᠩ ᠶᠢᠤ ᠪᠢᠨ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 3 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2004 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1995 ᠣᠨ ᠤ 12 ᠰᠠᠷ᠎ᠠ ᠳᠤ ᠠᠵᠢᠯ ᠳᠤ ᠣᠷᠣᠵᠤ᠂ ᠤᠳᠤ  ᠰᠢᠯᠢ ᠶᠢᠨ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠳᠡᠳ᠋ ᠡᠷᠬᠢᠯᠡᠭᠴᠢ᠂ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ︔ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ︔ ᠰᠢᠯᠢ ᠶᠢᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号