ᠠᠵᠢᠯ ᠤᠨ ᠬᠤᠪᠢᠶᠠᠷᠢᠯᠠᠯ᠄ ᠪᠦᠷᠢᠨᠵᠢᠨ ᠬᠤᠲᠠ ᠶᠢᠨ ᠳᠠᠷᠤᠭ᠎ᠠ ᠶᠢ ᠬᠠᠮᠵᠢᠨ᠂ ᠦᠨᠳᠦᠰᠦᠲᠡᠨ ᠤ ᠬᠡᠷᠡᠭ | ᠡᠷᠭᠢᠯᠡᠬᠦ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ᠂ | ᠠᠳᠤᠭᠤᠨ ᠤ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ᠎ᠡ᠃ | ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠳᠤᠭᠤᠨ ᠤ ᠠᠵᠤ ᠦᠢᠯᠡᠰ ᠤᠨ | ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ᠂ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ | ᠬᠠᠷᠢᠯᠴᠠᠨ᠎ᠠ᠃ ᠪᠦᠷᠢᠨᠵᠢᠨ ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠤᠯᠭᠠᠭᠤᠷᠢ᠂ ᠡᠷᠡᠭᠲᠡᠶ᠂ ᠮᠣᠩᠭᠤᠯ ᠦᠨᠳᠦᠰᠦᠲᠡᠨ᠂ 1976 ᠣᠨ ᠤ 7 ᠰᠠᠷ᠎ᠠ ᠳᠤ ᠳᠦᠷᠦᠵᠡᠶ᠂ | ᠥᠪᠥᠷ ᠮᠣᠩᠭᠤᠯ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠮᠦᠨ᠂ ᠠᠵᠢᠯ ᠤᠨ ᠪᠠᠶᠢᠷᠢ ᠳᠡᠭᠡᠷᠡᠬᠢ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2001 ᠣᠨ ᠤ 4 ᠰᠠᠷ᠎ᠠ ᠳᠤ ᠠᠵᠢᠯ ᠳᠤ ᠭᠠᠷᠴᠤ᠂ 2005 | ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠣᠲᠣ ᠰᠢᠯᠢ ᠶᠢᠨ ᠬᠤᠲᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠲᠠ ᠶᠢᠨ ᠳᠠᠷᠤᠭ᠎ᠠ | ᠶᠢᠨ ᠲᠤᠰᠢᠶᠠᠯ ᠢ ᠬᠠᠷᠢᠭᠤᠴᠠᠵᠤ ᠪᠤᠢ᠃ | 1996 . 09— 2000 . 07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠠᠮᠢᠲᠠᠨ ᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠢ ᠰᠤᠷᠤᠯᠴᠠᠪᠠ | 2000 . 07— 2001 . 04 ᠬᠤᠪᠢᠶᠠᠷᠢᠯᠠᠬᠤ ᠶᠢ ᠬᠦᠯᠢᠶᠡᠪᠡ | 2001 . 04— 2002 . 10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯᠳᠠᠨ | 2002 . 10— 2004 . 03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠯᠪᠠᠨ ᠬᠡᠷ ᠤᠨ ᠳᠡᠳ᠋ ᠡᠷᠬᠢᠯᠡᠭᠴᠢ | 2004 . 03— 2005 . 06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ | 2005 . 06— 2008 . 03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ | 2008 . 03— 2010 . 09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | 2010 . 09— 2013 . 01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ | 2013 . 01— 2021 . 07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠪᠡᠭᠡᠲᠦ | ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ | ︵ᠡᠨᠡ ᠬᠤᠭᠤᠴᠠᠭᠠᠨ ᠳᠤ᠄ 2013.07 —2015.06 ᠱᠠᠨᠳᠦ᠋ᠩ ᠮᠣᠵᠢ ᠶᠢᠨ ᠵᠢᠢ ᠨᠢᠩ ᠬᠤᠲᠠ ᠶᠢᠨ | ᠶᠠᠨᠵᠸᠤ ᠬᠤᠳᠠ ᠶᠢᠨ ᠵᠠᠰᠠᠭ ᠤᠨ ᠣᠷᠳᠣᠨ ᠳᠤ ᠲᠤᠰᠢᠶᠠᠯ ᠡᠭᠦᠷᠭᠡᠯᠡᠨ ᠳᠠᠪᠲᠠᠨ ᠪᠣᠯᠪᠠᠰᠤᠷᠠᠪᠠ︔ 2013 . | 09— 2016. 01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ | ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠠᠩᠬᠢ ᠳᠤ ᠰᠤᠷᠤᠯᠴᠠᠪᠠ︔ | 2015 . 06— 2016 . 06 ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠲᠤᠰᠢᠶᠠᠯ ᠡᠭᠦᠷᠭᠡᠯᠡᠨ ᠳᠠᠪᠲᠠᠨ ᠪᠤᠯᠪᠠᠰᠤᠷᠠᠪᠠ︔ 2021 . | 07— ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠬᠤᠲᠠ ᠶᠢᠨ ᠵᠠᠰᠠᠭ ᠤᠨ ᠣᠷᠳᠣᠨ | ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠲᠠ ᠶᠢᠨ ᠳᠠᠷᠤᠭ᠎ᠠ︶ | |