ᠵᠠᠰᠠᠭ ᠤᠨ ᠤᠷᠳᠤᠨ ᠤ ᠠᠵᠢᠯ ᠤᠨ ᠢᠯᠡᠳᠭᠡᠯ | — 2022 ᠤᠨ ᠤ 1 ᠰᠠᠷ᠎ᠠ ᠶᠢᠨ 7 ᠤ ᠡᠳᠤᠷ ᠰᠢᠯᠢ ᠶᠢᠨ ᠬᠤᠳᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ | | ᠤᠷᠤᠯᠠᠬᠴᠢ ᠬᠤᠳᠠ ᠶᠢᠨ ᠳᠠᠷᠤᠭ᠎ᠠ ᠪᠦᠷᠢᠨᠵᠢᠨ | ᠲᠥᠯᠥᠭᠡᠯᠡᠭᠴᠢᠳ ᠡ᠄ | ᠡᠳᠦᠭᠡ ᠪᠢ ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ | ᠤᠨ ᠮᠡᠳᠡᠬᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠ ᠤᠤ᠂ ᠲᠡᠷᠡᠴᠢᠯᠡᠨ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠲᠤᠰ ᠬᠤᠭᠤᠴᠠᠭᠠᠨ ᠤ ᠵᠠᠰᠠᠭ ᠤᠨ ᠣᠷᠳᠣᠨ ᠲᠤᠰᠢᠶᠠᠯ ᠢᠶᠠᠨ ᠡᠭᠦᠷᠭᠡᠯᠡᠭᠰᠡᠨ ᠠᠴᠠ ᠨᠠᠰᠢ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ | ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠡᠷᠡᠮᠡᠬᠡᠶᠢᠯᠡᠨ ᠤᠷᠤᠭᠰᠢᠯᠠᠵᠤ᠂ ᠬᠤᠷᠸ᠎ᠠ ᠠᠵᠤ ᠠᠬᠤᠢ ᠦᠷᠭᠦᠯᠵᠢᠯᠡᠨ ᠪᠠᠭᠤᠷᠠᠵᠤ ᠪᠠᠶᠢᠬᠤ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠳᠠ ᠵᠡᠷᠭᠡ ᠠᠯᠢ ᠤᠯᠠᠨ ᠬᠦᠴᠢᠷᠳᠡᠯ ᠪᠠ ᠥᠷᠢᠰᠥᠯᠳᠦᠭᠡᠨ ᠢ | ᠢᠯᠠᠨ ᠲᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠠᠭᠤᠤ ᠶᠡᠭᠡ ᠢᠯᠠᠯᠲᠠ ᠶᠢ | ᠲᠡᠮᠡᠴᠡᠨ ᠣᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠢ | ᠪᠡᠶᠡᠯᠡᠬᠦᠯᠵᠦ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠠᠵᠢᠯ ᠡᠭᠦᠷᠭᠡ | ᠶᠢ ᠪᠡᠶᠡᠯᠡᠭᠦᠯᠪᠡ᠃ | ᠡᠨᠡ ᠳᠥᠷᠪᠡᠨ ᠵᠢᠯ ᠳᠤ ᠪᠢᠳᠡ ᠬᠠᠷᠠᠯᠲᠠ ᠶᠢ ᠨᠢᠬᠳᠠ ᠠᠳᠬᠤᠵᠤ᠂ ᠬᠥᠭᠵᠢᠯᠲᠡ ᠪᠠᠨ ᠲᠦᠷᠭᠡᠳᠬᠡᠭᠰᠡᠨ ᠢᠶᠠᠷ᠂ | ᠶᠡᠷᠦᠩᠬᠡᠶᠢᠯᠡᠭᠰᠡᠨ ᠪᠣᠳᠠᠲᠤ ᠬᠦᠴᠦᠨ ᠲᠠᠰᠤᠷᠠᠯᠲᠠ ᠥᠬᠡᠶ ᠴᠢᠩᠭᠠᠷᠠᠪᠠ᠃ ᠠᠮᠢ ᠠᠬᠤᠢ ᠶᠢ ᠲᠡᠷᠢᠬᠦᠨ ᠳᠤ ᠲᠠᠯᠪᠢᠬᠤ | ᠪᠠ ᠪᠤᠬᠢᠷᠲᠠᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ | ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠲᠣᠭᠲᠠᠭᠤᠨ ᠢᠶᠠᠷ | ᠳᠡᠭᠡᠭᠰᠢᠯᠡᠪᠡ᠃ 2021 ᠣᠨ ᠳᠤ᠂ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠱᠢᠯᠳᠡ | ᠪᠠᠷ 262.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤᠮᠳᠠᠴᠢ ᠪᠠᠷ 8% ᠪᠠᠷ ᠨᠡᠮᠡᠭᠳᠡᠵᠦ᠂ ᠶᠡᠷᠦᠩᠬᠡᠶ | ᠬᠡᠮᠵᠢᠶ᠎ᠡ ᠶᠢᠨ ᠪᠥᠬᠦ ᠠᠶᠢᠮᠠᠭ ᠲᠤ ᠡᠵᠡᠯᠡᠬᠦ ᠬᠤᠪᠢ ᠶᠢᠨ ᠵᠢᠩ ᠨᠢ ᠢᠮᠠᠭᠲᠠ 30% ᠣᠷᠴᠢᠮ ᠪᠤᠯᠪᠠ᠃ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2017 ᠣᠨ ᠳᠤ 19.6 ᠳ᠋ᠦᠩᠰᠢᠭᠤᠷ ᠲᠥᠭᠦᠷᠢᠭ ᠪᠠᠶᠢᠭᠰᠠᠨ | ᠠᠴᠠ ᠪᠠᠨ ᠨᠡᠮᠡᠭᠳᠡᠭᠡᠳ 2021 ᠣᠨ ᠳᠤ 25.8 ᠳ᠋ᠦᠩᠰᠢᠭᠤᠷ ᠲᠥᠭᠦᠷᠢᠭ ᠲᠤ ᠬᠥᠷᠴᠤ᠂ ᠵᠢᠯ ᠳᠤᠮᠳᠠᠴᠢ ᠪᠠᠷ | 7.9% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠤᠯᠠᠷᠢᠯᠳᠠ 7.8᠄ 44.8᠄ 47.4 | ᠪᠣᠯᠵᠤ᠂ ᠠᠵᠤ ᠦᠢᠯᠡᠰ ᠤᠨ ᠪᠦᠲᠦᠴᠡ ᠨᠠᠩ ᠰᠢᠯᠢᠳᠡᠭᠵᠢᠪᠡ᠃ ᠠᠶᠢᠮᠠᠭ ᠤᠨ ᠲᠡᠰ ᠤᠨ ᠭᠤᠣᠯᠳᠠᠯᠭ᠎ᠠ ᠲᠠᠢ | ᠲᠥᠷᠥᠯ ᠵᠦᠢᠯ ᠢ ᠨᠡᠶᠢᠳᠡ 107 ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 458. | 7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 47621 ᠲᠥᠭᠦᠷᠢᠭ ᠪᠠ 32046 | ᠲᠥᠭᠦᠷᠢᠭ ᠲᠤ ᠬᠦᠷᠴᠦ᠂ ᠲᠦᠷᠪᠡᠨ ᠵᠢᠯ ᠳᠠᠬᠢ ᠴᠡᠪᠡᠷ ᠨᠡᠮᠡᠭᠳᠡᠯ 5868 ᠲᠥᠭᠦᠷᠢᠭ ᠪᠠ 7977 ᠲᠥᠭᠦᠷᠢᠭ | ᠲᠤ ᠬᠥᠷᠴᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠨᠡᠩ ᠭᠤᠣᠯᠴᠢ ᠪᠠᠷ | ᠬᠦᠷᠲᠡᠭᠡᠪᠡ᠃ | ᠡᠨᠡ ᠳᠥᠷᠪᠡᠨ ᠵᠢᠯ ᠳᠤ᠂ ᠪᠢᠳᠡ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠪᠠᠨ ᠲᠣᠬᠢᠷᠠᠭᠤᠯᠤᠭᠰᠠᠨ ᠢᠶᠠᠷ | ᠂ ᠠᠵᠤ ᠦᠢᠯᠡᠰ ᠤᠨ ᠰᠢᠰᠲ᠋ᠧᠮ ᠨᠠᠩ ᠢᠯᠡᠬᠦᠤ ᠲᠡᠭᠦᠯᠳᠡᠷᠵᠢᠪᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠠ᠃ ᠲᠠᠷᠢᠶᠠᠯᠠᠩ ᠮᠠᠯ ᠠᠵᠤ ᠠᠬᠤᠢ | ᠶᠢᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠦᠬᠡᠷ᠂ ᠮᠤᠷᠢ᠂ ᠬᠤᠨᠢ ᠵᠡᠷᠭᠡ ᠣᠨᠴᠠᠯᠢᠭᠲᠤ ᠭᠤᠣᠯᠯᠠᠬᠤ ᠠᠵᠤ | ᠦᠢᠯᠡᠰ ᠢ ᠲᠣᠪᠤᠶᠢᠯᠭᠠᠨ ᠰᠠᠶᠢᠲᠤᠷ ᠠᠳᠬᠤᠵᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠵᠢᠯ | ᠳᠤᠮᠳᠠᠴᠢ ᠪᠠᠷ 1.4% ᠪᠠᠷ ᠨᠡᠮᠡᠭᠳᠡᠪᠡ᠃ ︽ᠬᠤᠨᠢ ᠶᠢ ᠴᠥᠭᠡᠳᠭᠡᠵᠤ ᠦᠬᠡᠷ ᠢ ᠨᠡᠮᠡᠭᠳᠡᠭᠦᠯᠬᠦ︾ ᠦᠷ᠎ᠡ | ᠪᠦᠲᠦᠮᠵᠢ ᠢᠯᠡᠳᠲᠡ ᠪᠣᠯᠵᠤ᠂ ᠬᠤᠨᠢ ᠶᠢ 7 ᠲᠦᠮᠡ ᠪᠠᠭᠠᠰᠬᠠᠵᠤ᠂ ᠦᠬᠡᠷ ᠢ 5 ᠲᠦᠮᠡ ᠨᠡᠮᠡᠭᠳᠡᠬᠦᠯᠵᠦ᠂ ᠮᠢᠬᠠᠨ | ᠤ ᠬᠤᠨᠢᠨ ᠤ ᠭᠤᠤᠯ ᠰᠦᠷᠦᠭ ᠢ 75 ᠰᠦᠷᠦᠭ᠂ ᠮᠢᠬᠠᠨ ᠤ ᠦᠬᠡᠷ ᠤᠨ ᠭᠤᠤᠯ ᠰᠦᠷᠦᠭ ᠢ 3 ᠰᠦᠷᠦᠭ | ᠰᠢᠨ᠎ᠡ ᠪᠠᠷ ᠨᠡᠮᠡᠭᠳᠡᠬᠦᠯᠪᠡ᠃ ᠰᠦ ᠶᠢᠨ ᠦᠢᠯᠡᠰ ᠢ ᠬᠥᠭᠵᠢᠬᠦᠯᠬᠦ ᠲᠥᠯᠥᠪᠯᠡᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠠᠮᠤᠭ ᠤᠨ ᠲᠤᠮᠤ ᠬᠤᠸᠠᠨ ᠦᠭᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠢ 2 ᠪᠠᠶᠢᠭᠤᠯᠤᠨ ᠪᠦᠳᠤᠭᠡᠵᠤ᠂ ᠤᠷᠤᠨ ᠨᠤᠲᠤᠭ ᠤᠨ ᠤᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ | ᠪᠠᠷᠢᠮᠵᠢᠶᠠᠵᠢᠭᠰᠠᠨ ᠲᠤᠷᠰᠢᠯᠲᠠ ᠶᠢᠨ ᠴᠢᠭ ᠢ 10 ᠬᠡᠷᠡᠭᠵᠢᠭᠦᠯᠵᠦ᠂ ᠢᠯᠢ ᠲᠡᠭᠡᠳᠤ ᠲᠡᠰ ᠤᠨ ᠰᠦ᠂ ᠠᠨ ᠮᠦ ᠰᠢ | ᠵᠡᠷᠭᠡ ᠲᠥᠷᠥᠯ ᠵᠦᠢᠯ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ᠂ ᠵᠢᠯ ᠤᠨ ᠦᠨᠢᠶᠡᠨ ᠰᠦ | ᠪᠣᠯᠪᠠᠰᠤᠷᠠᠭᠤᠯᠬᠤ ᠬᠡᠮᠵᠢᠶ᠎ᠡ 5.4 ᠲᠦᠮᠡᠨ ᠲᠣᠨ ᠳᠤ ᠬᠦᠷᠪᠡ᠃ ᠣᠳᠣ ᠦᠶ᠎ᠡ ᠶᠢᠨ ᠠᠳᠤᠭᠤᠨ ᠤ ᠠᠵᠤ ᠦᠢᠯᠡᠰ | ᠲᠦᠷᠭᠡᠨ ᠬᠥᠭᠵᠢᠵᠦ᠂ ᠲᠣᠮᠣ ᠬᠡᠯᠪᠡᠷᠢ ᠶᠢᠨ ᠠᠳᠤᠭᠤᠨ ᠰᠤᠶᠤᠯ ᠤᠨ ᠪᠦᠲᠦᠭᠡᠭᠳᠡᠬᠦᠨ ᠦᠢᠯᠡᠳᠪᠦᠷᠢᠯᠡᠬᠦ ᠠᠵᠤ | ᠠᠬᠤᠶᠢᠯᠠᠯ ᠢ 1 ᠪᠠᠶᠢᠭᠤᠯᠤᠨ ᠪᠦᠳᠤᠭᠡᠵᠤ᠂ ᠠᠲᠤᠭᠤᠨ ᠤ ᠲᠤᠭ᠎ᠠ 2.4 ᠲᠦᠮᠡ ᠳᠤ ᠬᠦᠷᠴᠦ᠂ ᠠᠳᠤᠭᠤᠨ ᠤ | ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 2.1 ᠳ᠋ᠦᠩᠰᠢᠭᠤᠷ ᠲᠥᠭᠦᠷᠢᠭ ᠢ ᠲᠠᠪᠠᠪᠠ᠃ | ᠬᠤᠨᠢ ᠪᠤᠷᠳᠤᠵᠤ ᠲᠡᠵᠢᠭᠡᠬᠦ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠣᠰ ᠭᠠᠵᠠᠷ ᠤᠨ | ᠬᠤᠨᠢ ᠶᠢ ᠲᠤᠬᠠᠶ ᠶᠢᠨ ᠭᠠᠵᠠᠷ ᠲᠤᠨᠢ ᠪᠤᠯᠪᠠᠰᠤᠷᠠᠭᠤᠯᠬᠤ ᠨᠣᠷᠮ᠎ᠠ 74% ᠳᠤ ᠬᠦᠷᠴᠦ᠂ ᠨᠠᠷᠢᠯᠢᠬ ᠭᠦᠨ | ᠪᠤᠯᠪᠠᠰᠤᠷᠠᠭᠤᠯᠬᠤ ᠨᠣᠷᠮ᠎ᠠ 65% ᠳᠤ ᠬᠥᠷᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 4.45 ᠲᠦᠮᠡᠨ | ᠮᠤ᠋ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠡᠭᠡᠳᠤ ᠱᠠᠲᠤᠨ ᠤ ᠡᠭᠦᠷᠭᠡ ᠠᠴᠠ ᠳᠠᠪᠠᠭᠤᠯᠤᠨ | ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠬᠦᠷᠢᠶᠡᠯᠡᠩ ᠪᠠ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠯᠡᠯ ᠤᠨ | ᠲᠥᠷᠥᠯ ᠵᠦᠢᠯ ᠢ ᠲᠦᠷᠭᠡᠨ ᠬᠡᠷᠡᠭᠵᠢᠬᠦᠯᠵᠦ᠂ ᠪᠥᠬᠦ ᠬᠤᠲᠠ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ | 10 ᠳᠤ ᠬᠦᠷᠴᠦ᠂ ᠲᠤᠯᠤᠭᠠᠢᠢᠯᠠᠭᠴᠢ ᠠᠵᠤ ᠠᠬᠤᠶᠢᠯᠠᠯ 32 ᠳᠤ ᠬᠥᠷᠪᠡ᠃ | ᠠᠵᠤ ᠦᠢᠯᠡᠳᠪᠦᠷᠢ ᠶᠢᠨ ᠬᠥᠭᠵᠢᠯᠲᠡ ᠶᠢᠨ ᠬᠠᠨᠳᠤᠰᠢ ᠬᠦᠴᠦᠷᠬᠡᠭᠵᠢᠨ ᠰᠠᠶᠢᠵᠢᠷᠠᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠵᠢᠯ ᠳᠤᠮᠳᠠᠴᠢ ᠪᠠᠷ 15% ᠠᠴᠠ | ᠳᠡᠭᠡᠭᠰᠢ ᠨᠡᠮᠡᠭᠳᠡᠬᠦ ᠬᠤᠷᠳᠤᠴᠠ ᠪᠠᠨ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ | ᠨᠢ ᠪᠦᠬᠦ ᠠᠶᠢᠮᠠᠭ ᠤᠨ ᠡᠮᠦᠨ᠎ᠡ ᠪᠠᠶᠢᠷᠢᠨ ᠳᠤ ᠵᠢᠬᠰᠠᠭᠠᠭᠳᠠᠪᠠ᠃ ᠤᠯᠤᠰ ᠤᠨ ᠴᠡᠪᠡᠷ ᠡᠨᠧᠷᠭᠢ ᠶᠢ ᠭᠠᠳᠠᠭᠰᠢ | ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠳᠤᠳᠠᠢ ᠠᠬᠢᠵᠤ᠂ ᠣᠨᠴᠠ ᠥᠨᠳᠥᠷ | ᠬᠦᠴᠦᠳᠡᠯᠲᠦ ᠢᠵᠢ ᠪᠦᠷᠢᠳᠦᠭᠰᠡᠨ 4 ᠢᠯᠴᠢ ᠶᠢᠨ ᠴᠠᠬᠢᠯᠭᠠᠨ ᠤ ᠲᠥᠷᠥᠯ ᠵᠦᠢᠯ᠂ 5 ᠰᠠᠯᠬᠢᠨ ᠴᠠᠬᠢᠯᠭᠠᠨ ᠤ | ᠲᠥᠷᠥᠯ ᠵᠦᠢᠯ ᠢ ᠪᠦᠬᠦᠨ ᠢ ᠲᠣᠣᠷ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠬᠦᠴᠦᠨ ᠦᠢᠯᠡᠳᠪᠦᠷᠢᠯᠡᠬᠦ | ᠴᠢᠳᠠᠪᠤᠷᠢ 240 ᠳ᠋ᠦᠩᠰᠢᠭᠤᠷ ᠺᠢᠯᠣᠸᠠᠲ ᠢ ᠲᠠᠪᠠᠵᠤ᠂ ᠪᠦᠬᠦ ᠠᠶᠢᠮᠠᠭ ᠤᠨ ᠲᠡᠷᠢᠭᠦᠨ ᠪᠠᠶᠢᠷᠢ᠂ ᠪᠦᠬᠦ ᠣᠷᠣᠨ ᠤ | ᠲᠡᠷᠢᠭᠦᠨ ᠡᠩᠨᠡᠭᠡᠨ ᠳᠤ ᠣᠷᠣᠪᠠ︔ ᠪᠦᠬᠦ ᠬᠤᠲᠠ ᠶᠢᠨ ᠨᠡᠭᠦᠷᠡᠰᠦᠨ ᠤ ᠭᠠᠷᠤᠯᠲᠠ ᠶᠢ 4000 ᠲᠦᠮᠡᠨ ᠲᠣᠨ | ᠠᠴᠠ ᠳᠡᠭᠡᠭᠰᠢ᠂ ᠲᠦᠭᠦᠬᠡᠢ ᠲᠣᠰᠣᠨ ᠤ ᠭᠠᠷᠤᠯᠲᠠ ᠶᠢ 60 ᠲᠦᠮᠡᠨ ᠲᠣᠨ ᠠᠴᠠ ᠳᠡᠭᠡᠭᠰᠢ ᠭᠡᠮᠵᠢᠶᠠᠨ ᠳᠤ | ᠲᠣᠭᠲᠠᠪᠤᠷᠢᠵᠢᠭᠤᠯᠵᠤ᠂ ᠲᠣᠰ ᠭᠠᠵᠠᠷ ᠣᠷᠣᠨ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠡᠨᠧᠷᠭᠢ ᠶᠢᠨ | ᠬᠡᠷᠡᠭᠴᠡᠭᠡ ᠶᠢ ᠬᠦᠴᠦᠲᠡᠢ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ︽ | ᠰᠠᠭᠤᠷᠢ ᠴᠢᠯᠠᠭᠤ︾ ᠪᠠ ︽ᠲᠣᠭᠲᠠᠪᠤᠷᠢᠵᠢᠭᠤᠯᠤᠭᠴᠢ︾ ᠪᠤᠯᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ | ᠲᠣᠨᠣᠭᠯᠠᠯ ᠦᠢᠯᠡᠳᠬᠦ ᠦᠢᠯᠡᠰ ᠦᠳᠲᠡᠷ ᠲᠦᠷᠭᠡᠨ ᠬᠥᠭᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ 40% ᠶᠢ ᠲᠠᠪᠠᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠪᠠ | ᠃ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ 4 ᠣᠷᠣᠭᠤᠯᠤᠨ | ᠠᠪᠴᠢᠷᠠᠵᠤ᠂ 8 ᠲᠠᠸᠠᠷ ᠤᠨ ᠪᠧᠲ᠋ᠤᠨ ᠤ ᠠᠵᠤ ᠠᠬᠤᠶᠢᠯᠠᠯ᠂ 4 ᠲᠣᠭᠤᠰᠬ᠎ᠠ ᠶᠢᠨ ᠦᠢᠯᠡᠳᠪᠦᠷᠢ ᠳᠤ ᠪᠠᠷᠢᠮᠵᠢᠶ᠎ᠠ | ᠶᠢ ᠲᠡᠭᠡᠭᠰᠢᠯᠡᠬᠦᠯᠬᠦ ᠦᠭᠡᠷᠡᠴᠢᠯᠡᠯᠳᠡ ᠬᠢᠵᠤ᠂ ᠣᠷᠴᠢᠯ ᠠᠵᠤ ᠠᠬᠤᠢ ᠶᠢᠨ ᠬᠥᠭᠵᠢᠯᠲᠡ ᠢᠳᠡᠷᠭᠡᠭ ᠠᠯᠬᠤᠮ ᠢ | ᠠᠯᠬᠤᠪᠠ᠃ ᠨᠡᠭᠡᠭᠡᠯᠲᠡ ᠶᠢᠨ ᠤᠷᠤᠨ ᠢ ᠣᠷᠣᠨ ᠲᠤᠬᠢᠷᠠᠭᠤᠯᠵᠤ ᠰᠢᠯᠵᠢᠭᠦᠯᠬᠦ ᠶᠢ ᠥᠪᠡᠷᠲᠡᠭᠡᠨ ᠵᠠᠰᠠᠬᠤ ᠣᠷᠣᠨ | ᠠᠴᠠ ᠵᠦᠪᠰᠢᠶᠡᠷᠡᠨ ᠴᠤᠬᠤᠯᠠᠪᠤᠷᠢᠯᠠᠵᠤ᠂ ︽ᠨᠢᠭᠡ ᠣᠷᠣᠨ ᠭᠤᠷᠪᠠᠨ ᠬᠦᠷᠢᠶᠡᠯᠡᠩ︾ ᠤᠨ ᠬᠥᠭᠵᠢᠯᠲᠡ ᠶᠢᠨ | ᠪᠠᠶᠢᠷᠢᠰᠢᠯ ᠢ ᠪᠣᠶ ᠪᠣᠯᠭᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠰᠢᠢᠳᠪᠤᠷᠢᠯᠡᠬᠦ | ᠲᠠᠯᠠᠪᠠᠶ᠂ ᠠᠵᠤ ᠦᠢᠯᠡᠳᠪᠦᠷᠢ ᠶᠢᠨ ᠠᠭᠤᠷ ᠤᠨ ᠬᠤᠭᠤᠯᠠᠶ ᠶᠢᠨ ᠲᠤᠤᠷ ᠤᠨ ᠲᠥᠷᠥᠯ ᠵᠦᠢᠯ ᠢ ᠤᠷᠤᠭᠰᠢᠲᠠᠶ | ᠪᠠᠶᠢᠭᠤᠯᠤᠨ ᠪᠦᠳᠤᠭᠡᠪᠡ᠃ | ᠭᠤᠷᠪᠠᠳᠤᠭᠠᠷ ᠠᠵᠤ ᠦᠢᠯᠡᠰ ᠦᠷᠨᠢᠨ ᠬᠥᠭᠵᠢᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠲᠤᠭ᠎ᠠ ᠵᠢᠱᠢᠯᠳᠡ ᠪᠠᠷ 97.6 ᠳ᠋ᠦᠩᠰᠢᠭᠤᠷ ᠲᠥᠭᠦᠷᠢᠭ ᠲᠤ ᠬᠦᠷᠴᠦ᠂ 2017 | ᠤᠨ ᠤ ᠬᠢ ᠠᠴᠠ 44.8% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠪᠦᠬᠦ | ᠠᠶᠢᠮᠠᠭ ᠤᠨ ᠡᠮᠦᠨ᠎ᠡ ᠪᠠᠶᠢᠷᠢᠨ ᠳᠤ ᠤᠷᠤᠪᠠ᠃ ᠰᠦᠯᠵᠢᠶᠡᠨ ᠴᠤᠤᠳᠠᠨ ᠪᠠᠷᠠᠭ᠎ᠠ ᠲᠠᠨᠢᠯᠴᠠᠭᠤᠯᠬᠤ᠂ ᠰᠢᠭᠤᠳ | ᠨᠡᠪᠲᠡᠷᠡᠭᠦᠯᠭᠡ ᠶᠢᠨ ᠠᠵᠤ ᠠᠬᠤᠶ ᠵᠡᠷᠭᠡ ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠰᠢᠨ᠎ᠡ ᠵᠠᠭᠪᠤᠷ ᠲᠦᠷᠭᠡᠨ ᠬᠥᠭᠵᠢᠵᠦ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠲᠤᠭ᠎ᠠ ᠨᠡᠶᠢᠲᠡ 22. | 9 ᠳ᠋ᠦᠩᠰᠢᠭᠤᠷ ᠲᠥᠭᠦᠷᠢᠭ ᠲᠤ ᠬᠥᠷᠪᠡ᠃ ᠲᠦᠷᠭᠡᠨ ᠬᠦᠷᠭᠡᠯᠳᠠ ᠶᠢᠨ ᠠᠵᠤ ᠠᠬᠤᠶᠢᠯᠠᠯ ᠢ 14 ᠡᠷᠦᠬᠡ | ᠪᠤᠶᠢᠵᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠵᠢᠯ ᠳᠤᠮᠳᠠᠴᠢ ᠪᠠᠷ 10.8% ᠪᠠᠷ | ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠬᠦᠯᠬᠡ ᠶᠢ4 | ᠲᠦᠷᠦᠯ ᠨᠠᠶᠢᠷᠠᠭᠤᠯᠵᠤ᠂ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ 11 ᠬᠡᠷᠡᠭᠵᠢᠭᠦᠯᠵᠦ᠂ ᠲᠣᠮᠣ | ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 19 ᠡᠷᠬᠢᠯᠡᠵᠦ᠂ ︽ᠳᠤᠮᠳᠠᠳᠤ ᠤᠯᠤᠰ ᠤᠨ ᠠᠳᠤᠭᠤᠨ | ᠰᠣᠶᠣᠯ ᠤᠨ ᠲᠦᠪ · ᠲᠠᠯ᠎ᠠ ᠨᠤᠲᠤᠭ ᠤᠨ ᠭᠡᠷᠡᠯᠲᠦ ᠰᠤᠪᠤᠳ︾ ᠤᠨ ᠲᠠᠲᠠᠬᠤ ᠬᠦᠴᠦᠨ ᠪᠠ ᠥᠷᠢᠰᠦᠯᠳᠦᠬᠦ | ᠬᠦᠴᠦᠨ ᠡᠳᠦᠷ ᠢᠷᠡᠬᠦᠶ᠎ᠡ ᠨᠡᠮᠡᠭᠳᠡᠵᠦ᠂ ᠵᠤᠭᠠᠴᠠᠭᠰᠠᠳ ᠢ ᠨᠡᠶᠢᠲᠡ 2115 ᠲᠦᠮᠡᠨ ᠬᠥᠮᠦᠨ ᠤᠳᠠᠭ᠎ᠠ ᠬᠦᠯᠢᠶᠡᠨ | ᠠᠪᠴᠤ᠂ ᠵᠢᠭᠤᠯᠴᠢᠯᠠᠯ ᠤᠨ ᠣᠷᠣᠯᠭ᠎ᠠ 420 ᠳ᠋ᠦᠩᠰᠢᠭᠤᠷ ᠲᠥᠭᠦᠷᠢᠭ ᠲᠤ ᠬᠥᠷᠪᠡ᠃ ᠡᠷᠡᠭᠦᠯᠵᠢᠯ ᠠᠰᠠᠷᠠᠮᠵᠢ᠂ | ᠰᠤᠷᠭᠠᠨ ᠬᠥᠮᠦᠵᠢᠯ᠂ ᠬᠡᠷ ᠠᠬᠤᠢ ᠵᠡᠷᠭᠡ ᠰᠢᠨ᠎ᠡ ᠪᠠᠷ ᠬᠥᠭᠵᠢᠭᠰᠡᠨ ᠬᠡᠷᠡᠭᠯᠡᠭᠡ ᠲᠦᠷᠭᠡᠨ ᠬᠥᠭᠵᠢᠵᠦ᠂ ᠲᠢᠶᠠᠨ ᠢ | ᠭᠡᠷ ᠠᠬᠤᠢ ︽ᠬᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠶᠢᠨ ᠲᠥᠯᠥᠪᠯᠡᠭᠡ ᠶᠢᠨ | ᠠᠵᠢᠯᠯᠠᠭ᠎ᠠ︾ ᠳᠤ ᠰᠣᠩᠭᠤᠭᠳᠠᠪᠠ᠃ | ᠡᠨᠡ ᠳᠦᠷᠪᠡᠨ ᠵᠢᠯ ᠳᠤ᠂ ᠪᠢᠳᠠ ᠠᠩᠬᠠᠷᠤᠯ ᠬᠦᠴᠦᠨ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠪᠤᠭᠤᠮᠲᠠ | ᠰᠢᠪᠲᠤᠯᠵᠤ᠂ ᠬᠥᠭᠵᠢᠯᠲᠡ ᠶᠢᠨ ᠳᠤᠲᠠᠭᠤᠳᠠᠯ ᠢᠶᠠᠨ ᠲᠦᠷᠭᠡᠨ ᠨᠦᠬᠦᠪᠦᠷᠢᠯᠡᠪᠡ᠃ ᠶᠠᠳᠠᠭᠤ ᠠᠴᠠ | ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠶᠢᠨ ᠪᠦᠬᠦ ᠲᠠᠯ᠎ᠠ ᠪᠠᠷ ᠢᠯᠠᠯᠲᠠ ᠤᠯᠪᠠ᠃ ᠶᠠᠳᠠᠭᠤ ᠠᠴᠠ | ᠠᠩᠭᠢᠵᠢᠷᠠᠭᠤᠯᠵᠤ ᠪᠤᠭᠤᠮᠲᠠ ᠰᠢᠪᠲᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ | ᠪᠠᠷᠢᠮᠲᠠᠯᠠᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢ 3100 ᠲᠦᠮᠡᠨ ᠲᠥᠭᠦᠷᠢᠭ ᠣᠷᠣᠭᠤᠯᠵᠤ᠂ ᠶᠠᠳᠠᠭᠤ | ᠬᠦᠴᠢᠷᠳᠡᠯ ᠲᠠᠢ 72 ᠡᠷᠦᠬᠡ ᠶᠢ ᠳᠡᠩᠰᠡᠯᠡᠨ ᠺᠠᠷᠲᠯᠠᠵᠤ᠂ 222 ᠬᠥᠮᠦᠨ ᠢ ᠪᠦᠬᠦᠨ ᠢᠶᠠᠷ ᠨᠢ ᠲᠣᠭᠲᠠᠭᠤᠨ ᠢᠶᠠᠷ | ᠶᠠᠳᠠᠭᠤ ᠠᠴᠠ ᠠᠩᠬᠢᠵᠢᠷᠠᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠤᠷᠤᠭᠰᠢᠲᠠᠶ | ᠪᠡᠶᠡᠯᠡᠭᠦᠯᠵᠦ᠂ 2021 ᠣᠨ ᠳᠤ ᠬᠡᠪ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠥᠮᠦᠨ ᠳᠤᠮᠳᠠᠴᠢ ᠶᠢᠨ | ᠴᠡᠪᠡᠷ ᠣᠷᠣᠯᠭ᠎ᠠ 3.17 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠪᠠᠷ | ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠶᠢ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠭᠠᠷᠤᠭ᠎ᠠ ᠪᠣᠯᠭᠠᠵᠤ᠂ | ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠬᠥᠳᠡᠭᠡ ᠲᠣᠰᠬᠤᠨ ᠢ ᠬᠦᠭᠵᠢᠬᠦᠯᠦᠨ ᠮᠠᠨᠲᠤᠭᠤᠯᠬᠤ | ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂1195 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠬᠥᠳᠡᠭᠡ ᠲᠣᠰᠬᠤᠨ ᠢ ᠬᠦᠭᠵᠢᠬᠦᠯᠦᠨ ᠮᠠᠨᠲᠤᠭᠤᠯᠬᠤ ᠲᠥᠷᠥᠯ ᠵᠦᠢᠯ ᠢ 11 ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠠᠯᠬᠤᠮ ᠠᠯᠬᠤᠮ | ᠢᠶᠠᠷ ᠪᠤᠢ ᠪᠤᠯᠭᠠᠪᠠ᠃ | ᠠᠮᠢ ᠠᠬᠤᠢ ᠶᠢᠨ ᠣᠷᠴᠢᠨ ᠨᠦᠬᠦᠴᠡᠯ ᠦᠷᠭᠦᠯᠵᠢᠯᠡᠨ ᠰᠠᠶᠢᠵᠢᠷᠠᠪᠠ᠃ ︽ᠬᠥᠬᠡ ᠠᠭᠤᠯᠠ ᠬᠥᠭᠡᠮᠳᠦᠭ ᠤᠰᠤ ᠪᠤᠯ | ᠲᠠᠷᠤᠢ ᠠᠯᠲᠠ ᠮᠦᠩᠭᠦᠨ ᠠᠭᠤᠯᠠ ᠮᠦᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ 5.27 ᠳ᠋ᠦᠩᠰᠢᠭᠤᠷ | ᠲᠥᠭᠦᠷᠢᠭ᠂ ᠪᠡᠯᠴᠢᠭᠡᠷᠯᠡᠬᠦᠯᠬᠦ ᠶᠢ ᠴᠠᠭᠠᠵᠠᠯᠠᠬᠤ ᠪᠡᠯᠴᠢᠭᠡᠷᠯᠡᠬᠦᠯᠬᠦ ᠶᠢ ᠵᠤᠭᠰᠤᠭᠠᠬᠤ ᠨᠥᠬᠦᠪᠥᠷᠢ ᠶᠢ 4955 | ᠲᠦᠮᠡᠨ ᠲᠥᠭᠦᠷᠢᠭ ᠲᠠᠷᠬᠠᠭᠠᠵᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ | 5 ᠵᠢᠯ ᠤᠨ ᠡᠮᠦᠨᠡᠬᠢ ᠠᠴᠠ 3 ᠵᠠᠭᠤᠨ ᠤ ᠨᠢᠭᠡᠴᠢ ᠳᠡᠭᠡᠭᠰᠢᠯᠡᠪᠡ᠃ ᠲᠠᠴᠢᠷᠳᠠᠭᠰᠠᠨ ᠪᠡᠯᠴᠢᠭᠡᠷ ᠲᠤ ᠬᠥᠮᠦᠨ ᠤ | ᠬᠦᠴᠦ ᠪᠠᠷ ᠡᠪᠡᠰᠦ ᠳᠠᠷᠢᠵᠤ ᠠᠮᠢ ᠠᠬᠤᠶ ᠶᠢ ᠵᠠᠰᠠᠨ ᠰᠡᠷᠭᠦᠭᠡᠬᠦ ᠤᠯᠤᠰ ᠤᠨ ᠲᠤᠷᠰᠢᠯᠲᠠ ᠶᠢᠨ ᠲᠥᠷᠥᠯ ᠵᠦᠢᠯ ᠢ | ᠡᠬᠢᠯᠡᠬᠦᠯᠤᠨ ᠬᠡᠷᠡᠭᠵᠢᠭᠦᠯᠵᠦ᠂ ᠵᠠᠰᠠᠵᠤ ᠰᠡᠷᠬᠦᠭᠡᠭᠰᠡᠨ ᠲᠠᠯᠠᠪᠠᠢ 7.6 ᠲᠦᠮᠡᠨ ᠮᠥ ᠳᠤ ᠬᠥᠷᠴᠤ᠂ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ ᠤ ︽ᠳᠤᠮᠳᠠᠳᠤ ᠤᠯᠤᠰ ᠤᠨ ᠠᠮᠢ ᠠᠬᠤᠶ ᠶᠢ ᠵᠠᠰᠠᠵᠤ ᠰᠡᠷᠭᠦᠭᠡᠭᠰᠡᠨ ᠨᠡᠶᠢᠲᠡᠯᠢᠭ ᠬᠡᠷᠡᠭ | ᠤᠨ ᠵᠢᠱᠢᠶ᠎ᠡ︾ ᠳᠤ ᠠᠮᠵᠢᠯᠲᠠ ᠲᠠᠢ ᠰᠣᠩᠭᠤᠭᠳᠠᠪᠠ᠃ ︽ᠲᠠᠷᠠᠬᠠᠢ ᠪᠤᠲᠠᠷᠬᠠᠢ ᠪᠤᠬᠢᠷᠲᠠᠭᠤᠯᠤᠯ ᠶᠡᠭᠡ ᠲᠠᠢ︾ | ᠠᠵᠤ ᠠᠬᠤᠶᠢᠯᠠᠯ ᠢ 34᠂ ᠠᠵᠤ ᠦᠢᠯᠡᠳᠪᠦᠷᠢ ᠶᠢᠨ ᠵᠤᠤᠬ᠎ᠠ ᠠᠭᠤᠷᠬᠠᠢ ᠶᠢ 6 ᠴᠡᠭᠴᠡᠯᠡᠨ ᠵᠠᠰᠠᠵᠤ᠂ ᠠᠭᠠᠷ ᠤᠨ | ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠪᠠᠶᠢᠬᠤ ᠨᠤᠷᠮ᠎ᠠ ᠶᠢ ᠢᠮᠠᠭᠳᠠ 90% ᠠᠴᠠ ᠳᠡᠭᠡᠭᠰᠢ ᠪᠠᠶᠢᠯᠭᠠᠪᠠ︔ ︽ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠯᠢ ᠶᠢᠨ ᠭᠤᠣᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠰᠢᠯᠭᠠᠬᠤ ᠬᠠᠷᠠᠯᠲᠠ ᠠᠴᠠ ᠳᠠᠭᠡᠬᠦᠷ | ᠪᠠᠶᠢᠯᠭᠠᠪᠠ︔ ᠬᠥᠷᠥᠰᠥ ᠰᠢᠷᠣᠶ ᠶᠢᠨ ᠣᠷᠴᠢᠨ ᠠᠬᠤᠢ ᠶᠢᠨ ᠶᠠᠰᠤ ᠴᠢᠨᠠᠷ ᠨᠡᠶᠢᠳᠡᠮ ᠳᠡᠭᠡᠨ ᠤᠬᠢ ᠰᠠᠶᠢᠨ ᠪᠤᠯᠪᠠ᠃ | 5 ᠵᠠᠳᠠᠭᠠᠶ ᠠᠭᠤᠷᠬᠠᠶ ᠨᠢ ᠵᠠᠰᠠᠯᠲᠠ ᠶᠢᠨ ᠪᠠᠯᠠ ᠮᠥᠩᠭᠦ ᠶᠢ ᠨᠡᠶᠢᠲᠡ 20.2 ᠳ᠋ᠦᠩᠰᠢᠭᠤᠷ ᠲᠥᠭᠦᠷᠢᠭ | ᠣᠷᠣᠭᠤᠯᠵᠤ᠂ ᠵᠠᠰᠠᠭᠰᠠᠨ ᠲᠠᠯᠠᠪᠠᠢ 24.6 ᠲᠡᠭᠰᠢ ᠳᠥᠷᠪᠡᠯᠵᠢᠨ ᠺᠢᠯᠣᠮᠧᠲᠷ ᠲᠤ ᠬᠥᠷᠴᠤ᠂ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠪᠤᠬᠢᠷᠲᠠᠯ ᠦᠭᠡᠢ ᠠᠭᠤᠷᠬᠠᠶ ᠶᠢ 7 ᠪᠠᠶᠢᠭᠤᠯᠵᠤ᠂ ᠲᠥᠪ ᠤᠨ ᠠᠮᠢ ᠠᠬᠤᠶ ᠶᠢᠨ | ᠣᠷᠴᠢᠨ ᠨᠦᠬᠦᠴᠡᠯ ᠤᠨ ᠬᠠᠮᠠᠭᠠᠯᠠᠯᠲᠠ ᠶᠢᠨ ᠵᠢᠷᠭᠤᠳᠤᠭᠠᠷ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠢᠯᠠᠯᠳᠠ | ᠪᠠᠷᠠᠭᠤᠨ ᠭᠤᠷᠪᠠᠳᠤᠭᠠᠷ ᠵᠠᠳᠠᠭᠠᠶ ᠠᠭᠤᠷᠬᠠᠶ ᠳᠤ ᠪᠠᠭᠤᠵᠤ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠡᠭᠴᠡᠯᠡᠨ ᠦᠭᠡᠷᠡᠴᠢᠯᠡᠵᠤ ᠲᠠᠭᠤᠰᠬᠠᠪᠠ᠃ 3 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠲᠡᠤᠭᠡᠨ ᠠᠴᠠ ᠦᠯᠡᠳᠡᠭᠳᠡᠵᠤ ᠢᠷᠡᠭᠰᠡᠨ ᠬᠠᠶᠠᠭᠳᠠᠮᠠᠯ ᠠᠭᠤᠷᠬᠠᠢ ᠶᠢᠨ ᠨᠦᠭᠡ ᠶᠢ 5.3 ᠲᠡᠭᠰᠢ | ᠳᠥᠷᠪᠡᠯᠵᠢᠨ ᠺᠢᠯᠣᠮᠧᠲᠷ ᠵᠠᠰᠠᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 69 ᠠᠭᠤᠷᠬᠠᠶ ᠮᠠᠯᠲᠠᠬᠤ | ᠡᠷᠬᠡ᠂ 16 ᠠᠭᠤᠷᠬᠠᠶ ᠬᠠᠶᠢᠬᠤ ᠡᠷᠬᠡ ᠶᠢ ᠪᠦᠬᠦᠨ ᠢ ᠬᠦᠴᠦᠨ ᠦᠭᠡᠢ ᠪᠤᠯᠭᠠᠭᠰᠠᠨ ᠪᠥᠭᠡᠳ ᠭᠠᠵᠠᠷ ᠵᠦᠢ ᠶᠢᠨ | ᠣᠷᠴᠢᠨ ᠠᠬᠤᠢ ᠶᠢᠨ ᠵᠠᠰᠠᠯᠲᠠ ᠶᠢ ᠪᠡᠶᠡᠯᠡᠭᠦᠯᠵᠦ᠂ 13 ᠮᠠᠯᠴᠢᠨ ᠠᠶᠢᠯ ᠤᠨ ᠵᠢᠭᠤᠯᠴᠢᠯᠠᠯ ᠤᠨ ᠲᠥᠬᠦᠭᠡᠷᠦᠮᠵᠢ ᠶᠢ | ᠬᠠᠤᠯᠢ ᠶᠣᠰᠣᠭᠠᠷ ᠨᠤᠷᠠᠭᠠᠵᠤ ᠬᠠᠶᠠᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ | ᠬᠢᠯᠠᠰ ᠴᠢᠭ ᠲᠣᠪᠤᠶᠢᠮ᠎ᠠ ᠪᠠᠶᠢᠵᠤ᠂ ᠰᠢᠯᠢ ᠶᠢᠨ ᠭᠤᠤᠯ ᠤᠨ ᠨᠤᠭᠤ ᠭᠠᠵᠠᠷ ᠤᠨ ᠴᠡᠴᠡᠷᠯᠢᠭ ᠢ ᠪᠥᠬᠦ ᠠᠶᠢᠮᠠᠭ ᠤᠨ | ᠠᠩᠬᠠᠳᠠᠭᠴᠢ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠪᠣᠯᠭᠠᠨ ᠡᠬᠦᠳᠤᠨ ᠪᠠᠶᠢᠭᠤᠯᠪᠠ᠂ | ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠪᠠ ᠮᠣᠳᠣᠨ ᠮᠠᠯᠵᠢᠯ ᠤᠨ ᠲᠠᠯᠠᠪᠠᠶ ᠨᠢ ᠤᠯᠤᠰ ᠤᠨ ᠲᠠᠯ᠎ᠠ ᠨᠤᠲᠤᠭ ᠤᠨ | ᠴᠡᠴᠡᠷᠯᠢᠭ ᠤᠨ ᠲᠤᠷᠰᠢᠯᠲᠠ ᠶᠢᠨ ᠴᠢᠭ ᠢᠶᠠᠷ ᠰᠣᠩᠭᠤᠭᠳᠠᠵᠤ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ | ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ | ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠡᠪᠡ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠰᠢᠨᠵᠢᠯᠡᠬᠦ ᠤᠬᠠᠭᠠᠨᠴᠢ ᠪᠦᠭᠡᠳ ᠪᠦᠲᠦᠮᠵᠢᠲᠡᠢ ᠪᠣᠯᠪᠠ᠃ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠢ | ᠰᠡᠷᠭᠡᠶᠢᠯᠡᠨ ᠡᠵᠡᠮᠳᠡᠵᠦ ᠬᠤᠷᠢᠭᠯᠠᠨ ᠴᠤᠬᠢᠬᠤ ᠳᠠᠶᠢᠨ ᠢ ᠪᠦᠬᠦ ᠬᠦᠴᠦᠨ ᠢᠶᠠᠷ ᠢᠶᠠᠨ ᠬᠢᠵᠦ᠂ ᠥᠷᠭᠡᠨ ᠤᠯᠠᠨ | ᠡᠮᠴᠢᠯᠡᠭᠡᠨ ᠤ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠤᠷᠤᠭᠰᠢ ᠰᠦᠷᠦᠨ ᠤᠭᠲᠤᠨ | ᠪᠠᠶᠢᠯᠳᠤᠵᠤ᠂ ᠨᠠᠮ ᠤᠨ ᠭᠡᠰᠢᠭᠦᠨ ᠺᠠᠳ᠋ᠷ ᠡᠮᠦᠨ᠎ᠡ ᠹᠷᠣᠨᠲ ᠲᠤ ᠭᠠᠪᠰᠢᠭᠠᠶᠢᠯᠠᠵᠤ᠂ 30 ᠭᠠᠷᠤᠢ ᠲᠦᠮᠡᠨ ᠠᠷᠠᠳ | ᠤᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠴᠤ᠂ ᠬᠢᠵᠢᠭ ᠢ | ᠡᠰᠡᠷᠬᠦᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠤᠯᠪᠠ᠃ | ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ | ᠪᠠᠶᠢᠳᠠᠯ ᠲᠠᠬᠢᠨ ᠡᠭᠦᠰᠬᠦ ᠠᠴᠠ ᠡᠷᠡᠰ ᠵᠠᠶᠢᠯᠠᠰᠬᠢᠪᠡ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ | ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠪᠡ᠃ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢ | ᠨᠡᠶᠢᠲᠡ 106.5 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠲᠦᠷ ᠦᠭᠬᠦ ᠶᠤᠰᠤᠲᠠᠢ ᠵᠣᠭᠤᠰ ᠢ 17.4 | ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠥᠭᠴᠡᠭᠡ ᠪᠠ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠠᠷᠭᠤᠭᠠᠨ ᠦᠭᠡᠢ ᠠᠪᠴᠠᠭ᠎ᠠ ᠶᠢᠨ ᠵᠣᠭᠤᠰ ᠢ ᠪᠦᠬᠦᠨ ᠢ | ᠲᠦᠯᠦᠨ ᠲᠠᠭᠤᠰᠬᠠᠵᠤ᠂ ᠵᠠᠰᠠᠭ ᠤᠨ ᠣᠷᠳᠣᠨ ᠤ ᠥᠭᠴᠡᠭᠡ ᠶᠢᠨ ᠨᠣᠷᠮ᠎ᠠ ᠪᠦᠲᠦᠮᠵᠢᠲᠠᠢ ᠪᠠᠭᠤᠷᠠᠵᠤ᠂ ᠰᠢᠰᠲ᠋ᠧᠮ | ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠢᠵᠠᠭᠠᠷ | ᠱᠤᠭᠤᠮ ᠢ ᠪᠠᠲᠤ ᠰᠠᠬᠢᠪᠠ᠃ | ᠡᠨᠡ ᠳᠥᠷᠪᠡᠨ ᠵᠢᠯ ᠳᠤ᠂ ᠪᠢᠳᠡ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠳᠦᠰᠦ ᠰᠠᠭᠤᠷᠢ ᠪᠠᠨ ᠪᠠᠲᠤᠳᠬᠠᠨ | ᠪᠠᠬᠢᠵᠢᠭᠦᠯᠦᠭᠰᠡᠨ ᠢᠶᠠᠷ᠂ ᠬᠤᠲᠠ ᠬᠥᠳᠡᠭᠡ ᠶᠢᠨ ᠳᠦᠷᠢ ᠲᠥᠷᠬᠦ ᠢᠯᠡᠳᠲᠡ ᠰᠠᠶᠢᠵᠢᠷᠠᠪᠠ᠃ ᠬᠤᠲᠠ ᠶᠢᠨ ᠴᠢᠨᠠᠷ | ᠴᠢᠨᠰᠠᠭ᠎ᠠ ᠶᠡᠭᠡ ᠪᠠᠷ ᠳᠡᠭᠡᠭᠰᠢᠯᠡᠪᠡ᠃ 22.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠠᠭᠤᠷᠢ ᠶᠢ | ᠲᠡᠭᠦᠯᠳᠡᠷᠵᠢᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠠᠷᠢᠯᠢᠬ ᠬᠠᠮᠢᠶᠠᠷᠬᠤ ᠭᠤᠣᠯᠳᠠᠯᠭ᠎ᠠ ᠲᠠᠢ ᠭᠢᠯᠠᠰ ᠴᠢᠭ | ᠤᠨ ᠢᠨᠵᠧᠨᠧᠷᠢᠩ ᠢ ᠨᠢᠭᠡ ᠪᠦᠯᠦᠭ ᠬᠡᠷᠡᠭᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ | ᠴᠡᠴᠡᠷᠯᠢᠭᠵᠢᠭᠰᠡᠨ ᠬᠤᠲᠠ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ | ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠬᠤᠲᠠ᠂ ᠪᠦᠬᠦ ᠤᠯᠤᠰ ᠤᠨ ᠪᠣᠯᠪᠠᠰᠤᠨ ᠬᠤᠲᠠ ᠶᠢᠨ | ᠨᠡᠷ᠎ᠡ ᠳᠤᠷᠠᠳᠤᠭᠳᠠᠭᠰᠠᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠤᠯᠤᠰ ᠤᠨ ᠭᠠᠵᠠᠷ ᠰᠢᠷᠤᠢ ᠶᠢᠨ | ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠲᠦᠷᠭᠡᠨ ᠨᠠᠶᠢᠷᠠᠭᠤᠯᠤᠨ ᠵᠤᠬᠢᠶᠠᠵᠤ᠂ ︽ᠬᠤᠣᠰ ᠦᠨᠡᠯᠡᠯᠲᠡ︾ | ᠶᠢᠨ ᠠᠵᠢᠯ ᠢ ᠪᠦᠬᠦ ᠠᠶᠢᠮᠠᠭ ᠲᠤ ᠡᠩ ᠲᠡᠷᠢᠬᠦᠨ ᠳᠤ ᠪᠡᠶᠡᠯᠡᠭᠦᠯᠪᠠ᠃ ᠵᠠᠮ ᠢ 21.9 ᠺᠢᠯᠣᠮᠧᠲᠷ᠂ ᠵᠢᠵᠢᠭ ᠵᠡᠭᠡᠯᠢ | ᠭᠤᠳᠤᠮᠵᠢ ᠶᠢ 73᠂ ᠭᠠᠵᠠᠷ ᠳᠤᠤᠷᠠᠬᠢ ᠬᠤᠭᠤᠯᠠᠶ ᠶᠢᠨ ᠲᠤᠤᠷ ᠢ 396 ᠺᠢᠯᠣᠮᠧᠲᠷ ᠰᠢᠨ᠎ᠡ ᠪᠠᠷ ᠪᠠᠶᠢᠭᠤᠯᠤᠭᠰᠠᠨ | ᠪᠠ ᠥᠭᠡᠷᠡᠴᠢᠯᠡᠨ ᠪᠠᠶᠢᠭᠤᠯᠵᠤ᠂ ᠶᠠᠪᠠᠭᠠᠨ ᠬᠥᠮᠦᠨ ᠤ ᠵᠠᠮ ᠢ 42.4 ᠲᠦᠮᠡᠨ ᠲᠡᠭᠰᠢ ᠳᠥᠷᠪᠡᠯᠵᠢᠨ ᠮᠧᠲᠷ | ᠳᠡᠪᠢᠰᠴᠦ᠂ ᠢᠯᠴᠢ ᠬᠠᠩᠭᠠᠬᠤ ᠴᠢᠳᠠᠪᠤᠷᠢ ᠶᠢ 2600 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠵᠤ᠂ ᠬᠤᠲᠠ ᠶᠢᠨ ᠵᠠᠮ᠂ ᠤᠰᠤ ᠬᠠᠩᠭᠠᠬᠤ ᠶᠢ ᠲᠦᠭᠡᠮᠡᠯᠵᠢᠭᠦᠯᠬᠦ᠂ ᠲᠥᠪᠯᠡᠷᠡᠭᠦᠯᠦᠨ ᠢᠯᠴᠢ ᠬᠠᠩᠭᠠᠬᠤ᠂ | ᠨᠣᠭᠤᠭᠠᠷᠠᠭᠤᠯᠤᠯᠲᠠ ᠶᠢ ᠪᠦᠷᠬᠦᠬᠦᠯᠬᠦ᠂ ᠬᠤᠭ ᠨᠣᠪᠰᠢ ᠪᠣᠬᠢᠷ ᠤᠰᠤ ᠶᠢ ᠰᠢᠢᠳᠪᠤᠷᠢᠯᠡᠬᠦ ᠵᠡᠷᠭᠡ ᠭᠤᠤᠯᠳᠠᠯᠭ᠎ᠠ ᠲᠠᠢ | ᠬᠥᠢᠴᠡᠳᠬᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠲᠦᠪᠰᠢᠨ ᠳᠤ ᠬᠦᠷᠭᠡᠭᠰᠡᠨ ᠪᠤᠶᠤ ᠲᠡᠭᠦᠨ | ᠠᠴᠠ ᠲᠠᠪᠠᠭᠤᠯᠪᠠ᠃ ᠰᠢᠯᠢᠨ ᠭᠤᠣᠯ ᠤᠨ ᠠᠮᠢ ᠠᠬᠤᠢ ᠶᠢ ᠵᠠᠰᠠᠨ ᠰᠡᠷᠭᠦᠭᠡᠵᠦ ᠴᠢᠨᠠᠷ ᠢ ᠰᠠᠶᠢᠵᠢᠷᠠᠭᠤᠯᠬᠤ | ᠢᠨᠵᠧᠨᠧᠷᠢᠩ ᠢ ᠪᠠᠶᠢᠭᠤᠯᠤᠨ ᠪᠦᠳᠤᠭᠡᠵᠤ᠂ ᠬᠤᠲᠠ ᠶᠢᠨ ᠵᠤᠭᠠᠴᠠᠯ ᠤᠨ ᠴᠡᠴᠡᠷᠯᠢᠭ ᠢ 27 ᠪᠠᠶᠢᠭᠤᠯᠵᠤ᠂ ᠵᠦᠯᠭᠡ | ᠭᠠᠵᠠᠷ ᠢ 62.8 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠬᠠᠭᠤᠴᠢᠨ ᠰᠠᠭᠤᠭᠠᠯᠢ | ᠲᠣᠭᠤᠷᠢᠭ ᠢ 65.2 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠵᠦ᠂ ᠪᠦᠬᠦᠳᠡ ᠶᠢ ᠠᠳᠠᠯ ᠠᠬᠤᠢ ᠶᠢᠨ | ᠬᠠᠮᠢᠶᠠᠷᠤᠯᠲᠠ ᠳᠤ ᠣᠷᠣᠭᠤᠯᠵᠤ᠂ ᠵᠢᠷᠤᠮᠵᠢᠬᠰᠠᠨ ᠠᠳᠠᠯ ᠠᠬᠤᠢ ᠶᠢᠨ ᠬᠠᠮᠤᠷᠬᠤ ᠨᠣᠷᠮ᠎ᠠ ᠶᠢ 80% ᠳᠤ | ᠬᠦᠷᠭᠡᠪᠠ᠃ ᠪᠦᠬᠦ ᠠᠶᠢᠮᠠᠭ ᠲᠤ ᠡᠩ ᠲᠡᠷᠢᠬᠦᠨ ᠳᠤ ᠪᠦᠬᠦ ᠠᠶᠢᠮᠠᠭ ᠤᠨ ᠨᠢᠭᠡᠳᠦᠯᠲᠡᠢ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ | ᠬᠠᠯᠠᠮᠰᠢᠯ ᠴᠢᠭ ᠪᠡᠷᠬᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ︽ᠬᠤᠸᠠᠷ ᠬᠠᠳᠬᠤᠬᠤ︾ ᠮᠠᠲᠤ | ᠪᠠᠷ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠲᠦᠷᠢᠮ ᠠᠴᠠ ᠵᠦᠷᠢᠴᠡᠭᠰᠡᠨ ᠪᠠᠷᠢᠯᠭ᠎ᠠ᠂ | ᠳᠦᠷᠢᠮ ᠠᠴᠠ ᠵᠥᠷᠢᠴᠡᠨ ᠲᠡᠷᠭᠡ ᠵᠣᠭᠰᠣᠭᠠᠬᠤ᠂ ᠵᠠᠮ ᠡᠵᠡᠯᠡᠨ ᠡᠵᠡᠩᠨᠡᠬᠦ ᠵᠡᠷᠭᠡ ᠨᠢᠭᠡ ᠪᠦᠯᠦᠭ ᠬᠤᠲᠠ ᠶᠢᠨ | ᠬᠠᠮᠢᠶᠠᠷᠤᠯᠲᠠ ᠶᠢᠨ ᠬᠡᠮ ᠢ ᠪᠦᠲᠦᠮᠵᠢᠲᠡᠶ ᠴᠡᠭᠴᠡᠯᠡᠨ ᠵᠠᠰᠠᠪᠠ︔ ᠠᠷᠠᠳ ᠲᠤ ᠲᠥᠬᠦᠮ ᠦᠵᠡᠭᠦᠯᠬᠦ ᠵᠠᠬ᠎ᠠ | ᠳᠡᠯᠭᠡᠭᠦᠷ ᠢ 7᠂ ᠲᠠᠷᠢᠠᠯᠠᠩ ᠤᠨ ᠪᠦᠲᠦᠭᠡᠭᠳᠡᠬᠦᠨ ᠤ ᠵᠠᠬ᠎ᠠ ᠲᠡᠯᠭᠡᠭᠦᠷ 2 ᠥᠭᠡᠷᠡᠴᠢᠯᠡᠨ ᠪᠠᠶᠢᠭᠤᠯᠵᠤ᠂ ᠬᠠᠭᠤᠷᠠᠶ | ᠵᠣᠷᠯᠣᠩ ᠢ 36 ᠨᠤᠷᠠᠭᠠᠵᠤ᠂ ᠨᠡᠶᠢᠲᠡ ᠶᠢᠨ ᠵᠤᠷᠯᠤᠩ ᠢ 44 ᠰᠢᠨ᠎ᠡ ᠪᠠᠷ ᠪᠠᠶᠢᠭᠤᠯᠪᠠ᠃ ᠰᠢᠨ᠎ᠡ ᠡᠨᠧᠷᠭᠢ ᠶᠢᠨ | ᠰᠤᠷᠪᠤᠯᠵᠢ ᠬᠡᠷᠡᠭᠯᠡᠬᠦ 80 ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠣᠯᠠᠨ ᠨᠡᠶᠢᠲᠡ ᠶᠢᠨ | ᠶᠠᠪᠤᠵᠤ ᠰᠠᠭᠤᠬᠤ ᠳᠤ ᠨᠠᠩ ᠲᠥᠬᠦᠮ ᠦᠵᠡᠭᠦᠯᠪᠡ᠃ | ᠮᠠᠯᠵᠢᠬᠤ ᠣᠷᠣᠨ ᠤ ᠳᠦᠷᠰᠦ ᠪᠠᠶᠢᠳᠠᠯ ᠶᠡᠭᠡ ᠪᠠᠷ ᠰᠠᠶᠢᠵᠢᠷᠠᠪᠠ᠃ ᠮᠠᠯᠵᠢᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠲᠠ ᠲᠠᠢ ᠳᠠᠭᠤᠰᠬᠠᠵᠤ᠂ | ᠬᠠᠰᠢᠶ᠎ᠠ ᠰᠠᠷᠠᠪᠴᠢ ᠶᠢ 2.1 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠮᠠᠯᠵᠢᠬᠤ ᠤᠷᠤᠨ ᠤ ᠨᠤᠷᠠᠬᠤ | ᠠᠶᠤᠯᠲᠠᠢ ᠭᠡᠷ ᠪᠠᠶᠢᠰᠢᠩ ᠢ 42 ᠡᠷᠦᠬᠡ ᠥᠭᠡᠷᠡᠴᠢᠯᠡᠨ ᠵᠠᠰᠠᠵᠤ᠂ ᠵᠣᠷᠯᠣᠩ ᠢ 1950 ᠡᠷᠦᠬᠡ ᠥᠭᠡᠷᠡᠴᠢᠯᠡᠨ | ᠵᠠᠰᠠᠵᠤ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ ᠶᠢ 46% ᠳᠤ ᠬᠥᠷᠭᠡᠪᠡ︔ ᠮᠠᠯᠵᠢᠬᠤ | ᠣᠷᠣᠨ ᠤ ᠵᠠᠰᠠᠮᠠᠯ ᠵᠠᠮ ᠢ 45.2 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠪᠠ᠃ ᠬᠥᠳᠡᠭᠡ ᠲᠣᠰᠬᠤᠨ ᠤ | ᠴᠠᠬᠢᠯᠭᠠᠨ ᠲᠣᠣᠷ ᠤᠨ ᠱᠤᠭᠤᠮ ᠢ 695 ᠺᠢᠯᠣᠮᠧᠲᠷ ᠥᠭᠡᠷᠡᠴᠢᠯᠡᠵᠦ᠂ ᠮᠠᠯᠵᠢᠬᠤ ᠣᠷᠣᠨ ᠤ ᠴᠠᠬᠢᠯᠭᠠᠨ | ᠬᠦᠴᠦᠳᠡᠯ ᠤᠨ ᠬᠢᠷᠢ ᠲᠡᠩᠴᠡᠭᠰᠡᠨ ᠨᠤᠷᠮ᠎ᠠ 98% ᠠᠴᠠ ᠳᠡᠭᠡᠭᠰᠢ ᠳᠤ ᠬᠦᠷᠪᠡ᠃ ᠮᠠᠯᠵᠢᠬᠤ ᠣᠷᠣᠨ ᠤ | ᠤᠤᠭᠤᠬᠤ ᠤᠰᠤᠨ ᠤ ᠬᠡᠯᠪᠡᠷᠢ ᠶᠢᠨ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠣᠷᠣᠨ ᠨᠤᠲᠤᠭ ᠤᠨ ᠡᠪᠡᠳᠴᠢᠨ ᠢ | ᠰᠡᠷᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 3900 ᠰᠢᠬᠠᠮ ᠮᠠᠯᠴᠢᠨ ᠲᠦᠮᠡᠨ ᠤ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠮᠠᠯᠵᠢᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠠᠯᠵᠢᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠰᠢᠢᠳᠪᠤᠷᠢᠯᠡᠬᠦ ᠲᠤᠷᠰᠢᠯᠲᠠ ᠶᠢᠨ ᠠᠵᠢᠯ ᠢ ᠥᠷᠨᠢᠭᠦᠯᠵᠦ᠂ ᠬᠦᠳᠡᠷᠵᠢᠭᠦᠯᠬᠦ ᠵᠤᠤᠬ᠎ᠠ ᠪᠠᠷ ᠬᠤᠭ | ᠨᠣᠪᠰᠢ ᠰᠢᠢᠳᠪᠤᠷᠢᠯᠡᠬᠦ ᠲᠦᠬᠦᠭᠡᠷᠤᠮᠵᠢ ᠶᠢ ᠰᠢᠨ᠎ᠡ ᠪᠠᠷ 4 ᠪᠠᠶᠢᠭᠤᠯᠪᠠ᠃ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠬᠵᠢᠭᠤᠯᠤᠨ ᠠᠰᠢᠭᠯᠠᠬᠤ ᠶᠢ ᠪᠦᠬᠦ ᠰᠢᠶᠠᠨ ᠤ ᠬᠡᠪᠴᠢᠶᠡᠨ ᠳᠤ ᠠᠬᠢᠭᠤᠯᠬᠤ ᠲᠦᠷᠤᠯ ᠵᠦᠢᠯ ᠢ ᠲᠦᠷᠭᠡᠳᠭᠡᠵᠤ | ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91% ᠳᠤ ᠬᠥᠷᠭᠡᠪᠡ᠃ | ᠰᠠᠭᠤᠷᠢ ᠲᠥᠬᠦᠭᠡᠷᠦᠮᠵᠢ ᠶᠢ ᠲᠦᠷᠭᠡᠯᠡᠨ ᠲᠡᠭᠦᠯᠳᠡᠷᠵᠢᠭᠦᠯᠪᠡ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ | ᠲᠡᠮᠦᠷ ᠵᠠᠮ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ | ᠲᠥᠷᠥᠯ ᠵᠦᠢᠯ ᠢ ᠲᠦᠷᠭᠡᠨ ᠢᠶᠠᠷ ᠠᠬᠢᠭᠤᠯᠵᠤ᠂ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠲᠦᠷᠭᠡᠨ | ᠬᠤᠷᠲᠤᠴᠠᠲᠤ ᠵᠠᠰᠠᠮᠠᠯ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ | ᠬᠤᠲᠠ ᠬᠥᠳᠡᠭᠡ ᠶᠢ ᠬᠠᠮᠤᠷᠤᠭᠰᠠᠨ ᠵᠠᠮ ᠬᠠᠷᠢᠯᠴᠠᠭᠠᠨ ᠤ ᠲᠣᠣᠷ ᠤᠨ ᠰᠢᠰᠲ᠋ᠧᠮ ᠤᠯᠠᠮ ᠨᠢᠭᠡ ᠠᠯᠬᠤᠮ | ᠰᠢᠯᠢᠳᠡᠭᠵᠢᠪᠡ᠃ ᠬᠦᠴᠦᠳᠡᠯ ᠥᠭᠡᠷᠡᠴᠢᠯᠡᠬᠦ ᠥᠷᠲᠡᠭᠡ ᠶᠢ 1᠂ ᠴᠠᠬᠢᠯᠭᠠᠨ ᠬᠦᠴᠦᠨ ᠤ ᠬᠡᠯᠬᠢᠶ᠎ᠠ ᠶᠢ 740 | ᠺᠢᠯᠣᠮᠧᠲᠷ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠡᠭᠡ ᠪᠠᠷ ᠳᠡᠭᠡᠭᠰᠢᠯᠡᠪᠡ᠃ | ᠬᠡᠭᠡᠨ ᠣᠪᠣᠭ᠎ᠠ ᠶᠢᠨ ᠰᠠᠪᠠ ᠭᠠᠵᠠᠷ᠂ ᠨᠢᠰᠬᠡᠯ ᠤᠨ ᠪᠠᠭᠤᠳᠠᠯ ᠤᠨ ᠣᠷᠣᠨ ᠪᠦᠰᠡ ᠵᠡᠷᠭᠡ ᠦᠶᠡᠷ ᠢ ᠰᠡᠷᠭᠡᠶᠢᠯᠡᠬᠦ | ᠢᠨᠵᠧᠨᠧᠷᠢᠩ ᠢ 5 ᠪᠡᠶᠡᠯᠡᠭᠦᠯᠵᠦ᠂ ᠦᠶᠡᠷ ᠢ ᠰᠡᠷᠭᠡᠶᠢᠯᠡᠬᠦ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠪᠡ᠃ | 5G ᠰᠠᠭᠤᠷᠢ ᠥᠷᠲᠡᠭᠡ ᠶᠢ 477 ᠨᠡᠪᠲᠡᠷᠡᠭᠦᠯᠵᠦ᠂ ᠭᠡᠷᠡᠯᠯᠢᠭ ᠲᠡᠭᠡᠰᠤ ᠶᠢ 174 ᠺᠢᠯᠣᠮᠧᠲᠷ ᠲᠡᠪᠢᠰᠴᠤ᠂ | ᠬᠤᠲᠠ ᠶᠢᠨ ᠲᠣᠭᠤᠷᠢᠭ ᠤᠨ ᠭᠤᠣᠯ ᠵᠠᠮ ᠳᠤ 5G ᠰᠦᠯᠵᠢᠶ᠎ᠡ ᠶᠢ ᠨᠡᠶᠢᠳᠡᠮ ᠪᠦᠷᠬᠦᠬᠦᠯᠪᠠ᠃ | ᠡᠨᠡ ᠲᠦᠷᠪᠡᠨ ᠵᠢᠯ ᠳᠤ ᠪᠢᠳᠡ ᠥᠭᠡᠷᠡᠴᠢᠯᠡᠯᠲᠡ ᠶᠢ ᠪᠠᠷᠢᠮᠳᠠᠯᠠᠨ᠂ ᠨᠡᠭᠡᠭᠡᠯᠳᠡ ᠶᠢ ᠥᠷᠭᠡᠳᠬᠡᠭᠰᠡᠨ ᠢᠶᠠᠷ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠲᠦᠷᠭᠡᠨ ᠨᠡᠮᠡᠭᠳᠡᠪᠡ᠃ ᠭᠤᠣᠯᠳᠠᠯᠭ᠎ᠠ ᠲᠠᠢ ᠥᠭᠡᠷᠡᠴᠢᠯᠡᠯᠲᠡ ᠶᠢ ᠡᠮᠬᠢ | ᠵᠢᠷᠤᠮ ᠲᠠᠢ ᠠᠬᠢᠭᠤᠯᠪᠠ᠃ ᠳᠥᠷᠪᠡᠨ ᠵᠢᠯ ᠤᠨ ᠲᠤᠷᠰᠢ᠂ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ | ᠶᠢ ᠨᠡᠶᠢᠲᠡ 1169 ᠵᠦᠢᠯ ᠬᠡᠷᠡᠭᠵᠢᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠢᠢᠳᠪᠤᠷᠢᠯᠡᠬᠦ ᠭᠤᠭᠴᠤᠭ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ | ᠠᠮᠠᠯᠠᠯᠲᠠ ᠶᠢᠨ ᠴᠠᠭ ᠤᠨ ᠬᠢᠵᠠᠭᠠᠷ ᠢ ᠲᠣᠰ ᠲᠣᠰ 26.9%᠂ 14.7% ᠪᠠ 66.3% ᠪᠠᠷ ᠴᠤᠮᠬᠠᠳᠬᠠᠨ | ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠬᠥᠢᠴᠡᠳᠬᠡᠵᠦ | ᠪᠣᠯᠬᠤ ᠨᠣᠷᠮ᠎ᠠ 99% ᠳᠤ ᠬᠦᠷᠴᠦ᠂ ︽ᠰᠠᠶᠢᠨ ᠮᠠᠭᠤ ᠦᠨᠡᠯᠡᠯᠲᠡ︾ ᠶᠢᠨ ᠰᠢᠰᠲ᠋ᠧᠮ ᠨᠢ ᠪᠦᠬᠦᠨ ᠢ ᠬᠠᠮᠤᠷᠴᠤ | ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ 100% ᠳᠤ ᠣᠶᠢᠷᠠᠳᠪᠠ᠃ ᠨᠠᠮ ᠵᠠᠰᠠᠭ ᠤᠨ ᠪᠠᠶᠢᠭᠤᠯᠤᠮᠵᠢ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠰᠤᠮᠤ ᠪᠠᠯᠭᠠᠰᠤ ᠵᠡᠭᠡᠯᠢ ᠭᠤᠳᠤᠮᠵᠢ᠂ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠵᠦ᠂ 95 ᠲᠥᠷᠥᠯ ᠤᠨ ᠵᠠᠰᠠᠭ | ᠵᠠᠬᠢᠷᠭᠠᠨ ᠤ ᠡᠷᠬᠡ ᠶᠢ ᠰᠤᠮᠤ ᠪᠠᠯᠭᠠᠰᠤ ᠵᠡᠭᠡᠯᠢ ᠭᠤᠳᠤᠮᠵᠢ ᠳᠤ ᠪᠠᠭᠤᠯᠭᠠᠵᠤ᠂ ᠡᠷᠬᠡ ᠣᠯᠭᠤᠭᠰᠠᠨ ᠨᠣᠷᠮ᠎ᠠ ᠶᠢ | 96% ᠳᠤ ᠬᠥᠷᠭᠡᠪᠡ᠃ ᠠᠵᠤ ᠠᠬᠤᠶᠢᠯᠠᠯ ᠡᠷᠬᠢᠯᠡᠬᠦ ᠭᠠᠷ ᠭᠦᠢᠴᠡᠳᠭᠡᠯ ᠤᠨ ᠰᠦᠢᠳᠬᠡᠯ ᠢ ᠪᠦᠬᠦᠨ ᠢ | ᠦᠭᠡᠶᠢᠰᠭᠡᠬᠦ ᠪᠠ ᠲᠤᠬᠠᠢ ᠶᠢᠨ ᠡᠳᠦᠷ ᠲᠡᠭᠡᠨ ᠬᠦᠢᠴᠡᠳᠭᠡᠵᠦ ᠲᠠᠭᠤᠰᠬᠠᠬᠤ ᠶᠢ ᠪᠡᠶᠡᠯᠡᠬᠦᠯᠵᠦ᠂ ᠵᠠᠬ᠎ᠠ ᠳᠡᠯᠭᠡᠭᠦᠷ | ᠤᠨ ᠭᠤᠤᠯ ᠴᠣᠭᠴᠠ ᠰᠢᠨ᠎ᠡ ᠪᠠᠷ 2.1 ᠲᠦᠮᠡ ᠭᠠᠷᠤᠢ ᠡᠷᠦᠬᠡ ᠨᠡᠮᠡᠭᠳᠡᠵᠦ᠂ ᠲᠠᠩᠰᠠᠯᠠᠭᠤᠯᠤᠭᠰᠠᠨ ᠪᠡᠯᠡ ᠮᠦᠩᠬᠦ | ᠨᠢ 224.4 ᠳ᠋ᠦᠩᠰᠢᠭᠤᠷ ᠲᠦᠭᠦᠷᠢᠭ ᠲᠤ ᠬᠦᠷᠪᠡ᠃ ᠭᠤᠣᠯᠳᠠᠯᠭ᠎ᠠ ᠲᠠᠢ ᠠᠵᠤ ᠠᠬᠤᠶᠢᠯᠠᠯ ᠢ ᠪᠤᠶᠢᠵᠢᠭᠤᠯᠬᠤ ᠶᠢ | ᠴᠢᠩᠭᠠᠳᠬᠠᠵᠤ᠂ 3 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ︽ᠵᠠᠭᠤᠨ ᠬᠦᠴᠦᠷᠬᠡᠭ︾ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠠᠮᠵᠢᠯᠲᠠ ᠲᠠᠢ ᠣᠷᠣᠪᠠ᠃ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠪᠡ᠃ | ᠭᠠᠴᠠᠭᠠᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ | ᠣᠯᠵᠤ᠂ 22 ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠶᠢᠨ ᠣᠷᠣᠯᠭ᠎ᠠ ᠨᠢ ᠴᠦᠮ | 10 ᠲᠦᠮᠡᠨ ᠲᠥᠭᠦᠷᠢᠭ ᠢ ᠳᠠᠪᠠᠪᠠ᠃ | ᠨᠡᠭᠡᠭᠡᠯᠲᠡ ᠲᠠᠢ ᠬᠥᠭᠵᠢᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ︽ᠨᠢᠭᠡ ᠪᠦᠰᠡ ᠨᠢᠭᠡ ᠵᠠᠮ︾ ᠤᠨ | ᠪᠠᠶᠢᠯᠳᠤᠬᠤ ᠪᠣᠳᠣᠯᠭ᠎ᠠ ᠪᠠ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠨ ᠤᠷᠤᠵᠤ᠂ ᠵᠡᠭᠦᠨ ᠦᠵᠦᠮᠦᠴᠢᠨ ᠬᠤᠰᠢᠭᠤᠨ ᠤ | ᠪᠣᠭᠤᠮᠲᠠ ᠶᠢᠨ ᠣᠷᠣᠵᠤ ᠰᠠᠭᠤᠬᠤ ᠠᠵᠢᠯ ᠢ ᠬᠠᠮᠵᠢᠨ ᠪᠡᠶᠡᠯᠡᠭᠦᠯᠵᠦ᠂ ᠭᠠᠳᠠᠭᠠᠳᠤ ᠠᠷᠠᠯᠵᠢᠶᠠᠨ ᠤ ᠤᠷᠤᠭᠤᠯᠵᠤ | ᠭᠠᠷᠭᠠᠭᠰᠠᠨ ᠶᠡᠷᠦᠩᠬᠡᠢ ᠲᠤᠭ᠎ᠠ 634 ᠲᠦᠮᠡᠨ ᠳ᠋ᠣᠯᠯᠠᠷ ᠲᠤ ᠬᠦᠷᠴᠦ᠂ ᠰᠢᠭᠤᠳ ᠠᠰᠢᠬᠯᠠᠭᠰᠠᠨ ᠭᠠᠳᠠᠭᠠᠳᠤ ᠪᠡᠯᠡ | ᠠᠷᠠᠳ ᠤᠨ ᠵᠤᠭᠤᠰ ᠢᠶᠠᠷ 1.42 ᠳ᠋ᠦᠩᠰᠢᠭᠤᠷ ᠲᠥᠭᠦᠷᠢᠭ ᠲᠤ ᠬᠥᠷᠪᠡ᠃ ᠭᠡᠷ᠎ᠡ ᠲᠣᠭᠲᠠᠬᠰᠠᠨ ᠲᠥᠷᠥᠯ ᠵᠦᠢᠯ | 16 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ 78.1 ᠳ᠋ᠦᠩᠰᠢᠭᠤᠷ ᠲᠥᠭᠦᠷᠢᠭ ᠲᠤ ᠬᠦᠷᠴᠦ᠂ | ᠬᠤᠳᠠᠯᠳᠤᠭᠠᠴᠢᠨ ᠤᠷᠢᠵᠤ ᠪᠠᠯᠠ ᠲᠠᠲᠠᠬᠤ ᠨᠠᠶᠢᠲᠠᠪᠤᠷᠢᠵᠢᠭᠤᠯᠤᠭᠰᠠᠨ ᠪᠠᠯᠠ ᠮᠥᠩᠭᠦ 242.5 ᠳ᠋ᠦᠩᠰᠢᠭᠤᠷ | ᠲᠥᠭᠦᠷᠢᠭ ᠲᠤ ᠬᠥᠷᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠢᠯᠬᠠᠮ᠎ᠠ ᠪᠠᠶᠢᠨ᠎ᠠ᠃ ᠠᠶᠢᠮᠠᠭ | ᠤᠨ ᠳᠡᠰ ᠠᠴᠠ ᠳᠡᠭᠡᠭᠰᠢᠬᠢ ᠲᠥᠷᠥᠯ ᠵᠦᠢᠯ ᠢ 37 ᠬᠡᠷᠡᠭᠵᠢᠭᠦᠯᠵᠦ᠂ ᠲᠥᠷᠥᠯ ᠵᠦᠢᠯ ᠤᠨ ᠪᠡᠯᠡ ᠮᠥᠩᠭᠦ 2545 | ᠲᠦᠮᠡᠨ ᠲᠥᠭᠦᠷᠢᠭ ᠲᠤ ᠬᠦᠷᠪᠡ᠃ ᠮᠣᠳᠣᠨ ᠮᠠᠯᠵᠢᠯ ᠤᠨ ᠲᠠᠯᠠᠪᠠᠢ ᠪᠠᠷ ᠭᠤᠣᠯ ᠪᠣᠯᠭᠠᠭᠰᠠᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠨᠢ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠦ᠂ ᠼᠤᠤ ᠳ᠋ᠦ᠋ ᠡᠪᠡᠰᠦᠨ ᠤ ᠦᠢᠯᠡᠰ ᠤᠨ | ᠪᠥᠭᠡᠮ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠬᠢᠭᠡᠳ ᠠᠵᠤ ᠦᠢᠯᠡᠰᠵᠢᠯᠲᠡ ᠶᠢᠨ ᠲᠥᠷᠥᠯ | ᠵᠦᠢᠯ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠱᠠᠩᠨᠠᠯ ᠢ ᠣᠯᠵᠤ᠂ 4 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ 5 ᠥᠪᠡᠷᠲᠡᠭᠡᠨ ᠵᠠᠰᠠᠬᠤ | ᠣᠷᠣᠨ ᠤ ᠲᠡᠰ ᠤᠨ ᠰᠤᠳᠤᠯᠤᠨ ᠨᠡᠭᠡᠭᠡᠬᠦ ᠲᠥᠪ᠂ 1 ᠬᠥᠳᠡᠭᠡ ᠲᠣᠰᠬᠤᠨ ᠳᠠᠬᠢ ᠣᠯᠠᠨ ᠢᠶᠠᠷ ᠢᠶᠠᠨ ᠡᠭᠦᠳᠦᠨ | ᠴᠣᠭᠴᠠᠯᠠᠬᠤ ᠣᠷᠣᠨ ᠵᠠᠢ᠂ 1 ᠪᠡᠭᠡᠵᠢᠩ ᠥᠪᠥᠷ ᠮᠣᠩᠭᠤᠯ ᠤᠨ ᠬᠤᠷᠰᠢᠭᠰᠠᠨ ᠰᠢᠯᠢ ᠶᠢᠨ ᠭᠤᠣᠯ ᠠᠶᠢᠮᠠᠭ ᠤᠨ | ᠮᠡᠷᠭᠡᠵᠢᠯ ᠰᠢᠯᠵᠢᠭᠦᠯᠬᠦ ᠠᠵᠢᠯ ᠤᠨ ᠥᠷᠲᠡᠭᠡ ᠪᠠ 3 ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠲᠤ ᠠᠮᠵᠢᠯᠲᠠ ᠲᠠᠢ ᠣᠷᠣᠵᠤ ᠰᠠᠭᠤᠭᠠᠳ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ | ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠪᠠ᠃ | ᠡᠨᠡ ᠳᠥᠷᠪᠡᠨ ᠵᠢᠯ ᠳᠤ᠂ ᠪᠢᠳᠡ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠭᠰᠠᠨ ᠢᠶᠠᠷ᠂ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ ᠳᠡᠭᠡᠭᠰᠢᠯᠡᠪᠡ᠃ ᠨᠡᠶᠢᠭᠡᠮ ᠤᠨ | ᠦᠢᠯᠡᠰ ᠯᠠᠪᠳᠠᠭᠤᠨ ᠢᠶᠠᠷ ᠬᠥᠭᠵᠢᠪᠡ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 70% ᠠᠴᠠ | ᠳᠡᠭᠡᠭᠰᠢᠬᠢ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1. | 5 ᠳ᠋ᠦᠩᠰᠢᠭᠤᠷ ᠲᠥᠭᠦᠷᠢᠭ ᠤᠨ 18 ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠪᠢᠯᠧᠲ ᠦᠭᠴᠤ ᠪᠠᠳᠤᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ | ᠪᠡᠶᠡᠯᠡᠭᠦᠯᠪᠡ᠃ ᠰᠤᠷᠭᠠᠭᠤᠯᠢ᠂ ᠬᠡᠦᠬᠡᠳ ᠤᠨ ᠴᠡᠴᠡᠷᠯᠢᠭ ᠢ 15 ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ | ᠥᠷᠭᠡᠳᠬᠡᠨ ᠪᠠᠶᠢᠭᠤᠯᠵᠤ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠶᠢ | ᠬᠤᠯᠪᠣᠭᠠᠯᠠᠨ ᠨᠡᠭᠦᠯᠭᠡᠬᠦ ᠶᠢ ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ | ᠶᠢ 1005 ᠨᠥᠬᠦᠪᠥᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ | ᠤᠨ ᠨᠣᠷᠮ᠎ᠠ ᠶᠢ 91.7% ᠳᠤ ᠬᠥᠷᠭᠡᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 81.9% ᠳᠤ ᠬᠦᠷᠴᠦ᠂ ᠴᠢᠩᠬᠤᠸᠠ ᠶᠡᠭᠡ | ᠰᠤᠷᠭᠠᠭᠤᠯᠢ ᠠᠴᠠ ᠵᠢᠷᠭᠤᠳᠤᠭᠠᠷ ᠳᠤᠮᠳᠠᠳᠤ ᠰᠤᠷᠭᠠᠭᠤᠯᠢ ᠳᠤ ︽ᠰᠢᠯᠢᠳᠡᠭ ᠰᠣᠷᠣᠭᠴᠢ ᠶᠢᠨ ᠢᠷᠡᠯᠲᠡ ᠶᠢᠨ | ᠰᠠᠭᠤᠷᠢᠨ ᠭᠠᠵᠠᠷ︾ ᠤᠨ ᠴᠣᠯᠠ ᠤᠯᠭᠤᠪᠠ᠃ ︽ᠬᠤᠶᠠᠷ ᠢ ᠬᠥᠡᠭᠭᠡᠷᠡᠬᠦᠯᠬᠦ︾ ᠠᠵᠢᠯ ᠢ ᠡᠮᠬᠢ ᠵᠢᠷᠤᠮ ᠲᠠᠢ | ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠪᠠ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ | ᠠᠬᠢᠭᠤᠯᠪᠠ᠃ ᠰᠢᠨ᠎ᠡ ᠪᠠᠷ ᠪᠠᠶᠢᠭᠤᠯᠤᠭᠰᠠᠨ ᠬᠤᠲᠠ ᠶᠢᠨ ᠡᠭᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠪᠠᠶᠠᠨᠪᠤᠯᠠᠭ ᠰᠤᠮᠤ ᠶᠢᠨ ᠬᠤᠯᠤᠭᠠᠨ᠎ᠠ ᠶᠢᠨ ᠬᠢᠵᠢᠭ ᠢ | ᠬᠢᠨᠠᠨ ᠬᠡᠮᠵᠢᠬᠦ ᠴᠢᠭ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠦᠬᠦ ᠠᠶᠢᠮᠠᠭ ᠤᠨ ᠠᠩᠬᠠᠳᠠᠭᠴᠢ | ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠪᠦᠳᠤᠭᠡᠪᠡ᠃ ᠤᠯᠤᠰ ᠤᠨ ᠤᠳᠠᠭᠠᠨ ᠴᠢᠨᠠᠷᠳᠠᠢ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠭᠤᠷᠪᠠᠳᠤᠭᠠᠷ ᠡᠭᠡᠯᠵᠢ ᠶᠢᠨ | ᠪᠦᠬᠦ ᠤᠯᠤᠰ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠳᠠᠬᠢᠨ ᠬᠢᠨᠠᠬᠤ | ᠠᠵᠢᠯ ᠢ ᠤᠷᠤᠭᠰᠢᠲᠠᠢ ᠪᠡᠶᠡᠯᠡᠭᠦᠯᠵᠦ᠂ ᠮᠠᠨ ᠤ ᠬᠤᠲᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ︽ | ᠪᠷᠦ᠋ᠽᠧᠯ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ︾ ᠢᠶᠠᠷ ᠨᠡᠷᠡᠶᠢᠳᠪᠡ᠃ | ᠪᠦᠬᠦ ᠣᠷᠣᠨ ᠤ ᠠᠩᠬᠠᠳᠠᠭᠴᠢ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠲᠡᠰ ᠤᠨ ᠳᠠᠭᠤᠤ ᠬᠥᠭᠵᠢᠮ ᠤᠨ | ᠦᠳᠡᠰᠢᠯᠡᠭᠡ ᠶᠢ ᠡᠷᠬᠢᠯᠡᠵᠦ᠂ ᠬᠤᠲᠠ ᠶᠢᠨ ᠤᠯᠠᠭᠠᠨᠮᠥ᠋ᠴᠢᠷ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ | ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠪᠡ᠃ ᠪᠠᠶᠢᠰᠡ ᠶᠢᠨ ᠰᠦᠮ᠎ᠡ ᠶᠢ ᠰᠡᠯᠪᠢᠨ ᠵᠠᠰᠠᠬᠤ | ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠳᠠᠭᠤᠰᠬᠠᠵᠤ᠂ ᠭᠤᠷᠪᠠᠳᠡᠬᠢ ᠡᠲᠡᠭᠡᠳ ᠤᠨ ᠪᠠᠶᠢᠭᠤᠯᠤᠮᠵᠢ ᠶᠢ | ᠣᠷᠣᠭᠤᠯᠤᠨ ᠠᠪᠴᠢᠷᠠᠵᠤ ᠪᠠᠶᠢᠰᠡ ᠶᠢᠨ ᠰᠦᠮ᠎ᠡ ᠶᠢᠨ ᠡᠷᠲᠡᠨ ᠤ ᠪᠠᠷᠢᠯᠭ᠎ᠠ ᠨᠤᠭᠤᠳ ᠶᠢ ᠪᠦᠬᠦ ᠲᠠᠯ᠎ᠠ ᠪᠠᠷ | ᠬᠠᠮᠠᠭᠠᠯᠠᠪᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠬᠤᠯᠠᠴᠢᠯᠠᠨ ᠰᠠᠶᠢᠲᠤᠷ | ᠠᠳᠬᠤᠵᠤ᠂ ᠰᠢᠶᠠᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ 25᠂ | ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠶᠢ 42 ᠬᠦᠮᠦᠨ ᠰᠢᠨ᠎ᠡ ᠪᠠᠷ ᠨᠡᠮᠡᠭᠳᠡᠭᠦᠯᠪᠡ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠣᠷᠣᠨ ᠤ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ | ᠃ | ᠨᠡᠶᠢᠭᠡᠮ ᠤᠨ ᠪᠠᠲᠤᠯᠠᠭ᠎ᠠ ᠶᠢ ᠥᠷᠭᠡᠨ ᠢᠶᠠᠷ ᠪᠦᠷᠬᠦᠭᠦᠯᠪᠡ᠃ ᠬᠤᠲᠠ ᠪᠠᠯᠭᠠᠰᠤᠨ ᠳᠤ ᠠᠵᠢᠯ ᠣᠯᠤᠭᠰᠠᠨ ᠬᠥᠮᠤᠨ | ᠨᠡᠶᠢᠲᠡ 1.55 ᠲᠦᠮᠡ ᠰᠢᠨ᠎ᠡ ᠪᠠᠷ ᠨᠡᠮᠡᠭᠳᠡᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ | ᠶᠢᠨ ᠨᠣᠷᠮ᠎ᠠ ᠶᠢ 3.3% ᠶᠢᠨ ᠲᠤᠳᠤᠷᠡᠬᠢ ᠨᠡᠯᠢᠶᠡᠳ ᠲᠤᠤᠷ᠎ᠠ ᠲᠦᠪᠰᠢᠨ ᠳᠤ ᠬᠢᠵᠠᠭᠠᠷᠯᠠᠪᠠ᠃ ᠬᠤᠲᠠ ᠬᠥᠳᠡᠭᠡ | ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ | ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠤᠰ ᠤᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠬᠥᠮᠦᠨ ᠳᠤᠮᠳᠠᠴᠢ ᠪᠠᠷ ᠰᠠᠷ᠎ᠠ ᠪᠦᠷᠢ 118 ᠲᠥᠭᠦᠷᠢᠭ ᠨᠡᠮᠡᠭᠳᠡᠭᠦᠯᠪᠡ᠃ ᠪᠠᠶᠢᠭᠤᠯᠭ᠎ᠠ ᠠᠵᠢᠯ ᠦᠢᠯᠡᠰ | ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠵᠠᠰᠠᠭ ᠤᠨ ᠣᠷᠳᠣᠨ 7.21 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠴᠤᠭᠯᠠᠭᠤᠯᠵᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠠᠰᠠᠭᠤᠳᠠᠯ ᠢ | ᠰᠢᠢᠳᠪᠦᠷᠢᠯᠡᠪᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠨ ᠠᠵᠢᠯᠯᠠᠭᠤᠯᠵᠤ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠢᠳᠡᠭ ᠢᠳᠡᠭ ᠢᠶᠠᠷ ᠬᠥᠩᠭᠡᠷᠡᠭᠦᠯᠪᠡ᠃ ︽ᠬᠤᠶᠠᠷ | ᠮᠥᠩᠭᠦ ᠭᠤᠷᠪᠠᠨ ᠳᠦᠷᠢᠮ︾ ᠤᠨ ᠳᠦᠷᠢᠮ ᠢ ᠨᠠᠷᠢᠯᠢᠬ ᠣᠨᠣᠴᠠᠲᠠᠢ ᠬᠡᠷᠡᠭᠵᠢᠭᠦᠯᠪᠡ᠃ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 10.3% ᠪᠠᠷ ᠳᠡᠭᠡᠭᠰᠢᠯᠡᠭᠦᠯᠵᠦ᠂ | ᠬᠦᠴᠢᠷᠳᠡᠯ ᠲᠠᠢ ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢ 1.2 ᠳ᠋ᠦᠩᠰᠢᠭᠤᠷ ᠲᠥᠭᠦᠷᠢᠭ | ᠲᠠᠷᠬᠠᠭᠠᠵᠤ᠂ ᠠᠷᠠᠳ ᠤᠨ ᠶᠠᠪᠤᠳᠠᠯ ᠤᠨ ᠶᠠᠮᠤᠨ ᠤ ᠬᠦᠴᠢᠷᠳᠡᠯ ᠲᠠᠢ ᠣᠯᠠᠨ ᠲᠦᠮᠡᠨ ᠢ ᠠᠪᠤᠷᠠᠨ ᠲᠤᠰᠠᠯᠠᠭᠰᠠᠨ | ᠬᠠᠨᠤᠮᠵᠢ ᠶᠢᠨ ᠬᠡᠮᠵᠢᠶ᠎ᠡ ᠶᠢᠨ ᠡᠷᠦᠬᠡ ᠳᠤ ᠣᠷᠣᠵᠤ ᠪᠠᠶᠢᠴᠠᠭᠠᠯᠳᠠ ᠬᠢᠵᠤ ᠰᠢᠯᠭᠠᠨ ᠦᠨᠡᠯᠡᠭᠰᠡᠨ ᠬᠢᠷᠢ ᠪᠦᠳᠤᠮᠵᠢ | ᠨᠢ ᠪᠥᠬᠦ ᠤᠯᠤᠰ ᠤᠨ ᠡᠮᠤᠨ᠎ᠠ ᠭᠤᠷᠪᠠ ᠳᠤ ᠤᠷᠤᠪᠠ᠃ ᠭᠡᠷ ᠲᠡᠭᠡᠨ ᠠᠰᠠᠷᠠᠬᠤ ᠪᠠ ᠨᠡᠶᠢᠭᠡᠮ ᠲᠣᠭᠤᠷᠢᠭ ᠲᠤ | ᠠᠰᠠᠷᠠᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ | ᠡᠬᠢᠯᠡᠭᠦᠯᠵᠦ᠂ 820 ᠲᠦᠮᠡᠨ ᠲᠥᠭᠦᠷᠢᠭ ᠤᠨ ᠪᠠᠯᠠ ᠣᠷᠣᠭᠤᠯᠵᠤ᠂ ︽ᠨᠢᠭᠡ ᠲᠠᠪᠴᠠᠩ᠂ ᠳᠥᠷᠪᠡᠨ ᠲᠥᠪ᠂ | ᠳᠥᠷᠪᠡᠨ ᠥᠷᠲᠡᠭᠡ︾ ᠶᠢ ᠪᠠᠶᠢᠭᠤᠯᠪᠠ᠃ ᠰᠢᠯᠢᠨ ᠢ ᠡᠾᠧ ᠶᠤᠸᠠᠨ ᠣᠯᠠᠨ ᠤᠯᠤᠰ ᠤᠨ ᠨᠠᠰᠤᠵᠢᠯ ᠤᠨ ᠠᠰᠠᠷᠠᠮᠵᠢ | ᠶᠢᠨ ᠲᠥᠪ ᠢ ᠬᠡᠷᠡᠭᠯᠡᠯᠲᠡ ᠳᠤ ᠤᠷᠤᠭᠤᠯᠵᠤ᠂ ᠰᠢᠨ᠎ᠡ ᠲᠣᠭᠤᠷᠢᠭ ᠤᠨ ᠨᠠᠰᠤᠲᠠᠶᠢᠴᠤᠳ ᠢ ᠠᠰᠠᠷᠠᠨ ᠰᠤᠪᠢᠯᠠᠬᠤ | ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠤᠨ ᠲᠥᠷᠥᠯ ᠵᠦᠢᠯ ᠢ | ᠤᠷᠤᠭᠰᠢᠲᠠᠢ ᠪᠠᠶᠢᠭᠤᠯᠵᠤ᠂ ᠠᠴᠢᠯᠠᠯ ᠨᠠᠰᠤᠲᠠᠨ ᠢ ᠠᠰᠠᠷᠠᠬᠤ ᠬᠦᠷᠢᠶᠡᠯᠡᠩ ᠲᠣᠭᠤᠷᠢᠭ ᠨᠢ ᠪᠦᠬᠦ ᠤᠯᠤᠰ ᠤᠨ | ᠡᠮᠨᠡᠬᠦ ᠠᠰᠠᠷᠠᠬᠤ ᠶᠢ ᠤᠶᠠᠯᠳᠤᠭᠤᠯᠤᠭᠰᠠᠨ ᠨᠡᠶᠢᠲᠡᠯᠢᠭ ᠲᠤᠷᠰᠢᠯᠭ᠎ᠠ ᠶᠢᠨ ᠨᠡᠷᠡᠰ ᠲᠤ ᠣᠷᠣᠵᠤ᠂ ᠪᠦᠬᠦ ᠤᠯᠤᠰ ᠤᠨ | 49 ᠠᠯᠪᠠᠨ ᠠᠴᠠ ᠡᠷᠬᠢᠯᠡᠭᠰᠡᠨ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠯᠢᠳᠡᠭ ᠬᠡᠷᠡᠭ | ᠤᠨ ᠵᠢᠱᠢᠶ᠎ᠡ ᠪᠠᠷ ᠰᠣᠩᠭᠤᠭᠳᠠᠪᠠ᠃ ᠭᠡᠷ ᠪᠠᠶᠢᠰᠢᠩ ᠢ 3714 ᠢᠵᠢ ᠲᠠᠲᠠᠪᠤᠷᠢᠯᠠᠵᠦ᠂ ᠬᠤᠭᠤᠴᠠᠭ᠎ᠠ ᠬᠡᠲᠦᠷᠡᠲᠡᠯ᠎ᠡ | ᠲᠥᠪᠬᠢᠨᠡᠭᠦᠯᠦᠭᠰᠡᠨ ᠦᠭᠡᠢ ᠭᠡᠷ ᠪᠠᠶᠢᠰᠢᠩ ᠢ 2370 ᠢᠵᠢ ᠰᠢᠢᠳᠪᠦᠷᠢᠯᠡᠪᠡ᠃ ᠬᠡᠷ ᠪᠠᠶᠢᠰᠢᠩ ᠭᠠᠵᠠᠷ ᠰᠢᠷᠤᠢ | ᠶᠢᠨ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ 54039 | ᠢᠵᠢ ᠬᠥᠢᠴᠡᠳᠬᠡᠵᠦ᠂ ᠰᠠᠭᠤᠭᠠᠯᠢ ᠠᠷᠠᠳ ᠠᠴᠠ ᠬᠦᠰᠡᠨ ᠱᠠᠭᠠᠷᠳᠠᠪᠠᠯ ᠳᠠᠷᠤᠶ 100% ᠪᠠᠷ ᠰᠢᠢᠳᠪᠦᠷᠢᠯᠡᠵᠦ | ᠳᠠᠭᠤᠰᠬᠠᠬᠤ ᠬᠠᠷᠠᠯᠲᠠ ᠶᠢ ᠪᠡᠶᠡᠯᠡᠭᠦᠯᠪᠡ᠃ | ᠨᠡᠶᠢᠭᠡᠮ ᠤᠨ ᠵᠠᠰᠠᠯᠲᠠ ᠪᠦᠬᠦ ᠲᠠᠯ᠎ᠠ ᠪᠠᠷ ᠳᠡᠭᠡᠭᠰᠢᠯᠡᠪᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠬᠦᠯᠵᠦ᠂ ︽ᠠᠮᠤᠷ ᠠᠮᠤᠭᠤᠯᠠᠩ ᠰᠢᠯᠢ ᠶᠢᠨ ᠬᠤᠳᠠ︾ | ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠵᠤ᠂ ᠬᠠᠷᠭᠢᠰ ᠬᠦᠴᠦᠨ ᠤ ᠶᠠᠯᠠᠲᠤ ᠪᠦᠯᠦᠭᠯᠡᠯ ᠢ 1᠂ | ᠬᠠᠷᠭᠢᠰ ᠬᠦᠴᠦᠨ ᠤ ᠶᠠᠯᠠᠲᠤ ᠪᠦᠯᠬᠦᠮ ᠢ 2᠂ ᠬᠠᠷᠭᠢᠰ ᠬᠦᠴᠦᠨ ᠳᠤ ᠬᠤᠯᠪᠣᠭᠳᠠᠭᠰᠠᠨ ᠪᠦᠯᠬᠦᠮ ᠢ 5 ᠴᠤᠬᠢᠨ | ᠤᠨᠠᠭᠠᠵᠤ᠂ ︽ᠵᠢᠷᠭᠤᠭ᠎ᠠ ᠶᠢ ᠴᠡᠪᠡᠷᠯᠡᠬᠦ︾ ᠬᠠᠷᠠᠯᠲᠠ ᠶᠢ ᠪᠡᠶᠡᠯᠡᠬᠦᠯᠪᠡ᠃ 160 ᠵᠠᠬᠢᠲᠠᠯ ᠰᠤᠷᠪᠤᠯᠵᠢᠯᠠᠭ᠎ᠠ ᠶᠢᠨ | ᠭᠤᠣᠯᠳᠠᠯᠭ᠎ᠠ ᠲᠠᠢ ᠬᠡᠷᠡᠭ ᠢ ᠪᠦᠬᠦᠨ ᠢ ᠰᠢᠢᠳᠪᠦᠷᠢᠯᠡᠪᠡ᠃ ᠠᠮᠤᠷ ᠲᠦᠪᠰᠢᠨ ᠤ ᠳᠠᠯᠳᠠ ᠭᠡᠮ ᠢ ᠬᠦᠨᠵᠡᠭᠡᠶᠢᠷᠡᠨ | ᠪᠠᠶᠢᠴᠠᠭᠠᠵᠤ᠂ ᠣᠨᠴᠠ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ | ᠰᠡᠷᠭᠡᠶᠢᠯᠡᠪᠡ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠭᠤᠷᠮᠠᠭ ᠲᠠᠸᠠᠷ ᠦᠢᠯᠡᠳᠴᠤ | ᠪᠣᠷᠣᠯᠠᠭᠤᠯᠬᠤ᠂ ᠮᠠᠭᠤ ᠪᠠᠷ ᠰᠠᠶᠢᠨ ᠢ ᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ ᠱᠸᠤ ᠹᠠᠩ ᠢᠳᠡᠭᠡᠨ ᠤ | ᠵᠦᠢᠯ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠤᠨ ᠪᠦᠳᠤᠭᠡᠵᠤ ᠠᠰᠢᠭᠯᠠᠯᠲᠠ ᠳᠤ ᠤᠷᠤᠭᠤᠯᠤᠨ ᠂ | ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠤᠨ ᠪᠢᠰᠢᠯᠠᠭ ᠢ ᠦᠨᠡᠯᠡᠨ ᠰᠤᠩᠭᠤᠬᠤ ᠵᠢᠴᠢ ᠠᠮᠲᠠᠲᠤ ᠢᠳᠡᠭᠡᠨ | ᠠᠮᠲᠠᠯᠠᠨ ᠰᠢᠯᠭᠠᠷᠠᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠭᠤᠷᠪᠠᠳᠤᠭᠠᠷ ᠬᠤᠭᠤᠴᠠᠭᠠᠨ ᠤ ᠬᠤᠲᠠ ᠶᠢᠨ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠰᠢᠯᠭᠠᠷᠠᠭᠤᠯᠬᠤ ᠠᠵᠢᠯ ᠢ ᠤᠷᠤᠭᠰᠢᠲᠠᠢ ᠪᠡᠶᠡᠯᠡᠭᠦᠯᠪᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠯᠠᠪᠳᠠᠭᠤᠨ ᠢᠶᠠᠷ ᠠᠬᠢᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ︾ ᠤ ᠢᠷᠠᠭᠤ ᠠᠯᠳᠠᠷ ᠢ ᠬᠦᠷᠲᠡᠪᠡ᠃ ︽ᠰᠢᠯᠢ ᠶᠢᠨ ᠬᠤᠲᠠ ᠶᠢᠨ | ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠦᠯ︾ ᠢ | ᠨᠡᠶᠢᠲᠡᠯᠡᠵᠦ᠂ ᠪᠥᠬᠦ ᠬᠤᠲᠠ ᠶᠢᠨ 67 ᠨᠡᠶᠢᠭᠡᠮ ᠲᠣᠭᠤᠷᠢᠭ ᠤᠨ ᠠᠵᠢᠯᠯᠠᠭᠠᠨ ᠤ ᠭᠠᠵᠠᠷ ᠤᠨ | ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠤᠷᠪᠠᠨ ᠱᠠᠲᠤᠨ ᠤ | ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠥᠲᠥᠭᠡᠨ ᠪᠠᠶᠢᠭᠤᠯᠤᠯᠲᠠ ᠶᠢ ᠪᠦᠬᠦᠨ ᠢ ᠪᠦᠷᠬᠦᠬᠦᠯᠬᠦ ᠶᠢ | ᠪᠡᠶᠡᠯᠡᠭᠦᠯᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠲᠠ ᠶᠢᠨ ᠲᠡᠦᠬᠡ ᠣᠶᠢᠯᠠᠯᠭ᠎ᠠ ᠶᠢᠨ ᠠᠯᠪᠠᠨ ᠬᠡᠷ ︽ᠪᠥᠬᠦ ᠤᠯᠤᠰ ᠤᠨ | ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠡᠷᠢᠭᠦᠨ ᠤ ᠬᠠᠮᠲᠤ ᠨᠡᠶᠢᠳᠡ︾ ᠪᠠᠷ ᠦᠨᠡᠯᠡᠭᠳᠡᠵᠦ᠂ | ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠠᠴᠠ ︽2021 ᠣᠨ ᠤ ᠪᠠᠶᠢᠴᠠᠭᠠᠯᠲᠠ ᠶᠢᠨ ᠴᠢᠭ ᠤᠨ ᠠᠵᠢᠯ ᠤᠨ ᠲᠡᠷᠢᠭᠦᠨ ᠤ ᠦᠨᠳᠦᠰᠦᠨ | ᠱᠠᠲᠤᠨ ᠤ ᠨᠢᠭᠡᠴᠡ︾ ᠪᠠᠷ ᠬᠦᠬᠢᠬᠦᠯᠪᠡ᠃ ᠵᠠᠯᠠᠭᠤᠴᠤᠳ ᠤᠨ ᠬᠥᠭᠵᠢᠯᠲᠡ ᠶᠢᠨ ᠣᠷᠴᠢᠨ ᠲᠣᠭᠤᠷᠢᠨ ᠤᠯᠠᠮ | ᠰᠢᠯᠢᠳᠡᠭᠵᠢᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡ ᠪᠠᠲᠤᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠳᠠᠭᠠᠳᠤ ᠶᠠᠪᠤᠳᠠᠯ | ᠬᠠᠷᠢᠶᠠᠲᠤ ᠨᠠᠷ ᠤᠨ ᠶᠠᠪᠤᠳᠠᠯ᠂ ᠴᠠᠭ ᠠᠭᠤᠷ ᠭᠠᠵᠠᠷ ᠬᠥᠳᠡᠯᠦᠯᠲᠡ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ | ᠵᠡᠮᠳᠡᠭᠴᠦᠳ᠂ ᠨᠢᠭᠦᠯᠡᠰᠦᠩᠭᠦᠶ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠰᠢᠨ᠎ᠡ ᠳᠠᠪᠰᠢᠯᠲᠠ ᠲᠠᠢ | ᠪᠣᠯᠪᠠ᠃ | ᠡᠨᠡ ᠳᠥᠷᠪᠡᠨ ᠵᠢᠯ ᠳᠤ᠂ ᠪᠢᠳᠡ ᠲᠤᠰᠢᠶᠠᠯ ᠬᠠᠷᠢᠭᠤᠴᠠᠯᠭ᠎ᠠ ᠪᠠᠨ ᠬᠥᠢᠴᠡᠳᠬᠡᠵᠦ᠂ ᠬᠠᠷᠢᠭᠤᠴᠠᠯᠭ᠎ᠠ ᠪᠠᠨ | ᠡᠭᠦᠷᠭᠡᠯᠡᠨ ᠴᠢᠷᠮᠠᠶᠢᠨ ᠠᠵᠢᠯᠯᠠᠭᠰᠠᠨ ᠢᠶᠠᠷ᠂ ᠵᠠᠰᠠᠭ ᠤᠨ ᠣᠷᠳᠣᠨ ᠤ ᠦᠢᠯᠡᠳᠤᠯ ᠴᠢᠳᠠᠪᠤᠷᠢ ᠶᠡᠭᠡ ᠪᠠᠷ ᠳᠡᠭᠡᠭᠰᠢᠯᠡᠪᠡ | ᠃ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ | ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠤᠭᠳᠠᠭᠠᠬᠤ︾ ᠶᠢ ᠬᠠᠮᠠᠭᠠᠯᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠦ | ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠰᠠᠨᠠᠭᠤᠯᠭ᠎ᠠ ᠶᠢ 320 ᠬᠤᠪᠢ᠂ ᠤᠯᠤᠰ ᠲᠥᠷᠦ | ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ 438 ᠬᠤᠪᠢ ᠭᠦᠢᠴᠡᠳᠬᠡᠨ᠂ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ 100% ᠳᠤ ᠬᠥᠷᠪᠡ᠃ ᠬᠢᠨᠠᠨ ᠪᠤᠲᠤᠯᠲᠠ ᠶᠢᠨ ᠲᠦᠷᠦᠯ ᠵᠦᠢᠯ ᠢ 112 ᠪᠡᠶᠡᠯᠡᠬᠦᠯᠵᠦ | ᠂ ᠬᠢᠨᠠᠨ ᠪᠤᠲᠤᠯᠲᠠ ᠶᠢᠨ ᠰᠠᠨᠠᠯ ᠰᠠᠨᠠᠭᠤᠯᠭ᠎ᠠ ᠶᠢ 338 ᠵᠤᠷᠪᠤᠰ ᠲᠤᠷᠠᠳᠤᠪᠠ᠃ ᠲᠥᠪ ᠬᠤᠷᠢᠶᠠᠨ ᠤ ᠨᠠᠢᠮᠠᠨ | ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ 2017 ᠣᠨ ᠤ ᠬᠢ ᠠᠴᠠ 47.5% | ᠪᠠᠷ ᠪᠠᠭᠤᠷᠠᠭᠤᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠤ ᠶᠢᠨ ᠮᠡᠳᠡᠯᠭᠡ ᠲᠦᠭᠡᠮᠡᠯᠵᠢᠭᠦᠯᠬᠦ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠪᠦᠬᠦ ᠤᠯᠤᠰ ᠤᠨ ᠳᠣᠯᠣᠳᠤᠭᠠᠷ ᠲᠠᠪᠤᠨ ᠵᠢᠯ ᠤᠨ ᠬᠠᠤᠯᠢ | ᠴᠠᠭᠠᠵᠠ ᠶᠢᠨ ᠶᠡᠷᠤ ᠶᠢᠨ ᠮᠡᠳᠡᠯᠭᠡ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠲᠡᠷᠢᠭᠦᠨ ᠤ ᠬᠤᠰᠢᠭᠤ ᠰᠢᠶᠠᠨ︾ | ᠤ ᠢᠷᠠᠭᠤ ᠠᠯᠳᠠᠷ ᠢ ᠬᠥᠷᠳᠡᠵᠤ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠵᠠᠰᠠᠭ | ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ︽ᠲᠦᠷᠪᠡᠨ ᠰᠤᠷᠲᠠᠯ︾ ᠤᠨ ᠲᠤᠪᠤᠶᠢᠮ᠎ᠠ ᠠᠰᠠᠭᠤᠳᠠᠯ ᠢ ᠶᠡᠭᠡ ᠪᠠᠷ | ᠴᠡᠭᠴᠡᠯᠡᠨ ᠵᠠᠰᠠᠵᠤ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠪᠡ᠃ | ᠲᠥᠯᠥᠭᠡᠯᠡᠭᠴᠢᠳ ᠡ᠂ ᠥᠩᠭᠡᠷᠡᠭᠰᠡᠨ ᠳᠥᠷᠪᠡᠨ ᠵᠢᠯ ᠳᠤ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ | ᠰᠢᠪᠠᠳᠠᠨ ᠪᠠᠶᠢᠴᠠᠭᠠᠯᠲᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠬᠢᠨᠠᠨ ᠪᠠᠶᠢᠴᠠᠭᠠᠯᠲᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠦᠷᠢᠮ ᠲᠣᠭᠲᠠᠭᠠᠯ ᠬᠠᠤᠯᠢ ᠴᠠᠭᠠᠵᠠ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ | ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ ᠲᠤᠰᠬᠠᠶ ᠴᠡᠭᠴᠡᠯᠡᠨ ᠵᠠᠰᠠᠬᠤ᠂ ᠬᠠᠩᠭᠠᠨ ᠪᠣᠷᠣᠯᠠᠭᠤᠯᠬᠤ ᠬᠤᠷᠰᠢᠶ᠎ᠠ | ᠶᠢᠨ ᠰᠢᠰᠲ᠋ᠧᠮ ᠤᠨ ᠢᠯᠵᠢᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠵᠡᠷᠭᠡ ᠲᠣᠭᠤᠷᠢᠨ | ᠪᠠᠶᠢᠴᠠᠭᠠᠯᠲᠠ ᠴᠠᠭᠳᠠᠨ ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠯᠲᠠ ᠴᠢᠬᠤᠯᠠ ᠶᠡᠭᠡ ᠰᠢᠯᠭᠠᠨ ᠪᠠᠶᠢᠴᠠᠭᠠᠯᠳᠠ | ᠶᠢᠨ ᠡᠮᠦᠨ᠎ᠡ᠂ ᠪᠢᠳᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠦᠭᠡᠷᠡᠴᠢᠯᠡᠬᠦ ᠡᠭᠦᠷᠭᠡ | ᠶᠢ ᠲᠤᠭ᠎ᠠ ᠶᠤᠰᠤᠭᠠᠷ ᠴᠢᠨᠠᠷ ᠢ ᠪᠠᠳᠤᠯᠠᠨ ᠪᠡᠶᠡᠯᠡᠭᠦᠯᠵᠦ᠂ ᠠᠰᠠᠭᠤᠳᠠᠯ ᠳᠤ ᠰᠢᠭᠤᠳ ᠬᠠᠨᠳᠤᠬᠤ᠂ ᠪᠥᠬᠦ ᠬᠦᠴᠦᠨ | ᠢᠶᠠᠷ ᠢᠶᠠᠨ ᠴᠡᠭᠴᠡᠯᠡᠨ ᠦᠭᠡᠷᠡᠴᠢᠯᠡᠬᠦ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠪᠡ︔ ᠴᠢᠨᠡᠬᠡᠯᠢᠭ ᠨᠡᠶᠢᠬᠡᠮ ᠢ | ᠪᠦᠬᠦ ᠲᠠᠯ᠎ᠠ ᠪᠠᠷ ᠪᠠᠶᠢᠭᠤᠯᠤᠨ ᠪᠦᠳᠦᠬᠡᠬᠦ ᠰᠢᠢᠳᠪᠤᠷᠢᠳᠦ ᠢᠯᠠᠯᠳᠠ ᠶᠢ ᠤᠯᠬᠤ ᠭᠤᠷᠪᠠᠨ ᠶᠡᠭᠡ ᠪᠤᠭᠤᠮᠲᠠ | ᠰᠢᠪᠲᠤᠯᠬᠤ ᠲᠠᠶᠢᠯᠠᠯᠳᠤᠭᠠᠨ ᠤ ᠪᠡᠷᠬᠡ ᠬᠠᠲᠠᠭᠤᠵᠢᠯᠲᠠᠢ ᠡᠭᠦᠷᠭᠡ ᠶᠢᠨ ᠡᠮᠦᠨ᠎ᠡ᠂ ᠪᠢᠳᠠ ᠬᠦᠴᠢᠷ ᠢ ᠰᠦᠷᠦᠨ | ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠣᠷᠢᠭᠲᠠᠢ ᠪᠠᠷ ᠬᠠᠲᠠᠭᠤ ᠲᠠᠶᠢᠨ ᠬᠢᠬᠦ᠂ | ᠢᠯᠠᠭᠤᠭᠰᠠᠨ ᠲᠠᠶᠢᠨ ᠬᠢᠬᠦ ᠰᠥᠰᠥ ᠵᠣᠷᠢᠭ ᠢᠶᠠᠨ ᠢᠯᠡᠷᠡᠭᠦᠯᠪᠡ︔ ᠬᠤᠷᠸ᠎ᠠ ᠠᠵᠤ ᠠᠬᠤᠢ ᠪᠠᠭᠤᠷᠠᠬᠤ ᠪᠠ ᠬᠡᠯᠪᠡᠷᠢ | ᠶᠢ ᠬᠤᠪᠢᠷᠠᠭᠤᠯᠵᠤ ᠲᠡᠰ ᠳᠡᠪᠰᠢᠬᠦᠯᠬᠦ ᠳᠠᠪᠬᠤᠷ ᠳᠠᠷᠤᠯᠲᠠ ᠶᠢᠨ ᠡᠮᠦᠨ᠎ᠡ᠂ ᠪᠢᠳᠡ ᠳᠠᠶᠠᠭᠠᠷ ᠢᠶᠠᠨ ᠵᠤᠷᠢᠬ ᠢᠶᠠᠨ | ᠬᠠᠮᠳᠤᠳᠬᠠᠵᠤ᠂ ᠴᠠᠭ ᠤᠨ ᠪᠠᠶᠢᠳᠠᠯ ᠳᠤ ᠵᠤᠬᠢᠴᠠᠭᠤᠯᠤᠨ ᠬᠥᠳᠡᠯᠵᠦ᠂ ᠠᠵᠤ ᠠᠬᠤᠢ ᠶᠢᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠭᠰᠡᠨ ᠰᠦᠷᠭᠡᠤ ᠨᠦᠬᠦᠴᠡᠯ ᠳᠠᠬᠢ ᠤᠷᠤᠭᠰᠢᠯᠠᠯᠳᠠ ᠶᠢ ᠪᠡᠶᠡᠯᠡᠭᠦᠯᠪᠡ᠃ ᠡᠳᠡᠭᠡᠷ ᠠᠮᠵᠢᠯᠲᠠ ᠶᠢ | ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠠᠴᠢ ᠲᠤᠰᠠ ᠠᠴᠠ ᠪᠣᠯᠤᠭᠰᠠᠨ | ᠶᠤᠮ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠶᠢᠨ ᠠᠴᠢ ᠲᠤᠰᠠ ᠠᠴᠠ ᠪᠣᠯᠤᠭᠰᠠᠨ ᠶᠤᠮ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ | ᠳᠡᠮᠵᠢᠯᠭᠡ ᠶᠢᠨ ᠠᠴᠢ ᠲᠤᠰᠠ ᠠᠴᠠ ᠪᠣᠯᠤᠭᠰᠠᠨ ᠶᠤᠮ᠂ ᠪᠦᠬᠦ ᠬᠤᠲᠠ ᠪᠠᠷ ᠢᠶᠠᠨ ᠨᠢᠭᠡ ᠰᠡᠳᠬᠢᠯ ᠨᠢᠭᠡ ᠵᠣᠷᠢᠭ | ᠢᠶᠠᠷ ᠰᠢᠷᠭᠠᠭᠤ ᠲᠡᠮᠡᠴᠡᠭᠰᠡᠨ ᠤ ᠠᠴᠢ ᠲᠤᠰᠠ ᠠᠴᠠ ᠪᠣᠯᠤᠭᠰᠠᠨ ᠶᠤᠮ᠃ ᠠᠳᠡ ᠪᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠳᠤ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ | ᠲᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠲᠠᠯᠳᠤᠭᠠᠨ ᠤ ᠬᠤᠯᠪᠣᠭ᠎ᠠ᠂ ᠨᠠᠮ ᠪᠦᠯᠦᠭ ᠤᠨ | ᠪᠤᠰᠤ ᠬᠥᠮᠦᠰ ᠪᠠ ᠡᠯ᠎ᠡ ᠠᠷᠠᠳ ᠤᠨ ᠪᠦᠯᠬᠦᠮ ᠳᠤ᠂ ᠠᠬᠠᠮᠠᠳ ᠤᠳᠤᠷᠢᠳᠤᠯᠭ᠎ᠠ ᠨᠠᠷ᠂ ᠠᠬᠠᠮᠠᠳ ᠨᠥᠬᠦᠳ ᠲᠤ᠂ | ᠰᠢᠯᠢ ᠶᠢᠨ ᠭᠤᠣᠯ ᠳᠤ ᠰᠠᠭᠤᠭ᠎ᠠ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ | ᠪᠠᠶᠢᠯᠳᠤᠭᠴᠢᠳ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠠ ᠭᠠᠯ ᠤᠨᠲᠠᠷᠠᠭᠠᠬᠤ ᠠᠪᠤᠷᠠᠨ | ᠲᠤᠰᠠᠯᠠᠬᠤ ᠵᠢᠯᠣᠭᠤᠳᠤᠭᠴᠢ ᠪᠠᠶᠢᠯᠳᠤᠭᠴᠢᠳ ᠲᠤ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ᠂ ᠣᠷᠣᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠯᠢ ᠶᠢᠨ ᠭᠤᠣᠯ ᠳᠤ ᠰᠠᠭᠤᠭ᠎ᠠ ᠡᠯ᠎ᠡ ᠨᠢᠭᠡᠴᠢ ᠳᠤ᠂ ᠰᠢᠯᠢ ᠶᠢᠨ ᠬᠤᠳᠠ | ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠤ ᠪᠠᠶᠢᠭ᠎ᠠ ᠪᠤᠢ ᠪᠦᠬᠦᠢ ᠨᠠᠶᠢᠵᠠ ᠨᠥᠬᠦᠳ ᠨᠠᠷ ᠲᠤ ᠪᠠᠨ ᠴᠢᠩ | ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠤ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠵᠡᠷᠭᠡ ᠳᠤ᠂ ᠪᠢᠳᠡ ᠬᠤᠷᠴᠠ ᠰᠡᠷᠭᠡᠭ ᠢᠶᠠᠷ ᠤᠯᠵᠤ ᠲᠠᠨᠢᠭᠰᠠᠨ ᠨᠢ᠂ | ᠣᠳᠣᠬᠠᠨ ᠳᠤ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠥᠨ ᠬᠦ ᠦᠷᠭᠦᠯᠵᠢᠯᠡᠨ ᠦᠷᠪᠢᠰᠦᠨ ᠳᠡᠯᠭᠡᠷᠡᠵᠦ᠂ | ᠭᠠᠳᠠᠭᠠᠳᠤ ᠣᠷᠴᠢᠨ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠬᠦᠤ ᠪᠤᠯᠵᠤ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠮᠥᠨ ᠬᠦ ᠲᠣᠭᠲᠠᠭᠤᠨ ᠪᠤᠰᠤ᠂ ᠲᠡᠩᠴᠡᠭᠦᠷᠢ ᠦᠭᠡᠢ ᠪᠠᠶᠢᠨ᠎ᠠ︔ ᠮᠠᠨ ᠤ ᠬᠤᠲᠠ ᠶᠢᠨ | ᠠᠵᠤ ᠦᠢᠯᠡᠰ ᠤᠨ ᠪᠦᠲᠦᠴᠡ ᠨᠡᠯᠢᠶᠡᠳ ᠳᠠᠩ ᠴᠤᠯᠭᠤᠢ᠂ ᠡᠨᠧᠷᠭᠢ ᠪᠠ ᠬᠥᠨᠳᠤ ᠠᠵᠤ ᠦᠢᠯᠡᠳᠪᠤᠷᠢ ᠳᠤ | ᠲᠦᠰᠢᠭᠯᠡᠬᠦ ᠦᠵᠡᠭᠳᠡᠯ ᠲᠤᠪᠤᠶᠢᠮ᠎ᠠ ᠪᠠᠶᠢᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ | ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠠᠯᠬᠤᠮ ᠢ | ᠪᠠᠰᠠ ᠲᠦᠷᠭᠡᠳᠬᠡᠬᠦ ᠴᠢᠬᠤᠯᠠᠲᠠᠢ ᠪᠠᠶᠢᠨ᠎ᠠ︔ ᠭᠤᠤᠯᠳᠠᠯᠭ᠎ᠠ ᠲᠠᠢ ᠲᠥᠷᠥᠯ ᠵᠦᠢᠯ ᠢ ᠲᠥᠰᠦᠪᠯᠡᠨ ᠨᠥᠭᠡᠴᠡᠯᠡᠬᠦ | ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠭᠤᠤᠯᠳᠠᠯᠭ᠎ᠠ | ᠲᠠᠢ ᠲᠥᠷᠥᠯ ᠵᠦᠢᠯ ᠤᠨ ᠲᠤᠯᠭᠠᠭᠤᠷᠢᠯᠠᠯ ᠳᠤᠲᠠᠮᠠᠭ᠂ ᠦᠷᠬᠦᠯᠵᠢᠯᠡᠨ ᠲᠤᠭᠳᠠᠭᠤᠨ ᠬᠦᠭᠵᠢᠬᠦ ᠬᠥᠳᠡᠯᠭᠡᠭᠴᠢ | ᠬᠦᠴᠦᠨ ᠴᠢᠩᠭ᠎ᠠ ᠪᠤᠰᠤ ᠪᠠᠶᠢᠨ᠎ᠠ︔ ᠡᠬᠢ ᠪᠠᠶᠠᠯᠢᠭ ᠣᠷᠴᠢᠨ ᠠᠬᠤᠢ ᠶᠢᠨ ᠬᠢᠵᠠᠭᠠᠷᠯᠠᠯ ᠴᠢᠩᠭᠠᠷᠠᠵᠤ᠂ ᠠᠮᠢ ᠠᠬᠤᠢ | ᠶᠢ ᠵᠠᠰᠠᠨ ᠰᠡᠷᠭᠦᠭᠡᠬᠦ ᠪᠠ ᠪᠤᠬᠢᠷᠲᠠᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠡ ᠶᠢ | ᠪᠠᠭᠠᠰᠬᠠᠬᠤ ᠡᠭᠦᠷᠭᠡ ᠪᠡᠷᠬᠡ ᠬᠠᠲᠠᠭᠤᠵᠢᠯᠲᠠᠢ ᠬᠥᠨᠳᠤ ᠨᠦᠰᠡᠷ ᠪᠠᠶᠢᠨ᠎ᠠ︔ ᠵᠠᠶᠢᠯᠠᠰᠢ ᠦᠭᠡᠢ ᠵᠠᠷᠤᠯᠭ᠎ᠠ ᠲᠠᠰᠤᠷᠠᠯᠲᠠ | ᠦᠭᠡᠢ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠨ᠎ᠠ︔ ᠠᠷᠠᠳ | ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢᠨ ᠬᠠᠩᠭᠠᠯᠭ᠎ᠠ ᠨᠢ ᠪᠠᠰᠠ ᠠᠷᠠᠳ | ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠵᠤ ᠳᠡᠶᠢᠯᠬᠦ ᠦᠭᠡᠢ | ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠤᠯᠠᠮ ᠨᠢᠭᠡ ᠠᠯᠬᠤᠮ ᠰᠢᠯᠢᠳᠡᠭᠵᠢᠭᠦᠯᠬᠦ | ᠴᠢᠬᠤᠯᠠᠲᠠᠢ ᠪᠠᠶᠢᠨ᠎ᠠ᠂ ᠵᠠᠷᠢᠮ ᠺᠠᠳ᠋ᠷ ᠤᠨ ᠭᠦᠢᠴᠡᠳᠬᠡᠬᠦ ᠴᠢᠳᠠᠪᠤᠷᠢ ᠥᠨᠳᠥᠷ ᠪᠢᠰᠢ᠂ ᠨᠠᠶᠢᠳᠠᠪᠤᠷᠢᠵᠢᠭᠤᠯᠬᠤ | ᠴᠢᠳᠠᠪᠤᠷᠢ ᠴᠢᠩᠭ᠎ᠠ ᠪᠢᠰᠢ᠂ ᠦᠢᠯᠡᠴᠢᠯᠡᠬᠦ ᠤᠬᠠᠮᠰᠠᠷ᠂ ᠵᠠᠰᠠᠭ ᠵᠠᠬᠢᠷᠭᠠᠨ ᠤ ᠦᠷ᠎ᠡ ᠪᠦᠲᠦᠮᠵᠢ᠂ ᠬᠠᠷᠢᠭᠤᠴᠠᠯᠭ᠎ᠠ | ᠡᠭᠦᠷᠭᠡᠯᠡᠬᠦ ᠵᠣᠷᠢᠭ ᠰᠠᠨᠠᠭ᠎ᠠ ᠪᠠᠷ ᠪᠠᠰᠠ ᠰᠢᠨ᠎ᠡ ᠴᠠᠭ ᠦᠶ᠎ᠡ ᠰᠢᠨ᠎ᠡ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ | ᠦᠭᠡᠢ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠳᠤ ᠪᠢᠳᠡ ᠨᠠᠷᠢᠨ ᠬᠢᠨᠠᠮᠠᠭᠠᠢ ᠬᠠᠨᠳᠤᠵᠤ᠂ ᠲᠦᠷᠭᠡᠨ ᠢᠶᠠᠷ | ᠰᠢᠢᠳᠪᠦᠷᠢᠯᠡᠨ᠂ ᠪᠦᠬᠦ ᠬᠤᠲᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ | ᠦᠭᠡᠢ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠰᠡᠳᠬᠢᠮᠵᠢ ᠪᠠ ᠬᠠᠷᠠᠯᠲᠠ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠦᠭᠰᠡᠨ ᠤ | ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠤᠪᠵᠢᠬᠦᠯᠭᠡ ᠶᠢ | ᠴᠢᠷᠮᠠᠶᠢᠨ ᠪᠡᠶᠡᠯᠡᠬᠦᠯᠵᠤ᠂ ᠰᠢᠨ᠎ᠡ ᠠᠶᠠᠯᠠᠯ ᠢᠶᠠᠨ ᠡᠬᠢᠯᠡᠭᠦᠯᠬᠦ ᠴᠢᠬᠤᠯᠠ ᠲᠠᠪᠤᠨ ᠵᠢᠯ ᠪᠣᠯᠤᠨ᠎ᠠ᠂ ᠰᠢᠯᠢ ᠶᠢᠨ ᠬᠤᠲᠠ | ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠬᠤᠲᠠ ᠶᠢᠨ ᠠᠷᠪᠠᠨ | ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠶᠢᠰᠢᠳᠠ ᠶᠢᠨ ᠲᠠᠪᠤᠨ ᠵᠢᠯ | ᠤᠨ ᠬᠥᠭᠵᠢᠯᠲᠡ ᠶᠢᠨ ᠠᠤᠭ᠎ᠠ ᠲᠥᠰᠦᠪ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠵᠤ᠂ ᠲᠡᠮᠡᠴᠡᠯ ᠤᠨ ᠬᠠᠷᠠᠯᠲᠠ ᠪᠠ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶ ᠲᠤᠬᠳᠠᠭᠠᠪᠠ᠃ ᠪᠢᠳᠡ ᠪᠠᠶᠢᠯᠳᠤᠬᠤ ᠪᠣᠳᠣᠯᠭ᠎ᠠ ᠶᠢᠨ ᠪᠠᠳᠤ ᠬᠦᠴᠦᠨ | ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠳᠠᠭ ᠯᠡ ᠶᠤᠮ ᠪᠤᠯ᠂ ᠠᠶᠢᠮᠠᠭ ᠤᠨ ᠲᠥᠪ ᠬᠤᠲᠠ ᠶᠢᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠯᠠᠪᠲᠠᠶ ᠰᠠᠶᠢᠲᠤᠷ ᠪᠢᠴᠢᠭᠯᠡᠵᠦ ᠴᠢᠳᠠᠬᠤ ᠶᠤᠮ︕ | ᠬᠤᠶᠢᠰᠢᠳᠠ ᠶᠢᠨ ᠲᠠᠪᠤᠨ ᠵᠢᠯ ᠳᠠᠬᠢ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠡᠯ᠎ᠡ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ | ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠤᠲᠠ ᠶᠢᠨ | ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ | ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠢᠶᠠᠷ ᠵᠦᠪ ᠣᠨᠣᠪᠴᠢᠲᠠᠶ ᠪᠦᠭᠡᠳ | ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ | ᠠᠭᠤᠰᠤᠨ ᠤᠷᠤᠵᠤ ᠠᠮᠢ ᠠᠬᠤᠢ ᠶᠢ ᠲᠡᠷᠢᠬᠦᠨ ᠳᠤ ᠲᠠᠯᠪᠢᠬᠤ ᠪᠠ ᠪᠤᠬᠢᠷᠲᠠᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠬᠦᠯᠵᠢᠯᠡᠨ ᠰᠠᠶᠢᠳᠤᠷ | ᠬᠢᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢ ᠲᠦᠷᠭᠡᠯᠡᠨ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ | ᠪᠠᠲᠤ ᠴᠣᠭᠴᠠᠯᠠᠵᠤ᠂ ᠰᠢᠯᠢ ᠶᠢᠨ ᠬᠤᠲᠠ ᠶᠢᠨ ᠨᠡᠶᠢᠭᠡᠮ ᠵᠢᠷᠤᠮᠲᠤ ᠤᠳᠤᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ᠎ᠡ᠃ | ᠭᠤᠣᠯ ᠲᠡᠮᠡᠴᠡᠬᠦ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠪᠠᠷ | ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ | ᠲᠤᠮᠳᠠᠴᠢ ᠪᠠᠷ 5% ᠣᠷᠴᠢᠮ ᠢᠶᠠᠷ ᠨᠡᠮᠡᠭᠳᠡᠭᠦᠯᠦᠨ᠎ᠡ︔ ︽ᠬᠤᠶᠠᠷ ᠬᠠᠯᠬᠠᠪᠴᠢ︾ ᠶᠢ ᠨᠠᠩ ᠰᠠᠶᠢᠲᠤᠷ ᠪᠠᠬᠢᠯᠡᠵᠦ᠂ | ︽ᠬᠤᠶᠠᠷ ᠰᠠᠭᠤᠷᠢᠨ ᠭᠠᠵᠠᠷ︾ ᠤᠨ ᠬᠡᠮᠵᠢᠶ᠎ᠠ ᠪᠠ ᠴᠢᠨᠠᠷ ᠢ ᠵᠡᠷᠭᠡ ᠪᠠᠷ ᠳᠡᠭᠡᠭᠰᠢᠯᠡᠭᠦᠯᠵᠦ᠂ ︽ᠨᠢᠭᠡ ᠪᠠᠬᠢᠯᠡᠯᠲᠡ︾ | ᠶᠢᠨ ᠦᠢᠯᠡᠳᠦᠯ ᠢ ᠢᠳᠡᠪᠬᠢᠲᠠᠢ ᠠᠭᠤᠰᠬᠠᠨ ᠤᠷᠤᠭᠤᠯᠵᠤ᠂ ᠠᠮᠢ ᠠᠬᠤᠢ ᠶᠢ ᠲᠡᠷᠢᠬᠦᠨ ᠳᠤ ᠲᠠᠯᠪᠢᠬᠤ ᠪᠠ | ᠪᠤᠬᠢᠷᠲᠠᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠴᠢᠨᠠᠷ ᠰᠠᠶᠢᠲᠠᠢ ᠬᠥᠭᠵᠢᠯᠲᠡ ᠴᠢᠬᠤᠯᠠ ᠶᠡᠭᠡ | ᠠᠯᠬᠤᠮ ᠢ ᠠᠯᠬᠤᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ ᠬᠠᠩᠭᠠᠨ᠎ᠠ︔ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠢᠮᠠᠭᠳᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠲᠤ ᠰᠠᠬᠢᠵᠤ᠂ ᠠᠷᠠᠳ ᠤᠨ | ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ | ᠨᠡᠮᠡᠭᠳᠡᠭᠦᠯᠦᠨ᠎ᠡ︔ ᠠᠮᠢ ᠠᠬᠤᠢ ᠶᠢ ᠲᠡᠷᠢᠬᠦᠨ ᠳᠤ ᠲᠠᠯᠪᠢᠬᠤ ᠪᠠ ᠪᠤᠬᠢᠷᠲᠠᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠪᠠᠷᠢᠮᠲᠠᠯᠠᠵᠤ᠂ ᠦᠷᠭᠦᠯᠵᠢᠯᠡᠨ | ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠬᠦᠯᠤᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠤ᠂ ᠨᠡᠩ ᠴᠢᠨᠠᠷ | ᠰᠠᠶᠢᠲᠠᠶ᠂ ᠨᠡᠩ ᠦᠷ᠎ᠡ ᠪᠦᠲᠦᠮᠵᠢᠲᠡᠶ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦ᠋ᠢᠴᠡ ᠬᠥᠭᠵᠢᠯᠲᠡ ᠶᠢ | ᠪᠡᠶᠡᠯᠡᠭᠦᠯᠦᠨ᠎ᠡ︔ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ | ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ | ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ | ᠠᠭᠤᠰᠤᠨ ᠤᠷᠤᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠥᠭᠵᠢᠯᠲᠡ ᠶᠢᠨ ᠳᠣᠲᠣᠭᠠᠳᠤ | ᠬᠥᠳᠡᠯᠭᠡᠭᠴᠢ ᠬᠦᠴᠦᠨ ᠢ ᠳᠡᠭᠡᠭᠰᠢᠯᠡᠭᠦᠯᠤᠨ᠎ᠠ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠪᠠᠷᠠᠯᠠᠬᠢᠯᠠᠯᠳᠤ | ᠴᠢᠨᠠᠷᠳᠡᠢ ᠪᠠᠷ ᠪᠤᠳᠤᠯᠬᠢᠯᠠᠬᠤ᠂ ᠪᠦᠬᠦ ᠲᠠᠯ᠎ᠠ ᠶᠢᠨ ᠴᠢᠨᠠᠷᠲᠠᠢ ᠪᠠᠷ ᠲᠦᠰᠤᠪᠯᠡᠬᠦ᠂ ᠪᠦᠬᠦᠯᠢ ᠴᠣᠭᠴᠠ ᠶᠢᠨ ᠴᠢᠨᠠᠷᠲᠠᠢ | ᠪᠠᠷ ᠠᠬᠢᠭᠤᠯᠬᠤ ᠶᠢ ᠴᠢᠩᠭᠠᠳᠬᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ | ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠶᠢᠨ ᠶᠠᠰᠤ ᠴᠢᠨᠠᠷ᠂ ᠦᠷ᠎ᠡ | ᠠᠰᠢᠭ ᠬᠢᠭᠡᠳ ᠠᠮᠤᠷ ᠲᠦᠪᠰᠢᠨ ᠤ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠬᠠᠷᠠᠯᠲᠠ ᠪᠠᠨ ᠪᠠᠳᠤ ᠲᠣᠭᠲᠠᠭᠠᠵᠤ᠂ ᠯᠠᠪᠳᠠᠭᠤᠨ ᠪᠠᠲᠤᠲᠠᠢ ᠰᠢᠷᠭᠠᠭᠤ | ᠬᠠᠲᠠᠭᠤᠵᠢᠯᠲᠠᠢ ᠴᠢᠷᠮᠠᠶᠢᠨ ᠠᠵᠢᠯᠯᠠᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠲᠥᠰᠦᠪ ᠢ ᠪᠦᠬᠦ ᠬᠥᠴᠤᠨ ᠢᠶᠠᠷ ᠢᠶᠠᠨ ᠰᠠᠶᠢᠨ | ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ᠃ | —— ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠨᠠᠩ ᠴᠢᠩᠭ᠎ᠠ ᠪᠠᠶᠠᠨ ᠴᠢᠨᠡᠭᠡᠯᠢᠭ ᠬᠤᠲᠠ ᠶᠢ ᠪᠦᠲᠦᠭᠡᠨ | ᠪᠠᠶᠢᠭᠤᠯᠤᠨ᠎ᠠ᠃ ︽ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠬᠠᠷᠠᠯᠲᠠ ᠲᠠᠢ ᠤᠶᠠᠯᠳᠤᠭᠤᠯᠤᠨ᠂ | ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠰᠢᠨ᠎ᠡ ᠡᠨᠧᠷᠭᠢ ᠶᠢᠨ | ᠰᠤᠷᠪᠤᠯᠵᠢ᠂ ᠠᠷᠢᠭᠤᠨ ᠴᠡᠪᠡᠷ ᠨᠡᠭᠦᠷᠡᠰᠦᠨ ᠴᠠᠬᠢᠯᠭᠠᠨ᠂ ᠪᠤᠬᠢᠷᠲᠠᠯ ᠦᠭᠡᠢ ᠮᠠᠯ ᠤᠨ ᠠᠰᠢᠭ ᠰᠢᠮ᠎ᠡ | ᠦᠢᠯᠡᠳᠪᠦᠷᠢᠯᠡᠨ ᠪᠤᠯᠪᠠᠰᠤᠷᠠᠭᠤᠯᠬᠤ᠂ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠳᠠᠪᠠᠭᠤᠯᠢᠭ ᠠᠵᠤ ᠦᠢᠯᠡᠰ | ᠤᠨ ᠬᠡᠯᠬᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠦᠴᠦᠯᠡᠨ ᠰᠠᠶᠢᠳᠤᠷ ᠠᠳᠬᠤᠵᠤ᠂ ᠶᠡᠷᠦᠩᠬᠡᠢᠯᠡᠭᠰᠡᠨ ᠠᠵᠤ | ᠠᠬᠤᠢ ᠶᠢᠨ ᠪᠣᠳᠠᠲᠤ ᠬᠦᠴᠦᠨ ᠤ ᠦᠷᠭᠦᠯᠵᠢᠯᠡᠨ ᠳᠡᠭᠡᠭᠰᠢᠯᠡᠬᠦ ᠶᠢ ᠲᠠᠶᠢᠴᠢᠯᠠᠨ᠎ᠠ᠂ 2026 ᠤᠨ ᠪᠣᠯᠬᠤ ᠳᠤ᠂ | ᠪᠦᠬᠦ ᠬᠤᠲᠠ ᠶᠢᠨ GDP ᠶᠢ 350 ᠳ᠋ᠦᠩᠰᠢᠭᠤᠷ ᠲᠥᠭᠦᠷᠢᠭ ᠢ ᠲᠠᠪᠠᠭᠤᠯᠬᠤ ᠪᠠᠷ ᠴᠢᠷᠮᠠᠶᠢᠨ᠎ᠠ᠃ ᠣᠳᠣ ᠦᠶ᠎ᠡ | ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠠᠵᠤ ᠦᠢᠯᠡᠰ ᠲᠦᠪᠯᠡᠷᠡᠭᠰᠡᠨ ᠣᠷᠣᠨ ᠢ ᠢᠳᠡᠪᠬᠢᠲᠡᠶ ᠪᠣᠶ | ᠪᠣᠯᠭᠠᠵᠤ᠂ ᠳᠡᠭᠡᠳᠦ ᠲᠠᠰ ᠤᠨ ᠲᠣᠨᠣᠭᠯᠠᠯ ᠦᠢᠯᠡᠳᠬᠦ ᠠᠵᠤ ᠦᠢᠯᠡᠰ ᠢ ᠯᠠᠪᠳᠠᠭᠤᠨ ᠢᠶᠠᠷ ᠬᠥᠭᠵᠢᠭᠦᠯᠦᠨ᠂ ᠣᠨᠴᠠ | ᠥᠨᠳᠥᠷ ᠬᠦᠴᠦᠳᠡᠯᠲᠦ ᠵᠠᠯᠭᠠᠮᠵᠢ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠯᠬᠢ ᠭᠡᠷᠡᠯ ᠢᠯᠴᠢ ᠤᠰᠤᠲᠥ᠋ᠷᠥᠭᠴᠢ ᠬᠠᠳᠠᠭᠠᠯᠠᠯᠳᠠ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ ᠬᠡᠷᠡᠭᠵᠢᠭᠦᠯᠤᠨ᠂ ᠰᠠᠯᠬᠢᠨ ᠬᠦᠴᠦᠨ ᠤ | ᠴᠠᠬᠢᠯᠭᠠᠨ ᠤ ᠮᠠᠰᠢᠨ ᠴᠣᠭᠴᠠᠯᠠᠪᠤᠷᠢ ᠶᠢ 330 ᠲᠦᠮᠡᠨ ᠺᠢᠯᠦᠸᠠᠲ ᠠᠴᠠ ᠲᠠᠪᠠᠭᠤᠯᠵᠤ᠂ ᠭᠡᠷᠡᠯ ᠤᠨ ᠴᠠᠬᠢᠯᠭᠠᠨ ᠤ | ᠮᠠᠰᠢᠨ ᠴᠣᠭᠴᠠᠯᠠᠪᠤᠷᠢ ᠶᠢ 30 ᠲᠦᠮᠡᠨ ᠺᠢᠯᠦᠸᠠᠲ ᠲᠤ ᠬᠦᠷᠭᠡᠵᠦ᠂ ᠲᠣᠨᠣᠭᠯᠠᠯ ᠦᠢᠯᠡᠳᠬᠦ ᠦᠢᠯᠡᠳᠬᠦᠨ ᠤ | ᠥᠷᠲᠡᠭ ᠢ 70 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ︽ᠬᠤᠨᠢ ᠶᠢ ᠴᠥᠭᠡᠳᠭᠡᠨ ᠦᠬᠡᠷ ᠢ ᠨᠡᠮᠡᠭᠳᠡᠭᠦᠯᠬᠦ︾ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠳᠤᠮᠳᠠᠳᠤ ᠤᠯᠤᠰ ᠤᠨ ᠠᠮᠢ ᠠᠬᠤᠢ ᠶᠢᠨ ᠬᠤᠨᠢᠨ ᠤ ᠲᠦᠪ | ︾ ᠤᠨ ᠨᠡᠷᠡᠲᠦ ᠲᠡᠮᠳᠡᠭ ᠤᠨ ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠣᠳᠣ ᠦᠶ᠎ᠡ ᠶᠢᠨ ᠮᠢᠬᠠᠨ ᠤ ᠦᠬᠡᠷ | ᠤᠨ ᠠᠵᠤ ᠦᠢᠯᠡᠰ ᠤᠨ ᠪᠦᠰᠡ ᠶᠢ ᠪᠠᠶᠢᠭᠤᠯᠵᠤ᠂ ᠤᠯᠤᠰ ᠤᠨ ᠲᠡᠰ ᠤᠨ ᠣᠳᠣ ᠦᠶ᠎ᠡ ᠶᠢᠨ ᠮᠢᠬᠠᠨ ᠤ ᠬᠤᠨᠢᠨ ᠤ | ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠨ᠎ᠠ︔ ︽ᠳᠤᠮᠳᠠᠳᠤ ᠤᠯᠤᠰ ᠤᠨ ᠠᠳᠤᠭᠤᠨ ᠰᠤᠶᠤᠯ ᠤᠨ | ᠲᠥᠪ︾ ᠤᠨ ᠭᠤᠣᠯᠯᠠᠬᠤ ᠣᠷᠣᠨ ᠤ ᠳᠠᠪᠠᠭᠤᠯᠢᠭ ᠲᠤ ᠲᠦᠰᠢᠭᠯᠡᠨ᠂ ᠣᠳᠣ ᠦᠶ᠎ᠡ ᠶᠢᠨ ᠠᠳᠤᠭᠤᠨ ᠤ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠰᠦ ᠶᠢᠨ ᠦᠢᠯᠡᠰ ᠢ ᠬᠥᠭᠵᠢᠭᠦᠯᠬᠦ ᠶᠢ ᠶᠡᠭᠡ ᠪᠠᠷ ᠠᠬᠢᠭᠤᠯᠵᠤ᠂ | ᠤᠯᠤᠰ ᠤᠨ ᠳᠣᠲᠣᠭᠠᠳᠤ ᠶᠢᠨ ᠳᠡᠭᠡᠳᠦ ᠲᠠᠰ ᠤᠨ ᠰᠦ ᠶᠢᠨ ᠦᠢᠯᠡᠰ ᠤᠨ ᠦᠢᠯᠡᠳᠪᠦᠷᠢᠯᠡᠵᠦ ᠪᠤᠯᠪᠠᠰᠤᠷᠠᠭᠤᠯᠬᠤ | ᠴᠢᠬᠤᠯᠠ ᠰᠠᠭᠤᠷᠢᠨ ᠭᠠᠵᠠᠷ ᠢ ᠪᠤᠢ ᠪᠤᠯᠭᠠᠨ᠎ᠠ᠃ ᠪᠦᠬᠦ ᠴᠠᠷᠠᠭ᠎ᠠ ᠪᠠᠷ ᠰᠡᠳᠤᠨ ᠲᠦᠰᠦᠪᠯᠡᠬᠦ᠂ ᠰᠣᠶᠣᠯ ᠵᠢᠭᠤᠯᠴᠢᠯᠠᠯ | ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠢᠶᠠᠷ ᠳᠠᠶᠢᠴᠢᠯᠠᠬᠤ᠂ ᠤᠬᠠᠭᠤᠯᠤᠨ ᠡᠵᠡᠩᠨᠡᠨ | ᠪᠣᠷᠣᠯᠠᠭᠤᠯᠬᠤ᠂ ᠢᠵᠢ ᠪᠦᠷᠢᠳᠦᠭᠦᠯᠬᠦ ᠵᠦᠢᠯ ᠢ ᠦᠯᠤ ᠬᠤᠴᠤᠷᠭᠠᠬᠤ ᠶᠢ ᠳᠣᠪᠤᠶᠢᠯᠭᠠᠵᠤ᠂ ᠤᠯᠤᠰ ᠤᠨ ᠪᠦᠬᠦ | ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠤᠯᠤᠰ ᠤᠨ ᠳᠣᠲᠣᠭᠠᠳᠤ ᠶᠢᠨ ᠨᠡᠷᠡᠲᠦ | ᠵᠢᠭᠤᠯᠴᠢᠯᠠᠯ ᠤᠨ ᠵᠣᠷᠢᠭᠰᠠᠨ ᠭᠠᠵᠠᠷ ᠢ ᠴᠢᠷᠮᠠᠶᠢᠨ ᠡᠭᠦᠳᠦᠨ᠎ᠡ᠃ | —— ᠬᠤᠲᠠ ᠬᠥᠳᠡᠭᠡ ᠶᠢᠨ ᠬᠥᠭᠵᠢᠯᠲᠡ ᠶᠢᠨ ᠨᠠᠩ ᠪᠠᠶᠠᠯᠢᠭ ᠠᠭᠤᠯᠤᠭᠳᠠᠬᠤᠨ ᠪᠦᠬᠦᠢ ᠪᠣᠯᠪᠠᠰᠤᠨ ᠬᠤᠲᠠ | ᠶᠢ ᠪᠦᠲᠦᠭᠡᠨ ᠪᠠᠶᠢᠭᠤᠯᠤᠨ᠎ᠠ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠬᠤᠲᠠ ᠪᠠᠷ ᠬᠥᠳᠡᠭᠡ ᠶᠢ | ᠳᠠᠶᠢᠴᠢᠯᠠᠬᠤ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠰᠣᠳᠣᠨ ᠬᠤᠲᠠ ᠪᠠ ᠦᠵᠡᠰᠬᠦᠯᠡᠩᠲᠦ ᠰᠠᠶᠢᠬᠠᠨ | ᠮᠠᠯᠵᠢᠬᠤ ᠣᠷᠣᠨ ᠢ ᠲᠦᠷᠭᠡᠯᠠᠨ ᠪᠦᠳᠤᠭᠡᠨ ᠪᠠᠶᠢᠭᠤᠯᠤᠨ᠎ᠠ᠃ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ | ᠶᠢᠨ ᠬᠤᠲᠠ ᠪᠠᠯᠭᠠᠰᠣᠵᠢᠯᠳᠡ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠠᠨ ᠲᠦᠮᠡᠨ ᠤ ︽ᠪᠠᠴᠢᠮᠲᠠᠵᠤ | ᠬᠦᠴᠢᠷᠲᠡᠵᠦ ᠵᠤᠪᠠᠵᠤ ᠬᠦᠰᠡᠵᠦ︾ ᠪᠠᠶᠢᠬᠤ ᠠᠰᠠᠭᠤᠲᠠᠯ ᠤᠨ ᠲᠤᠭᠤᠷᠢᠨ ᠳᠤ᠂ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠲᠦᠬᠦᠭᠡᠷᠤᠮᠵᠢ ᠶᠢᠨ ᠵᠡᠷᠭᠡ ᠲᠠᠰ ᠢ ᠳᠡᠪᠰᠢᠭᠦᠯᠬᠦ ᠶᠢ ᠠᠬᠢᠭᠤᠯᠵᠤ᠂ ᠬᠤᠲᠠ ᠶᠢᠨ | ᠬᠤᠶᠠᠳᠤᠭᠠᠷ ᠤᠰᠤᠨ ᠰᠤᠷᠪᠤᠯᠵᠢ ᠶᠢᠨ ᠭᠠᠵᠠᠷ ᠢ ᠪᠠᠶᠢᠭᠤᠯᠤᠨ ᠪᠦᠳᠤᠭᠡᠵᠤ ᠠᠰᠢᠭᠯᠠᠯᠲᠠ ᠳᠤ ᠣᠷᠣᠭᠤᠯᠬᠤ ᠶᠢ | ᠦᠨᠡᠨ ᠬᠦ ᠪᠠᠳᠤᠯᠠᠵᠤ᠂ ᠤᠰᠤ ᠬᠠᠩᠭᠠᠯᠲᠠ ᠶᠢᠨ ᠲᠦᠭᠡᠮᠡᠯᠵᠢᠭᠰᠡᠨ ᠨᠣᠷᠮ᠎ᠠ᠂ ᠲᠥᠪᠯᠡᠷᠡᠭᠦᠯᠦᠨ ᠢᠯᠴᠢ ᠬᠠᠩᠭᠠᠬᠤ | ᠲᠦᠭᠡᠮᠡᠯᠵᠢᠭᠰᠡᠨ ᠨᠣᠷᠮ᠎ᠠ᠂ ᠬᠤᠭᠤᠯᠠᠶ ᠪᠠᠷ ᠳᠠᠮᠵᠢᠭᠤᠯᠬᠤ ᠰᠢᠲᠠᠮᠠᠬᠠᠶ ᠬᠡᠶ ᠶᠢᠨ ᠲᠦᠭᠡᠮᠡᠯᠵᠢᠭᠰᠡᠨ ᠨᠣᠷᠮ᠎ᠠ ᠶᠢ | ᠲᠤᠰᠪᠤᠷᠢ 98%᠂ 98% ᠪᠠ 70% ᠳᠤ ᠬᠦᠷᠭᠡᠵᠦ᠂ ᠪᠠᠶᠢᠭᠤᠯᠵᠤ ᠪᠦᠳᠤᠭᠡᠭᠰᠡᠨ ᠲᠣᠭᠤᠷᠢᠭ ᠤᠨ ᠪᠣᠬᠢᠷ | ᠤᠰᠤᠨ ᠤ ᠬᠤᠭᠤᠯᠠᠶ ᠶᠢᠨ ᠲᠤᠤᠷ ᠢ ᠨᠠᠶᠢᠳᠠᠮ ᠬᠠᠮᠤᠷᠤᠭᠤᠯᠬᠤ᠂ ᠪᠣᠬᠢᠷ ᠤᠰᠤ ᠶᠢ ᠪᠦᠷᠢᠨ ᠴᠤᠭᠯᠠᠭᠤᠯᠬᠤ᠂ | ᠪᠦᠷᠢᠨ ᠰᠢᠢᠳᠪᠤᠷᠢᠯᠡᠬᠦ ᠶᠢ ᠪᠡᠶᠡᠯᠡᠭᠦᠯᠦᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠡᠮᠬᠢ ᠵᠢᠷᠤᠮ ᠲᠠᠢ | ᠬᠡᠷᠡᠭᠵᠢᠭᠦᠯᠵᠦ᠂ 2005 ᠣᠨ ᠠᠴᠠ ᠡᠮᠦᠨ᠎ᠡ ᠪᠠᠶᠢᠭᠤᠯᠵᠤ ᠪᠦᠳᠤᠭᠡᠭᠰᠡᠨ ᠰᠠᠭᠤᠭᠠᠯᠢ ᠲᠣᠭᠤᠷᠢᠭ ᠢ ᠪᠦᠬᠦᠨ ᠢ | ᠰᠢᠨᠡᠳᠬᠡᠨ ᠵᠠᠰᠠᠵᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠨᠥᠬᠦᠴᠡᠯ ᠢ ᠶᠡᠭᠡ ᠪᠠᠷ ᠳᠡᠭᠡᠭᠰᠢᠯᠡᠭᠦᠯᠤᠨ᠎ᠠ᠃ | ᠤᠶᠤᠨᠴᠢ ︽ᠬᠤᠲᠠ ᠶᠢᠨ ᠶᠡᠭᠡ ᠲᠠᠷᠢᠬᠢ︾ ᠶᠢ ᠢᠳᠡᠪᠬᠢᠲᠡᠶ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠶᠢ | ᠨᠠᠩ ᠢᠯᠡᠬᠦᠤ ᠣᠶᠤᠨᠵᠢᠭᠤᠯᠵᠤ᠂ ᠪᠠᠷᠢᠮᠵᠢᠶᠠᠵᠢᠭᠤᠯᠵᠤ᠂ ᠨᠠᠷᠢᠯᠢᠬᠵᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠦᠳᠡᠭᠡ ᠲᠤᠰᠬᠤᠨ ᠢ | ᠬᠦᠭᠵᠢᠬᠦᠯᠦᠨ ᠮᠠᠨᠲᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠡᠪᠴᠢᠶᠡᠲᠦ ᠴᠢᠨᠠᠷᠲᠠᠶ ᠳᠠᠬᠢᠨ | ᠶᠠᠳᠠᠭᠤᠷᠠᠬᠤ ᠦᠵᠡᠭᠳᠡᠯ ᠡᠭᠦᠰᠬᠦ ᠶᠢ ᠡᠷᠡᠰ ᠬᠤᠷᠢᠭᠯᠠᠨ᠎ᠠ᠃ ᠬᠤᠲᠠ ᠬᠥᠳᠡᠭᠡ ᠶᠢ ᠨᠢᠭᠡ ᠴᠣᠠᠠᠴᠠᠵᠢᠭᠤᠯᠥᠨ | ᠬᠥᠭᠵᠢᠭᠦᠯᠬᠦ ᠶᠢ ᠪᠠᠷᠢᠮᠲᠠᠯᠠᠵᠤ᠂ ᠳᠠᠪᠠᠭᠤᠯᠢᠭ ᠣᠨᠴᠠᠯᠢᠠᠠᠳᠣ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠮᠠᠯᠵᠢᠬᠤ | ᠣᠷᠣᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠮᠠᠯᠵᠢᠬᠤ ᠣᠷᠣᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠤᠨ᠂ ᠬᠤᠲᠠ | ᠬᠥᠳᠡᠭᠡ ᠶᠢᠨ ᠬᠥᠭᠵᠢᠯᠲᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠮᠠᠯᠴᠢᠨ ᠲᠦᠮᠡᠨ ᠤ | ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠪᠦᠬᠦ | ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ | —— ᠵᠠᠰᠠᠯᠲᠠ ᠶᠢᠨ ᠴᠢᠳᠠᠪᠤᠷᠢ ᠢᠯᠡᠳᠲᠡ ᠳᠡᠭᠡᠭᠰᠢᠯᠡᠭᠰᠡᠨ ᠡᠶ᠎ᠡ ᠵᠣᠬᠢᠴᠠᠯ ᠲᠠᠢ ᠬᠤᠲᠠ ᠶᠢ ᠪᠦᠲᠦᠭᠡᠨ | ᠪᠠᠶᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠲᠣᠭᠲᠠᠴᠠ ᠶᠢ ᠲᠡᠭᠦᠯᠳᠡᠷᠵᠢᠭᠦᠯᠵᠦ᠂ ᠣᠶᠤᠨᠴᠢ | ᠬᠤᠲᠠ ᠶᠢᠨ ᠵᠢᠯᠣᠭᠤᠳᠣᠯᠭ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠵᠡᠷᠭᠡ ︽ᠭᠤᠷᠪᠠᠨ ᠲᠥᠪ︾ ᠲᠤ ᠲᠦᠰᠢᠭᠯᠡᠨ᠂ ︽ᠣᠶᠤᠨᠴᠢ + ᠲᠤᠤᠷᠴᠢᠯᠠᠭᠰᠠᠨ | ᠬᠠᠮᠢᠶᠠᠷᠤᠯᠲᠠ︾ ᠶᠢᠨ ᠵᠠᠭᠪᠤᠷ ᠢ ᠪᠦᠷᠢᠨᠰᠢᠭᠦᠯᠵᠦ᠂ ᠣᠶᠤᠨᠴᠢ ᠪᠠᠷ ᠬᠠᠮᠢᠶᠠᠷᠬᠤ᠂ ᠲᠦᠷᠭᠡᠨ ᠲᠤᠰᠬᠠᠬᠤ᠂ ᠬᠠᠮᠲᠤ | ᠪᠠᠷ ᠣᠷᠣᠯᠴᠠᠬᠤ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠬᠦᠷᠢᠶᠠᠨ ᠤ ᠨᠡᠶᠢᠭᠡᠮ ᠤᠨ ᠵᠠᠰᠠᠯᠲᠠ ᠶᠢᠨ | ᠤᠲᠤᠬᠢᠴᠢᠯᠠᠭᠰᠨ ᠲᠤᠤᠷ ᠢ ᠬᠦᠴᠦᠯᠡᠨ ᠪᠠᠶᠢᠭᠤᠯᠤᠨ᠎ᠠ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ | ᠪᠠᠬᠢᠵᠢᠬᠦᠯᠬᠦ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠶᠤᠯ ᠲᠦᠭᠰᠢᠭᠦᠷᠢ ᠶᠢ | ᠠᠷᠢᠯᠭᠠᠬᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ᠂ ᠦᠨᠳᠦᠰᠦᠨ ᠱᠠᠲᠤᠨ ᠤ ᠨᠡᠶᠢᠭᠡᠮ ᠢ ᠵᠠᠰᠠᠬᠤ | ︽ᠲᠠᠪᠤᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ᠶᠡᠭᠡ ᠲᠤᠬᠢᠷᠠᠭᠤᠯᠤᠯᠲᠠ ᠶᠢᠨ ᠠᠵᠢᠯ ᠤᠨ ᠪᠠᠶᠢᠷᠢᠰᠢᠯ ᠢ | ᠪᠠᠶᠢᠭᠤᠯᠵᠤ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ | ᠠᠮᠤᠷ ᠠᠮᠤᠭᠤᠯᠠᠩ ᠢ ᠦᠨᠡᠨ ᠬᠦ ᠪᠠᠲᠤᠯᠠᠨ᠎ᠠ᠃ ᠠᠵᠤ ᠠᠬᠤᠶᠢᠯᠠᠯ᠂ ᠠᠵᠢᠯ ᠲᠥᠷᠥᠯ᠂ ᠬᠠᠷᠢᠶ᠎ᠠ ᠭᠠᠵᠠᠷ ᠤᠨ | ᠠᠶᠤᠯᠭᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠤᠷᠢᠯᠡᠯ | ᠤᠨ ᠠᠳᠡᠯ ᠭᠠᠷᠬᠤ ᠶᠢ ᠡᠷᠡᠰ ᠬᠤᠷᠢᠭᠯᠠᠨ ᠵᠣᠭᠰᠣᠭᠠᠵᠤ᠂ ᠢᠳᠡᠭᠡᠨ ᠪᠠ ᠡᠮ ᠤᠨ ᠵᠦᠢᠯ᠂ ᠦᠢᠯᠡᠳᠬᠦᠨ ᠤ ᠶᠠᠰᠤ | ᠴᠢᠨᠠᠷ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠭᠡᠨᠡᠳᠲᠡ ᠡᠬᠦᠰᠦᠭᠰᠡᠨ ᠰᠡᠷᠭᠡᠭ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠵᠤ ᠰᠤᠳᠤᠯᠤᠨ | ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠬᠦᠨᠳᠦ ᠶᠡᠭᠡ | ᠭᠡᠨᠡᠳᠲᠡ ᠡᠬᠦᠰᠦᠭᠰᠡᠨ ᠬᠡᠷᠡᠭ ᠢ ᠰᠢᠨᠵᠢᠯᠡᠬᠦ ᠤᠬᠠᠭᠠᠨᠴᠢ ᠪᠦᠲᠦᠮᠵᠢᠲᠡᠢ᠂ ᠡᠷᠡᠰ ᠰᠢᠭᠤᠷᠬᠠᠢ ᠪᠠᠷ ᠰᠢᠢᠳᠪᠦᠷᠢᠯᠡᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ | ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠲᠦᠭᠰᠢᠭᠦᠷᠢ ᠶᠢᠨ ᠲᠠᠰ ᠢ ᠪᠦᠲᠦᠮᠵᠢᠲᠡᠶ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠪᠥᠬᠦ | ᠲᠠᠯ᠎ᠠ ᠪᠠᠷ ᠡᠮᠬᠢᠯᠡᠵᠦ᠂ ᠰᠢᠨ᠎ᠡ ᠲᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ ᠥᠬᠡᠶ᠂ ᠭᠡᠷ᠎ᠡ ᠠᠴᠠ ᠵᠥᠷᠢᠴᠡᠵᠦ | ᠢᠲᠡᠭᠡᠯ ᠠᠯᠳᠠᠬᠤ ᠵᠡᠷᠭᠡ ᠦᠵᠡᠭᠳᠡᠯ ᠡᠬᠦᠰᠬᠦ ᠶᠢ ᠡᠷᠡᠰ ᠬᠤᠷᠢᠭᠯᠠᠨ᠎ᠠ᠃ | —— ᠠᠮᠢ ᠠᠬᠤᠶ ᠶᠢᠨ ᠣᠷᠴᠢᠨ ᠨᠦᠬᠦᠴᠡᠯ ᠦᠷᠭᠦᠯᠵᠢᠯᠡᠨ ᠰᠠᠶᠢᠵᠢᠷᠠᠭᠰᠠᠨ ᠦᠵᠡᠰᠬᠦᠯᠡᠩᠲᠦ ᠰᠠᠶᠢᠬᠠᠨ | ᠬᠤᠲᠠ ᠶᠢ ᠪᠦᠲᠦᠭᠡᠨ ᠪᠠᠶᠢᠭᠤᠯᠤᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠪᠢᠳᠡᠨ ᠤ ᠡᠷᠬᠡᠪᠰᠢ ᠡᠭᠦᠷᠭᠡᠯᠡᠬᠦ ᠬᠡᠷᠡᠭᠳᠠᠢ ᠴᠢᠬᠤᠯᠠ ᠶᠡᠭᠡ | ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠬᠦ ︽ᠤᠯᠤᠰ ᠬᠥᠷᠤᠨ ᠤ | ᠶᠡᠭᠡ ᠶᠠᠪᠤᠳᠠᠯ︾ ᠮᠥᠨ᠃ ᠠᠮᠢ ᠠᠬᠤᠶ ᠶᠢ ᠲᠡᠷᠢᠬᠦᠨ ᠳᠤ ᠲᠠᠯᠪᠢᠬᠤ ᠪᠠ ᠪᠤᠬᠢᠷᠲᠠᠯ ᠦᠭᠡᠢ ᠬᠥᠭᠵᠢᠯᠳᠡ ᠶᠢᠨ | ᠪᠠᠶᠢᠯᠳᠤᠬᠤ ᠪᠣᠳᠣᠯᠭ᠎ᠠ ᠶᠢᠨ ᠪᠠᠳᠤ ᠬᠦᠴᠦᠨ ᠢ ᠢᠮᠠᠭᠲᠠ ᠪᠠᠲᠤᠯᠠᠵᠤ᠂ ᠤᠯᠤᠰ ᠤᠨ ᠠᠮᠢ ᠠᠬᠤᠶ ᠶᠢᠨ ᠪᠣᠯᠪᠠᠰᠤᠨ | ᠤ ᠵᠢᠱᠢᠶ᠎ᠡ ᠦᠵᠡᠭᠦᠯᠬᠦ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠮᠠᠯ ᠪᠡᠯᠴᠢᠭᠡᠷ ᠢ | ᠲᠡᠩᠴᠡᠭᠦᠷᠢᠳᠠᠢ ᠪᠠᠶᠢᠯᠭᠠᠬᠤ ᠪᠠ ᠪᠡᠯᠴᠢᠭᠡᠷᠯᠡᠬᠦᠯᠬᠦ ᠶᠢ ᠴᠠᠭᠠᠵᠠᠯᠠᠬᠤ ᠪᠡᠯᠴᠢᠭᠡᠷᠯᠡᠬᠦᠯᠬᠦ ᠶᠢ ᠵᠤᠬᠰᠤᠭᠠᠬᠤ ᠲᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠵᠠᠰᠠᠨ ᠰᠡᠷᠭᠦᠭᠡᠬᠦ ᠲᠥᠷᠥᠯ ᠵᠦᠢᠯ ᠢ ᠬᠦᠴᠦᠯᠡᠨ ᠰᠠᠶᠢᠲᠤᠷ ᠠᠳᠬᠤᠵᠤ | ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠢ | ᠢᠳᠡᠪᠬᠢᠲᠡᠶ ᠡᠭᠦᠳᠦᠨ ᠪᠠᠶᠢᠭᠤᠯᠤᠨ᠎ᠠ᠃ ᠬᠥᠬᠡᠮᠳᠦᠭ ᠤᠰᠤ᠂ ᠴᠡᠯᠮᠡᠭ ᠲᠩᠷᠢ᠂ ᠴᠡᠪᠡᠷ ᠬᠥᠷᠥᠰᠥ ᠶᠢ ᠬᠦᠴᠦ ᠪᠠᠨ | ᠲᠥᠪᠯᠡᠷᠡᠭᠦᠯᠦᠨ ᠰᠠᠬᠢᠨ ᠬᠠᠮᠠᠭᠠᠯᠠᠵᠤ᠂ ᠰᠢᠯᠢᠨ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ | ᠰᠢᠯᠭᠠᠬᠤ ᠬᠠᠷᠠᠯᠲᠠ ᠠᠴᠠ ᠰᠢᠯᠢᠳᠡᠭ ᠪᠠᠶᠢᠯᠭᠠᠬᠤ᠂ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠨᠠᠩ ᠢᠯᠡᠬᠦᠤ | ᠰᠢᠯᠢᠳᠡᠭᠵᠢᠭᠦᠯᠬᠦ᠂ ᠬᠥᠷᠥᠰᠥ ᠰᠢᠷᠣᠶ ᠶᠢᠨ ᠣᠷᠴᠢᠨ ᠠᠬᠤᠢ ᠶᠢᠨ ᠶᠠᠰᠤ ᠴᠢᠨᠠᠷ ᠢ ᠶᠡᠷᠦᠩᠬᠡᠶ ᠳᠡᠭᠡᠨ ᠲᠣᠭᠲᠠᠭᠤᠨ | ᠪᠠᠶᠢᠯᠭᠠᠬᠤ ᠶᠢ ᠦᠨᠡᠨ ᠬᠦ ᠪᠠᠳᠤᠯᠠᠨ᠎ᠠ᠃ ᠤᠰᠤ ᠪᠠᠷ ᠬᠤᠲᠠ ᠶᠢ ᠲᠣᠭᠲᠠᠭᠠᠬᠤ᠂ ᠬᠥᠮᠦᠨ ᠢ ᠲᠣᠭᠲᠠᠭᠠᠬᠤ᠂ | ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠤᠬᠠᠭᠤᠯᠭ᠎ᠠ ᠪᠠ | ᠤᠰᠤ ᠠᠷᠪᠢᠯᠠᠬᠤ ᠪᠠᠭᠠᠵᠢ ᠬᠡᠷᠡᠭᠰᠡᠯ ᠢ ᠤᠭᠰᠠᠷᠠᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠪᠦᠳᠦᠭᠦᠯᠢᠭ ᠢᠶᠠᠷ | ᠤᠰᠤ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠤᠭᠰᠤᠭᠠᠨ᠎ᠠ᠃ ︽ᠨᠡᠭᠦᠷᠡᠰᠦᠲᠥ᠋ᠷᠥᠭᠴᠢ ᠶᠢᠨ ᠲᠠᠪᠬᠤᠷ | ᠢᠰᠦᠯ ᠤᠨ ᠡᠭᠦᠰᠦᠯᠲᠡ ᠶᠢ ᠤᠷᠬᠢᠯ ᠳᠤ ᠨᠢ ᠬᠦᠷᠭᠡᠵᠦ ᠢᠳᠡᠭ ᠢᠳᠡᠭ ᠢᠶᠠᠷ ᠪᠠᠭᠤᠷᠠᠭᠤᠯᠬᠤ᠂ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠰᠢᠩᠭᠡᠭᠡᠨ ᠠᠷᠢᠯᠭᠠᠬᠤ︾ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠷᠴᠢᠮ ᠤᠨ ︽ᠬᠤᠶᠠᠷ ᠢ ᠬᠢᠵᠠᠭᠠᠷᠯᠠᠬᠤ | ︾ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠢ ᠪᠥᠭᠡᠳ | ᠭᠠᠷᠤᠯᠲᠠ ᠪᠠᠭ᠎ᠠ ᠲᠦᠷᠤᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠵᠤ ᠪᠦᠲᠦᠭᠡᠨ ᠪᠠᠶᠢᠭᠤᠯᠬᠤ ᠶᠢ ᠴᠢᠩᠭ᠎ᠠ | ᠴᠠᠭᠠᠵᠠᠯᠠᠵᠤ᠂ ᠠᠷᠢᠭᠤᠨ ᠴᠡᠪᠡᠷ ᠲᠤᠤᠷ᠎ᠠ ᠨᠡᠭᠦᠷᠡᠰᠦᠳᠦ᠋ᠷᠦᠭᠴᠢᠲᠦ ᠠᠶᠤᠯᠭᠦᠢ ᠥᠨᠳᠥᠷ ᠪᠦᠲᠦᠮᠵᠢᠲᠡᠢ ᠡᠨᠧᠷᠭᠢ ᠶᠢᠨ | ᠰᠤᠷᠪᠤᠯᠵᠢ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ | —— ᠠᠷᠠᠳ ᠤᠨ ᠠᠮᠢᠳᠤᠷᠠᠯ ᠨᠠᠩ ᠴᠢᠨᠠᠷ ᠴᠢᠨᠰᠠᠭ᠎ᠠ ᠲᠠᠢ ᠵᠣᠯ ᠵᠢᠷᠭᠠᠯᠲᠤ ᠬᠤᠲᠠ ᠶᠢ ᠪᠦᠲᠦᠭᠡᠨ | ᠪᠠᠶᠢᠭᠤᠯᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠡᠭᠡᠷ᠎ᠡ ᠰᠡᠳᠬᠢᠯ ᠲᠠᠯᠪᠢᠨ ᠬᠦᠴᠦ ᠤᠷᠤᠭᠤᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠭᠦ ᠶᠢ | ᠦᠨᠡᠨ ᠬᠦ ᠪᠠᠲᠤᠯᠠᠨ᠎ᠠ᠃ ᠦᠢᠯᠡᠰ ᠴᠣᠭᠴᠠᠯᠠᠬᠤ ᠪᠠ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠨᠠᠩ ᠴᠢᠨᠠᠷ ᠰᠠᠶᠢᠲᠠᠶ ᠨᠠᠩ ᠬᠥᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ | ᠠᠬᠢᠭᠤᠯᠤᠨ᠎ᠠ᠃ ︽ᠬᠤᠶᠠᠷ ᠢ ᠬᠥᠡᠭᠭᠡᠷᠡᠬᠦᠯᠬᠦ︾ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ᠂ | ᠰᠤᠷᠭᠠᠨ ᠬᠥᠮᠦᠵᠢᠯ ᠤᠨ ᠪᠦᠲᠦᠴᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠦᠨ᠎ᠡ᠃ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠶᠠᠪᠤᠭᠤᠯᠵᠤ᠂ ᠬᠠᠤᠯᠢ ᠳᠤ ᠲᠣᠭᠲᠠᠭᠠᠭᠰᠠᠨ ᠬᠥᠮᠦᠰ ᠢ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ ᠬᠦᠴᠢᠷᠳᠡᠯ ᠲᠠᠢ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ | ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠬᠢᠵᠠᠭᠠᠷ ᠱᠤᠭᠤᠮ ᠢ ᠡᠷᠡᠰ ᠰᠠᠬᠢᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ | ᠠᠵᠢᠯ ᠢ ᠴᠢᠨᠠᠷ ᠰᠠᠶᠢᠲᠠᠶ ᠬᠢᠵᠦ᠂ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ | ᠴᠢᠷᠮᠠᠶᠢᠨ ᠡᠭᠦᠳᠦᠨ᠎ᠡ᠃ ᠨᠡᠶᠢᠭᠡᠮ ᠲᠣᠭᠤᠷᠢᠭ ᠪᠠ ᠭᠡᠷ ᠲᠡᠭᠡᠨ ᠨᠠᠰᠤᠵᠢᠯ ᠤᠨ ᠠᠰᠠᠷᠠᠮᠵᠢ ᠬᠢᠬᠦ ᠠᠵᠢᠯ ᠢ | ᠢᠳᠡᠪᠬᠢᠲᠡᠢ ᠠᠬᠢᠭᠤᠯᠵᠤ᠂ ᠬᠤᠲᠠ ᠪᠠᠯᠭᠠᠰᠤᠨ ᠤ ᠨᠡᠶᠢᠭᠡᠮ ᠲᠤᠭᠤᠷᠢᠭ ᠪᠠ ᠭᠡᠷ ᠲᠡᠭᠡᠨ ᠨᠠᠰᠤᠵᠢᠯ ᠤᠨ ᠠᠰᠠᠷᠠᠮᠵᠢ | ᠬᠢᠬᠦ ᠦᠢᠯᠡᠴᠢᠯᠡᠭᠡ ᠶᠢ ᠨᠡᠶᠢᠳᠡᠮ ᠬᠠᠮᠤᠷᠤᠭᠤᠯᠬᠤ ᠶᠢ ᠪᠡᠶᠡᠯᠡᠭᠦᠯᠵᠦ᠂ ᠮᠠᠯᠴᠢᠳ ᠤᠨ ᠬᠤᠲᠠ ᠳᠤ ᠣᠷᠣᠵᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠥᠷᠳᠡᠬᠦ ᠨᠣᠷᠮ᠎ᠠ ᠶᠢ 85% ᠳᠤ ᠬᠦᠷᠭᠡᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ ᠲᠡᠭᠦᠳᠡᠷᠵᠢᠬᠦᠯᠵᠦ᠂ ᠠᠷᠠᠳ ᠲᠦᠮᠡᠨ ᠤ ᠠᠮᠢ ᠨᠠᠰᠤ | ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠣᠯᠠᠨ ᠲᠦᠮᠡᠨᠴᠢ ᠴᠢᠨᠠᠷᠲᠠᠶ ᠨᠡᠷᠡᠲᠦ ᠲᠡᠮᠳᠡᠭ ᠤᠨ | ᠤᠷᠤᠯᠳᠤᠭᠠᠨ ᠤ ᠠᠵᠢᠯᠯᠠᠭ᠎ᠠ ᠶᠢ ᠭᠦᠨᠵᠡᠭᠡᠶ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠰᠠᠶᠢᠨ | ᠤᠯᠠᠭᠠᠨᠮᠥ᠋ᠴᠢᠷ︾ ᠢ ᠴᠢᠷᠮᠠᠶᠢᠨ ᠡᠭᠦᠳᠦᠨ᠎ᠡ᠃ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠯᠡᠨ ᠬᠥᠭᠵᠢᠭᠦᠯᠵᠦ᠂ ︽ | 10 ᠮᠢᠨᠦ᠋ᠲ ᠤᠨ ᠬᠤᠲᠠ ᠶᠢᠨ ᠪᠡᠶ᠎ᠡ ᠴᠢᠭᠢᠷᠠᠭᠵᠢᠭᠤᠯᠬᠤ ᠴᠠᠭᠠᠷᠢᠬ︾ ᠢ ᠪᠦᠬᠦ ᠲᠠᠯ᠎ᠠ ᠪᠠᠷ ᠪᠠᠶᠢᠭᠤᠯᠤᠨ | ᠪᠦᠳᠤᠭᠡᠵᠤ᠂ ᠪᠦᠬᠦ ᠤᠯᠤᠰ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠤᠨ᠎ᠠ᠃ | ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ | 2022 ᠤᠨ ᠪᠣᠯ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ | ᠮᠦᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ | ᠠᠩᠬᠠᠨ ᠤ ᠵᠢᠯ ᠮᠦᠨ᠃ ᠪᠢᠳᠡ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ | ᠡᠬᠢᠯᠡᠯᠳᠡ ᠤᠷᠤᠬᠰᠢᠳᠠᠢ ᠭᠠᠷᠤᠭ᠎ᠠ ᠰᠠᠶᠢᠳᠠᠢ ᠪᠠᠶᠢᠬᠤ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠢᠶᠠᠷ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠳ᠋ | ᠤᠨ ᠵᠠᠰᠠᠭ ᠤᠨ ᠲᠥᠰᠦᠪ ᠤᠨ ᠣᠷᠣᠯᠭ᠎ᠠ ᠶᠢ 16% ᠣᠷᠴᠢᠮ ᠢᠶᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠣᠷᠴᠢᠮ ᠢᠶᠠᠷ ᠨᠡᠮᠡᠭᠳᠡᠭᠦᠯᠦᠨ᠎ᠡ᠃ ᠬᠤᠲᠠ ᠬᠥᠳᠡᠭᠡ | ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ | ᠲᠣᠰ 3% ᠪᠠ 7% ᠣᠷᠴᠢᠮ ᠢᠶᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠳᠤᠤᠷᠠᠬᠢ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠴᠦᠬᠦᠷᠡᠰᠢ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠪᠦᠲᠦᠴᠡ ᠶᠢ ᠲᠣᠬᠢᠷᠠᠭᠤᠯᠵᠤ | ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠠᠶᠢᠭᠤᠯᠤᠨ᠎ᠠ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ | ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠲᠦᠷᠭᠡᠯᠡᠨ ᠪᠠᠶᠢᠭᠤᠯᠤᠨ᠎ᠠ᠃ ᠠᠷᠢᠭᠤᠨ ᠴᠡᠪᠡᠷ ᠨᠡᠭᠦᠷᠡᠰᠦᠨ ᠴᠠᠬᠢᠯᠭᠠᠨ ᠤ ᠠᠵᠤ ᠦᠢᠯᠡᠰ ᠤᠨ ᠬᠡᠯᠬᠢᠶ᠎ᠡ ᠶᠢ | ᠪᠤᠵᠠᠭᠠᠶᠢᠷᠠᠭᠤᠯᠤᠨ᠎ᠠ᠃ ᠱᠧᠨ ᠬᠤᠸᠠ ᠶᠢᠨ ᠪᠠᠷᠠᠭᠤᠨ ᠨᠢᠭᠡᠳᠦᠭᠡᠷ ᠠᠭᠤᠷᠬᠠᠢ᠂ ᠤᠯᠠᠭᠠᠨ ᠲᠤᠭ ᠭᠧᠷᠮᠠᠨ | ᠨᠡᠬᠦᠷᠡᠰᠤᠨ ᠤ ᠵᠠᠳᠠᠭᠠᠢ ᠠᠭᠤᠷᠬᠠᠢ ᠶᠢ ᠬᠠᠪᠰᠤᠷᠤᠨ ᠭᠠᠵᠠᠷ ᠬᠡᠷᠡᠭᠯᠡᠬᠦ ᠵᠥᠪᠰᠢᠶᠡᠷᠡᠯ ᠤᠨ ᠪᠢᠴᠢᠭ ᠢ ᠲᠦᠷᠭᠡᠭᠡᠨ | ᠤᠯᠭᠤᠵᠤ᠂ ᠨᠡᠭᠦᠷᠡᠰᠦᠨ ᠤ ᠦᠢᠯᠡᠳᠪᠦᠷᠢᠯᠡᠯ ᠤᠨ ᠲᠣᠭᠲᠠᠭᠤᠨ ᠢᠶᠠᠷ ᠦᠷᠭᠦᠯᠵᠢᠯᠡᠬᠦ ᠶᠢ ᠪᠠᠲᠤᠯᠠᠨ᠎ᠠ︔ ᠳ᠋ᠠ ᠳᠠᠩ | ᠤᠨ ᠵᠡᠭᠦᠨ ᠬᠤᠶᠠᠳᠤᠭᠠᠷ ᠠᠭᠤᠷᠬᠠᠢ ᠶᠢᠨ ᠳᠠᠬᠢᠨ ᠪᠠᠶᠢᠭᠤᠯᠬᠤ ᠠᠵᠢᠯ ᠢ ᠲᠡᠭᠡᠷ᠎ᠠ ᠬᠠᠭᠠᠰ ᠵᠢᠯ ᠳᠤ ᠪᠡᠶᠡᠯᠡᠭᠦᠯᠵᠦ᠂ | ᠵᠢᠯ ᠤᠨ ᠳᠣᠲᠣᠷ᠎ᠠ ᠠᠵᠢᠯ ᠢᠶᠠᠨ ᠰᠡᠷᠭᠦᠭᠡᠬᠦ ᠪᠠᠷ ᠴᠢᠷᠮᠠᠶᠢᠨ᠎ᠠ︔ ᠪᠦᠦ ᠱᠠᠨ ᠤ ᠪᠦᠦ ᠮᠠ ᠨᠡᠭᠦᠷᠡᠰᠦᠨ ᠠᠭᠤᠷᠬᠠᠢ ᠶᠢ | ᠢᠳᠡᠪᠬᠢᠲᠡᠢ ᠰᠡᠷᠭᠦᠭᠡᠵᠦ᠂ ᠪᠦᠬᠦ ᠬᠤᠲᠠ ᠶᠢᠨ ᠨᠡᠭᠦᠷᠡᠰᠦᠨ ᠤ ᠭᠠᠷᠤᠯᠲᠠ ᠶᠢ 4500 ᠲᠦᠮᠡᠨ ᠲᠣᠨ ᠠᠴᠠ | ᠳᠡᠭᠡᠭᠰᠢ ᠭᠡᠮᠵᠢᠶᠠᠨ ᠳᠤ ᠲᠣᠭᠲᠠᠪᠤᠷᠢᠵᠢᠭᠤᠯᠤᠨ᠎ᠠ᠃ ᠪᠤᠬᠢᠷᠲᠠᠯ ᠦᠭᠡᠢ ᠴᠠᠬᠢᠯᠭᠠᠨ ᠢ ᠭᠠᠳᠠᠭᠰᠢ ᠭᠠᠷᠭᠠᠬᠤ᠂ ᠢᠯᠴᠢ | ᠶᠢᠨ ᠴᠠᠬᠢᠯᠭᠠᠨ ᠤ ᠳᠣᠣᠷ᠎ᠠ ᠨᠡᠭᠦᠷᠡᠰᠦᠲᠥ᠋ᠷᠥᠭᠴᠢᠲᠦ ᠢᠨᠵᠧᠨᠧᠷᠢᠩ ᠢ ᠶᠡᠭᠡ ᠪᠠᠷ ᠠᠬᠢᠭᠤᠯᠵᠤ᠂ ᠨᠡᠭᠦᠷᠡᠰᠦ | ᠰᠢᠲᠠᠭᠠᠵᠤ ᠴᠠᠬᠢᠯᠭᠠᠨ ᠭᠠᠷᠭᠠᠬᠤ 4 ᠦᠢᠯᠡᠳᠪᠦᠷᠢ ᠶᠢ ᠵᠢᠯᠣᠭᠤᠳᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠴᠢᠩᠭᠠᠳᠬᠠᠵᠤ᠂ ᠳᠣᠣᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ᠂ ᠲᠣᠭᠲᠠᠭᠤᠨ ᠢᠶᠠᠷ ᠠᠵᠢᠯᠯᠠᠬᠤ ᠶᠢ | ᠪᠡᠶᠡᠯᠡᠬᠦᠯᠦᠨ᠎ᠡ᠃ ᠨᠡᠭᠦᠷᠡᠰᠦᠨ ᠠᠭᠤᠷᠬᠠᠶ ᠪᠣᠯᠤᠨ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢ | ᠰᠢᠪᠠᠳᠠᠭᠤᠯᠵᠤ ᠪᠠᠶᠢᠭᠠᠳ ᠣᠷᠳᠣ ᠬᠤᠭᠤᠴᠠᠭᠠᠨ ᠤ ᠬᠠᠮᠵᠢᠯᠴᠠᠬᠤ ᠭᠡᠷ᠎ᠡ ᠲᠣᠭᠲᠠᠵᠤ᠂ ᠴᠠᠬᠢᠯᠭᠠᠨ ᠬᠦᠴᠦᠨ ᠤ | ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠤᠷᠢᠳᠠᠪᠡᠷ ᠪᠠᠲᠤᠯᠠᠨ᠎ᠠ᠃ ᠨᠡᠭᠦᠷᠡᠰᠦ ᠶᠢ ᠰᠤᠷ | ᠲᠡᠮᠵᠢᠭᠤᠯᠭ᠎ᠠ᠂ ᠴᠠᠬᠢᠯᠭᠠᠨ ᠬᠦᠳᠡᠯᠭᠡᠭᠦᠷᠲᠦ ᠠᠴᠢᠶᠠᠨ ᠤ ᠮᠠᠰᠢᠨ ᠪᠠ ᠴᠢᠩᠭᠡᠯᠢᠭ ᠢᠶᠠᠷ ᠲᠡᠭᠡᠭᠡᠪᠦᠷᠢᠯᠡᠬᠦ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠲᠡᠭᠡᠭᠡᠪᠦᠷᠢ ᠶᠢᠨ ᠣᠷᠴᠢᠨ ᠠᠬᠤᠢ ᠶᠢ ᠪᠤᠬᠢᠷᠲᠠᠭᠤᠯᠬᠤ | ᠠᠰᠠᠭᠤᠳᠠᠯ ᠢ ᠰᠢᠢᠳᠪᠤᠷᠢᠯᠡᠨ᠎ᠠ᠃ ᠨᠡᠭᠦᠷᠡᠰᠦᠨ ᠴᠠᠬᠢᠯᠭᠠᠨ ᠤ ᠣᠷᠴᠢᠯ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠵᠦ᠂ ᠰᠢᠩ ᠵᠢᠶᠠᠨ᠂ ᠵᠢᠶᠠ ᠫᠧᠩ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠲᠥᠷᠦᠯ ᠵᠦᠢᠯ ᠤᠨ ᠠᠯᠢ ᠲᠦᠷᠭᠡᠨ ᠢᠶᠠᠷ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ | | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠪᠤᠬᠢᠷᠲᠠᠯ ᠦᠭᠡᠢ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠣᠲᠣ ᠪᠠᠶᠢᠭ᠎ᠠ 200 | ᠲᠦᠮᠡᠨ ᠺᠢᠯᠦᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠲᠣᠭᠲᠠᠭᠤᠨ ᠢᠶᠠᠷ ᠠᠵᠢᠯᠯᠠᠬᠤ ᠶᠢ | ᠠᠬᠢᠭᠤᠯᠵᠤ᠂ ᠲᠠᠢ ᠹᠦ᠋ ᠡᠨᠧᠷᠭᠢ ᠶᠢᠨ 100 ᠲᠦᠮᠡᠨ ᠺᠢᠯᠦᠸᠠᠲ ᠤᠨ ᠰᠢᠨ᠎ᠡ ᠪᠠᠷ ᠪᠠᠶᠢᠭᠤᠯᠬᠤ ᠰᠠᠯᠬᠢᠨ ᠬᠦᠴᠦᠨ | ᠤ ᠴᠠᠬᠢᠯᠭᠠᠨ ᠤ ᠲᠥᠷᠥᠯ ᠵᠦᠢᠯ ᠢ 4 ᠰᠠᠷ᠎ᠠ ᠳᠤ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ | ᠦᠨᠡᠨ ᠬᠦ ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ | ᠠᠰᠢᠭᠯᠠᠬᠤ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠶᠠᠯ | ᠢ ᠠᠮᠵᠢᠵᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠤᠨ ᠴᠠᠬᠢᠯᠭᠠᠨ ᠤ ᠪᠥᠲᠥᠭᠡᠨ ᠪᠠᠶᠢᠭᠤᠯᠤᠯᠲᠠ ᠶᠢᠨ | ᠬᠥᠢᠴᠡᠳᠬᠡᠯ ᠲᠤᠭ᠎ᠠ ᠶᠢ ᠢᠳᠡᠪᠬᠢᠯᠡᠨ ᠣᠯᠵᠤ᠂ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠪᠠ ᠰᠢᠨ᠎ᠡ ᠡᠨᠧᠷᠭᠢ ᠶᠢᠨ | ᠰᠤᠷᠪᠤᠯᠵᠢ ᠶᠢᠨ ᠡᠵᠡᠯᠡᠬᠦ ᠬᠠᠷᠢᠴᠠᠯ ᠵᠦᠶ ᠵᠣᠬᠢᠰᠲᠠᠶ᠂ ᠰᠠᠶᠢᠨ ᠦᠢᠯᠡᠳᠤᠯᠴᠡᠬᠦ ᠠᠵᠤ ᠦᠢᠯᠡᠰ ᠤᠨ ᠪᠠᠶᠢᠷᠢᠰᠢᠯ ᠢ | ᠠᠯᠬᠤᠮ ᠠᠯᠬᠤᠮ ᠢᠶᠠᠷ ᠪᠣᠶ ᠪᠣᠯᠭᠠᠨ᠎ᠠ᠃ ᠠᠭᠤᠷᠬᠠᠶ ᠶᠢᠨ ᠣᠷᠣᠨ ᠤ ᠮᠠᠯᠲᠠᠵᠤ ᠬᠥᠨᠳᠡᠶᠢᠷᠡᠭᠦᠯᠦᠭᠰᠡᠨ ᠭᠠᠵᠠᠷ | ᠰᠢᠷᠣᠶ ᠵᠢᠴᠢ ᠰᠢᠷᠣᠶ ᠢᠯᠭᠠᠬᠤ ᠲᠠᠯᠠᠪᠠᠶ ᠶᠢ ᠬᠥᠢᠴᠡᠳ ᠠᠰᠢᠭᠯᠠᠨ᠂ ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠢ ᠴᠢᠷᠮᠠᠶᠢᠨ ᠣᠷᠣᠭᠤᠯᠤᠨ ᠠᠪᠴᠢᠷᠠᠵᠤ᠂ ᠬᠡᠷᠡᠯ ᠢᠶᠠᠷ ᠴᠠᠬᠢᠯᠭᠠᠨ ᠭᠠᠷᠭᠠᠬᠤ ᠪᠠ ᠠᠮᠢ ᠠᠬᠤᠶ ᠶᠢ ᠰᠡᠷᠭᠦᠭᠡᠨ | ᠵᠠᠰᠠᠬᠤ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠤᠨ᠎ᠠ᠃ ᠵᠢᠷᠭᠠᠯᠠᠩᠲᠤ ᠨᠡᠭᠦᠷᠡᠰᠦᠨ ᠳᠠᠪᠬᠤᠷᠭ᠎ᠠ ᠶᠢᠨ | ᠬᠡᠢ ᠶᠢ ᠨᠡᠭᠡᠭᠡᠨ ᠠᠰᠢᠭᠯᠠᠬᠤ ᠲᠥᠷᠥᠯ ᠵᠦᠢᠯ ᠤᠨ ᠠᠵᠢᠯ ᠡᠬᠢᠯᠡᠬᠦᠯᠵᠤ ᠪᠦᠲᠦᠭᠡᠨ ᠪᠠᠶᠢᠭᠤᠯᠬᠤ ᠶᠢ ᠠᠬᠢᠭᠤᠯᠵᠤ᠂ | ᠨᠡᠭᠦᠷᠡᠰᠦᠨ ᠳᠠᠪᠬᠤᠷᠭ᠎ᠠ ᠶᠢᠨ ᠬᠡᠢ ᠶᠢᠨ ︽ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ ᠨᠢᠭᠡ ᠴᠤᠭᠴᠠᠵᠢᠭᠤᠯᠬᠤ | ︾ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠤᠢ ᠪᠤᠯᠭᠠᠨ᠎ᠠ᠃ ᠰᠢᠨ᠎ᠡ ᠨᠢᠭᠡ ᠡᠭᠡᠯᠵᠢ ᠶᠢᠨ ᠰᠠᠯᠬᠢᠨ | ᠬᠦᠴᠦᠨ ᠤ ᠴᠠᠬᠢᠯᠭᠠᠨ ᠢ ᠨᠡᠭᠡᠭᠡᠨ ᠬᠥᠭᠵᠢᠭᠦᠯᠬᠦ ᠠᠰᠢᠭᠲᠠᠢ ᠲᠣᠬᠢᠶᠠᠯ ᠢ ᠴᠢᠩᠭ᠎ᠠ ᠮᠦᠷᠳᠡᠵᠤ᠂ ᠰᠠᠯᠬᠢᠨ ᠬᠦᠴᠦᠨ | ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ | ᠬᠠᠭᠤᠳᠠᠰᠤ ᠶᠢ ᠴᠢᠷᠮᠠᠶᠢᠨ ᠤᠯᠤᠭᠤᠯᠵᠤ᠂ ᠪᠦᠬᠦ ᠵᠢᠯ ᠳᠤ ᠦᠯᠢᠶᠡᠬᠦᠷ ᠮᠠᠰᠢᠨ ᠢ 700 ᠠᠴᠠ ᠳᠡᠭᠡᠭᠰᠢ᠂ ᠲᠠᠯᠪᠢ | ᠶᠢ 500 ᠠᠴᠠ ᠳᠡᠭᠡᠭᠰᠢ ᠦᠢᠯᠡᠳᠪᠦᠷᠢᠯᠡᠨ᠎ᠡ᠃ ᠮᠢᠩ ᠶᠠᠩ ᠤᠶᠤᠨᠲᠤ ᠡᠨᠧᠷᠭᠢ ᠶᠢᠨ ᠠᠵᠢᠯᠯᠠᠭᠤᠯᠵᠤ ᠠᠷᠠᠴᠢᠯᠠᠬᠤ | ᠰᠠᠭᠤᠷᠢᠨ ᠭᠠᠵᠠᠷ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠥᠬᠦ ᠠᠶᠢᠮᠠᠭ ᠢ ᠬᠠᠮᠤᠷᠤᠭᠰᠠᠨ᠂ ᠡᠷᠬᠢᠨ | ᠲᠣᠭᠤᠷᠢᠨ ᠢ ᠨᠥᠯᠥᠭᠡᠯᠡᠭᠰᠡᠨ ᠲᠣᠮᠣ ᠬᠡᠯᠪᠡᠷᠢ ᠶᠢᠨ ᠲᠣᠭᠠᠴᠢᠯᠠᠭᠰᠠᠨ ᠰᠢᠨ᠎ᠡ ᠡᠨᠧᠷᠭᠢ ᠶᠢᠨ ᠠᠵᠢᠯᠯᠠᠭᠤᠯᠵᠤ | ᠠᠷᠠᠴᠢᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ | ᠬᠥᠭᠵᠢᠯᠲᠡ ᠠᠴᠠ ᠡᠭᠦᠰᠦᠭᠰᠡᠨ ᠲᠣᠨᠣᠭᠯᠠᠯ ᠦᠢᠯᠡᠳᠬᠦ ᠬᠡᠷᠡᠭᠴᠡᠭᠡ ᠲᠠᠢ ᠤᠶᠠᠯᠳᠤᠭᠤᠯᠤᠨ᠂ ᠨᠡᠷᠡᠨ ᠡᠨᠧᠷᠭᠢ ᠶᠢᠨ | ᠲᠣᠨᠣᠭᠯᠠᠭᠠᠰᠤ᠂ ᠭᠤᠣᠯ ᠰᠡᠯᠪᠢᠭ ᠲᠣᠨᠤᠭ ᠦᠢᠯᠡᠳᠬᠦ ᠵᠡᠷᠭᠡ ᠲᠡᠷᠢᠭᠦᠨ ᠤ ᠦᠢᠯᠡᠳᠬᠦ ᠦᠢᠯᠡᠰ ᠢ ᠵᠣᠷᠢᠬᠵᠢᠭᠤᠯᠤᠨ | ᠬᠥᠭᠵᠢᠭᠦᠯᠵᠦ᠂ ᠰᠠᠯᠬᠢ ᠭᠡᠷᠡᠯ ᠢᠯᠴᠢ ᠤᠰᠤᠲᠥ᠋ᠷᠥᠭᠴᠢ ᠬᠠᠳᠠᠭᠠᠯᠠᠯᠳᠠ ᠶᠢ ᠨᠢᠭᠡ ᠴᠣᠭᠴᠠᠵᠢᠭᠤᠯᠬᠤ ᠲᠥᠷᠥᠯ | ᠵᠦᠢᠯ ᠢ ᠰᠦᠪᠡᠭᠴᠢᠯᠡᠨ ᠤᠷᠤᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠬᠦ ᠠᠵᠤ ᠦᠢᠯᠡᠰ ᠢᠶᠠᠷ᠂ | ᠥᠨᠳᠥᠷ ᠲᠦᠪᠰᠢᠨ ᠢᠶᠠᠷ ᠬᠥᠭᠵᠢᠬᠦ ᠶᠢ ᠠᠬᠢᠭᠤᠯᠤᠨ᠎ᠠ᠃ | ᠪᠤᠬᠢᠷᠲᠠᠯ ᠦᠭᠡᠢ ᠮᠠᠯ ᠤᠨ ᠠᠰᠢᠭ ᠰᠢᠮ᠎ᠡ ᠶᠢᠨ ᠠᠵᠤ ᠦᠢᠯᠡᠰ ᠤᠨ ᠬᠡᠯᠬᠢᠶ᠎ᠠ ᠶᠢ ᠭᠦᠢᠴᠡᠳ ᠪᠤᠯᠭᠠᠨ᠎ᠠ᠃ | ᠪᠤᠬᠢᠷᠲᠠᠯ ᠦᠭᠡᠢ ᠪᠤᠯᠭᠠᠬᠤ᠂ ᠨᠡᠷᠡᠲᠦ ᠲᠡᠮᠳᠡᠭᠵᠢᠬᠦᠯᠬᠦ ᠬᠥᠭᠵᠢᠯᠲᠡ ᠶᠢᠨ ᠴᠢᠭᠯᠡᠯ ᠳᠤ ᠰᠠᠭᠤᠷᠢᠯᠠᠨ᠂ ᠲᠠᠷᠢᠶᠠᠯᠠᠩ | ᠮᠠᠯ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠬᠦᠯᠵᠦ᠂ ᠤᠯᠤᠰ ᠤᠨ | ᠪᠤᠬᠢᠷᠲᠠᠯ ᠦᠭᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠪᠤᠯᠪᠠᠰᠤᠷᠠᠭᠤᠯᠬᠤ | ᠴᠢᠬᠤᠯᠠ ᠰᠠᠭᠤᠷᠢᠨ ᠭᠠᠵᠠᠷ ᠢ ᠦᠷᠭᠦᠯᠵᠢᠯᠡᠨ ᠪᠤᠢ ᠪᠣᠯᠭᠠᠨ᠎ᠠ᠃ ᠦᠬᠡᠷ ᠲᠡᠵᠢᠭᠡᠬᠦ ᠳᠤ ᠲᠣᠬᠢᠷᠠᠮᠵᠢᠲᠠᠢ ᠪᠣᠯ ᠦᠬᠡᠷ | ᠲᠡᠵᠢᠭᠡᠵᠤ᠂ ᠬᠤᠨᠢ ᠲᠡᠵᠢᠭᠡᠬᠦ ᠳᠤ ᠲᠣᠬᠢᠷᠠᠮᠵᠢᠲᠠᠢ ᠪᠣᠯ ᠬᠤᠨᠢ ᠲᠡᠵᠢᠭᠡᠬᠦ ᠶᠢ ᠪᠠᠷᠢᠮᠲᠠᠯᠠᠵᠤ᠂ ᠮᠠᠯ ᠰᠦᠷᠦᠭ | ᠮᠠᠯ ᠤᠨ ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠮᠢᠬᠠᠨ ᠤ ᠦᠬᠡᠷ ᠤᠨ ᠰᠠᠶᠢᠨ | ᠡᠭᠦᠯᠳᠡᠷ ᠢ ᠥᠷᠭᠡᠳᠬᠡᠨ ᠦᠷᠡᠵᠢᠭᠦᠯᠬᠦ ᠶᠢ ᠰᠠᠶᠢᠲᠤᠷ ᠠᠳᠬᠤᠵᠤ᠂ ᠪᠤᠶᠢᠵᠢᠭᠤᠯᠤᠨ ᠪᠣᠷᠳᠣᠬᠤ᠂ ᠲᠡᠵᠢᠭᠡᠨ | ᠠᠷᠠᠴᠢᠯᠠᠵᠤ ᠬᠠᠮᠢᠶᠠᠷᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠰᠠᠶᠢᠲᠤᠷ ᠠᠳᠬᠤᠵᠤ᠂ ᠴᠢᠨᠠᠷ ᠰᠠᠶᠢᠳᠠᠢ | ᠰᠠᠶᠢᠨ ᠡᠬᠦᠯᠳᠡᠷ ᠤᠨ ᠮᠢᠬᠠᠨ ᠤ ᠦᠭᠡᠷ ᠢ 500 ᠲᠣᠯᠣᠭᠠᠢ ᠣᠷᠣᠭᠤᠯᠤᠨ᠂ 5.3 ᠲᠦᠮᠡᠨ ᠲᠣᠯᠣᠭᠠᠢ ᠦᠬᠡᠷ ᠤᠨ | ᠡᠭᠦᠯᠳᠡᠷ ᠢ ᠰᠠᠶᠢᠵᠢᠷᠠᠭᠤᠯᠵᠤ᠂ ᠮᠢᠬᠠᠨ ᠤ ᠦᠬᠡᠷ ᠤᠨ ᠭᠤᠣᠯᠯᠠᠬᠤ ᠰᠦᠷᠦᠭ ᠢ ᠰᠢᠨ᠎ᠠ ᠪᠠᠷ 2 ᠨᠡᠮᠡᠭᠳᠡᠭᠦᠯᠦᠨ᠎ᠡ᠃ | ᠮᠢᠬᠠᠨ ᠤ ᠬᠤᠨᠢ ᠶᠢ ᠴᠡᠪᠡᠷᠰᠢᠭᠦᠯᠦᠨ ᠪᠤᠵᠠᠭᠠᠢᠢᠷᠠᠭᠤᠯᠬᠤ᠂ ᠡᠷᠯᠢᠰᠡᠵᠢᠭᠦᠯᠦᠨ ᠪᠣᠷᠳᠣᠬᠤ᠂ ᠨᠠᠷᠠᠲᠤ ᠲᠡᠮᠳᠡᠭ ᠢᠶᠠᠷ | ᠡᠵᠡᠩᠨᠡᠨ ᠪᠣᠷᠣᠯᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ | ᠮᠢᠬᠠᠨ ᠤ ᠬᠤᠨᠢᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠤ᠂ ᠵᠢᠯ | ᠤᠨ ᠳᠣᠲᠣᠷ᠎ᠠ ᠭᠤᠣᠯᠳᠠᠯᠭ᠎ᠠ ᠲᠠᠢ ᠬᠤᠴᠠ ᠤᠬᠤᠨ᠎ᠠ ᠶᠢᠨ ᠲᠠᠯᠠᠪᠠᠢ ᠶᠢ 1᠂ ᠥᠷᠭᠡᠳᠬᠡᠨ ᠦᠷᠡᠵᠢᠭᠦᠯᠬᠦ ᠲᠠᠯᠠᠪᠠᠢ | ᠶᠢ 5᠂ ᠭᠤᠣᠯᠯᠠᠬᠤ ᠰᠦᠷᠦᠭ ᠢ 145 ᠪᠠᠶᠢᠭᠤᠯᠤᠨ ᠪᠦᠳᠤᠭᠡᠨᠠ᠃ ᠡᠪᠡᠰᠦ ᠪᠣᠷᠳᠤᠭ᠎ᠠ ᠪᠠᠷ ᠬᠤᠨᠢ ᠲᠡᠵᠢᠭᠡᠬᠦ ᠶᠢ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠵᠢᠯ ᠤᠨ ᠲᠤᠳᠤᠷ᠎ᠠ ᠡᠪᠡᠰᠦ ᠪᠣᠷᠳᠤᠭ᠎ᠠ ᠪᠠᠷ | ᠲᠡᠵᠢᠭᠡᠭᠰᠡᠨ ᠬᠤᠨᠢ ᠶᠢ 50 ᠲᠦᠮᠡ ᠠᠴᠠ ᠲᠡᠭᠡᠭᠰᠢ ᠪᠣᠯᠪᠠᠰᠤᠷᠠᠭᠤᠯᠵᠤ᠂ ᠰᠢᠯᠢ ᠶᠢᠨ ᠭᠤᠤᠯ ᠬᠤᠨᠢᠨ ᠤ ᠴᠢᠨᠠᠷ | ᠰᠠᠶᠢᠳᠠᠢ ᠮᠦᠷᠲᠡᠭᠡᠨ ᠦᠨ᠎ᠡ ᠰᠠᠶᠢᠳᠠᠢ ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠠᠬᠢᠭᠤᠯᠤᠨ᠎ᠠ᠃ | ᠦᠷ᠎ᠡ ᠲᠠᠷᠢᠶ᠎ᠠ ᠪᠠᠷ ᠲᠡᠵᠢᠭᠡᠬᠦ ᠬᠤᠨᠢ ᠶᠢ 20 ᠲᠦᠮᠡ ᠪᠣᠷᠳᠣᠨ ᠪᠤᠷᠤᠯᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ | ᠪᠠ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠡᠷᠡᠭᠴᠡᠭᠡ ᠶᠢ ᠪᠠᠲᠤᠯᠠᠨ᠎ᠠ᠃ ᠳ᠋ᠠ ᠵᠤᠸᠠᠩ ᠶᠤᠸᠠᠨ ︽ᠲᠥᠪ | ᠲᠣᠭᠤᠭᠠᠨ ᠭᠡᠷ︾ ᠤᠨ ᠲᠥᠷᠥᠯ ᠵᠦᠢᠯ ᠢ ᠪᠠᠶᠢᠭᠤᠯᠤᠨ ᠪᠦᠳᠤᠭᠡᠵᠤ ᠠᠰᠢᠭᠯᠠᠯᠲᠠ ᠳᠤ ᠣᠷᠣᠭᠤᠯᠵᠤ᠂ ᠮᠠᠯ ᠤᠨ | ᠠᠰᠢᠭ ᠰᠢᠮ᠎ᠡ ᠶᠢ ᠨᠠᠷᠢᠯᠢᠬ ᠪᠤᠯᠪᠠᠰᠤᠷᠠᠭᠤᠯᠬᠤ ᠨᠣᠷᠮ᠎ᠠ ᠶᠢ 65% ᠠᠴᠠ ᠲᠡᠭᠡᠭᠰᠢ ᠬᠡᠮᠵᠢᠶᠡᠨ ᠳᠤ ᠪᠠᠶᠢᠯᠭᠠᠨ᠎ᠠ᠃ | ︽ᠰᠢᠯᠢ ᠶᠢᠨ ᠬᠤᠲᠠ ᠶᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠦᠯᠦᠪᠵᠢᠬᠦᠯᠬᠡ︾ ᠶᠢ | ᠲᠦᠷᠭᠡᠯᠡᠨ ᠨᠠᠶᠢᠷᠠᠭᠤᠯᠤᠨ ᠵᠣᠬᠢᠶᠠᠵᠦ᠂ ᠰᠢᠯᠢ ᠶᠢᠨ ᠭᠤᠤᠯ ᠤᠨ ᠠᠲᠤᠭᠤ ᠶᠢ ᠬᠠᠮᠠᠭᠠᠯᠠᠬᠤ᠂ ᠰᠠᠶᠢᠨ ᠡᠭᠦᠯᠳᠡᠷ ᠤᠨ | ᠠᠳᠤᠭᠤ ᠶᠢ ᠦᠷᠡᠵᠢᠭᠦᠯᠦᠨ ᠪᠤᠶᠢᠵᠢᠭᠤᠯᠬᠤ᠂ ᠠᠳᠤᠭᠤᠨ ᠤ ᠪᠦᠲᠦᠭᠡᠭᠳᠡᠬᠦᠨ ᠦᠢᠯᠡᠳᠪᠦᠷᠢᠯᠡᠬᠦ᠂ ᠠᠳᠤᠭᠤᠨ | ᠰᠣᠶᠣᠯ ᠢ ᠳᠡᠯᠭᠡᠨ ᠦᠵᠡᠭᠦᠯᠬᠦ ᠵᠡᠷᠭᠡ ᠠᠵᠢᠯ ᠢ ᠶᠡᠭᠡ ᠪᠠᠷ ᠬᠡᠷᠡᠭᠵᠢᠬᠦᠯᠦᠨ᠎ᠡ᠃ ᠴᠠᠭᠠᠨ ᠢᠳᠡᠭᠡᠨ ᠤ ᠠᠵᠤ | ᠠᠬᠤᠶᠢᠯᠠᠯ ᠤᠨ ᠴᠢᠨᠠᠷᠯᠢᠭ ᠰᠦ ᠦᠢᠯᠡᠳᠪᠦᠷᠢᠯᠡᠬᠦ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠴᠢᠨᠠᠷ ᠰᠠᠶᠢᠲᠠᠶ | ᠰᠦ ᠶᠢᠨ ᠢᠷᠡᠯᠲᠡ ᠶᠢᠨ ᠦᠢᠯᠡᠳᠪᠦᠷᠢᠯᠡᠵᠦ ᠪᠤᠯᠪᠠᠰᠤᠷᠠᠭᠤᠯᠬᠤ ᠰᠠᠭᠤᠷᠢᠨ ᠭᠠᠵᠠᠷ ᠢ ᠪᠣᠶ ᠪᠣᠯᠭᠠᠨ᠎ᠠ︔ ᠣᠷᠣᠨ | ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠤᠯᠠᠮᠵᠢᠯᠠᠯᠲᠤ ᠵᠢᠵᠢᠭ ᠦᠢᠯᠡᠳᠬᠡᠯ ᠤᠨ ᠭᠠᠵᠠᠷ ᠤᠨ ᠵᠡᠷᠭᠡ ᠲᠠᠰ | ᠲᠡᠪᠰᠢᠬᠦ ᠶᠢ ᠲᠡᠳᠬᠦᠨ ᠳᠡᠮᠵᠢᠨ᠎ᠡ᠃ ᠲᠠᠯ᠎ᠠ ᠨᠤᠲᠤᠭ ᠤᠨ ᠮᠥᠭᠦ᠂ ᠲᠥᠮᠥᠰᠥ᠂ ᠴᠠᠬᠢᠷᠮ᠎ᠠ ᠵᠡᠷᠭᠡ ᠤᠨᠴᠠᠯᠢᠬᠳᠤ | ᠲᠠᠷᠢᠮᠠᠯ ᠤᠨ ᠠᠵᠤ ᠦᠢᠯᠡᠰ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠤᠯᠠᠨ ᠠᠵᠤ ᠦᠢᠯᠡᠰ ᠡᠵᠡᠩᠨᠡᠵᠦ᠂ ᠤᠯᠠᠨ | ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ᠎ᠡ᠃ ᠰᠦᠷᠯᠢᠭ ᠰᠠᠶᠢᠬᠠᠨ ᠲᠠᠯ᠎ᠠ | ᠨᠤᠲᠤᠭ ᠤᠨ ᠥᠩᠭᠡ ᠦᠵᠡᠮᠵᠢ ᠪᠠ ᠭᠦᠨ ᠵᠤᠵᠠᠭᠠᠨ ᠠᠷᠠᠳ ᠤᠨ ᠵᠠᠩ ᠦᠢᠯᠡ ᠶᠢᠨ ᠰᠣᠶᠣᠯ ᠳᠤ ᠲᠦᠰᠢᠭᠯᠡᠨ᠂ | ︽ᠵᠢᠭᠤᠯᠴᠢᠯᠠᠯ +︾ ᠶᠢᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠶ | ᠵᠢᠭᠤᠯᠴᠢᠯᠠᠯ ᠤᠨ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠪᠥᠬᠦ ᠴᠠᠷᠠᠭᠠᠨ ᠤ ᠵᠢᠭᠤᠯᠴᠢᠯᠠᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠦᠷᠭᠡᠯᠡᠨ ᠨᠠᠶᠢᠷᠠᠭᠤᠯᠤᠨ ᠵᠣᠬᠢᠶᠠᠵᠤ᠂ ︽ᠳᠥᠷᠪᠡ ᠶᠢ ᠨᠢᠭᠡ | ᠴᠤᠭᠴᠠᠵᠢᠭᠤᠯᠬᠤ︾ ᠬᠤᠲᠠ ᠶᠢᠨ ᠲᠣᠭᠤᠷᠢᠭ ᠤᠨ ᠵᠢᠭᠤᠯᠴᠢᠯᠠᠯ ᠪᠠ ︽ᠨᠢᠭᠡ ᠭᠤᠤᠯ᠂ ᠨᠢᠭᠡ ᠱᠤᠭᠤᠮ᠂ ᠲᠠᠪᠤᠨ | ᠴᠢᠭ︾ ᠤᠨ ᠮᠠᠯᠵᠢᠬᠤ ᠣᠷᠣᠨ ᠤ ᠵᠢᠭᠤᠯᠴᠢᠯᠠᠯ ᠤᠨ ᠰᠣᠳᠣᠨ ᠱᠤᠭᠤᠮ ᠢ ᠢᠳᠡᠪᠬᠢᠲᠡᠶ ᠪᠣᠶ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠᠯᠳᠤᠭᠠᠴᠢᠨ ᠤᠷᠢᠵᠤ | ᠪᠡᠯᠡ ᠲᠠᠲᠠᠬᠤ ᠪᠠ ᠪᠡᠯᠡ ᠮᠥᠩᠭᠦ ᠶᠢ ᠴᠢᠷᠮᠠᠶᠢᠨ ᠣᠯᠬᠤ ᠡᠷᠴᠢᠮ ᠢ ᠴᠢᠩᠭᠠᠷᠠᠭᠤᠯᠵᠤ᠂ ᠣᠶᠤᠨᠴᠢ ᠰᠣᠶᠣᠯ | ᠵᠢᠭᠤᠯᠴᠢᠯᠠᠯ ᠤᠨ ᠡᠭᠦᠯᠡᠨ ᠲᠠᠪᠴᠠᠩ᠂ ᠶᠤᠸᠠᠨ ᠤ ᠲᠡᠭᠡᠳᠤ ᠨᠡᠶᠢᠰᠯᠡᠯ ᠪᠠ ᠲᠤᠮᠳᠠᠳᠤ ᠤᠯᠤᠰ ᠤᠨ ᠠᠳᠤᠭᠤᠨ | ᠰᠤᠶᠤᠯ ᠤᠨ ᠲᠦᠪ ᠢ ᠬᠤᠯᠪᠤᠭᠰᠠᠨ ᠮᠤᠷᠢᠨ ᠵᠠᠮ᠂ ᠡᠮᠦᠨ᠎ᠡ ᠠᠭᠤᠯᠠ ᠶᠢᠨ ᠲᠠᠮᠢᠷ ᠤᠨ ᠴᠡᠴᠡᠷᠯᠢᠭ᠂ ᠪᠢᠰᠢᠯᠠᠭ ᠤᠨ | ᠪᠠᠯᠭᠠᠰᠤ ᠵᠡᠷᠭᠡ ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠬᠦᠯᠬᠦ ᠶᠢ ᠠᠬᠢᠭᠤᠯᠵᠤ᠂ ᠲᠠᠯ᠎ᠠ ᠨᠤᠲᠤᠭ ᠤᠨ | ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠪᠠᠭᠤᠷᠢ᠂ ᠴᠠᠬᠢᠷᠮ᠎ᠠ ᠶᠢᠨ ᠲᠠᠯ᠎ᠠ ᠨᠤᠲᠤᠭ᠂ ᠬᠦᠢᠲᠡᠨᠰᠢᠯᠢ ᠶᠢᠨ | ᠪᠠᠶᠢᠭᠠᠯᠢ ᠶᠢᠨ ᠤᠷᠭᠤᠮᠠᠯ ᠤᠨ ᠬᠦᠷᠢᠶᠡᠯᠡᠩ᠂ ᠬᠤᠯᠠᠨ ᠰᠢᠷᠭ᠎ᠠ ᠲᠠᠭ᠎ᠠ ᠵᠡᠷᠭᠡ ᠴᠢᠨᠠᠷᠯᠢᠬ ᠵᠢᠭᠤᠯᠴᠢᠯᠠᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠨᠠᠩ ᠣᠯᠠᠨ ᠠᠮᠢ ᠠᠬᠤᠢ ᠶᠢᠨ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠢ ᠪᠣᠯᠭᠠᠨ᠎ᠠ᠃ ︽ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ | ︾ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠢᠵᠢ ᠪᠦᠷᠢᠳᠤᠬᠦᠯᠬᠦ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠬᠤᠳᠠᠯᠳᠤᠭᠠᠴᠢᠳ ᠤᠨ ᠣᠷᠣᠵᠤ ᠰᠠᠭᠤᠬᠤ ᠨᠣᠷᠮ᠎ᠠ ᠶᠢ ᠳᠡᠭᠡᠭᠰᠢᠯᠡᠭᠦᠯᠵᠦ᠂ ᠪᠦᠬᠦ ᠠᠶᠢᠮᠠᠭ | ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ | ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠣᠳᠣ ᠪᠠᠶᠢᠭ᠎ᠠ ︽ᠮᠠᠯᠴᠢᠨ ᠠᠶᠢᠯ︾ ᠤᠨ ᠵᠡᠷᠭᠡ ᠲᠡᠰ ᠢ ᠳᠡᠪᠰᠢᠭᠦᠯᠦᠨ᠂ | ᠬᠡᠪᠴᠢᠶᠡᠵᠢᠬᠦᠯᠦᠭᠰᠡᠨ ︽ᠬᠠᠮᠲᠤ ᠪᠠᠷ ᠡᠳ᠋ᠯᠡᠬᠦ ᠮᠠᠯᠵᠢᠯ ᠤᠨ ᠲᠠᠯᠠᠪᠠᠢ︾ ᠶᠢ ᠬᠥᠭᠵᠢᠭᠦᠯᠬᠦ ᠶᠢ ᠳᠠᠮᠵᠢᠵᠤ᠂ | ᠮᠠᠯᠵᠢᠬᠤ ᠣᠷᠣᠨ ᠤ ᠣᠨᠴᠠᠯᠢᠭᠲᠤ ᠠᠷᠠᠳ ᠤᠨ ᠪᠠᠭᠤᠳᠠᠯ ᠤᠨ ᠬᠥᠯᠢᠶᠡᠨ ᠵᠤᠴᠢᠯᠠᠬᠤ ᠡᠷᠦᠬᠡ ᠶᠢ 1 — 3 | ᠴᠢᠮᠡᠭᠯᠡᠨ ᠪᠤᠶᠢᠵᠢᠭᠤᠯᠤᠨ᠎ᠠ᠃ ᠵᠣᠴᠢᠳ ᠤᠨ ᠪᠠᠭᠤᠳᠠᠯ᠂ ᠵᠢᠭᠤᠯᠴᠢᠯᠠᠯ ᠤᠨ ᠭᠠᠵᠠᠷ ᠤᠨ ᠣᠳᠣᠨ ᠳᠡᠰ ᠢ ᠦᠨᠡᠯᠡᠨ | ᠲᠣᠭᠲᠠᠭᠠᠬᠤ ᠠᠵᠢᠯ ᠢ ᠥᠷᠨᠢᠭᠦᠯᠵᠦ᠂ ᠰᠦᠯᠵᠢᠶᠡᠨ ᠲᠡᠭᠡᠷ᠎ᠠ ᠨᠡᠷ᠎ᠠ ᠴᠤᠤᠳᠠᠢ ᠪᠠᠭᠤᠳᠠᠯ ᠢ 3 — 4 | ᠪᠤᠶᠢᠵᠢᠭᠤᠯᠤᠨ᠎ᠠ᠃ ᠵᠣᠨ ᠤ ᠤᠯᠠᠷᠢᠯ ᠤᠨ ᠰᠣᠶᠣᠯ ᠤᠨ ᠨᠠᠶᠢᠷ᠂ ᠵᠢᠭᠤᠯᠴᠢᠯᠠᠯ ᠤᠨ ᠰᠤᠶᠤᠯ ᠤᠨ ᠨᠠᠶᠢᠷ᠂ ᠮᠣᠷᠢᠨ | ᠮᠡᠷᠭᠡᠵᠢᠯ ᠤᠨ ᠰᠣᠶᠣᠯ ᠤᠨ ᠨᠠᠶᠢᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠶᠢᠷ᠂ ᠮᠥᠰᠥ ᠴᠠᠰᠤᠨ ᠤ | ᠰᠣᠶᠣᠯ ᠤᠨ ᠨᠠᠶᠢᠷ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠭᠤᠯᠴᠢᠯᠠᠯ ᠤᠨ | ᠬᠥᠭᠵᠢᠶᠡᠨᠲᠦ ᠤᠯᠠᠷᠢᠯ ᠳᠤ ︽ᠰᠠᠷ᠎ᠠ ᠪᠦᠷᠢ ᠭᠤᠤᠯ ᠰᠡᠳᠦᠪ ᠲᠠᠢ᠂ ᠭᠠᠷᠠᠭ ᠪᠦᠷᠢ ᠠᠵᠢᠯᠯᠠᠭ᠎ᠠ ᠲᠠᠢ᠂ ᠡᠳᠦᠷ ᠪᠦᠷᠢ | ᠲᠣᠭᠯᠠᠯᠲᠠ ᠲᠠᠢ︾ ᠪᠠᠶᠢᠬᠤ ᠶᠢ ᠪᠡᠶᠡᠯᠡᠭᠦᠯᠵᠦ᠂ ᠵᠢᠭᠤᠯᠴᠢᠯᠠᠯ ᠤᠨ ᠣᠷᠣᠯᠭ᠎ᠠ ᠶᠢ 12% ᠢᠶᠠᠷ ᠨᠡᠮᠡᠭᠳᠡᠭᠦᠯᠬᠦ ᠪᠠᠷ | ᠴᠢᠷᠮᠠᠶᠢᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠲᠦᠷᠭᠡᠯᠡᠨ ᠠᠬᠢᠭᠤᠯᠵᠤ᠂ ᠢᠷᠡᠭᠡᠳᠦᠢ ᠶᠢᠨ ᠠᠵᠤ ᠦᠢᠯᠡᠰ ᠢ ᠨᠠᠷᠢᠨ ᠬᠢᠨᠠᠮᠠᠭᠠᠢ ᠲᠥᠰᠦᠪᠯᠡᠨ | ᠪᠠᠶᠢᠷᠢᠯᠠᠭᠤᠯᠵᠤ᠂ ᠡᠨᠧᠷᠭᠢ ᠪᠠ ᠬᠥᠨᠳᠤ ᠠᠵᠤ ᠦᠢᠯᠡᠳᠪᠤᠷᠢ ᠳᠤ ᠲᠦᠰᠢᠭᠯᠡᠬᠦ ᠠᠵᠤ ᠦᠢᠯᠡᠰ ᠤᠨ ᠪᠦᠲᠦᠴᠡ ᠶᠢ | ᠠᠯᠬᠤᠮ ᠠᠯᠬᠤᠮ ᠢᠶᠠᠷ ᠬᠤᠪᠢᠷᠠᠭᠤᠯᠤᠨ᠎ᠠ᠃ ᠪᠠᠶᠠᠨ ᠡᠯᠪᠡᠭ ᠭᠧᠷᠮᠠᠨ ᠤ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠭᠦᠢᠴᠡᠳ ᠠᠰᠢᠭᠯᠠᠨ᠂ ᠭᠧᠷᠮᠠᠨ ᠤ ᠠᠵᠤ ᠦᠢᠯᠡᠰ ᠤᠨ ᠲᠤᠤᠷᠠᠳᠤ ᠤᠷᠤᠰᠬᠠᠯ ᠲᠡᠰᠢ ᠦᠷᠬᠡᠳᠬᠦ ᠶᠢ | ᠠᠬᠢᠭᠤᠯᠤᠨ᠎ᠠ᠃ ᠪᠤᠬᠢᠷᠲᠠᠯ ᠦᠭᠡᠢ ᠡᠨᠧᠷᠭᠢ ᠠᠴᠢᠶᠠᠯᠠᠬᠤ ᠠᠵᠤ ᠦᠢᠯᠡᠰ ᠢ ᠬᠥᠲᠥᠯᠦᠨ ᠵᠢᠯᠣᠭᠤᠳᠴᠤ | ᠬᠥᠭᠵᠢᠭᠦᠯᠦᠨ᠂ ᠪᠤᠬᠢᠷᠲᠠᠯ ᠦᠭᠡᠢ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ︽ᠬᠤᠲᠣᠭᠤᠷ ᠭᠠᠵᠠᠷ ᠤᠨ | ᠦᠢᠯᠡᠳᠦᠯᠴᠠᠯ︾ ᠢ ᠪᠣᠶ ᠪᠣᠯᠭᠠᠨ᠎ᠠ᠃ ᠪᠤᠬᠢᠷᠲᠠᠯ ᠦᠭᠡᠢ ᠪᠦᠭᠡᠳ ᠤᠷᠴᠢᠨ ᠠᠬᠤᠢ ᠶᠢ ᠬᠠᠮᠠᠭᠠᠯᠠᠬᠤ᠂ ᠠᠮᠢᠳᠤ | ᠪᠣᠳᠠᠰ ᠤᠨ ᠡᠮ ᠡᠮᠨᠡᠯᠭᠡ᠂ ᠰᠢᠨ᠎ᠡ ᠪᠠᠷ ᠬᠥᠭᠵᠢᠭᠰᠡᠨ ᠳ᠋ᠢᠵᠢᠲ᠋ᠠᠯ ᠵᠡᠷᠭᠡ ᠠᠵᠤ ᠦᠢᠯᠡᠰ ᠢ ᠤᠷᠤᠭᠤᠯᠤᠨ | ᠬᠥᠭᠵᠢᠭᠦᠯᠵᠦ᠂ ᠠᠵᠤ ᠦᠢᠯᠡᠰ ᠤᠨ ᠰᠢᠰᠲ᠋ᠧᠮ ᠤᠨ ᠰᠢᠨ᠎ᠡ ᠲᠤᠯᠭᠠᠭᠤᠷᠢ ᠶᠢ ᠴᠣᠭᠴᠠᠯᠠᠨ᠎ᠠ᠃ | ︵ᠬᠤᠶᠠᠷ︶ ᠴᠦᠬᠦᠷᠡᠰᠢ ᠦᠭᠡᠢ ᠪᠠᠷ ᠬᠠᠮᠠᠭᠠᠯᠠᠯᠳᠠ ᠶᠢ ᠴᠢᠬᠤᠯᠠᠴᠢᠯᠠᠨ᠂ ᠵᠠᠰᠠᠯᠲᠠ ᠶᠢ ᠴᠢᠩᠭᠠᠳᠬᠠᠵᠤ᠂ ᠠᠮᠢ | ᠠᠬᠤᠢ ᠶᠢᠨ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ | ᠂ ᠪᠤᠬᠢᠷᠲᠠᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠶ ᠵᠠᠮᠨᠠᠵᠤ᠂ ᠠᠮᠢ ᠠᠬᠤᠶ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢ ᠪᠥᠬᠦ ᠲᠠᠯ᠎ᠠ | ᠪᠠᠷ ᠴᠢᠩᠭᠠᠳᠬᠠᠵᠤ᠂ ᠬᠥᠭᠵᠢᠯᠲᠡ ᠶᠢᠨ ᠬᠡᠯᠪᠡᠷᠢ ᠶᠢᠨ ᠪᠤᠬᠢᠷᠲᠠᠯ ᠦᠭᠡᠢ ᠬᠤᠪᠢᠷᠠᠭᠤᠯᠤᠯᠳᠡ ᠶᠢ ᠪᠥᠬᠦ ᠬᠦᠷᠢᠶᠡᠨ | ᠳᠤ ᠠᠬᠢᠭᠤᠯᠤᠨ᠎ᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠭᠤᠯᠠ ᠤᠰᠤ | ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ᠂ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠯ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠶ | ᠪᠠᠶᠢᠯᠭᠠᠬᠤ᠂ ᠪᠡᠯᠴᠢᠭᠡᠷᠯᠡᠬᠦᠯᠬᠦ ᠶᠢ ᠴᠠᠭᠠᠵᠠᠯᠠᠬᠤ ᠪᠠ ᠵᠤᠭᠰᠤᠭᠠᠬᠤ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠨᠠᠷᠢᠯᠢᠬ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ | ᠢᠨᠵᠧᠨᠧᠷᠢᠩ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠵᠦᠶ ᠵᠣᠬᠢᠰᠲᠠᠶ ᠠᠰᠢᠭᠯᠠᠬᠤ | ᠵᠢᠴᠢ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠠᠷᠢᠯᠢᠬ | ᠤᠨᠤᠴᠠᠳᠠᠢ ᠬᠢᠨᠠᠨ ᠬᠡᠮᠵᠢᠬᠦ ᠲᠤᠷᠰᠢᠯᠲᠠ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠪᠡᠭᠡᠵᠢᠩ ᠲᠢᠶᠠᠨᠵᠢᠨ | ᠤ ᠰᠠᠯᠬᠢ ᠡᠯᠡᠰᠦᠨ ᠤ ᠡᠬᠢ ᠶᠢ 2.3 ᠲᠦᠮᠡᠨ ᠮᠥ ᠵᠠᠰᠠᠬᠤ᠂ ᠬᠤᠯᠤᠭᠠᠨ᠎ᠠ ᠬᠤᠷᠣᠬᠠᠶ ᠶᠢᠨ ᠬᠥᠨᠥᠭᠡᠯ ᠢ 170 | ᠲᠦᠮᠡᠨ ᠮᠥ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ | ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠳᠡᠭᠡᠷ᠎ᠡ ᠳᠤᠷ᠎ᠠ ᠪᠠᠷ ᠢᠶᠠᠨ ᠮᠠᠯᠲᠠᠵᠤ | ᠤᠬᠤᠬᠤ᠂ ᠵᠠᠳᠠᠭᠠᠶ ᠠᠭᠤᠷᠬᠠᠶ ᠶᠢ ᠰᠢᠨ᠎ᠡ ᠪᠠᠷ ᠨᠡᠭᠡᠭᠡᠬᠦ ᠶᠢ ᠴᠢᠩᠭ᠎ᠠ ᠴᠠᠭᠠᠵᠠᠯᠠᠵᠤ᠂ ᠬᠠᠤᠯᠢ ᠠᠴᠠ ᠵᠥᠷᠢᠴᠡᠨ | ᠨᠤᠲᠤᠭ ᠪᠡᠯᠴᠢᠭᠡᠷ ᠣᠶᠢᠳᠤ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦᠨ᠎ᠠ᠃ ᠵᠠᠳᠠᠭᠠᠢ ᠠᠭᠤᠷᠬᠠᠢ ᠶᠢᠨ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ | ᠠᠳᠬᠤᠵᠤ᠂ 1.27 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠠᠰᠠᠬᠰᠠᠨ ᠲᠠᠯᠠᠪᠠᠢ ᠶᠢ 2.6 ᠲᠡᠭᠰᠢ | ᠳᠥᠷᠪᠡᠯᠵᠢᠨ ᠺᠢᠯᠣᠮᠧᠲᠷ ᠲᠤ ᠬᠥᠷᠭᠡᠨ᠎ᠠ︔ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠬᠠᠶᠠᠭᠳᠠᠮᠠᠯ | ᠠᠭᠤᠷᠬᠠᠢ ᠶᠢᠨ ᠨᠦᠭᠡ ᠶᠢᠨ ᠬᠠᠳᠠᠭᠠᠯᠠᠯᠳᠠ ᠶᠢᠨ ᠬᠡᠮᠵᠢᠶ᠎ᠠ ᠶᠢᠨ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ | 4500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠠᠰᠠᠭᠰᠠᠨ ᠲᠠᠯᠠᠪᠠᠢ ᠶᠢ 2.2 ᠲᠡᠭᠰᠢ ᠳᠥᠷᠪᠡᠯᠵᠢᠨ | ᠺᠢᠯᠣᠮᠧᠲᠷ ᠲᠤ ᠬᠥᠷᠭᠡᠵᠤ᠂ 2023 ᠤᠨ ᠤ ᠡᠴᠤᠰ ᠠᠴᠠ ᠡᠮᠦᠨ᠎ᠡ᠂ ᠣᠳᠣ ᠪᠠᠶᠢᠭ᠎ᠠ ᠠᠭᠤᠷᠬᠠᠢ ᠶᠢ ᠪᠦᠬᠦᠨ ᠢ | ᠤᠯᠤᠰ ᠤᠨ ᠲᠡᠰ ᠤᠨ ᠪᠤᠬᠢᠷᠲᠠᠯ ᠦᠭᠡᠢ ᠠᠭᠤᠷᠬᠠᠢ ᠪᠣᠯᠭᠠᠵᠤ ᠪᠠᠶᠢᠭᠤᠯᠤᠨ ᠪᠦᠳᠤᠭᠡᠵᠤ᠂ ᠪᠤᠢ ᠪᠦᠬᠦᠢ ᠬᠠᠶᠠᠭᠳᠠᠮᠠᠯ | ᠠᠭᠤᠷᠬᠠᠢ ᠶᠢᠨ ᠨᠦᠭᠡ ᠶᠢ ᠲᠦᠢᠯᠪᠤᠷᠢᠲᠠᠢ ᠵᠠᠰᠠᠬᠤ ᠬᠠᠷᠠᠯᠲᠠ ᠡᠭᠦᠷᠭᠡ ᠶᠢ ᠪᠡᠶᠡᠯᠡᠬᠦᠯᠬᠦ ᠳᠤ ᠪᠠᠲᠤ ᠪᠠᠬᠢ ᠰᠠᠭᠤᠷᠢ | ᠶᠢ ᠲᠠᠯᠪᠢᠨ᠎ᠠ᠃ ᠤᠰᠤᠨ ᠣᠷᠣᠨ ᠤ ᠡᠷᠭᠢ ᠳᠠᠭᠠᠤ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠤᠣᠯ ᠤᠨ | ᠲᠠᠷᠤᠭ᠎ᠠ ᠨᠠᠭᠤᠷ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠬᠠᠮᠠᠭᠠᠯᠠᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠬᠠᠤᠯᠢ ᠠᠴᠠ ᠵᠥᠷᠢᠴᠡᠨ ᠤᠰᠤ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ︔ ᠪᠡᠯᠡᠳᠬᠡᠯ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ᠂ ᠬᠤᠭᠤᠯᠠᠢ ᠶᠢᠨ ᠲᠣᠣᠷ | ᠤᠨ ᠬᠠᠭᠠᠷᠠᠵᠤ ᠡᠪᠳᠡᠷᠡᠭᠰᠡᠨ ᠢ ᠥᠭᠡᠷᠡᠴᠢᠯᠡᠬᠦ᠂ ᠳᠠᠬᠢᠯᠲᠠ ᠤᠰᠤ ᠶᠢ ᠠᠰᠢᠭᠯᠠᠬᠤ ᠶᠢ ᠥᠷᠭᠡᠳᠬᠡᠬᠦ᠂ ᠬᠤᠲᠠ | ᠪᠠᠯᠭᠠᠰᠤ ᠶᠢᠨ ᠤᠰᠤᠨ ᠤ ᠱᠠᠲᠤᠯᠢᠭ ᠦᠨ᠎ᠡ ᠶᠢ ᠨᠠᠶᠢᠳᠠᠪᠤᠷᠢᠵᠢᠭᠤᠯᠬᠤ᠂ ᠤᠰᠤ ᠠᠷᠪᠢᠯᠠᠬᠤ ᠪᠠᠶᠢᠩᠭᠤ ᠶᠢᠨ | ᠴᠢᠨᠠᠷᠳᠠᠢ ᠤᠬᠠᠭᠤᠯᠭ᠎ᠠ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠠᠪᠴᠤ᠂ ᠬᠤᠲᠠ ᠪᠠᠯᠭᠠᠰᠤ ᠶᠢᠨ ᠤᠰᠤ | ᠬᠡᠷᠡᠭᠯᠡᠬᠦ ᠶᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠪᠤᠬᠢᠷᠲᠠᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ᠃ ︽ᠲᠠᠷᠠᠬᠠᠢ ᠪᠤᠲᠠᠷᠬᠠᠢ ᠪᠤᠬᠢᠷᠲᠠᠭᠤᠯᠤᠯ ᠶᠡᠭᠡ | ᠲᠠᠢ︾ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠨᠦᠬᠡᠨ ᠵᠤᠤᠬ᠎ᠠ᠂ ᠢᠳᠡᠭᠡᠨ ᠤᠮᠳᠠᠭᠠᠨ ᠤ ᠲᠣᠰᠣ ᠤᠲᠤᠭ᠎ᠠ | ᠶᠢ ᠪᠠᠶᠢᠩᠭᠤ ᠶᠢᠨ ᠴᠢᠨᠠᠷᠳᠠᠢ ᠵᠠᠰᠠᠵᠤ᠂ ᠬᠤᠲᠠ ᠶᠢᠨ ᠡᠷᠬᠢᠨ ᠲᠣᠭᠤᠷᠢᠨ ᠤ ᠵᠢᠵᠢᠭ ᠠᠵᠤ ᠠᠬᠤᠶᠢᠯᠠᠯ᠂ ᠵᠢᠵᠢᠭ | ᠦᠢᠯᠡᠳᠭᠡᠯ ᠤᠨ ᠭᠠᠵᠠᠷ ᠢ ᠵᠢᠷᠤᠮᠵᠢᠭᠤᠯᠤᠨ ᠴᠡᠭᠴᠡᠯᠡᠨ ᠵᠠᠰᠠᠵᠤ᠂ ᠪᠠᠷᠢᠯᠭ᠎ᠠ ᠶᠢᠨ ᠭᠠᠵᠠᠷ᠂ ᠵᠠᠳᠠᠭᠠᠶ ᠠᠭᠤᠷᠬᠠᠶ᠂ | ᠵᠠᠰᠠᠮᠠᠯ ᠵᠠᠮ ᠳᠠᠭᠠᠤ ᠶᠢᠨ ᠨᠠᠷᠢᠨ ᠲᠣᠭᠤᠰᠣ ᠶᠢ ᠬᠦᠴᠦᠲᠡᠶ ᠬᠤᠷᠢᠭᠯᠠᠨ ᠵᠣᠭᠰᠣᠭᠠᠵᠤ᠂ ᠠᠷᠢᠭᠤᠨ ᠴᠡᠪᠡᠷ | ᠳᠤᠯᠠᠭᠠᠯᠠᠭ᠎ᠠ ᠶᠢ ᠡᠮᠬᠢ ᠵᠢᠷᠤᠮ ᠲᠠᠢ ᠠᠬᠢᠭᠤᠯᠤᠨ᠂ ᠬᠤᠲᠠ ᠶᠢᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ | ᠪᠠᠶᠢᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ᠃ ᠲᠥᠪᠯᠡᠷᠡᠭᠰᠡᠨ ᠮᠠᠶ᠋ᠢᠬ ᠤᠨ ᠤᠤᠭᠤᠬᠤ ᠤᠰᠤᠨ ᠤ | ᠡᠬᠢ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠤᠷᠤᠭᠤ ᠪᠤᠬᠢᠷ ᠤᠰᠤ | ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠳᠡᠭᠡᠳᠦ ᠱᠠᠲᠤᠨ ᠤ ᠪᠠᠯᠠ ᠮᠥᠩᠭᠦ ᠶᠢ | ᠢᠳᠡᠪᠬᠢᠯᠡᠨ ᠣᠯᠵᠤ᠂ ᠰᠢᠯᠢᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠶᠢ ᠠᠬᠢᠭᠤᠯᠵᠤ᠂ | ᠰᠢᠯᠢᠨ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠡᠷᠢᠮᠵᠢᠶᠡᠨ ᠳᠤ ᠬᠦᠷᠭᠡᠨ ᠲᠤᠭᠲᠠᠪᠤᠷᠢᠵᠢᠭᠤᠯᠤᠨ᠎ᠠ᠃ | ᠬᠥᠷᠥᠰᠥ ᠰᠢᠷᠣᠢ ᠶᠢᠨ ᠪᠤᠬᠢᠷᠲᠠᠯ ᠤᠨ ᠰᠡᠷᠭᠡᠶᠢᠯᠡᠨ ᠵᠠᠰᠠᠯᠲᠠ ᠶᠢᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ | ᠬᠥᠷᠥᠰᠥ ᠰᠢᠷᠣᠢ ᠶᠢᠨ ᠠᠮᠢ ᠠᠬᠤᠢ ᠶᠢᠨ ᠣᠷᠴᠢᠨ ᠨᠦᠬᠦᠴᠡᠯ ᠤᠨ ᠶᠡᠷᠦᠩᠬᠡᠢ ᠳᠡᠭᠡᠨ ᠠᠮᠤᠷ ᠲᠦᠪᠰᠢᠨ ᠪᠠᠶᠢᠬᠤ | ᠶᠢ ᠬᠠᠮᠠᠭᠠᠯᠠᠨ᠎ᠠ᠃ ᠠᠮᠢ ᠠᠬᠤᠶ ᠶᠢᠨ ᠣᠷᠴᠢᠨ ᠨᠦᠬᠦᠴᠡᠯ ᠤᠨ ᠲᠣᠪᠤᠶᠢᠮ᠎ᠠ ᠠᠰᠠᠭᠤᠳᠠᠯ ᠢ ᠭᠦᠨᠵᠡᠭᠡᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠰᠠᠶᠢᠨ ᠰᠠᠶᠢᠬᠠᠨ ᠠᠵᠢᠯ ᠤᠨ ᠦᠷ᠎ᠡ ᠪᠦᠲᠦᠮᠵᠢ ᠪᠠᠷ ᠲᠥᠪ ᠤᠨ ᠬᠤᠶᠠᠳᠤᠭᠠᠷ | ᠡᠭᠡᠯᠵᠢ ᠶᠢᠨ ᠠᠮᠢ ᠠᠬᠤᠶ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ | ᠤᠭᠲᠤᠨ᠎ᠠ᠃ | ᠪᠤᠬᠢᠷᠲᠠᠯ ᠦᠭᠡᠢ ᠲᠤᠤᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢᠨ | ᠲᠠᠪᠬᠤᠷ ᠢᠰᠤᠯ ᠤᠨ ᠡᠭᠦᠰᠦᠯᠲᠡ ᠶᠢ ᠤᠷᠬᠢᠯ ᠳᠤ ᠨᠢ ᠬᠦᠷᠭᠡᠵᠦ ᠢᠳᠡᠭ ᠢᠳᠡᠭ ᠢᠶᠠᠷ ᠪᠠᠭᠤᠷᠠᠭᠤᠯᠬᠤ᠂ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠰᠢᠩᠭᠡᠭᠡᠨ ᠠᠷᠢᠯᠭᠠᠬᠤ︾ ᠴᠢᠬᠤᠯᠠ ᠶᠡᠭᠡ ᠪᠠᠶᠢᠯᠳᠤᠬᠤ ᠪᠤᠳᠤᠯᠭ᠎ᠠ | ᠶᠢᠨ ᠰᠢᠢᠳᠪᠦᠷᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠤᠨ᠂ ᠨᠡᠩ ᠶᠡᠭᠡ ᠡᠷᠡᠰ ᠵᠣᠷᠢᠭ ᠪᠠ ᠨᠡᠩ ᠬᠦᠴᠦᠲᠡᠢ | ᠠᠷᠭ᠎ᠠ ᠬᠡᠮᠵᠢᠶ᠎ᠡ ᠪᠠᠷ ᠠᠵᠤ ᠠᠬᠤᠢ ᠨᠡᠶᠢᠭᠡᠮ ᠤᠨ ᠪᠤᠬᠢᠷᠲᠠᠯ ᠦᠭᠡᠢ ᠲᠤᠤᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ | ᠶᠢ ᠠᠬᠢᠭᠤᠯᠤᠨ᠎ᠠ᠃ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠤᠳᠤ ᠦᠶ᠎ᠡ ᠶᠢᠨ | ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠪᠠ ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ᠂ ᠳᠡᠭᠡᠳᠦ ᠮᠡᠷᠭᠡᠵᠢᠯ ᠤᠨ ᠡᠨᠧᠷᠭᠢ ᠠᠷᠪᠢᠯᠠᠨ ᠣᠷᠴᠢᠨ ᠠᠬᠤᠢ ᠶᠢ ᠬᠠᠮᠠᠭᠠᠯᠠᠬᠤ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ︽ᠬᠤᠶᠠᠷ ᠶᠡᠭᠡ ᠲᠠᠢ︾ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ | ᠪᠤᠬᠢᠷᠲᠠᠯ ᠦᠭᠡᠢ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠤᠨ | ᠡᠨᠧᠷᠭᠢ ᠬᠡᠷᠡᠭᠯᠡᠬᠦ ᠪᠣᠳᠠᠲᠠᠶ ᠪᠠᠶᠢᠳᠠᠯ ᠢ ᠨᠠᠷᠢᠨ ᠲᠤᠳᠤᠷᠬᠠᠢ ᠲᠥᠰᠦᠭᠡᠯᠡᠨ ᠪᠤᠳᠤᠵᠤ᠂ ︽ᠨᠢᠭᠡ ᠠᠵᠤ ᠠᠬᠤᠶᠢᠯᠠᠯ | ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠡᠨᠧᠷᠭᠢ ᠠᠷᠪᠢᠯᠠᠬᠤ ᠬᠠᠮᠢᠶᠠᠷᠤᠯᠲᠠ ᠶᠢ ᠨᠠᠷᠢᠯᠢᠬ ᠤᠨᠤᠴᠠᠳᠠᠢ | ᠨᠠᠶᠢᠳᠠᠪᠤᠷᠢᠵᠢᠭᠤᠯᠤᠨ᠂ ᠠᠷᠢᠭᠤᠨ ᠴᠡᠪᠡᠷ ᠦᠢᠯᠡᠳᠪᠤᠷᠢᠯᠡᠯ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠠᠬᠢᠭᠤᠯᠤᠨ᠎ᠠ᠃ ᠣᠯᠠᠨ ᠨᠡᠶᠢᠲᠡ ᠶᠢᠨ ᠡᠨᠧᠷᠭᠢ ᠠᠷᠪᠢᠯᠠᠯᠳᠠ᠂ ᠪᠤᠬᠢᠷᠲᠠᠯ ᠦᠭᠡᠢ ᠪᠠᠷ ᠶᠠᠪᠤᠵᠤ ᠰᠠᠭᠤᠬᠤ | ᠵᠡᠷᠭᠡ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠬᠦᠨᠵᠡᠭᠡᠶᠢᠷᠡᠬᠦᠯᠵᠦ᠂ ᠪᠤᠬᠢᠷᠲᠠᠯ ᠦᠭᠡᠢ ᠲᠤᠤᠷ᠎ᠠ | ᠨᠡᠭᠦᠷᠡᠰᠦᠳᠦ᠋ᠷᠦᠭᠴᠢᠲᠦ ᠠᠮᠢᠳᠤᠷᠠᠯ ᠤᠨ ᠳᠠᠳᠬᠠᠯ ᠢ ᠬᠥᠮᠦᠵᠢᠭᠦᠯᠦᠨ᠎ᠡ᠃ | ︵ᠭᠤᠷᠪᠠ︶ ᠴᠥᠬᠦᠷᠡᠰᠢ ᠦᠭᠡᠢ ᠪᠠᠷ ᠬᠥᠳᠡᠯᠭᠡᠭᠴᠢ ᠡᠨᠧᠷᠭᠢ ᠣᠯᠭᠤᠵᠤ᠂ ᠳᠠᠪᠠᠭᠤᠯᠢᠭ ᠵᠦᠢᠯ ᠢᠶᠠᠨ ᠨᠡᠮᠡᠭᠳᠡᠭᠦᠯᠦᠨ | ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠠᠮᠢᠳᠤᠯᠢᠭ ᠬᠦᠴᠦᠨ ᠢ ᠬᠥᠭᠵᠢᠭᠡᠨ᠎ᠡ᠃ ᠨᠡᠮᠡᠭᠳᠡᠯ ᠢ | ᠲᠣᠭᠲᠠᠪᠤᠷᠢᠵᠢᠭᠤᠯᠬᠤ ᠳᠤ ᠦᠵᠡᠭᠦᠯᠬᠦ ᠪᠠᠯᠠ ᠣᠷᠣᠭᠤᠯᠤᠯᠲᠠ᠂ ᠬᠡᠷᠡᠭᠯᠡᠭᠡ ᠶᠢᠨ ᠵᠠᠩᠭᠢᠯᠠᠭ᠎ᠠ ᠶᠢᠨ ᠦᠢᠯᠡᠳᠦᠯ ᠢ | ᠬᠥᠢᠴᠡᠳ ᠪᠠᠳᠠᠷᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠢᠵᠢᠯ ᠠᠯᠬᠤᠮ ᠢᠶᠠᠷ ᠬᠦᠴᠦᠯᠡᠨ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠦᠴᠦᠨ ᠴᠢᠳᠠᠯ ᠬᠤᠷᠠᠮᠳᠤᠭᠤᠯᠵᠤ | ᠥᠭᠭᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ᠎ᠠ᠃ ︽ᠬᠥᠭᠵᠢᠯᠳᠡ ᠨᠢ | ᠲᠦᠷᠦᠯ ᠵᠦᠢᠯ ᠤᠨ ᠲᠤᠯᠭᠠᠭᠤᠷᠢᠯᠠᠯ ᠳᠤ ᠲᠦᠰᠢᠭᠯᠡᠬᠦ᠂ ᠲᠥᠷᠥᠯ ᠵᠦᠢᠯ ᠳᠤ ᠲᠦᠰᠢᠭᠯᠡᠨ ᠠᠵᠢᠯ ᠢ ᠠᠬᠢᠭᠤᠯᠬᠤ︾ | ᠦᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠠᠭᠤᠷᠢ ᠶᠢ ᠪᠠᠬᠢᠵᠢᠬᠦᠯᠬᠦ᠂ ᠴᠢᠳᠠᠮᠵᠢ ᠶᠢ ᠨᠡᠮᠡᠭᠳᠡᠭᠦᠯᠬᠦ᠂ ᠠᠷᠠᠳ | ᠤᠨ ᠠᠮᠢᠳᠤᠷᠠᠯ ᠳᠤ ᠠᠰᠢᠭ ᠬᠦᠷᠲᠡᠭᠡᠬᠦ᠂ ᠠᠯᠤᠰ ᠢᠷᠡᠭᠡᠳᠤᠢ ᠳᠤ ᠠᠰᠢᠭᠲᠠᠶ ᠨᠢᠭᠡ ᠪᠦᠯᠦᠭ ᠴᠢᠬᠤᠯᠠ ᠶᠡᠭᠡ | ᠲᠥᠷᠥᠯ ᠵᠦᠢᠯ ᠢ ᠶᠡᠭᠡ ᠪᠠᠷ ᠬᠡᠷᠡᠭᠵᠢᠭᠦᠯᠦᠨ᠎ᠡ᠃ ᠪᠦᠬᠦ ᠵᠢᠯ ᠳᠤ ᠭᠤᠣᠯᠳᠠᠯᠭ᠎ᠠ ᠲᠠᠢ ᠲᠥᠷᠥᠯ ᠵᠦᠢᠯ ᠢ 132 | ᠬᠡᠷᠡᠭᠵᠢᠭᠦᠯᠬᠦ ᠪᠠᠷ ᠠᠩᠬ᠎ᠠ ᠠᠯᠬᠤᠮ ᠲᠥᠯᠥᠪᠯᠡᠵᠦ᠂ ᠵᠢᠯ ᠤᠨ ᠳᠣᠲᠣᠷ᠎ᠠ ᠪᠡᠯᠡ ᠣᠷᠣᠭᠤᠯᠤᠯᠲᠠ ᠶᠢ 79 | ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ᠃ ᠠᠶᠢᠮᠠᠭ ᠤᠨ ᠲᠡᠰ ᠤᠨ ᠭᠤᠣᠯᠳᠠᠯᠭ᠎ᠠ ᠲᠠᠢ 20 ᠲᠥᠷᠥᠯ ᠵᠦᠢᠯ ᠢ | ᠲᠤᠪᠤᠶᠢᠮ᠎ᠠ ᠠᠳᠬᠤᠵᠤ᠂ ᠪᠡᠯᠡ ᠣᠷᠣᠭᠤᠯᠤᠯᠲᠠ ᠶᠢ 57 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠪᠡᠯᠡ | ᠣᠷᠣᠭᠤᠯᠤᠯᠲᠠ ᠶᠢᠨ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 95% ᠢᠶᠠᠷ ᠨᠡᠮᠡᠭᠳᠡᠭᠦᠯᠦᠨ᠎ᠡ᠃ ᠳᠡᠭᠡᠳᠦ | ᠱᠠᠲᠤᠨ ᠤ ᠲᠥᠷᠥᠯ ᠵᠦᠢᠯ ᠤᠨ ᠪᠡᠯᠡ ᠮᠥᠩᠭᠦ᠂ ᠠᠵᠤ ᠦᠢᠯᠡᠰ ᠤᠨ ᠰᠠᠭᠤᠷᠢ ᠮᠥᠩᠭᠦ ᠪᠣᠯᠤᠨ ᠰᠢᠨ᠎ᠡ ᠪᠠᠷ | ᠨᠡᠮᠡᠭᠳᠡᠭᠦᠯᠦᠭᠰᠡᠨ ᠵᠢᠭᠡᠯᠡᠯᠭᠡ ᠶᠢᠨ ᠲᠡᠮᠳᠡᠭ ᠢ ᠪᠦᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠭᠠᠷ ᠬᠥᠢᠴᠡᠳᠭᠡᠯ | ᠨᠢ ᠪᠦᠷᠢᠨ ᠬᠥᠢᠴᠡᠳ᠂ ᠦᠷ᠎ᠡ ᠠᠰᠢᠭ ᠢᠶᠠᠷ ᠰᠠᠶᠢᠨ ᠭᠤᠤᠯᠳᠠᠯᠭ᠎ᠠ ᠲᠠᠢ ᠲᠥᠷᠥᠯ ᠵᠦᠢᠯ ᠢ ᠤᠷᠤᠭᠰᠢᠲᠠᠶ | ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠲᠥᠷᠥᠯ ᠵᠦᠢᠯ ᠤᠨ ᠭᠠᠷ ᠬᠥᠢᠴᠡᠳᠭᠡᠯ ᠢ ᠲᠦᠷᠭᠡᠯᠡᠨ ᠭᠦᠢᠴᠡᠳᠬᠡᠵᠦ᠂ ᠠᠵᠢᠯ | ᠡᠬᠢᠯᠡᠭᠦᠯᠬᠦ ᠬᠠᠷᠰᠢ ᠰᠠᠭᠠᠳ ᠢ ᠪᠦᠬᠦ ᠬᠦᠴᠦᠨ ᠢᠶᠠᠷ ᠢᠶᠠᠨ ᠠᠷᠢᠯᠭᠠᠨ᠂ ᠲᠥᠷᠥᠯ ᠵᠦᠢᠯ ᠤᠨ ᠴᠠᠭ ᠲᠠᠭᠠᠨ ᠠᠵᠢᠯ | ᠡᠬᠢᠯᠡᠭᠦᠯᠭᠦ᠂ ᠲᠦᠷᠭᠡᠯᠡᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠤᠨ᠎ᠠ᠃ ᠬᠡᠷᠡᠭᠯᠡᠭᠡ ᠶᠢ ᠠᠬᠢᠭᠤᠯᠬᠤ ᠲᠤᠬᠠᠢ ᠤᠯᠤᠰ ᠤᠨ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠠᠷ | ᠳᠤᠷᠠᠰᠬᠠᠯ ᠤᠨ ᠠᠵᠤ ᠠᠬᠤᠶ ᠪᠣᠯᠤᠨ ᠡᠳᠦᠷ ᠲᠤᠲᠤᠮ ᠤᠨ ᠬᠡᠷᠡᠭᠯᠡᠭᠡ ᠶᠢᠨ ᠬᠠᠷᠢᠯᠴᠠᠨ ᠤᠶᠠᠯᠳᠤᠬᠤ ᠶᠢ | ᠵᠢᠯᠣᠭᠤᠳᠴᠤ᠂ ᠪᠣᠳᠠᠲᠤ ᠴᠣᠭᠴᠠ ᠶᠢᠨ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠰᠢᠨ᠎ᠡ ᠮᠠᠶ᠋ᠢᠭ ᠤᠨ ᠵᠢᠵᠢᠭᠯᠡᠨ ᠪᠤᠷᠤᠯᠠᠭᠤᠯᠬᠤ᠂ ᠪᠡᠶᠡᠴᠢᠯᠡᠨ ᠣᠶᠢᠯᠠᠭᠠᠬᠤ | ᠮᠠᠶ᠋ᠢᠭ ᠤᠨ ᠬᠡᠷᠡᠭᠯᠡᠭᠡ᠂ ᠰᠥᠨᠢ ᠶᠢᠨ ᠠᠵᠤ ᠠᠬᠤᠢ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠤᠶᠢᠵᠢᠭᠤᠯᠤᠨ ᠬᠥᠭᠵᠢᠭᠦᠯᠵᠦ᠂ ᠬᠤᠲᠠ ᠶᠢ ᠬᠥᠮᠦᠨ ᠤᠯᠠᠨ ᠬᠦᠷ ᠨᠠᠷᠬᠢᠶᠠᠨ ᠲᠠᠢ᠂ ᠠᠷᠠᠯᠵᠢᠶ᠎ᠠ | ᠬᠤᠳᠠᠯᠳᠤᠭ᠎ᠠ ᠬᠤᠷᠠᠨ ᠬᠦᠭᠵᠢᠭᠰᠡᠨ ᠪᠠᠶᠢᠳᠠᠯ ᠲᠠᠢ ᠪᠤᠯᠭᠠᠨ᠎ᠠ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ | ᠵᠡᠷᠭᠡ ᠲᠤᠮᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠰᠤᠯᠠᠯᠠᠨ ᠭᠠᠷᠭᠠᠵᠤ᠂ ᠰᠤᠷᠭᠠᠨ ᠬᠥᠮᠦᠵᠢᠯ ᠡᠮ | ᠡᠮᠨᠡᠯᠭᠡ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠳ᠋ᠢᠵᠢᠲ᠋ᠠᠯ ᠤᠨ ᠮᠡᠳᠡᠭᠡ ᠵᠠᠩᠭᠢ ᠵᠡᠷᠭᠡ ᠤᠯᠠᠨ ᠨᠡᠶᠢᠲᠡ ᠶᠢᠨ | ᠬᠡᠷᠡᠭᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠢᠭ ᠢ ᠪᠤᠢ ᠪᠤᠯᠭᠠᠨ᠎ᠠ᠃ | ᠲᠤᠰ ᠭᠠᠵᠠᠷ ᠤᠷᠤᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ | ︽ᠨᠠᠷᠠᠲᠠᠢ ᠰᠢᠯᠢᠳᠡᠭ ᠦᠪᠡᠷᠮᠢᠴᠠ︾ ᠠᠵᠤ ᠠᠬᠤᠶᠢᠯᠠᠯ ᠤᠨ ᠰᠦᠯᠵᠢᠶᠡᠨ ᠲᠡᠭᠡᠷ᠎ᠡ ᠪᠠ ᠰᠦᠯᠵᠢᠶᠡᠨ ᠭᠠᠲᠠᠨᠠᠬᠢ | ᠠᠷᠭ᠎ᠠ ᠵᠠᠮ᠂ ᠦᠵᠡᠬᠦᠯᠬᠡ ᠬᠢᠬᠦ ᠵᠡᠷᠭᠡ ᠲᠠᠪᠴᠠᠩ ᠢᠶᠠᠷ ᠲᠠᠮᠵᠢᠨ ᠢᠳᠡᠪᠬᠢᠯᠡᠨ ᠭᠠᠷᠴᠤ᠂ ᠴᠢᠨᠠᠷ ᠰᠠᠶᠢᠲᠠᠢ | ᠮᠦᠷᠲᠡᠭᠡᠨ ᠦᠨ᠎ᠡ ᠰᠠᠶᠢᠲᠠᠢ ᠪᠠᠶᠢᠬᠤ ᠶᠢ ᠪᠡᠶᠡᠯᠡᠬᠦᠯᠦᠨ᠎ᠡ᠃ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠲᠣᠭᠤᠷᠢᠭ ᠭᠤᠷᠪᠠᠨ | ᠬᠦᠷᠢᠶᠡᠯᠡᠩ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠴᠢᠳᠠᠪᠤᠷᠢ ᠶᠢᠨ ᠦᠨᠡᠯᠡᠯᠲᠡ | ᠵᠡᠷᠭᠡ ᠲᠤᠰᠬᠠᠶ ᠵᠦᠢᠯ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠶᠡᠷᠦᠩᠬᠡᠶ ᠲᠦᠯᠦᠪᠵᠢᠬᠦᠯᠭᠡ᠂ ᠦᠢᠯᠡᠳᠪᠦᠷᠢᠯᠡᠯ ᠤᠨ ᠲᠦᠯᠦᠪᠵᠢᠬᠦᠯᠭᠡ᠂ ᠬᠢᠵᠠᠭᠠᠷᠯᠠᠬᠤ | ᠲᠦᠯᠦᠪᠵᠢᠬᠦᠯᠬᠡ ᠵᠡᠷᠭᠡ ᠰᠠᠭᠤᠷᠢ ᠴᠢᠨᠠᠷᠲᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ | ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠬᠥᠲᠥᠯᠦᠨ ᠳᠠᠭᠠᠭᠤᠯᠤᠨ᠎ᠠ᠃ ᠨᠡᠶᠢᠭᠡᠮ ᠤᠨ | ᠬᠥᠷᠥᠩᠭᠡ ᠶᠢ ᠲᠡᠳᠡᠵᠤ᠂ ᠠᠭᠠᠷ ᠤᠨ ᠭᠠᠷᠠᠮ ᠤᠨ ᠤᠶᠤᠨᠴᠢ ᠪᠠᠷᠠᠭ᠎ᠠ ᠶᠢᠨ ᠬᠥᠢᠯᠭᠡᠭᠡᠨ ᠤ ᠠᠵᠤ ᠦᠢᠯᠡᠰ ᠤᠨ | ᠬᠦᠷᠢᠶᠡᠯᠡᠩ᠂ ᠭᠠᠶᠢᠯᠢ ᠶᠢᠨ ᠪᠠᠲᠤᠯᠠᠭᠠᠳᠤ ᠬᠥᠮᠥᠷᠭᠡ᠂ ᠲᠡᠮᠦᠷ ᠵᠠᠮ ᠤᠨ ᠪᠠᠷᠠᠭ᠎ᠠ ᠶᠢᠨ ᠲᠠᠯᠠᠪᠤᠷ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠴᠢᠨᠠᠷ ᠢ ᠳᠡᠭᠡᠭᠰᠢᠯᠡᠭᠦᠯᠦᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠵᠦ᠂ | ᠲᠠᠭᠠᠭᠠᠴᠠ ᠶᠢᠨ ᠴᠢᠲᠠᠪᠤᠷᠢ ᠶᠢ ᠴᠢᠩᠭᠠᠳᠬᠠᠨ᠎ᠠ᠃ ᠨᠡᠭᠡᠭᠡᠯᠲᠡ ᠶᠢᠨ ᠤᠷᠤᠨ ᠤ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠠᠵᠢᠯ ᠲᠠᠢ ᠤᠶᠠᠯᠳᠤᠭᠤᠯᠤᠨ᠂ ᠳᠣᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ | ᠳᠦᠷᠢᠮ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ | ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠤᠨ᠎ᠠ᠃ | ︵ᠳᠥᠷᠪᠡ︶ ᠴᠦᠬᠦᠷᠡᠰᠢ ᠦᠭᠡᠢ ᠪᠠᠷ ᠰᠠᠭᠤᠷᠢ ᠶᠢ ᠲᠠᠯᠪᠢᠵᠤ᠂ ᠲᠤᠯᠭᠠᠭᠤᠷᠢᠯᠠᠯ ᠢ ᠴᠢᠩᠭᠠᠷᠠᠭᠤᠯᠵᠤ᠂ ᠬᠤᠲᠠ | ᠬᠥᠳᠡᠭᠡ ᠶᠢᠨ ᠠᠭᠤᠰᠤᠯᠴᠠᠯ ᠤᠨ ᠰᠢᠨ᠎ᠡ ᠬᠡᠪ ᠳᠠᠭᠤᠷᠢᠶᠠᠯ ᠢ ᠪᠤᠢ ᠪᠣᠯᠭᠠᠨ᠎ᠠ᠃ ᠤᠯᠤᠰ ᠤᠨ ᠭᠠᠵᠠᠷ ᠰᠢᠷᠤᠢ ᠶᠢᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠪᠠᠷ ᠵᠢᠯᠤᠭᠤᠳᠤᠭᠤᠯᠵᠤ᠂ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠨᠢᠭᠡᠳᠦᠯᠲᠡᠶ ᠲᠥᠯᠥᠪᠯᠡᠵᠦ᠂ ᠣᠷᠣᠰᠢᠨ ᠰᠠᠭᠤᠬᠤ ᠳᠤ ᠲᠤᠬᠢᠷᠠᠮᠵᠢᠳᠠᠢ ᠠᠵᠢᠯ ᠦᠢᠯᠡᠰ ᠡᠷᠬᠢᠯᠡᠬᠦ ᠳᠤ | ᠲᠣᠬᠢᠷᠠᠮᠵᠢᠲᠠᠶ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠭᠵᠢᠯᠲᠡ ᠶᠢᠨ ᠪᠠᠶᠢᠷᠢᠯᠠᠭᠤᠯᠤᠯᠲᠠ ᠶᠢ | ᠨᠠᠷᠢᠯᠢᠬ ᠤᠨᠤᠴᠠᠳᠠᠢ ᠲᠣᠭᠲᠠᠭᠠᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷ᠂ ᠪᠥᠬᠦ ᠲᠠᠯ᠎ᠠ ᠶᠢᠨ ᠴᠢᠨᠠᠷ᠂ ᠠᠯᠤᠰ | ᠬᠠᠷᠠᠭᠠᠲᠤ ᠴᠢᠨᠠᠷ ᠲᠤ ᠰᠠᠭᠤᠷᠢᠯᠠᠨ᠂ ︽ᠰᠢᠯᠢ ᠶᠢᠨ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ | ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠬᠢᠨᠠᠨ ᠵᠥᠪᠰᠢᠶᠡᠷᠡᠬᠦᠯᠬᠦ ᠶᠢ ᠴᠢᠨᠠᠷ ᠰᠠᠶᠢᠲᠠᠶ | ᠪᠡᠶᠡᠯᠡᠭᠦᠯᠵᠦ᠂ ᠬᠤᠲᠠ ᠶᠢᠨ ᠶᠡᠷᠦᠩᠬᠡᠢ ᠵᠢᠷᠤᠭ ᠲᠦᠯᠦᠪᠯᠡᠭᠡ᠂ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ᠂ | ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠶᠢ ᠪᠤᠢ ᠪᠤᠯᠭᠠᠵᠤ᠂ ᠦᠢᠯᠡᠳᠪᠤᠷᠢᠯᠡᠯ ᠤᠨ ᠣᠷᠣᠨ ᠵᠠᠶ᠂ ᠠᠮᠢᠳᠤᠷᠠᠯ ᠤᠨ | ᠣᠷᠣᠨ ᠵᠠᠶ᠂ ᠠᠮᠢ ᠠᠬᠤᠶ ᠶᠢᠨ ᠣᠷᠣᠨ ᠵᠠᠶ ᠶᠢᠨ ᠨᠠᠩ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠨ᠎ᠠ᠃ | ᠭᠠᠵᠠᠷ ᠰᠢᠷᠣᠶ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠵᠦ᠂ ᠲᠥᠯᠥᠪᠵᠢᠭᠦᠯᠭᠡ ᠶᠢᠨ | ᠬᠥᠭᠵᠢᠯᠲᠡ ᠶᠢᠨ ᠬᠡᠷᠡᠭᠴᠡᠭᠡ ᠶᠢ ᠲᠠᠭᠠᠵᠤ ᠠᠮᠵᠢᠬᠤ ᠶᠢ ᠦᠨᠡᠨ ᠬᠦ ᠪᠠᠲᠤᠯᠠᠵᠤ᠂ ᠬᠥᠲᠥᠯᠥᠨ ᠳᠠᠭᠠᠭᠤᠯᠬᠤ | ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ | ᠬᠤᠲᠠ ᠶᠢᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ︽ᠬᠤᠲᠠ ᠶᠢᠨ ᠪᠡᠶᠡᠴᠢᠯᠡᠨ ᠤᠶᠢᠯᠠᠭᠠᠯᠲᠠ︾ ᠶᠢ ᠢᠳᠡᠪᠬᠢᠲᠡᠶ | ᠥᠷᠨᠢᠭᠦᠯᠵᠦ᠂ ᠬᠤᠲᠠ ᠶᠢᠨ ᠬᠥᠭᠵᠢᠯᠲᠡ ᠶᠢᠨ ᠳᠤᠲᠠᠭᠤᠳᠠᠯ᠂ ᠪᠠᠭᠤᠷᠠᠶ ᠲᠠᠯ᠎ᠠ ᠶᠢ ᠡᠷᠢᠨ ᠭᠠᠷᠭᠠᠵᠤ᠂ ᠬᠢᠵᠠᠭᠠᠷᠲᠠᠶ | ᠡᠳ᠋ ᠤᠨ ᠬᠦᠴᠦᠨ ᠢ ᠲᠥᠪᠯᠡᠷᠡᠭᠦᠯᠦᠨ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠨᠢᠭᠡ ᠪᠦᠯᠦᠭ | ᠳᠤᠲᠠᠭᠤᠳᠠᠯ ᠢ ᠨᠥᠬᠦᠪᠥᠷᠢᠯᠡᠬᠦ᠂ ᠪᠠᠲᠤᠯᠠᠭ᠎ᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠤᠷᠢᠳᠠᠪᠠᠷ ᠬᠡᠷᠡᠭᠵᠢᠭᠦᠯᠦᠨ᠎ᠡ᠃ ᠬᠥᠭᠦᠷᠭᠡ ᠶᠢ | ᠥᠷᠭᠡᠳᠬᠡᠨ ᠥᠭᠡᠷᠡᠴᠢᠯᠡᠬᠦ᠂ ᠲᠠᠰᠤᠷᠬᠠᠢ ᠵᠠᠮ ᠢ ᠨᠡᠪᠲᠡᠷᠡᠭᠦᠯᠬᠦ᠂ ᠵᠠᠮ ᠢ ᠵᠠᠰᠠᠨ ᠰᠡᠷᠭᠦᠭᠡᠬᠦ᠂ ᠶᠠᠪᠠᠭᠠᠨ ᠬᠥᠮᠦᠨ ᠤ | ᠵᠠᠮ ᠢ ᠵᠠᠰᠠᠬᠤ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠵᠠᠮ ᠤᠨ ᠨᠡᠪᠳᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤ᠂ ᠳᠤᠯᠠᠭᠠᠯᠠᠭ᠎ᠠ᠂ ᠬᠡᠢ ᠶᠢᠨ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠦᠷᠭᠦᠯᠵᠢᠯᠡᠨ ᠪᠠᠶᠢᠭᠤᠯᠬᠤ᠂ ᠤᠰᠤᠨ ᠰᠤᠷᠪᠤᠯᠵᠢ | ᠶᠢᠨ ᠬᠤᠳᠳᠤᠭ ᠢ ᠲᠣᠬᠢᠷᠠᠭᠤᠯᠬᠤ᠂ ᠭᠤᠷᠪᠠᠨ ᠤᠰᠤᠨ ᠤ ᠬᠤᠭᠤᠯᠠᠢ ᠶᠢᠨ ᠲᠤᠤᠷ ᠢ ᠥᠭᠡᠷᠡᠴᠢᠯᠡᠬᠦ ᠵᠡᠷᠭᠡ | ᠢᠨᠵᠧᠨᠧᠷᠢᠩ ᠢ ᠲᠦᠷᠭᠡᠳᠬᠡᠨ᠂ ᠪᠠᠶᠠᠨᠪᠤᠯᠠᠭ ᠤᠰᠤᠨ ᠤ ᠡᠬᠢ ᠭᠠᠵᠠᠷ ᠤᠨ ᠤᠰᠦᠨ ᠤ ᠪᠠᠶᠢᠳᠠᠯ ᠤᠨ ᠭᠠᠵᠠᠷ | ᠰᠢᠨᠵᠢᠯᠡᠭᠡ ᠶᠢᠨ ᠨᠠᠷᠢᠨ ᠰᠢᠨᠵᠢᠯᠡᠯᠲᠡ ᠶᠢᠨ ᠠᠵᠢᠯ ᠢ ᠠᠯᠢ ᠲᠦᠷᠭᠡᠨ ᠢᠶᠠᠷ ᠪᠡᠶᠡᠯᠡᠭᠦᠯᠵᠦ᠂ ᠡᠷᠲᠡᠬᠡᠨ ᠠᠵᠢᠯ | ᠡᠬᠢᠯᠡᠭᠦᠯᠵᠤ ᠪᠦᠳᠤᠭᠡᠨ ᠪᠠᠶᠢᠭᠤᠯᠬᠤ ᠪᠠᠷ ᠴᠢᠷᠮᠠᠶᠢᠨ᠎ᠠ︔ ᠢᠯᠴᠢ ᠬᠠᠩᠭᠠᠬᠤ ᠶᠢ ᠳᠡᠭᠡᠭᠰᠢᠯᠡᠭᠦᠯᠦᠨ ᠥᠭᠡᠷᠡᠴᠢᠯᠡᠬᠦ | ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠰᠠᠭᠤᠭᠠᠯᠢ ᠠᠷᠠᠳ ᠤᠨ ᠬᠠᠮᠤᠭ ᠠᠴᠠ ᠢᠯᠡᠬᠦᠤ | ᠰᠡᠳᠬᠢᠯ ᠲᠠᠯᠪᠢᠵᠤ ᠪᠠᠶᠢᠭ᠎ᠠ ᠡᠪᠦᠯ ᠤᠨ ᠤᠯᠠᠷᠢᠯ ᠤᠨ ᠢᠯᠴᠢ ᠬᠠᠩᠭᠠᠬᠤ ᠠᠰᠠᠭᠤᠳᠠᠯ ᠢ ᠦᠨᠡᠨ ᠬᠦ ᠰᠠᠶᠢᠲᠤᠷ | ᠰᠢᠢᠳᠪᠤᠷᠢᠯᠡᠨ᠎ᠠ︔ ᠪᠣᠳᠠᠲᠤ ᠬᠦᠴᠦᠨ ᠢᠶᠠᠷ ᠴᠢᠩᠭ᠎ᠠ᠂ ᠢᠲᠡᠭᠡᠮᠵᠢ ᠪᠠᠷ ᠰᠠᠶᠢᠨ ᠰᠢᠲᠠᠮᠠᠬᠠᠶ ᠬᠡᠶ ᠶᠢᠨ ᠠᠵᠤ | ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠬᠤᠭᠤᠯᠠᠶ ᠪᠠᠷ ᠳᠠᠮᠵᠢᠭᠤᠯᠬᠤ ᠰᠢᠲᠠᠮᠠᠬᠠᠶ ᠬᠡᠶ ᠶᠢᠨ | ᠬᠠᠮᠤᠷᠬᠤ ᠨᠣᠷᠮ᠎ᠠ ᠶᠢ ᠥᠷᠭᠡᠳᠬᠡᠨ᠂ ᠬᠡᠶᠢᠳᠤ ᠰᠠᠪᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠦᠭᠰᠤᠨ | ᠨᠡᠭᠡᠮᠵᠢᠯᠡᠬᠦ ᠮᠡᠳᠡᠭᠡ ᠵᠠᠩᠭᠢ ᠶᠢᠨ ᠲᠠᠪᠴᠠᠩ ᠢ ᠲᠦᠷᠭᠡᠯᠡᠨ ᠪᠠᠶᠢᠭᠤᠯᠵᠤ᠂ ᠢᠳᠡᠭᠡᠨ ᠤᠮᠳᠠᠭᠠᠨ ᠤ ᠠᠵᠢᠯ ᠲᠥᠷᠥᠯ ᠢ | ᠰᠢᠮᠳᠠᠭᠤᠯᠵᠤ ᠪᠠᠶᠢᠭᠠᠳ ᠰᠢᠲᠠᠮᠠᠬᠠᠶ ᠬᠡᠢ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠭᠤᠯᠵᠤ᠂ ᠬᠤᠲᠠ | ᠶᠢᠨ ᠬᠡᠶ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠤᠲᠠ ᠶᠢᠨ ᠵᠠᠮ᠂ ᠴᠡᠴᠡᠷᠯᠢᠭ ᠵᠡᠷᠭᠡ ᠶᠢᠨ | ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠳᠡ ᠶᠢ ᠲᠡᠭᠦᠯᠳᠡᠷᠵᠢᠬᠦᠯᠵᠦ᠂ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠲᠠᠰ ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠰᠢᠨᠡᠴᠢᠯᠡᠯᠲᠡ ᠶᠢ ᠲᠦᠷᠭᠡᠯᠡᠨ | ᠠᠬᠢᠭᠤᠯᠵᠤ᠂ ᠲᠦᠬᠦᠮ ᠪᠦᠳᠤᠴᠡᠳᠤ ᠤᠷᠤᠨ ᠰᠠᠭᠤᠴᠠ ᠶᠢᠨ ᠲᠤᠭᠤᠷᠢᠭ ᠢ 550 ᠡᠷᠦᠬᠡ ᠰᠢᠨᠡᠳᠭᠡᠨ ᠵᠠᠰᠠᠵᠤ᠂ | ᠬᠠᠭᠤᠴᠢᠨ ᠰᠠᠭᠤᠭᠠᠯᠢ ᠲᠣᠭᠤᠷᠢᠭ ᠢ 4727 ᠡᠷᠦᠬᠡ ᠰᠢᠨᠡᠳᠬᠡᠨ ᠵᠠᠰᠠᠨ᠎ᠠ᠃ ᠠᠳᠠᠯ ᠠᠬᠤᠢ ᠶᠢᠨ ᠦᠢᠯᠡᠴᠢᠯᠡᠭᠡ | ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡ ᠶᠢᠨ ᠨᠠᠷᠢᠯᠢᠬᠵᠢᠬᠤ᠂ | ᠵᠢᠷᠤᠮᠵᠢᠬᠤ᠂ ᠪᠠᠷᠢᠮᠵᠢᠶᠠᠵᠢᠬᠤ ᠬᠥᠭᠵᠢᠯᠳᠠ ᠶᠢ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠦᠷᠦᠯ | ᠬᠤᠪᠢᠶᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠨ ᠰᠢᠢᠳᠪᠤᠷᠢᠯᠡᠬᠦ | ᠲᠠᠯᠠᠪᠠᠢ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠬᠤᠭᠤᠯᠠᠨ ᠭᠡᠷ ᠲᠣᠭᠤᠭᠠᠨ ᠭᠡᠷ | ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠭᠤᠣᠯᠳᠠᠯᠭ᠎ᠠ ᠲᠠᠢ ᠲᠦᠷᠤᠯ ᠵᠦᠢᠯ ᠢ ᠬᠡᠷᠡᠭᠯᠡᠯᠲᠡ ᠳᠤ | ᠣᠷᠣᠭᠤᠯᠬᠤ ᠶᠢ ᠠᠬᠢᠭᠤᠯᠤᠨ᠎ᠠ᠃ ᠲᠡᠷᠭᠡᠨ ᠵᠣᠭᠰᠣᠭᠠᠯ ᠢ ᠵᠦᠶ ᠵᠣᠬᠢᠰᠲᠠᠶ ᠲᠥᠯᠥᠪᠵᠢᠭᠦᠯᠦᠨ ᠲᠤᠬᠢᠷᠠᠭᠤᠯᠵᠤ᠂ | ᠬᠤᠲᠠ ᠶᠢᠨ ᠲᠣᠭᠤᠷᠢᠭ ᠤᠨ ᠲᠡᠷᠬᠡ ᠵᠤᠭᠰᠤᠭᠠᠬᠤ ᠳᠤ ᠬᠦᠴᠢᠷᠲᠠᠢ ᠠᠰᠠᠭᠤᠳᠠᠯ ᠢ ᠨᠠᠮᠳᠠᠭᠤᠯᠤᠨ᠎ᠠ᠃ ᠤᠶᠤᠨᠴᠢ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ | ᠶᠢᠨ ᠲᠠᠪᠴᠠᠩ ᠢ ᠪᠤᠢ ᠪᠤᠯᠭᠠᠨ᠎ᠠ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠡᠷᠦᠩᠬᠡᠶᠢᠯᠡᠭᠰᠡᠨ ᠴᠡᠭᠴᠡᠯᠡᠨ | ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠢᠳᠡ ᠪᠦᠭᠯᠡᠬᠦᠤ ᠵᠡᠭᠡᠯᠢ ᠭᠤᠳᠤᠮᠵᠢ᠂ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠳᠤᠷ᠎ᠠ ᠲᠠᠪᠠ ᠪᠠᠷ | ᠢᠶᠠᠨ ᠪᠠᠷᠢᠵᠤ ᠪᠠᠶᠢᠭᠤᠯᠬᠤ᠂ ᠵᠠᠮ ᠡᠵᠡᠯᠡᠨ ᠡᠵᠡᠩᠨᠡᠬᠦ᠂ ᠬᠤᠭ ᠰᠢᠷᠣᠶ ᠠᠰᠬᠠᠵᠤ ᠴᠢᠳᠬᠤᠬᠤ ᠵᠡᠷᠭᠡ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠵᠠᠰᠠᠵᠤ᠂ ᠬᠤᠲᠠ ᠶᠢᠨ ᠣᠷᠴᠢᠨ ᠠᠬᠤᠢ ᠶᠢ ᠬᠦᠴᠦᠯᠡᠨ ᠰᠠᠶᠢᠵᠢᠷᠠᠭᠤᠯᠵᠤ᠂ | ᠣᠯᠠᠨ ᠲᠦᠮᠡᠨ ᠳᠤ ᠬᠤᠪᠢᠷᠠᠯᠲᠠ ᠶᠢ ᠬᠤᠪᠢᠷᠠᠭᠤᠯᠵᠤ᠂ ᠪᠤᠳᠠᠳᠠᠢ ᠠᠰᠢᠭ ᠬᠦᠷᠲᠡᠭᠡᠬᠦ ᠪᠠᠷ ᠴᠢᠷᠮᠠᠶᠢᠨ᠎ᠠ᠃ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠬᠦ ᠪᠠᠷ ᠬᠥᠴᠤᠯᠡᠨ ᠴᠢᠷᠮᠠᠶᠢᠨ᠎ᠠ᠃ ᠶᠠᠳᠠᠭᠤ ᠠᠴᠠ | ᠠᠩᠬᠢᠵᠢᠷᠠᠭᠤᠯᠵᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠬᠦ ᠯᠦᠭᠡ ᠪᠦᠲᠦᠮᠵᠢᠲᠡᠶ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ | ᠠᠬᠢᠭᠠᠳ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠷ ᠬᠢᠨᠠᠨ ᠭᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ | ᠶᠢ ᠪᠠᠶᠢᠭᠤᠯᠤᠨ ᠪᠦᠷᠢᠨᠰᠢᠬᠦᠯᠵᠦ᠂ ᠰᠢᠯᠵᠢᠯᠲᠡ ᠶᠢᠨ ᠬᠤᠭᠤᠴᠠᠭᠠᠨ ᠳᠠᠬᠢ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠭᠦ | ᠲᠥᠷᠥᠯ ᠵᠦᠢᠯ ᠢ 10 ᠬᠡᠷᠡᠭᠵᠢᠭᠦᠯᠵᠦ᠂ ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ ᠤᠨ ᠬᠡᠪᠴᠢᠶ᠎ᠡ ᠪᠠᠨ | ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠠᠶᠢᠴᠢᠯᠠᠨ᠎ᠠ᠃ ᠲᠣᠯᠣᠭᠠᠶᠢᠯᠠᠭᠴᠢ ᠠᠵᠤ ᠠᠬᠤᠶᠢᠯᠠᠯ ᠪᠠ | ᠮᠠᠯᠴᠢᠳ ᠤᠨ ᠠᠰᠢᠭ ᠲᠤᠰᠠ ᠶᠢ ᠬᠤᠯᠪᠣᠬᠤ ᠲᠤᠬᠳᠠᠴᠠ ᠶᠢ ᠭᠦᠨᠵᠡᠭᠡᠶᠢᠷᠡᠭᠦᠯᠵᠦ᠂ ᠭᠡᠷ ᠪᠦᠯᠢ ᠶᠢᠨ ᠲᠠᠷᠢᠶᠠᠯᠠᠩ | ᠤᠨ ᠲᠠᠯᠠᠪᠠᠢ᠂ ᠮᠠᠯᠴᠢᠳ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠭᠡ | ᠪᠠᠷ ᠪᠤᠶᠢᠵᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ | ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠮᠠᠯᠴᠢᠳ ᠤᠨ ᠰᠠᠶᠢᠨ ᠳᠤᠷ᠎ᠠ ᠶᠢᠨ | ᠵᠠᠷᠴᠢᠮ ᠢ ᠪᠠᠷᠢᠮᠲᠠᠯᠠᠵᠤ᠂ ︽ᠵᠣᠷᠯᠣᠩ ᠤᠨ ᠦᠭᠡᠷᠡᠴᠢᠯᠡᠯᠲᠡ︾ ᠶᠢ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠠᠬᠢᠭᠤᠯᠤᠨ᠎ᠠ᠃ ᠮᠠᠯ ᠵᠢᠭᠦᠷᠲᠡᠨ ᠤ ᠢᠯᠭᠠᠳᠡᠰᠤ ᠶᠢ ᠡᠬᠢ ᠪᠠᠶᠠᠯᠢᠬᠵᠢᠭᠤᠯᠤᠨ ᠠᠰᠢᠭᠯᠠᠬᠤ᠂ ᠬᠤᠭ | ᠨᠣᠪᠰᠢ ᠪᠣᠬᠢᠷ ᠤᠰᠤ ᠶᠢ ᠵᠠᠰᠠᠬᠤ ᠵᠡᠷᠭᠡ ᠠᠵᠢᠯ ᠢ ᠢᠳᠡᠪᠬᠢᠲᠠᠢ ᠦᠷᠨᠢᠬᠦᠯᠵᠦ᠂ ᠮᠠᠯᠵᠢᠬᠤ ᠣᠷᠣᠨ ᠤ ᠣᠷᠣᠰᠢᠨ | ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠬᠦ ᠵᠢᠱᠢᠶ᠎ᠡ ᠦᠵᠡᠭᠦᠯᠬᠦ | ᠭᠠᠴᠠᠭ᠎ᠠ ᠶᠢ 2 ᠪᠠᠶᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠴᠢᠭ ᠢᠶᠠᠷ ᠨᠡᠶᠢᠳᠡᠮ ᠢ ᠳᠠᠶᠢᠴᠢᠯᠠᠬᠤ ᠪᠠᠷ | ᠳᠡᠮᠵᠢᠭᠤᠯᠤᠨ᠂ ᠬᠦᠳᠡᠭᠡ ᠲᠤᠰᠬᠤᠨ ᠢ ᠪᠥᠬᠦ ᠲᠠᠯ᠎ᠠ ᠪᠠᠷ ᠬᠦᠭᠵᠢᠬᠦᠯᠦᠨ ᠮᠠᠨᠲᠤᠭᠤᠯᠬᠤ ᠶᠢ ᠠᠬᠢᠭᠤᠯᠤᠨ᠎ᠠ᠃ | ᠶᠠᠳᠠᠭᠤ ᠶᠢ ᠲᠡᠳᠬᠦᠬᠦ ᠡᠳ᠋ ᠬᠦᠷᠦᠩᠭᠡ ᠶᠢ ᠲᠠᠩᠰᠠᠯᠠᠨ ᠳᠡᠪᠲᠡᠷᠯᠡᠬᠦ᠂ ᠬᠠᠮᠢᠶᠠᠷᠤᠨ ᠬᠠᠮᠠᠭᠠᠯᠠᠵᠤ ᠡᠵᠡᠩᠨᠡᠬᠦ ᠪᠠ ᠠᠰᠢᠭ | ᠣᠷᠣᠯᠭ᠎ᠠ ᠶᠢ ᠬᠤᠪᠢᠶᠠᠷᠢᠯᠠᠬᠤ ᠶᠢ ᠴᠢᠩᠭᠠᠳᠬᠠᠵᠤ᠂ ᠡᠳ᠋ ᠬᠦᠷᠦᠩᠭᠡ ᠶᠢ ᠰᠤᠯᠠ ᠪᠠᠶᠢᠯᠭᠠᠬᠤ ᠪᠠ ᠬᠤᠬᠢᠷᠠᠭᠤᠯᠤᠨ | ᠪᠦᠷᠢᠯᠭᠡᠬᠦ ᠶᠢ ᠡᠷᠡᠰ ᠰᠡᠷᠭᠡᠶᠢᠯᠡᠨ᠎ᠡ᠃ | ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠲᠥᠷᠥᠯ ᠵᠦᠢᠯ ᠤᠨ ᠭᠠᠷ | ᠬᠥᠢᠴᠡᠳᠭᠡᠯ ᠢ ᠬᠠᠮᠵᠢᠨ ᠲᠡᠭᠦᠯᠳᠡᠷᠵᠢᠭᠦᠯᠵᠦ᠂ ᠲᠠᠢ ᠽᠢ ᠴᠧᠩ ᠠᠴᠠ ᠰᠢᠯᠢ ᠶᠢᠨ ᠬᠤᠳᠠ ᠬᠥᠷᠬᠦ ᠲᠡᠮᠦᠷ ᠵᠠᠮ ᠤᠨ | ᠪᠥᠲᠥᠭᠡᠨ ᠪᠠᠶᠢᠭᠤᠯᠤᠯᠲᠠ᠂ ᠥᠷᠲᠡᠭᠡᠨ ᠡᠮᠦᠨᠡᠬᠢ ᠠᠭᠤᠳᠠᠮ ᠲᠠᠯᠠᠪᠠᠶ ᠶᠢᠨ ᠠᠷᠠᠳ ᠤᠨ ᠠᠭᠠᠷ ᠤᠨ ᠰᠡᠷᠭᠡᠶᠢᠯᠡᠯᠲᠡ | ᠶᠢᠨ ᠥᠭᠡᠷᠡᠴᠢᠯᠡᠯᠲᠡ ᠵᠢᠴᠢ ᠬᠤᠲᠠ ᠶᠢᠨ ᠶᠠᠪᠤᠳᠠᠯ ᠤᠨ ᠢᠵᠢ ᠲᠦᠬᠦᠷᠵᠢᠬᠦᠯᠤᠯᠳᠡ᠂ ᠵᠡᠭᠦᠨ ᠥᠷᠲᠡᠭᠡ ᠶᠢ | ᠲᠥᠯᠥᠪᠵᠢᠭᠦᠯᠤᠨ ᠪᠠᠶᠢᠭᠤᠯᠬᠤ᠂ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ | ᠢᠨᠵᠧᠨᠧᠷᠢᠩ ᠢ ᠵᠣᠬᠢᠴᠠᠭᠤᠯᠤᠨ ᠠᠬᠢᠭᠤᠯᠤᠨ᠎ᠠ᠃ ᠬᠤᠲᠠ ᠶᠢᠨ ᠦᠶᠡᠷ ᠰᠡᠷᠭᠡᠶᠢᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠭᠡᠭᠡᠨ ᠣᠪᠣᠭ᠎ᠠ ᠶᠢᠨ ᠦᠶᠡᠷ ᠰᠡᠷᠭᠡᠶᠢᠯᠡᠬᠦ᠂ ᠬᠤᠲᠠ ᠶᠢᠨ ᠡᠮᠦᠨᠡᠬᠢ ᠦᠶᠡᠷ ᠰᠡᠷᠭᠡᠶᠢᠯᠡᠬᠦ᠂ | ᠰᠠᠭᠠᠯᠢ ᠶᠢᠨ ᠦᠨᠢᠶ᠎ᠡ ᠶᠢᠨ ᠲᠠᠯᠠᠪᠠᠶ ᠶᠢᠨ ᠭᠤᠤᠯ ᠢ ᠵᠠᠰᠠᠬᠤ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠤᠨ᠎ᠠ᠃ | ᠪᠠᠯᠠ ᠮᠥᠩᠭᠦ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠪᠢᠯᠢᠭ ᠭᠠᠯᠲᠤ ᠠᠭᠤᠯᠠ ᠶᠢᠨ ᠭᠠᠵᠠᠷ | ᠰᠢᠨᠵᠢᠯᠡᠭᠡᠨ ᠤ ᠴᠡᠴᠡᠷᠯᠢᠭ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠦᠨ᠎ᠡ︔ | ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠯᠳᠤᠭᠤᠯᠵᠤ᠂ ᠰᠠᠯᠬᠢᠨ ᠤ ᠲᠠᠯᠠᠪᠤᠷ | ᠤᠨ ᠲᠠᠯᠠᠪᠤᠷ ᠲᠤ ᠣᠷᠣᠬᠤ ᠵᠠᠮ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | ᠠᠳᠤᠭᠤᠨ ᠰᠤᠶᠤᠯ ᠤᠨ ᠲᠦᠪ ᠤᠨ 110 ᠺᠢᠯᠦᠸᠠᠲ ᠤᠨ ᠴᠠᠬᠢᠯᠭᠠᠨ ᠬᠦᠷᠭᠡᠬᠦ ᠬᠥᠴᠤᠳᠠᠯ ᠦᠭᠡᠷᠡᠴᠢᠯᠡᠬᠦ᠂ 10 | ᠺᠢᠯᠦᠸᠠᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠦᠭᠡᠭᠡᠬᠦ ᠲᠤᠤᠷ ᠢ ᠥᠭᠡᠷᠡᠴᠢᠯᠡᠬᠦ᠂ ᠬᠠᠭᠤᠴᠢᠨ | ᠰᠠᠭᠤᠭᠠᠯᠢ ᠲᠣᠭᠤᠷᠢᠭ ᠤᠨ ᠴᠠᠬᠢᠯᠭᠠᠨ ᠬᠠᠩᠭᠠᠬᠤ ᠲᠦᠬᠦᠭᠡᠷᠤᠮᠵᠢ ᠶᠢ ᠥᠭᠡᠷᠡᠴᠢᠯᠡᠬᠦ᠂ ᠬᠥᠳᠡᠭᠡ ᠲᠣᠰᠬᠤᠨ ᠤ | ᠴᠠᠬᠢᠯᠭᠠᠨ ᠤ ᠲᠤᠤᠷ ᠢ ᠥᠭᠡᠷᠡᠴᠢᠯᠡᠬᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠲᠤᠤᠷ ᠰᠢᠯᠵᠢᠬᠦᠯᠦᠭᠰᠡᠨ ᠴᠠᠬᠢᠯᠭᠠᠨ | ᠵᠡᠷᠭᠡ ᠴᠠᠬᠢᠯᠭᠠᠨ ᠬᠠᠩᠭᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠬᠢᠯᠭᠠᠨ ᠬᠠᠩᠭᠠᠬᠤ | ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ 5G ᠰᠠᠭᠤᠷᠢ ᠥᠷᠲᠡᠭᠡ ᠶᠢ 200 ᠠᠴᠠ ᠲᠡᠭᠡᠭᠰᠢ ᠪᠠᠶᠢᠭᠤᠯᠤᠨ | ᠨᠡᠪᠲᠡᠷᠡᠭᠦᠯᠵᠦ᠂ ᠭᠡᠷᠡᠯᠯᠢᠭ ᠲᠡᠭᠡᠰᠤ ᠶᠢ 600 ᠺᠢᠯᠣᠮᠧᠲᠷ ᠲᠡᠪᠢᠰᠴᠤ᠂ ᠬᠤᠲᠠ ᠶᠢᠨ ᠲᠣᠭᠤᠷᠢᠭ ᠲᠤ 5G | ᠳᠣᠬᠢᠶ᠎ᠠ ᠶᠢ ᠨᠠᠶᠢᠳᠠᠮ ᠬᠠᠮᠤᠷᠤᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ︵ᠲᠠᠪᠤ︶ ᠴᠥᠬᠦᠷᠡᠰᠢ ᠦᠭᠡᠢ ᠪᠠᠷ ᠥᠭᠡᠷᠡᠴᠢᠯᠡᠯᠲᠡ ᠶᠢ ᠠᠬᠢᠭᠤᠯᠤᠨ᠂ ᠨᠡᠭᠡᠭᠡᠯᠲᠡ ᠶᠢ ᠥᠷᠭᠡᠳᠬᠡᠵᠤ᠂ ᠨᠡᠭᠡᠭᠡᠯᠲᠡ | ᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ ᠭᠤᠤᠯᠳᠠᠯᠭ᠎ᠠ ᠲᠠᠢ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ︽ᠬᠤᠤᠰ ᠣᠷᠴᠢᠯ︾ ᠤᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠨ | ᠤᠷᠤᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠢ ᠲᠠᠰᠤᠷᠠᠯᠲᠡ ᠦᠭᠡᠢ ᠴᠢᠩᠭᠠᠷᠠᠭᠤᠯᠤᠨ᠎ᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠥᠷᠲᠡᠭᠡ ᠮᠠᠶ᠋ᠢᠭ︾ ᠤᠨ ᠴᠢᠳᠠᠮᠵᠢ ᠶᠢ ᠰᠢᠯᠢᠳᠡᠭᠵᠢᠭᠦᠯᠦᠨ᠂ ︽ᠮᠥᠩᠬᠡ ᠰᠤᠪᠠᠭ︾ ᠢ ᠳᠡᠯᠭᠡᠷᠡᠭᠦᠯᠦᠨ ᠬᠡᠷᠡᠭᠯᠡᠬᠦ ᠶᠢ | ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠨᠢᠭᠡ ᠰᠦᠯᠵᠢᠶ᠎ᠡ ᠪᠠᠷ ᠰᠢᠢᠳᠪᠤᠷᠢᠯᠡᠬᠦ᠂ ᠨᠢᠭᠡ ᠯᠡ | ᠤᠲᠠᠭ᠎ᠠ ᠳᠤ ᠰᠢᠢᠳᠪᠦᠷᠢᠯᠡᠬᠦ᠂ ᠭᠠᠷ ᠤᠳᠡᠰᠤ ᠪᠠᠷ ᠰᠢᠢᠳᠪᠤᠷᠢᠯᠡᠬᠦ᠂ ᠲᠠᠨ ᠳᠤ ᠬᠠᠪᠰᠤᠷᠤᠨ ᠰᠢᠢᠳᠪᠤᠷᠢᠯᠡᠬᠦ ᠶᠢ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠰᠠᠶᠢᠨ ᠮᠠᠭᠤ ᠦᠨᠡᠯᠡᠯᠲᠡ︾ ᠶᠢᠨ ᠳᠦᠷᠢᠮ ᠢ | ᠶᠠᠪᠤᠭᠤᠯᠵᠤ᠂ ᠬᠤᠲᠠ ᠶᠢᠨ ᠲᠣᠰ ᠱᠠᠲᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠶᠢᠨ | ᠠᠵᠢᠯ ᠢ ᠦᠷᠨᠢᠬᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢᠨ ᠰᠠᠯᠠᠭ᠎ᠠ ᠮᠥᠴᠢᠷ | ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ︽ᠨᠢᠭᠡ ᠤᠳᠠᠭ᠎ᠠ ᠢᠷᠡᠪᠡᠯ ᠣᠯᠠᠨ ᠶᠠᠪᠤᠳᠠᠯ ᠢ | ᠪᠠᠶᠢᠴᠠᠭᠠᠵᠤ ᠪᠤᠯᠬᠤ︾ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ | ᠶᠢᠨ ᠳᠠᠮᠵᠢᠭᠤᠯᠬᠤ ᠲᠣᠭᠲᠠᠴᠠ ᠶᠢ ᠰᠠᠭᠠᠳ ᠥᠬᠡᠶ ᠨᠡᠪᠲᠡᠷᠡᠭᠦᠯᠵᠦ᠂ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠥᠭᠬᠦ ᠵᠡᠷᠭᠡ ᠴᠡᠪᠡᠷ ᠠᠰᠢᠭ ᠤᠨ ᠠᠵᠤ | ᠠᠬᠤᠶᠢᠯᠠᠯ ᠳᠤ ᠰᠢᠭᠤᠳ ᠬᠥᠷᠬᠦ ᠶᠢ ᠦᠨᠡᠨ ᠬᠦ ᠪᠠᠲᠤᠯᠠᠨ᠎ᠠ᠃ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ | ᠨᠠᠷᠢᠯᠢᠬ ᠤᠨᠤᠴᠠᠳᠠᠢ ᠵᠣᠯᠭᠠᠯᠳᠤᠬᠤ ᠶᠢ ᠴᠢᠩᠭᠠᠳᠬᠠᠵᠤ᠂ ᠮᠥᠩᠭᠦᠨ ᠬᠥᠢᠯᠭᠡᠭᠡ ᠶᠢᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠵᠢᠯᠯᠠᠭ᠎ᠠ ᠶᠢ ᠬᠡᠷᠡᠭᠵᠢᠬᠦᠯᠵᠦ᠂ ᠮᠥᠩᠭᠦᠨ ᠬᠥᠢᠯᠭᠡᠭᠡ ᠶᠢᠨ ᠣᠷᠣᠨ | ᠨᠤᠲᠤᠭ ᠤᠨ ᠬᠥᠭᠵᠢᠯᠲᠡ ᠳᠤ ᠦᠢᠯᠡᠴᠢᠯᠡᠬᠦ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠬᠦᠯᠬᠦ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 2 — 3 ᠴᠢᠷᠮᠠᠶᠢᠨ | ᠬᠡᠷᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ | ᠯᠤᠭ᠎ᠠ ᠬᠠᠮᠲᠤᠷᠠᠯᠴᠠᠬᠤ ᠪᠠᠨ ᠴᠢᠩᠭᠠᠳᠬᠠᠵᠤ᠂ ᠠᠵᠤ ᠠᠬᠤᠢᠢᠯᠠᠯ ᠲᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠬᠤᠲᠠ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠪᠠᠷ ᠴᠢᠷᠮᠠᠶᠢᠨ᠎ᠠ᠃ | ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ ᠢ ᠬᠥᠢᠴᠡᠳ ᠪᠠᠳᠠᠷᠠᠭᠤᠯᠵᠤ᠂ ᠲᠤᠯᠤᠭᠠᠢᠢᠯᠠᠭᠴᠢ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠣᠬᠢᠶᠠᠨ ᠪᠠᠶᠢᠭᠤᠯᠬᠤ ᠶᠢ ᠳᠡᠮᠵᠢᠵᠦ᠂ ᠳᠤᠮᠳᠠ ᠵᠢᠵᠢᠭ | ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠠᠶᠢᠴᠢᠯᠠᠨ᠎ᠠ᠃ ︽ᠴᠢᠳᠠᠪᠤᠷᠢᠲᠠᠨ ᠢ ᠭᠠᠵᠠᠷ ᠤᠷᠤᠨ ᠤ | ᠬᠢᠵᠠᠭᠠᠷᠯᠠᠯ ᠦᠭᠡᠢ ᠪᠠᠷ ᠴᠢᠯᠦᠭᠡᠲᠠᠢ ᠬᠡᠷᠡᠭᠯᠡᠬᠦ︾ ᠵᠠᠭᠪᠤᠷ ᠢ ᠬᠠᠶᠢᠨ ᠰᠦᠪᠡᠭᠴᠢᠯᠡᠵᠦ᠂ ︽ᠬᠡᠨ ᠳᠤ | ᠬᠠᠷᠢᠶᠠᠯᠠᠬᠲᠠᠬᠤ ᠶᠢ ᠱᠠᠭᠠᠷᠳᠠᠬᠤ ᠦᠭᠡᠢ᠂ ᠬᠡᠨ ᠳᠤ ᠬᠡᠷᠡᠭᠯᠡᠭᠳᠡᠬᠦ ᠶᠢ ᠱᠠᠭᠠᠷᠳᠠᠬᠤ︾ ᠴᠢᠳᠠᠪᠤᠷᠢᠲᠠᠨ ᠢ ᠲᠠᠳᠠᠨ | ᠠᠪᠴᠢᠷᠠᠬᠤ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠤ ᠣᠷᠣᠵᠤ ᠢᠷᠡᠵᠦ ᠳᠡᠶᠢᠯᠬᠦ ᠦᠭᠡᠢ᠂ ᠦᠯᠡᠳᠡᠵᠦ | ᠳᠡᠶᠢᠯᠬᠦ ᠦᠭᠡᠢ ᠬᠦᠴᠢᠷᠳᠡᠯ ᠢ ᠴᠢᠷᠮᠠᠶᠢᠨ ᠰᠢᠢᠳᠪᠦᠷᠢᠯᠡᠨ᠎ᠡ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯ ᠤᠨ | ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ | ᠢᠳᠡᠪᠬᠢᠲᠡᠶ ᠪᠠᠷ ᠬᠥᠮᠦᠵᠢᠭᠦᠯᠦᠨ᠎ᠡ᠃ ᠡᠳ᠋ ᠤᠨ ᠵᠠᠰᠠᠭ ᠭᠠᠶᠢᠯᠢ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ | ᠰᠣᠶᠣᠯ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠠᠬᠢ | ᠥᠭᠡᠷᠡᠴᠢᠯᠡᠯᠲᠡ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠥᠭᠡᠷᠡᠴᠢᠯᠡᠯᠲᠡ ᠪᠠ ᠬᠥᠭᠵᠢᠯᠲᠡ ᠶᠢᠨ ᠭᠦᠨᠵᠡᠭᠡᠢ | ᠠᠭᠤᠰᠤᠯᠴᠠᠯ᠂ ᠥᠨᠳᠥᠷ ᠪᠦᠲᠦᠮᠵᠢᠲᠡᠢ ᠬᠤᠯᠪᠣᠯᠳᠤᠯ ᠢ ᠠᠬᠢᠭᠤᠯᠤᠨ᠎ᠠ᠃ | ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠶᠢ ᠪᠦᠬᠦ ᠲᠠᠯ᠎ᠠ ᠪᠠᠷ ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ | ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠪᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ | ᠶᠢ ᠪᠤᠢ ᠪᠤᠯᠭᠠᠬᠤ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠨ ᠤᠷᠤᠵᠤ᠂ ᠮᠣᠩᠭᠤᠯ ᠤᠯᠤᠰ | ᠯᠤᠭ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢ ᠴᠢᠩᠭᠠᠳᠬᠠᠨ᠎ᠠ᠃ | ᠪᠡᠭᠡᠵᠢᠩ ᠳᠤ ᠣᠷᠣᠬᠤ ᠲᠦᠷᠭᠡᠨ ᠬᠤᠷᠳᠤᠴᠠᠲᠤ ᠲᠡᠮᠦᠷ ᠵᠠᠮ ᠢ ᠲᠦᠷᠭᠡᠯᠡᠨ ᠪᠦᠲᠦᠭᠡᠨ ᠪᠠᠶᠢᠭᠤᠯᠵᠤ ᠪᠠᠶᠢᠭ᠎ᠠ | ᠠᠰᠢᠭᠲᠠᠢ ᠲᠣᠬᠢᠶᠠᠯ ᠢ ᠠᠰᠢᠭᠯᠠᠨ᠂ ᠪᠡᠭᠡᠵᠢᠩ ᠲᠢᠶᠠᠨᠵᠢᠨ ᠾᠧᠪᠸᠢ᠂ ᠪᠦᠸᠧᠬᠠᠢ ᠲᠠᠩᠭᠢᠰ ᠳᠠᠭᠠᠤ ᠣᠷᠣᠨ᠂ | ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠥᠮᠦᠨ ᠤ ᠤᠷᠤᠰᠬᠠᠯ᠂ ᠪᠠᠷᠠᠭᠠᠨ ᠤ ᠬᠥᠢᠯᠭᠡᠭᠡ᠂ ᠪᠡᠯᠡ ᠮᠥᠩᠭᠦᠨ ᠤ ᠭᠦᠢᠯᠭᠡᠭᠡ ᠶᠢ ᠨᠡᠩ | ᠤᠯᠠᠨ ᠲᠠᠲᠠᠵᠤ ᠴᠤᠭᠯᠠᠷᠠᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠶᠡᠬᠡᠳᠬᠡᠵᠦ᠂ | ᠠᠵᠤ ᠦᠢᠯᠡᠰ ᠤᠨ ᠴᠢᠭᠯᠡᠯ ᠪᠠ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠡᠯᠬᠢᠶ᠎ᠠ ᠶᠢ | ᠤᠷᠲᠤᠳᠬᠠᠬᠤ ᠬᠡᠯᠬᠢᠶ᠎ᠠ ᠶᠢ ᠨᠥᠬᠦᠪᠥᠷᠢᠯᠡᠬᠦ ᠬᠡᠯᠬᠢᠶ᠎ᠠ ᠶᠢ ᠴᠢᠩᠭᠠᠳᠬᠠᠬᠤ ᠨᠢᠭᠡ ᠪᠦᠯᠦᠭ ᠲᠥᠷᠦᠯ ᠵᠦᠢᠯ ᠢ | ᠬᠥᠴᠤᠯᠠᠨ ᠣᠷᠣᠭᠤᠯᠵᠤ᠂ ᠲᠥᠷᠦᠯ ᠵᠦᠢᠯ ᠢ 5 ᠠᠴᠠ ᠳᠡᠭᠡᠭᠰᠢ ᠰᠢᠨ᠎ᠡ ᠪᠠᠷ ᠨᠠᠶᠢᠲᠠᠪᠤᠷᠢᠵᠢᠭᠤᠯᠬᠤ ᠪᠠᠷ | ᠴᠢᠷᠮᠠᠶᠢᠵᠤ᠂ ᠪᠡᠯᠡ ᠮᠥᠩᠭᠦ ᠶᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠲᠡᠳᠡᠵᠤ ᠣᠷᠣᠭᠤᠯᠤᠨ᠎ᠠ᠃ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠪᠥᠬᠦ ᠲᠠᠯ᠎ᠠ ᠪᠠᠷ ᠨᠡᠭᠡᠭᠡᠯᠲᠡ ᠬᠢᠬᠦ | ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠣᠶ ᠪᠣᠯᠭᠠᠨ᠎ᠠ᠃ | ︵ᠵᠢᠷᠭᠤᠭ᠎ᠠ︶ ᠴᠥᠬᠦᠷᠡᠰᠢ ᠦᠭᠡᠢ ᠪᠠᠷ ᠠᠷᠠᠳ ᠤᠨ ᠠᠮᠢᠳᠤᠷᠠᠯ ᠳᠤ ᠠᠰᠢᠭ ᠬᠥᠷᠳᠡᠭᠡᠨ᠂ ᠠᠵᠠ ᠵᠢᠷᠭᠠᠯ ᠢ | ᠨᠡᠮᠡᠭᠳᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃ ᠶᠡᠷᠦᠩᠬᠡᠢ ᠱᠦᠵᠢ ᠰᠢ | ᠶᠢᠨ ᠫᠢᠩ ᠤᠨ ︽ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ | ᠡᠬᠦᠰᠤᠯᠳᠡ ᠪᠠ ᠦᠷ᠎ᠠ ᠳ᠋ᠦᠩ ᠮᠥᠨ︾ ᠭᠡᠬᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠢ | ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠢ ᠨᠡᠩ ᠤᠯᠠᠨ ᠬᠦᠷᠲᠡᠮᠵᠢᠳᠤ | ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠲᠠᠢ ᠪᠤᠯᠭᠠᠨ᠎ᠠ᠃ ᠠᠷᠭ᠎ᠠ ᠪᠦᠬᠦᠨ | ᠢ ᠰᠦᠪᠡᠭᠴᠢᠯᠡᠨ ᠠᠵᠢᠯ ᠣᠯᠭᠤᠯᠲᠠ ᠶᠢ ᠥᠷᠭᠡᠳᠬᠡᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ | ᠠᠴᠠ ᠬᠠᠯᠠᠭᠳᠠᠭᠰᠠᠳ᠂ ᠬᠥᠯᠤᠰᠤᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠤᠨ ᠣᠯᠠᠨ ᠠᠷᠭ᠎ᠠ ᠵᠠᠮ ᠢᠶᠠᠷ | ᠠᠵᠢᠯ ᠣᠯᠵᠤ ᠦᠢᠯᠡᠰ ᠴᠣᠭᠴᠠᠯᠠᠬᠤ ᠶᠢ ᠠᠬᠢᠭᠤᠯᠤᠨ᠂ ᠬᠤᠲᠠ ᠪᠠᠯᠭᠠᠰᠤᠨ ᠳᠤ ᠠᠵᠢᠯ ᠤᠯᠤᠭᠰᠠᠳ ᠢ ᠰᠢᠨ᠎ᠠ | ᠪᠠᠷ 1.3 ᠲᠦᠮᠡ ᠨᠡᠮᠡᠭᠳᠡᠬᠦᠯᠵᠤ᠂ ︽ᠠᠵᠢᠯ ᠣᠯᠤᠭᠰᠠᠳ ᠦᠭᠡᠢ︾ ᠭᠡᠷ ᠪᠦᠯᠢ ᠶᠢ ᠬᠥᠳᠡᠯᠦᠩᠭᠦᠢ ᠪᠠᠷ ᠠᠵᠢᠯ | ᠤᠯᠤᠭᠰᠠᠳ ᠲᠠᠢ ᠪᠣᠯᠭᠠᠬᠤ ᠶᠢ ᠪᠠᠲᠤᠯᠠᠨ᠎ᠠ᠃ ᠠᠵᠢᠯ ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ | ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ ᠤᠯᠬᠤ ᠳᠤ ᠬᠦᠴᠢᠷᠲᠡᠢ ᠬᠥᠮᠦᠰ ᠤᠨ ᠦᠨᠳᠤᠰᠤᠨ ᠵᠦᠢᠯ ᠢ | ᠪᠠᠳᠤᠯᠠᠵᠤ ᠬᠠᠪᠰᠤᠷᠤᠨ ᠲᠡᠳᠬᠦᠨ᠎ᠡ᠃ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦᠯᠬᠦ ᠢᠨᠵᠧᠨᠧᠷᠢᠩ ᠢ | ᠬᠡᠷᠡᠭᠵᠢᠭᠦᠯᠵᠦ᠂ ᠴᠠᠯᠢᠩ ᠢ ᠵᠦᠢ ᠵᠣᠬᠢᠰᠲᠠᠶ ᠨᠡᠮᠡᠭᠳᠡᠬᠦᠯᠬᠦ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ | ᠲᠣᠬᠢᠷᠠᠭᠤᠯᠬᠤ᠂ ᠴᠠᠯᠢᠩ ᠦᠭᠬᠦ ᠶᠢ ᠪᠠᠲᠤᠯᠠᠬᠤ ᠵᠡᠷᠭᠡ ᠲᠣᠭᠲᠠᠴᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ︾ ᠶᠢ ᠶᠡᠭᠡ ᠪᠠᠷ ᠠᠬᠢᠭᠤᠯᠵᠤ᠂ ᠳᠠᠭᠠᠳᠬᠠᠬᠤ ᠶᠤᠰᠤᠲᠠᠢ ᠶᠢ ᠨᠢ ᠴᠦᠮ ᠳᠠᠭᠠᠳᠬᠠᠨ᠎ᠠ᠃ | ᠳᠠᠭᠠᠳᠬᠠᠯ ᠢ ᠬᠢᠬᠠᠵᠤ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦᠨ ᠤ | ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠨ᠎ᠠ᠃ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠬᠢᠭᠡᠳ ᠡᠮᠨᠡᠯᠭᠡ ᠶᠢᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥ | ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ | ᠵᠤᠷᠢᠬᠵᠢᠭᠤᠯᠤᠨ ᠬᠥᠭᠵᠢᠭᠦᠯᠵᠦ᠂ ᠠᠷᠠᠳ ᠣᠯᠠᠨ ᠤ ᠣᠯᠠᠨ ᠳᠡᠰ ᠳᠠᠪᠬᠤᠷᠭ᠎ᠠ ᠶᠢᠨ᠂ ᠣᠯᠠᠨ ᠶᠠᠩᠵᠤᠴᠢᠯᠠᠭᠰᠠᠨ | ᠡᠮᠨᠡᠯᠭᠡ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠨ᠎ᠠ᠃ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠬᠦᠯᠵᠤ᠂ ᠲᠤᠷᠤᠢ ᠪᠠᠭᠤᠷᠠᠢ ᠭᠦᠮᠦᠰ ᠤᠨ ᠦᠨᠳᠦᠰᠦᠨ ᠠᠮᠢᠳᠤᠷᠠᠯ ᠢ ᠪᠦᠬᠦ | ᠬᠦᠴᠦᠨ ᠢᠶᠠᠷ ᠢᠶᠠᠨ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ | ᠵᠢᠷᠤᠮᠵᠢᠭᠤᠯᠤᠨ ᠲᠡᠳᠬᠦᠵᠦ᠂ ᠭᠡᠷ ᠲᠡᠭᠡᠨ ᠪᠠ ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ ᠬᠢᠬᠦ ᠪᠠᠷ | ᠰᠠᠭᠤᠷᠢ ᠪᠣᠯᠭᠠᠭᠰᠠᠨ᠂ ᠨᠡᠶᠢᠭᠡᠮ ᠤᠨ ᠪᠠᠶᠢᠭᠤᠯᠤᠮᠵᠢ ᠨᠠᠰᠤᠳᠡᠨ ᠢ ᠠᠰᠠᠷᠠᠬᠤ ᠪᠠᠷ ᠨᠥᠬᠦᠪᠥᠷᠢ ᠪᠣᠯᠭᠠᠭᠰᠠᠨ᠂ ᠡᠮᠨᠡᠬᠦ | ᠪᠠ ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ᠣᠷᠣᠰᠢᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠣᠷᠣᠰᠢᠭᠤᠯᠭ᠎ᠠ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠤᠨ᠎ᠠ᠃ ︽ᠬᠤᠶᠠᠷ | ᠮᠥᠩᠭᠦ ᠭᠤᠷᠪᠠᠨ ᠲᠦᠷᠢᠮ︾ ᠵᠡᠷᠭᠡ ᠲᠦᠷᠢᠮ ᠢ ᠨᠠᠷᠢᠯᠢᠬ ᠤᠨᠤᠴᠠᠳᠠᠢ ᠬᠡᠷᠡᠭᠵᠢᠭᠦᠯᠵᠦ᠂ ᠬᠥᠯᠤᠰᠤᠨ ᠠᠵᠢᠯᠴᠢᠨ ᠤ | ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠦᠭᠬᠦ ᠶᠢ ᠦᠨᠡᠨ ᠬᠦ ᠪᠠᠲᠤᠯᠠᠨ᠎ᠠ᠃ ᠭᠡᠷ ᠪᠠᠶᠢᠰᠢᠩ ᠢ ᠰᠠᠭᠤᠬᠤ | ᠶᠢᠨ ᠲᠥᠯᠥᠭᠡ ᠠᠪᠤᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠠᠪᠤᠭᠰᠠᠨ ᠪᠢᠰᠢ ᠭᠡᠬᠦ ᠪᠠᠶᠢᠷᠢ ᠲᠣᠭᠲᠠᠭᠠᠯᠲᠠ | ᠶᠢ ᠪᠠᠷᠢᠮᠲᠠᠯᠠᠵᠤ᠂ ᠵᠢᠱᠢᠯᠲᠡ ᠪᠠᠷ ᠬᠥᠳᠤᠯᠤᠨ ᠵᠢᠯᠤᠭᠤᠳᠬᠤ ᠶᠢ ᠴᠢᠩᠭᠠᠳᠬᠠᠨ᠂ ᠤᠯᠠᠨ ᠲᠦᠮᠡᠨ ᠤ ᠤᠯᠠᠨ ᠲᠡᠰ | ᠳᠠᠪᠬᠤᠷᠭ᠎ᠠ ᠶᠢᠨ᠂ ᠤᠯᠠᠨ ᠶᠠᠩᠵᠤᠴᠢᠯᠠᠭᠰᠠᠨ ᠵᠦᠢ ᠵᠣᠬᠢᠰᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ | | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠶᠣᠰᠣ ᠰᠤᠷᠲᠠᠬᠤᠨ ᠢ | ᠪᠤᠢ ᠪᠤᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠬᠤᠶᠠᠷ ᠢ | ᠬᠥᠡᠭᠭᠡᠷᠡᠬᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠢᠨᠠᠮᠠᠭᠠᠶ ᠥᠷᠨᠢᠭᠦᠯᠵᠦ᠂ ᠬᠢᠴᠢᠶᠡᠯ ᠤᠨ ᠲᠦᠷᠦᠯ | ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠴᠡᠭᠴᠡᠯᠡᠨ ᠵᠠᠰᠠᠵᠤ᠂ | ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ︽ᠰᠢᠯᠢ ᠶᠢᠨ ᠭᠤᠤᠯ ᠠᠶᠢᠮᠠᠭ ᠤᠨ ᠰᠢᠨ᠎ᠡ | ᠴᠠᠭ ᠦᠶ᠎ᠡ ᠶᠢᠨ ᠦᠨᠳᠦᠰᠦᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠢ | ᠬᠡᠷᠡᠭᠵᠢᠭᠦᠯᠬᠦ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠦᠨᠳᠦᠰᠦᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠠᠷᠪᠠᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠠᠭᠤᠰᠬᠠᠵᠤ᠂ ᠵᠧᠨ ᠰᠢᠩ ᠬᠡᠦᠬᠡᠳ ᠤᠨ ᠴᠡᠴᠡᠷᠯᠢᠭ᠂ ᠴᠢᠯᠠᠭᠤᠲᠤ ᠬᠡᠦᠬᠡᠳ ᠤᠨ ᠴᠡᠴᠡᠷᠯᠢᠭ ᠂ | ᠪᠦᠯᠬᠦᠮᠳᠡᠯ ᠬᠡᠦᠬᠡᠳ ᠤᠨ ᠴᠡᠴᠡᠷᠯᠢᠭ᠂ ᠠᠷᠪᠠᠨ ᠲᠠᠪᠤᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠳᠤᠮᠳᠠᠳᠤ | ᠰᠤᠷᠭᠠᠭᠤᠯᠢ ᠵᠡᠷᠭᠡ ᠲᠥᠷᠥᠯ ᠵᠦᠢᠯ ᠢ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠯ ᠦᠵᠡᠬᠦᠯᠬᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠯᠲᠡ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢ ᠴᠢᠨᠠᠷ ᠰᠠᠶᠢᠲᠠᠶ ᠥᠪᠡᠷᠮᠢᠴᠡ ᠤᠨᠴᠠᠯᠢᠭ ᠲᠠᠢ ᠪᠠᠶᠢᠯᠭᠠᠬᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠤᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠬᠥᠭᠵᠢᠭᠦᠯᠬᠦ | ᠶᠢ ᠠᠬᠢᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠢ ᠴᠢᠬᠤᠯᠠᠴᠢᠯᠠᠨ ᠬᠥᠭᠵᠢᠭᠦᠯᠵᠦ᠂ ᠣᠨᠴᠠᠭᠠᠶ ᠰᠤᠷᠭᠠᠨ | ᠬᠥᠮᠦᠵᠢᠯ ᠢ ᠰᠠᠶᠢᠲᠤᠷ ᠡᠷᠭᠢᠯᠡᠨ᠎ᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | | ᠡᠷᠡᠭᠦᠯ ᠮᠡᠨᠲᠦ ᠰᠢᠯᠢ ᠶᠢᠨ ᠬᠤᠲᠠ ᠶᠢ ᠪᠦᠲᠦᠭᠡᠨ ᠪᠠᠶᠢᠭᠤᠯᠤᠨ᠎ᠠ᠃ ︽ᠠᠷᠠᠳ ᠲᠦᠮᠡᠨ ᠢ ᠳᠡᠭᠡᠳᠦᠯᠡᠵᠦ᠂ ᠠᠮᠢ | ᠨᠠᠰᠤ ᠶᠢ ᠳᠡᠭᠡᠳᠦᠯᠡᠬᠦ︾ ᠶᠢ ᠢᠮᠠᠭᠲᠠ ᠪᠠᠷᠢᠮᠲᠠᠯᠠᠵᠤ᠂ ᠬᠢᠵᠢᠭ ᠢ ᠪᠠᠶᠢᠡᠭᠭᠤ ᠶᠢᠨ ᠴᠢᠨᠠᠷᠳᠠᠢ ᠰᠡᠷᠭᠡᠶᠢᠯᠡᠨ ᠡᠵᠡᠮᠳᠡᠬᠦ | ᠶᠢ ᠴᠥᠬᠦᠷᠡᠰᠢ ᠥᠬᠡᠶ ᠰᠠᠶᠢᠲᠤᠷ ᠠᠳᠬᠤᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ | ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠮᠦᠨ᠂ ᠪᠣᠳᠠᠰ᠂ ᠣᠷᠴᠢᠨ | ᠲᠣᠭᠤᠷᠢᠨ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ᠲᠦᠷᠭᠡᠨ ᠲᠤᠰᠬᠠᠬᠤ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠᠷᠬᠠᠰᠠᠨ | ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠪᠠᠬᠢᠵᠢᠭᠦᠯᠦᠨ ᠥᠷᠭᠡᠳᠬᠡᠨ᠎ᠡ᠃ | ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠤᠬᠦᠯᠬᠦ ᠳᠡᠮᠵᠢᠬᠦ ᠠᠷᠭ᠎ᠠ ᠬᠡᠮᠵᠢᠶ᠎ᠡ | ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠢᠲᠠᠳ ᠡᠮ ᠡᠮᠨᠡᠯᠭᠡ ︵ᠮᠤᠩᠭᠤᠯ ᠡᠮ ᠡᠮᠨᠡᠯᠭᠡ︶ ᠶᠢᠨ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ | ᠢᠷᠠᠭᠤ ᠠᠯᠲᠠᠷ ᠢ ᠪᠠᠬᠢᠵᠢᠭᠦᠯᠦᠨ᠎ᠡ᠃ ᠣᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ ᠢ | ᠶᠡᠭᠡ ᠪᠠᠷ ᠬᠥᠭᠵᠢᠭᠦᠯᠵᠦ᠂ ᠨᠢᠭᠡ ᠪᠦᠯᠦᠭ ᠨᠠᠷᠠᠲᠤ ᠲᠥᠷᠥᠯ ᠲᠡᠮᠳᠡᠭᠲᠦ ᠤᠷᠤᠯᠳᠤᠭᠠᠨ ᠢ ᠨᠠᠷᠢᠨ ᠨᠢᠮᠪᠠᠶ ᠪᠣᠶ | ᠪᠣᠯᠭᠠᠨ᠎ᠠ᠃ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ | ᠭᠦᠨᠵᠡᠭᠡᠶ ᠠᠭᠤᠰᠤᠯᠴᠠᠯ ᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ | ᠢᠶᠠᠷ ᠢᠶᠠᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠳᠡᠭᠡᠭᠰᠢᠯᠡᠭᠦᠯᠦᠨ᠎ᠡ᠃ | ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ | ᠳᠠᠮᠵᠢᠵᠤ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢᠨ ᠭᠤᠣᠯ ᠰᠡᠳᠦᠪᠲᠦ ᠤᠷᠠᠯᠢᠭ ᠤᠨ ᠵᠣᠬᠢᠶᠠᠨ | ᠪᠦᠲᠦᠭᠡᠯᠭᠡ ᠪᠠ ᠳᠡᠯᠭᠡᠨ ᠦᠵᠡᠭᠦᠯᠦᠯᠭᠡ ᠲᠡᠯᠭᠡᠨ ᠲᠣᠭᠯᠠᠯᠲᠠ ᠶᠢ ᠰᠠᠶᠢᠲᠤᠷ ᠠᠳᠬᠤᠵᠤ᠂ ᠣᠨᠴᠠᠯᠢᠭᠲᠤ ᠰᠣᠶᠣᠯ | ᠤᠨ ᠨᠡᠷ᠎ᠡ ᠶᠢᠨ ᠬᠠᠭᠤᠳᠠᠰᠤ ᠶᠢ ᠪᠤᠢ ᠪᠤᠯᠭᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠭᠦᠨᠵᠡᠭᠡᠢ ᠥᠷᠨᠢᠭᠦᠯᠵᠦ᠂ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ 200 ᠲᠠᠯᠠᠪᠠᠢ ᠠᠴᠠ | ᠳᠡᠭᠡᠭᠰᠢ ᠡᠷᠬᠢᠯᠡᠨ᠎ᠠ᠃ ᠪᠠᠶᠢᠰᠠ ᠶᠢᠨ ᠰᠦᠮ᠎ᠡ ᠶᠢᠨ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠪᠠᠶᠠᠨᠰᠢᠯᠢ ᠶᠢᠨ ᠬᠤᠲᠠ ᠶᠢᠨ ᠪᠠᠭᠤᠷᠢ ᠶᠢᠨ ᠬᠠᠭᠤᠴᠢ | ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠨᠣᠮ ᠤᠨ ᠰᠠᠩ᠂ ᠰᠣᠶᠣᠯ | ᠤᠨ ᠣᠷᠳᠣᠨ ᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ | ᠶᠢ ᠰᠤᠷᠲᠠᠯᠴᠢᠯᠠᠵᠤ᠂ ᠨᠤᠮ ᠪᠢᠴᠢᠭ ᠤᠨ ᠦᠨᠦᠷ ᠠᠮᠲᠠ ᠪᠠᠷ ᠪᠢᠯᠬᠠᠮ᠎ᠠ ᠨᠡᠶᠢᠭᠡᠮ ᠢ ᠪᠠᠶᠢᠭᠤᠯᠤᠨ᠎ᠠ᠃ ᠨᠡᠶᠢᠭᠡᠮ | ᠵᠢᠷᠤᠮᠲᠤ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ | ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠲᠠ | ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ᠂ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠨᠠᠮ ᠪᠠ ᠵᠠᠰᠠᠭ ᠤᠨ | ᠣᠷᠳᠣᠨ ᠤ ᠲᠠᠷᠬᠠᠨ ᠡᠭᠦᠷᠭᠡ ᠮᠥᠨ᠂ ᠡᠳ᠋ ᠤᠨ ᠵᠠᠰᠠᠭ ᠤᠨ ᠪᠠᠴᠢᠮ ᠪᠠᠶᠢᠳᠠᠯ ᠤᠨ ᠠᠰᠢᠭ ᠦᠭᠡᠢ ᠨᠥᠯᠥᠭᠡ ᠶᠢ | ᠴᠢᠷᠮᠠᠶᠢᠨ ᠲᠡᠪᠴᠢᠵᠦ᠂ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯ ᠮᠥᠨ ᠴᠦ ᠲᠤᠰ | ᠬᠤᠭᠤᠴᠠᠭᠠᠨ ᠤ ᠵᠠᠰᠠᠭ ᠤᠨ ᠣᠷᠳᠣᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠲᠤᠰ | ᠤᠳᠠᠭ᠎ᠠ ᠶᠢᠨ ᠬᠤᠷᠠᠯ ᠤᠨ ᠪᠢᠯᠧᠲ ᠢᠶᠠᠷ ᠪᠠᠲᠤᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ | ᠪᠢᠳᠡ ᠲᠦᠷᠭᠡᠯᠡᠨ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ | ᠤᠯᠤᠨ᠎ᠠ ᠭᠡᠵᠦ ᠪᠦᠬᠦ ᠬᠤᠳᠠ ᠶᠢᠨ ᠠᠷᠠᠳ ᠲᠦᠮᠡᠨ ᠳᠤ ᠲᠥᠪ ᠴᠢᠩᠭ᠎ᠠ ᠪᠠᠷ ᠠᠮᠠᠯᠲᠠᠶᠠ᠃ | ︵ᠲᠤᠯᠤᠭ᠎ᠠ︶ ᠠᠮᠤᠷ ᠠᠮᠤᠭᠤᠯᠠᠩ ᠢ ᠴᠦᠬᠦᠷᠡᠰᠢ ᠦᠭᠡᠢ ᠠᠬᠢᠭᠤᠯᠤᠨ᠂ ᠲᠣᠭᠲᠠᠭᠤᠨ ᠪᠠᠶᠢᠳᠠᠯ ᠢ ᠪᠠᠲᠤᠯᠠᠵᠤ᠂ | ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠡᠬᠦᠳᠤᠨ ᠨᠡᠭᠡᠭᠡᠨ᠎ᠠ᠃ ᠤᠯᠤᠰ ᠤᠨ ᠶᠡᠷᠦᠩᠬᠡᠢ ᠴᠤᠭᠴᠠ ᠶᠢᠨ | ᠠᠮᠤᠷ ᠲᠦᠪᠰᠢᠨ ᠤ ᠦᠵᠡᠯᠲᠡ ᠶᠢ ᠪᠤᠢ ᠪᠣᠯᠭᠠᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠪᠠᠶᠢᠳᠠᠯ ᠤᠨ ᠬᠠᠯᠬᠠᠪᠴᠢ | ᠶᠢ ᠪᠠᠲᠤ ᠴᠣᠭᠴᠠᠯᠠᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠠᠵᠢᠯ ᠲᠠᠢ ᠤᠶᠠᠯᠳᠤᠭᠤᠯᠤᠨ᠂ ︽ᠨᠢᠭᠡ ᠵᠡᠭᠡᠯᠢ ᠨᠢᠭᠡ ᠪᠦᠳᠤᠭᠡᠭᠳᠡᠬᠦᠨ ᠨᠢᠭᠡ ᠣᠨᠴᠠᠯᠢᠭ︾᠂ ︽ | ᠶᠡᠷᠦᠩᠬᠡᠶᠢᠯᠡᠭᠰᠡᠨ ᠵᠠᠰᠠᠬᠤ ᠦᠷᠳᠡᠭᠡ︾᠂ ︽ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ︾ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠤᠷ ᠠᠮᠤᠭᠤᠯᠠᠩ ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ | ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠰᠢᠯᠤᠭᠤᠳᠬᠠᠨ | ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠬᠦᠴᠦᠯᠡᠨ ᠰᠢᠢᠳᠪᠦᠷᠢᠯᠡᠵᠦ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠤᠨ ︽ᠬᠠᠳᠠᠭᠠᠯᠠᠯᠲᠠ ᠶᠢ ᠪᠠᠭᠠᠰᠬᠠᠵᠤ ᠨᠡᠮᠡᠭᠳᠡᠯ ᠢ ᠬᠢᠵᠠᠭᠠᠷᠯᠠᠬᠤ︾ ᠲᠠᠶᠢᠨ ᠤ | ᠢᠯᠠᠯᠳᠠ ᠶᠢ ᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ | ︽ᠣᠶᠤᠨᠴᠢ ᠳᠣᠲᠣᠭᠠᠳᠤ ᠶᠢ ᠬᠠᠮᠠᠭᠠᠯᠠᠬᠤ︾᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠵᠡᠷᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠬᠡᠳᠬᠡᠨ᠎ᠡ︔ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤ ᠶᠢᠨ ᠴᠢᠨᠠᠷᠳᠠᠢ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠦᠭᠬᠦᠨ᠎ᠡ᠃ ᠠᠶᠤᠯᠭᠦᠢ ᠦᠢᠯᠡᠳᠪᠦᠷᠢᠯᠡᠯ | ᠤᠨ ᠲᠤᠰᠬᠠᠶ ᠴᠡᠭᠴᠡᠯᠡᠨ ᠵᠠᠰᠠᠬᠤ ᠪᠤᠭᠤᠮᠲᠠ ᠰᠢᠪᠲᠤᠯᠬᠤ ᠡᠷᠴᠢᠮ ᠢ ᠨᠡᠮᠡᠭᠳᠡᠭᠦᠯᠦᠨ᠂ ᠠᠶᠤᠯᠭᠦᠢ ᠦᠢᠯᠡᠳᠪᠦᠷᠢᠯᠡᠯ | ᠤᠨᠨᠡᠶᠢᠲᠡᠯᠢᠭ ᠴᠢᠨᠠᠷᠲᠠᠶ ᠠᠰᠠᠭᠤᠳᠠᠯ ᠪᠣᠯᠤᠨ ᠲᠤᠪᠤᠶᠢᠮ᠎ᠠ ᠲᠠᠯᠳᠠ ᠭᠡᠮ ᠢ ᠭᠦᠨᠵᠡᠭᠡᠶ ᠵᠠᠳᠠᠯᠵᠤ᠂ ᠠᠮᠤᠷ ᠲᠦᠪᠰᠢᠨ | ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ | ᠪᠥᠷᠢᠨᠰᠢᠬᠦᠯᠵᠤ᠂ ᠵᠠᠰᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ | ᠤᠨ ᠡ᠊ᠨᠳᠡᠯ ᠭᠠᠷᠬᠤ ᠶᠢ ᠪᠠᠭᠠᠰᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠴᠢ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠥᠴᠦᠬᠡᠨ ᠴᠦ ᠰᠤᠯᠠᠷᠠᠭᠤᠯᠤᠯ | ᠦᠭᠡᠢ ᠰᠠᠶᠢᠲᠤᠷ ᠠᠳᠬᠤᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ | ᠬᠠᠮᠠᠭᠠᠯᠠᠨ᠎ᠠ᠃ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠵᠦᠢᠯ ᠢ | ᠲᠥᠪᠯᠡᠷᠡᠬᠦᠯᠤᠨ ᠬᠢᠨᠠᠨ ᠬᠠᠮᠢᠶᠠᠷᠬᠤ ᠲᠤᠰᠬᠠᠶ ᠬᠥᠮᠥᠷᠭᠡ ᠶᠢ ᠪᠠᠶᠢᠭᠤᠯᠤᠨ ᠪᠦᠳᠤᠭᠡᠵᠤ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠬᠤᠲᠠ ᠶᠢᠨ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ ᠶᠢ | ᠴᠢᠩᠭᠠᠳᠬᠠᠵᠤ᠂ ᠲᠤᠰᠬᠠᠶ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠤ ᠶᠢᠨ ᠮᠡᠳᠡᠯᠭᠡ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠬᠠᠤᠯᠢ ᠪᠠᠷ ᠵᠠᠰᠠᠬᠤ | ᠤᠬᠠᠮᠰᠠᠷ ᠢ ᠳᠡᠭᠡᠭᠰᠢᠯᠡᠭᠦᠯᠦᠨ᠎ᠡ᠃ ᠲᠤᠤᠷᠵᠢᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠲᠤᠤᠷᠴᠢᠯᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠨ᠎ᠠ᠃ ᠬᠤᠲᠠ ᠶᠢᠨ ᠬᠠᠮ | ᠵᠠᠭᠤᠴᠢᠯᠠᠭᠤᠷ ᠤᠨ ᠲᠥᠪ ᠢ ᠪᠠᠶᠢᠭᠤᠯᠤᠨ ᠬᠦᠴᠦᠷᠬᠡᠭᠵᠢᠭᠦᠯᠵᠦ ᠰᠠᠶᠢᠲᠤᠷ ᠬᠡᠷᠡᠭᠯᠡᠨ᠂ ᠭᠤᠣᠯ ᠤᠷᠤᠰᠬᠠᠯ ᠤᠨ | ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠥᠷᠭᠡᠳᠬᠡᠨ᠎ᠡ᠃ ᠬᠡᠷᠡᠭᠯᠡᠭᠴᠢᠳ ᠤᠨ ᠨᠡᠶᠢᠭᠡᠮᠯᠢᠭ ᠢ ᠲᠠᠬᠢᠨ | ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ | ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠢ ᠰᠢᠯᠢ ᠶᠢᠨ ᠬᠤᠳᠠ | ᠶᠢ ᠪᠦᠳᠤᠭᠡᠨ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ | ᠤᠨ ᠬᠤᠯᠪᠣᠭᠠᠳᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ | ᠵᠡᠮᠳᠡᠭᠴᠦᠳ ᠤᠨ ᠬᠤᠯᠪᠣᠭᠠᠳᠤ ᠬᠤᠷᠠᠯ ᠵᠡᠷᠭᠡ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠶᠢᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠭᠠᠳᠠᠭᠠᠳᠤ ᠶᠠᠪᠤᠳᠠᠯ᠂ ᠬᠠᠷᠢᠶᠠᠲᠤ ᠨᠠᠷ | ᠤᠨ ᠶᠠᠪᠤᠳᠠᠯ᠂ ᠲᠡᠦᠬᠡ ᠣᠶᠢᠯᠠᠯᠭ᠎ᠠ᠂ ᠳᠠᠩᠰᠠ ᠡᠪᠬᠡᠮᠡᠯ᠂ ᠨᠢᠭᠦᠯᠡᠰᠦᠩᠭᠦᠶ ᠵᠡᠷᠭᠡ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ | ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦᠳᠡᠭᠡᠷ | ᠤᠷᠤᠯᠴᠠᠭᠰᠠᠨ᠂ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠪᠦᠷᠢᠨᠰᠢᠬᠦᠯᠵᠦ᠂ ︽ᠭᠤᠷᠪᠠᠨ | ᠰᠠᠯᠵᠤ ᠴᠢᠳᠠᠬᠤ ᠦᠭᠡᠢ︾᠂ ︽ᠲᠠᠪᠤᠨ ᠡᠨᠡᠭᠰᠢᠯ︾ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠡᠳᠬᠢᠯ ᠳᠤ ᠭᠦᠨ ᠦᠨᠳᠦᠰᠦᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠤᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ | ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠨᠠᠶᠢᠷᠳᠠᠢ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ ᠢ | ᠪᠠᠬᠢᠵᠢᠭᠦᠯᠦᠨ᠎ᠡ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ ᠬᠥᠲᠥᠯᠥᠨ ᠳᠠᠭᠠᠭᠤᠯᠬᠤ | ᠬᠦᠴᠦᠨ ᠢ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ | ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠶᠢ ᠲᠤᠭᠲᠠᠭᠠᠬᠤ︾ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠲᠤᠳᠬᠠᠨ | ᠦᠷᠬᠡᠳᠬᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠥᠢᠴᠡᠳᠭᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠵᠢᠯ ᠦᠢᠯᠡᠰ ᠤᠨ ᠢᠮᠠᠭᠲᠠ ᠵᠥᠪ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ | ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ | ᠪᠤᠢ ᠪᠣᠯᠭᠠᠵᠤ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠣᠶᠤᠨ ᠢ ᠲᠥᠪᠯᠡᠷᠡᠭᠦᠯᠬᠦ᠂ ᠠᠷᠠᠳ ᠤᠨ | ᠬᠦᠴᠦᠨ ᠢ ᠨᠢᠭᠲᠠᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠵᠠᠰᠠᠭ ᠤᠨ ᠣᠷᠳᠣᠨ ᠤ ᠠᠵᠢᠯ ᠤᠨ | ᠪᠦᠬᠦ ᠶᠠᠪᠤᠴᠠ ᠳᠤ ᠲᠤᠤᠱᠯᠠᠭᠤᠯᠤᠨ᠎ᠠ᠃ 12345 ᠤᠶᠤᠨᠴᠢ ᠲᠣᠬᠢᠷᠠᠭᠤᠯᠬᠤ ᠲᠠᠪᠴᠠᠩ ᠤᠨ ᠦᠢᠯᠡᠳᠦᠯ ᠢ | ᠬᠥᠢᠴᠡᠳ ᠪᠠᠳᠠᠷᠠᠭᠤᠯᠵᠤ᠂ ᠤᠯᠠᠨ ᠲᠦᠮᠡᠨ ᠤ ᠲᠤᠰᠬᠠᠯ ᠶᠡᠬᠡᠲᠡᠶ ᠲᠤᠪᠤᠶᠢᠮ᠎ᠠ ᠠᠰᠠᠭᠤᠳᠠᠯ ᠢ ᠲᠦᠷᠭᠡᠨ ᠪᠥᠭᠡᠳ | ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠪᠠᠶᠢᠪᠠᠯ ᠵᠠᠪᠠᠯ | ᠬᠠᠷᠢᠭᠤ ᠥᠭᠬᠦ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠴᠦ᠂ ᠠᠷᠠᠳ ᠲᠦᠮᠡᠨ ᠤ ᠦᠢᠯᠡᠴᠢᠯᠡᠭᠴᠢ ᠪᠣᠯᠵᠣ᠂ ᠠᠷᠠᠳ ᠣᠯᠠᠨ ᠤ ᠬᠦᠷᠲᠡᠮᠵᠢᠳᠤ | ᠲᠥᠷᠥᠭᠳᠡᠯ ᠢ ᠨᠠᠩ ᠴᠢᠨᠠᠷᠯᠢᠬ ᠪᠤᠯᠭᠠᠬᠤ᠂ ᠵᠤᠯ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠬᠦ᠋ᠢᠴᠠ ᠪᠤᠯᠭᠠᠬᠤ᠂ | ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠵᠤ᠂ ᠦᠨᠡᠨ ᠪᠣᠳᠠᠲᠠᠶ ᠠᠵᠢᠯ | ᠤᠨ ᠦᠷ᠎ᠡ ᠪᠦᠲᠦᠮᠵᠢ ᠪᠠᠷ ᠠᠷᠠᠳ ᠲᠦᠮᠡᠨ ᠤ ᠢᠲᠡᠭᠡᠯ ᠢ ᠣᠯᠤᠨ᠎ᠠ᠃ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ | ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ | ᠶᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠥᠬᠦ ᠲᠠᠯ᠎ᠠ ᠪᠠᠷ | ᠣᠷᠣᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠪᠣᠳᠣᠯᠭ᠎ᠠ ᠶᠢᠨ ᠬᠠᠤᠯᠢ ᠳᠤ ᠲᠤᠬᠳᠠᠭᠠᠭᠰᠠᠨ | ᠵᠢᠷᠤᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢ ᠪᠣᠳᠣᠯᠭ᠎ᠠ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ | ᠳᠡᠭᠡᠭᠰᠢᠯᠡᠭᠦᠯᠤᠨ᠎ᠠ᠃ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠬᠠᠣᠯᠢ ᠶᠢ ᠴᠢᠩᠭ᠎ᠠ | ᠵᠢᠷᠣᠮᠵᠢᠭᠤᠨ ᠭᠤᠣᠯᠴᠢ ᠪᠣᠯᠪᠠᠰᠣᠨ ᠢᠶᠠᠷ ᠬᠡᠷᠡᠭᠵᠢᠬᠦᠯᠥᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠰᠣᠨᠢᠨ | ᠮᠡᠳᠡᠭᠡᠨ ᠤ ᠵᠠᠭᠤᠴᠢᠯᠠᠭᠤᠷ ᠤᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ | ᠰᠢᠢᠳᠪᠤᠷᠢᠯᠡᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠶᠡᠭᠡ ᠪᠠᠷ ᠠᠬᠢᠭᠤᠯᠵᠤ᠂ ᠡᠷᠬᠡ ᠶᠢ ᠢᠯᠡ | ᠲᠤᠲᠤᠷᠬᠠᠢ ᠭᠡᠷᠡᠭᠵᠢᠬᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠪᠠ ᠵᠠᠰᠠᠭ ᠤᠨ | ᠣᠷᠳᠣᠨ ᠤ ᠠᠮᠠᠯᠠᠯᠲᠠ ᠪᠠᠨ ᠬᠠᠤᠯᠢ ᠶᠣᠰᠣᠭᠠᠷ ᠵᠦᠶ ᠵᠣᠬᠢᠰᠲᠠᠶ ᠪᠡᠶᠡᠯᠡᠭᠦᠯᠵᠦ᠂ ᠦᠨᠡᠨᠴᠢ ᠢᠲᠡᠭᠡᠮᠵᠢᠲᠡᠶ ᠵᠠᠰᠠᠭ ᠤᠨ | ᠣᠷᠳᠣᠨ ᠢ ᠬᠦᠴᠦᠯᠡᠨ ᠪᠠᠶᠢᠭᠤᠯᠤᠨ᠎ᠠ᠃ | ︵ᠳᠥᠷᠪᠡ︶ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠶᠢ ᠴᠢᠩᠭᠠᠳᠬᠠᠵᠤ᠂ ᠠᠵᠢᠯ ᠤᠨ ᠬᠥᠢᠴᠡᠳᠭᠡᠬᠦ | ᠬᠦᠴᠦᠨ ᠢ ᠳᠡᠭᠡᠭᠰᠢᠯᠡᠭᠦᠯᠦᠨ᠎ᠡ᠃ ︽ᠵᠠᠭᠤᠨ ᠡᠳᠦᠷ ᠬᠤᠤᠰ ᠠᠵᠢᠯᠯᠠᠭ᠎ᠠ︾ ᠶᠢᠨ ᠪᠤᠭᠤᠮᠲᠠ ᠰᠢᠪᠲᠤᠯᠬᠤ ᠠᠵᠢᠯ | ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ︽ | ᠠᠵᠢᠯ ᠢ ᠦᠨᠵᠢᠬᠦᠯᠵᠦ ᠲᠠᠯᠪᠢᠬᠤ ᠦᠭᠡᠢ᠂ ᠲᠠᠷᠤᠢ ᠲᠦᠷᠭᠡᠨ ᠭᠦᠢᠴᠡᠳᠭᠡᠬᠦ︾ ᠵᠣᠷᠢᠭ ᠰᠠᠨᠠᠭ᠎ᠠ ᠶᠢ ᠭᠦᠨᠵᠡᠭᠡᠶ | ᠦᠢᠯᠡᠳᠦᠯᠭᠡᠵᠢᠭᠦᠯᠵᠦ᠂ ︽ᠦᠬᠡᠨᠴᠡ ᠲᠤᠷᠦᠢ ᠠᠯᠵᠠᠭᠤ ᠵᠠᠯᠬᠠᠭᠤ ᠰᠤᠯᠠ ᠵᠠᠲᠠᠭᠠᠢ ᠬᠤᠶᠢᠷᠭᠤ ᠤᠲᠠᠭᠠᠨ︾ | ᠦᠵᠡᠭᠳᠡᠯ ᠢ ᠶᠡᠬᠡᠪᠡᠷ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ | ᠠᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠲᠠᠯᠠᠵᠤ᠂ ᠰᠢᠪᠠᠳᠠᠨ ᠪᠠᠶᠢᠴᠠᠭᠠᠵᠤ ᠵᠠᠷᠯᠠᠨ ᠮᠡᠳᠡᠭᠳᠡᠬᠦ ᠡᠷᠴᠢᠮ ᠢᠶᠠᠨ | ᠴᠢᠩᠭᠠᠷᠠᠭᠤᠯᠵᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠰᠢᠰᠲ᠋ᠧᠮᠳᠤ ᠰᠡᠳᠬᠢᠬᠦᠢ᠂ ᠰᠢᠨᠵᠢᠯᠡᠬᠦ | ᠤᠬᠠᠭᠠᠨᠴᠢ ᠲᠥᠰᠤᠪᠯᠡᠯ ᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ | ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠪᠤᠳᠤᠯᠢᠶᠠᠨᠲᠠᠶ ᠪᠠᠶᠢᠳᠠᠯ ᠢ ᠠᠷᠭᠠᠴᠠᠬᠤ᠂ ᠬᠥᠭᠵᠢᠯᠲᠡ ᠶᠢᠨ ᠬᠦᠴᠢᠷ | ᠠᠰᠠᠭᠤᠳᠠᠯ ᠢ ᠰᠢᠢᠳᠪᠦᠷᠢᠯᠡᠬᠦ ᠴᠢᠲᠠᠪᠤᠷᠢ ᠪᠠᠨ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ | ︵ᠲᠠᠪᠤ︶ ᠠᠷᠢᠭᠤᠨ ᠴᠢᠬᠡᠴᠢ ᠪᠠᠷ ᠵᠠᠰᠠᠭ ᠤᠨ ᠠᠵᠢᠯ ᠡᠷᠬᠢᠯᠡᠬᠦ ᠶᠢ ᠪᠠᠷᠢᠮᠲᠠᠯᠠᠵᠤ᠂ ᠥᠪᠡᠷ ᠢ ᠪᠠᠨ ᠬᠢᠵᠠᠭᠠᠷᠯᠠᠬᠤ | ᠬᠦᠴᠦᠨ ᠢᠶᠠᠨ ᠳᠡᠭᠡᠭᠰᠢᠯᠡᠭᠦᠯᠦᠨ᠎ᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠯᠢᠬ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ | ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠤᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤ ᠶᠢᠨ ᠴᠢᠨᠠᠷᠳᠠᠢ ᠵᠠᠰᠠᠬᠤ ᠶᠢ ᠠᠬᠢᠭᠤᠯᠵᠤ | ᠂ ᠡᠯ᠎ᠡ ᠠᠵᠢᠯ ᠲᠦᠷᠦᠯ᠂ ᠡᠯ᠎ᠡ ᠬᠦᠷᠢᠶᠡᠨ ᠳᠠᠬᠢ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠠᠳᠬᠤᠨ᠎ᠠ᠃ | ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠬᠢᠨᠠᠮᠠᠭᠠᠢ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠰᠢᠨᠳᠠᠷᠠᠰᠢ ᠦᠭᠡᠢ ᠵᠠᠯᠠᠷᠠᠭᠤᠯᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠠ᠃ ᠠᠷᠪᠢᠯᠠᠨ ᠭᠠᠮᠨᠠᠵᠤ ᠠᠷᠠᠳ ᠢ ᠴᠢᠨᠡᠭᠡᠯᠢᠭᠵᠢᠬᠦᠯᠬᠦ ᠲᠦᠪ ᠶᠣᠰᠣ ᠶᠢ | ᠪᠠᠲᠤ ᠰᠠᠬᠢᠵᠤ᠂ ᠪᠠᠴᠢᠮ ᠬᠡᠷᠡᠭᠴᠡᠭᠡ ᠦᠭᠡᠢ ᠵᠠᠶᠢᠯᠠᠰᠢ ᠦᠭᠡᠢ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ ᠬᠠᠰᠤᠵᠤ | ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾ ᠢᠶᠠᠷ ᠠᠷᠠᠳ ᠤᠯᠠᠨ ᠤ ︽ᠰᠠᠶᠢᠨ ᠠᠮᠢᠳᠤᠷᠠᠯ︾ ᠢ ᠰᠣᠯᠢᠵᠤ | ᠠᠪᠴᠢᠷᠠᠨ᠎ᠠ᠃ | ᠲᠥᠯᠥᠭᠡᠯᠡᠭᠴᠢᠳ ᠡ᠂ ᠡᠭᠦᠷᠭᠡ ᠬᠠᠷᠠᠯᠲᠠ ᠨᠢ ᠢᠳᠡᠭᠡᠯ ᠵᠤᠷᠢᠬ ᠢ ᠬᠥᠪᠴᠢᠯᠡᠵᠤ᠂ ᠰᠢᠷᠭᠠᠭᠤ ᠬᠦᠳᠡᠯᠮᠦᠷᠢ ᠨᠢ | ᠭᠠᠶᠢᠬᠠᠯᠲᠠᠢ ᠠᠮᠵᠢᠯᠲᠠ ᠶᠢ ᠪᠤᠢ ᠪᠤᠯᠭᠠᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠲᠡᠭᠡᠳᠤ ᠱᠠᠲᠤᠨ ᠤ ᠨᠠᠮ ᠤᠨ ᠬᠤᠷᠢᠶ᠎ᠠ᠂ ᠵᠠᠰᠠᠭ | ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ | ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠲᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ᠂ | ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠠᠶᠢᠲᠤᠷ ᠠᠳᠬᠤᠨ ᠪᠣᠳᠠᠲᠠᠢ ᠠᠵᠢᠯᠯᠠᠵᠤ᠂ ᠪᠠᠶᠠᠨ ᠴᠢᠨᠡᠭᠡᠯᠢᠭ | ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠯᠢ ᠶᠢᠨ ᠬᠤᠳᠠ ᠶᠢ ᠲᠦᠷᠭᠡᠯᠡᠨ | ᠪᠦᠳᠤᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠨᠡᠷᠡᠰ ᠤᠨ ᠲᠠᠶᠢᠯᠪᠤᠷᠢ᠄ | 1. ︽ᠨᠢᠭᠡ ᠤᠷᠤᠨ ᠭᠤᠷᠪᠠᠨ ᠬᠦᠷᠢᠶᠡᠯᠡᠩ︾᠄ ︽ᠨᠢᠭᠡ ᠤᠷᠤᠨ︾ ᠭᠡᠳᠡᠭ ᠨᠢ ᠰᠢᠯᠢ ᠶᠢᠨ ᠭᠤᠤᠯ ᠤᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠤᠷᠤᠨ ᠢ ᠵᠢᠭᠠᠵᠤ ᠪᠠᠶᠢᠨ᠎ᠠ︔ ︽ᠭᠤᠷᠪᠠᠨ ᠬᠦᠷᠢᠶᠡᠯᠡᠩ︾ ᠭᠡᠳᠡᠭ ᠨᠢ | ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠲᠠᠷᠢᠶᠠᠯᠠᠩ ᠤᠨ | ᠪᠦᠳᠤᠭᠡᠭᠳᠡᠬᠦᠨ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ᠂ ᠠᠭᠠᠷ ᠤᠨ ᠭᠠᠷᠠᠮ | ᠤᠨ ᠪᠠᠷᠠᠭᠠᠨ ᠤ ᠬᠥᠢᠯᠭᠡᠭᠡᠨ ᠤ ᠬᠦᠷᠢᠶᠡᠯᠡᠩ ᠢ ᠵᠢᠭᠠᠵᠤ ᠪᠠᠶᠢᠨ᠎ᠠ᠃ | 2. ︽ᠬᠤᠶᠠᠷ ᠰᠠᠭᠤᠷᠢᠨ ᠭᠠᠵᠠᠷ︾᠄ ᠨᠡᠶᠢᠰᠯᠡᠯ ᠢ ᠪᠠᠲᠤᠯᠠᠵᠤ᠂ ᠤᠮᠠᠷᠠᠲᠤ ᠣᠷᠣᠨ ᠳᠤ ᠦᠢᠯᠡᠴᠢᠯᠡᠨ᠂ ᠪᠦᠬᠦ | ᠤᠯᠤᠰ ᠲᠤ ᠬᠠᠨᠳᠤᠭᠤᠯᠤᠭᠰᠠᠨ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠭᠠᠷᠭᠠᠬᠤ ᠰᠠᠭᠤᠷᠢᠨ ᠭᠠᠵᠠᠷ ᠪᠠ | ᠪᠤᠬᠢᠷᠲᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠪᠤᠯᠪᠠᠰᠤᠷᠠᠭᠤᠯᠬᠤ | ᠰᠠᠭᠤᠷᠢᠨ ᠭᠠᠵᠠᠷ᠃ | 3. ︽ᠬᠤᠶᠠᠷ ᠬᠠᠯᠬᠠᠪᠴᠢ︾᠄ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ | ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | 4. ︽ᠨᠢᠭᠡ ᠪᠠᠬᠢᠯᠡᠯᠲᠡ︾᠄ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ | ᠴᠢᠬᠤᠯᠠ ᠪᠠᠬᠢᠯᠡᠯᠲᠡ ᠪᠣᠯᠭᠠᠨ ᠪᠥᠳᠥᠭᠡᠨ ᠪᠠᠶᠢᠭᠤᠯᠬᠤ ᠪᠠᠷ ᠴᠢᠷᠮᠠᠶᠢᠨ᠎ᠠ᠃ | 5.︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠦᠭᠡᠨ ᠲᠤᠭᠠᠲᠤ ᠦᠨᠳᠦᠰᠦᠲᠡᠨ ᠠᠴᠠ | ᠰᠠᠯᠵᠤ ᠴᠢᠳᠠᠬᠤ ᠦᠭᠡᠢ᠂ ᠴᠦᠭᠡᠨ ᠲᠤᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ | ᠦᠭᠡᠢ᠂ ᠴᠦᠭᠡᠨ ᠲᠤᠭᠠᠲᠤ ᠦᠨᠳᠦᠰᠦᠲᠡᠨ ᠨᠦᠭᠦᠳ ᠴᠤ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠃ | 6. ︽ᠲᠠᠪᠤᠨ ᠡᠨᠡᠭᠰᠢᠯ︾᠄ ᠠᠭᠤᠤ ᠶᠡᠭᠡ ᠡᠬᠡ ᠤᠷᠤᠨ ᠤ ᠲᠤᠬᠠᠢ ᠡᠨᠡᠭᠰᠢᠯ᠂ ᠳᠤᠮᠳᠠᠳᠤ ᠶᠢᠨ ᠦᠨᠳᠦᠰᠦᠲᠡᠨ ᠤ | ᠲᠤᠬᠠᠢ ᠡᠨᠡᠭᠰᠢᠯ᠂ ᠳᠤᠮᠳᠠᠳᠤ ᠶᠢᠨ ᠰᠣᠶᠣᠯ ᠤᠨ ᠲᠤᠬᠠᠢ ᠡᠨᠡᠭᠰᠢᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠤᠬᠠᠢ ᠡᠨᠡᠭᠰᠢᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠡᠨᠡᠭᠰᠢᠯ᠃ | 7. ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ᠄ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ | ᠳᠤᠮᠳᠠ ᠰᠦᠪᠡᠭᠴᠢ ᠶᠢ ᠰᠢᠢᠳᠪᠤᠷᠢᠯᠡᠵᠤ ᠲᠠᠭᠤᠰᠬᠠᠬᠤ᠂ ᠣᠷᠭᠤᠳᠠᠭᠤᠯ ᠶᠠᠯᠠᠲᠠᠨ ᠢ ᠪᠦᠬᠦᠨ ᠢ ᠪᠠᠷᠢᠬᠤ᠂ ᠬᠡᠷᠡᠭ ᠢ | ᠰᠢᠢᠳᠪᠦᠷᠢᠯᠡᠵᠦ ᠲᠠᠭᠤᠰᠬᠠᠬᠤ᠂ ᠬᠠᠷᠢᠴᠠᠭ᠎ᠠ ᠲᠦᠰᠢᠭ ᠢ ᠨᠢ ᠠᠷᠢᠯᠭᠠᠬᠤ᠂ ᠬᠠᠤᠯᠢ ᠪᠤᠰᠤ ᠡᠳ᠋ ᠬᠥᠷᠥᠩᠭᠡ ᠶᠢ | ᠪᠦᠬᠦᠨ ᠢ ᠢᠯᠭᠠᠷᠠᠭᠤᠯᠤᠨ ᠴᠡᠪᠡᠷᠯᠡᠬᠦ᠂ ᠠᠵᠢᠯ ᠲᠥᠷᠥᠯ ᠢ ᠦᠨᠳᠤᠰᠤᠨ ᠠᠴᠠ ᠨᠢ ᠴᠡᠭᠴᠡᠯᠡᠨ ᠵᠠᠰᠠᠬᠤ ᠶᠢ ᠵᠢᠭᠠᠵᠤ | ᠪᠠᠶᠢᠨ᠎ᠠ᠃ | 8. ︽ᠳᠥᠷᠪᠡ ᠶᠢ ᠨᠢᠭᠡ ᠴᠣᠭᠴᠠᠵᠢᠭᠤᠯᠬᠤ︾ ᠬᠤᠲᠠ ᠶᠢᠨ ᠲᠣᠭᠤᠷᠢᠭ ᠤᠨ ᠵᠢᠭᠤᠯᠴᠢᠯᠠᠯ᠄ ᠬᠤᠲᠠ ᠶᠢᠨ | ᠲᠣᠭᠤᠷᠢᠭ ᠲᠤ ᠠᠳᠤᠭᠤᠨ ᠰᠤᠶᠤᠯ ᠤᠨ ᠭᠤᠣᠯ ᠰᠡᠳᠦᠪᠲᠦ ᠪᠡᠶᠡᠴᠢᠯᠡᠨ ᠣᠶᠢᠯᠠᠭᠠᠬᠤ A ᠲᠣᠭᠤᠷᠢᠭ᠂ ᠰᠣᠶᠣᠯ | ᠤᠨ ᠡᠬᠢ ᠤᠯᠠᠮᠵᠢᠯᠠᠯ ᠢ ᠡᠷᠢᠬᠦ B ᠲᠣᠭᠤᠷᠢᠭ᠂ ᠰᠤᠳᠤᠯᠤᠨ ᠰᠤᠷᠤᠯᠴᠠᠵᠤ ᠵᠢᠭᠤᠯᠴᠢᠯᠠᠬᠤ C ᠲᠣᠭᠤᠷᠢᠭ᠂ | ᠵᠢᠭᠤᠯᠴᠢᠯᠠᠯ ᠤᠨ ᠠᠵᠤ ᠦᠢᠯᠡᠳᠪᠦᠷᠢ ᠶᠢᠨ ᠲᠣᠭᠤᠷᠢᠭ ᠤᠨ D ᠲᠣᠭᠤᠷᠢᠭ ᠭᠡᠬᠦ ︽ᠳᠥᠷᠪᠡ ᠶᠢ ᠨᠢᠭᠡ | ᠴᠣᠭᠴᠠᠵᠢᠭᠤᠯᠬᠤ︾ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠢ ᠢᠳᠡᠪᠬᠢᠲᠡᠶ ᠪᠤᠢ ᠪᠤᠯᠭᠠᠬᠤ ᠶᠢ | ᠵᠢᠭᠠᠵᠤ ᠪᠠᠶᠢᠨ᠎ᠠ᠃ | 9. ︽ᠨᠢᠭᠡ ᠭᠤᠤᠯ᠂ ᠨᠢᠭᠡ ᠱᠤᠭᠤᠮ᠂ ᠲᠠᠪᠤᠨ ᠴᠢᠭ︾ ᠤᠨ ᠮᠠᠯᠵᠢᠬᠤ ᠣᠷᠣᠨ ᠤ ᠵᠢᠭᠤᠯᠴᠢᠯᠠᠯ ᠤᠨ ᠰᠣᠳᠣᠨ | ᠱᠤᠭᠤᠮ᠄ ᠨᠢᠭᠡ ᠭᠤᠤᠯ ᠭᠡᠳᠡᠭ ᠨᠢ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ ᠤᠨ ᠭᠤᠤᠯ | ᠲᠣᠭᠤᠷᠢᠭ ᠢ ᠵᠢᠭᠠᠵᠤ ᠪᠠᠶᠢᠨ᠎ᠠ᠃ ᠨᠢᠭᠡ ᠱᠤᠭᠤᠮ ᠭᠡᠳᠡᠭ ᠨᠢ ᠵᠠᠭᠤᠨ ᠺᠢᠯᠣᠮᠧᠲᠷ ᠤᠨ ᠲᠠᠯ᠎ᠠ ᠨᠤᠲᠤᠭ ᠤᠨ | ᠵᠢᠭᠤᠯᠴᠢᠯᠠᠯ ᠤᠨ ᠲᠤᠰᠬᠠᠶ ᠱᠤᠭᠤᠮ ᠢ ᠵᠢᠭᠠᠵᠤ ᠪᠠᠢᠨ᠎ᠠ︔ ᠲᠠᠪᠤᠨ ᠴᠢᠭ ᠭᠡᠳᠡᠭ ᠨᠢ ︽ᠶᠤᠸᠠᠨ ᠤ ᠲᠡᠭᠡᠳᠤ | ᠨᠡᠶᠢᠰᠯᠡᠯ ᠪᠠ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠢ ᠬᠤᠯᠪᠤᠭᠰᠠᠨ ᠮᠤᠷᠢᠨ ᠵᠠᠮ︾ ︵ᠰᠢᠯᠢ | ᠶᠢᠨ ᠬᠤᠳᠠ ᠶᠢᠨ ᠬᠡᠰᠡᠭ︶ ᠵᠢᠴᠢ ᠣᠯᠠᠨ ᠤᠯᠤᠰ ᠤᠨ ᠮᠣᠷᠢᠨ ᠮᠡᠷᠭᠡᠵᠢᠯ ᠤᠨ ᠬᠤᠯᠪᠣᠭᠠᠳᠤ ᠬᠤᠷᠠᠯ ᠤᠨ | ᠲᠠᠭᠠᠭᠠᠮᠠᠭᠠᠢ ᠤᠷᠤᠯᠳᠤᠭᠠᠨ ᠤ ᠵᠠᠮ ᠲᠠᠭᠠᠤ ᠪᠠᠶᠢᠭᠤᠯᠤᠭᠰᠠᠨ ᠨᠠᠭᠠᠳᠤᠮ ᠤᠨ ᠬᠤᠷᠠᠯ ᠤᠨ ᠲᠠᠯᠠᠪᠠᠶ ᠶᠢᠨ ᠲᠠᠯ᠎ᠠ | ᠨᠤᠲᠤᠭ ᠤᠨ ᠳᠠᠭᠤᠤ ᠬᠥᠭᠵᠢᠮ ᠤᠨ ᠴᠡᠴᠡᠷᠯᠢᠭ ᠤᠨ ᠲᠥᠷᠥᠯ ᠵᠦᠢᠯ᠂ ᠪᠢᠯᠢᠭ ᠰᠢᠷᠡᠭᠡᠳᠤ ᠠᠭᠤᠯᠠ ᠶᠢᠨ ᠭᠠᠯᠲᠤ | ᠠᠭᠤᠯᠠ ᠡᠷᠡᠬᠦᠯᠵᠢᠯ ᠠᠰᠠᠷᠠᠮᠵᠢ ᠶᠢᠨ ᠪᠠᠯᠭᠠᠰᠤᠨ ᠤ ᠲᠥᠷᠥᠯ ᠵᠦᠢᠯ᠂ ᠴᠠᠬᠢᠷᠮ᠎ᠠ ᠶᠢᠨ ᠲᠠᠯ᠎ᠠ ᠨᠤᠲᠤᠭ ᠤᠨ | ᠵᠢᠭᠤᠯᠴᠢᠯᠠᠯ ᠤᠨ ᠲᠣᠭᠤᠷᠢᠯ ᠱᠤᠭᠤᠮ ᠤᠨ ᠲᠥᠷᠥᠯ ᠵᠦᠢᠯ ᠂ ᠪᠠᠶᠠᠨᠬᠦ᠋ᠷᠢᠶ᠎ᠡ ᠶᠢᠨ ᠴᠡᠷᠢᠭ ᠮᠤᠷᠢᠨ ᠤ ᠪᠠᠯᠭᠠᠰᠤᠨ ᠤ | ᠲᠥᠷᠥᠯ ᠵᠦᠢᠯ᠂ ᠬᠤᠯᠠᠨ ᠰᠢᠷᠭ᠎ᠠ ᠲᠠᠭ᠎ᠠ ᠮᠠᠩᠬ᠎ᠠ ᠶᠢᠨ ᠭᠡᠨᠡᠨ ᠠᠷᠠᠯ ᠤᠨ ᠲᠥᠷᠥᠯ ᠵᠦᠢᠯ ᠵᠡᠷᠭᠡ ᠲᠠᠪᠤᠨ ᠶᠡᠭᠡ | ᠰᠣᠳᠣᠨ ᠵᠢᠭᠤᠯᠴᠢᠯᠠᠯ ᠤᠨ ᠲᠥᠷᠥᠯ ᠵᠦᠢᠯ ᠢ ᠵᠢᠭᠠᠵᠤ ᠪᠠᠶᠢᠨ᠎ᠠ᠃ | 10. ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠡᠭᠦᠰᠦᠯᠲᠡ ᠶᠢ ᠤᠷᠬᠢᠯ ᠳᠤ ᠨᠢ ᠬᠦᠷᠭᠡᠵᠦ ᠢᠳᠡᠭ ᠢᠳᠡᠭ | ᠢᠶᠠᠷ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠰᠢᠩᠭᠡᠭᠡᠨ ᠠᠷᠢᠯᠭᠠᠬᠤ᠄ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠡᠭᠦᠰᠦᠯᠲᠡ ᠶᠢ ᠤᠷᠬᠢᠯ ᠳᠤ ᠨᠢ ᠬᠦᠷᠭᠡᠵᠦ ᠢᠳᠡᠭ ᠢᠳᠡᠭ ᠢᠶᠠᠷ | ᠪᠠᠭᠤᠷᠠᠭᠤᠯᠬᠤ ᠭᠡᠳᠡᠭ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠳᠠᠬᠢᠨ | ᠨᠡᠮᠡᠭᠳᠡᠭᠦ ᠦᠭᠡᠢ᠂ ᠣᠷᠭᠢᠯ ᠬᠡᠮᠵᠢᠭᠳᠡᠯ ᠳᠡᠭᠡᠨ ᠬᠦᠷᠦᠭᠰᠡᠨ ᠤ ᠳᠠᠷᠠᠭ᠎ᠠ ᠳᠠᠬᠢᠭᠠᠳ ᠠᠭᠠᠵᠢᠮ ᠢᠶᠠᠷ ᠪᠠᠭᠠᠰᠬᠠᠬᠤ ᠶᠢ | ᠵᠢᠭᠠᠵᠤ ᠪᠠᠶᠢᠨ᠎ᠠ︔ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠢ ᠰᠢᠩᠭᠡᠭᠡᠨ ᠠᠷᠢᠯᠭᠠᠬᠤ ᠭᠡᠳᠡᠭ ᠨᠢ | ᠲᠣᠭᠲᠠᠭᠰᠠᠨ ᠬᠤᠭᠤᠴᠠᠭᠠᠨ ᠳᠣᠲᠣᠷ᠎ᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠵᠤᠷᠢᠭᠤᠳᠠ ᠠᠷᠢᠯᠭᠠᠬᠰᠠᠨ | ᠭᠡᠮᠵᠢᠶ᠎ᠠ ᠬᠢᠭᠡᠳ ᠵᠤᠷᠢᠭᠤᠳᠠ ᠭᠠᠳᠠᠭᠰᠢᠯᠠᠭᠤᠯᠤᠭᠰᠠᠨ ᠭᠡᠮᠵᠢᠶ᠎ᠠ ᠨᠢ ᠬᠠᠷᠢᠯᠴᠠᠨ ᠲᠤᠯᠭᠠᠨ ᠬᠠᠰᠤᠬᠳᠠᠬᠤ ᠶᠢ ᠵᠢᠭᠠᠵᠤ | ᠪᠠᠶᠢᠨ᠎ᠠ᠃ | 11. ︽ᠬᠤᠶᠠᠷ ᠶᠡᠭᠡ ᠲᠠᠢ︾ ᠲᠦᠷᠤᠯ ᠵᠦᠢᠯ᠄ ᠡᠨᠧᠷᠭᠢ ᠶᠢᠨ ᠬᠤᠷᠣᠭᠳᠠᠯ ᠶᠡᠭᠡ ᠲᠠᠢ᠂ ᠪᠤᠬᠢᠷᠲᠠᠭᠤᠯᠤᠯ ᠶᠡᠭᠡ | ᠲᠠᠢ ᠲᠥᠷᠥᠯ ᠵᠦᠢᠯ ᠢ ᠵᠢᠭᠠᠵᠤ ᠪᠠᠶᠢᠨ᠎ᠠ᠃ | 12. ︽ᠬᠤᠶᠠᠷ ᠢ ᠬᠥᠡᠭᠭᠡᠷᠡᠬᠦᠯᠬᠦ︾ ᠲᠥᠷᠥ ᠶᠢᠨ ᠪᠣᠳᠣᠯᠭ᠎ᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢ ᠵᠢᠭᠠᠵᠤ ᠪᠠᠶᠢᠨ᠎ᠠ᠃ | 13. ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠄ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ | ᠠᠰᠢᠭᠯᠠᠯᠳᠠ ᠶᠢᠨ ᠲᠥᠯᠥᠪᠵᠢᠭᠦᠯᠭᠡ᠂ ᠠᠮᠢ ᠠᠬᠤᠶ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢᠨ | ᠲᠥᠯᠥᠪᠵᠢᠭᠦᠯᠭᠡ ᠵᠡᠷᠭᠡ ᠣᠯᠠᠨ ᠲᠥᠯᠥᠪᠵᠢᠭᠦᠯᠭᠡ ᠶᠢ ᠨᠢᠭᠡ ᠲᠣᠭᠤᠷᠢᠭ ᠬᠤᠲᠠ ᠳᠤ ᠠᠭᠤᠰᠬᠠᠵᠤ᠂ ᠨᠢᠭᠡ ᠬᠤᠲᠠ | ᠰᠢᠶᠠᠨ ᠨᠢᠭᠡ ᠲᠥᠯᠥᠪᠵᠢᠭᠦᠯᠭᠡ᠂ ᠨᠢᠭᠡ ᠵᠢᠷᠤᠭ ᠲᠥᠰᠦᠪ ᠲᠠᠢ ᠪᠤᠯᠬᠤ ᠶᠢ ᠪᠡᠶᠡᠯᠡᠭᠦᠯᠵᠦ᠂ ᠣᠲᠣ ᠪᠠᠶᠢᠭ᠎ᠠ ᠡᠯ᠎ᠡ | ᠲᠥᠷᠥᠯ ᠤᠨ ᠲᠥᠯᠥᠪᠵᠢᠭᠦᠯᠭᠡ ᠲᠤᠰᠠᠭᠠᠷ ᠰᠢᠰᠲ᠋ᠧᠮ ᠪᠦᠷᠢᠯᠳᠤᠬᠦ᠂ ᠠᠭᠤᠯᠭ᠎ᠠ ᠨᠢ ᠵᠦᠷᠢᠴᠡᠯᠳᠦᠬᠦ᠂ ᠦᠯᠦ | ᠵᠤᠯᠭᠠᠯᠳᠤᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | 14. ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ | ᠪᠠᠶᠢᠴᠠᠭᠠᠭᠳᠠᠬᠤ ᠡᠲᠡᠭᠡᠳ ᠢ ᠲᠤᠬᠢᠶᠠᠯᠳᠤᠯ ᠢᠶᠠᠷ ᠰᠤᠩᠭᠤᠵᠤ᠂ ᠬᠠᠤᠯᠢ ᠬᠡᠷᠡᠭᠵᠢᠭᠦᠯᠬᠦ ᠪᠠᠶᠢᠴᠠᠭᠠᠬᠤ ᠠᠵᠢᠯᠲᠠᠨ ᠢ | ᠲᠤᠬᠢᠶᠠᠯᠳᠤᠯ ᠢᠶᠠᠷ ᠰᠤᠩᠭᠤᠵᠤ᠂ ᠰᠤᠩᠭᠤᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ | ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠨ᠎ᠡ᠃ | 15. ︽ᠬᠥᠳᠡᠭᠡ ᠲᠣᠰᠬᠤᠨ ᠳᠠᠬᠢ ᠣᠯᠠᠨ ᠢᠶᠠᠷ ᠢᠶᠠᠨ ᠡᠭᠦᠳᠦᠨ ᠴᠣᠭᠴᠠᠯᠠᠬᠤ ᠣᠷᠣᠨ ᠵᠠᠢ︾᠄ ᠡᠨᠡ ᠪᠤᠯ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠪᠠᠶᠢᠭᠤᠯᠤᠯ | ᠤᠨ ᠥᠭᠡᠷᠡᠴᠢᠯᠡᠯᠲᠡ ᠶᠢᠨ ᠲᠠᠷᠢᠶᠠᠯᠠᠩ ᠤᠨ ᠬᠦᠷᠢᠶᠡᠨ ᠳᠠᠬᠢ ᠴᠢᠬᠤᠯᠠ ᠠᠭᠤᠯᠭ᠎ᠠ ᠶᠢᠨ ᠨᠢᠭᠡ ᠮᠥᠨ᠂ ᠢᠷᠡᠭᠡᠳᠦᠶ | ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠳᠤ ᠴᠢᠭᠯᠡᠭᠦᠯᠦᠨ ᠪᠤᠢ ᠪᠤᠯᠭᠠᠭᠰᠠᠨ ᠰᠢᠨ᠎ᠡ | ᠬᠡᠯᠪᠡᠷᠢ ᠶᠢᠨ ᠲᠠᠷᠢᠶᠠᠯᠠᠩ ᠤᠨ ᠰᠢᠨ᠎ᠡ ᠶᠢ ᠡᠭᠦᠳᠬᠦ ᠪᠠ ᠦᠢᠯᠡᠰ ᠴᠣᠭᠴᠠᠯᠠᠬᠤ ︽ᠨᠢᠭᠡ ᠥᠷᠲᠡᠭᠡ ᠮᠠᠶ᠋ᠢᠭ︾ ᠤᠨ | ᠨᠡᠭᠡᠭᠡᠯᠲᠡᠲᠦ ᠴᠢᠨᠠᠷᠲᠠᠶ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠮᠥᠨ᠃ | 16. ︽ᠲᠠᠪᠤ ᠶᠢ ᠨᠢᠭᠡ ᠴᠤᠭᠴᠠᠵᠢᠭᠤᠯᠬᠤ︾᠄ ᠠᠵᠤ ᠠᠬᠤᠶ ᠶᠢᠨ ᠪᠠᠶᠢᠭᠤᠯᠤᠯᠲᠠ᠂ ᠤᠯᠤᠰ ᠲᠦᠷᠦ ᠶᠢᠨ | ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠪᠠ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠠᠪᠤ ᠶᠢ ᠨᠢᠭᠡ ᠴᠤᠭᠴᠠᠵᠢᠭᠤᠯᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠵᠢᠭᠠᠵᠤ | ᠪᠠᠶᠢᠨ᠎ᠠ᠃ | 17. ︽ᠲᠦᠷᠪᠡᠨ ᠪᠦᠬᠦ ᠲᠠᠯ᠎ᠠ︾᠄ ᠲᠤᠬᠠᠶᠢᠯᠠᠪᠠᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ | ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠪᠣᠯᠤᠨ᠎ᠠ᠃ | 18. ︽ᠴᠢᠳᠠᠪᠤᠷᠢᠲᠠᠨ ᠢ ᠭᠠᠵᠠᠷ ᠤᠷᠤᠨ ᠤ ᠬᠢᠵᠠᠭᠠᠷᠯᠠᠯ ᠦᠭᠡᠢ ᠪᠠᠷ ᠴᠢᠯᠦᠭᠡᠲᠠᠢ ᠬᠡᠷᠡᠭᠯᠡᠬᠦ︾᠄ ᠲᠠᠷᠤᠢ ᠡᠯ᠎ᠡ | ᠲᠥᠷᠥᠯ ᠤᠨ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠨᠢ ᠰᠢᠨ᠎ᠡ ᠶᠢ ᠡᠭᠦᠳᠬᠦ ᠡᠬᠢ ᠪᠠᠶᠠᠯᠢᠭ ᠢᠶᠠᠷ ᠡᠯᠪᠡᠭ ᠬᠤᠲᠠ ᠳᠤ ᠰᠤᠳᠤᠯᠤᠨ ᠨᠡᠭᠡᠭᠡᠬᠦ ᠰᠠᠭᠤᠷᠢᠨ ᠭᠠᠵᠠᠷ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠦᠢᠯᠡᠰ ᠪᠤᠰᠬᠠᠬᠤ ᠦᠢᠯᠡᠴᠢᠯᠡᠭᠡᠨ ᠤ ᠪᠠᠶᠢᠭᠤᠯᠤᠮᠵᠢ᠂ ᠮᠡᠷᠭᠡᠵᠢᠯ ᠰᠢᠯᠵᠢᠭᠦᠯᠬᠦ | ᠲᠥᠪ ᠵᠡᠷᠭᠡ ᠲᠠᠪᠴᠠᠩ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ᠂ | ᠳᠡᠭᠡᠳᠦ ᠲᠠᠰ ᠤᠨ ᠴᠢᠳᠠᠪᠤᠷᠢᠲᠠᠨ ᠢ ᠴᠤᠭᠯᠠᠷᠠᠭᠤᠯᠤᠨ᠂ ᠬᠤᠲᠠ ᠶᠢᠨ ᠣᠷᠣᠨ ᠪᠦᠰᠡ ᠶᠢᠨ ᠰᠢᠨ᠎ᠡ ᠶᠢ ᠡᠭᠦᠳᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠵᠢᠭᠠᠵᠤ ᠪᠣᠶ᠃ |