ᠰᠢᠯᠢ  ᠶᠢᠨ  ᠬᠤᠳᠠ  ᠶᠢᠨ  2022  ᠤᠨ  ᠤ  ᠬᠠᠪᠤᠷ  ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/16
ᠰᠢᠯᠢ   ᠶᠢᠨ  ᠬᠤᠳᠠ   ᠶᠢᠨ   2022  ᠤᠨ  ᠤ  ᠬᠠᠪᠤᠷ  ᠤᠨ ᠤᠯᠠᠷᠢᠯ ᠤᠨ ᠪᠡᠯᠴᠢᠭᠡᠷᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠠᠯᠪᠠᠨ ᠵᠠᠷᠯᠠᠯᠤᠶᠢᠷ᠎ᠠ ᠶᠢᠨ ᠬᠡᠳᠦᠨ ᠵᠢᠯ ᠳᠤ ᠮᠠᠨ ᠤ ᠬᠤᠳᠠ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠤᠷᠭᠤᠮᠠᠯ ᠤᠨ ᠪᠥᠷᠬᠦᠴᠡ ᠶᠢ ᠰᠡᠷᠭᠦᠭᠡᠭᠦ ᠪᠠ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠲᠠᠯ᠎ᠠ ᠪᠠᠷ ᠰᠠᠶᠢᠨ ᠥᠷ᠎ᠡ ᠪᠦᠲᠦᠮᠵᠢ ᠣᠯᠪᠠ᠃  ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠦᠯᠦᠭᠡ᠂  ︽ᠰᠢᠯᠢ ᠶᠢᠨ ᠭᠤᠤᠯ ᠠᠶᠢᠮᠠᠭ ᠤᠨ 2022  ᠤᠨ ᠤ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠣᠭᠰᠤᠭᠠᠬᠤ ᠶᠢ ᠭᠡᠷᠡᠭᠵᠢᠬᠦᠯᠬᠦ ᠲᠦᠰᠦᠯ︾  ᠤᠨ ᠮᠡᠳᠡᠭᠳᠡᠯ ᠤᠨ ᠱᠠᠭᠠᠷᠳᠠᠯᠭ᠎ᠠ ᠪᠠᠷ᠂ ︽ᠰᠢᠯᠢ ᠶᠢᠨ ᠬᠤᠲᠠ ᠶᠢᠨ 2022 ᠤᠨ ᠤ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠬᠦ ᠲᠦᠰᠦᠯ︾ ᠲᠠᠢ ᠤᠶᠠᠯᠳᠤᠭᠤᠯᠤᠨ᠂ 2022 ᠤᠨ ᠳᠤ ᠪᠥᠬᠦ ᠬᠤᠲᠠ ᠳᠤ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠦᠷᠭᠦᠯᠵᠢᠯᠡᠨ ᠬᠡᠷᠡᠭᠵᠢᠭᠦᠯᠭᠦ ᠪᠠᠷ ᠲᠤᠭᠲᠠᠪᠠ᠃  ᠡᠳᠦᠭᠡ ᠲᠤᠤᠷᠠᠬᠢ ᠮᠡᠲᠦ ᠵᠠᠷᠯᠠᠶ᠎ᠠ᠄ᠨᠢᠭᠡ᠂ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠴᠠᠭ ᠬᠤᠭᠤᠴᠠᠭ᠎ᠠᠡᠬᠢᠯᠡᠵᠦ ᠳᠠᠭᠤᠰᠬᠤ ᠬᠤᠭᠤᠴᠠᠭ᠎ᠠ᠄ 2022 ᠤᠨ ᠤ 4 ᠰᠠᠷ᠎ᠠ ᠶᠢᠨ 15 ᠤ ᠡᠳᠦᠷ ᠤᠨ 0᠄ 00  ᠴᠠᠭ - 5 ᠰᠠᠷ᠎ᠠ ᠶᠢᠨ 29 ᠤ ᠡᠳᠦᠷ ᠤᠨ 24᠄ 00 ᠴᠠᠭ᠂ ᠨᠡᠶᠢᠲᠡ 45 ᠡᠳᠦᠷ᠃ᠬᠤᠶᠠᠷ᠂ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠬᠦᠷᠢᠶ᠎ᠡ ᠬᠡᠪᠴᠢᠶ᠎ᠡᠪᠥᠬᠦ ᠬᠤᠲᠠ ᠶᠢᠨ ᠬᠢᠯᠢ ᠲᠤᠳᠤᠷᠠᠬᠢ ᠪᠥᠬᠦ ᠦᠬᠡᠷ᠂ ᠬᠤᠨᠢ ︵ᠬᠤᠨᠢ᠂ ᠢᠮᠠᠭ᠎ᠠ︶ ᠳᠤ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠦᠨ᠎ᠡ᠃ᠭᠤᠷᠪᠠ᠂ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠥᠬᠦᠪᠦᠷᠢ ᠶᠢᠨ ᠪᠠᠷᠢᠮᠵᠢᠶ᠎ᠠᠪᠥᠬᠦ ᠬᠤᠲᠠ ᠶᠢᠨ 8 ᠰᠤᠮᠤ ᠪᠠᠯᠭᠠᠰᠤ ᠲᠠᠯᠠᠪᠠᠢ ᠶᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠶᠢ ᠬᠡᠷᠡᠭᠵᠢᠭᠦᠯᠦᠭᠰᠡᠨ ᠮᠠᠯᠴᠢᠨ ᠡᠷᠦᠭᠡ ᠳᠤ ᠮᠠᠯ ᠪᠡᠯᠴᠢᠭᠡᠷ ᠤᠨ ᠲᠡᠩᠴᠡᠭᠦᠷᠢ ᠶᠢᠨ ᠲᠠᠯᠠᠪᠠᠢ ᠶᠢ ᠦᠨᠳᠦᠰᠦᠯᠡᠨ ᠪᠡᠯᠴᠢᠭᠡᠷᠯᠡᠭᠦᠯᠬᠦ ᠶᠢ ᠲᠥᠷ ᠵᠤᠭᠰᠤᠭᠠᠬᠤ ᠨᠦᠬᠦᠪᠦᠷᠢ ᠤᠯᠭᠤᠨ᠎ᠠ᠂  ᠪᠠᠷᠢᠮᠵᠢᠶ᠎ᠠ ᠨᠢ 1.125 ᠲᠦᠭᠦᠷᠢᠭ / ᠮᠦ ᠪᠤᠯᠤᠨ᠎ᠠ᠃ᠳᠥᠷᠪᠡ᠂ ᠬᠦᠳᠡᠯᠭᠡᠭᠡᠨ ᠤ ᠲᠠᠯᠠᠪᠠᠢ ᠶᠢᠨ ᠪᠠᠷᠢᠮᠵᠢᠶ᠎ᠠᠮᠠᠯᠵᠢᠬᠤ ᠡᠷᠦᠭᠡ ᠳᠤ ᠬᠢᠨᠠᠨ ᠲᠤᠭᠲᠠᠭᠠᠭᠰᠠᠨ ᠳᠤᠬᠢᠷᠠᠮᠵᠢᠳᠠᠢ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠬᠤᠨᠢᠴᠢᠯᠠᠭᠰᠠᠨ ᠨᠢᠭᠡᠴᠢ ᠪᠦᠷᠢ ᠶᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠬᠤᠭᠤᠴᠠᠭᠠᠨ ᠤ ᠬᠥᠳᠡᠯᠭᠡᠭᠡᠨ ᠤ ᠲᠠᠯᠠᠪᠠᠢ ᠨᠢ 20  ᠲᠡᠭᠰᠢ ᠳᠥᠷᠪᠡᠯᠵᠢᠨ ᠮᠧᠲᠷ ᠠᠴᠠ ᠬᠡᠳᠦᠷᠡᠵᠦ ᠪᠣᠯᠬᠤ ᠦᠭᠡᠢ ᠂ ᠬᠦᠳᠡᠯᠭᠡᠭᠡᠨ ᠤ ᠲᠠᠯᠠᠪᠠᠢ ᠶᠢ ᠬᠠᠰᠢᠶ᠎ᠠ ᠰᠠᠷᠠᠪᠴᠢ ᠶᠢᠨ ᠡᠷᠬᠢᠨ ᠳᠤᠭᠤᠷᠢᠨ ᠳᠤ ᠪᠠᠶᠢᠷᠢᠯᠠᠭᠤᠯᠬᠤ ᠬᠡᠷᠡᠭᠲᠡᠢ᠃ᠲᠠᠪᠤ᠂ ᠬᠤᠯᠪᠤᠭᠳᠠᠯ ᠪᠥᠭᠦᠢ ᠱᠠᠭᠠᠷᠳᠠᠯᠠᠭ᠎ᠠ ︵ᠨᠢᠭᠡ︶ ᠦᠷᠭᠡᠨ ᠣᠯᠠᠨ ᠮᠠᠯᠴᠢᠨ ᠲᠦᠮᠡᠨ ᠨᠢ ᠠᠵᠤ ᠠᠬᠤᠢ ᠪᠠ ᠠᠮᠢ ᠠᠬᠤᠢ ᠶᠢᠨ ᠲᠠᠩᠰᠠ  ᠵᠢᠴᠢ ᠣᠬᠤᠷ ᠬᠤᠭᠤᠴᠠᠭ᠎ᠠ ᠪᠠ ᠤᠷᠳᠤ ᠬᠤᠭᠤᠴᠠᠭᠠᠨ ᠤ ᠲᠠᠩᠰᠠ ᠶᠢ ᠬᠦᠢᠴᠡᠳ ᠲᠠᠨᠢᠵᠤ᠂ ᠦᠪᠡᠷ ᠤᠨ ᠤᠬᠠᠮᠰᠠᠷ ᠠᠴᠠ ᠪᠠᠨ ᠬᠠᠪᠤᠷ ᠤᠨ ᠤᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ  ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠳᠦᠷᠢᠮ ᠲᠤᠭᠲᠠᠭᠠᠯ ᠢ ᠰᠠᠬᠢᠵᠤ᠂  ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ ᠶᠢᠨ ᠬᠠᠮᠢᠶᠠᠷᠤᠯᠳᠠ ᠵᠢᠴᠢ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠ ᠣᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ  ᠤᠨ ᠬᠢᠨᠠᠯᠲᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ︵ᠬᠤᠶᠠᠷ︶ ᠡᠯ᠎ᠡ ᠰᠤᠮᠤ ᠪᠠᠯᠭᠠᠰᠤ ᠲᠠᠯᠠᠪᠠᠢ ᠪᠣᠯᠤᠨ ᠬᠠᠮᠢᠶ᠎ᠠ ᠪᠥᠭᠦᠢ ᠰᠠᠯᠠᠭ᠎ᠠ ᠮᠥᠴᠢᠷ ᠤᠳ ᠮᠠᠯ ᠠᠵᠤ ᠠᠬᠤᠢ ᠶᠢᠨ ᠦᠢᠯᠡᠳᠪᠦᠷᠢᠯᠡᠯ ᠢ ᠵᠢᠯᠤᠭᠤᠳᠤᠨ ᠦᠢᠯᠡᠴᠢᠯᠡᠬᠦ ᠠᠵᠢᠯ ᠢ ᠰᠠᠶᠢᠳᠤᠷ ᠬᠢᠬᠦ ᠬᠡᠷᠡᠭᠲᠡᠢ᠃ ᠦᠷᠭᠡᠨ ᠤᠯᠠᠨ ᠮᠠᠯᠴᠢᠨ ᠲᠦᠮᠡᠨ ᠡᠪᠡᠰᠦ ᠪᠤᠷᠳᠤᠭ᠎ᠠ ᠨᠦᠭᠡᠴᠡᠯᠡᠬᠦ᠂ ᠮᠠᠯ ᠤᠨᠤᠭ᠎ᠠ ᠶᠢᠨ ᠬᠦᠳᠡᠯᠭᠡᠭᠡᠨ ᠤ ᠲᠠᠯᠠᠪᠤᠷ ᠢᠶᠠᠨ ᠲᠤᠬᠢᠷᠠᠭᠤᠯᠬᠤ ᠵᠢᠴᠢ ᠤᠰᠤᠨ ᠰᠤᠷᠪᠤᠯᠵᠢ ᠶᠢᠨ ᠬᠤᠳᠳᠤᠭ᠂ ᠤᠤᠭᠤᠬᠤ ᠤᠰᠤᠨ ᠤ ᠨᠡᠪᠳᠡᠷᠡᠬᠦ ᠵᠠᠮ᠂ ᠲᠡᠵᠢᠭᠡᠬᠦ ᠲᠦᠭᠦᠭᠡᠷᠦᠮᠵᠢ ᠵᠡᠷᠭᠡ ᠪᠠᠲᠤᠯᠠᠭ᠎ᠠ ᠶᠢᠨ ᠠᠵᠢᠯ ᠢ ᠡᠷᠲᠡᠬᠡᠨ ᠰᠠᠶᠢᠲᠤᠷ ᠬᠢᠬᠦ ᠬᠡᠷᠡᠭᠲᠡᠢ᠃ ᠮᠠᠯ ᠤᠨ ᠬᠢᠵᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠢᠵᠢᠭ ᠦᠯᠦ ᠡᠭᠦᠰᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠭᠤᠷᠪᠠ︶ ᠡᠯ᠎ᠡ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠰᠠᠯᠠᠭ᠎ᠠ ᠮᠥᠴᠢᠷ ᠤᠳ ᠨᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠭᠲᠠᠭᠠᠯ ᠠᠴᠠ ᠵᠦᠷᠢᠴᠡᠨ ᠮᠠᠯ ᠮᠠᠯᠵᠢᠬᠤ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠳᠤ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠴᠢᠩᠭ᠎ᠠ ᠬᠠᠮᠢᠶᠠᠷᠤᠯᠳᠠ ᠬᠢᠵᠦ᠂ ᠲᠤᠭᠲᠠᠭᠰᠠᠨ ᠬᠤᠭᠤᠴᠠᠭ᠎ᠠ ᠲᠠᠢ ᠲᠣᠭᠤᠷᠢᠨ ᠬᠠᠮᠠᠭᠠᠯᠠᠵᠤ᠂ ᠬᠢᠨᠠᠨ ᠬᠠᠮᠢᠶᠠᠷᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠭᠤᠤᠯ ᠴᠤᠭᠴᠠ ᠶᠢᠨ ᠦᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠤᠯᠠᠨ ᠲᠦᠮᠡᠨ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠦᠷᠭᠡᠨ ᠤᠯᠠᠨ ᠲᠦᠮᠡᠨ ᠲᠠᠯᠳᠠᠭᠤᠷ ᠮᠠᠯᠵᠢᠬᠤ ᠵᠡᠷᠭᠡ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠳᠡᠢ ᠢᠯᠡᠴᠢᠯᠡᠨ ᠮᠡᠳᠡᠭᠦᠯᠬᠦ ᠪᠤᠯᠪᠠᠤ᠂ 24 ᠴᠠᠭ ᠤᠨ ᠢᠯᠡᠴᠢᠯᠡᠨ ᠮᠡᠳᠡᠭᠦᠯᠬᠦ ᠤᠲᠠᠰᠤ᠄ 8262294᠃ ︵ᠳᠥᠷᠪᠡ︶ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠪᠠ ᠰᠤᠮᠤ ᠪᠠᠯᠭᠠᠰᠤ ᠲᠠᠯᠠᠪᠠᠢ ᠨᠢ ᠰᠢᠯᠭᠠᠨ ᠬᠤᠷᠢᠶᠠᠵᠤ᠂ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ ᠨᠢᠭᠡ ᠺᠠᠷᠲ︾  ᠢᠶᠠᠷ ᠳᠠᠮᠵᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠥᠬᠦᠪᠦᠷᠢ ᠤᠯᠭᠤᠨ᠎ᠠ ᠃ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠳᠠᠯᠳᠠᠭᠤᠷ ᠮᠠᠯᠵᠢᠬᠤ ᠵᠡᠷᠭᠡ ᠦᠢᠯᠡ ᠠᠵᠢᠯᠯᠠᠭ᠎ᠠ ᠤᠷᠤᠰᠢᠵᠤ ᠪᠠᠶᠢᠭ᠎ᠠ ᠮᠠᠯᠵᠢᠬᠤ ᠡᠷᠦᠭᠡ ᠶᠢᠨ ᠪᠡᠯᠴᠢᠭᠡᠷᠯᠡᠭᠦᠯᠬᠦ ᠶᠢ ᠲᠦᠷ ᠵᠤᠭᠰᠤᠭᠠᠬᠤ ᠨᠦᠭᠦᠪᠦᠷᠢ ᠶᠢ ᠬᠠᠰᠤᠵᠤ᠂ ᠬᠠᠤᠯᠢ ᠶᠤᠰᠤᠭᠠᠷ ᠬᠠᠷᠢᠭᠤᠴᠠᠯᠭ᠎ᠠ ᠨᠡᠭᠡᠮᠵᠢᠯᠡᠨ᠎ᠡ᠃ᠤᠨᠴᠠᠭᠠᠶᠢᠯᠠᠨ ᠵᠠᠷᠯᠠᠪᠠ 2022 ᠤᠨ ᠤ 3 ᠰᠠᠷ᠎ᠠ ᠶᠢᠨ 14   ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号