ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ  ᠪᠠ  ᠭᠠᠯ  ᠬᠡᠷᠡᠭᠯᠡᠬᠦ  ᠶᠢ  ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2022/3/25
ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ   ᠤᠨ ᠭᠠᠯ ᠰᠡᠷᠭᠡᠶᠢᠯᠡᠬᠦ  ᠪᠠ  ᠭᠠᠯ  ᠬᠡᠷᠡᠭᠯᠡᠬᠦ   ᠶᠢ  ᠴᠠᠭᠠᠵᠠᠯᠠᠬᠤ ᠵᠠᠷᠯᠢᠭ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠭᠠᠯ ᠤᠨ ᠢᠷᠡᠯᠲᠡ ᠶᠢ ᠦᠨᠡᠨᠬᠦ ᠡᠵᠡᠮᠳᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠵᠦ᠂ ᠠᠮᠢ ᠠᠬᠤᠢ ᠶᠢᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠨ ᠠᠴᠠ ᠨᠢ ᠪᠠᠲᠤᠯᠠᠬᠤ ᠶᠢᠨ ᠲᠤᠰᠠᠳᠠ᠂  ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠴᠠᠭᠠᠵᠠᠯᠠᠬᠤ ᠵᠠᠷᠯᠢᠭ ᠢ ᠣᠨᠴᠠᠭᠠᠶᠢᠯᠠᠨ ᠨᠡᠶᠢᠲᠡᠯᠡᠪᠡ᠃ᠨᠢᠭᠡ᠂ ᠭᠠᠯ ᠴᠠᠭᠠᠵᠠᠯᠠᠬᠤ ᠴᠠᠭ᠄ ᠪᠦᠬᠦ ᠵᠢᠯ᠃ᠬᠤᠶᠠᠷ᠂ ᠭᠠᠯ ᠴᠠᠭᠠᠵᠠᠯᠠᠬᠤ ᠣᠷᠣᠨ ᠪᠦᠰᠡ᠄ ᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠣᠯᠳᠠᠯᠭ᠎ᠠ ᠲᠠᠢ ᠣᠶ ᠰᠢᠭᠤᠢ ᠪᠠ ᠨᠤᠲᠤᠭ ᠪᠡᠯᠴᠢᠭᠡᠷ ᠤᠨ ᠲᠥᠷᠥᠯ ᠵᠦᠢᠯ ᠤᠨ ᠣᠷᠣᠨ᠂  ᠡᠮᠦᠨ᠎ᠡ ᠠᠭᠤᠯᠠ ᠶᠢᠨ ᠴᠡᠴᠡᠷᠯᠢᠭ᠂ ᠬᠠᠯᠬᠠᠪᠴᠢ ᠣᠶ᠂ ᠰᠢᠯᠢ ᠶᠢᠨ ᠭᠤᠣᠯ ᠤᠨ ᠨᠤᠭᠤ ᠭᠠᠵᠠᠷ ᠤᠨ ᠴᠡᠴᠡᠷᠯᠢᠭ᠂ ᠡᠷᠳᠡᠨᠢ ᠣᠪᠣᠭ᠎ᠠ ᠶᠢᠨ ᠴᠡᠴᠡᠷᠯᠢᠭ᠂ ᠰᠢᠯᠢ ᠶᠢᠨ ᠭᠤᠣᠯ ᠤᠨ ᠲᠠᠯ᠎ᠠ ᠨᠣᠳᠤᠭ ᠤᠨ ᠭᠠᠯᠳᠣ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠂ ᠰᠢᠯᠢ ᠶᠢᠨ ᠭᠤᠣᠯ ᠤᠨ ᠲᠠᠯ᠎ᠠ ᠨᠣᠳᠤᠭ ᠤᠨ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠥᠪᠦᠷ ᠮᠣᠩᠭᠤᠯ ᠤᠨ ᠪᠠᠶᠠᠨᠬᠦ᠋ᠷᠢᠶ᠎ᠡ ᠶᠢᠨ ᠦᠯᠡᠳᠡᠭᠳᠡᠯ ᠴᠠᠬᠤᠯᠠᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠡᠶᠢᠲᠡ ᠶᠢᠨ ᠠᠰᠠᠷᠠᠮᠵᠢ ᠶᠢᠨ ᠣᠶ ᠵᠡᠷᠭᠡ ᠣᠶᠢᠲᠤ ᠭᠠᠵᠠᠷ ᠪᠠ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠭᠰᠡᠨ ᠣᠷᠣᠨ ᠪᠦᠰᠡ ᠵᠢᠴᠢ ᠡᠷᠬᠢᠨ ᠲᠣᠭᠤᠷᠢᠨ ᠤ ᠣᠷᠣᠨ ᠪᠦᠰᠡ᠃ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠣᠷᠣᠨ ᠳᠤ ᠣᠷᠣᠵᠤ ᠠᠵᠢᠯᠯᠠᠭ᠎ᠠ ᠬᠢᠬᠦ ᠬᠥᠮᠥᠰ ᠳᠣᠣᠷᠠᠬᠢ ᠮᠡᠲᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠄ ᠭᠠᠯ ᠤᠨ ᠲᠥᠷᠥᠯ ᠢ ᠠᠪᠴᠤ ᠭᠠᠯ ᠴᠠᠭᠠᠵᠠᠯᠠᠬᠤ ᠣᠷᠣᠨ ᠳᠤ ᠣᠷᠣᠬᠤ᠂ ᠬᠡᠭᠡᠷ᠎ᠡ ᠭᠠᠳᠠᠨ᠎ᠠ ᠭᠠᠯ ᠨᠣᠴᠣᠭᠠᠬᠤ᠂ ᠭᠡᠷᠡᠯᠲᠦᠭᠦᠯᠬᠦ᠂ ᠲᠠᠮᠠᠬᠢ ᠲᠠᠲᠠᠬᠤ ᠵᠡᠷᠭᠡ ᠭᠠᠯ ᠬᠡᠷᠡᠭᠯᠡᠬᠦ ᠦᠶᠯᠡ ᠠᠵᠢᠯᠯᠠᠭ᠎ᠠ︔ ᠪᠤᠩᠬᠤᠨ ᠳᠤ ᠲᠠᠬᠢᠯᠭ᠎ᠠ ᠶᠢᠨ ᠬᠦᠵᠢ ᠵᠤᠯᠠ ᠠᠰᠠᠭᠠᠬᠤ᠂ ᠴᠠᠭᠠᠰᠤᠨ ᠵᠣᠭᠤᠰ ᠰᠢᠳᠠᠭᠠᠬᠤ᠂ ᠫᠤᠤᠵᠢᠩ ᠲᠠᠯᠪᠢᠬᠤ︔ ᠬᠤᠭ ᠨᠣᠪᠰᠢ᠂ ᠬᠤᠭ ᠡᠪᠡᠰᠦ ᠵᠡᠷᠭᠡ ᠶᠢ ᠰᠢᠲᠠᠭᠠᠬᠤ︔ ᠬᠤᠸᠠᠷ ᠫᠤᠤᠵᠢᠩ ᠪᠠ ︽ᠺᠦᠩ ᠮᠢᠩ ᠳ᠋ᠧᠩ︾ ᠲᠠᠯᠪᠢᠬᠤ︔ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠭᠠᠯ ᠤᠨ ᠲᠥᠷᠦᠯ  ᠢ ᠭᠠᠳᠠᠭᠰᠢ ᠬᠠᠶᠠᠬᠤ︔ ᠬᠢᠨᠠᠨ ᠵᠥᠪᠰᠢᠶᠡᠷᠡᠭᠦᠯᠦᠭᠡᠳᠦᠢ ᠪᠠᠷ ᠠᠭᠤᠯᠠ ᠨᠡᠭᠡᠭᠡᠵᠦ ᠳᠡᠯᠪᠡᠴᠢᠬᠦ ᠵᠡᠷᠭᠡ ᠪᠠᠷᠢᠯᠭ᠎ᠠ ᠶᠢᠨ ᠠᠵᠢᠯ ᠳᠤ ᠭᠠᠯ ᠬᠡᠷᠡᠭᠯᠡᠬᠦ︔ ᠤᠢ ᠰᠢᠭᠤᠢ ᠨᠤᠲᠤᠭ ᠪᠡᠯᠴᠢᠭᠡᠷ ‍ᠦᠨ‌ᠭᠠᠯ ᠤᠨ ᠠᠶᠤᠯ ᠠᠮᠠᠷᠬᠠᠨ ᠭᠠᠷᠳᠠᠬ ᠪᠤᠰᠤᠳ ᠵᠦᠢᠯ ᠤᠨ ᠭᠠᠯ ᠬᠡᠷᠡᠭᠯᠡᠭᠰᠡᠨ ᠤᠢᠢᠯᠠ ᠠᠵᠢᠯᠯᠠᠭ᠎ᠠ ᠨᠤᠭᠤᠳ᠃ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠡᠵᠡᠩᠨᠡᠯᠲᠡ ᠶᠢᠨ ᠪᠠᠶᠢᠭᠤᠯᠭ᠎ᠠ ᠪᠠ ᠬᠤᠪᠢ ᠬᠥᠮᠥᠨ᠂ ᠡᠵᠡᠩᠨᠡᠯᠲᠡ ᠶᠢᠨ ᠬᠡᠪᠴᠢᠶᠡᠨ ᠳᠣᠲᠣᠷ᠎ᠠ ᠪᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠭᠠᠯ ᠤᠨᠲᠠᠷᠠᠭᠠᠬᠤ ᠮᠠᠰᠢᠨ ᠲᠥᠬᠦᠭᠡᠷᠦᠮᠵᠢ ᠲᠣᠬᠢᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠰᠡᠷᠡᠮᠵᠢᠯᠡᠭᠦᠯᠬᠦ ᠤᠬᠠᠭᠤᠯᠭ᠎ᠠ ᠶᠢᠨ ᠲᠡᠮᠳᠡᠭ ᠪᠠᠶᠢᠷᠢᠯᠠᠭᠤᠯᠬᠤ ᠶᠢᠨ ᠬᠠᠮᠲᠤ᠂ ᠡᠵᠡᠩᠨᠡᠯᠲᠡ ᠶᠢᠨ ᠬᠡᠪᠴᠢᠶᠡᠨ ᠳᠤᠨᠢ ᠣᠷᠣᠭᠰᠠᠨ ᠬᠥᠮᠥᠰ ᠲᠤ ᠭᠠᠯ ᠰᠡᠷᠭᠡᠶᠢᠯᠡᠬᠦ ᠬᠠᠮᠢᠶ᠎ᠠ ᠪᠦᠬᠦᠢ ᠲᠣᠭᠲᠠᠭᠠᠯ ᠢ ᠤᠬᠠᠭᠤᠯᠬᠤ ᠬᠡᠷᠡᠭᠲᠡᠢ᠃ᠲᠠᠪᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠬᠢᠵᠠᠭᠠᠷᠲᠠᠢ ᠬᠥᠮᠥᠰ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠪᠠᠯ᠂ ᠠᠰᠠᠷᠠᠨ ᠬᠠᠮᠠᠭᠠᠯᠠᠭᠴᠢ ᠨᠢ ᠬᠦᠴᠦᠨ ᠪᠦᠬᠦᠢ ᠠᠰᠠᠷᠠᠨ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠣᠶ ᠰᠢᠭᠤᠢ ᠨᠤᠲᠤᠭ ᠪᠡᠯᠴᠢᠭᠡᠷ ᠤᠨ ᠡᠵᠡᠩᠨᠡᠭᠴᠢ ᠨᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ᠃ᠵᠢᠷᠭᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠭᠠᠯ᠂ ᠭᠠᠯ ᠰᠡᠷᠭᠡᠶᠢᠯᠡᠬᠦ ᠣᠷᠣᠨ ᠳᠤ ᠣᠷᠣᠬᠤ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠲᠣᠭᠲᠠᠭᠠᠯ ᠶᠣᠰᠣᠭᠠᠷ ᠵᠣᠬᠢᠬᠤ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ᠳᠣᠯᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠦᠰᠡ ᠳᠤ ᠬᠡᠭᠡᠷ᠎ᠡ ᠪᠠᠭᠤᠳᠠᠯᠯᠠᠬᠤ᠂ ᠠᠭᠤᠯᠠ ᠠᠪᠠᠷᠢᠬᠤ᠂ ᠳᠠᠬᠢᠯᠭ᠎ᠠ ᠬᠢᠬᠦ᠂ ᠴᠤᠭᠯᠠᠷᠠᠬᠤ᠂ ᠵᠢᠭᠤᠯᠴᠢᠯᠠᠬᠤ ᠵᠡᠷᠭᠡ ᠠᠵᠢᠯᠯᠠᠭ᠎ᠠ ᠬᠢᠬᠦ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ᠂ ᠣᠶ ᠰᠢᠭᠤᠢ ᠨᠤᠲᠤᠭ ᠪᠡᠯᠴᠢᠭᠡᠷ ᠤᠨ ᠡᠵᠡᠩᠨᠡᠭᠴᠢᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠳᠠᠭᠠᠬᠤ ᠬᠡᠷᠡᠭᠲᠡᠢ᠃ᠨᠠᠢᠮᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ᠂ ᠭᠠᠯ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ᠂ ᠭᠠᠯ ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠤᠶᠤ ᠲᠣᠬᠢᠷᠠᠭᠤᠯᠬᠤ ᠬᠡᠷᠡᠭᠲᠡᠢ︔ᠭᠠᠯ ᠰᠡᠷᠭᠡᠶᠢᠯᠡᠬᠦ ᠣᠷᠣᠨ ᠳᠣᠲᠣᠷ᠎ᠠ ᠳᠡᠯᠪᠡᠴᠢᠬᠦ᠂ ᠬᠠᠶᠢᠨ ᠪᠠᠶᠢᠴᠠᠭᠠᠬᠤ ᠪᠠ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠬᠢᠬᠦ ᠳᠤ ᠡᠷᠬᠡᠪᠰᠢ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ᠶᠢᠰᠦ᠂ ᠰᠢᠯᠢ ᠶᠢᠨ ᠬᠤᠲᠠ ᠣᠷᠣᠨ ᠤ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠡᠷᠦᠬᠡ ᠪᠣᠯᠣᠨ ᠥᠷᠭᠡᠨ ᠣᠯᠠᠨ ᠬᠤᠲᠠ ᠶᠢᠨ ᠠᠷᠠᠳ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠭᠠᠯ ᠴᠠᠭᠠᠵᠠᠯᠠᠬᠤ ᠵᠠᠷᠯᠢᠭ ᠢ ᠤᠬᠠᠮᠰᠠᠷ ᠠᠴᠠ ᠪᠠᠨ ᠵᠢᠷᠤᠮᠯᠠᠨ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠭᠰᠡᠨ ᠪᠠ ᠬᠠᠤᠯᠢ ᠠᠴᠠ ᠵᠥᠷᠢᠴᠡᠨ ᠭᠠᠯ ᠬᠡᠷᠡᠭᠯᠡᠭᠰᠡᠨ ᠵᠡᠷᠭᠡ ᠦᠶᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠰᠢᠯᠢ ᠶᠢᠨ ᠬᠤᠲᠠ ᠶᠢᠨ ᠣᠢ ᠰᠢᠭᠤᠢ ᠨᠣᠳᠤᠭ ᠪᠡᠯᠴᠢᠭᠡᠷ ᠤᠨ ᠭᠠᠯ ᠰᠡᠷᠭᠡᠶᠢᠯᠡᠨ ᠣᠨᠳᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠂ ᠤᠲᠠᠰᠤ ᠄ 12119᠂ 8110393᠂ 8262294᠃ᠠᠷᠪᠠ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠵᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ᠠᠷᠪᠠᠨ ᠨᠢᠭᠡ᠂ ᠲᠤᠰ ᠵᠠᠷᠯᠢᠭ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃2022 ᠣᠨ ᠤ 3 ᠰᠠᠷ᠎ᠠ ᠶᠢᠨ ᠡᠳᠦᠷ 23 ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号