2022  ᠣᠨ ᠎ ᠤ  ᠤᠯᠤᠰ ᠎ ᠤᠨ  ᠥᠮᠴᠢᠯᠡᠯ ᠎ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/4/25
ᠰᠢᠯᠢ ᠶᠢᠨ ᠬᠤᠲᠠ  ᠵᠠᠰᠠᠭ ᠲᠠᠷᠬᠠᠭᠠᠭᠰᠠᠨ ﹇2022﹈ 16 ᠳ᠋ᠤᠭᠠᠷ ᠲᠣᠭᠠᠲᠤ2022  ᠣᠨ ᠎ ᠤ  ᠤᠯᠤᠰ ᠎ ᠤᠨ  ᠥᠮᠴᠢᠯᠡᠯ ᠎ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠳᠤ᠄ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ︽︿ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠷᠤᠮᠵᠢᠯ ︵ᠲᠤᠷᠰᠢᠨ ᠬᠡᠷᠡᠭᠵᠢᠭᠦᠯᠬᠦ︶ ᠎ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠲᠠᠷᠬᠠᠭᠠᠭᠰᠠᠨ ︹2010︺ 117 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ᠨᠢᠭᠡ᠂ ᠣᠷᠣᠨ ᠲᠤᠭ᠎ᠠ ᠶᠢᠨ ᠵᠠᠷᠴᠢᠮᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠳᠤ ᠴᠢᠬᠤᠯᠠ ᠪᠣᠳᠠᠰ ᠤᠨ ᠰᠠᠭᠤᠷᠢ ᠪᠠ ᠲᠤᠯᠭᠠᠭᠤᠷᠢᠯᠠᠯ ᠢ ᠢᠳᠡᠪᠬᠢᠲᠡᠶ ᠬᠠᠩᠭᠠᠬᠤ ᠬᠡᠷᠡᠭᠲᠡᠶ᠃ ᠡᠬᠢ ᠪᠠᠶᠠᠯᠢᠭ ᠢ ᠬᠠᠮᠠᠭᠠᠯᠠᠬᠤ ᠳᠤ ᠰᠠᠭᠤᠷᠢᠯᠠᠨ᠂ ᠬᠥᠭᠵᠢᠯᠲᠡ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠨ᠎ᠠ᠃ ᠠᠵᠤ ᠦᠢᠯᠡᠰ ᠤᠨ ᠪᠠᠶᠢᠷᠢᠰᠢᠯ᠂ ᠪᠦᠲᠦᠴᠡ ᠪᠠ ᠴᠠᠭ ᠤᠨ ᠳᠠᠷᠠᠭᠠᠯᠠᠯ ᠤᠨ ᠶᠣᠰᠣᠭᠠᠷ᠂ ᠵᠦᠷᠢᠶᠡᠴᠢᠯᠡᠭᠰᠡᠨ ᠭᠠᠵᠠᠷ ᠰᠢᠷᠣᠶ ᠶᠢᠨ ᠬᠠᠩᠭᠠᠯᠭ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃ᠬᠤᠶᠠᠷ᠂ ᠠᠵᠢᠯ ᠤᠨ ᠭᠤᠣᠯᠳᠠᠯᠭ᠎ᠠ︵ᠨᠢᠭᠡ︶ ᠭᠠᠵᠠᠷ ᠰᠢᠷᠣᠶ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠡ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠰᠣᠶᠣᠯ ᠤᠨ ᠠᠵᠤ ᠦᠢᠯᠡᠰ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠶᠡᠬᠡᠪᠡᠷ ᠲᠡᠮᠵᠢᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ᠃ ᠬᠤᠴᠣᠷᠤᠩᠭᠤᠶ ᠪᠠ ᠦᠷ᠎ᠡ ᠪᠦᠲᠦᠮᠵᠢ ᠪᠠᠷ ᠳᠣᠣᠷ᠎ᠠ ᠠᠵᠤ ᠦᠢᠯᠡᠰ ᠢ ᠰᠢᠭᠰᠢᠭᠳᠡᠭᠦᠯᠵᠦ᠂ ᠪᠣᠬᠢᠷᠲᠤᠯ ᠶᠡᠬᠡᠲᠡᠶ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠦᠢᠯᠡᠰ ᠢ ᠬᠢᠵᠠᠭᠠᠷᠯᠠᠨ᠎ᠠ᠃ ︵ᠬᠤᠶᠠᠷ︶ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠢ ᠤᠷᠢᠳᠠᠪᠠᠷ ᠳᠣᠭᠢᠷᠠᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠤᠨ᠎ᠠ᠃ ᠡᠯ᠎ᠡ ᠲᠥᠷᠥᠯ ᠤᠨ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠢᠴᠢ ᠣᠯᠠᠨ ᠨᠡᠶᠢᠲᠡ ᠶᠢᠨ ᠠᠭᠤᠳᠠᠮ ᠲᠠᠯᠠᠪᠠᠶ᠂ ᠠᠮᠠᠷᠠᠬᠤ ᠵᠢᠴᠢ ᠣᠷᠴᠢᠨ ᠲᠣᠭᠤᠷᠢᠨ ᠢ ᠭᠤᠶᠤᠵᠢᠭᠤᠯᠬᠤ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠨᠡᠮᠡᠭᠳᠡᠭᠦᠯᠦᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢ ᠬᠠᠩᠭᠠᠬᠤ ᠳᠤ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠶ ᠬᠠᠩᠭᠠᠬᠤ᠂ ᠰᠢᠤᠳᠠᠨ᠂ ᠴᠠᠬᠢᠯᠭᠠᠨ ᠬᠤᠯᠪᠣᠭ᠎ᠠ᠂ ᠭᠠᠯ ᠤᠨᠲᠠᠷᠠᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠳᠤ ᠬᠡᠷᠡᠭᠯᠡᠬᠦ ᠭᠠᠵᠠᠷ ᠪᠠᠭᠲᠠᠨ᠎ᠠ᠃ ︵ᠭᠤᠷᠪᠠ︶ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠲᠥᠯᠥᠪᠯᠡᠭᠡ ᠲᠠᠢ ᠪᠠᠷ ᠬᠠᠩᠭᠠᠬᠤ ᠲᠦᠷᠢᠮ ᠢ ᠪᠦᠷᠢᠨᠰᠢᠬᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠬᠥᠭᠵᠢᠭᠦᠯᠦᠨ᠎ᠡ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠨᠢ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠬᠤᠳᠠ ᠶᠢᠨ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠠᠵᠠᠷ ᠤᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠲᠤᠬᠲᠠᠭᠤᠨ ᠪᠦᠭᠡᠳ ᠡᠷᠡᠭᠦᠯ ᠢᠶᠠᠷ ᠬᠦᠭᠵᠢᠬᠦ ᠶᠢ ᠠᠭᠢᠭᠤᠯᠤᠨ᠎ᠠ᠃ ︵ᠲᠥᠷᠪᠡ︶ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠬᠢᠭᠡᠳ ᠢᠵᠢ ᠪᠦᠷᠢᠳᠦᠭᠦᠯᠬᠦ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠤ ᠬᠡᠷᠡᠭᠯᠡᠬᠦ ᠭᠠᠵᠠᠷ ᠢ ᠡᠩ ᠲᠡᠷᠢᠭᠦᠨ ᠲᠤ ᠪᠠᠲᠤᠯᠠᠵᠤ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠤᠷᠤᠭᠰᠢᠲᠠᠶ ᠶᠠᠪᠤᠭᠳᠠᠬᠤ ᠶᠢ  ᠦᠨᠡᠨ ᠬᠦ ᠪᠠᠲᠤᠯᠠᠨ᠎ᠠ᠃ᠭᠤᠷᠪᠠ᠂ ᠱᠠᠲᠤ ᠦᠶ᠎ᠡ ᠶᠢᠨ ᠲᠣᠬᠢᠷᠠᠭᠤᠯᠤᠯᠲᠠ ᠪᠠ ᠴᠠᠭ ᠤᠨ ᠱᠠᠭᠠᠷᠳᠠᠯᠭ᠎ᠠ︵ᠨᠢᠭᠡ︶ ᠮᠠᠲ᠋ᠧᠷᠢᠶᠠᠯ ᠲᠤᠰᠢᠶᠠᠬᠤ ᠱᠠᠲᠤ ᠦᠶ᠎ᠡ᠄ 2022 ᠣᠨ ᠤ 1  ᠰᠠᠷ᠎ᠠ ᠶᠢᠨ 20᠎ ᠤ ᠡᠳᠦᠷ — 2022 ᠣᠨ ᠤ 2 ᠰᠠᠷ᠎ᠠ ᠶᠢᠨ 18᠎ ᠤ ᠡᠳᠦᠷ᠃1. 2022 ᠣᠨ ᠤ ᠲᠣᠰ ᠠᠵᠢᠯ ᠲᠥᠷᠥᠯ ︵ᠰᠠᠯᠠᠭ᠎ᠠ ᠮᠥᠴᠢᠷ︶᠎ ᠤᠨ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠰᠠᠨᠠᠭᠤᠯᠭ᠎ᠠ ᠶᠢ ᠬᠠᠩᠭᠠᠨ᠎ᠠ᠂ ᠡᠭᠦᠨ ᠳᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠴᠢᠳᠠᠪᠤᠷᠢ ᠪᠠ ᠬᠡᠷᠡᠭᠴᠡᠭᠡ ᠶᠢᠨ ᠵᠠᠳᠠᠯᠤᠯᠲᠠ ᠪᠠᠭᠲᠠᠨ᠎ᠠ︔ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ᠂ ᠪᠦᠲᠦᠴᠡ᠂ ᠪᠠᠶᠢᠷᠢᠰᠢᠯ᠂ ᠴᠠᠭ ᠤᠨ ᠳᠠᠷᠠᠭᠠᠯᠠᠯ᠂ ᠠᠷᠭ᠎ᠠ ᠮᠠᠶ᠋ᠢᠭ᠂ ᠬᠠᠷᠢᠶᠠᠲᠦ ᠭᠠᠵᠠᠷ ᠵᠡᠷᠭᠡ ᠶᠢ ᠪᠠᠭᠲᠠᠭᠠᠨ᠎ᠠ᠃2. 2022 ᠣᠨ ᠤ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠂ ᠡᠭᠦᠨ ᠳᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠪᠠᠭᠲᠠᠨ᠎ᠠ︔ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ ᠶᠢᠨ ᠬᠡᠪᠴᠢᠶ᠎ᠡ᠂ ᠪᠦᠲᠦᠴᠡ᠂ ᠪᠠᠶᠢᠷᠢᠰᠢᠯ᠂ ᠴᠠᠭ ᠤᠨ ᠳᠠᠷᠠᠭᠠᠯᠠᠯ ᠵᠡᠷᠭᠡ︔ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠭᠡᠭᠡᠨ ᠬᠥᠭᠵᠢᠭᠦᠯᠦᠯᠲᠡ ᠶᠢᠨ ᠬᠠᠳᠠᠭᠠᠯᠠᠭᠳᠠᠵᠤ ᠪᠠᠶᠢᠭ᠎ᠠ ᠦᠨᠳᠦᠰᠦᠨ ᠮᠡᠳᠡᠭᠡ ᠵᠠᠩᠭᠢ ᠵᠡᠷᠭᠡ ᠶᠢ ᠪᠠᠭᠲᠠᠭᠠᠨ᠎ᠠ᠃3. 2022 ᠣᠨ ᠤ ᠬᠠᠩᠭᠠᠯᠭ᠎ᠠ ᠶᠢᠨ ᠲᠥᠯᠥᠪᠯᠡᠭᠡ ᠶᠢᠨ ᠲᠤᠬᠢᠷᠠᠭᠤᠯᠤᠯᠳᠠ ᠶᠢᠨ ᠲᠤᠬᠠᠢ ᠰᠠᠨᠠᠭᠤᠯᠭ᠎ᠠ ᠶᠢ ᠬᠠᠩᠭᠠᠨ᠎ᠠ  ᠂ ᠡᠭᠦᠨ ᠳᠤ ᠲᠥᠯᠥᠪᠯᠡᠭᠡ ᠶᠢᠨ ᠬᠤᠭᠤᠴᠠᠭᠠᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ ᠭᠤᠣᠯᠳᠠᠯᠭ᠎ᠠ ᠲᠠᠢ ᠬᠥᠭᠵᠢᠯᠲᠡ ᠶᠢᠨ ᠣᠷᠣᠨ ᠪᠦᠰᠡ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠶᠢ ᠪᠠᠭᠲᠠᠭᠠᠨ᠎ᠠ᠃ᠳᠡᠭᠡᠷ᠎ᠡ ᠳᠤᠷᠠᠳᠤᠭᠰᠠᠨ ᠮᠠᠲ᠋ᠧᠷᠢᠶᠠᠯ ᠤᠨ ᠬᠡᠷᠡᠭᠰᠡᠬᠦ ᠬᠦᠰᠦᠨᠦᠭᠲᠦ ᠶᠢ ᠳᠠᠭᠠᠯᠳᠤᠭᠤᠯᠤᠯ 1 ᠪᠣᠯᠤᠨ ᠳᠠᠭᠠᠯᠳᠤᠭᠤᠯᠤᠯ 2᠎ ᠲᠤ ᠨᠠᠷᠢᠨ ᠦᠵᠡᠬᠦ ᠶᠢᠨ ᠬᠠᠮᠲᠤ 2022 ᠣᠨ ᠤ 2 ᠰᠠᠷ᠎ᠠ ᠶᠢᠨ 11᠎ ᠤ ᠡᠳᠦᠷ ᠠᠴᠠ ᠡᠮᠦᠨ᠎ᠡ ᠮᠠᠲ᠋ᠧᠷᠢᠶᠠᠯ ᠤᠨ ᠬᠦᠰᠦᠨᠦᠭᠲᠦ ᠪᠠᠨ ᠠᠯᠪᠠᠨ ᠲᠠᠮᠠᠭ᠎ᠠ ︵ᠡᠯᠧᠺᠲᠷᠣᠨ ᠬᠡᠪᠯᠡᠯ ᠢ ᠪᠠᠭᠲᠠᠭᠠᠨ᠎ᠠ︶ ᠳᠠᠷᠤᠵᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠤᠰᠢᠶᠠᠨ᠎ᠠ᠃︵ᠬᠤᠶᠠᠷ︶ ᠵᠠᠳᠠᠯᠤᠨ ᠲᠥᠰᠦᠭᠡᠯᠡᠬᠦ ᠱᠠᠲᠤ᠄ 2022 ᠣᠨ ᠤ 2 ᠰᠠᠷ᠎ᠠ ᠶᠢᠨ 19᠎ ᠤ ᠡᠳᠦᠷ — 2022 ᠣᠨ ᠤ 2 ᠰᠠᠷ᠎ᠠ ᠶᠢᠨ 28᠎ ᠤ ᠡᠳᠦᠷ᠃1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠶᠡᠷᠦᠩᠬᠡᠶ ᠲᠥᠯᠥᠪᠵᠢᠭᠦᠯᠭᠡ᠂ ᠬᠤᠳᠠ ᠶᠢᠨ ᠲᠥᠯᠥᠪᠵᠢᠭᠦᠯᠭᠡ ᠶᠢ ᠬᠠᠷᠢᠴᠠᠭᠤᠯᠤᠨ ᠵᠠᠳᠠᠯᠵᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠠᠯᠳᠠ ᠬᠦᠴᠦᠨ ᠢ ᠠᠩᠬ᠎ᠠ ᠠᠯᠬᠤᠮ ᠲᠣᠭᠲᠠᠭᠠᠨ᠎ᠠ᠃2. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠠᠰᠢᠭᠯᠠᠭᠠᠳᠤᠶ ᠭᠠᠵᠠᠷ ᠢ ᠬᠤᠪᠢᠷᠠᠭᠠᠨ ᠬᠡᠷᠡᠭᠯᠡᠬᠦ ᠪᠠ ᠲᠠᠲᠠᠪᠤᠷᠢᠯᠠᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠵᠠᠰᠠᠭ ᠤᠨ ᠣᠷᠳᠣᠨ ᠤ ᠬᠤᠳᠠᠯᠳᠤᠨ ᠠᠪᠴᠤ ᠨᠥᠭᠡᠴᠡᠯᠡᠭᠰᠡᠨ ᠭᠠᠵᠠᠷ ᠰᠢᠷᠣᠶ᠂ ᠵᠠᠰᠠᠭ ᠤᠨ ᠣᠷᠳᠣᠨ ᠤ ᠬᠤᠷᠢᠶᠠᠨ ᠠᠪᠤᠭᠰᠠᠨ ᠭᠠᠵᠠᠷ ᠰᠢᠷᠣᠶ᠂ ᠴᠡᠷᠢᠭ ᠤᠨ ᠬᠡᠷᠡᠭᠯᠡᠭᠡᠨ ᠤ ᠰᠤᠯᠠ ᠭᠠᠵᠠᠷ ᠰᠢᠷᠣᠶ ᠶᠢ ᠰᠢᠯᠵᠢᠭᠦᠯᠦᠨ ᠥᠭᠬᠦ ᠵᠥᠪᠰᠢᠶᠡᠷᠡᠯ ᠤᠨ ᠭᠠᠷ ᠭᠦᠢᠴᠡᠳᠬᠡᠯ ᠪᠠ ᠣᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠯᠡᠭᠡ ᠳᠠᠬᠢ ᠲᠤᠬᠠᠶ ᠶᠢᠨ ᠵᠢᠯ ᠳᠤ ᠬᠠᠩᠭᠠᠬᠤ ᠪᠠᠷ ᠲᠥᠯᠥᠪᠯᠡᠵᠦ ᠪᠠᠶᠢᠭ᠎ᠠ ᠭᠠᠵᠠᠷ ᠰᠢᠷᠣᠶ ᠵᠡᠷᠭᠡ ᠢᠷᠡᠯᠲᠡ ᠶᠢ ᠬᠠᠤᠯᠢ ᠶᠣᠰᠣᠭᠠᠷ ᠭᠦᠢᠴᠡᠳᠬᠡᠬᠦ ᠪᠠᠷ ᠳᠠᠮᠵᠢᠭᠤᠯᠤᠨ᠂ ᠳᠠᠯᠳᠠ ᠬᠦᠴᠦᠨ ᠤ ᠵᠠᠳᠠᠯᠤᠯᠲᠠ ᠬᠢᠨ᠎ᠠ᠃3. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠴᠠᠭᠠᠨ ᠵᠠᠳᠠᠯᠤᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠭᠠᠵᠠᠷ ᠰᠢᠷᠣᠶ ᠶᠢᠨ ᠲᠥᠷᠥᠯ ᠬᠡᠯᠪᠡᠷᠢ ᠪᠠ ᠪᠣᠳᠠᠲᠠᠶ ᠪᠠᠶᠢᠳᠠᠯ ᠢ ᠦᠨᠳᠦᠰᠦᠯᠡᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠭᠤᠶᠤᠴᠢᠯᠠᠨ ᠮᠡᠳᠡᠭᠦᠯᠦᠭᠰᠡᠨ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠢᠨᠠᠨ ᠬᠠᠷᠭᠤᠭᠤᠯᠵᠤ᠂ ᠶᠡᠷᠦᠩᠬᠡᠶᠢᠯᠡᠨ ᠲᠡᠩᠴᠡᠭᠦᠯᠦᠨ ᠵᠠᠳᠠᠯᠬᠤ ᠪᠠᠷ ᠳᠡᠮᠵᠢᠨ᠂ ᠲᠥᠯᠥᠪᠯᠡᠭᠡ ᠶᠢᠨ ᠬᠤᠭᠤᠴᠠᠭᠠᠨ ᠳᠠᠬᠢ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠥᠰᠦᠭᠡᠯᠡᠨ᠎ᠡ᠃︵ᠭᠤᠷᠪᠠ︶ ᠬᠢᠨᠠᠨ ᠬᠠᠷᠭᠤᠭᠤᠯᠵᠤ ᠲᠣᠭᠲᠠᠭᠠᠬᠤ ᠱᠠᠲᠤ ᠦᠶ᠎ᠡ᠄ 2022 ᠣᠨ ᠤ 3 ᠰᠠᠷ᠎ᠠ ᠶᠢᠨ 1᠎ ᠤ ᠡᠳᠦᠷ ᠠᠴᠠ 2022 ᠣᠨ ᠤ 3 ᠰᠠᠷ᠎ᠠ ᠶᠢᠨ 15᠎ ᠤ ᠡᠳᠦᠷ ᠪᠣᠯᠲᠠᠯ᠎ᠠ᠃ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠠᠵᠠᠷ ᠰᠢᠷᠣᠶ ᠬᠡᠷᠡᠭᠯᠡᠬᠦ ᠬᠡᠷᠡᠭᠴᠡᠭᠡ ᠶᠢ ᠪᠠᠶᠢᠴᠠᠭᠠᠭᠰᠠᠨ᠂ ᠵᠠᠳᠠᠯᠤᠭᠰᠠᠨ᠂ ᠲᠥᠰᠦᠭᠡᠯᠡᠭᠰᠡᠨ ᠰᠠᠭᠤᠷᠢᠨ ᠳᠡᠭᠡᠷ᠎ᠡ᠂ ᠭᠠᠵᠠᠷ ᠰᠢᠷᠣᠶ ᠶᠢᠨ ᠡᠮᠦᠨᠡᠬᠢ ᠬᠤᠭᠤᠴᠠᠭᠠᠨ ᠤ ᠨᠡᠭᠡᠭᠡᠨ ᠠᠰᠢᠭᠯᠠᠭᠰᠠᠨ ᠬᠡᠮᠵᠢᠶ᠎ᠡ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠪᠠᠶᠢᠳᠠᠯ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠯᠡᠭᠡ ᠵᠢᠴᠢ ᠰᠢᠯᠵᠢᠭᠦᠯᠦᠨ ᠬᠡᠷᠡᠭᠯᠡᠬᠦ ᠲᠠᠲᠠᠪᠤᠷᠢᠯᠠᠬᠤ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ᠂  ᠬᠠᠷᠢᠶᠠᠲᠦ ᠭᠠᠵᠠᠷ ᠤᠨ ᠲᠥᠯᠥᠪᠵᠢᠭᠦᠯᠭᠡ ᠶᠢᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠂ ᠴᠡᠷᠢᠭ ᠤᠨ ᠬᠡᠷᠡᠭᠯᠡᠭᠡᠨ ᠤ ᠰᠤᠯᠠ ᠭᠠᠵᠠᠷ ᠰᠢᠷᠣᠶ ᠶᠢ ᠰᠢᠯᠵᠢᠭᠦᠯᠦᠨ ᠥᠭᠬᠦ ᠵᠥᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠵᠡᠷᠭᠡ ᠢ ᠦᠨᠳᠦᠰᠦᠯᠡᠵᠦ᠂ ᠡᠯ᠎ᠡ ᠠᠵᠢᠯ ᠲᠥᠷᠥᠯ ᠤᠨ ᠬᠡᠷᠡᠭᠯᠡᠬᠦ ᠭᠠᠵᠠᠷ ᠤᠨ ᠬᠡᠷᠡᠭᠴᠡᠭᠡ᠂ ᠭᠠᠵᠠᠷ ᠰᠢᠷᠣᠶ ᠶᠢᠨ ᠬᠡᠷᠡᠭᠯᠡᠯᠲᠡ ᠪᠠ ᠬᠠᠩᠭᠠᠬᠤ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠭᠦᠢᠴᠡᠳᠬᠡᠯ ᠲᠤᠭ᠎ᠠ ᠳᠤ ᠵᠠᠳᠠᠯᠤᠯᠲᠠ ᠬᠢᠵᠦ᠂ 2022 ᠣᠨ ᠤ ᠬᠡᠷᠡᠭᠵᠢᠭᠦᠯᠵᠦ ᠪᠣᠯᠬᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠶᠡᠷᠦᠩᠬᠡᠶᠢᠯᠡᠨ ᠲᠣᠭᠲᠠᠭᠠᠬᠤ ᠶᠢᠨ ᠬᠠᠮᠲᠤ ᠬᠠᠩᠭᠠᠬᠤ ᠲᠥᠯᠥᠪᠯᠡᠭᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃︵ᠳᠥᠷᠪᠡ︶ ᠮᠡᠳᠡᠭᠦᠯᠦᠨ ᠵᠥᠪᠰᠢᠶᠡᠷᠡᠭᠦᠯᠵᠦ ᠨᠡᠶᠢᠲᠡᠯᠡᠬᠦ ᠱᠠᠲᠤ ᠦᠶ᠎ᠡ᠄ 2022 ᠣᠨ ᠤ 3 ᠰᠠᠷ᠎ᠠ ᠶᠢᠨ 16᠎ ᠤ ᠡᠳᠦᠷ — 2022 ᠣᠨ ᠤ 3 ᠰᠠᠷ᠎ᠠ ᠶᠢᠨ 31᠎ ᠤ ᠡᠳᠦᠷ᠃1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠣᠶ ᠪᠣᠯᠭᠠᠭᠰᠠᠨ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠡᠯ᠎ᠡ ᠬᠠᠮᠢᠶ᠎ᠠ ᠪᠥᠬᠦᠶ ᠨᠢᠭᠡᠴᠡ ᠠᠴᠠ ᠰᠠᠨᠠᠯ ᠬᠤᠷᠢᠶᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃2. ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠥᠪᠰᠢᠶᠡᠷᠡᠯ ᠢ ᠤᠯᠬᠤ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ  ᠲᠢᠩᠬᠢᠮ ᠳᠤ ᠳᠠᠩᠰᠠᠯᠠᠭᠤᠯᠤᠨ᠎ᠠ᠃3. ᠵᠠᠰᠠᠭ ᠤᠨ ᠣᠷᠳᠣᠨ 3 ᠰᠠᠷ᠎ᠠ ᠶᠢᠨ 31᠎ ᠤ ᠡᠳᠦᠷ ᠠᠴᠠ ᠡᠮᠦᠨ᠎ᠡ᠂ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠨ ᠤ ᠬᠠᠩᠭᠠᠯᠭ᠎ᠠ ᠶᠢᠨ ᠲᠥᠯᠥᠪᠯᠡᠭᠡ ᠪᠠᠨ ᠨᠡᠶᠢᠲᠡᠯᠡᠬᠦ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ  ᠠᠯᠪᠠᠨ ᠰᠦᠯᠵᠢᠶ᠎ᠡ ︵ᠳᠤᠮᠳᠠᠳᠤ ᠤᠯᠤᠰ ᠤᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠰᠦᠯᠵᠢᠶ᠎ᠡ︶᠎ ᠳᠤ ᠨᠡᠶᠢᠲᠡᠯᠡᠨ᠎ᠡ᠃ᠳᠥᠷᠪᠡ᠂ ᠡᠭᠦᠷᠭᠡ ᠶᠢᠨ ᠬᠤᠪᠢᠶᠠᠷᠢᠯᠠᠯ2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠮᠲᠤ ᠪᠠᠷ ᠨᠠᠶᠢᠷᠠᠭᠤᠯᠤᠨ ᠵᠣᠬᠢᠶᠠᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠡᠯ᠎ᠡ ᠰᠠᠯᠠᠭ᠎ᠠ ᠮᠥᠴᠢᠷ ︵ᠠᠵᠢᠯ ᠲᠥᠷᠥᠯ︶᠎ ᠤᠨ ᠳᠡᠭᠡᠭᠰᠢ ᠮᠡᠳᠡᠭᠦᠯᠦᠭᠰᠡᠨ ᠭᠠᠵᠠᠷ ᠬᠡᠷᠡᠭᠯᠡᠬᠦ ᠭᠤᠶᠤᠴᠢᠯᠠᠯ ᠤᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠬᠤ ᠶᠢ ᠬᠠᠷᠢᠭᠤᠴᠠᠵᠤ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠢ ᠦᠨᠳᠦᠰᠦᠯᠡᠨ᠂ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠳᠠᠯᠳᠠ ᠬᠦᠴᠦᠨ ᠳᠤ ᠵᠠᠳᠠᠯᠤᠯᠲᠠ ᠬᠢᠵᠦ᠂ ᠲᠥᠯᠥᠪᠯᠡᠭᠡ ᠶᠢᠨ ᠬᠤᠭᠤᠴᠠᠭᠠᠨ ᠳᠠᠬᠢ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠤᠷᠢᠳᠴᠢᠯᠠᠨ ᠲᠥᠰᠦᠭᠡᠯᠡᠨ᠎ᠡ᠃ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠭᠦᠢᠴᠡᠳᠬᠡᠬᠦ ᠲᠤᠭ᠎ᠠ ᠳᠤ ᠵᠠᠳᠠᠯᠤᠯᠲᠠ ᠬᠢᠵᠦ᠂ ᠬᠠᠩᠭᠠᠵᠤ ᠪᠣᠯᠬᠤ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃  ᠰᠢᠯᠢ ᠶᠢᠨ ᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠭᠠᠵᠠᠷ ᠬᠠᠩᠭᠠᠬᠤ ᠪᠠᠷ ᠪᠠᠶᠢᠭ᠎ᠠ ᠲᠥᠷᠥᠯ ᠵᠦᠢᠯ ᠤᠨ ᠲᠥᠯᠥᠪᠵᠢᠭᠦᠯᠭᠡ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠲᠥᠯᠥᠪᠵᠢᠭᠦᠯᠭᠡ ᠳᠤ ᠨᠡᠶᠢᠴᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠯᠥᠪᠵᠢᠭᠦᠯᠭᠡ ᠶᠢᠨ ᠰᠠᠨᠠᠯ ᠢᠶᠠᠨ ᠳᠤᠷᠠᠳᠬᠤ ᠬᠡᠷᠡᠭᠲᠡᠶ᠃ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠰᠢᠯᠢ ᠶᠢᠨ ᠬᠤᠲᠠ ᠶᠢᠨ ᠠᠵᠤ ᠦᠢᠯᠡᠰ ᠤᠨ ᠶᠡᠷᠦᠩᠬᠡᠶ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠪᠦᠲᠦᠴᠡ ᠵᠢᠴᠢ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠠᠵᠠᠷ ᠬᠡᠷᠡᠭᠯᠡᠬᠦ ᠰᠠᠨᠠᠮᠵᠢ ᠪᠠᠨ‌‍ᠲ᠋ᠤᠷᠠᠳᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠨ ᠤ ᠬᠢᠮᠳᠠ ᠲᠣᠬᠢᠯᠢᠭ ᠣᠷᠣᠨ ᠰᠠᠭᠤᠴᠠ ᠪᠠ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠲᠥᠯᠥᠪᠯᠡᠭᠡ᠂ ᠰᠠᠷᠠᠪᠴᠢᠲᠦ ᠪᠠᠶᠢᠰᠢᠩ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠣᠷᠣᠨ ᠰᠠᠭᠤᠴᠠ ᠶᠢᠨ ᠲᠥᠯᠥᠪᠯᠡᠭᠡ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠠᠵᠠᠷ ᠬᠡᠷᠡᠭᠯᠡᠬᠦ ᠰᠠᠨᠠᠮᠵᠢ ᠪᠠᠨ ᠳᠤᠷᠠᠳᠬᠤ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠵᠤ ᠠᠬᠤᠶ ᠶᠢᠨ ᠲᠥᠷᠥᠯ ᠬᠤᠪᠢᠶᠠᠭᠰᠠᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠠᠵᠠᠷ ᠬᠡᠷᠡᠭᠯᠡᠬᠦ ᠰᠠᠨᠠᠮᠵᠢ ᠪᠠᠨ ᠳᠤᠷᠠᠳᠬᠤ ᠬᠡᠷᠡᠭᠲᠡᠶ᠃ ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠩᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠩᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠣᠣᠷᠠᠬᠢ ᠮᠡᠲᠦ᠄ᠳᠤᠭᠤᠶᠢᠯᠠᠩ ᠤᠨ ᠳᠠᠷᠤᠭ᠎ᠠ᠄   ᠪᠦᠷᠢᠨᠵᠢᠨ              ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠᠳᠡᠳ᠋ ᠳᠤᠭᠤᠶᠢᠯᠠᠩ ᠤᠨ ᠳᠠᠷᠤᠭ᠎ᠠ᠄ ᠶᠠᠩ ᠵᠧᠨ              ᠳᠡᠳ᠋ ᠬᠤᠲᠠ ᠶᠢᠨ ᠳᠠᠷᠤᠭ᠎ᠠ ᠪᠦᠷᠢᠯᠳᠦᠬᠦᠨ᠄   ᠶᠣᠣ ᠯᠢᠶᠠᠩ            ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠸᠧ ᠶᠢᠩ            ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠤᠪᠴᠢᠶᠠᠨ ᠳᠠᠷᠤᠭ᠎ᠠ ᠱᠠᠩ ᠬᠤᠸᠠᠢ ᠭᠦᠸᠧ     ᠡᠳ᠋ ᠤᠨ ᠵᠠᠰᠠᠭ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠᠪᠦᠷᠢᠨ                ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ ᠵᠠᠩ ᠸᠧᠶ ᠳ᠋ᠦᠩ       ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠤᠪᠴᠢᠶᠠᠨ ᠳᠠᠷᠤᠭ᠎ᠠ ᠯᠦᠸᠧ ᠧᠨ ᠪᠦᠦ       ᠲᠥᠯᠥᠪᠵᠢᠭᠦᠯᠭᠡ ᠶᠢᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢᠯᠢᠶᠠᠩ ᠶᠦᠩ ᠯᠢ       ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠶᠡᠭᠡ ᠠᠩᠭᠢ ᠶᠢᠨ ᠳᠠᠷᠤᠭ᠎ᠠᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠪᠦᠷᠢᠨ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ  ᠢ ᠯᠢᠶᠠᠩ ᠶᠦᠩ ᠯᠢ ᠬᠠᠪᠰᠤᠷᠭᠠᠨ ᠬᠠᠷᠢᠭᠤᠴᠠᠨ᠎ᠠ᠃ ᠲᠣᠰ ᠠᠵᠢᠯ ᠤᠨ ᠪᠣᠳᠠᠲᠠᠶ ᠶᠠᠪᠤᠳᠠᠯ ᠢ ᠬᠠᠷᠢᠭᠤᠴᠠᠭᠴᠢ ᠫᠠᠩ ᠵᠢᠶᠠᠩ᠂ ᠬᠠᠷᠢᠯᠴᠠᠬᠤ ᠤᠲᠠᠰᠤ᠄ 15147975909᠃ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ︵ᠨᠢᠭᠡ︶ ᠡᠯ᠎ᠡ ᠨᠢᠭᠡᠴᠡ ᠶᠢᠨ ᠤᠳᠤᠷᠢᠳᠤᠯᠭ᠎ᠠ ᠨᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠡᠭᠡᠨ ᠨᠠᠷᠢᠨ ᠬᠢᠨᠠᠮᠠᠭᠠᠶ ᠪᠠᠶᠢᠴᠠᠭᠠᠨ ᠵᠠᠳᠠᠯᠤᠯᠲᠠ ᠬᠢᠵᠦ᠂ ᠤᠷᠢᠳᠠᠪᠠᠷ ᠭᠤᠣᠯᠳᠠᠯᠭ᠎ᠠ ᠶᠢ ᠨᠢ ᠲᠠᠷᠠᠭ᠎ᠠ ᠨᠢ ᠡᠩ ᠤᠨ᠂ ᠤᠷᠢᠳᠠᠪᠠᠷ ᠬᠢᠯᠪᠡᠷ ᠎ ᠢ ᠨᠢ ᠲᠠᠷᠠᠭ᠎ᠠ ᠨᠢ ᠬᠦᠴᠢᠷ ᠲᠠᠢ  ᠶᠢ ᠨᠢ  ᠬᠢᠬᠦ ᠱᠠᠭᠠᠷᠳᠠᠯᠭ᠎ᠠ ᠶᠣᠰᠣᠭᠠᠷ᠂ ᠭᠠᠵᠠᠷ ᠬᠡᠷᠡᠭᠯᠡᠬᠦ ᠲᠥᠷᠥᠯ ᠵᠦᠢᠯ ᠢ ᠰᠢᠯᠢᠨ ᠰᠣᠩᠭᠤᠵᠤ ᠳᠡᠭᠡᠭᠰᠢ ᠮᠡᠳᠡᠭᠦᠯᠵᠦ᠂ ᠭᠠᠵᠠᠷ ᠬᠠᠩᠭᠠᠬᠤ ᠨᠥᠬᠦᠴᠡᠯ ᠪᠦᠷᠢᠳᠦᠭᠰᠡᠨ ᠢ ᠨᠢ ᠣᠷᠬᠢᠭᠳᠠᠭᠤᠯᠬᠤ ᠥᠭᠡᠢ᠂ ᠭᠠᠵᠠᠷ ᠬᠠᠩᠭᠠᠬᠤ ᠨᠥᠬᠦᠴᠡᠯ ᠪᠦᠷᠢᠳᠦᠭᠰᠡᠨ ᠥᠭᠡᠢ ᠶᠢ ᠨᠢ ᠠᠯᠪᠠ ᠪᠠᠷ ᠮᠡᠳᠡᠭᠦᠯᠬᠦ ᠥᠭᠡᠢ ᠪᠠᠶᠢᠬᠤ ᠶᠢ  ᠦᠨᠡᠨ ᠬᠦ ᠪᠠᠲᠤᠯᠠᠬᠤ ᠬᠡᠷᠡᠭᠲᠡᠶ᠃ 2022 ᠣᠨ ᠳᠤ ᠭᠠᠵᠠᠷ ᠰᠢᠷᠣᠶ ᠬᠠᠩᠭᠠᠬᠤ ᠶᠢ ᠲᠥᠯᠥᠪᠯᠡᠭᠡ ᠶᠣᠰᠣᠭᠠᠷ ᠬᠡᠷᠡᠭᠵᠢᠭᠦᠯᠦᠨ᠎ᠡ᠂ ᠲᠥᠯᠥᠪᠯᠡᠭᠡ ᠳᠤ ᠣᠷᠣᠭᠤᠯᠤᠭᠰᠠᠨ ᠥᠬᠡᠶ ᠵᠦᠢᠯᠡᠰ ᠲᠤ ᠭᠠᠵᠠᠷ ᠰᠢᠷᠣᠶ ᠬᠠᠩᠭᠠᠬᠤ ᠥᠬᠡᠶ᠃︵ᠬᠤᠶᠠᠷ︶ ᠭᠠᠵᠠᠷ ᠰᠢᠷᠣᠶ ᠬᠠᠩᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠴᠢᠩᠭ᠎ᠠ ᠴᠠᠭ ᠬᠤᠭᠤᠴᠠᠭᠠᠨ ᠤ ᠱᠠᠭᠠᠷᠳᠠᠯᠭ᠎ᠠ ᠲᠠᠢ ᠪᠠᠶᠢᠵᠤ᠂ ᠡᠯ᠎ᠡ ᠰᠠᠯᠠᠭ᠎ᠠ ᠮᠥᠴᠢᠷ ᠤᠳ ᠴᠠᠭ ᠢ ᠠᠮᠵᠢᠨ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠢᠶᠠᠨ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠰᠠᠨᠠᠭᠤᠯᠭ᠎ᠠ᠂ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ᠂ ᠬᠡᠷᠡᠭᠯᠡᠬᠦ ᠭᠠᠵᠠᠷ ᠤᠨ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠮᠡᠳᠡᠭᠦᠯᠬᠦ ᠮᠠᠲ᠋ᠧᠷᠢᠶᠠᠯ ᠢ ᠴᠠᠭ ᠲᠤᠬᠠᠶ ᠳᠤᠨᠢ ᠴᠤᠭᠯᠠᠭᠤᠯᠵᠤ᠂ ᠵᠠᠳᠠᠯᠵᠤ᠂ ᠬᠤᠷᠢᠶᠠᠩᠭᠤᠶᠢᠯᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠲᠠᠷᠠᠭᠠᠴᠢ ᠶᠢᠨ ᠱᠠᠲᠤᠨ ᠤ ᠠᠵᠢᠯ ᠢᠶᠠᠨ ᠬᠤᠭᠤᠴᠠᠭ᠎ᠠ ᠶᠣᠰᠣᠭᠠᠷ ᠥᠷᠨᠢᠭᠦᠯᠬᠦ ᠶᠢ  ᠦᠨᠡᠨ ᠬᠦ ᠪᠠᠲᠤᠯᠠᠬᠤ ᠬᠡᠷᠡᠭᠲᠡᠶ᠃︵ᠭᠤᠷᠪᠠ︶ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠮᠲᠤᠪᠠᠷ ᠨᠠᠶᠢᠷᠠᠭᠤᠯᠤᠨ ᠵᠣᠬᠢᠶᠠᠨ᠎ᠠ᠃ ᠵᠠᠳᠠᠯᠤᠨ ᠵᠢᠱᠢᠬᠦ ᠱᠠᠲᠤᠨ ᠳᠤ᠂ ᠭᠤᠷᠪᠠᠨ ᠰᠠᠯᠠᠭ᠎ᠠ ᠮᠥᠴᠢᠷ ᠨᠢ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ᠂ ᠵᠣᠬᠢᠴᠠᠭᠤᠯᠬᠤ ᠪᠠ ᠮᠡᠳᠡᠭᠡ ᠵᠠᠩᠭᠢ ᠨᠡᠪᠲᠡᠷᠡᠯᠴᠡᠬᠦ ᠪᠠᠨ ᠴᠢᠩᠭᠠᠳᠬᠠᠵᠤ᠂ ᠲᠥᠯᠥᠪᠯᠡᠭᠡᠨ ᠤ ᠬᠤᠭᠤᠴᠠᠭᠠᠨ ᠳᠠᠬᠢ ᠪᠦᠬᠦ ᠬᠤᠳᠠ ᠶᠢᠨ ᠭᠠᠵᠠᠷ ᠰᠢᠷᠣᠶ ᠶᠢᠨ ᠬᠠᠩᠭᠠᠯᠭ᠎ᠠ ᠶᠢᠨ ᠲᠤᠭ᠎ᠠ ᠬᠡᠮᠵᠢᠶ᠎ᠡ᠂ ᠪᠦᠲᠦᠴᠡ᠂ ᠪᠠᠶᠢᠷᠢᠯᠠᠭᠤᠯᠤᠯᠲᠠ᠂ ᠲᠥᠯᠥᠪᠵᠢᠭᠦᠯᠭᠡ ᠵᠡᠷᠭᠡ ᠰᠠᠭᠤᠷᠢ ᠮᠡᠳᠡᠭᠡ ᠵᠠᠩᠭᠢ ᠶᠢ ᠣᠨᠣᠪᠴᠢᠲᠠᠶ ᠪᠥᠭᠡᠳ ᠨᠠᠷᠢᠨ ᠪᠣᠳᠠᠲᠠᠶ ᠪᠠᠷ ᠬᠠᠩᠭᠠᠬᠤ ᠪᠠᠷ ᠴᠢᠷᠮᠠᠶᠢᠵᠤ᠂ ᠬᠠᠩᠭᠠᠯᠭ᠎ᠠ ᠶᠢᠨ ᠲᠥᠯᠥᠪᠯᠡᠭᠡ ᠶᠢᠨ ᠲᠥᠰᠦᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃︵ᠳᠥᠷᠪᠡ︶ ᠭᠠᠵᠠᠷ ᠰᠢᠷᠣᠶ ᠬᠠᠩᠭᠠᠬᠤ ᠲᠥᠯᠥᠪᠯᠡᠭᠡ ᠶᠢ ᠲᠣᠭᠲᠠᠭᠠᠮᠠᠭᠴᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ  ᠠᠯᠪᠠᠨ ᠰᠦᠯᠵᠢᠶ᠎ᠡ ︵ᠳᠤᠮᠳᠠᠳᠤ ᠤᠯᠤᠰ ᠤᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠰᠦᠯᠵᠢᠶ᠎ᠡ︶ ᠳᠡᠭᠡᠷ᠎ᠡ ᠨᠡᠶᠢᠲᠡᠯᠡᠨ᠎ᠡ᠂  ᠤᠨᠴᠠᠭᠠᠢ ᠪᠠᠶᠢᠳᠠᠯ ᠥᠬᠡᠶ ᠪᠣᠯ ᠵᠠᠰᠠᠪᠤᠷᠢ ᠣᠷᠣᠭᠤᠯᠵᠤ ᠪᠣᠯᠬᠤ ᠥᠬᠡᠶ᠃ ᠦᠨᠡᠬᠡᠷ ᠲᠣᠬᠢᠷᠠᠭᠤᠯᠤᠯᠲᠠ ᠬᠢᠬᠦ ᠴᠢᠬᠤᠯᠠᠲᠠᠶ ᠶᠢ ᠨᠢ ᠬᠤᠲᠠ ᠶᠢᠨ ᠵᠠᠰᠠᠭ ᠤᠨ ᠣᠷᠳᠣᠨ ᠠᠴᠠ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠰᠤᠳᠤᠯᠤᠨ ᠲᠣᠭᠲᠠᠭᠠᠭᠠᠳ᠂ ᠳᠠᠬᠢᠨ ᠰᠢᠨ᠎ᠡ ᠪᠠᠷ ᠨᠡᠶᠢᠲᠡᠯᠡᠨ᠎ᠡ᠃ᠳᠠᠭᠠᠯᠳᠤᠭᠤᠯᠤᠯ᠄ 1.  ᠰᠢᠯᠢ ᠶᠢᠨ ᠬᠤᠲᠠ ᠶᠢᠨ 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠤᠨ ᠮᠡᠳᠡᠭᠦᠯᠦᠯᠲᠡ ᠶᠢᠨ ᠬᠦᠰᠦᠨᠦᠭᠲᠦ ︵ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠠᠴᠠ  ᠪᠠᠭᠤᠯᠭᠠᠨ᠎ᠠ︶ 2. ᠰᠢᠯᠢ ᠶᠢᠨ ᠬᠤᠲᠠ ᠶᠢᠨ 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠷᠥᠯ ᠵᠦᠢᠯ ᠤᠨ ᠮᠡᠳᠡᠭᠦᠯᠦᠯᠲᠡ ᠶᠢᠨ ᠨᠠᠷᠢᠨ ᠬᠦᠰᠦᠨᠦᠭᠲᠦ        ︵ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠠᠴᠠ ᠪᠠᠭᠤᠯᠭᠠᠨ᠎ᠠ︶ 3. ︽ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠠᠩᠭᠢᠯᠠᠯ︾ ︵2017 ᠣᠨ ᠤ ᠬᠡᠪᠯᠡᠯ ᠰᠦᠯᠵᠢᠶᠡᠨ ᠳᠡᠭᠡᠷ᠎ᠡ ᠠᠴᠠ ᠪᠠᠭᠤᠯᠭᠠᠨ᠎ᠠ︶ 2022 ᠣᠨ ᠤ 2 ᠰᠠᠷ᠎ᠠ ᠶᠢᠨ 17᠎ ᠤ ᠡᠳᠦᠷ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ      2022 ᠣᠨ ᠤ 2 ᠰᠠᠷ᠎ᠠ ᠶᠢᠨ 17᠎ ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号