ᠰᠢᠯᠢ ᠶᠢᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ  ︵2021 — 2025 ᠣᠨ︶
ᠨᠡᠶᠢᠲᠡᠯᠡᠭᠰᠡᠨ ᠴᠠᠭ᠄
2022/4/25
ᠰᠢᠯᠢ ᠶᠢᠨ ᠬᠤᠲᠠ ᠶᠢᠨ ᠵᠠᠰᠠᠭ ᠲᠠᠷᠬᠠᠭᠠᠬᠤ ︹ 2022 ︺ 7 ᠳ᠋ᠤᠭᠠᠷ ᠲᠣᠭᠠᠲᠤ    ︽ᠰᠢᠯᠢ ᠶᠢᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ︵2021 — 2025 ᠣᠨ︶︾ ᠢ ᠳᠠᠷᠤᠮᠠᠯᠯᠠᠨ  ᠲᠠᠷᠬᠠᠭᠠᠬᠤ  ᠲᠤᠬᠠᠶ  ᠰᠢᠯᠢ  ᠶᠢᠨ  ᠬᠤᠲᠠ  ᠶᠢᠨ  ᠠᠷᠠᠳ  ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ ︵ᠲᠠᠯᠠᠪᠠᠶ︶᠄ ︽ᠰᠢᠯᠢ ᠶᠢᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ︵2021 — 2025 ᠣᠨ︶︾ ᠢ ᠵᠠᠰᠠᠭ ᠤᠨ ᠣᠷᠳᠣᠨ ᠤ 2021 ᠣᠨ ᠤ 25 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ 2022 ᠣᠨ ᠤ 1 ᠰᠠᠷ᠎ᠠ ᠶᠢᠨ 4 ᠤ ᠡᠳᠦᠷᠰᠢᠯᠢ ᠶᠢᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ  ︵2021 — 2025 ᠣᠨ︶ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠦᠬᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ︵ᠥᠪᠥᠷ  ᠠᠷᠠᠳ ᠪᠠᠶᠢᠩᠭᠤ ᠲᠠᠷᠬᠠᠭᠠᠭᠰᠠᠨ ︹ 2021 ︺ 53 ᠳ᠋ᠤᠭᠠᠷ ᠲᠣᠭᠠᠲᠤ︶᠂ ᠥᠪᠥᠷ ᠮᠣᠩᠭᠤᠯ ᠤᠨ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ︵2021 — 2025 ᠣᠨ︶︾ ︵ᠥᠪᠥᠷ ᠡᠳ᠋ ᠤᠨ ᠵᠠᠰᠠᠭ ᠲᠠᠷᠢᠶᠠᠯᠠᠩ ︹2021 ︺ 1190 ᠳ᠋ᠤᠭᠡᠷ ᠲᠣᠭᠠᠲᠤ︶᠂ ︽ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ︵2021 — 2025 ᠣᠨ︶︾ ︵ ᠰᠢᠯᠢ ᠵᠠᠬᠢᠷᠭ᠎ᠠ ᠠᠯᠪᠠᠨ ᠲᠠᠷᠬᠠᠭᠠᠭᠰᠠᠨ︹2021 ︺95 ᠳ᠋ᠤᠭᠠᠷ ᠲᠤᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠪᠤᠲᠠᠳᠤ ᠪᠠᠶᠢᠳᠠᠯ  ᠲᠠᠢ ᠤᠶᠠᠯᠳᠤᠭᠤᠯᠤᠨ᠂ ᠲᠤᠰ ᠲᠥᠰᠥᠯ ᠢ ᠤᠨᠴᠠᠭᠠᠶᠢᠯᠠᠨ ᠲᠤᠭᠲᠠᠭᠠᠪᠠ᠃ᠨᠢᠭᠡ᠂ ᠶᠡᠷᠦᠩᠬᠡᠶ ᠱᠠᠭᠠᠷᠳᠠᠯᠭ᠎ᠠ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠨᠤᠲᠤᠭ ᠪᠡᠯᠴᠢᠭᠡᠷ ᠤᠨ ᠡᠵᠡᠩᠨᠡᠯᠲᠡ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠᠷ ᠰᠠᠭᠤᠷᠢ ᠪᠣᠯᠭᠠᠨ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠨᠤᠲᠤᠭ ᠪᠡᠯᠴᠢᠭᠡᠷ ᠤᠨ  ᠣᠷᠴᠢᠨ ᠪᠠᠶᠢᠳᠠᠯ ᠢ ᠬᠢᠨᠠᠨ ᠬᠡᠮᠵᠢᠬᠦ ᠪᠠ ᠮᠡᠷᠭᠡᠵᠢᠯ ᠳᠡᠯᠭᠡᠷᠡᠭᠦᠯᠬᠦ ᠶᠢ ᠴᠢᠩᠭᠠᠳᠬᠠᠬᠤ ᠪᠠᠷ ᠲᠤᠯᠭᠠᠭᠤᠷᠢᠯᠠᠯ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠪᠠ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ  ᠳᠡᠪᠰᠢᠭᠦᠯᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ  ᠦᠨᠡᠨ ᠬᠦ ᠬᠥᠩᠭᠡᠷᠡᠭᠦᠯᠵᠦ᠂ ᠨᠤᠲᠤᠭ ᠪᠡᠯᠴᠢᠭᠡᠷ ᠤᠨ  ᠠᠮᠢᠵᠢᠷᠠᠯ ᠤᠨ ᠰᠠᠶᠢᠵᠢᠷᠠᠯᠲᠠ   ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠵᠦ᠂ ᠮᠠᠯᠵᠢᠬᠤ ᠣᠷᠣᠨ ᠤ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠯᠳᠤᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃︵ᠬᠤᠶᠠᠷ︶ ᠶᠡᠷᠦᠩᠬᠡᠶ ᠬᠠᠷᠠᠯᠲᠠ᠃ ᠨᠤᠲᠤᠭ ᠪᠡᠯᠴᠢᠭᠡᠷ ᠲᠤ ᠨᠥᠬᠦᠪᠥᠷᠢ ᠥᠭᠴᠦ ᠱᠠᠩᠨᠠᠬᠤ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠣᠪᠤᠶᠢᠯᠭᠠᠨ᠎ᠠ︔ ᠮᠠᠯᠴᠢᠳ ᠤᠨ ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷᠲᠤ ᠤᠬᠠᠮᠰᠠᠷ  ᠢ ᠤᠯᠠᠮ ᠨᠢᠭᠡ ᠠᠯᠬᠤᠮ  ᠳᠡᠭᠡᠭᠰᠢᠯᠡᠭᠦᠯᠦᠨ᠎ᠡ︔ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠠᠶᠢᠭᠠᠯᠢ ᠶᠢᠨ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠭᠤᠯᠵᠤ᠂ ᠡᠪᠡᠰᠦ ᠪᠡᠯᠴᠢᠭᠡᠷ ᠮᠠᠯ ᠠᠵᠤ ᠠᠬᠤᠶ ᠶᠢᠨ  ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠬᠡᠨ ᠠᠭᠢᠭᠤᠯᠤᠨ᠎ᠠ︔ ᠮᠠᠯᠴᠢᠳ ᠤᠨ ᠣᠷᠣᠯᠭ᠎ᠠ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃︵ᠭᠤᠷᠪᠠ︶ ᠦᠨᠳᠦᠰᠦᠨ ᠵᠠᠷᠴᠢᠮ— ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ ᠬᠥᠭᠵᠢᠭᠦᠯᠬᠦ︾ ᠵᠠᠷᠴᠢᠮ ᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠵᠦᠢᠯ ᠤᠨ ᠬᠠᠮᠠᠭᠠᠯᠠᠯᠲᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠵᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃— ᠡᠷᠬᠡ ᠬᠠᠷᠢᠭᠤᠴᠠᠯᠭ᠎ᠠ ᠶᠢ ᠰᠤᠮᠤ ᠪᠠᠯᠭᠠᠰᠤ ᠲᠠᠯᠠᠪᠠᠶ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠨ᠎ᠠ᠃ ᠡᠭᠦᠷᠭᠡ᠂ ᠪᠠᠯᠠ ᠮᠥᠩᠭᠦ᠂ ᠬᠠᠷᠠᠯᠲᠠ᠂ ᠬᠠᠷᠢᠭᠤᠴᠠᠯᠭ᠎ᠠ᠂ ︽ᠲᠠᠪᠤ ᠶᠢ ᠰᠤᠮᠤ  ᠪᠠᠯᠭᠠᠰᠦ ᠲᠠᠯᠠᠪᠠᠶ ᠳᠤ  ᠬᠦᠷᠭᠡᠭᠡᠬᠦ︾  ᠶᠢ ᠪᠠᠷᠢᠮᠲᠠᠯᠠᠨ᠂ ᠰᠤᠮᠤ  ᠪᠠᠯᠭᠠᠰᠦ ᠲᠠᠯᠠᠪᠠᠶ  ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠵᠤ᠂ ᠱᠠᠲᠤ ᠳᠠᠷᠠᠭᠠᠯᠠᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠡᠭᠦᠷᠭᠡ ᠶᠢᠨ  ᠭᠦᠢᠴᠡᠳᠬᠡᠯ ᠶᠢ  ᠬᠤᠪᠢᠶᠠᠷᠯᠠᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠯᠠ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠭᠦᠷᠭᠡ ᠶᠢᠨ ᠪᠠᠯᠠ ᠮᠥᠩᠭᠦ ᠶᠢ ᠪᠣᠳᠠᠲᠠᠶᠢᠵᠢᠭᠤᠯᠬᠤ ᠶᠢ  ᠦᠨᠡᠨ ᠬᠦ ᠪᠠᠲᠤᠯᠠᠬᠤ ᠬᠡᠷᠡᠭᠲᠡᠶ᠃— ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠯᠠᠪᠳᠠᠭᠤᠨ ᠢᠶᠠᠷ ᠲᠥᠯᠬᠢᠨ ᠠᠬᠢᠭᠤᠯᠬᠤ ᠵᠠᠷᠴᠢᠮ ᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠲᠣᠭᠲᠠᠭᠤᠨ ᠪᠠᠶᠢᠯᠭᠠᠬᠤ᠂ ᠬᠦᠷᠲᠡᠭᠡᠯ ᠭᠥᠷᠳᠡᠬᠦ ᠬᠥᠮᠦᠰ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠰᠤᠯᠠᠷᠠᠭᠤᠯᠬᠤ ᠥᠬᠡᠶ᠂ ᠨᠥᠬᠦᠪᠥᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠢᠵᠢ ᠪᠥᠷᠢᠳᠦᠭᠦᠯᠬᠦ ᠪᠠᠯᠠ ᠮᠥᠩᠭᠦ ᠶᠢ ᠲᠠᠰᠤᠷᠠᠯᠲᠠ ᠥᠬᠡᠶ ᠲᠠᠩᠰᠠ ᠡᠪᠬᠡᠮᠡᠯ ᠲᠠᠢ ᠪᠠᠶᠢᠯᠭᠠᠬᠤ ᠶᠢ ᠪᠠᠲᠤᠯᠠᠵᠤ᠂ ᠡᠮᠦᠨᠡᠬᠢ ᠬᠤᠶᠠᠷ ᠡᠭᠡᠯᠵᠢ ᠶᠢᠨ ᠰᠠᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ᠃— ᠪᠡᠯᠴᠢᠭᠡᠷ ᠢᠶᠠᠷ ᠮᠠᠯ ᠤᠨᠤᠭ᠎ᠠ ᠶᠢ ᠲᠣᠭᠲᠠᠭᠠᠬᠤ᠂ ᠦᠷᠭᠦᠯᠵᠢᠯᠡᠨ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠵᠦ᠂ ᠭᠤᠤᠯᠳᠠᠯᠭ᠎ᠠ ᠶᠢ ᠳᠣᠪᠤᠶᠢᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠳᠤᠯᠠᠭᠠᠨ ᠤᠯᠠᠷᠢᠯ ᠤᠨ ᠪᠠᠶᠢᠭᠠᠯᠢ ᠶᠢᠨ ᠨᠤᠲᠤᠭ ᠪᠡᠯᠴᠢᠭᠡᠷ ᠤᠨ ᠪᠡᠯᠴᠢᠭᠡᠷ ᠲᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠲᠥᠷᠥᠯ ᠬᠤᠪᠢᠶᠠᠨ ᠵᠢᠯᠣᠭᠤᠳᠴᠤ᠂ ᠨᠥᠬᠦᠪᠥᠷᠢᠯᠡᠵᠦ ᠱᠠᠩᠨᠠᠬᠤ ᠪᠠᠷᠢᠮᠵᠢᠶ᠎ᠠ ᠶᠢ ᠶᠣᠰᠣ ᠲᠠᠢ ᠪᠠᠷᠢᠮᠲᠠ ᠲᠠᠢ ᠲᠣᠭᠲᠠᠭᠠᠬᠤ ᠬᠡᠷᠡᠭᠲᠡᠶ᠃— ᠢᠯᠡ ᠲᠣᠳᠣ ᠪᠠᠶᠢᠯᠭᠠᠬᠤ ᠶᠢ ᠪᠠᠷᠢᠮᠲᠠᠯᠠᠵᠦ᠂ ᠨᠥᠬᠦᠪᠦᠷᠢ ᠱᠠᠩᠨᠠᠯ ᠶᠢ ᠡᠷᠦᠬᠡ ᠳᠤ ᠬᠦᠷᠦᠭᠦᠯᠬᠦ᠂ ᠪᠠᠯᠠ ᠮᠥᠩᠭᠦ ᠣᠯᠭᠤᠬᠤ ᠶᠢ ᠡᠭᠦᠷᠭᠡ ᠶᠢ ᠨᠠᠶᠢᠳᠠᠪᠤᠷᠢᠵᠢᠭᠤᠯᠬᠤ ᠯᠤᠭ᠎ᠠ ᠬᠠᠷᠢᠯᠴᠠᠨ ᠬᠤᠯᠪᠣᠭᠳᠠᠭᠤᠯᠬᠤ ᠵᠠᠷᠴᠢᠮ ᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠣᠯᠭᠤᠬᠤ᠂ ᠳᠡᠩᠰᠡᠯᠡᠨ ᠺᠠᠷᠲᠯᠠᠬᠤ᠂ ᠦᠢᠯᠡᠴᠢᠯᠡᠭᠡᠨ ᠤ ᠵᠢᠯᠣᠭᠤᠳᠣᠯᠭ᠎ᠠ᠂ ᠬᠢᠨᠠᠯᠲᠠ ᠬᠠᠮᠢᠶᠠᠷᠤᠯᠲᠠ ᠶᠢᠨ ︽ᠲᠠᠪᠤ ᠶᠢ ᠡᠷᠦᠬᠡ ᠳᠤ ᠬᠦᠷᠦᠭᠦᠯᠬᠦ︾ ᠶᠢ ᠪᠡᠶᠡᠯᠡᠭᠦᠯᠵᠦ᠂ ᠪᠠᠯᠠ ᠮᠥᠩᠭᠦ ᠣᠯᠭᠤᠬᠤ ᠶᠢ ᠡᠭᠦᠷᠭᠡ ᠶᠢ ᠨᠠᠶᠢᠳᠠᠪᠤᠷᠢᠵᠢᠭᠤᠯᠬᠤ ᠯᠤᠭ᠎ᠠ ᠬᠠᠷᠢᠯᠴᠠᠨ ᠬᠤᠯᠪᠣᠭᠳᠠᠭᠤᠯᠵᠤ᠂ ᠡᠷᠬᠡ ᠲᠡᠭᠰᠢ᠂ ᠲᠥᠪ ᠭᠤᠤᠯᠴᠢ ᠪᠠᠶᠢᠯᠭᠠᠬᠤ ᠶᠢ ᠪᠡᠶᠡᠯᠡᠭᠦᠯᠦᠨ᠂ ᠮᠠᠯᠴᠢᠳ ᠤᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠭᠠᠴᠠᠭ᠎ᠠ  ᠲᠠᠯᠠᠪᠠᠢ ᠤᠨ ᠱᠠᠲᠤ ᠬᠤᠪᠢᠶᠠᠨ ᠢᠯᠡ ᠨᠡᠶᠢᠲᠡᠯᠡᠬᠦ ᠲᠦᠷᠢᠮ ᠢ ᠲᠡᠷᠡ ᠬᠡᠪ ᠢᠶᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠢᠯᠡ ᠪᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃— ᠬᠥᠮᠦᠨ ᠢᠶᠠᠷ ᠦᠨᠳᠦᠰᠦ ᠪᠣᠯᠭᠠᠬᠤ᠂ ᠬᠡᠷᠡᠭᠴᠡᠭᠡ ᠳᠤ ᠵᠣᠬᠢᠴᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠲᠦᠷᠦ ᠶᠢᠨ ᠪᠤᠳᠤᠯᠭ᠎ᠠ ᠶᠢᠨ ᠭᠤᠣᠯᠴᠢ ᠴᠢᠨᠠᠷ ᠢ ᠢᠯᠡᠷᠡᠭᠦᠯᠬᠦ ᠶᠢᠨ ᠬᠠᠮᠲᠤ ᠪᠠᠰᠠ ᠲᠡᠭᠰᠢᠳᠬᠡᠬᠦ ᠦᠵᠡᠯ ᠭᠠᠷᠭᠠᠬᠤ ᠠᠴᠠ ᠵᠠᠶᠢᠯᠠᠰᠬᠢᠵᠦ᠂ ᠠᠵᠤ ᠠᠬᠤᠶ᠂ ᠬᠥᠮᠦᠨ ᠪᠦᠷᠢ ᠳᠤ ᠲᠡᠭᠰᠢᠳᠬᠡᠭᠰᠡᠨ ᠨᠤᠲᠤᠭ ᠪᠡᠯᠴᠢᠭᠡᠷ ᠤᠨ ᠡᠬᠢ ᠪᠠᠶᠠᠯᠢᠭ ᠵᠡᠷᠭᠡ ᠶᠢᠨ ᠵᠥᠷᠢᠶ᠎ᠡ ᠶᠢ ᠭᠦᠢᠴᠡᠳ ᠪᠣᠳᠣᠯᠬᠢᠯᠠᠵᠤ᠂ ᠨᠢᠭᠡᠳᠦᠯᠲᠡᠶ ᠲᠥᠯᠥᠪᠵᠢᠭᠦᠯᠦᠨ᠂ ᠵᠦᠢ ᠵᠣᠬᠢᠰᠲᠠᠶ ᠪᠠᠶᠢᠷᠢᠰᠢᠭᠤᠯᠵᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃— ᠨᠢᠭᠡᠳᠦᠯᠲᠡᠶ ᠲᠥᠯᠥᠪᠯᠡᠨ ᠠᠬᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠲᠠᠢ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠤ ᠠᠬᠤᠶ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠥᠯᠬᠢᠨ ᠠᠬᠢᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂  ᠲᠠᠴᠢᠷᠳᠠᠬᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠯᠦᠭᠡ ᠬᠠᠷᠢᠯᠴᠠᠨ ᠤᠶᠠᠯᠳᠤᠭᠤᠯᠵᠤ᠂ ᠮᠠᠯᠵᠢᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠮᠠᠯ ᠠᠵᠤ ᠠᠬᠤᠶ ᠶᠢᠨ ᠠᠵᠤ ᠥᠢᠯᠡᠰᠴᠢᠯᠡᠭᠰᠡᠨ ᠡᠵᠡᠩᠨᠡᠯᠲᠡ᠂ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠬᠤ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠥᠯᠬᠢᠨ ᠠᠬᠢᠭᠤᠯᠤᠨ᠎ᠠ᠃ᠬᠤᠶᠠᠷ᠂ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠵᠢᠴᠢ ᠲᠣᠭᠲᠠᠭᠠᠭᠰᠠᠨ ᠬᠤᠪᠢᠶᠠᠷᠢ ᠲᠣᠭᠤᠷᠢᠭ︵ᠨᠢᠭᠡ︶ ᠬᠡᠷᠡᠭᠵᠢᠭᠦᠯᠬᠦ ᠬᠡᠪᠴᠢᠶ᠎ᠡᠪᠥᠬᠦ ᠬᠤᠲᠠ ᠶᠢᠨ 8 ᠰᠤᠮᠤ ᠪᠠᠯᠭᠠᠰᠤ ᠲᠠᠯᠠᠪᠠᠶ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠮᠠᠯᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠵᠢᠯᠲᠠᠨ ᠠᠵᠢᠯᠴᠢᠨ᠂ ᠬᠡᠷ ᠪᠦᠯᠢ ᠶᠢᠨ ᠬᠢᠨ ᠴᠥᠮ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃ 2029᠂ 51  ᠲᠦᠮᠡᠨ ᠮᠥ ᠶᠡᠷᠦᠩᠬᠡᠶ ᠲᠠᠯᠠᠪᠠᠶ ᠶᠢ ᠬᠡᠷᠡᠭᠵᠢᠭᠦᠯᠦᠨ᠎ᠡ᠃  8 ᠰᠤᠮᠤ ᠪᠠᠯᠭᠠᠰᠤ ᠲᠠᠯᠠᠪᠠᠶ᠂ 36 ᠭᠠᠴᠠᠭᠠᠨ ᠤ ᠬᠤᠪᠢᠶᠠᠷᠢ ᠲᠠᠯᠠᠪᠠᠶ ᠳᠤ ᠬᠤᠯᠪᠣᠭᠳᠠᠨ᠎ᠠ᠃︵ᠬᠤᠶᠠᠷ︶ ᠬᠤᠪᠢᠶᠠᠷᠢ ᠲᠣᠭᠤᠷᠢᠭ ᠬᠢᠭᠡᠳ ᠪᠡᠯᠡ ᠮᠥᠩᠭᠦ1. ᠲᠦ᠋ᠷᠦᠯ ᠵᠦᠢᠯ ᠤᠨ ᠲᠣᠭᠤᠷᠢᠭ ᠢᠶᠠᠷ ᠬᠤᠪᠢᠶᠠᠷᠢᠯᠠᠬᠤᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠣᠷᠣᠨ ᠬᠤᠪᠢᠶᠠᠨ ᠨᠤᠲᠤᠭ ᠪᠡᠯᠴᠢᠭᠡᠷ ᠤᠨ ᠨᠡᠶᠢᠳᠡᠮ ᠪᠠᠶᠢᠴᠠᠭᠠᠯᠲᠠ ᠬᠢᠭᠡᠳ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠤ᠂ ᠬᠤᠶᠠᠳᠠᠬᠢ ᠡᠭᠡᠯᠵᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠰᠠᠭᠤᠷᠢ ᠪᠣᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠬᠤᠪᠢᠶᠠᠷᠢᠯᠠᠨ᠎ᠠ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄1.1 ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠡᠵᠡᠮᠳᠡᠬᠦ ᠣᠷᠣᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠶᠢᠩᠭᠤ ᠶᠢᠨ ᠣᠷᠣᠨ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠠᠮᠢ ᠠᠬᠤᠶ ᠶᠢᠨ ᠴᠢᠳᠠᠮᠵᠢ ᠶᠢᠨ ᠣᠷᠣᠨ ᠵᠢᠴᠢ ᠡᠯᠡᠰᠦᠷᠬᠡᠭᠵᠢᠯ ᠢᠶᠠᠷ ᠨᠡᠯᠢᠶᠡᠳ ᠬᠦᠨᠳᠦ ᠨᠣᠴᠢᠲᠠᠶ ᠣᠷᠣᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠵᠢᠭᠰᠠᠭᠠᠨ ᠣᠷᠣᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠶᠡᠷᠦᠩᠬᠡᠶ ᠲᠠᠯᠠᠪᠠᠢ 126᠂226 ᠲᠦᠮᠡᠨ ᠮᠥ ᠪᠠᠶᠢᠵᠤ᠂ ᠨᠥᠬᠦᠪᠥᠷᠢ ᠱᠠᠩᠨᠠᠯ ᠤᠨ ᠶᠡᠷᠦᠩᠬᠡᠶ ᠲᠠᠯᠠᠪᠠᠶ ᠶᠢᠨ 6% ᠶᠢ ᠡᠵᠡᠯᠡᠨ᠎ᠡ᠂ ᠡᠭᠦᠨ ᠳᠤ᠄1.1.1   ᠪᠡᠯᠴᠢᠭᠡᠷᠯᠡᠭᠦᠯᠬᠦ ᠶᠢ ᠴᠠᠭᠠᠵᠠᠯᠠᠬᠤ  ᠡᠩ ᠤᠨ ᠣᠷᠣᠨᠪᠠᠶᠠᠨᠪᠤᠯᠠᠭ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠂ ᠮᠤᠳᠤᠨ ᠮᠠᠯᠵᠢᠯ ᠤᠨ ᠲᠠᠯᠠᠪᠠᠶ ᠶᠢᠨ ᠬᠦᠷᠢᠶᠡᠯᠡᠭᠰᠡᠨ ᠪᠡᠯᠴᠢᠭᠡᠷ᠂ ᠨᠢᠰᠬᠡᠯ ᠤᠨ ᠪᠠᠭᠤᠳᠠᠯ ᠤᠨ ᠪᠠᠷᠠᠭᠤᠨ ᠲᠠᠯ᠎ᠠ ᠂ 207 ᠤᠯᠤᠰ ᠤᠨ ᠵᠠᠮ ᠬᠢᠭᠡᠳ ᠰᠢᠯᠢ ᠶᠢᠨ ᠭᠤᠤᠯ ᠤᠨ ᠲᠡᠮᠦᠷ ᠵᠠᠮ ᠤᠨ  ᠬᠠᠪᠴᠢᠭᠰᠠᠨ ᠬᠡᠰᠡᠭ ᠥᠨᠴᠥᠭᠲᠦ ᠪᠦᠰᠡ᠂ ᠪᠢᠯᠢᠭ ᠮᠠᠯᠵᠢᠯ ᠤᠨ ᠲᠠᠯᠠᠪᠠᠶ ᠶᠢᠨ ᠲᠦᠷᠭᠡᠨ ᠳᠠᠪᠬᠢᠬᠤ ᠵᠠᠰᠠᠮᠠᠯ ᠵᠠᠮ ᠬᠢᠭᠡᠳ 207 ᠤᠯᠤᠰ ᠤᠨ ᠵᠠᠮ ᠤᠨ ᠬᠤᠭᠤᠷᠣᠨᠳᠣ ᠪᠣᠶ ᠪᠣᠯᠤᠭᠰᠠᠨ ᠬᠠᠪᠴᠢᠭᠰᠠᠨ ᠥᠨᠴᠥᠭᠲᠦ  ᠣᠷᠤᠨ ᠪᠦᠰᠡ ᠵᠡᠷᠭᠡ ᠨᠡᠶᠢᠲᠡ 18᠂2 ᠲᠦᠮᠡᠨ ᠮᠥ᠂ ᠨᠥᠬᠦᠪᠥᠷᠢ ᠶᠢᠨ ᠪᠠᠷᠢᠮᠵᠢᠶ᠎ᠠ ᠨᠢ ᠵᠢᠯ ᠪᠦᠷᠢ 9 ᠲᠥᠭᠦᠷᠢᠭ \ ᠮᠥ᠂ ᠨᠥᠬᠦᠪᠥᠷᠢ ᠶᠢᠨ ᠪᠠᠯᠠ ᠮᠥᠩᠭᠦ 163᠂ 8   ᠲᠦᠮᠡᠨ ᠲᠥᠭᠦᠷᠢᠭ︔ᠴᠣᠬᠠᠠᠭᠤᠯᠠ ᠰᠤᠮᠤ ᠶᠢᠨ ᠤᠶᠤᠲᠤ ᠭᠠᠴᠠᠭ᠎ᠠ ᠶᠢᠨ ᠡᠯᠡᠰᠦᠷᠬᠡᠭᠵᠢᠨ ᠮᠠᠭᠤᠳᠠᠭᠰᠠᠨ ᠣᠷᠣᠨ ᠤ ᠬᠥᠮᠦᠨ ᠳᠤᠮᠳᠠᠴᠢ ᠶᠢᠨ ᠳᠠᠭᠠᠭᠠᠴᠢᠯᠠᠭᠰᠠᠨ ᠨᠤᠲᠤᠭ ᠪᠡᠯᠴᠢᠭᠡᠷ ᠤᠨ ᠲᠠᠯᠠᠪᠠᠶ ᠪᠠᠷ ᠨᠡᠯᠢᠶᠡᠳ ᠪᠠᠭ᠎ᠠ ᠣᠷᠣᠨ᠂ ᠨᠡᠶᠢᠲᠡ 10  ᠂ 22 ᠲᠦᠮᠡᠨ ᠮᠥ᠂ ᠬᠤᠯᠪᠣᠭᠳᠠᠬᠤ ᠬᠥᠮᠦᠨ ᠤ ᠲᠤᠭ᠎ᠠ ᠨᠢ 235  ᠨᠡᠷ᠎ᠡ ᠬᠥᠮᠦᠨ ᠪᠠᠶᠢᠵᠤ᠂ ᠳᠡᠭᠡᠷ᠎ᠡ ᠨᠢᠭᠡ ᠡᠭᠡᠯᠵᠢ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠲᠠᠢ ᠤᠶᠠᠯᠳᠤᠭᠤᠯᠤᠨ᠂ ᠳᠡᠭᠡᠳᠦ ᠱᠠᠲᠤᠨ ᠤ ᠪᠠᠷᠢᠮᠵᠢᠶ᠎ᠠ ᠶᠢ ᠥᠯᠥ ᠪᠠᠭᠤᠷᠠᠭᠤᠯᠬᠤ ᠵᠠᠷᠴᠢᠮ ᠢ ᠦᠨᠳᠦᠰᠦᠯᠡᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠪᠦᠷᠢ 6000 ᠲᠥᠭᠦᠷᠢᠭ \ ᠬᠥᠮᠦᠨ ᠨᠢᠭᠡᠪᠦᠷᠢ᠂ ᠨᠥᠬᠦᠪᠥᠷᠢ ᠮᠥᠩᠭᠦ ᠶᠢᠨ ᠲᠤᠭ᠎ᠠ  141 ᠲᠦᠮᠡᠨ ᠲᠥᠭᠦᠷᠢᠭ  ︔1.1.2   2019᠂ 2020 ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠤᠨ ᠣᠷᠣᠨᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠤᠨ ᠣᠷᠣᠨ ᠤ ᠲᠠᠯᠠᠪᠠᠶ 7.6 ᠲᠦᠮᠡᠨ ᠮᠥ ᠂ 2 ᠰᠤᠮᠤ ᠪᠠᠯᠭᠠᠰᠤ ᠲᠠᠯᠠᠪᠠᠶ᠂ 3 ᠭᠠᠴᠠᠭᠠᠨ ᠤ ᠬᠤᠪᠢᠶᠠᠷᠢ ᠲᠠᠯᠠᠪᠠᠶ ᠳᠤ ᠬᠤᠯᠪᠣᠭᠳᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠣᠷᠣᠨ ᠳᠤ ᠣᠲᠣ ᠶᠠᠭ ᠵᠠᠰᠠᠨ ᠰᠡᠷᠭᠦᠭᠡᠬᠦ ᠲᠥᠷᠥᠯ ᠵᠦᠢᠯ ᠤᠨ ᠠᠮᠢ ᠠᠬᠤᠶ ᠶᠢᠨ ᠨᠥᠬᠦᠪᠥᠷᠢ ᠨᠥᠬᠦᠪᠥᠷᠢ ᠶᠢ ᠵᠢᠯ ᠪᠦᠷᠢ 45 ᠲᠥᠭᠦᠷᠢᠭ / ᠮᠥ ᠭᠥᠷᠳᠡᠵᠦ ᠪᠠᠶᠢᠨ᠎ᠠ᠂ ᠲᠥᠷᠥᠯ ᠵᠦᠢᠯ ᠳᠠᠭᠤᠰᠲᠠᠯ᠎ᠠ ︵2019 — 2022 ᠣᠨ︶᠃  ᠣᠴᠢᠷ ᠨᠢ᠂ ᠠᠳᠠᠯᠢ ᠨᠢᠭᠡᠨ ᠣᠷᠣᠨ ᠪᠦᠰᠡ ᠳᠤ ᠬᠤᠶᠠᠷ ᠵᠦᠢᠯ ᠤᠨ ᠤᠯᠤᠰ ᠤᠨ ᠲᠤᠰᠬᠠᠶ ᠵᠦᠢᠯ ᠤᠨ ᠨᠥᠬᠦᠪᠥᠷᠢ ᠶᠢ ᠭᠥᠷᠳᠡᠵᠦ ᠪᠣᠯᠬᠤ ᠥᠬᠡᠶ ᠵᠠᠷᠴᠢᠮ ᠶᠣᠰᠣᠭᠠᠷ᠂ 2021 ᠣᠨ ᠪᠠ 2022 ᠣᠨ ᠳᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠤᠨ ᠨᠥᠬᠦᠪᠥᠷᠢ ᠶᠢ ᠭᠥᠷᠳᠡᠵᠦ᠂ 2023 — 2025 ᠣᠨ ᠳᠤ ᠲᠣᠰ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ 9 ᠲᠥᠭᠦᠷᠢᠭ / ᠮᠥ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢ ᠭᠥᠷᠳᠡᠵᠦ ᠂ ᠨᠥᠬᠦᠪᠥᠷᠢ ᠶᠢᠨ ᠪᠠᠯᠠ ᠮᠥᠩᠭᠦ ᠨᠢ ᠵᠢᠯ ᠪᠦᠷᠢ 68  ᠂ 4 ᠲᠦᠮᠡᠨ ᠲᠥᠭᠦᠷᠢᠭ᠂ ᠵᠠᠰᠠᠨ ᠰᠡᠷᠭᠦᠭᠡᠭᠰᠡᠨ ᠦᠷ᠎ᠡ ᠪᠦᠲᠦᠭᠡᠯ ᠢᠶᠠᠨ ᠪᠠᠲᠤᠳᠬᠠᠨ᠎ᠠ᠃1.1.3 ᠣᠨᠴᠠᠭᠠᠶ ᠴᠢᠳᠠᠮᠵᠢᠳᠤ ᠣᠷᠣᠨᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠣᠷᠣᠨ᠂  ᠪᠠᠶᠠᠨᠬᠦᠷᠢᠶ᠎ᠡ ᠮᠠᠯᠵᠢᠯ ᠤᠨ ᠲᠠᠯᠠᠪᠠᠶ ᠶᠢᠨ ᠴᠠᠬᠤᠯᠠᠶ ᠶᠢᠨ ᠬᠠᠮᠠᠭᠠᠯᠠᠯᠲᠠ ᠶᠢᠨ ᠣᠷᠣᠨ ᠤ ᠭᠤᠤᠯ ᠣᠷᠣᠨ ᠵᠢᠴᠢ ᠴᠢᠬᠤᠯᠠ ᠤᠰᠤᠨ ᠰᠤᠷᠪᠤᠯᠵᠢ ᠶᠢᠨ ᠣᠷᠣᠨ ᠤ ᠬᠡᠪᠴᠢᠶ᠎ᠡ ᠶᠢ ᠣᠨᠴᠠᠭᠠᠶ ᠴᠢᠳᠠᠮᠵᠢᠳᠤ ᠣᠷᠣᠨ ᠳᠤ ᠣᠷᠣᠭᠤᠯᠵᠤ᠂ ᠨᠡᠶᠢᠲᠡ 90  ᠂ 206 ᠲᠦᠮᠡᠨ ᠮᠥ ᠂ 7 ᠰᠤᠮᠤ ᠪᠠᠯᠭᠠᠰᠤ ᠲᠠᠯᠠᠪᠠᠶ᠂ 13 ᠭᠠᠴᠠᠭ᠎ᠠ ᠬᠤᠪᠢᠶᠠᠷᠢ ᠲᠠᠯᠠᠪᠠᠶ ᠳᠤ ᠬᠤᠯᠪᠣᠭᠳᠠᠵᠤ᠂ ᠵᠢᠯ ᠪᠦᠷᠢ 50 ᠲᠥᠭᠦᠷᠢᠭ \ ᠮᠥ ᠨᠥᠬᠦᠪᠥᠷᠢ ᠶᠢᠨ ᠪᠠᠷᠢᠮᠵᠢᠶ᠎ᠠ ᠲᠠᠢ᠂ ᠨᠥᠬᠦᠪᠥᠷᠢ ᠶᠢᠨ ᠵᠣᠭᠤᠰ ᠤᠨ ᠲᠤᠭ᠎ᠠ 4510᠂ 3 ᠲᠦᠮᠡᠨ ᠲᠥᠭᠦᠷᠢᠭ᠃ 1.2  ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨᠪᠥᠬᠦ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠶᠡᠷᠦᠩᠬᠡᠶ ᠲᠠᠯᠠᠪᠠᠶ 1903  ᠂ 284 ᠲᠦᠮᠡᠨ ᠮᠥ ᠪᠠᠶᠢᠵᠤ᠂ ᠪᠥᠬᠦ ᠨᠥᠬᠦᠪᠥᠷᠢ ᠱᠠᠩᠨᠠᠯ ᠤᠨ  ᠶᠡᠷᠦᠩᠬᠡᠢ ᠲᠠᠯᠠᠪᠠᠶ  94 %  ᠶᠢ ᠡᠵᠡᠯᠡᠵᠦ᠂ 8 ᠰᠤᠮᠤ ᠪᠠᠯᠭᠠᠰᠤ ᠲᠠᠯᠠᠪᠠᠶ ᠂ 36 ᠭᠠᠴᠠᠭ᠎ᠠ ᠬᠤᠪᠢᠶᠠᠷᠢ ᠲᠠᠯᠠᠪᠠᠶ ᠳᠤ ᠬᠤᠯᠪᠣᠭᠳᠠᠵᠤ᠂  ᠵᠢᠯ ᠪᠦᠷᠢ 3 ᠲᠥᠭᠦᠷᠢᠭ / ᠮᠥ ᠪᠠᠷᠢᠮᠵᠢᠶ᠎ᠠ ᠲᠠᠢ᠂ ᠱᠠᠩᠨᠠᠬᠤ ᠵᠣᠭᠤᠰ ᠤᠨ ᠲᠤᠭ᠎ᠠ ᠨᠢ 5709᠂ 852 ᠲᠦᠮᠡᠨ ᠲᠥᠭᠦᠷᠢᠭ᠃1.3  ᠪᠡᠯᠡ ᠮᠥᠩᠭᠦᠨ ᠤ ᠲᠣᠭᠠᠴᠠᠭ᠎ᠠ ᠰᠢᠯᠢ ᠶᠢᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠲᠠᠯᠠᠪᠠᠶ 2029  ᠂ 51 ᠲᠦᠮᠡᠨ ᠮᠥ᠂ ᠵᠢᠯ ᠪᠦᠷᠢ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ 10593  ᠂ 352 ᠲᠦᠮᠡᠨ ᠲᠥᠭᠦᠷᠢᠭ ︵ᠡᠭᠦᠨ ᠳᠤ᠂ 2021 ᠣᠨ ᠪᠠ 2022 ᠣᠨ ᠳᠤ 10524.952 ᠲᠦᠮᠡᠨ ᠲᠥᠭᠦᠷᠢᠭ ᠤᠯᠭᠤᠨ᠎ᠠ︶᠂ ᠡᠭᠦᠨ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 126  ᠂ 226 ᠲᠦᠮᠡᠨ ᠮᠥ᠂ ᠨᠥᠬᠦᠪᠥᠷᠢ ᠪᠠᠯᠠ ᠮᠥᠩᠭᠦ 4883᠂ 5 ᠲᠦᠮᠡᠨ ᠲᠥᠭᠦᠷᠢᠭ ︵ᠡᠭᠦᠨ ᠳᠤ 2021 ᠣᠨ ᠪᠠ 2022 ᠣᠨ ᠳᠤ 4815.1 ᠲᠦᠮᠡᠨ ᠲᠥᠭᠦᠷᠢᠭ  ᠤᠯᠭᠤᠨ᠎ᠠ︶᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 1903᠂284 ᠲᠦᠮᠡᠨ ᠮᠥ᠂ ᠱᠠᠩᠨᠠᠯ ᠤᠨ ᠪᠠᠯᠠ ᠮᠥᠩᠭᠦ 5709  ᠂ 852 ᠲᠦᠮᠡᠨ ᠲᠥᠭᠦᠷᠢᠭ᠃2. ᠰᠤᠮᠤ ᠪᠠᠯᠭᠠᠰᠤᠨ ᠤ ᠲᠠᠯᠠᠪᠠᠢ ᠪᠠᠷ ᠬᠤᠪᠢᠶᠠᠷᠢᠯᠠᠬᠤ2.1 ᠪᠤᠯᠠᠭᠠᠨ ᠰᠤᠮᠤ ᠶᠢ ᠭᠤᠷᠪᠠᠳᠤᠭᠠᠷ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 461᠂ 01 ᠲᠦᠮᠡᠨ ᠮᠥ  ᠣᠷᠣᠭᠤᠯᠪᠠ᠃  ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 12᠂ 85 ᠲᠦᠮᠡᠨ ᠮᠥ ︵ᠪᠡᠯᠴᠢᠭᠡᠷᠯᠡᠭᠦᠯᠬᠦ ᠶᠢ ᠴᠠᠭᠠᠵᠠᠯᠠᠬᠤ  ᠡᠩ ᠶᠢᠨ ᠮᠠᠯᠵᠢᠬᠤ ᠣᠷᠣᠨ 6.2 ᠲᠦᠮᠡᠨ ᠮᠥ᠂  ᠤᠨᠴᠠᠭᠠᠢ ᠴᠢᠳᠠᠮᠵᠢᠳᠤ ᠣᠷᠣᠨ 6.65 ᠲᠦᠮᠡᠨ ᠮᠥ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 448  ᠂16 ᠲᠦᠮᠡᠨ ᠮᠥ᠃2.2  ᠴᠤᠬᠠᠭᠤᠯᠠ ᠰᠤᠮᠤ ᠶᠢ ᠭᠤᠷᠪᠠᠳᠤᠭᠠᠷ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ  269᠂18 ᠲᠦᠮᠡᠨ ᠮᠥ ᠣᠷᠣᠭᠤᠯᠪᠠ  ᠃ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 10᠂ 95 ᠲᠦᠮᠡᠨ ᠮᠥ ︵ᠪᠡᠯᠴᠢᠭᠡᠷᠯᠡᠭᠦᠯᠬᠦ ᠶᠢ ᠴᠠᠭᠠᠵᠠᠯᠠᠬᠤ ᠡᠩ ᠶᠢᠨ ᠮᠠᠯᠵᠢᠬᠤ ᠣᠷᠣᠨ 10.22 ᠲᠦᠮᠡᠨ ᠮᠥ᠂  ᠤᠨᠴᠠᠭᠠᠢ ᠴᠢᠳᠠᠮᠵᠢᠳᠤ ᠣᠷᠣᠨ 0.73 ᠲᠦᠮᠡᠨ ᠮᠥ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 258᠃ 23 ᠲᠦᠮᠡᠨ ᠮᠥ᠃ 2.3 ᠷᠠᠰᠢᠶᠠᠨ ᠪᠤᠯᠠᠭ ᠪᠠᠯᠭᠠᠰᠤ ᠶᠢ ᠭᠤᠷᠪᠠᠳᠠᠬᠢ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 305 ᠲᠦᠮᠡᠨ ᠮᠥ ᠣᠷᠣᠭᠤᠯᠪᠠ  ᠃ ᠪᠦᠬᠦᠨ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠭᠠᠪᠠ᠃ 2.4 ᠪᠠᠶᠠᠨᠪᠤᠯᠠᠭ ᠰᠤᠮᠤ ᠶᠢ ᠭᠤᠷᠪᠠᠳᠤᠭᠠᠷ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 204 ᠂15 ᠲᠦᠮᠡᠨ ᠮᠥ ᠣᠷᠣᠭᠤᠯᠪᠠ᠃  ᠂ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 7᠂ 04 ᠲᠦᠮᠡᠨ ᠮᠥ ︵ᠪᠡᠯᠴᠢᠭᠡᠷᠯᠡᠭᠦᠯᠬᠦ ᠶᠢ ᠴᠠᠭᠠᠵᠠᠯᠠᠬᠤ ᠡᠩ ᠶᠢᠨ ᠮᠠᠯᠵᠢᠬᠤ ᠣᠷᠣᠨ 1.2 ᠲᠦᠮᠡᠨ ᠮᠥ᠂ ᠣᠨᠴᠠᠭᠠᠶ ᠴᠢᠳᠠᠮᠵᠢᠳᠤ ᠣᠷᠣᠨ 5.84 ᠲᠦᠮᠡᠨ ᠮᠥ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 197᠃ 11 ᠲᠦᠮᠡᠨ ᠮᠥ᠃ 2.5 ᠪᠠᠶᠠᠨᠰᠢᠯᠢ ᠮᠠᠯᠵᠢᠯ ᠤᠨ ᠲᠠᠯᠠᠪᠠᠶ ᠶᠢ ᠭᠤᠷᠪᠠᠳᠤᠭᠠᠷ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 467  ᠂ 82 ᠲᠦᠮᠡᠨ ᠮᠥ ᠣᠷᠣᠭᠤᠯᠪᠠ᠃  ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 60  ᠂ 7 ᠲᠦᠮᠡᠨ ᠮᠥ ︵ᠪᠦᠬᠦᠨ ᠢᠶᠠᠷ ᠢᠶᠠᠨ  ᠤᠨᠴᠠᠭᠠᠢ ᠴᠢᠳᠠᠮᠵᠢᠳᠤ ᠣᠷᠣᠨ ᠪᠣᠯᠤᠨ᠎ᠠ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 407᠃ 12 ᠲᠦᠮᠡᠨ ᠮᠥ᠃ 2.6  ᠪᠠᠶᠠᠨᠬᠦᠷᠢᠶ᠎ᠡ ᠮᠠᠯᠵᠢᠯ ᠤᠨ ᠲᠠᠯᠠᠪᠠᠶ ᠶᠢ ᠭᠤᠷᠪᠠᠳᠤᠭᠠᠷ ᠡᠭᠡᠯᠵᠢ ᠶᠢᠨ ᠨᠥᠬᠦᠪᠥᠷᠢ ᠱᠠᠩᠨᠠᠯ ᠣᠯᠭᠤᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 170  ᠂1 ᠲᠦᠮᠡᠨ ᠮᠥ   ᠣᠷᠣᠭᠤᠯᠪᠠ᠃ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 4᠃ 79 ᠲᠦᠮᠡᠨ ᠮᠥ ︵ᠪᠦᠬᠦᠨ ᠢᠶᠠᠷ ᠢᠶᠠᠨ  ᠤᠨᠴᠠᠭᠠᠢ ᠴᠢᠳᠠᠮᠵᠢᠳᠤ ᠣᠷᠣᠨ ᠪᠣᠯᠤᠨ᠎ᠠ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 165᠃ 31 ᠲᠦᠮᠡᠨ ᠮᠥ᠃ 2.7 ᠮᠤᠳᠤᠨ ᠮᠠᠯᠵᠢᠯ ᠤᠨ ᠲᠠᠯᠠᠪᠠᠶ ᠶᠢ ᠭᠤᠷᠪᠠᠳᠤᠭᠠᠷ ᠡᠭᠡᠯᠵᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 78 ᠲᠦᠮᠡᠨ ᠮᠥ ᠣᠷᠣᠭᠤᠯᠵᠤ᠂ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 18  ᠂ 086 ᠲᠦᠮᠡᠨ ᠮᠥ ︵ᠪᠡᠯᠴᠢᠭᠡᠷᠯᠡᠭᠦᠯᠬᠦ ᠶᠢ ᠴᠠᠭᠠᠵᠠᠯᠠᠬᠤ ᠡᠩ ᠤᠨ  ᠮᠠᠯᠵᠢᠬᠤ ᠣᠷᠣᠨ 15.8 ᠲᠦᠮᠡᠨ ᠮᠥ᠂  ᠤᠨᠴᠠᠭᠠᠢ ᠴᠢᠳᠠᠮᠵᠢᠳᠤ ᠣᠷᠣᠨ 2.286 ᠲᠦᠮᠡᠨ ᠮᠥ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 59᠃ 914 ᠲᠦᠮᠡᠨ ᠮᠥ᠃ 2.8 ᠪᠢᠯᠢᠭ ᠮᠠᠯᠵᠢᠯ ᠤᠨ ᠲᠠᠯᠠᠪᠠᠶ ᠶᠢ ᠭᠤᠷᠪᠠᠳᠤᠭᠠᠷ ᠡᠭᠡᠯᠵᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 23 ᠲᠦᠮᠡᠨ ᠮᠥ  ᠣᠷᠣᠭᠤᠯᠪᠠ᠃ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 11᠂ 81 ᠲᠦᠮᠡᠨ ᠮᠥ ︵ᠪᠡᠯᠴᠢᠭᠡᠷᠯᠡᠭᠦᠯᠬᠦ ᠶᠢ ᠴᠠᠭᠠᠵᠠᠯᠠᠬᠤ ᠡᠩ ᠤᠨ  ᠮᠠᠯᠵᠢᠬᠤ ᠣᠷᠣᠨ 2.6 ᠲᠦᠮᠡᠨ ᠮᠥ᠂  ᠤᠨᠴᠠᠭᠠᠢ ᠴᠢᠳᠠᠮᠵᠢᠳᠤ ᠣᠷᠣᠨ 9.21 ᠲᠦᠮᠡᠨ ᠮᠥ︶︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 62.42 ᠲᠦᠮᠡᠨ ᠮᠥ᠃3. ᠬᠠᠪᠤᠷ ᠤᠨ ᠤᠯᠠᠷᠢᠯ ᠤᠨ ᠪᠡᠯᠴᠢᠭᠡᠷ ᠵᠠᠪᠰᠠᠷᠯᠠᠬᠤ3.1 ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠶᠢ ᠲᠣᠭᠲᠠᠭᠠᠨ᠎ᠠ᠃ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ  ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ ︵2021 — 2025 ᠣᠨ︶︾ ᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ ︵ᠰᠢᠯᠢ ᠶᠢᠨ ᠭᠤᠤᠯ ᠵᠠᠬᠢᠷᠭ᠎ᠠ ᠠᠯᠪᠠᠨ ᠪᠢᠴᠢᠭ ᠮᠠᠲ᠋ᠧᠷᠢᠶᠠᠯ  ﹇2021﹈ 95 ᠳ᠋ᠣᠭᠠᠷ ᠲᠤᠭᠠᠲᠦ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠡᠯ᠎ᠡ ᠬᠤᠰᠢᠭᠤ ᠰᠢᠶᠠᠨ ᠨᠤᠭᠤᠳ ᠠᠳᠠᠯᠢ ᠪᠤᠰᠤ ᠠᠭᠤᠷ ᠠᠮᠢᠰᠬᠤᠯ ᠤᠨ ᠨᠥᠬᠦᠴᠡᠯ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂  ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠯᠡᠨ᠂ ᠪᠡᠯᠴᠢᠭᠡᠷᠯᠡᠭᠦᠯᠬᠦ ᠶᠢ ᠵᠣᠭᠰᠣᠭᠠᠬᠤ ᠡᠬᠢᠯᠡᠯᠲᠡ ᠶᠢᠨ ᠴᠠᠭ ᠢ ᠲᠣᠭᠲᠠᠭᠠᠨ᠎ᠠ᠃ ᠨᠤᠲᠤᠭ ᠪᠡᠯᠴᠢᠭᠡᠷ ᠢ ᠠᠮᠤᠷᠵᠢᠭᠤᠯᠤᠨ ᠲᠡᠩᠬᠡᠷᠡᠭᠦᠯᠬᠦ ᠶᠢ ᠠᠬᠢᠭᠤᠯᠬᠤ ᠶᠢᠨ ᠲᠤᠰᠠᠳᠠ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠶᠢ 45 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ ᠭᠡᠵᠦ  ᠪᠠᠲᠤᠯᠠᠨ ᠲᠤᠬᠲᠠᠭᠠᠪᠠ᠃ ᠪᠡᠯᠴᠢᠭᠡᠷᠯᠡᠭᠦᠯᠬᠦ ᠶᠢ ᠵᠣᠭᠰᠣᠭᠠᠬᠤ ᠡᠬᠢᠯᠡᠯᠲᠡ ᠶᠢᠨ ᠴᠠᠭ  ᠬᠤᠭᠤᠴᠠᠭ᠎ᠠ᠄ ᠡᠮᠦᠨᠡᠲᠦ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ︵ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂  ᠲᠠᠶᠢᠹᠤᠰᠧ ᠬᠤᠰᠢᠭᠤ᠂ ᠰᠢᠯᠤᠭᠤᠨ ᠬᠥᠬᠡ ᠬᠤᠰᠢᠭᠤ︶ 4 ᠰᠠᠷ᠎ᠠ ᠶᠢᠨ 10 ᠤ ᠡᠳᠦᠷ ᠠᠴᠠ᠂ ᠳᠤᠮᠳᠠ ᠬᠤᠶᠢᠲᠤ ᠬᠡᠰᠡᠭ ︵ᠠᠪᠠᠭ᠎ᠠ ᠬᠤᠰᠢᠭᠤ᠂  ᠰᠢᠯᠢ ᠶᠢᠨ ᠬᠤᠲᠠ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠶ ᠬᠠᠮᠢᠶᠠᠷᠤᠯᠲᠠ ᠶᠢᠨ ᠣᠷᠣᠨ︶ 4 ᠰᠠᠷ᠎ᠠ ᠶᠢᠨ 15 ᠤ ᠡᠳᠦᠷ ᠠᠴᠠ ᠡᠬᠢᠯᠡᠨ᠎ᠡ  ︾᠃ 3.2 ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠥᠬᠦᠨ ᠢ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠵᠤ᠂ ᠵᠣᠬᠢᠬᠤ ᠨᠤᠲᠤᠭ ᠪᠡᠯᠴᠢᠭᠡᠷ ᠢ ᠮᠠᠯ  ᠪᠡᠯᠴᠢᠭᠡᠷᠯᠡᠭᠦᠯᠬᠦ   ᠢᠶᠠᠷ  ᠦᠯᠡᠳᠡᠭᠡᠨ᠎ᠡ᠃  ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠳᠠᠭᠤᠰᠤᠭᠰᠠᠨ ᠤ ᠲᠠᠷᠠᠭ᠎ᠠ᠂  ᠮᠠᠯ ᠪᠡᠯᠴᠢᠭᠡᠷᠯᠡᠭᠰᠡᠨ ᠵᠣᠬᠢᠬᠤ ᠨᠤᠲᠤᠭ ᠪᠡᠯᠴᠢᠭᠡᠷ ᠢ ᠵᠣᠬᠢᠰᠲᠠᠶ ᠪᠠᠷ ᠰᠡᠯᠪᠢᠨ ᠵᠠᠰᠠᠬᠤ ᠶᠢᠨ ᠬᠠᠮᠲᠤ ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ᠂ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠲᠡ ᠶᠢ ᠠᠬᠢᠭᠤᠯᠬᠤ ᠬᠡᠷᠡᠭᠲᠡᠶ᠃ ᠵᠢᠯ ᠪᠦᠷᠢ ᠶᠢᠨ ᠠᠭᠤᠷ ᠠᠮᠢᠰᠬᠤᠯ ᠤᠨ ᠬᠦᠴᠦᠨ ᠵᠦᠢᠯ ᠢ ᠦᠨᠳᠦᠰᠦᠯᠡᠨ ᠂ ᠪᠡᠯᠴᠢᠭᠡᠷᠯᠡᠭᠦᠯᠬᠦ ᠶᠢ ᠵᠣᠭᠰᠣᠭᠠᠬᠤ ᠠᠯᠪᠠᠨ ᠵᠠᠷ ᠢ ᠴᠠᠭ ᠲᠤᠨᠢ ᠳᠣᠭᠢᠷᠠᠭᠤᠯᠤᠨ ᠨᠡᠶᠢᠲᠡᠯᠡᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠶᠢᠨ ᠡᠬᠢᠯᠡᠵᠦ ᠳᠠᠭᠤᠰᠬᠤ ᠴᠠᠭ ᠢ ᠲᠣᠳᠣᠷᠬᠠᠶᠢᠯᠠᠬᠤ ᠶᠢᠨ ᠬᠠᠮᠲᠤ᠂ ᠢᠯᠡᠷᠬᠡᠶ ᠭᠠᠵᠠᠷ ᠲᠤ ᠬᠠᠮᠢᠶ᠎ᠠ ᠪᠥᠬᠦᠶ ᠲᠡᠮᠳᠡᠭ ᠢ ᠪᠠᠶᠢᠷᠢᠯᠠᠭᠤᠯᠬᠤ ᠬᠡᠷᠡᠭᠲᠡᠶ᠃ 3.3 ᠨᠥᠬᠦᠪᠥᠷᠢ ᠶᠢᠨ ᠪᠠᠷᠢᠮᠵᠢᠶ᠎ᠠ᠃ ᠡᠷᠦᠬᠡ ᠳᠤ ᠳᠠᠭᠠᠭᠠᠴᠢᠯᠠᠭᠤᠯᠤᠭᠰᠠᠨ ᠬᠠᠪᠤᠷ ᠤᠨ ᠤᠯᠠᠷᠢᠯ ᠤᠨ ᠪᠡᠯᠴᠢᠭᠡᠷ ᠵᠠᠪᠰᠠᠷᠯᠠᠬᠤ ᠳᠤ᠂ ᠪᠡᠯᠴᠢᠭᠡᠷ ᠵᠠᠪᠰᠠᠷᠠᠯᠠᠬᠰᠠᠨ ᠬᠤᠭᠤᠴᠠᠭᠠᠨ ᠤ ᠨᠥᠬᠦᠪᠥᠷᠢ ᠶᠢ ᠲᠥᠰᠦᠭᠡᠯᠡᠨ ᠪᠤᠳᠤᠬᠤ ᠪᠠᠷᠢᠮᠵᠢᠶ᠎ᠠ ᠨᠢ 1.125 ᠲᠥᠭᠦᠷᠢᠭ \ ᠮᠥ ︵9 ᠲᠥᠭᠦᠷᠢᠭ \ ᠮᠥ ÷12 ᠰᠠᠷ᠎ᠠ × 1.5 ᠰᠠᠷ᠎ᠠ ︵45 ᠡᠳᠦᠷ︶ = 1.125 ᠲᠥᠭᠦᠷᠢᠭ \ ᠮᠥ︶᠃ 3.4 ᠪᠡᠯᠴᠢᠭᠡᠷᠯᠡᠭᠦᠯᠬᠦ ᠶᠢ ᠵᠣᠭᠰᠣᠭᠠᠬᠤ ᠨᠥᠬᠦᠪᠥᠷᠢ ᠶᠢᠨ ᠪᠡᠯᠡ ᠮᠥᠩᠭᠦᠪᠦᠬᠦ ᠬᠤᠲᠠ ᠶᠢᠨ ᠬᠠᠪᠤᠷ ᠤᠨ ᠤᠯᠠᠷᠢᠯ ᠤᠨ ᠨᠣᠭᠤᠭᠠᠷᠠᠭᠤᠯᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠲᠠᠯᠠᠪᠠᠶ 1903᠂ 284 ᠲᠦᠮᠡᠨ ᠮᠥ᠂ ᠪᠠᠷᠢᠮᠵᠢᠶ᠎ᠠ ᠨᠢ ᠵᠢᠯ ᠪᠦᠷᠢ 1 ᠂125 ᠲᠥᠭᠦᠷᠢᠭ \ ᠮᠥ᠂ ᠨᠥᠬᠦᠪᠥᠷᠢ ᠮᠥᠩᠭᠦ 2141 ᠂1945 ᠲᠦᠮᠡᠨ ᠲᠥᠭᠦᠷᠢᠭ᠃ᠭᠤᠷᠪᠠ᠂ ᠪᠣᠳᠠᠲᠠᠶ ᠱᠠᠭᠠᠷᠳᠠᠯᠭ᠎ᠠ︵ᠨᠢᠭᠡ︶ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ ᠭᠤᠤᠯ ᠴᠣᠭᠴᠠ ᠶᠢ ᠲᠣᠳᠣᠷᠬᠠᠶᠢᠯᠠᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ ︽ᠲᠠᠪᠤ ᠶᠢ ᠰᠤᠮᠤ  ᠪᠠᠯᠭᠠᠠᠰᠦ ᠲᠠᠯᠠᠪᠠᠢ ᠳᠤ ᠬᠦᠷᠭᠡᠬᠦ︾ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠲᠤᠬᠠᠶᠢᠯᠠᠪᠠᠯ ᠡᠭᠦᠷᠭᠡ᠂ ᠪᠠᠯᠠ ᠮᠥᠩᠭᠦ᠂ ᠬᠠᠷᠠᠯᠲᠠ᠂ ᠬᠠᠷᠢᠭᠤᠴᠠᠯᠭ᠎ᠠ᠂ ᠠᠷᠭ᠎ᠠ ᠶᠢ ᠰᠤᠮᠤ  ᠪᠠᠯᠭᠠᠰᠦ ᠲᠠᠯᠠᠪᠠᠶ ᠪᠠᠷ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂  ᠡᠭᠦᠷᠭᠡ ᠶᠢᠨ  ᠭᠦᠢᠴᠡᠳᠬᠡᠯ ᠶᠢ  ᠬᠤᠪᠢᠶᠠᠷᠯᠠᠵᠦ  ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠯᠠ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ  ᠬᠡᠯᠪᠡᠷᠢ  ᠨᠢ ᠦᠯᠦ ᠬᠤᠪᠢᠷᠠᠬᠤ ᠥᠬᠡᠶ ᠪᠠᠶᠢᠬᠤ ᠶᠢ  ᠦᠨᠡᠨ ᠬᠦ ᠪᠠᠲᠤᠯᠠᠵᠤ᠂ ᠤᠯᠤᠰ ᠤᠨ ᠮᠠᠯᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠮᠠᠯᠴᠢᠳ ᠲᠤ ᠲᠤᠰᠢᠶᠠᠨ᠎ᠠ᠃ ︵ᠬᠤᠶᠠᠷ︶ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠰᠠᠶᠢᠲᠤᠷ ᠠᠰᠢᠭᠯᠠᠬᠤ ᠬᠡᠷᠡᠭᠲᠡᠶ᠃ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠵᠦ᠂ ᠪᠣᠳᠠᠲᠠᠶ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠬᠦ ᠬᠡᠷᠡᠭᠲᠡᠶ᠃ ︵ᠭᠤᠷᠪᠠ︶ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠲᠣᠪᠴᠢᠶ᠎ᠠ ᠠᠴᠠ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠪᠠᠶᠢᠳᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠲᠤᠰᠬᠠᠶ ᠲᠠᠩᠰᠠ ᠪᠠᠶᠢᠭᠤᠯᠬᠤ ᠶᠢᠨ ᠬᠠᠮᠲᠤ ᠳᠣᠤᠷ᠎ᠠ ᠨᠢ ᠡᠯ᠎ᠡ ᠵᠦᠢᠯ ᠤᠨ ᠪᠠᠯᠠ ᠮᠥᠩᠭᠦ ᠶᠢᠨ ᠨᠠᠷᠢᠨ ᠲᠠᠩᠰᠠ ᠪᠠᠶᠢᠭᠤᠯᠵᠤ᠂ ᠲᠣᠰ ᠲᠣᠰ ᠲᠤᠨᠢ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠬᠡᠷᠡᠭᠯᠡᠨ᠎ᠡ᠃ ᠨᠥᠬᠦᠪᠥᠷᠢ ᠱᠠᠩᠨᠠᠯ ᠤᠨ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ ᠳᠠᠮᠵᠢᠭᠤᠯᠤᠨ ᠴᠠᠭ ᠲᠤᠬᠠᠶ ᠳᠤᠨᠢ ᠮᠠᠯᠴᠢᠳ ᠲᠤ ᠭᠠᠷᠳᠠᠭᠤᠯᠬᠤ ᠶᠢᠨ ᠬᠠᠮᠲᠤ ︽ᠪᠦᠬᠦᠨ ᠳᠤ ᠳᠣᠭᠢᠷᠠᠬᠤ ᠺᠠᠷᠲ︾ ᠳᠤ ᠪᠠᠯᠠ ᠮᠥᠩᠭᠦ ᠶᠢᠨ ᠲᠥᠷᠥᠯ ᠵᠦᠢᠯ ᠤᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠶ︔ ᠪᠠᠯᠠ ᠮᠥᠩᠭᠦ ᠶᠢᠨ ︽ᠤᠯᠠᠷᠢᠯ ᠤᠨ ᠮᠡᠳᠡᠭᠦᠯᠦᠯᠲᠡ︾ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠲᠣᠪᠴᠢᠶ᠎ᠠ ᠨᠢ ︽ᠪᠦᠬᠦᠨ ᠳᠤ ᠳᠣᠭᠢᠷᠠᠬᠤ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠡᠷᠦᠬᠡ ᠳᠤ ᠬᠦᠷᠦᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠶᠢᠨ ᠬᠠᠮᠲᠤ᠂ ᠤᠯᠠᠷᠢᠯ ᠪᠦᠷᠢ ᠳᠤ ᠲᠤᠰᠬᠠᠶ ᠮᠡᠳᠡᠭᠦᠯᠦᠯᠲᠡ ᠭᠠᠷᠭᠠᠨ᠎ᠠ︔  ᠡᠳ᠋ ᠤᠨ ᠵᠠᠰᠠᠭ᠂ ᠤᠢ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥ ᠶᠢᠨ ᠪᠤᠳᠤᠯᠭ᠎ᠠ ᠶᠢᠨ ᠡᠭᠦᠷᠭᠡ ᠪᠣᠯᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ  ︾ ᠤᠨ ᠲᠣᠭᠲᠠᠭᠠᠯ ᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠶ︔  ᠤᠨᠴᠠᠭᠠᠢ ᠪᠠᠶᠢᠳᠠᠯ ᠠᠴᠠ ᠪᠣᠯᠵᠣ ᠪᠣᠶ ᠪᠣᠯᠤᠭᠰᠠᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠨ᠎ᠡ᠃ ︵ᠳᠥᠷᠪᠡ︶ ᠤᠯᠤᠰ ᠤᠨ ᠠᠯᠪᠠᠨ ᠲᠤᠰᠢᠶᠠᠯᠲᠠᠨ ᠵᠢᠴᠢ ᠮᠠᠯᠵᠢᠬᠤ ᠪᠤᠰᠤ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠠᠤᠯᠢ ᠪᠤᠰᠤ ᠪᠠᠷ ᠭᠥᠷᠳᠡᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠠᠯᠪᠠᠨ ᠲᠤᠰᠢᠶᠠᠯᠲᠠᠨ ᠵᠢᠴᠢ ᠮᠠᠯᠴᠢᠨ ᠪᠤᠰᠤ ᠡᠷᠦᠬᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢᠨ ᠬᠠᠮᠲᠤ ᠶᠠᠮᠠᠷᠪᠠ ᠬᠡᠯᠪᠡᠷᠢ ᠪᠠᠷ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ᠂ ᠮᠠᠯᠴᠢᠳ ᠤᠨ ᠠᠰᠢᠭ ᠲᠤᠰᠠ ᠶᠢ ᠡᠵᠡᠯᠡᠬᠦ ᠶᠢ ᠡᠷᠡᠰ ᠴᠠᠭᠠᠵᠠᠯᠠᠨ᠎ᠠ᠃ ︵ᠲᠠᠪᠤ︶ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠣᠷᠣᠭᠤᠯᠬᠤ ᠪᠠ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠢ ᠬᠠᠷᠭᠤᠭᠤᠯᠤᠨ ᠬᠢᠨᠠᠬᠤ ᠬᠡᠷᠡᠭᠲᠡᠶ᠃ ᠨᠤᠲᠤᠭ ᠪᠡᠯᠴᠢᠭᠡᠷ ᠤᠨ  ᠨᠥᠬᠦᠪᠦᠷᠢ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠵᠢᠷᠤᠮᠵᠢᠭᠤᠯᠤᠨ᠂ ᠲᠤᠭ᠎ᠠ ᠪᠠᠷᠢᠮᠲᠠ ᠣᠷᠣᠭᠤᠯᠬᠤ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠪᠡᠯᠡᠨ ᠵᠣᠭᠤᠰ ᠪᠣᠯᠭᠠᠬᠤ ᠴᠠᠭ ᠯᠤᠭ᠎ᠠ ᠵᠡᠷᠭᠡ ᠳᠤ ᠨᠢ ᠪᠠᠶᠢᠯᠭᠠᠵᠤ᠂ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠪᠢᠴᠢᠵᠦ ᠣᠷᠣᠭᠤᠯᠬᠤ ᠶᠢ  ᠦᠨᠡᠨ ᠬᠦ ᠪᠠᠲᠤᠯᠠᠵᠤ᠂ ᠪᠣᠳᠠᠲᠠᠶ ᠪᠡᠯᠡᠨ ᠵᠣᠭᠤᠰ ᠪᠣᠯᠭᠠᠬᠤ ᠪᠡᠯᠡ ᠮᠥᠩᠭᠦ ᠯᠦᠭᠡ ᠨᠡᠶᠢᠴᠡᠭᠦᠯᠵᠦ᠂ ᠲᠤᠭ᠎ᠠ ᠪᠠᠷᠢᠮᠲᠠ ᠶᠢᠨ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠣᠳᠤᠯᠭ᠎ᠠ ᠶᠢᠨ ᠠᠰᠢᠭ ᠭᠥᠷᠳᠡᠭᠰᠡᠳ ᠤᠨ ᠡᠯᠧᠺᠲᠷᠣᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ ︵ᠵᠢᠷᠭᠤᠭ᠎ᠠ︶ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠨᠤᠲᠤᠭ ᠪᠡᠯᠴᠢᠭᠡᠷ ᠲᠦᠷᠢᠶᠡᠰᠦᠯᠡᠭᠦᠯᠬᠦ  ᠶᠢ ᠬᠢᠨᠠᠨ ᠬᠠᠮᠢᠶᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ ᠣᠷᠣᠭᠤᠯᠤᠭᠰᠠᠨ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠬᠤ ᠳᠤ᠂ ︽ᠰᠢᠯᠢ ᠶᠢᠨ ᠭᠤᠤᠯ ᠠᠶᠢᠮᠠᠭ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠢᠶᠠᠷ ᠬᠠᠤᠯᠢ  ᠶᠤᠰᠦ ᠪᠠᠷ ᠡᠷᠭᠢᠯᠲᠡ ᠳᠤ ᠣᠷᠣᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠤᠭᠰᠠᠨ ᠤ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠤᠤᠯ ᠤᠨ ᠳᠠᠭᠠᠭᠠᠴᠢᠯᠠᠭᠴᠢ ᠠᠪᠤᠨ᠎ᠠ ᠃ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠭᠠᠳᠤᠶ ᠨᠢᠭᠡᠨᠲᠡ ᠡᠷᠭᠢᠯᠲᠡ ᠳᠤ ᠣᠷᠣᠭᠤᠯᠤᠭᠰᠠᠨ ᠪᠡᠯᠴᠢᠭᠡᠷ ᠲᠤ ᠲᠤᠬᠠᠶ ᠶᠢᠨ ᠵᠢᠯ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠣᠯᠭᠤᠬᠤ ᠶᠢ ᠵᠣᠭᠰᠣᠭᠠᠭᠰᠠᠨ ᠢ ᠣᠯᠵᠤ ᠮᠡᠳᠡᠪᠡᠯ᠂ ᠳᠠᠩᠰᠠᠯᠠᠭᠰᠠᠨ ᠤ ᠳᠠᠷᠠᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢ  ᠭᠦᠢᠴᠡᠳᠬᠡᠭᠰᠡᠨ ᠪᠠᠶᠢᠳᠠᠯ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠰᠡᠷᠭᠦᠭᠡᠨ ᠣᠯᠭᠤᠵᠤ ᠪᠣᠯᠤᠨ᠎ᠠ ᠃ ᠬᠡᠷᠪᠡ ᠲᠣᠭᠲᠠᠭᠠᠯ ᠠᠴᠠ ᠵᠥᠷᠢᠴᠡᠨ ᠮᠠᠯ  ᠮᠠᠯᠵᠢᠬᠰᠠᠨ ᠪᠠ ᠮᠠᠯ ᠪᠡᠯᠴᠢᠭᠡᠷ  ᠤᠨ ᠳᠠᠭᠠᠭᠠᠴᠠ  ᠠᠴᠠ  ᠬᠡᠲᠦᠷᠡᠭᠰᠡᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠣᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠭᠥᠷᠳᠡᠬᠦ ᠲᠥᠷᠥ ᠶᠢᠨ ᠪᠣᠳᠣᠯᠭ᠎ᠠ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠬᠡᠷᠡᠭᠲᠡᠶ᠃ ︵ᠳᠣᠯᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ  ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠴᠢᠩᠭ᠎ᠠ ᠲᠦᠷᠢᠮ ᠢ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ᠂ ᠢᠯᠠᠩᠭᠤᠶ᠎ᠠ  ᠤᠨᠴᠠᠭᠠᠢ ᠴᠢᠳᠠᠮᠵᠢᠳᠣ ᠣᠷᠣᠨ ᠳᠤ ᠶᠠᠮᠠᠷᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠵᠥᠪᠰᠢᠶᠡᠷᠡᠬᠦ ᠥᠭᠡᠢ᠂ ᠲᠠᠪᠤᠨ ᠵᠢᠯ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠨᠢᠭᠡ ᠦᠶᠡᠯᠡᠯ ᠤᠨ ᠬᠤᠭᠤᠴᠠᠭ᠎ᠠ ᠪᠣᠯᠤᠨ᠎ᠠ᠃ ᠬᠢᠨᠠᠨ ᠲᠣᠭᠲᠠᠭᠠᠭᠰᠠᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠳᠠᠭᠠᠭᠠᠴᠠ ᠠᠴᠠ ᠬᠡᠲᠦᠷᠡᠭᠦᠯᠬᠦ ᠥᠬᠡᠶ ᠪᠠᠶᠢᠬᠤ ᠶᠢ ᠪᠡᠶᠡᠯᠡᠭᠦᠯᠵᠦ᠂ ᠬᠠᠪᠤᠷ ᠤᠨ ᠤᠯᠠᠷᠢᠯ ᠳᠤ ᠪᠡᠯᠴᠢᠭᠡᠷᠯᠡᠭᠦᠯᠬᠦ ᠶᠢ ᠥᠪᠡᠰᠦᠪᠡᠨ ᠵᠣᠭᠰᠣᠭᠠᠬᠤ ᠪᠠ ᠲᠣᠭᠤᠷᠢᠭ ᠬᠤᠪᠢᠶᠠᠨ ᠰᠡᠯᠭᠦᠨ ᠮᠠᠯᠵᠢᠬᠤ ᠶᠢ ᠵᠣᠷᠢᠭᠵᠢᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠡᠷᠬᠡᠪᠰᠢ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ︽ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ  ᠲᠠᠷᠬᠠᠭᠠᠬᠰᠠᠨ ︿ᠪᠠᠶᠢᠭᠠᠯᠢ ᠶᠢᠨ ᠬᠠᠳᠤᠯᠠᠩ ᠪᠡᠯᠴᠢᠭᠡᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ﹀ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠴᠠᠭ ᠬᠤᠭᠤᠴᠠᠭ᠎ᠠ ᠪᠠ ᠲᠦᠷᠢᠮ ᠲᠣᠭᠲᠠᠭᠠᠯ ᠵᠡᠷᠭᠡ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠬᠠᠳᠤᠯᠠᠩ ᠬᠠᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠦᠷᠢᠮ ᠲᠣᠭᠲᠠᠭᠠᠯ ᠶᠣᠰᠣᠭᠠᠷ ᠡᠪᠡᠰᠦ ᠬᠠᠳᠤᠭᠰᠠᠨ ᠥᠬᠡᠶ ᠪᠠᠶᠢᠪᠠᠯ᠂ ᠲᠤᠬᠠᠶ ᠶᠢᠨ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠥᠬᠦᠪᠥᠷᠢ ᠶᠢ ᠬᠠᠰᠤᠨ᠎ᠠ ︔ ᠨᠤᠲᠤᠭ ᠪᠡᠯᠴᠢᠭᠡᠷ ᠢ ᠲᠥᠪᠯᠡᠷᠡᠭᠦᠯᠦᠨ ᠵᠠᠯᠭᠠᠯᠳᠤᠭᠤᠯᠵᠤ᠂ ᠪᠡᠯᠴᠢᠭᠡᠷᠯᠡᠭᠦᠯᠵᠦ ᠪᠣᠯᠬᠤ ᠥᠬᠡᠶ᠂ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠵᠤ᠂ ᠳᠥᠷᠪᠡᠨ ᠵᠠᠬ᠎ᠠ ᠶᠢᠨ ᠵᠠᠭᠠᠭ ᠱᠤᠭᠤᠮ ᠢ ᠲᠣᠳᠣᠷᠬᠠᠶᠢᠯᠠᠵᠤ᠂ ᠪᠢᠲᠡᠭᠦᠮᠵᠢᠯᠡᠨ ᠪᠤᠶᠢᠵᠢᠭᠤᠯᠬᠤ ᠬᠦᠷᠢᠶ᠎ᠡ ᠬᠠᠰᠢᠶ᠎ᠠ ᠶᠢ ᠪᠠᠶᠢᠭᠤᠯᠤᠨ᠂ ᠢᠯᠭᠠᠨ ᠲᠠᠨᠢᠬᠤ ᠲᠡᠮᠳᠡᠭ ᠢ ᠪᠣᠶ ᠪᠣᠯᠭᠠᠵᠤ᠂ ᠲᠦᠷᠢᠮ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠡᠪᠡᠰᠦ ᠬᠠᠳᠤᠵᠤ᠂ ᠲᠦᠷᠢᠮ ᠲᠣᠭᠲᠠᠭᠠᠯ ᠶᠣᠰᠣᠭᠠᠷ ᠡᠪᠡᠰᠦ ᠬᠠᠳᠤᠭᠰᠠᠨ ᠥᠬᠡᠶ ᠠᠴᠠ ᠲᠤᠬᠠᠶ ᠶᠢᠨ ᠵᠢᠯ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠬᠠᠰᠤᠵᠤ ᠭᠠᠷᠭᠠᠬᠤ ᠬᠡᠷᠡᠭᠲᠡᠶ︔ ᠤᠨᠴᠠᠭᠠᠢ ᠴᠢᠳᠠᠮᠵᠢᠳᠣ ᠣᠷᠣᠨ ᠳᠤ ᠮᠠᠯ ᠬᠠᠷᠢᠭᠤᠯᠬᠤ᠂ ᠬᠠᠰᠢᠶᠠᠯᠠᠨ ᠲᠡᠵᠢᠭᠡᠬᠦ᠂ ᠵᠢᠭᠤᠯᠴᠢᠯᠠᠬᠤ ᠵᠡᠷᠭᠡ ᠶᠠᠮᠠᠷᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠲᠠᠢ ᠪᠠᠶᠢᠵᠤ ᠪᠣᠯᠬᠤ ᠥᠭᠡᠢ᠂ ᠣᠯᠵᠤ ᠮᠡᠳᠡᠮᠡᠭᠴᠡ ᠲᠤᠬᠠᠶ ᠶᠢᠨ ᠵᠢᠯ ᠤᠨ ᠪᠥᠬᠦ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠤᠨ᠎ᠠ᠃ ︵ᠨᠠᠢᠮᠠ︶ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠲᠦᠷᠢᠮ ᠢ ᠬᠡᠷᠡᠭᠵᠢᠭᠦᠯᠵᠦ᠂ ᠲᠤᠤᠷᠵᠢᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠲᠣᠭᠲᠠᠭᠠᠯ ᠪᠠ ᠲᠠᠰ ᠳᠠᠷᠠᠭᠠᠯᠠᠯ ᠤᠨ ᠶᠣᠰᠣᠭᠠᠷ᠂ ᠭᠡᠷ᠎ᠡ ᠶᠢᠨ ᠳᠦᠷᠢᠮᠲᠦ ᠲᠤᠰᠬᠠᠶ ᠲᠤᠰᠢᠶᠠᠯᠲᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠨᠢᠭᠡᠳᠦᠯᠲᠡᠶ ᠤᠷᠢᠨ ᠬᠡᠷᠡᠭᠯᠡᠬᠦ ᠶᠢᠨ ᠬᠠᠮᠲᠤ ᠨᠢᠭᠡᠳᠦᠯᠲᠡᠶ ᠬᠠᠮᠢᠶᠠᠷᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠢᠶ᠎ᠠ ᠪᠥᠬᠦᠶ ᠠᠵᠢᠯ ᠳᠤ ᠬᠠᠮᠵᠢᠯᠴᠠᠨ᠎ᠠ᠃ ︵ᠶᠢᠰᠦ︶ ᠳᠤᠯᠠᠭᠠᠨ ᠤᠯᠠᠷᠢᠯ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠳᠦᠷᠢᠮ︾᠂ ︽ᠰᠢᠯᠢ ᠶᠢᠨ ᠭᠤᠣᠯ ᠠᠶᠢᠮᠠᠭ ᠤᠨ ᠪᠡᠯᠴᠢᠭᠡᠷ ᠲᠤ ᠲᠤᠬᠢᠷᠠᠬᠤ ᠪᠡᠯᠴᠢᠭᠡᠷ ᠤᠨ ᠳᠠᠭᠠᠭᠠᠴᠠ ᠶᠢ ᠬᠢᠨᠠᠨ ᠬᠠᠷᠭᠤᠭᠤᠯᠬᠤ ᠠᠵᠢᠯ ᠤᠨ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ  ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠬᠤᠯᠪᠣᠭᠳᠠᠯ ᠪᠥᠬᠦᠶ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ᠂ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ 2021 — 2025 ᠣᠨ ᠤ ᠨᠤᠲᠤᠭ ᠪᠡᠯᠴᠢᠭᠡᠷ ᠤᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠬᠢᠨᠠᠨ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠳᠤᠯᠠᠭᠠᠨ ᠤᠯᠠᠷᠢᠯ ᠤᠨ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ  ᠳᠤ ᠪᠠᠨ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠪᠠ ᠰᠠᠨᠠᠯ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠲᠦᠷᠢᠮ ᠢ ᠬᠡᠷᠡᠭᠵᠢᠭᠦᠯᠵᠦ᠂ ᠮᠠᠯᠴᠢᠳ ᠢ ᠨᠠᠩ ᠣᠯᠠᠨ ᠦᠭᠡ ᠬᠡᠯᠡᠬᠦ ᠡᠷᠬᠡ ᠲᠠᠢ ᠪᠣᠯᠭᠠᠨ᠎ᠠ᠃  ᠰᠢᠯᠢ  ᠶᠢᠨ ᠬᠤᠲᠠ ᠶᠢᠨ ᠳᠤᠯᠠᠭᠠᠨ ᠤᠯᠠᠷᠢᠯ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠦᠨᠳᠦᠰᠦᠯᠡᠨ᠂ ᠰᠤᠮᠤ ᠰᠢᠶᠠᠩ ᠪᠠᠯᠭᠠᠰᠤ ︵ᠲᠠᠯᠠᠪᠠᠶ︶ ᠨᠢ ᠭᠠᠴᠠᠭ᠎ᠠ ︵ᠬᠤᠪᠢᠶᠠᠷᠢ ᠲᠠᠯᠠᠪᠠᠶ︶ ᠲᠠᠢ ᠬᠠᠮᠲᠤᠷᠠᠨ ᠡᠷᠦᠬᠡ ᠳᠠᠷᠠᠭᠠᠯᠠᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠬᠢᠨᠠᠨ ᠲᠣᠭᠲᠠᠭᠠᠨ᠎ᠠ᠃ ︵ᠠᠷᠪᠠ︶ ᠨᠠᠩ ᠠᠮᠢᠳᠤᠯᠢᠭ ᠱᠠᠩᠨᠠᠵᠤ ᠲᠣᠷᠭᠠᠬᠤ ᠶᠢ ᠬᠤᠯᠪᠣᠬᠤ ᠲᠦᠷᠢᠮ ᠢ ᠪᠠᠶᠢᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ  ᠳᠤ ᠪᠡᠯᠴᠢᠭᠡᠷᠯᠡᠭᠦᠯᠬᠦ ᠥᠭᠡᠢ ᠪᠠᠶᠢᠬᠤ ᠶᠢ ᠪᠡᠶᠡᠯᠡᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠳᠠᠭᠠᠭᠠᠴᠠ ᠠᠴᠠ ᠬᠡᠲᠦᠷᠡᠭᠦᠯᠬᠦ ᠥᠭᠡᠢ᠂ ᠬᠠᠷᠢᠭᠤᠴᠠᠯᠭ᠎ᠠ᠂ ᠡᠷᠬᠡ᠂ ᠠᠰᠢᠭ ᠢ ᠬᠠᠷᠢᠯᠴᠠᠨ ᠨᠢᠭᠡᠳᠦᠭᠦᠯᠬᠦ ᠶᠢ ᠪᠡᠶᠡᠯᠡᠭᠦᠯᠵᠦ᠂ ᠱᠠᠩᠨᠠᠵᠤ ᠲᠣᠷᠭᠠᠬᠤ ᠲᠥᠷᠢᠮ ᠢ ᠪᠠᠶᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠭᠦᠷᠭᠡ ᠪᠠᠨ ᠪᠡᠶᠡᠯᠡᠭᠦᠯᠦᠭᠡᠳᠦᠶ  ᠶᠢ ᠣᠯᠵᠤ ᠮᠡᠳᠡᠪᠡᠯ ᠲᠤᠰ ᠵᠢᠯ ᠤᠨ ᠪᠡᠯᠡ ᠮᠥᠩᠭᠦ ᠶᠢ ᠨᠢ ᠬᠠᠰᠤᠵᠤ ᠭᠠᠷᠭᠠᠬᠤ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠴᠢᠩᠭ᠎ᠠ ᠬᠡᠷᠡᠭᠵᠢᠭᠦᠯᠬᠦ ᠥᠬᠡᠶ ᠭᠠᠴᠠᠭ᠎ᠠ ᠳᠤ ᠮᠠᠯᠵᠢᠬᠤ ᠡᠷᠦᠬᠡ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠲᠥᠷᠥᠯ ᠵᠦᠢᠯ ᠢ ᠳᠣᠭᠢᠷᠠᠭᠤᠯᠬᠤ ᠥᠬᠡᠶ᠃ ᠨᠥᠬᠦᠪᠥᠷᠢ ᠶᠢᠨ ᠪᠡᠯᠡ ᠮᠥᠩᠭᠦ ᠣᠯᠭᠤᠬᠤ ᠳᠤ ᠮᠠᠯ ᠠᠵᠤ ᠠᠬᠤᠶ ᠶᠢᠨ ᠣᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠡᠯ᠎ᠡ ᠰᠤᠮᠤ ᠪᠠᠯᠭᠠᠰᠤ ᠲᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ  ᠳᠤ ᠣᠯᠭᠤᠬᠤ ᠰᠠᠨᠠᠯ   ᠢᠶᠠᠨ ᠭᠠᠷᠭᠠᠬᠤ ᠶᠢᠨ ᠬᠠᠮᠲᠤ ᠭᠠᠴᠠᠭ᠎ᠠ ᠬᠤᠪᠢᠶᠠᠷᠢ ᠲᠠᠯᠠᠪᠠᠢ ᠶᠢᠨ ᠬᠡᠪᠴᠢᠶᠡᠨ ᠳᠤ ᠢᠯᠡ ᠨᠡᠶᠢᠲᠡᠯᠡᠵᠦ᠂ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠦᠭᠰᠡᠨ ᠮᠠᠯᠵᠢᠬᠤ ᠡᠷᠥᠭᠡ ᠳᠤ  ᠪᠡᠯᠡ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠶ ᠪᠠᠷ ᠪᠡᠶᠡᠯᠡᠭᠦᠯᠬᠦ ᠬᠡᠷᠡᠭᠲᠡᠶ᠃ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠤᠰᠬᠠᠶ ᠠᠩᠬᠢ ᠪᠠᠶᠢᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠪᠣᠯᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠷᠢᠮ ᠲᠣᠭᠲᠠᠭᠠᠯ ᠢ ᠪᠠᠶᠢᠭᠤᠯᠤᠨ ᠪᠥᠷᠢᠨᠰᠢᠬᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠯᠠᠪᠠᠶ︶ ᠨᠤᠭᠤᠳ ᠵᠣᠬᠢᠬᠤ ᠠᠵᠢᠯ ᠤᠨ ᠪᠠᠶᠢᠭᠤᠯᠤᠮᠵᠢ ᠶᠢ ᠬᠠᠷᠢᠴᠠᠭᠤᠯᠤᠨ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠳᠤᠭᠤᠶᠢᠯᠠᠩ ᠨᠤᠭᠤᠳ ᠬᠤᠯᠪᠣᠭᠳᠠᠯ ᠪᠥᠬᠦᠢ ᠴᠢᠭᠯᠡᠯᠲᠡ ᠲᠥᠷᠥ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠪᠣᠯᠤᠨ ᠴᠢᠬᠤᠯᠠ ᠶᠡᠭᠡ ᠤᠴᠢᠷ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠰᠤᠮᠤ ᠪᠠᠯᠭᠠᠰᠤ ︵ᠲᠠᠯᠠᠪᠠᠶ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠤᠮᠤ ᠪᠠᠯᠭᠠᠰᠤ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠴᠠᠭ᠎ᠠ ᠶᠢᠨ ᠱᠠᠩᠨᠠᠵᠤ ᠲᠣᠷᠭᠠᠬᠤ ᠡᠷᠬᠡ ᠬᠠᠷᠢᠭᠤᠴᠠᠯᠭ᠎ᠠ ᠶᠢ ᠴᠢᠩᠭᠠᠷᠠᠭᠤᠯᠤᠨ᠂ ᠮᠠᠯᠴᠢᠳ ᠤᠨ ᠠᠮᠢ ᠠᠬᠤᠶ ᠶᠢ ᠲᠡᠷᠢᠭᠦᠨ ᠳᠤ ᠲᠠᠯᠪᠢᠵᠤ ᠪᠣᠬᠢᠷᠲᠤᠯ ᠥᠬᠡᠶ ᠪᠠᠷ ᠬᠥᠭᠵᠢᠭᠦᠯᠬᠦ ᠡᠵᠡᠩᠨᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ ᠥᠰᠥᠭ ᠵᠢᠷᠤᠵᠤ᠂ ᠮᠠᠯᠵᠢᠬᠤ ᠡᠷᠦᠬᠡ ᠯᠦᠭᠡ ᠮᠠᠯ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠭᠡᠷ᠎ᠡ ᠶᠢᠨ ᠪᠢᠴᠢᠭ ᠲᠣᠭᠲᠠᠵᠤ᠂ ᠡᠭᠦᠷᠭᠡ ᠶᠢᠨ ᠭᠦᠢᠴᠡᠳᠬᠡᠬᠦ ᠲᠤᠭ᠎ᠠ ᠶᠢ ᠬᠤᠪᠢᠶᠠᠷᠢᠯᠠᠨ᠂ ᠪᠣᠳᠠᠲᠠᠶᠢᠵᠢᠭᠤᠯᠬᠤ ᠶᠢ  ᠦᠨᠡᠨ ᠬᠦ ᠪᠠᠲᠤᠯᠠᠬᠤ ᠬᠡᠷᠡᠭᠲᠡᠶ᠃︵ᠬᠤᠶᠠᠷ︶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠨᠤᠲᠤᠭ ᠪᠡᠯᠴᠢᠭᠡᠷ ᠣᠶᠢᠲᠤ ᠭᠠᠵᠠᠷ᠂ ᠪᠠᠶᠢᠭᠠᠯᠢ ᠶᠢᠨ ᠡᠬᠢ ᠪᠠᠶᠠᠯᠢᠭ ᠢ ᠬᠠᠮᠢᠶᠠᠷᠬᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠲᠡᠭᠦᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠯᠠ ᠮᠥᠩᠭᠦ ᠲᠠᠷᠬᠠᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂  ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠣᠳᠤᠯᠭ᠎ᠠ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠪᠠᠶᠢᠳᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠪᠠᠯᠠ ᠮᠥᠩᠭᠦ ᠶᠢᠨ ᠲᠤᠰᠬᠠᠶ ᠲᠠᠩᠰᠠ ᠪᠠᠶᠢᠭᠤᠯᠵᠤ᠂ ᠲᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ︔ ᠣᠶ ᠰᠢᠭᠤᠶ ᠡᠪᠡᠰᠦ ᠪᠡᠯᠴᠢᠭᠡᠷ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠮᠠᠯᠴᠢᠳ ᠢ ᠳᠡᠩᠰᠡᠯᠡᠨ ᠲᠡᠮᠳᠡᠭᠯᠡᠬᠦ ᠶᠢ ᠬᠠᠷᠢᠭᠤᠴᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂  ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠣᠳᠤᠯᠭ᠎ᠠ ᠶᠢᠨ ᠠᠭᠤᠯᠭ᠎ᠠ ᠳᠤ ᠲᠠᠶᠢᠯᠤᠮᠵᠢ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠂ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠵᠢᠯᠣᠭᠤᠳᠴᠤ ᠪᠠᠶᠢᠭᠠᠳ ᠳᠤᠯᠠᠭᠠᠨ ᠤᠯᠠᠷᠢᠯ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠵᠦᠶ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠡᠬᠢᠯᠡᠯ ᠲᠡᠭᠦᠰᠬᠡᠯ ᠤᠨ ᠴᠠᠭ ᠢ ᠲᠣᠭᠲᠠᠭᠠᠨ᠎ᠠ᠃ ᠨᠤᠲᠤᠭ ᠪᠡᠯᠴᠢᠭᠡᠷ ᠣᠶᠢᠲᠤ ᠭᠠᠵᠠᠷ᠂ ᠪᠠᠶᠢᠭᠠᠯᠢ ᠶᠢᠨ ᠡᠬᠢ ᠪᠠᠶᠠᠯᠢᠭ ᠢ ᠬᠠᠮᠢᠶᠠᠷᠬᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠲᠡᠭᠦᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃︵ᠭᠤᠷᠪᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠷᠠᠳᠢᠣ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤᠨ ᠤ ᠰᠦᠯᠵᠢᠶ᠎ᠡ ᠵᠡᠷᠭᠡ ᠣᠯᠠᠨ ᠡᠰᠢᠲᠦ ᠰᠣᠨᠢᠨ ᠮᠡᠳᠡᠭᠡᠨ ᠤ ᠠᠴᠢᠶᠠᠯᠠᠪᠤᠷᠢ ᠪᠠᠷ ᠳᠠᠮᠵᠢᠭᠤᠯᠤᠨ᠂ ᠵᠢᠴᠢ ᠭᠠᠴᠠᠭ᠎ᠠ ᠲᠣᠰᠬᠤᠨ ᠳᠤ ᠬᠦᠷᠴᠦ ᠲᠠᠯᠠᠪᠠᠶ ᠬᠤᠪᠢᠶᠠᠨ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠵᠤ ᠪᠣᠯᠪᠠᠰᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠢᠯᠡ ᠺᠠᠷᠲ ᠣᠯᠭᠤᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠭᠤᠷᠪᠠᠨ ᠡᠭᠡᠯᠵᠢ ᠶᠢᠨ ᠨᠤᠲᠤᠭ ᠪᠡᠯᠴᠢᠭᠡᠷ ᠲᠤ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ᠂ ᠮᠠᠯᠴᠢᠳ ᠲᠤ ᠭᠤᠷᠪᠠᠨ ᠡᠭᠡᠯᠵᠢ ᠶᠢᠨ ᠨᠤᠲᠤᠭ ᠪᠡᠯᠴᠢᠭᠡᠷ ᠲᠤ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠬᠦᠢᠴᠡᠳ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠭᠲᠠᠭᠤᠨ ᠢᠶᠠᠷ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ᠂ ᠮᠠᠯᠴᠢᠳ ᠢᠶᠠᠷ ᠭᠤᠤᠯ ᠴᠣᠭᠴᠠ ᠪᠣᠯᠭᠠᠬᠤ ᠵᠠᠷᠴᠢᠮ ᠢ ᠪᠠᠷᠢᠮᠲᠠᠯᠠᠵᠤ᠂ ᠮᠠᠯᠴᠢᠳ ᠤᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠳᠠᠶᠢᠴᠢᠯᠠᠨ᠂ ᠮᠠᠯᠴᠢᠳ ᠤᠨ ᠲᠥᠷᠥ ᠶᠢᠨ ᠪᠣᠳᠣᠯᠭ᠎ᠠ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠴᠢᠳ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠬᠢ ᠦᠭᠡ ᠬᠡᠯᠡᠬᠦ ᠡᠷᠬᠡ ᠶᠢ ᠨᠡᠮᠡᠭᠳᠡᠭᠦᠯᠬᠦ ᠬᠡᠷᠡᠭᠲᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号