ᠰᠢᠯᠢ ᠶᠢᠨ ᠬᠤᠲᠠ ᠵᠠᠰᠠᠭ ᠲᠠᠷᠬᠠᠭᠠᠭᠰᠠᠨ ﹇2022﹈ 16 ᠳ᠋ᠤᠭᠠᠷ ᠲᠣᠭᠠᠲᠤ | 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢᠭᠡᠴᠡ ᠳᠤ᠄ | ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ | ᠲᠥᠯᠥᠪᠯᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ︽︿ᠤᠯᠤᠰ ᠤᠨ ᠥᠮᠴᠢᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠵᠢᠷᠤᠮᠵᠢᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠨᠤᠲᠤᠭ ᠳᠡᠪᠢᠰᠬᠡᠷ ᠡᠬᠢ | ᠪᠠᠶᠠᠯᠢᠭ ᠤᠨ ᠶᠠᠮᠤᠨ ᠤ ᠮᠡᠳᠡᠭᠳᠡᠯ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠲᠠᠷᠬᠠᠭᠠᠭᠰᠠᠨ ︹2010︺ | 117 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠤ ᠤᠯᠤᠰ ᠤᠨ ᠥᠮᠴᠢᠯᠡᠯ ᠤᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠣᠷᠣᠨ ᠲᠤᠭ᠎ᠠ ᠶᠢᠨ ᠵᠠᠷᠴᠢᠮ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠡᠶᠢᠭᠡᠮ ᠤᠨ ᠡᠶ᠎ᠡ | ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ | ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠪᠥᠬᠦ ᠬᠤᠲᠠ ᠶᠢᠨ | ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠳᠤ ᠴᠢᠬᠤᠯᠠ ᠪᠣᠳᠠᠰ ᠤᠨ ᠰᠠᠭᠤᠷᠢ ᠪᠠ ᠲᠤᠯᠭᠠᠭᠤᠷᠢᠯᠠᠯ ᠢ | ᠢᠳᠡᠪᠬᠢᠲᠡᠶ ᠬᠠᠩᠭᠠᠬᠤ ᠬᠡᠷᠡᠭᠲᠡᠶ᠃ ᠡᠬᠢ ᠪᠠᠶᠠᠯᠢᠭ ᠢ ᠬᠠᠮᠠᠭᠠᠯᠠᠬᠤ ᠳᠤ ᠰᠠᠭᠤᠷᠢᠯᠠᠨ᠂ ᠬᠥᠭᠵᠢᠯᠲᠡ ᠶᠢ ᠪᠠᠲᠤᠯᠠᠵᠤ᠂ | ᠠᠷᠠᠳ ᠤᠨ ᠠᠮᠢᠳᠤᠷᠠᠯ ᠢ ᠪᠠᠲᠤᠯᠠᠨ᠎ᠠ᠃ ᠠᠵᠤ ᠦᠢᠯᠡᠰ ᠤᠨ ᠪᠠᠶᠢᠷᠢᠰᠢᠯ᠂ ᠪᠦᠲᠦᠴᠡ ᠪᠠ ᠴᠠᠭ ᠤᠨ ᠳᠠᠷᠠᠭᠠᠯᠠᠯ ᠤᠨ | ᠶᠣᠰᠣᠭᠠᠷ᠂ ᠵᠦᠷᠢᠶᠡᠴᠢᠯᠡᠭᠰᠡᠨ ᠭᠠᠵᠠᠷ ᠰᠢᠷᠣᠶ ᠶᠢᠨ ᠬᠠᠩᠭᠠᠯᠭ᠎ᠠ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠠ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠶᠢ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ | ᠬᠤᠪᠢᠷᠠᠭᠤᠯᠤᠯᠲᠠ ᠶᠢ ᠲᠦᠷᠭᠡᠳᠬᠡᠨ᠎ᠡ᠃ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ | ᠬᠡᠮᠵᠢᠶ᠎ᠡ ᠶᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠰᠠᠶᠢᠨ | ᠪᠥᠭᠡᠳ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠬᠤᠶᠠᠷ᠂ ᠠᠵᠢᠯ ᠤᠨ ᠭᠤᠣᠯᠳᠠᠯᠭ᠎ᠠ | ︵ᠨᠢᠭᠡ︶ ᠭᠠᠵᠠᠷ ᠰᠢᠷᠣᠶ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠰ ᠤᠨ | ᠪᠦᠲᠦᠴᠡ ᠶᠢᠨ ᠲᠤᠬᠢᠷᠠᠭᠤᠯᠤᠯᠳᠡ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠰᠣᠶᠣᠯ ᠤᠨ | ᠠᠵᠤ ᠦᠢᠯᠡᠰ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠶᠡᠬᠡᠪᠡᠷ ᠲᠡᠮᠵᠢᠵᠤ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ᠃ ᠬᠤᠴᠣᠷᠤᠩᠭᠤᠶ ᠪᠠ | ᠦᠷ᠎ᠡ ᠪᠦᠲᠦᠮᠵᠢ ᠪᠠᠷ ᠳᠣᠣᠷ᠎ᠠ ᠠᠵᠤ ᠦᠢᠯᠡᠰ ᠢ ᠰᠢᠭᠰᠢᠭᠳᠡᠭᠦᠯᠵᠦ᠂ ᠪᠣᠬᠢᠷᠲᠤᠯ ᠶᠡᠬᠡᠲᠡᠶ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠶ ᠠᠵᠤ ᠦᠢᠯᠡᠰ ᠢ ᠬᠢᠵᠠᠭᠠᠷᠯᠠᠨ᠎ᠠ᠃ | ︵ᠬᠤᠶᠠᠷ︶ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ | ᠭᠠᠵᠠᠷ ᠢ ᠤᠷᠢᠳᠠᠪᠠᠷ ᠳᠣᠭᠢᠷᠠᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠰᠠᠭᠤᠷᠢ | ᠪᠡᠯᠡᠳᠬᠡᠮᠵᠢ ᠶᠢ ᠰᠠᠶᠢᠵᠢᠷᠠᠭᠤᠯᠤᠨ᠎ᠠ᠃ ᠡᠯ᠎ᠡ ᠲᠥᠷᠥᠯ ᠤᠨ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠢᠴᠢ | ᠣᠯᠠᠨ ᠨᠡᠶᠢᠲᠡ ᠶᠢᠨ ᠠᠭᠤᠳᠠᠮ ᠲᠠᠯᠠᠪᠠᠶ᠂ ᠠᠮᠠᠷᠠᠬᠤ ᠵᠢᠴᠢ ᠣᠷᠴᠢᠨ ᠲᠣᠭᠤᠷᠢᠨ ᠢ ᠭᠤᠶᠤᠵᠢᠭᠤᠯᠬᠤ | ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠨᠡᠮᠡᠭᠳᠡᠭᠦᠯᠦᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢ | ᠬᠠᠩᠭᠠᠬᠤ ᠳᠤ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠶ ᠬᠠᠩᠭᠠᠬᠤ᠂ ᠰᠢᠤᠳᠠᠨ᠂ | ᠴᠠᠬᠢᠯᠭᠠᠨ ᠬᠤᠯᠪᠣᠭ᠎ᠠ᠂ ᠭᠠᠯ ᠤᠨᠲᠠᠷᠠᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠳᠤ ᠬᠡᠷᠡᠭᠯᠡᠬᠦ | ᠭᠠᠵᠠᠷ ᠪᠠᠭᠲᠠᠨ᠎ᠠ᠃ | ︵ᠭᠤᠷᠪᠠ︶ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠬᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠲᠥᠯᠥᠪᠯᠡᠭᠡ ᠲᠠᠢ ᠪᠠᠷ ᠬᠠᠩᠭᠠᠬᠤ | ᠲᠦᠷᠢᠮ ᠢ ᠪᠦᠷᠢᠨᠰᠢᠬᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠬᠥᠭᠵᠢᠭᠦᠯᠦᠨ᠎ᠡ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ | ᠠᠰᠢᠭᠯᠠᠬᠤ ᠳᠤ ᠬᠡᠷᠡᠭᠯᠡᠬᠦ ᠭᠠᠵᠠᠷ ᠨᠢ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ᠂ ᠬᠤᠳᠠ ᠶᠢᠨ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠪᠠ ᠭᠠᠵᠠᠷ ᠰᠢᠷᠣᠶ ᠶᠢᠨ | ᠠᠰᠢᠭᠯᠠᠯᠲᠠ ᠶᠢᠨ ᠣᠨ ᠤ ᠲᠥᠯᠥᠪᠯᠡᠭᠡ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠠᠵᠠᠷ ᠤᠨ ᠦᠨ᠎ᠡ ᠶᠢ | ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ | ᠳᠡᠯᠭᠡᠭᠦᠷ ᠤᠨ ᠲᠤᠬᠲᠠᠭᠤᠨ ᠪᠦᠭᠡᠳ ᠡᠷᠡᠭᠦᠯ ᠢᠶᠠᠷ ᠬᠦᠭᠵᠢᠬᠦ ᠶᠢ ᠠᠭᠢᠭᠤᠯᠤᠨ᠎ᠠ᠃ | ︵ᠲᠥᠷᠪᠡ︶ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠬᠢᠭᠡᠳ ᠢᠵᠢ ᠪᠦᠷᠢᠳᠦᠭᠦᠯᠬᠦ | ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠤ ᠬᠡᠷᠡᠭᠯᠡᠬᠦ ᠭᠠᠵᠠᠷ ᠢ ᠡᠩ ᠲᠡᠷᠢᠭᠦᠨ ᠲᠤ ᠪᠠᠲᠤᠯᠠᠵᠤ᠂ ᠲᠥᠷᠥᠯ | ᠵᠦᠢᠯ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠤᠷᠤᠭᠰᠢᠲᠠᠶ ᠶᠠᠪᠤᠭᠳᠠᠬᠤ ᠶᠢ | ᠦᠨᠡᠨ ᠬᠦ ᠪᠠᠲᠤᠯᠠᠨ᠎ᠠ᠃ | ᠭᠤᠷᠪᠠ᠂ ᠱᠠᠲᠤ ᠦᠶ᠎ᠡ ᠶᠢᠨ ᠲᠣᠬᠢᠷᠠᠭᠤᠯᠤᠯᠲᠠ ᠪᠠ ᠴᠠᠭ ᠤᠨ ᠱᠠᠭᠠᠷᠳᠠᠯᠭ᠎ᠠ | ︵ᠨᠢᠭᠡ︶ ᠮᠠᠲ᠋ᠧᠷᠢᠶᠠᠯ ᠲᠤᠰᠢᠶᠠᠬᠤ ᠱᠠᠲᠤ ᠦᠶ᠎ᠡ᠄ 2022 ᠣᠨ ᠤ 1 ᠰᠠᠷ᠎ᠠ ᠶᠢᠨ 20 ᠤ ᠡᠳᠦᠷ — | 2022 ᠣᠨ ᠤ 2 ᠰᠠᠷ᠎ᠠ ᠶᠢᠨ 18 ᠤ ᠡᠳᠦᠷ᠃ | 1. 2022 ᠣᠨ ᠤ ᠲᠣᠰ ᠠᠵᠢᠯ ᠲᠥᠷᠥᠯ ︵ᠰᠠᠯᠠᠭ᠎ᠠ ᠮᠥᠴᠢᠷ︶ ᠤᠨ ᠤᠯᠤᠰ ᠤᠨ ᠥᠮᠴᠢᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠰᠠᠨᠠᠭᠤᠯᠭ᠎ᠠ ᠶᠢ ᠬᠠᠩᠭᠠᠨ᠎ᠠ᠂ | ᠡᠭᠦᠨ ᠳᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ | ᠴᠢᠳᠠᠪᠤᠷᠢ ᠪᠠ ᠬᠡᠷᠡᠭᠴᠡᠭᠡ ᠶᠢᠨ ᠵᠠᠳᠠᠯᠤᠯᠲᠠ ᠪᠠᠭᠲᠠᠨ᠎ᠠ︔ ᠤᠯᠤᠰ ᠤᠨ ᠥᠮᠴᠢᠯᠡᠯ ᠤᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ᠂ ᠪᠦᠲᠦᠴᠡ᠂ ᠪᠠᠶᠢᠷᠢᠰᠢᠯ᠂ | ᠴᠠᠭ ᠤᠨ ᠳᠠᠷᠠᠭᠠᠯᠠᠯ᠂ ᠠᠷᠭ᠎ᠠ ᠮᠠᠶ᠋ᠢᠭ᠂ ᠬᠠᠷᠢᠶᠠᠲᠦ ᠭᠠᠵᠠᠷ ᠵᠡᠷᠭᠡ ᠶᠢ ᠪᠠᠭᠲᠠᠭᠠᠨ᠎ᠠ᠃ | 2. 2022 ᠣᠨ ᠤ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠤᠯᠤᠰ ᠤᠨ ᠥᠮᠴᠢᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠂ ᠡᠭᠦᠨ ᠳᠤ ᠤᠯᠤᠰ ᠤᠨ | ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ | ᠪᠠᠭᠲᠠᠨ᠎ᠠ︔ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ | ᠬᠡᠷᠡᠭᠴᠡᠭᠡ ᠶᠢᠨ ᠬᠡᠪᠴᠢᠶ᠎ᠡ᠂ ᠪᠦᠲᠦᠴᠡ᠂ ᠪᠠᠶᠢᠷᠢᠰᠢᠯ᠂ ᠴᠠᠭ ᠤᠨ ᠳᠠᠷᠠᠭᠠᠯᠠᠯ ᠵᠡᠷᠭᠡ︔ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠭᠡᠭᠡᠨ ᠬᠥᠭᠵᠢᠭᠦᠯᠦᠯᠲᠡ ᠶᠢᠨ ᠬᠠᠳᠠᠭᠠᠯᠠᠭᠳᠠᠵᠤ ᠪᠠᠶᠢᠭ᠎ᠠ | ᠦᠨᠳᠦᠰᠦᠨ ᠮᠡᠳᠡᠭᠡ ᠵᠠᠩᠭᠢ ᠵᠡᠷᠭᠡ ᠶᠢ ᠪᠠᠭᠲᠠᠭᠠᠨ᠎ᠠ᠃ | 3. 2022 ᠣᠨ ᠤ ᠬᠠᠩᠭᠠᠯᠭ᠎ᠠ ᠶᠢᠨ ᠲᠥᠯᠥᠪᠯᠡᠭᠡ ᠶᠢᠨ ᠲᠤᠬᠢᠷᠠᠭᠤᠯᠤᠯᠳᠠ ᠶᠢᠨ ᠲᠤᠬᠠᠢ ᠰᠠᠨᠠᠭᠤᠯᠭ᠎ᠠ ᠶᠢ | ᠬᠠᠩᠭᠠᠨ᠎ᠠ ᠂ ᠡᠭᠦᠨ ᠳᠤ ᠲᠥᠯᠥᠪᠯᠡᠭᠡ ᠶᠢᠨ ᠬᠤᠭᠤᠴᠠᠭᠠᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ | ᠭᠤᠣᠯᠳᠠᠯᠭ᠎ᠠ ᠲᠠᠢ ᠬᠥᠭᠵᠢᠯᠲᠡ ᠶᠢᠨ ᠣᠷᠣᠨ ᠪᠦᠰᠡ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ | ᠵᠦᠢᠯ ᠵᠡᠷᠭᠡ ᠶᠢ ᠪᠠᠭᠲᠠᠭᠠᠨ᠎ᠠ᠃ | ᠳᠡᠭᠡᠷ᠎ᠡ ᠳᠤᠷᠠᠳᠤᠭᠰᠠᠨ ᠮᠠᠲ᠋ᠧᠷᠢᠶᠠᠯ ᠤᠨ ᠬᠡᠷᠡᠭᠰᠡᠬᠦ ᠬᠦᠰᠦᠨᠦᠭᠲᠦ ᠶᠢ ᠳᠠᠭᠠᠯᠳᠤᠭᠤᠯᠤᠯ 1 ᠪᠣᠯᠤᠨ ᠳᠠᠭᠠᠯᠳᠤᠭᠤᠯᠤᠯ | 2 ᠲᠤ ᠨᠠᠷᠢᠨ ᠦᠵᠡᠬᠦ ᠶᠢᠨ ᠬᠠᠮᠲᠤ 2022 ᠣᠨ ᠤ 2 ᠰᠠᠷ᠎ᠠ ᠶᠢᠨ 11 ᠤ ᠡᠳᠦᠷ ᠠᠴᠠ ᠡᠮᠦᠨ᠎ᠡ ᠮᠠᠲ᠋ᠧᠷᠢᠶᠠᠯ ᠤᠨ | ᠬᠦᠰᠦᠨᠦᠭᠲᠦ ᠪᠠᠨ ᠠᠯᠪᠠᠨ ᠲᠠᠮᠠᠭ᠎ᠠ ︵ᠡᠯᠧᠺᠲᠷᠣᠨ ᠬᠡᠪᠯᠡᠯ ᠢ ᠪᠠᠭᠲᠠᠭᠠᠨ᠎ᠠ︶ ᠳᠠᠷᠤᠵᠤ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠳᠤ ᠲᠤᠰᠢᠶᠠᠨ᠎ᠠ᠃ | ︵ᠬᠤᠶᠠᠷ︶ ᠵᠠᠳᠠᠯᠤᠨ ᠲᠥᠰᠦᠭᠡᠯᠡᠬᠦ ᠱᠠᠲᠤ᠄ 2022 ᠣᠨ ᠤ 2 ᠰᠠᠷ᠎ᠠ ᠶᠢᠨ 19 ᠤ ᠡᠳᠦᠷ — 2022 | ᠣᠨ ᠤ 2 ᠰᠠᠷ᠎ᠠ ᠶᠢᠨ 28 ᠤ ᠡᠳᠦᠷ᠃ | 1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ | ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠶᠡᠷᠦᠩᠬᠡᠶ | ᠲᠥᠯᠥᠪᠵᠢᠭᠦᠯᠭᠡ᠂ ᠬᠤᠳᠠ ᠶᠢᠨ ᠲᠥᠯᠥᠪᠵᠢᠭᠦᠯᠭᠡ ᠶᠢ ᠬᠠᠷᠢᠴᠠᠭᠤᠯᠤᠨ ᠵᠠᠳᠠᠯᠵᠤ᠂ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢᠨ ᠲᠠᠯᠳᠠ ᠬᠦᠴᠦᠨ ᠢ ᠠᠩᠬ᠎ᠠ ᠠᠯᠬᠤᠮ ᠲᠣᠭᠲᠠᠭᠠᠨ᠎ᠠ᠃ | 2. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠠᠰᠢᠭᠯᠠᠭᠠᠳᠤᠶ | ᠭᠠᠵᠠᠷ ᠢ ᠬᠤᠪᠢᠷᠠᠭᠠᠨ ᠬᠡᠷᠡᠭᠯᠡᠬᠦ ᠪᠠ ᠲᠠᠲᠠᠪᠤᠷᠢᠯᠠᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ | ᠵᠠᠰᠠᠭ ᠤᠨ ᠣᠷᠳᠣᠨ ᠤ ᠬᠤᠳᠠᠯᠳᠤᠨ ᠠᠪᠴᠤ ᠨᠥᠭᠡᠴᠡᠯᠡᠭᠰᠡᠨ ᠭᠠᠵᠠᠷ ᠰᠢᠷᠣᠶ᠂ ᠵᠠᠰᠠᠭ ᠤᠨ ᠣᠷᠳᠣᠨ ᠤ ᠬᠤᠷᠢᠶᠠᠨ | ᠠᠪᠤᠭᠰᠠᠨ ᠭᠠᠵᠠᠷ ᠰᠢᠷᠣᠶ᠂ ᠴᠡᠷᠢᠭ ᠤᠨ ᠬᠡᠷᠡᠭᠯᠡᠭᠡᠨ ᠤ ᠰᠤᠯᠠ ᠭᠠᠵᠠᠷ ᠰᠢᠷᠣᠶ ᠶᠢ ᠰᠢᠯᠵᠢᠭᠦᠯᠦᠨ ᠥᠭᠬᠦ | ᠵᠥᠪᠰᠢᠶᠡᠷᠡᠯ ᠤᠨ ᠭᠠᠷ ᠭᠦᠢᠴᠡᠳᠬᠡᠯ ᠪᠠ ᠣᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠯᠡᠭᠡ ᠳᠠᠬᠢ | ᠲᠤᠬᠠᠶ ᠶᠢᠨ ᠵᠢᠯ ᠳᠤ ᠬᠠᠩᠭᠠᠬᠤ ᠪᠠᠷ ᠲᠥᠯᠥᠪᠯᠡᠵᠦ ᠪᠠᠶᠢᠭ᠎ᠠ ᠭᠠᠵᠠᠷ ᠰᠢᠷᠣᠶ ᠵᠡᠷᠭᠡ ᠢᠷᠡᠯᠲᠡ ᠶᠢ ᠬᠠᠤᠯᠢ ᠶᠣᠰᠣᠭᠠᠷ | ᠭᠦᠢᠴᠡᠳᠬᠡᠬᠦ ᠪᠠᠷ ᠳᠠᠮᠵᠢᠭᠤᠯᠤᠨ᠂ ᠳᠠᠯᠳᠠ ᠬᠦᠴᠦᠨ ᠤ ᠵᠠᠳᠠᠯᠤᠯᠲᠠ ᠬᠢᠨ᠎ᠠ᠃ | 3. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠴᠠᠭᠠᠨ ᠵᠠᠳᠠᠯᠤᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ | ᠭᠠᠵᠠᠷ ᠰᠢᠷᠣᠶ ᠶᠢᠨ ᠲᠥᠷᠥᠯ ᠬᠡᠯᠪᠡᠷᠢ ᠪᠠ ᠪᠣᠳᠠᠲᠠᠶ ᠪᠠᠶᠢᠳᠠᠯ ᠢ ᠦᠨᠳᠦᠰᠦᠯᠡᠨ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ᠂ ᠭᠤᠶᠤᠴᠢᠯᠠᠨ ᠮᠡᠳᠡᠭᠦᠯᠦᠭᠰᠡᠨ ᠤᠯᠤᠰ ᠤᠨ ᠥᠮᠴᠢᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠢᠨᠠᠨ ᠬᠠᠷᠭᠤᠭᠤᠯᠵᠤ᠂ ᠶᠡᠷᠦᠩᠬᠡᠶᠢᠯᠡᠨ | ᠲᠡᠩᠴᠡᠭᠦᠯᠦᠨ ᠵᠠᠳᠠᠯᠬᠤ ᠪᠠᠷ ᠳᠡᠮᠵᠢᠨ᠂ ᠲᠥᠯᠥᠪᠯᠡᠭᠡ ᠶᠢᠨ ᠬᠤᠭᠤᠴᠠᠭᠠᠨ ᠳᠠᠬᠢ ᠤᠯᠤᠰ ᠤᠨ ᠥᠮᠴᠢᠯᠡᠯ ᠤᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠥᠰᠦᠭᠡᠯᠡᠨ᠎ᠡ᠃ | ︵ᠭᠤᠷᠪᠠ︶ ᠬᠢᠨᠠᠨ ᠬᠠᠷᠭᠤᠭᠤᠯᠵᠤ ᠲᠣᠭᠲᠠᠭᠠᠬᠤ ᠱᠠᠲᠤ ᠦᠶ᠎ᠡ᠄ 2022 ᠣᠨ ᠤ 3 ᠰᠠᠷ᠎ᠠ ᠶᠢᠨ 1 ᠤ | ᠡᠳᠦᠷ ᠠᠴᠠ 2022 ᠣᠨ ᠤ 3 ᠰᠠᠷ᠎ᠠ ᠶᠢᠨ 15 ᠤ ᠡᠳᠦᠷ ᠪᠣᠯᠲᠠᠯ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠠᠵᠠᠷ ᠰᠢᠷᠣᠶ ᠬᠡᠷᠡᠭᠯᠡᠬᠦ ᠬᠡᠷᠡᠭᠴᠡᠭᠡ ᠶᠢ ᠪᠠᠶᠢᠴᠠᠭᠠᠭᠰᠠᠨ᠂ | ᠵᠠᠳᠠᠯᠤᠭᠰᠠᠨ᠂ ᠲᠥᠰᠦᠭᠡᠯᠡᠭᠰᠡᠨ ᠰᠠᠭᠤᠷᠢᠨ ᠳᠡᠭᠡᠷ᠎ᠡ᠂ ᠭᠠᠵᠠᠷ ᠰᠢᠷᠣᠶ ᠶᠢᠨ ᠡᠮᠦᠨᠡᠬᠢ ᠬᠤᠭᠤᠴᠠᠭᠠᠨ ᠤ ᠨᠡᠭᠡᠭᠡᠨ | ᠠᠰᠢᠭᠯᠠᠭᠰᠠᠨ ᠬᠡᠮᠵᠢᠶ᠎ᠡ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠪᠠᠶᠢᠳᠠᠯ᠂ ᠭᠠᠵᠠᠷ ᠰᠢᠷᠣᠶ ᠶᠢᠨ | ᠠᠰᠢᠭᠯᠠᠯᠲᠠ ᠶᠢᠨ ᠲᠥᠯᠥᠪᠯᠡᠭᠡ ᠵᠢᠴᠢ ᠰᠢᠯᠵᠢᠭᠦᠯᠦᠨ ᠬᠡᠷᠡᠭᠯᠡᠬᠦ ᠲᠠᠲᠠᠪᠤᠷᠢᠯᠠᠬᠤ ᠶᠢ ᠬᠢᠨᠠᠨ ᠵᠥᠪᠰᠢᠶᠡᠷᠡᠭᠦᠯᠬᠦ ᠭᠠᠷ | ᠭᠦᠢᠴᠡᠳᠬᠡᠯ ᠢ ᠭᠦᠢᠴᠡᠳᠬᠡᠭᠰᠡᠨ ᠪᠠᠶᠢᠳᠠᠯ᠂ ᠬᠠᠷᠢᠶᠠᠲᠦ ᠭᠠᠵᠠᠷ ᠤᠨ ᠲᠥᠯᠥᠪᠵᠢᠭᠦᠯᠭᠡ ᠶᠢᠨ ᠭᠠᠷ ᠭᠦᠢᠴᠡᠳᠬᠡᠯ ᠢ | ᠭᠦᠢᠴᠡᠳᠬᠡᠭᠰᠡᠨ ᠪᠠᠶᠢᠳᠠᠯ ᠂ ᠴᠡᠷᠢᠭ ᠤᠨ ᠬᠡᠷᠡᠭᠯᠡᠭᠡᠨ ᠤ ᠰᠤᠯᠠ ᠭᠠᠵᠠᠷ ᠰᠢᠷᠣᠶ ᠶᠢ ᠰᠢᠯᠵᠢᠭᠦᠯᠦᠨ ᠥᠭᠬᠦ | ᠵᠥᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠵᠡᠷᠭᠡ ᠢ ᠦᠨᠳᠦᠰᠦᠯᠡᠵᠦ᠂ ᠡᠯ᠎ᠡ ᠠᠵᠢᠯ | ᠲᠥᠷᠥᠯ ᠤᠨ ᠬᠡᠷᠡᠭᠯᠡᠬᠦ ᠭᠠᠵᠠᠷ ᠤᠨ ᠬᠡᠷᠡᠭᠴᠡᠭᠡ᠂ ᠭᠠᠵᠠᠷ ᠰᠢᠷᠣᠶ ᠶᠢᠨ ᠬᠡᠷᠡᠭᠯᠡᠯᠲᠡ ᠪᠠ ᠬᠠᠩᠭᠠᠬᠤ ᠠᠷᠭ᠎ᠠ | ᠮᠠᠶ᠋ᠢᠭ ᠢᠶᠠᠷ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ | ᠲᠥᠯᠥᠪᠯᠡᠭᠡ ᠶᠢᠨ ᠭᠦᠢᠴᠡᠳᠬᠡᠯ ᠲᠤᠭ᠎ᠠ ᠳᠤ ᠵᠠᠳᠠᠯᠤᠯᠲᠠ ᠬᠢᠵᠦ᠂ 2022 ᠣᠨ ᠤ ᠬᠡᠷᠡᠭᠵᠢᠭᠦᠯᠵᠦ ᠪᠣᠯᠬᠤ | ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠶᠡᠷᠦᠩᠬᠡᠶᠢᠯᠡᠨ ᠲᠣᠭᠲᠠᠭᠠᠬᠤ ᠶᠢᠨ | ᠬᠠᠮᠲᠤ ᠬᠠᠩᠭᠠᠬᠤ ᠲᠥᠯᠥᠪᠯᠡᠭᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃ | ︵ᠳᠥᠷᠪᠡ︶ ᠮᠡᠳᠡᠭᠦᠯᠦᠨ ᠵᠥᠪᠰᠢᠶᠡᠷᠡᠭᠦᠯᠵᠦ ᠨᠡᠶᠢᠲᠡᠯᠡᠬᠦ ᠱᠠᠲᠤ ᠦᠶ᠎ᠡ᠄ 2022 ᠣᠨ ᠤ 3 ᠰᠠᠷ᠎ᠠ ᠶᠢᠨ 16 ᠤ | ᠡᠳᠦᠷ — 2022 ᠣᠨ ᠤ 3 ᠰᠠᠷ᠎ᠠ ᠶᠢᠨ 31 ᠤ ᠡᠳᠦᠷ᠃ | 1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠣᠶ ᠪᠣᠯᠭᠠᠭᠰᠠᠨ ᠤᠯᠤᠰ ᠤᠨ ᠥᠮᠴᠢᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠡᠯ᠎ᠡ ᠬᠠᠮᠢᠶ᠎ᠠ | ᠪᠥᠬᠦᠶ ᠨᠢᠭᠡᠴᠡ ᠠᠴᠠ ᠰᠠᠨᠠᠯ ᠬᠤᠷᠢᠶᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ | 2. ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ | ᠲᠥᠯᠥᠪᠯᠡᠭᠡ ᠶᠢ ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠵᠥᠪᠰᠢᠶᠡᠷᠡᠯ ᠢ ᠤᠯᠬᠤ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠳᠠᠩᠰᠠᠯᠠᠭᠤᠯᠤᠨ᠎ᠠ᠃ | 3. ᠵᠠᠰᠠᠭ ᠤᠨ ᠣᠷᠳᠣᠨ 3 ᠰᠠᠷ᠎ᠠ ᠶᠢᠨ 31 ᠤ ᠡᠳᠦᠷ ᠠᠴᠠ ᠡᠮᠦᠨ᠎ᠡ᠂ ᠤᠯᠤᠰ ᠤᠨ ᠥᠮᠴᠢᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠨ ᠤ ᠬᠠᠩᠭᠠᠯᠭ᠎ᠠ ᠶᠢᠨ ᠲᠥᠯᠥᠪᠯᠡᠭᠡ ᠪᠠᠨ ᠨᠡᠶᠢᠲᠡᠯᠡᠬᠦ ᠶᠢᠨ ᠬᠠᠮᠲᠤ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠰᠦᠯᠵᠢᠶ᠎ᠡ ︵ᠳᠤᠮᠳᠠᠳᠤ ᠤᠯᠤᠰ ᠤᠨ ᠭᠠᠵᠠᠷ ᠰᠢᠷᠣᠶ ᠶᠢᠨ | ᠵᠠᠬ᠎ᠠ ᠳᠡᠯᠭᠡᠭᠦᠷ ᠤᠨ ᠰᠦᠯᠵᠢᠶ᠎ᠡ︶ ᠳᠤ ᠨᠡᠶᠢᠲᠡᠯᠡᠨ᠎ᠡ᠃ | ᠳᠥᠷᠪᠡ᠂ ᠡᠭᠦᠷᠭᠡ ᠶᠢᠨ ᠬᠤᠪᠢᠶᠠᠷᠢᠯᠠᠯ | 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢᠨ ᠲᠥᠯᠥᠪᠯᠡᠭᠡ ᠶᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠬᠠᠮᠲᠤ ᠪᠠᠷ ᠨᠠᠶᠢᠷᠠᠭᠤᠯᠤᠨ ᠵᠣᠬᠢᠶᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠡᠯ᠎ᠡ ᠰᠠᠯᠠᠭ᠎ᠠ ᠮᠥᠴᠢᠷ ︵ᠠᠵᠢᠯ ᠲᠥᠷᠥᠯ︶ ᠤᠨ ᠳᠡᠭᠡᠭᠰᠢ | ᠮᠡᠳᠡᠭᠦᠯᠦᠭᠰᠡᠨ ᠭᠠᠵᠠᠷ ᠬᠡᠷᠡᠭᠯᠡᠬᠦ ᠭᠤᠶᠤᠴᠢᠯᠠᠯ ᠤᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠬᠤ ᠶᠢ | ᠬᠠᠷᠢᠭᠤᠴᠠᠵᠤ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠠ ᠭᠠᠵᠠᠷ ᠰᠢᠷᠣᠶ ᠶᠢᠨ | ᠠᠰᠢᠭᠯᠠᠯᠲᠠ ᠶᠢᠨ ᠣᠳᠣᠬᠢ ᠪᠠᠶᠢᠳᠠᠯ ᠢ ᠦᠨᠳᠦᠰᠦᠯᠡᠨ᠂ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠳᠠᠯᠳᠠ ᠬᠦᠴᠦᠨ ᠳᠤ ᠵᠠᠳᠠᠯᠤᠯᠲᠠ ᠬᠢᠵᠦ᠂ ᠲᠥᠯᠥᠪᠯᠡᠭᠡ ᠶᠢᠨ | ᠬᠤᠭᠤᠴᠠᠭᠠᠨ ᠳᠠᠬᠢ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ | ᠱᠠᠭᠠᠷᠳᠠᠯᠭ᠎ᠠ ᠶᠢᠨ ᠬᠡᠮᠵᠢᠶ᠎ᠡ ᠶᠢ ᠤᠷᠢᠳᠴᠢᠯᠠᠨ ᠲᠥᠰᠦᠭᠡᠯᠡᠨ᠎ᠡ᠃ ᠤᠯᠤᠰ ᠤᠨ ᠥᠮᠴᠢᠯᠡᠯ ᠤᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠭᠦᠢᠴᠡᠳᠬᠡᠬᠦ ᠲᠤᠭ᠎ᠠ ᠳᠤ | ᠵᠠᠳᠠᠯᠤᠯᠲᠠ ᠬᠢᠵᠦ᠂ ᠬᠠᠩᠭᠠᠵᠤ ᠪᠣᠯᠬᠤ ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃ ᠰᠢᠯᠢ ᠶᠢᠨ | ᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠭᠠᠵᠠᠷ ᠬᠠᠩᠭᠠᠬᠤ ᠪᠠᠷ ᠪᠠᠶᠢᠭ᠎ᠠ | ᠲᠥᠷᠥᠯ ᠵᠦᠢᠯ ᠤᠨ ᠲᠥᠯᠥᠪᠵᠢᠭᠦᠯᠭᠡ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ | ᠲᠥᠯᠥᠪᠵᠢᠭᠦᠯᠭᠡ ᠳᠤ ᠨᠡᠶᠢᠴᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠯᠥᠪᠵᠢᠭᠦᠯᠭᠡ ᠶᠢᠨ | ᠰᠠᠨᠠᠯ ᠢᠶᠠᠨ ᠳᠤᠷᠠᠳᠬᠤ ᠬᠡᠷᠡᠭᠲᠡᠶ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ | ᠰᠢᠯᠢ ᠶᠢᠨ ᠬᠤᠲᠠ ᠶᠢᠨ ᠠᠵᠤ ᠦᠢᠯᠡᠰ ᠤᠨ ᠶᠡᠷᠦᠩᠬᠡᠶ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠪᠦᠲᠦᠴᠡ | ᠵᠢᠴᠢ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠭᠠᠵᠠᠷ ᠬᠡᠷᠡᠭᠯᠡᠬᠦ ᠰᠠᠨᠠᠮᠵᠢ ᠪᠠᠨᠲ᠋ᠤᠷᠠᠳᠬᠤ ᠬᠡᠷᠡᠭᠲᠡᠶ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠨ ᠤ ᠬᠢᠮᠳᠠ | ᠲᠣᠬᠢᠯᠢᠭ ᠣᠷᠣᠨ ᠰᠠᠭᠤᠴᠠ ᠪᠠ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠲᠥᠯᠥᠪᠯᠡᠭᠡ᠂ ᠰᠠᠷᠠᠪᠴᠢᠲᠦ | ᠪᠠᠶᠢᠰᠢᠩ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠣᠷᠣᠨ ᠰᠠᠭᠤᠴᠠ ᠶᠢᠨ ᠲᠥᠯᠥᠪᠯᠡᠭᠡ᠂ ᠬᠤᠲᠠ ᠶᠢᠨ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠭᠠᠵᠠᠷ ᠬᠡᠷᠡᠭᠯᠡᠬᠦ ᠰᠠᠨᠠᠮᠵᠢ ᠪᠠᠨ ᠳᠤᠷᠠᠳᠬᠤ ᠬᠡᠷᠡᠭᠲᠡᠶ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠠᠵᠢᠯ ᠲᠥᠷᠥᠯ ᠤᠨ | ᠠᠵᠤ ᠠᠬᠤᠶ ᠶᠢᠨ ᠲᠥᠷᠥᠯ ᠬᠤᠪᠢᠶᠠᠭᠰᠠᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠠᠵᠠᠷ | ᠬᠡᠷᠡᠭᠯᠡᠬᠦ ᠰᠠᠨᠠᠮᠵᠢ ᠪᠠᠨ ᠳᠤᠷᠠᠳᠬᠤ ᠬᠡᠷᠡᠭᠲᠡᠶ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠩᠭᠠᠬᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠩᠭᠠᠬᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠪᠦᠷᠢᠨᠵᠢᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ | ᠶᠠᠩ ᠵᠧᠨ ᠳᠡᠳ᠋ ᠬᠤᠲᠠ ᠶᠢᠨ ᠳᠠᠷᠤᠭ᠎ᠠ | ᠪᠦᠷᠢᠯᠳᠦᠬᠦᠨ᠄ | ᠶᠣᠣ ᠯᠢᠶᠠᠩ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠭᠦᠸᠧ ᠶᠢᠩ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠤᠪᠴᠢᠶᠠᠨ | ᠳᠠᠷᠤᠭ᠎ᠠ | ᠱᠠᠩ ᠬᠤᠸᠠᠢ ᠭᠦᠸᠧ ᠡᠳ᠋ ᠤᠨ ᠵᠠᠰᠠᠭ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ | ᠪᠦᠷᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ | ᠵᠠᠩ ᠸᠧᠶ ᠳ᠋ᠦᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠲᠤᠪᠴᠢᠶᠠᠨ ᠳᠠᠷᠤᠭ᠎ᠠ | ᠯᠦᠸᠧ ᠧᠨ ᠪᠦᠦ ᠲᠥᠯᠥᠪᠵᠢᠭᠦᠯᠭᠡ ᠶᠢᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ | ᠯᠢᠶᠠᠩ ᠶᠦᠩ ᠯᠢ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠶᠡᠭᠡ ᠠᠩᠭᠢ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠪᠦᠷᠢᠨ | ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ ᠢ ᠯᠢᠶᠠᠩ ᠶᠦᠩ ᠯᠢ ᠬᠠᠪᠰᠤᠷᠭᠠᠨ | ᠬᠠᠷᠢᠭᠤᠴᠠᠨ᠎ᠠ᠃ ᠲᠣᠰ ᠠᠵᠢᠯ ᠤᠨ ᠪᠣᠳᠠᠲᠠᠶ ᠶᠠᠪᠤᠳᠠᠯ ᠢ ᠬᠠᠷᠢᠭᠤᠴᠠᠭᠴᠢ ᠫᠠᠩ ᠵᠢᠶᠠᠩ᠂ ᠬᠠᠷᠢᠯᠴᠠᠬᠤ ᠤᠲᠠᠰᠤ᠄ | 15147975909᠃ | ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠡᠯ᠎ᠡ ᠨᠢᠭᠡᠴᠡ ᠶᠢᠨ ᠤᠳᠤᠷᠢᠳᠤᠯᠭ᠎ᠠ ᠨᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ | ᠵᠣᠬᠢᠶᠠᠨ ᠪᠠᠶᠢᠭᠤᠯᠵᠤ᠂ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠡᠭᠡᠨ ᠨᠠᠷᠢᠨ ᠬᠢᠨᠠᠮᠠᠭᠠᠶ | ᠪᠠᠶᠢᠴᠠᠭᠠᠨ ᠵᠠᠳᠠᠯᠤᠯᠲᠠ ᠬᠢᠵᠦ᠂ ᠤᠷᠢᠳᠠᠪᠠᠷ ᠭᠤᠣᠯᠳᠠᠯᠭ᠎ᠠ ᠶᠢ ᠨᠢ ᠲᠠᠷᠠᠭ᠎ᠠ ᠨᠢ ᠡᠩ ᠤᠨ᠂ ᠤᠷᠢᠳᠠᠪᠠᠷ ᠬᠢᠯᠪᠡᠷ | ᠢ ᠨᠢ ᠲᠠᠷᠠᠭ᠎ᠠ ᠨᠢ ᠬᠦᠴᠢᠷ ᠲᠠᠢ ᠶᠢ ᠨᠢ ᠬᠢᠬᠦ ᠱᠠᠭᠠᠷᠳᠠᠯᠭ᠎ᠠ ᠶᠣᠰᠣᠭᠠᠷ᠂ ᠭᠠᠵᠠᠷ ᠬᠡᠷᠡᠭᠯᠡᠬᠦ ᠲᠥᠷᠥᠯ ᠵᠦᠢᠯ ᠢ | ᠰᠢᠯᠢᠨ ᠰᠣᠩᠭᠤᠵᠤ ᠳᠡᠭᠡᠭᠰᠢ ᠮᠡᠳᠡᠭᠦᠯᠵᠦ᠂ ᠭᠠᠵᠠᠷ ᠬᠠᠩᠭᠠᠬᠤ ᠨᠥᠬᠦᠴᠡᠯ ᠪᠦᠷᠢᠳᠦᠭᠰᠡᠨ ᠢ ᠨᠢ ᠣᠷᠬᠢᠭᠳᠠᠭᠤᠯᠬᠤ | ᠥᠭᠡᠢ᠂ ᠭᠠᠵᠠᠷ ᠬᠠᠩᠭᠠᠬᠤ ᠨᠥᠬᠦᠴᠡᠯ ᠪᠦᠷᠢᠳᠦᠭᠰᠡᠨ ᠥᠭᠡᠢ ᠶᠢ ᠨᠢ ᠠᠯᠪᠠ ᠪᠠᠷ ᠮᠡᠳᠡᠭᠦᠯᠬᠦ ᠥᠭᠡᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ᠃ 2022 ᠣᠨ ᠳᠤ ᠭᠠᠵᠠᠷ ᠰᠢᠷᠣᠶ ᠬᠠᠩᠭᠠᠬᠤ ᠶᠢ ᠲᠥᠯᠥᠪᠯᠡᠭᠡ ᠶᠣᠰᠣᠭᠠᠷ | ᠬᠡᠷᠡᠭᠵᠢᠭᠦᠯᠦᠨ᠎ᠡ᠂ ᠲᠥᠯᠥᠪᠯᠡᠭᠡ ᠳᠤ ᠣᠷᠣᠭᠤᠯᠤᠭᠰᠠᠨ ᠥᠬᠡᠶ ᠵᠦᠢᠯᠡᠰ ᠲᠤ ᠭᠠᠵᠠᠷ ᠰᠢᠷᠣᠶ ᠬᠠᠩᠭᠠᠬᠤ ᠥᠬᠡᠶ᠃ | ︵ᠬᠤᠶᠠᠷ︶ ᠭᠠᠵᠠᠷ ᠰᠢᠷᠣᠶ ᠬᠠᠩᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠴᠢᠩᠭ᠎ᠠ ᠴᠠᠭ | ᠬᠤᠭᠤᠴᠠᠭᠠᠨ ᠤ ᠱᠠᠭᠠᠷᠳᠠᠯᠭ᠎ᠠ ᠲᠠᠢ ᠪᠠᠶᠢᠵᠤ᠂ ᠡᠯ᠎ᠡ ᠰᠠᠯᠠᠭ᠎ᠠ ᠮᠥᠴᠢᠷ ᠤᠳ ᠴᠠᠭ ᠢ ᠠᠮᠵᠢᠨ᠂ ᠠᠵᠢᠯ ᠢᠶᠠᠨ | ᠬᠤᠪᠢᠶᠠᠷᠢᠯᠠᠨ ᠬᠠᠮᠵᠢᠯᠴᠠᠵᠤ᠂ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠢᠶᠠᠨ ᠠᠵᠢᠯ ᠤᠨ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ | ᠰᠠᠨᠠᠭᠤᠯᠭ᠎ᠠ᠂ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ᠂ ᠬᠡᠷᠡᠭᠯᠡᠬᠦ ᠭᠠᠵᠠᠷ ᠤᠨ ᠮᠡᠳᠡᠭᠦᠯᠦᠯᠲᠡ ᠶᠢᠨ ᠬᠦᠰᠦᠨᠦᠭᠲᠦ | ᠵᠡᠷᠭᠡ ᠮᠡᠳᠡᠭᠦᠯᠬᠦ ᠮᠠᠲ᠋ᠧᠷᠢᠶᠠᠯ ᠢ ᠴᠠᠭ ᠲᠤᠬᠠᠶ ᠳᠤᠨᠢ ᠴᠤᠭᠯᠠᠭᠤᠯᠵᠤ᠂ ᠵᠠᠳᠠᠯᠵᠤ᠂ ᠬᠤᠷᠢᠶᠠᠩᠭᠤᠶᠢᠯᠠᠵᠤ᠂ ᠴᠠᠭ | ᠲᠤᠬᠠᠶ ᠳᠤᠨᠢ ᠳᠡᠭᠡᠭᠰᠢ ᠮᠡᠳᠡᠭᠦᠯᠵᠦ᠂ ᠲᠠᠷᠠᠭᠠᠴᠢ ᠶᠢᠨ ᠱᠠᠲᠤᠨ ᠤ ᠠᠵᠢᠯ ᠢᠶᠠᠨ ᠬᠤᠭᠤᠴᠠᠭ᠎ᠠ ᠶᠣᠰᠣᠭᠠᠷ | ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ | ᠬᠠᠩᠭᠠᠯᠭ᠎ᠠ ᠶᠢᠨ ᠲᠥᠯᠥᠪᠯᠡᠭᠡ ᠶᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠬᠠᠮᠲᠤᠪᠠᠷ ᠨᠠᠶᠢᠷᠠᠭᠤᠯᠤᠨ ᠵᠣᠬᠢᠶᠠᠨ᠎ᠠ᠃ ᠵᠠᠳᠠᠯᠤᠨ ᠵᠢᠱᠢᠬᠦ ᠱᠠᠲᠤᠨ ᠳᠤ᠂ ᠭᠤᠷᠪᠠᠨ | ᠰᠠᠯᠠᠭ᠎ᠠ ᠮᠥᠴᠢᠷ ᠨᠢ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ᠂ ᠵᠣᠬᠢᠴᠠᠭᠤᠯᠬᠤ ᠪᠠ ᠮᠡᠳᠡᠭᠡ ᠵᠠᠩᠭᠢ | ᠨᠡᠪᠲᠡᠷᠡᠯᠴᠡᠬᠦ ᠪᠠᠨ ᠴᠢᠩᠭᠠᠳᠬᠠᠵᠤ᠂ ᠲᠥᠯᠥᠪᠯᠡᠭᠡᠨ ᠤ ᠬᠤᠭᠤᠴᠠᠭᠠᠨ ᠳᠠᠬᠢ ᠪᠦᠬᠦ ᠬᠤᠳᠠ ᠶᠢᠨ ᠭᠠᠵᠠᠷ ᠰᠢᠷᠣᠶ ᠶᠢᠨ | ᠬᠠᠩᠭᠠᠯᠭ᠎ᠠ ᠶᠢᠨ ᠲᠤᠭ᠎ᠠ ᠬᠡᠮᠵᠢᠶ᠎ᠡ᠂ ᠪᠦᠲᠦᠴᠡ᠂ ᠪᠠᠶᠢᠷᠢᠯᠠᠭᠤᠯᠤᠯᠲᠠ᠂ ᠲᠥᠯᠥᠪᠵᠢᠭᠦᠯᠭᠡ ᠵᠡᠷᠭᠡ ᠰᠠᠭᠤᠷᠢ ᠮᠡᠳᠡᠭᠡ | ᠵᠠᠩᠭᠢ ᠶᠢ ᠣᠨᠣᠪᠴᠢᠲᠠᠶ ᠪᠥᠭᠡᠳ ᠨᠠᠷᠢᠨ ᠪᠣᠳᠠᠲᠠᠶ ᠪᠠᠷ ᠬᠠᠩᠭᠠᠬᠤ ᠪᠠᠷ ᠴᠢᠷᠮᠠᠶᠢᠵᠤ᠂ ᠬᠠᠩᠭᠠᠯᠭ᠎ᠠ ᠶᠢᠨ | ᠲᠥᠯᠥᠪᠯᠡᠭᠡ ᠶᠢᠨ ᠲᠥᠰᠦᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠳᠥᠷᠪᠡ︶ ᠭᠠᠵᠠᠷ ᠰᠢᠷᠣᠶ ᠬᠠᠩᠭᠠᠬᠤ ᠲᠥᠯᠥᠪᠯᠡᠭᠡ ᠶᠢ ᠲᠣᠭᠲᠠᠭᠠᠮᠠᠭᠴᠠ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠤ ᠠᠯᠪᠠᠨ ᠰᠦᠯᠵᠢᠶ᠎ᠡ ︵ᠳᠤᠮᠳᠠᠳᠤ ᠤᠯᠤᠰ ᠤᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ | ᠰᠦᠯᠵᠢᠶ᠎ᠡ︶ ᠳᠡᠭᠡᠷ᠎ᠡ ᠨᠡᠶᠢᠲᠡᠯᠡᠨ᠎ᠡ᠂ ᠤᠨᠴᠠᠭᠠᠢ ᠪᠠᠶᠢᠳᠠᠯ ᠥᠬᠡᠶ ᠪᠣᠯ ᠵᠠᠰᠠᠪᠤᠷᠢ ᠣᠷᠣᠭᠤᠯᠵᠤ ᠪᠣᠯᠬᠤ ᠥᠬᠡᠶ᠃ | ᠦᠨᠡᠬᠡᠷ ᠲᠣᠬᠢᠷᠠᠭᠤᠯᠤᠯᠲᠠ ᠬᠢᠬᠦ ᠴᠢᠬᠤᠯᠠᠲᠠᠶ ᠶᠢ ᠨᠢ ᠬᠤᠲᠠ ᠶᠢᠨ ᠵᠠᠰᠠᠭ ᠤᠨ ᠣᠷᠳᠣᠨ ᠠᠴᠠ ᠬᠠᠮᠲᠤ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠵᠤ ᠰᠤᠳᠤᠯᠤᠨ ᠲᠣᠭᠲᠠᠭᠠᠭᠠᠳ᠂ ᠳᠠᠬᠢᠨ ᠰᠢᠨ᠎ᠡ ᠪᠠᠷ ᠨᠡᠶᠢᠲᠡᠯᠡᠨ᠎ᠡ᠃ | ᠳᠠᠭᠠᠯᠳᠤᠭᠤᠯᠤᠯ᠄ | 1. ᠰᠢᠯᠢ ᠶᠢᠨ ᠬᠤᠲᠠ ᠶᠢᠨ 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠤᠨ ᠮᠡᠳᠡᠭᠦᠯᠦᠯᠲᠡ ᠶᠢᠨ ᠬᠦᠰᠦᠨᠦᠭᠲᠦ ︵ᠰᠢᠯᠢ ᠶᠢᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠠᠴᠠ ᠪᠠᠭᠤᠯᠭᠠᠨ᠎ᠠ︶ | 2. ᠰᠢᠯᠢ ᠶᠢᠨ ᠬᠤᠲᠠ ᠶᠢᠨ 2022 ᠣᠨ ᠤ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢᠨ ᠲᠥᠷᠥᠯ ᠵᠦᠢᠯ ᠤᠨ ᠮᠡᠳᠡᠭᠦᠯᠦᠯᠲᠡ ᠶᠢᠨ ᠨᠠᠷᠢᠨ ᠬᠦᠰᠦᠨᠦᠭᠲᠦ ︵ᠰᠢᠯᠢ ᠶᠢᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠠᠴᠠ ᠪᠠᠭᠤᠯᠭᠠᠨ᠎ᠠ︶ | 3. ︽ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠠᠩᠭᠢᠯᠠᠯ︾ | ︵2017 ᠣᠨ ᠤ ᠬᠡᠪᠯᠡᠯ ᠰᠦᠯᠵᠢᠶᠡᠨ ᠳᠡᠭᠡᠷ᠎ᠡ ᠠᠴᠠ ᠪᠠᠭᠤᠯᠭᠠᠨ᠎ᠠ︶ | 2022 ᠣᠨ ᠤ 2 ᠰᠠᠷ᠎ᠠ ᠶᠢᠨ 17 ᠤ ᠡᠳᠦᠷ | | | ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 2 ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ |