ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ᠂ ︽ᠪᠡᠶᠡᠴᠢᠯᠡᠨ︾ ᠭᠠᠯ ᠤᠨᠲᠠᠷᠠᠭᠠᠬᠤ ᠮᠡᠳᠡᠯᠭᠡ ᠶᠢ | ᠰᠤᠷᠤᠯᠴᠠᠨ᠎ᠠ | ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠳᠥᠷᠪᠡᠳᠡᠬᠢ ᠪᠥᠬᠦ ᠤᠯᠤᠰ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ 5 ᠰᠠᠷ᠎ᠠ ᠶᠢᠨ 7 ᠤ ᠡᠳᠦᠷ ᠠᠴᠠ 13 ᠤ | ᠡᠳᠦᠷ ᠪᠣᠯᠲᠠᠯ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠣᠯᠤᠨ᠎ᠠ᠂ ᠪᠥᠬᠦ | ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠭᠤᠤᠯ ᠰᠡᠳᠦᠪ ᠨᠢ ᠭᠠᠮᠰᠢᠭ ᠤᠨ ᠠᠶᠤᠯ | ᠲᠦᠭᠰᠢᠭᠦᠷᠢ ᠶᠢ ᠪᠠᠭᠠᠰᠬᠠᠵᠤ᠂ ᠰᠠᠶᠢᠨ ᠰᠠᠶᠢᠬᠠᠨ ᠬᠡᠷ ᠣᠷᠣᠨ ᠢᠶᠠᠨ ᠰᠠᠬᠢᠨ ᠬᠠᠮᠠᠭᠠᠯᠠᠬᠤ ᠳᠤ ᠪᠤᠢ᠃ | ︽ᠪᠢ ᠲᠣᠮᠣ ᠪᠣᠯᠤᠭᠰᠠᠨ ᠤ ᠪᠠᠨ ᠳᠠᠷᠠᠭ᠎ᠠ ᠪᠠᠰᠠ ᠨᠢᠭᠡᠨ ᠣᠶ ᠰᠢᠭᠤᠶ ᠶᠢᠨ ᠭᠠᠯ ᠤᠨᠲᠠᠷᠠᠭᠠᠭᠴᠢ ᠪᠣᠯᠬᠤ ᠶᠢ | ᠬᠦᠰᠡᠵᠦ ᠪᠠᠶᠢᠨ᠎ᠠ᠂ ᠪᠠᠰᠠ ᠠᠪᠠᠭ᠎ᠠ ᠨᠠᠷ ᠲᠠᠢ ᠪᠠᠨ ᠠᠳᠠᠯᠢ ᠪᠠᠷ ᠡᠮᠦᠨ᠎ᠡ ᠨᠢ ᠭᠦᠶᠦᠵᠦ᠂ ᠨᠡᠩ ᠣᠯᠠᠨ ᠬᠥᠮᠦᠨ ᠢ | ᠠᠪᠤᠷᠠᠵᠤ᠂ ᠲᠣᠮᠣ ᠪᠠᠭᠠᠲᠤᠷ ᠪᠣᠯᠬᠤ ᠶᠢ ᠬᠦᠰᠡᠵᠦ ᠪᠠᠶᠢᠨ᠎ᠠ︾᠃ ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ | ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠰᠢᠯᠢ ᠶᠢᠨ ᠬᠤᠲᠠ ᠶᠢᠨ ᠳᠤᠮᠳᠠ ᠠᠩᠭᠢ ᠶᠢᠨ | ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ ᠥᠷᠨᠢᠭᠦᠯᠵᠦ᠂ ᠰᠢᠯᠢ ᠶᠢᠨ ᠬᠤᠲᠠ ᠶᠢᠨ ᠳᠥᠷᠪᠡᠳᠦᠭᠡᠷ ᠪᠠᠭ᠎ᠠ | ᠰᠤᠷᠭᠠᠭᠤᠯᠢ ᠶᠢᠨ ᠪᠠᠭᠰᠢ ᠰᠣᠷᠣᠭᠴᠢ ᠪᠣᠯᠤᠨ ᠡᠷᠳᠡᠨᠢ ᠵᠡᠭᠡᠯᠢ ᠶᠢᠨ ᠲᠤᠯᠢᠨᠲᠠᠯᠠ ᠨᠡᠶᠢᠭᠡᠮ ᠲᠣᠭᠤᠷᠢᠭ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠢ ᠴᠡᠷᠢᠭ ᠤᠨ ᠬᠤᠸᠠᠷᠠᠨ ᠳᠤ ᠤᠷᠢᠵᠤ ᠲᠣᠭᠤᠷᠢᠨ ᠦᠵᠡᠭᠦᠯᠵᠦ ᠰᠤᠷᠤᠯᠴᠠᠭᠤᠯᠤᠨ᠂ | ᠭᠠᠯ ᠤᠨᠲᠠᠷᠠᠭᠠᠬᠤ ᠮᠡᠳᠡᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠡᠷᠦ ᠶᠢᠨ ᠮᠡᠳᠡᠯᠭᠡ ᠶᠢ ᠰᠤᠷᠤᠯᠴᠠᠭᠤᠯᠵᠤ᠂ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ | ᠪᠡᠶᠡᠴᠢᠯᠡᠨ ᠣᠶᠢᠯᠠᠭᠠᠭᠤᠯᠪᠠ᠃ | ᠪᠠᠭᠰᠢ ᠰᠤᠷᠤᠭᠴᠢᠳ ᠴᠡᠷᠢᠭ ᠤᠨ ᠬᠤᠸᠠᠷᠠᠨ ᠳᠤ ᠣᠷᠣᠬᠤ ᠳᠤ᠂ ᠲᠡᠷᠢ ᠲᠡᠭᠰᠢ ᠲᠡᠷᠭᠡ ᠤᠳ ᠨᠢᠳᠦᠨ ᠳᠤ | ᠲᠣᠳᠣᠬᠠᠨ ᠬᠠᠷᠠᠭᠳᠠᠨ᠎ᠠ᠃ ︽ᠠᠪᠠᠭ᠎ᠠ ᠡ᠂ ᠡᠨᠡ ᠭᠠᠯ ᠤᠨᠲᠠᠷᠠᠭᠠᠬᠤ ᠲᠡᠷᠭᠡᠨ ᠳᠤ ᠮᠠᠰᠢ ᠣᠯᠠᠨ ᠶᠠᠭᠤᠮ᠎ᠠ | ᠪᠠᠶᠢᠨ᠎ᠠ︕︾ ︽ᠠᠪᠠᠭ᠎ᠠ ᠡ᠂ ᠡᠨᠡ ᠴᠢᠨᠢ ᠶᠠᠭᠤ ᠪᠤᠶ︖︾ ᠭᠡᠵᠦ ᠰᠤᠷᠤᠭᠴᠢᠳ ᠭᠠᠵᠠᠷ | ᠬᠥᠳᠡᠯᠦᠯᠲᠡ ᠠᠪᠤᠷᠠᠨ ᠲᠤᠰᠠᠯᠠᠯᠲᠠ ᠶᠢᠨ ᠲᠣᠨᠣᠭᠯᠠᠯ ᠤᠨ ᠲᠡᠷᠭᠡᠨ ᠤ ᠳᠡᠷᠬᠡᠲᠡ ᠰᠣᠨᠢᠷᠬᠠᠨ ᠠᠰᠠᠭᠤᠭᠰᠠᠨ ᠳᠤ᠂ | ᠲᠠᠶᠢᠯᠪᠤᠷᠢᠯᠠᠭᠴᠢ ᠡᠯ᠎ᠡ ᠵᠦᠢᠯ ᠤᠨ ᠣᠨᠴᠠ ᠲᠥᠷᠥᠯ ᠤᠨ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠣᠯᠤᠨ | ᠬᠡᠷᠡᠭᠯᠡᠬᠦ ᠠᠷᠭ᠎ᠠ ᠵᠢᠴᠢ ᠴᠢᠳᠠᠮᠵᠢ ᠬᠡᠷᠡᠭᠴᠡᠭᠡ ᠶᠢ ᠨᠠᠷᠢᠨ ᠲᠠᠶᠢᠯᠪᠤᠷᠢᠯᠠᠵᠤ᠂ ᠲᠡᠳᠡᠨ ᠳᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠠᠵᠢᠯᠲᠠᠨ ᠤ ᠠᠵᠢᠯ ᠢ ︽ᠪᠡᠶᠡᠴᠢᠯᠡᠨ︾ ᠣᠶᠢᠯᠠᠭᠠᠭᠤᠯᠪᠠ᠃ | ᠵᠠᠮᠴᠢᠯᠠᠭᠴᠢ ᠶᠢᠨ ᠳᠠᠭᠠᠭᠤᠯᠭ᠎ᠠ ᠪᠠᠷ ᠪᠠᠭᠰᠢ ᠰᠤᠷᠤᠭᠴᠢᠳ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠭᠠᠵᠠᠷ | ᠬᠥᠳᠡᠯᠦᠯᠲᠡ ᠠᠴᠠ ᠠᠪᠤᠷᠠᠨ ᠲᠤᠰᠠᠯᠠᠬᠤ᠂ ᠤᠰᠤᠨ ᠠᠴᠠ ᠠᠪᠤᠷᠠᠨ ᠲᠤᠰᠠᠯᠠᠬᠤ᠂ ᠠᠭᠤᠯᠠ ᠬᠠᠶᠢᠷᠬᠠᠨ ᠠᠴᠠ | ᠠᠪᠤᠷᠠᠨ ᠲᠤᠰᠠᠯᠠᠬᠤ ᠵᠡᠷᠭᠡ ᠦᠷᠭᠦᠯᠵᠢ ᠬᠡᠷᠡᠭᠯᠡᠳᠡᠭ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠳᠠᠷᠠᠭᠠᠯᠠᠨ | ᠲᠣᠭᠤᠷᠢᠨ ᠦᠵᠡᠪᠡ᠃ ︽ᠰᠤᠷᠤᠭᠴᠢᠳ ᠡ᠂ ᠡᠨᠡ ᠪᠣᠯ ᠲᠣᠰᠣᠨ ᠬᠢᠷᠥᠭᠡ ᠮᠥᠨ᠂ ᠡᠭᠦᠨ ᠢ ᠭᠤᠣᠯᠳᠠᠭᠤ ᠭᠠᠯ | ᠤᠨᠲᠠᠷᠠᠭᠠᠬᠤ ᠪᠠᠶᠢᠯᠳᠤᠭᠠᠨ ᠤ ᠳᠤᠮᠳᠠ ᠡᠭᠴᠡ ᠨᠢᠰᠬᠡᠯ ᠤᠨ ᠪᠠᠭᠤᠬᠤ ᠴᠡᠭ ᠭᠠᠷᠭᠠᠬᠤ᠂ ᠭᠠᠯ ᠭᠠᠷᠤᠭᠰᠠᠨ | ᠭᠠᠵᠠᠷ ᠤᠨ ᠦᠷᠲᠡᠭᠡᠨ ᠤ ᠪᠠᠭᠠᠨ᠎ᠠ ᠪᠠ ᠤᠨᠠᠭᠰᠠᠨ ᠮᠣᠳᠣ ᠶᠢ ᠴᠡᠪᠡᠷᠯᠡᠬᠦ ᠵᠢᠴᠢ ᠭᠠᠯ ᠢ ᠰᠡᠷᠭᠡᠶᠢᠯᠡᠬᠦ ᠲᠤᠰᠠᠭᠠᠷᠯᠠᠬᠤ | ᠪᠦᠰᠡ ᠭᠠᠷᠭᠠᠬᠤ ᠦᠶ᠎ᠡ ᠳᠤ ᠵᠠᠮ ᠤᠨ ᠰᠠᠭᠠᠳ ᠢ ᠴᠡᠪᠡᠷᠯᠡᠬᠦ ᠳᠤ ᠬᠡᠷᠡᠭᠯᠡᠳᠡᠭ︾᠃ ᠲᠠᠶᠢᠯᠪᠤᠷᠢᠯᠠᠭᠴᠢ | ᠲᠣᠨᠣᠭᠯᠠᠯ ᠤᠨ ᠴᠢᠳᠠᠪᠬᠢ᠂ ᠪᠣᠯᠵᠣᠯᠲᠤ ᠲᠤᠭ᠎ᠠ ᠶᠢ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠪᠠᠭᠰᠢ | ᠰᠤᠷᠤᠭᠴᠢᠳ ᠲᠤ ᠭᠠᠯ ᠤᠨᠲᠠᠷᠠᠭᠠᠬᠤ ᠲᠣᠨᠣᠭᠯᠠᠯ ᠢ ᠲᠠᠶᠢᠯᠪᠤᠷᠢᠯᠠᠵᠤ ᠦᠭᠪᠡ᠃ ᠲᠦᠷᠦᠯ ᠵᠦᠢᠯ ᠤᠯᠠᠨ᠂ ᠲᠡᠷᠢ | ᠲᠡᠭᠰᠢ ᠲᠣᠨᠣᠭᠯᠠᠯ᠂ ᠲᠡᠷᠭᠡ ᠬᠥᠰᠬᠡ ᠨᠢ ᠪᠠᠭᠰᠢ ᠰᠤᠷᠤᠭᠴᠢᠳ ᠲᠤ ᠭᠦᠨ ᠰᠠᠭᠤᠭᠳᠠᠯ ᠦᠯᠡᠳᠡᠭᠡᠭᠰᠡᠨ ᠪᠠᠶᠢᠨ᠎ᠠ᠃ | ᠰᠤᠷᠤᠭᠴᠢᠳ ᠪᠠᠰᠠ ︽ᠪᠢᠴᠢᠬᠠᠨ ᠭᠠᠯ ᠤᠨᠲᠠᠷᠠᠭᠠᠭᠴᠢ︾ ᠪᠣᠯᠵᠤ ᠮᠠᠰᠢ ᠤᠷᠮ᠎ᠠ ᠪᠠᠬ᠎ᠠ ᠲᠠᠢ ᠪᠠᠷ ᠰᠡᠳᠬᠢᠯ | ᠬᠥᠳᠡᠯᠦᠨ ᠣᠷᠣᠯᠴᠠᠪᠠ᠃ | ᠪᠠᠭᠰᠢ ᠰᠤᠷᠤᠭᠴᠢᠳ ᠪᠡᠶᠡᠳᠡᠨ ᠭᠠᠯ ᠤᠨᠲᠠᠷᠭᠠᠵᠤ ᠠᠪᠤᠷᠠᠨ ᠲᠤᠰᠠᠯᠠᠬᠤ ᠠᠵᠢᠯᠲᠠᠳ ᠤᠨ ᠡᠳᠦᠷ ᠲᠤᠲᠤᠮ ᠤᠨ | ᠪᠣᠯᠪᠠᠰᠤᠷᠠᠯ ᠤᠨ ᠠᠮᠢᠳᠤᠷᠠᠯ ᠢ ᠣᠶᠢᠯᠠᠭᠠᠵᠤ᠂ ᠠᠩᠭᠢ ᠶᠢᠨ ᠪᠠᠶᠢᠷᠢ᠂ ᠢᠷᠠᠭᠤ ᠠᠯᠳᠠᠷ ᠤᠨ ᠥᠷᠥᠭᠡ᠂ ᠰᠤᠷᠤᠯᠴᠠᠬᠤ | ᠥᠷᠥᠭᠡ ᠵᠡᠷᠭᠡ ᠠᠮᠢᠳᠤᠷᠠᠯ ᠤᠨ ᠲᠣᠭᠤᠷᠢᠭ ᠢ ᠲᠣᠭᠤᠷᠢᠨ ᠦᠵᠡᠪᠡ᠃ ᠠᠩᠭᠢ ᠶᠢᠨ ᠪᠠᠶᠢᠷᠢ ᠳᠤ ᠣᠷᠣᠬᠤ ᠳᠤ᠂ | ᠴᠡᠪᠡᠷ ᠲᠡᠭᠰᠢ ᠡᠮᠬᠢ ᠳᠢᠭᠯᠢᠮ ᠲᠠᠢ᠂ ︽ᠳ᠋ᠧᠦᠹᠦ᠋︾ ᠮᠠᠶ᠋ᠢᠭ ᠤᠨ ᠬᠥᠨᠵᠢᠯᠡ ᠳᠡᠪᠢᠰᠬᠡᠷ ᠢ ᠨᠢ ᠪᠠᠭ᠋ᠠᠳᠤᠨ ᠱᠠᠬᠰᠢᠵᠦ | ᠂ ᠯᠠᠪᠳᠠᠭᠤᠨ ᠪᠠᠲᠤᠲᠠᠶ ᠣᠪᠣᠷ ᠰᠤᠷᠲᠠᠯ ᠪᠠ ᠰᠠᠶᠢᠨ ᠰᠠᠶᠢᠬᠠᠨ ᠳᠦᠷᠢ ᠲᠥᠷᠬᠦ ᠨᠢ ᠰᠤᠷᠤᠭᠴᠢᠳ ᠲᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠤ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠠᠶ᠃ | ︽ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠦᠶ᠎ᠡ ᠳᠤ ᠪᠢᠳᠡ ᠲᠡᠷᠡ ᠳᠠᠷᠤᠶ ᠳᠤᠨᠢ ᠣᠶ | ᠰᠢᠭᠤᠶ ᠶᠢᠨ ᠭᠠᠯ ᠤᠨ ᠠᠶᠤᠯ ᠤᠨ ᠰᠡᠷᠡᠮᠵᠢ ᠶᠢᠨ ᠤᠲᠠᠰᠤ 12119 ᠳᠤ ᠤᠲᠠᠰᠤᠳᠠᠪᠠᠯ ᠵᠣᠬᠢᠨ᠎ᠠ︾᠃ | ᠰᠤᠷᠤᠯᠴᠠᠯᠭ᠎ᠠ ᠶᠢᠨ ᠥᠷᠥᠭᠡᠨ ᠳᠤ᠂ ᠰᠣᠷᠭᠠᠬᠴᠢ ᠼᠤᠤ ᠬᠠᠨ ᠪᠥᠸᠧ ᠠᠴᠠ ᠪᠠᠭᠰᠢ ᠰᠤᠷᠤᠭᠴᠢᠳ ᠲᠤ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ᠪᠠ ᠡᠯ᠎ᠡ ᠵᠦᠢᠯ ᠤᠨ ᠭᠠᠶ ᠭᠠᠮᠰᠢᠭ ᠤᠨ | ᠠᠳᠡᠯ ᠢ ᠠᠷᠭᠠᠴᠠᠬᠤ ᠬᠤᠯᠪᠣᠭᠳᠠᠯ ᠪᠦᠬᠦᠢ ᠮᠡᠳᠡᠯᠭᠡ ᠶᠢᠨ ᠴᠡᠭ ᠢ ᠳᠡᠯᠭᠡᠷᠡᠭᠦᠯᠦᠨ ᠶᠠᠷᠢᠵᠦ᠂ ᠰᠤᠷᠤᠭᠴᠢᠳ ᠲᠤ | ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢᠨ ᠬᠤᠣᠷ ᠬᠥᠨᠥᠭᠡᠯᠲᠦ ᠴᠢᠨᠠᠷ ᠢ ᠰᠤᠷᠭᠠᠵᠤ᠂ ᠰᠤᠷᠤᠭᠴᠢᠳ ᠤᠨ ᠬᠠᠤᠯᠢ | ᠴᠠᠭᠠᠵᠠ ᠶᠢᠨ ᠤᠬᠠᠮᠰᠠᠷ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠮᠰᠠᠷ ᠢ | ᠴᠢᠩᠭᠠᠳᠬᠠᠵᠤ᠂ ᠡᠭᠦᠨ ᠤ ᠬᠠᠮᠲᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠶᠠᠪᠤᠬᠳᠠᠭᠤᠯᠵᠤ᠂ ︽ᠣᠶ | ᠰᠢᠭᠤᠶ ᠶᠢᠨ ᠭᠠᠯ ᠤᠨ ᠭᠠᠮᠰᠢᠭ ᠢ ᠣᠯᠵᠤ ᠮᠡᠳᠡᠪᠡᠯ ᠬᠠᠮᠤᠭ ᠤᠨ ᠲᠦᠷᠦᠭᠦᠨ ᠳᠤ ᠶᠠᠮᠠᠷ ᠣᠳᠠᠰᠣᠨ ᠳ᠋ᠣᠭᠠᠷ ᠢ | ᠤᠲᠠᠰᠤᠳᠠᠪᠠᠯ ᠵᠣᠬᠢᠬᠤ ᠪᠣᠶ︾᠂ ︽ᠭᠠᠵᠠᠷ ᠬᠥᠳᠡᠯᠦᠯᠲᠡ ᠭᠠᠷᠪᠠᠯ ᠶᠠᠭᠠᠬᠢᠪᠠᠯ ᠵᠣᠬᠢᠬᠤ ᠪᠣᠶ︾ ᠵᠡᠷᠭᠡ | ᠠᠰᠠᠭᠤᠳᠠᠯ ᠨᠢ ᠪᠠᠭᠰᠢ ᠰᠤᠷᠤᠭᠴᠢᠳ ᠤᠨ ᠢᠳᠡᠪᠬᠢᠲᠡᠶ ᠪᠣᠳᠣᠯᠬᠢᠯᠠᠯ ᠢ ᠡᠭᠦᠰᠭᠡᠪᠡ᠃ ᠰᠤᠷᠭᠠᠭᠤᠯᠢ ᠶᠢᠨ ᠪᠠᠭᠰᠢ | ᠢᠯᠡᠷᠬᠡᠶᠢᠯᠡᠬᠦ ᠳᠤ ᠪᠠᠨ᠄ ︽ᠡᠨᠡ ᠤᠳᠠᠭ᠎ᠠ ᠴᠡᠷᠢᠭ ᠤᠨ ᠬᠤᠸᠠᠷᠠᠨ ᠢ ᠲᠣᠭᠤᠷᠢᠨ ᠦᠵᠡᠬᠦ ᠳᠤ ᠰᠤᠷᠤᠭᠴᠢᠳ | ᠤᠷᠮ᠎ᠠ ᠪᠠᠬ᠎ᠠ ᠲᠠᠢ ᠪᠣᠯᠵᠣ᠂ ᠰᠤᠷᠤᠯᠴᠠᠬᠤ ᠤᠷᠮ᠎ᠠ ᠵᠣᠷᠢᠭ ᠨᠢ ᠣᠷᠭᠢᠯᠣᠨ ᠪᠠᠳᠠᠷᠠᠵᠤ᠂ ᠰᠤᠷᠤᠭᠴᠢᠳ ᠲᠤ ᠣᠶ | ᠰᠢᠭᠤᠶ ᠶᠢᠨ ᠭᠠᠯ ᠤᠨᠲᠠᠷᠠᠭᠠᠬᠤ ᠠᠵᠢᠯ ᠢ ᠣᠶᠢᠯᠠᠭᠠᠭᠤᠯᠤᠨ ᠲᠠᠨᠢᠭᠤᠯᠬᠤ ᠶᠢᠨ ᠬᠠᠮᠲᠤ ᠭᠠᠮᠰᠢᠭ ᠢ ᠰᠡᠷᠭᠡᠶᠢᠯᠡᠬᠦ | ᠦᠨᠳᠦᠰᠦᠨ ᠶᠡᠷᠦ ᠶᠢᠨ ᠮᠡᠳᠡᠯᠭᠡ ᠶᠢ ᠰᠤᠷᠤᠯᠴᠠᠭᠤᠯᠵᠠᠶ᠂ ᠬᠤᠶᠢᠰᠢᠳᠠ ᠰᠤᠷᠭᠠᠭᠤᠯᠢ ᠴᠤ ᠰᠤᠷᠤᠯᠴᠠᠯᠭ᠎ᠠ ᠪᠠᠨ | ᠴᠢᠩᠭᠠᠳᠬᠠᠬᠤ ᠶᠢᠨ ᠬᠠᠮᠲᠤ ᠰᠣᠷᠣᠭᠰᠠᠨ ᠢᠶᠠᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠡᠷᠡᠭᠯᠡᠵᠦ᠂ ᠠᠮᠤᠷ | ᠲᠦᠪᠰᠢᠨ ᠤ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠠᠳᠡᠯ ᠭᠠᠷᠬᠤ ᠶᠢ ᠰᠡᠷᠭᠡᠶᠢᠯᠡᠨ᠎ᠡ︾ ᠭᠡᠵᠡᠶ᠃ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠴᠢ ᠪᠢᠳᠡ ᠬᠤᠶᠠᠭᠤᠯᠠ ᠬᠠᠮᠲᠤ ᠶᠠᠪᠤᠶ᠎ᠠ᠃ ᠲᠣᠰ ᠤᠳᠠᠭᠠᠨ ᠤ | ︽ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠪᠠᠷ ᠳᠠᠮᠵᠢᠭᠤᠯᠤᠨ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ᠂ ᠡᠯ᠎ᠡ ᠲᠥᠷᠥᠯ ᠤᠨ ᠭᠠᠶ ᠭᠠᠮᠰᠢᠭ ᠢ ᠰᠡᠷᠭᠡᠶᠢᠯᠡᠬᠦ᠂ ᠥᠪᠡᠷ ᠢ ᠪᠠᠨ ᠠᠪᠤᠷᠬᠠᠤ | ᠬᠠᠷᠢᠯᠴᠠᠨ ᠠᠪᠤᠷᠬᠠᠤ ᠮᠡᠳᠡᠯᠭᠡ ᠶᠢ ᠥᠷᠭᠡᠨ ᠣᠯᠠᠨ ᠪᠠᠭᠰᠢ ᠰᠤᠷᠤᠭᠴᠢᠳ ᠤᠨ ᠰᠡᠳᠬᠢᠯ ᠳᠤ ᠨᠡᠪᠲᠡᠷᠡᠭᠦᠯᠵᠦ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠬᠠᠮᠲᠤ ᠪᠠᠷ ᠰᠡᠳᠬᠢᠯ ᠲᠠᠯᠪᠢᠵᠤ᠂ ᠢᠳᠡᠪᠬᠢᠲᠡᠶ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠲᠤ ᠨᠠᠶᠢᠳᠠᠪᠤᠷᠢᠲᠠᠶ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠬᠦᠴᠦ ᠪᠠᠨ ᠬᠠᠮᠲᠤᠳᠬᠠᠨ ᠴᠣᠭᠴᠠᠯᠠᠭᠰᠠᠨ ᠪᠠᠶᠢᠨ᠎ᠠ᠃ |