ᠡᠨᠡ ᠵᠢᠯ ᠤᠨ ᠤᠷᠢᠳᠴᠢᠯᠠᠨ ᠮᠦᠩᠭᠦ  ᠳᠤᠰᠢᠶᠠᠬᠤ ᠺᠠᠷᠲ ᠤᠨ ᠬᠤᠯᠪᠣᠭᠳᠠᠯ ᠪᠥᠬᠦᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠨᠢᠭᠡᠨᠲᠡ 329  ᠬᠤᠪᠢ  ᠬᠦᠷᠴᠦ ᠂  ᠰᠢᠯᠢ ᠶᠢᠨ  ᠬᠤᠲᠠ ᠶᠢᠨ ᠬᠤᠲᠠ ᠶᠢᠨ ᠵᠠᠬ᠎ᠠ  ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠎ ᠠᠴᠠ ᠥᠷᠭᠡᠨ  ᠣᠯᠠᠨ  ᠬᠤᠲᠠ ᠶᠢᠨ ᠠᠷᠠᠳ ᠲᠤ  ᠪᠣᠯᠭᠤᠮᠵᠢᠲᠠᠶ  ᠪᠥᠭᠡᠳ ᠣᠶᠤᠨᠴᠢ ᠪᠠᠷ  ᠺᠠᠷᠲ  ᠠᠪᠴᠤ  ᠬᠡᠷᠡᠭᠯᠡᠭᠡ  ᠬᠢᠬᠦ  ᠎ ᠶᠢ ᠰᠠᠨᠠᠭᠤᠯᠪᠠ
ᠨᠡᠶᠢᠲᠡᠯᠡᠭᠰᠡᠨ ᠴᠠᠭ᠄
2022/5/13
ᠡᠨᠡ ᠵᠢᠯ ᠤᠨ ᠤᠷᠢᠳᠴᠢᠯᠠᠨ ᠮᠦᠩᠭᠦ  ᠳᠤᠰᠢᠶᠠᠬᠤ ᠺᠠᠷᠲ ᠤᠨ ᠬᠤᠯᠪᠣᠭᠳᠠᠯ ᠪᠥᠬᠦᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠨᠢᠭᠡᠨᠲᠡ 329  ᠬᠤᠪᠢ  ᠬᠦᠷᠴᠦ  ᠂  ᠰᠢᠯᠢ ᠶᠢᠨ  ᠬᠤᠲᠠ ᠶᠢᠨ ᠬᠤᠲᠠ ᠶᠢᠨ ᠵᠠᠬ᠎ᠠ  ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠎ ᠠᠴᠠ ᠥᠷᠭᠡᠨ  ᠣᠯᠠᠨ  ᠬᠤᠲᠠ ᠶᠢᠨ ᠠᠷᠠᠳ ᠲᠤ  ᠪᠣᠯᠭᠤᠮᠵᠢᠲᠠᠶ  ᠪᠥᠭᠡᠳ ᠣᠶᠤᠨᠴᠢ ᠪᠠᠷ  ᠺᠠᠷᠲ  ᠠᠪᠴᠤ  ᠬᠡᠷᠡᠭᠯᠡᠭᠡ  ᠬᠢᠬᠦ ᠎ ᠶᠢ ᠰᠠᠨᠠᠭᠤᠯᠪᠠᠣᠶᠢᠷ᠎ᠠ ᠶᠢᠨ ᠵᠢᠯ ᠤᠳ ᠲᠤ᠂ ᠤᠷᠢᠳᠴᠢᠯᠠᠨ ᠮᠦᠩᠭᠦ ᠳᠤᠰᠢᠶᠠᠬᠤ ᠺᠠᠷᠲ ᠤᠨ ᠬᠡᠷᠡᠭᠯᠡᠭᠡ ᠨᠢ ᠢᠳᠡᠭᠡᠨ ᠤᠮᠳᠠᠭᠠᠨ᠂ ᠵᠢᠰᠦ ᠭᠤᠶᠣᠯᠠᠵᠤ ᠦᠰᠦ ᠵᠠᠰᠠᠬᠤ᠂ ᠪᠡᠶ᠎ᠡ ᠤᠬᠢᠶᠠᠬᠤ᠂ ᠮᠠᠰᠢᠨ ᠲᠡᠷᠭᠡ᠂ ᠪᠡᠶ᠎ᠡ ᠴᠢᠭᠢᠷᠠᠭᠵᠢᠭᠤᠯᠬᠤ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠠᠵᠢᠯ ᠲᠥᠷᠥᠯ ᠳᠤ ᠥᠷᠭᠡᠨ ᠢᠶᠠᠷ ᠬᠡᠷᠡᠭᠯᠡᠭᠳᠡᠵᠦ᠂ ᠬᠡᠷᠡᠭᠯᠡᠭᠴᠢᠳ ᠲᠤ ᠵᠣᠬᠢᠬᠤ ᠲᠥᠬᠦᠮ ᠪᠠ ᠦᠨ᠎ᠡ ᠬᠠᠩᠰᠢ ᠶᠢᠨ ᠬᠠᠷᠠᠭᠠᠯᠵᠠᠯ ᠦᠵᠡᠭᠦᠯᠵᠦ ᠪᠠᠶᠢᠭ᠎ᠠ ᠪᠣᠯᠪᠠᠴᠤ ᠲᠡᠭᠦᠨ ᠤ ᠠᠷᠤ ᠳᠤ ᠪᠠᠰᠠ ᠯᠤᠲᠤ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠡᠨᠡ ᠵᠢᠯ ᠠᠴᠠ ᠨᠠᠰᠢ᠂ ᠰᠢᠯᠢ ᠶᠢᠨ ᠬᠤᠲᠠ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ 12315᠂ 12345 ᠲᠠᠪᠴᠠᠩ ᠤᠨ ᠤᠷᠢᠳᠴᠢᠯᠠᠨ ᠮᠦᠩᠭᠦ ᠲᠤᠰᠢᠶᠠᠭᠰᠠᠨ ᠺᠠᠷᠲ ᠤᠨ ᠬᠤᠯᠪᠣᠭᠳᠠᠯ ᠪᠦᠬᠦᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ 329 ᠬᠤᠪᠢ ᠰᠢᠯᠵᠢᠭᠦᠯᠦᠨ ᠵᠠᠯᠭᠠᠵᠤ᠂ ᠭᠤᠤᠯᠳᠠᠭᠤ ᠪᠡᠶ᠎ᠡ ᠴᠢᠭᠢᠷᠠᠭᠵᠢᠭᠤᠯᠬᠤ᠂ ᠵᠢᠰᠦ ᠭᠤᠶᠣᠯᠠᠬᠤ᠂ ᠲᠡᠷᠭᠡ ᠤᠬᠢᠶᠠᠬᠤ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠠᠵᠢᠯ ᠲᠥᠷᠥᠯ ᠳᠤ ᠬᠤᠯᠪᠣᠭᠳᠠᠨ᠎ᠠ᠂ ᠲᠤᠰᠬᠠᠭᠰᠠᠨ ᠭᠤᠤᠯ ᠠᠰᠠᠭᠤᠳᠠᠯ ᠭᠡᠪᠡᠯ᠄ ᠤᠷᠢᠳᠴᠢᠯᠠᠨ ᠮᠦᠩᠭᠦ  ᠳᠤᠰᠢᠶᠠᠬᠤ ᠺᠠᠷᠲ ᠤᠨ ᠬᠡᠷᠡᠭᠯᠡᠭᠡᠨ ᠤ ᠡᠵᠡᠩᠨᠡᠯᠲᠡ ᠶᠢᠨ ᠭᠤᠤᠯ ᠴᠣᠭᠴᠠ ᠡᠭᠦᠳᠡ ᠪᠠᠨ ᠬᠠᠭᠠᠵᠤ ᠠᠵᠢᠯ ᠵᠤᠬᠰᠣᠵᠤ  ᠡᠵᠡᠭᠦᠶᠢᠷᠡᠨ᠂ ᠬᠠᠷᠢᠭᠤᠴᠠᠯᠭᠠᠲᠠᠨ ᠲᠠᠢ ᠬᠠᠷᠢᠯᠴᠠᠵᠤ ᠳᠡᠶᠢᠯᠬᠦ ᠥᠬᠡᠶ ᠪᠠᠶᠢᠳᠠᠯ ᠭᠠᠷᠬᠤ ᠪᠤᠶᠤ  ᠦᠷᠦᠭᠡᠯ ᠲᠠᠯ᠎ᠠ ᠠᠴᠠ ᠦᠢᠯᠡᠴᠢᠯᠡᠭᠡ ᠪᠠᠨ ᠵᠣᠭᠰᠣᠭᠠᠵᠤ᠂ ᠡᠵᠡᠩᠨᠡᠭᠴᠢ ᠶᠢ ᠰᠣᠯᠢᠬᠤ᠂ ᠰᠡᠭᠦᠯ ᠤᠨ ᠦᠶ᠎ᠡ ᠶᠢᠨ ᠵᠠᠩᠭᠤᠶᠢᠳᠠ ᠨᠢ ᠤᠤᠯ ᠤᠨ ᠬᠤᠳᠠᠯᠳᠤᠭᠠᠴᠢᠨ ᠤ ᠡᠭᠦᠷᠭᠡ ᠶᠢ ᠡᠭᠦᠷᠭᠡᠯᠡᠬᠦ ᠥᠬᠡᠶ᠂ ᠦᠷᠭᠦᠯᠵᠢᠯᠡᠨ ᠦᠢᠯᠡᠴᠢᠯᠡᠭᠡ ᠬᠠᠩᠭᠠᠬᠤ ᠥᠬᠡᠶ ᠵᠡᠷᠭᠡ ᠪᠣᠯᠤᠨ᠎ᠠ᠃ᠣᠳᠣᠬᠠᠨ ᠳᠤ ᠤᠷᠢᠳᠴᠢᠯᠠᠨ ᠲᠤᠰᠢᠶᠠᠬᠤ ᠵᠠᠷᠤᠳᠠᠯ ᠤᠨ ᠬᠡᠷᠡᠭᠯᠡᠭᠡ ᠶᠢᠨ ᠵᠢᠭᠤᠷᠠᠯᠳᠤᠭᠠᠨ ᠨᠢ ᠮᠥᠨ ᠯᠡ ᠵᠠᠭᠠᠯᠳᠤᠯᠭ᠎ᠠ ᠶᠢᠨ ᠬᠠᠯᠠᠮᠰᠢᠯ ᠠᠰᠠᠭᠤᠳᠠᠯ ᠪᠣᠯᠵᠣ ᠪᠠᠶᠢᠬᠤ ᠪᠥᠭᠡᠳ ᠰᠢᠢᠳᠪᠦᠷᠢᠯᠡᠬᠦ ᠳᠤ ᠪᠡᠷᠬᠡᠲᠡᠶ ᠠᠰᠠᠭᠤᠳᠠᠯ ᠪᠣᠯᠵᠣ ᠪᠠᠶᠢᠨ᠎ᠠ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ᠰᠢᠯᠢ ᠶᠢᠨ ᠬᠤᠲᠠ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ ᠣᠯᠠᠨ ᠬᠡᠷᠡᠭᠯᠡᠭᠴᠢᠳ ᠲᠤ ᠤᠷᠢᠳᠴᠢᠯᠠᠨ ᠮᠦᠩᠭᠦ  ᠳᠤᠰᠢᠶᠠᠬᠤ ᠺᠠᠷᠲ ᠢ ᠪᠣᠯᠭᠤᠮᠵᠢᠲᠠᠶ ᠪᠥᠭᠡᠳ ᠣᠶᠤᠨᠴᠢ ᠪᠠᠷ ᠭᠦᠢᠴᠡᠳᠬᠡᠵᠦ᠂ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠢᠳᠡᠪᠬᠢᠲᠡᠶ ᠬᠠᠮᠠᠭᠠᠯᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃1. ︽ᠪᠤᠳᠤᠵᠤ ᠦᠵᠡᠶ᠎ᠡ︾᠄ ᠵᠦᠶ ᠵᠣᠬᠢᠰᠲᠠᠶ ᠬᠡᠷᠡᠭᠯᠡᠭᠡ ᠬᠢᠵᠦ᠂ ᠬᠡᠷᠡᠭᠴᠡᠭᠡᠨ ᠤ ᠪᠠᠨ ᠬᠡᠮᠵᠢᠶ᠎ᠡ ᠪᠠᠷ ᠺᠠᠷᠲ ᠠᠪᠤᠨ᠎ᠠ᠃ᠤᠷᠢᠳᠴᠢᠯᠠᠨ ᠮᠦᠩᠭᠦ  ᠳᠤᠰᠢᠶᠠᠬᠤ ᠺᠠᠷᠲ ᠢ ᠭᠦᠢᠴᠡᠳᠬᠡᠬᠦ ᠦᠶ᠎ᠡ ᠳᠤ᠂ ᠬᠡᠷᠡᠭᠯᠡᠭᠴᠢᠳ ᠥᠪᠡᠷ ᠤᠨ ᠥᠷᠲᠡᠭ ᠤᠨ ᠵᠠᠷᠤᠯᠭ᠎ᠠ ᠪᠠᠨ ᠪᠤᠳᠤᠵᠤ᠂ ᠺᠠᠷᠲ ᠠᠪᠬᠤ ᠠᠴᠠ ᠪᠠᠨ ᠡᠮᠦᠨ᠎ᠡ ᠲᠤᠰ ᠲᠥᠷᠥᠯ ᠤᠨ ᠦᠢᠯᠡᠴᠢᠯᠡᠭᠡ ᠶᠢ ᠤᠷᠲᠤ ᠬᠤᠭᠤᠴᠠᠭ᠎ᠠ ᠬᠡᠷᠡᠭᠰᠡᠬᠦ ᠡᠰᠡᠬᠦ ᠪᠠᠨ ᠮᠡᠳᠡᠵᠦ᠂ ᠥᠪᠡᠷ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠬᠡᠷᠡᠭᠯᠡᠭᠡᠨ ᠤ ᠺᠠᠷᠲ ᠬᠤᠳᠠᠯᠳᠤᠨ ᠠᠪᠬᠤ ᠬᠡᠷᠡᠭᠲᠡᠶ᠂ ᠬᠤᠳᠠᠯᠳᠤᠭᠠᠴᠢᠨ ᠤ ᠬᠠᠷᠠᠭᠠᠯᠵᠠᠯ  ᠨᠡᠯᠢᠶᠡᠳ ᠶᠡᠭᠡ ᠠᠴᠠ ᠪᠣᠯᠵᠤ ᠥᠪᠡᠷ ᠤᠨ ᠥᠷᠲᠡᠭ ᠪᠠ ᠠᠶᠤᠯ ᠲᠦᠭᠰᠢᠭᠦᠷᠢ ᠶᠢ ᠰᠣᠬᠤᠷ ᠪᠠᠯᠠᠶ ᠪᠠᠷ ᠣᠮᠲᠣᠭᠠᠶᠢᠯᠠᠵᠤ ᠪᠣᠯᠬᠤ ᠦᠭᠡᠶ᠂ ᠠᠯᠢ ᠴᠢᠳᠠᠬᠤ ᠪᠠᠷ ᠨᠢᠭᠡ ᠯᠡ ᠤᠳᠠᠭ᠎ᠠ ᠳᠤ ᠬᠡᠲᠦᠷᠬᠡᠢ ᠣᠯᠠᠨ ᠵᠣᠭᠤᠰ  ᠲᠤᠰᠢᠶᠠᠬᠤ ᠪᠠ ᠵᠢᠯ ᠬᠤᠭᠤᠴᠠᠭ᠎ᠠ ᠎ ᠶᠢ ᠨᠡᠮᠡᠵᠦ ᠬᠡᠷᠡᠭᠯᠡᠵᠦ ᠦᠭᠡᠶ ᠪᠠᠶᠢᠬᠤ ᠬᠡᠷᠡᠭᠲᠡᠢ᠂ ᠬᠡᠷᠪᠡ ᠬᠡᠷᠡᠭᠴᠡᠭᠡ ᠲᠠᠢ ᠪᠣᠯ ᠵᠣᠭᠤᠰ ᠤᠨ ᠲᠤᠭ᠎ᠠ ᠨᠢ ᠪᠠᠭ᠎ᠠ᠂ ᠴᠠᠭ ᠨᠢ ᠣᠬᠤᠷ ᠪᠠᠶᠢᠪᠠᠯ ᠬᠠᠮᠤᠭ ᠰᠠᠶᠢᠨ᠂ ᠬᠤᠳᠠᠯᠳᠤᠭᠠᠴᠢᠨ ᠤ ᠠᠵᠢᠯ ᠢᠶᠠᠨ ᠵᠣᠭᠰᠣᠬᠤ᠂ ᠵᠣᠭᠤᠰ ᠢᠶᠠᠨ ᠠᠪᠴᠤ ᠣᠷᠭᠤᠨ ᠳᠤᠲᠠᠭᠠᠭᠰᠠᠨ ᠠᠴᠠ ᠪᠣᠯᠵᠤ ᠬᠤᠬᠢᠷᠠᠯ ᠭᠠᠷᠬᠤ ᠠᠴᠠ  ᠵᠠᠶᠢᠯᠠᠰᠬᠢᠬᠤ ᠬᠡᠷᠡᠭᠲᠡᠢ᠃ 2. ︽ᠦᠵᠡᠵᠦ ᠦᠵᠡ︾᠄ ᠵᠦᠢᠯ ᠵᠤᠷᠪᠤᠰ ᠢ ᠲᠣᠳᠣᠷᠬᠠᠶ ᠦᠵᠡᠵᠦ᠂ ᠬᠡᠯᠡᠯᠴᠡᠭᠡᠷ ᠲᠤ ᠭᠠᠷ ᠤᠨ ᠦᠰᠦᠭ ᠵᠢᠷᠤᠨ᠎ᠠᠺᠠᠷᠲ ᠲᠤ ᠤᠷᠢᠳᠴᠢᠯᠠᠨ ᠮᠦᠩᠭᠦ ᠲᠤᠰᠢᠶᠠᠬᠤ ᠠᠴᠠ ᠡᠮᠦᠨ᠎ᠡ ᠬᠡᠷᠡᠭᠯᠡᠭᠴᠢᠳ ᠬᠤᠳᠠᠯᠳᠤᠭᠠᠴᠢᠨ ᠤ ᠦᠨᠡᠮᠯᠡᠯ ᠪᠦᠷᠢᠨ ᠪᠠᠶᠢᠬᠤ ᠡᠰᠡᠬᠦ᠂ ᠡᠵᠡᠩᠨᠡᠯᠲᠡ ᠨᠢ ᠵᠢᠷᠤᠮᠵᠢᠭᠤᠨ ᠪᠠᠶᠢᠬᠤ ᠡᠰᠡᠬᠦ ᠶᠢ ᠦᠵᠡᠵᠦ᠂ ᠡᠵᠡᠩᠨᠡᠯᠲᠡ ᠶᠢᠨ ᠬᠡᠪᠴᠢᠶ᠎ᠡ ᠪᠠᠷ ᠨᠡᠯᠢᠶᠡᠳ ᠶᠡᠭᠡ᠂ ᠢᠲᠡᠭᠡᠮᠵᠢ ᠶᠢᠨ ᠬᠡᠮᠵᠢᠶ᠎ᠡ ᠪᠠᠷ ᠥᠨᠳᠥᠷ ᠬᠤᠳᠠᠯᠳᠤᠭᠠᠴᠢᠨ ᠢ ᠰᠣᠩᠭᠤᠵᠤ ᠺᠠᠷᠲ ᠬᠤᠳᠠᠯᠳᠤᠨ ᠠᠪᠴᠤ᠂ ᠺᠠᠷᠲ ᠠᠪᠤᠭᠰᠠᠨ ᠤ ᠳᠠᠷᠠᠭ᠎ᠠ ᠬᠤᠳᠠᠯᠳᠤᠭᠠᠴᠢᠨ ᠤ ᠭᠠᠷᠭᠠᠭᠰᠠᠨ ᠪᠠᠷᠢᠮᠲᠠ ᠨᠢ ᠦᠨᠡᠮᠯᠡᠯ ᠳᠡᠭᠡᠷᠡᠬᠢ ᠨᠢᠭᠡᠴᠢ ᠶᠢᠨ ᠨᠡᠷ᠎ᠡ ᠲᠠᠢ ᠠᠳᠠᠯᠢ ᠪᠠᠶᠢᠬᠤ ᠡᠰᠡᠬᠦ ᠶᠢ ᠦᠵᠡᠬᠦ ᠬᠡᠷᠡᠭᠲᠡᠶ᠃ ᠬᠤᠳᠠᠯᠳᠤᠭᠠᠴᠢᠨ ᠤ ᠠᠮᠠᠨ ᠠᠮᠠᠯᠠᠯᠲᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠪᠢᠴᠢᠭ ᠤᠨ ᠬᠡᠯᠪᠡᠷᠢ ᠶᠢᠨ ᠭᠡᠷ᠎ᠡ ᠶᠢ ᠲᠣᠳᠣᠷᠬᠠᠶ ᠦᠵᠡᠵᠦ᠂ ᠥᠪᠡᠷ ᠤᠨ ᠡᠷᠬᠡ ᠪᠠ ᠡᠭᠦᠷᠭᠡ ᠪᠠᠨ ᠨᠠᠷᠢᠨ ᠣᠶᠢᠯᠠᠭᠠᠵᠤ᠂ ᠭᠡᠷ᠎ᠡ ᠳᠠᠬᠢ ᠡᠯ᠎ᠡ ᠵᠦᠢᠯ ᠤᠨ ᠲᠦᠷᠦᠯ ᠵᠤᠷᠪᠤᠰ ᠢ ᠨᠠᠷᠢᠨ ᠬᠠᠷᠭᠤᠭᠤᠯᠵᠤ᠂ ᠣᠨᠴᠠᠭᠠᠶᠢᠯᠠᠨ ᠭᠡᠷ᠎ᠡ ᠎ ᠳᠤ ᠪᠠᠨ ᠺᠠᠷᠲ ᠤᠨ ᠬᠡᠷᠡᠭᠯᠡᠬᠦ ᠬᠡᠪᠴᠢᠶ᠎ᠡ᠂ ᠬᠦᠴᠦᠨ ᠲᠠᠢ ᠡᠳᠦᠷ ᠬᠤᠭᠤᠴᠠᠭ᠎ᠠ ᠂ ᠪᠣᠯᠵᠤᠭ᠎ᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠬᠤᠯᠪᠣᠭᠳᠠᠯ ᠪᠦᠬᠦᠢ ᠲᠦᠷᠦᠯ ᠵᠤᠷᠪᠤᠰ ᠢ ᠨᠠᠷᠢᠨ ᠲᠣᠳᠣᠷᠬᠠᠶ ᠲᠡᠮᠳᠡᠭᠯᠡᠵᠦ᠂ ᠵᠦᠢ ᠵᠤᠬᠢᠰ ᠦᠭᠡᠢ ᠲᠦᠷᠦᠯ ᠵᠤᠷᠪᠤᠰ ᠤᠨ ᠠᠭᠤᠯᠭ᠎ᠠ ᠶᠢ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃3. ︽ᠪᠤᠳᠤᠵᠤ ᠦᠵᠡᠬᠦ︾᠄ ᠭᠡᠷᠡᠴᠢ ᠪᠠᠷᠢᠮᠲᠠ ᠶᠢ ᠬᠠᠳᠠᠭᠠᠯᠠᠵᠤ᠂ ᠢᠳᠡᠪᠬᠢᠲᠡᠶ ᠪᠠᠷ ᠡᠷᠬᠡ ᠪᠠᠨ ᠬᠠᠮᠠᠭᠠᠯᠠᠨ᠎ᠠᠤᠷᠢᠳᠴᠢᠯᠠᠨ ᠮᠦᠩᠭᠦ  ᠳᠤᠰᠢᠶᠠᠬᠤ ᠺᠠᠷᠲ ᠢ ᠭᠦᠢᠴᠡᠳᠬᠡᠭᠰᠡᠨ ᠤ ᠳᠠᠷᠠᠭ᠎ᠠ ᠡᠷᠬᠡᠪᠰᠢ ᠫᠢᠶᠣᠣ ᠪᠠᠷᠢᠮᠲᠠ ᠠᠪᠴᠤ᠂ ᠪᠠᠷᠢᠮᠲᠠ ᠪᠣᠯᠤᠨ ᠬᠡᠷᠡᠭᠯᠡᠭᠡᠨ ᠤ ᠭᠡᠷᠡᠴᠢ ᠪᠠᠷᠢᠮᠲᠠ ᠶᠢ ᠰᠠᠶᠢᠲᠤᠷ ᠬᠠᠳᠠᠭᠠᠯᠠᠬᠤ ᠬᠡᠷᠡᠭᠲᠡᠶ᠃ ᠠᠯᠢ ᠴᠢᠳᠠᠬᠤ ᠪᠠᠷ ᠶᠡᠭᠡ ᠬᠡᠮᠵᠢᠶᠡᠨ ᠤ ᠬᠡᠷᠡᠭᠯᠡᠭᠡᠨ ᠤ ᠺᠠᠷᠲ ᠢ ᠰᠣᠩᠭᠤᠵᠤ ᠪᠣᠯᠬᠤ ᠦᠭᠡᠢ᠂ ᠴᠢᠬᠤᠯᠠ ᠲᠠᠢ ᠦᠶ᠎ᠡ ᠳᠤ ᠠᠰ ᠲᠤᠨᠢ ᠵᠣᠭᠤᠰ ᠨᠡᠮᠡᠵᠦ᠂ ᠶᠡᠭᠡ ᠬᠤᠬᠢᠷᠠᠯ ᠭᠠᠷᠬᠤ ᠠᠴᠠ ᠵᠠᠶᠢᠯᠠᠰᠬᠢᠨ᠎ᠡ᠃ ᠡᠭᠦᠨ ᠤ ᠬᠠᠮᠲᠤ ᠪᠡᠯᠡᠳᠬᠡᠯ ᠠᠵᠢᠯ ᠢ ᠰᠠᠶᠢᠲᠤᠷ ᠬᠢᠵᠦ᠂ ᠺᠠᠷᠲ ᠢᠶᠠᠷ ᠬᠡᠷᠡᠭᠯᠡᠭᠡ ᠬᠢᠬᠦ ᠦᠶ᠎ᠡ ᠳᠤ᠂ ᠤᠳᠠᠭ᠎ᠠ ᠪᠦᠷᠢ ᠶᠢᠨ ᠬᠡᠷᠡᠭᠯᠡᠭᠡ ᠬᠢᠭᠰᠡᠨ ᠤ ᠳᠠᠷᠠᠭ᠎ᠠ ᠦᠯᠡᠳᠡᠪᠦᠷᠢ ᠲᠤᠭ᠎ᠠ ᠶᠢᠨ ᠪᠠᠶᠢᠳᠠᠯ ᠢ ᠬᠠᠷᠭᠤᠭᠤᠯᠤᠨ ᠦᠵᠡᠵᠦ᠂ ᠺᠠᠷᠲ ᠳᠣᠲᠣᠷᠠᠬᠢ ᠦᠯᠡᠳᠡᠪᠦᠷᠢ ᠲᠤᠭ᠎ᠠ ᠳᠤᠲᠠᠭᠳᠠᠬᠤ ᠠᠴᠠ ᠰᠡᠷᠭᠡᠶᠢᠯᠡᠬᠦ ᠬᠡᠷᠡᠭᠲᠡᠶ᠂ ᠬᠡᠷᠪᠡ ᠬᠤᠳᠠᠯᠳᠤᠭᠠᠴᠢᠨ ᠤ ᠬᠡᠪ ᠤᠨ ᠪᠤᠰᠤ ᠪᠠᠶᠢᠳᠠᠯ ᠭᠠᠷᠪᠠᠯ᠂ ᠡᠰᠡᠬᠦᠯ᠎ᠡ ᠬᠤᠳᠠᠯᠳᠤᠭᠠᠴᠢᠨ ᠲᠠᠢ ᠬᠡᠷᠡᠭᠯᠡᠭᠡ ᠶᠢᠨ ᠵᠢᠭᠤᠷᠠᠯᠳᠤᠭᠠᠨ ᠭᠠᠷᠪᠠᠯ ᠴᠠᠭ ᠲᠤᠬᠠᠶ ᠳᠤᠨᠢ 12315 ᠪᠤᠶᠤ 12345᠎ ᠳᠤ ᠤᠲᠠᠰᠤᠳᠠᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠬᠡᠷᠡᠭᠯᠡᠭᠴᠢᠳ ᠤᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠬᠤ ᠬᠡᠷᠡᠭᠲᠡᠶ᠃ ᠬᠡᠷᠪᠡ ᠬᠤᠳᠠᠯᠳᠤᠭᠠᠴᠢᠨ ᠭᠡᠨᠡᠳᠲᠡ ᠡᠭᠦᠳᠡ ᠪᠠᠨ ᠬᠠᠭᠠᠬᠤ ᠶᠢᠨ ᠬᠠᠮᠲᠤ ᠬᠠᠷᠢᠯᠴᠠᠬᠤ ᠶᠢᠨ ᠠᠷᠭ᠎ᠠ ᠦᠭᠡᠢ᠂ ᠮᠠᠭᠤ ᠰᠠᠨᠠᠭ᠎ᠠ ᠲᠠᠢ ᠪᠠᠷ ᠵᠣᠭᠤᠰ ᠡᠪᠦᠷᠯᠡᠨ ᠳᠤᠲᠠᠭᠠᠵᠤ᠂ ᠠᠵᠤ ᠠᠬᠤᠶ ᠶᠢᠨ ᠮᠡᠬᠡᠯᠡᠯ ᠳᠤ ᠬᠤᠯᠪᠣᠭᠳᠠᠭᠰᠠᠨ ᠪᠠᠶᠢᠪᠠᠯ᠂ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠡᠷᠡᠭ ᠮᠡᠳᠡᠭᠦᠯᠬᠦ ᠬᠡᠷᠡᠭᠲᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号