ᠥᠪᠥᠷ  ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠦᠶᠡᠷ ᠢ ᠰᠡᠷᠭᠡᠶᠢᠯᠡᠨ ᠭᠠᠩ ᠎ ᠲᠠᠢ ᠲᠡᠮᠡᠴᠡᠬᠦ ᠬᠤᠶᠠᠳᠤᠭᠠᠷ ᠪᠠᠶᠢᠴᠠᠭᠠᠬᠤ ᠳᠤᠭᠤᠶᠢᠯᠠᠩ ᠰᠢᠯᠢ ᠶᠢᠨ ᠬᠤᠲᠠ ᠳᠤ ᠠᠵᠢᠯ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/10
ᠥᠪᠥᠷ  ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠦᠶᠡᠷ ᠢ ᠰᠡᠷᠭᠡᠶᠢᠯᠡᠨ ᠭᠠᠩ ᠎ ᠲᠠᠢ ᠲᠡᠮᠡᠴᠡᠬᠦᠬᠤᠶᠠᠳᠤᠭᠠᠷ ᠪᠠᠶᠢᠴᠠᠭᠠᠬᠤ ᠳᠤᠭᠤᠶᠢᠯᠠᠩ ᠰᠢᠯᠢ ᠶᠢᠨ ᠬᠤᠲᠠ ᠳᠤ ᠠᠵᠢᠯ ᠪᠠᠶᠢᠴᠠᠭᠠᠵᠤ ᠵᠢᠭᠠᠨ ᠵᠢᠯᠣᠭᠤᠳᠪᠠ5 ᠰᠠᠷ᠎ᠠ ᠶᠢᠨ 12᠎ ᠤᠨ ᠡᠳᠦᠷ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠠ ᠯᠢ ᠫᠢᠩ  ᠤᠨ ᠳᠠᠭᠠᠭᠤᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠭᠠᠵᠠᠷ᠂ ᠴᠠᠭ ᠠᠭᠤᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠤᠷᠢᠳᠴᠢᠯᠠᠨ ᠮᠡᠳᠡᠭᠡᠯᠡᠬᠦ ᠭᠠᠵᠠᠷ᠂ ᠤᠰᠤᠨ ᠠᠰᠢᠭᠯᠠᠯᠲᠠ ᠶᠢᠨ ᠲᠢᠩᠬᠢᠮ ᠤᠨ ᠤᠰᠤ ᠭᠠᠩ ᠤᠨ ᠰᠡᠷᠭᠡᠶᠢᠯᠡᠯᠲᠡ ᠶᠢᠨ ᠮᠡᠷᠭᠡᠵᠢᠯ ᠤᠨ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠢᠶᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠤᠶᠠᠳᠤᠭᠠᠷ ᠪᠠᠶᠢᠴᠠᠭᠠᠬᠤ ᠳᠤᠭᠤᠶᠢᠯᠠᠩ ᠮᠠᠨ ᠤ ᠬᠤᠲᠠ ᠶᠢᠨ 2022 ᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠥᠷᠨᠢᠭᠦᠯᠦᠭᠰᠡᠨ ᠵᠢᠴᠢ ᠳᠣᠭᠢᠷᠠᠭᠤᠯᠤᠨ ᠪᠠᠶᠢᠷᠢᠯᠠᠭᠤᠯᠤᠭᠰᠠᠨ ᠪᠠᠶᠢᠳᠠᠯ ᠢ ᠪᠠᠶᠢᠴᠠᠭᠠᠨ ᠵᠢᠯᠣᠭᠤᠳᠪᠠ᠃ᠠᠶᠢᠮᠠᠭ ᠤᠨ ᠵᠠᠬᠢᠷᠭ᠎ᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ 2022 ᠣᠨ ᠤ ᠰᠢᠯᠢ ᠶᠢᠨ ᠭᠤᠤᠯ ᠠᠶᠢᠮᠠᠭ ᠵᠢᠴᠢ ᠰᠢᠯᠢ ᠶᠢᠨ ᠬᠤᠲᠠ ᠶᠢᠨ ᠦᠶᠡᠷ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠢ ᠰᠣᠨᠣᠰᠤᠭᠰᠠᠨ ᠪᠥᠭᠡᠳ ᠮᠠᠨ ᠤ ᠬᠤᠲᠠ ᠶᠢᠨ ᠡᠨᠡ ᠵᠢᠯ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ ᠳᠤᠷᠠᠳᠪᠠ᠃ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠯᠢ ᠶᠢᠨ ᠬᠤᠲᠠ ᠶᠢᠨ ᠡᠮᠦᠨ᠎ᠡ ᠬᠤᠶᠠᠳᠤᠭᠠᠷ ᠲᠣᠭᠤᠷᠢᠯ ᠤᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠭᠤᠣᠯ ᠢ ᠵᠠᠰᠠᠬᠤ ᠢᠨᠵᠧᠨᠧᠷᠢᠩ᠂ ᠡᠮᠦᠨ᠎ᠡ ᠲᠡᠭᠦᠷᠭᠡ ᠶᠢᠨ ᠬᠡᠷᠡᠭ ᠡᠷᠬᠢᠯᠡᠬᠦ ᠭᠠᠵᠠᠷ᠂ ᠡᠮᠦᠨ᠎ᠡ ᠲᠡᠭᠦᠷᠭᠡ ᠶᠢᠨ ᠡᠮᠡ ᠶᠢᠨ ᠡᠮᠦᠨ᠎ᠡ ᠭᠤᠤ ᠶᠢ ᠵᠠᠰᠠᠬᠤ ᠢᠨᠵᠧᠨᠧᠷᠢᠩ ᠵᠢᠴᠢ ᠰᠢᠯᠢ ᠶᠢᠨ ᠭᠤᠣᠯ ᠤᠨ ᠤᠰᠤᠨ ᠴᠥᠭᠦᠷᠥᠮ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠩᠰᠠ ᠡᠪᠬᠡᠮᠡᠯ ᠤᠨ ᠡᠬᠡ ᠳᠠᠩᠰᠠ ᠶᠢ ᠪᠠᠶᠢᠴᠠᠭᠠᠨ ᠦᠵᠡᠵᠦ᠂ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠴᠠᠭᠠᠨ ᠵᠢᠯᠣᠭᠤᠳᠪᠠ᠃ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠾᠧᠨᠠᠨ ᠤ ᠵᠧᠩᠵᠧᠤ ᠶᠢᠨ ︽7 · 20︾᠎ ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠠᠴᠠ ᠭᠦᠨᠵᠡᠭᠡᠶ ᠰᠤᠷᠭᠠᠮᠵᠢ ᠠᠪᠴᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ︔ ᠦᠶᠡᠷ ᠢ ᠰᠡᠷᠭᠡᠶᠢᠯᠡᠬᠦ᠂ ᠠᠭᠤᠯᠠᠨ ᠦᠶᠡᠷ ᠤᠨ ᠭᠠᠮᠰᠢᠭ ᠵᠡᠷᠭᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ ᠂ ᠤᠰᠤᠨ ᠴᠥᠭᠦᠷᠥᠮ ᠤᠨ ᠦᠶᠡᠷ ᠵᠠᠯᠠᠬᠤ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠠᠵᠢᠯ ᠢ ᠰᠠᠶᠢᠲᠤᠷ ᠬᠢᠨ᠎ᠡ᠃ ᠡᠭᠦᠨ ᠤ ᠬᠠᠮᠲᠤ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠡᠳ᠋ ᠪᠣᠳᠠᠰ ᠢ ᠨᠥᠭᠡᠴᠡᠯᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠦᠢᠯᠡᠰ᠂ ᠲᠤᠰᠬᠠᠶ ᠰᠡᠳᠦᠪᠲᠦ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ  ᠭᠡᠪᠡ᠃ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠰᠠᠭᠤᠳᠠᠯ ᠢ ᠢᠯᠡᠭᠦᠬᠡᠨ ᠪᠣᠳᠣᠯᠬᠢᠯᠠᠵᠤ᠂ ᠣᠨᠴᠠᠭᠠᠢ ᠴᠠᠭ ᠠᠭᠤᠷ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠴᠠᠭ ᠠᠭᠤᠷ᠂ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨ ᠰᠠᠶᠢᠲᠤᠷ ᠬᠢᠨᠠᠨ ᠬᠡᠮᠵᠢᠵᠦ᠂ ᠴᠠᠭ ᠲᠤᠬᠠᠢ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠵᠤ᠂ ᠡᠯ᠎ᠡ ᠲᠠᠯ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠷᠭᠠᠴᠠᠬᠤ ᠠᠷᠭ᠎ᠠ  ᠬᠡᠮᠵᠢᠶ᠎ᠡ ᠶᠢ ᠨᠠᠷᠢᠨ ᠬᠢᠨᠠᠮᠠᠭᠠᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠮᠲᠤᠪᠠᠷ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ  ᠭᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号