ᠰᠢᠯᠢ ᠶᠢᠨ ᠬᠤᠲᠠ ᠶᠢᠨ ︽ᠪᠢ ᠮᠠᠯ ᠤᠨ ᠡᠮ ᠤᠨ ᠳᠡᠯᠭᠡᠭᠦᠷ ᠨᠡᠭᠡᠭᠡᠨ᠎ᠡ︾ ᠭᠡᠬᠦ‍ ᠨᠢᠭᠡ ᠵᠦᠢᠯ ᠤᠨ ᠦᠢᠯᠡᠴᠢᠯᠡᠭᠡᠨ  ᠤ  ᠢᠵᠢ  ᠦᠢᠯᠡᠴᠢᠯᠡᠭᠡ ᠎ ᠶᠢ  ᠵᠢᠩᠬᠢᠨᠢ ᠎ ᠪᠠᠷ ᠰᠦᠯᠵᠢᠶᠡᠨ ᠳᠤ  ᠣᠷᠣᠭᠤᠯᠪᠠ
ᠨᠡᠶᠢᠲᠡᠯᠡᠭᠰᠡᠨ ᠴᠠᠭ᠄
2022/6/10
ᠰᠢᠯᠢ ᠶᠢᠨ ᠬᠤᠲᠠ ᠶᠢᠨ ︽ᠪᠢ ᠮᠠᠯ ᠤᠨ ᠡᠮ ᠤᠨ ᠳᠡᠯᠭᠡᠭᠦᠷ ᠨᠡᠭᠡᠭᠡᠨ᠎ᠡ︾ ᠭᠡᠬᠦ‍ ᠨᠢᠭᠡ ᠵᠦᠢᠯ ᠤᠨ ᠦᠢᠯᠡᠴᠢᠯᠡᠭᠡᠨ ᠎ ᠤ  ᠢᠵᠢ  ᠦᠢᠯᠡᠴᠢᠯᠡᠭᠡ ᠎ ᠶᠢ  ᠵᠢᠩᠬᠢᠨᠢ ᠎ ᠪᠠᠷ ᠰᠦᠯᠵᠢᠶᠡᠨ ᠳᠤ  ᠣᠷᠣᠭᠤᠯᠪᠠ︽ᠬᠠᠮᠤᠭ ᠤᠨ ᠤᠯᠠᠨ ᠳᠠᠭᠠᠨ ᠨᠢᠭᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠤᠯᠠᠨ ᠲᠦᠮᠡᠨ ᠤ ᠭᠦᠢᠴᠡᠳᠬᠡᠬᠦ ᠭᠠᠷᠲᠠᠮ ᠤᠯᠠᠨ᠂ ᠮᠠᠲᠧᠷᠢᠶᠠᠯ ᠤᠯᠠᠨ᠂ ᠨᠠᠰᠢ ᠴᠠᠰᠢ ᠭᠦᠶᠦᠬᠦ ᠶᠢᠨ ᠬᠦᠴᠢᠷᠳᠡᠯ ᠠᠰᠠᠭᠤᠳᠠᠯ ᠳᠤ ᠴᠢᠭᠯᠡᠭᠦᠯᠦᠨ᠂ ᠰᠢᠯᠢ ᠶᠢᠨ ᠬᠤᠲᠠ ᠶᠢᠨ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ︽ᠪᠢ ᠮᠠᠯ ᠤᠨ ᠡᠮ ᠤᠨ ᠳᠡᠯᠭᠡᠭᠦᠷ ᠨᠡᠭᠡᠭᠡᠨ᠎ᠡ︾ ᠭᠡᠬᠦ‍ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠵᠦ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠮᠠᠲᠧᠷᠢᠶᠠᠯ ᠤᠯᠬᠤ᠂ ᠨᠢᠭᠡ ᠬᠦᠰᠦᠨᠦᠭᠲᠦ ᠪᠠᠷ ᠭᠤᠶᠤᠴᠢᠯᠠᠬᠤ︾᠎ ᠶᠢ ᠪᠡᠶᠡᠯᠡᠭᠦᠯᠵᠦ᠂ ᠤᠯᠠᠨ ᠲᠦᠮᠡᠨ ᠤ ᠴᠠᠭ ᠢ ᠶᠡᠬᠡᠪᠡᠷ ᠠᠷᠪᠢᠯᠠᠵᠤ᠂ ᠳᠠᠷᠤᠭᠠᠰᠤ ᠶᠢ ᠨᠢ ᠬᠥᠩᠭᠡᠷᠡᠭᠦᠯᠵᠡᠢ᠃ᠤᠤᠯ ᠎ ᠳᠤ ᠪᠠᠨ ︽ᠪᠢ ᠮᠠᠯ ᠤᠨ ᠡᠮ ᠤᠨ ᠳᠡᠯᠭᠡᠭᠦᠷ ᠨᠡᠭᠡᠭᠡᠬᠦ︾᠎ ᠶᠢ ᠭᠦᠢᠴᠡᠳᠬᠡᠬᠦ ᠳᠤ ᠬᠤᠯᠪᠣᠭᠳᠠᠭᠰᠠᠨ ᠪᠣᠳᠠᠲᠠᠶ ᠵᠦᠢᠯᠡᠰ ᠲᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠶᠢᠭᠤᠯᠬᠤ ᠳᠠᠩᠰᠠᠯᠠᠯ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠪᠠᠶᠢᠴᠠᠭᠠᠯᠲᠠ᠂ ᠪᠦᠷᠢᠳᠬᠡᠯ ᠤᠨ ᠮᠡᠳᠡᠭᠡ ᠵᠠᠩᠭᠢ ᠶᠢ ᠨᠤᠲᠠᠯᠠᠬᠤ᠂ ᠠᠯᠪᠠᠨ ᠲᠠᠮᠠᠭ᠎ᠠ ᠰᠡᠶᠢᠯᠬᠦ᠂ ᠮᠠᠯ ᠤᠨ ᠡᠮ ᠡᠵᠡᠩᠨᠡᠬᠦ ᠵᠥᠪᠰᠢᠶᠡᠷᠡᠯ᠂ ᠭᠡᠷ ᠤᠨ ᠭᠠᠳᠠᠨᠠᠬᠢ ᠲᠤᠮᠤ ᠬᠡᠯᠪᠡᠷᠢ ᠶᠢᠨ ᠵᠠᠷ ᠮᠡᠳᠡᠭᠡ ᠵᠡᠷᠭᠡ ᠵᠦᠢᠯᠡᠰ ᠪᠠᠭᠲᠠᠵᠤ᠂ ᠬᠤᠯᠪᠣᠭᠳᠠᠭᠰᠠᠨ ᠰᠠᠯᠠᠭ᠎ᠠ ᠮᠥᠴᠢᠷ ᠨᠢ ᠤᠯᠠᠨ᠂ ᠬᠡᠷᠡᠭᠰᠡᠬᠦ ᠮᠠᠲ᠋ᠧᠷᠢᠶᠠᠯ ᠨᠢ ᠤᠯᠠᠨ᠂ ᠭᠦᠶᠦᠯᠲᠡ ᠶᠢᠨ ᠤᠳᠠᠭ᠎ᠠ ᠨᠢ ᠤᠯᠠᠨ᠂ ᠭᠦᠢᠴᠡᠳᠬᠡᠬᠦ ᠳᠤ ᠲᠦᠢᠯ ᠤᠨ ᠳᠥᠭᠦᠮ ᠦᠭᠡᠢ ᠪᠠᠶᠢᠳᠠᠭ᠃ ᠣᠳᠣ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠶᠠᠪᠤᠴᠠ ᠶᠢ ᠳᠠᠬᠢᠨ ᠪᠦᠲᠦᠭᠡᠬᠦ ᠪᠠᠷ ᠳᠠᠮᠵᠢᠭᠤᠯᠤᠨ᠂ ᠬᠤᠯᠪᠣᠭᠳᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠳᠠᠯᠢ ᠪᠤᠰᠤ ᠤᠴᠢᠷ ᠶᠠᠪᠤᠳᠠᠯ ᠢ ᠨᠢᠭᠡ ᠢᠵᠢ ᠮᠠᠲ᠋ᠧᠷᠢᠶᠠᠯ ᠪᠣᠯᠭᠠᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠳᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠳᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠠᠶᠢᠯᠢ ᠶᠢᠨ ᠶᠠᠪᠤᠳᠠᠯ ᠤᠨ ᠳᠣᠪᠴᠢᠶ᠎ᠠ᠂ ᠲᠠᠮᠠᠭ᠎ᠠ ᠰᠡᠶᠢᠯᠦᠬᠦ ᠠᠵᠤ ᠠᠬᠤᠶᠢᠯᠠᠯ ᠵᠢᠴᠢ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠢᠭᠡᠴᠡ ᠠᠴᠠ ᠨᠢᠭᠡ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽ᠪᠢ ᠮᠠᠯ ᠤᠨ ᠡᠮ ᠤᠨ ᠳᠡᠯᠭᠡᠭᠦᠷ ᠨᠡᠭᠡᠭᠡᠬᠦ︾᠎ ᠶᠢ ᠲᠥᠪᠯᠡᠷᠡᠭᠦᠯᠦᠨ ᠭᠦᠢᠴᠡᠳᠬᠡᠬᠦ ᠶᠢ ᠪᠡᠶᠡᠯᠡᠭᠦᠯᠵᠦ᠂ ᠮᠡᠳᠡᠭᠦᠯᠬᠦ ᠮᠠᠲ᠋ᠧᠷᠢᠶᠠᠯ ᠢ 8 ᠵᠦᠢᠯ ᠬᠠᠰᠤᠵᠤ᠂ ᠭᠦᠶᠦᠬᠦ ᠤᠳᠠᠭ᠎ᠠ ᠶᠢ 4 ᠤᠳᠠᠭ᠎ᠠ ᠬᠠᠰᠤᠵᠤ᠂ ᠭᠦᠢᠴᠡᠳᠬᠡᠬᠦ ᠴᠠᠭ ᠤᠨ ᠬᠢᠵᠠᠭᠠᠷ ᠢ 10 ᠡᠳᠦᠷ ᠪᠠᠭᠠᠰᠬᠠᠪᠠ᠃ᠣᠳᠣᠬᠠᠨ ᠳᠤ᠂ ᠮᠠᠨ ᠤ ᠬᠤᠲᠠ ᠶᠢᠨ ︽ᠪᠢ ᠮᠠᠯ ᠤᠨ ᠡᠮ ᠤᠨ ᠳᠡᠯᠭᠡᠭᠦᠷ ᠨᠡᠭᠡᠭᠡᠨ᠎ᠡ︾ ᠭᠡᠬᠦ‍ ᠨᠢᠭᠡ ᠵᠦᠢᠯ ᠤᠨ ᠦᠢᠯᠡᠴᠢᠯᠡᠭᠡᠨ ᠤ ᠢᠵᠢ ᠦᠢᠯᠡᠴᠢᠯᠡᠭᠡ ᠶᠢ ᠨᠢᠭᠡᠨᠲᠡ ᠲᠤᠷᠰᠢᠨ ᠰᠢᠯᠭᠠᠵᠤ ᠳᠠᠭᠤᠰᠬᠠᠭᠠᠳ᠂ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ︽ ᠳ᠋ᠠᠶᠢᠲ᠋ᠠ ᠶᠢ ᠠᠰᠢᠬᠯᠠᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠬᠠᠷᠠᠯᠲᠠ ᠶᠢ ᠪᠡᠶᠡᠯᠡᠭᠦᠯᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号