| ᠰᠢᠯᠢ ᠶᠢᠨ ᠬᠤᠲᠠ ᠳᠥᠷᠪᠡᠳᠡᠬᠢ ᠤᠳᠠᠭᠠᠨ ᠤ ᠨᠣᠭᠤᠭᠠᠷᠠᠭᠤᠯᠤᠯᠲᠠ ᠶᠢ ᠬᠢᠨᠠᠨ ᠬᠡᠮᠵᠢᠬᠦ ᠠᠵᠢᠯ ᠢ ᠢᠳᠡᠪᠬᠢᠲᠡᠶ ᠥᠷᠨᠢᠭᠦᠯᠪᠡ | ᠪᠠᠶᠢᠭᠠᠯᠢ ᠶᠢᠨ ᠨᠤᠲᠤᠭ ᠪᠡᠯᠴᠢᠭᠡᠷ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠪᠠᠶᠢᠳᠠᠯ ᠵᠢᠴᠢ ᠤᠷᠭᠤᠮᠠᠯ ᠤᠨ | ᠬᠤᠴᠢᠯᠭ᠎ᠠ ᠶᠢᠨ ᠤᠷᠭᠤᠯᠲᠠ ᠶᠢᠨ ᠬᠥᠳᠡᠯᠦᠩᠭᠦᠶ ᠵᠢᠮ᠎ᠡ ᠶᠣᠰᠣ ᠶᠢ ᠪᠥᠬᠦ ᠲᠠᠯ᠎ᠠ ᠪᠠᠷ᠂ ᠴᠠᠭ ᠲᠤᠬᠠᠶ ᠳᠤ ᠨᠢ᠂ | ᠣᠨᠣᠪᠴᠢᠲᠠᠶ ᠡᠵᠡᠮᠰᠢᠬᠦ ᠶᠢᠨ ᠲᠤᠰᠠᠳᠠ᠂ ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ 4 | ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ | ᠳᠥᠷᠪᠡᠳᠡᠬᠢ ᠤᠳᠠᠭᠠᠨ ᠤ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠢᠨᠠᠨ ᠬᠡᠮᠵᠢᠯᠲᠡ ᠶᠢᠨ ᠠᠵᠢᠯ ᠢ ᠢᠳᠡᠪᠬᠢᠲᠡᠶ | ᠥᠷᠨᠢᠭᠦᠯᠪᠡ᠃ ᠲᠤᠰ ᠤᠳᠠᠭ᠎ᠠ ᠶᠢᠨ ᠬᠢᠨᠠᠨ ᠬᠡᠮᠵᠢᠯᠲᠡ ᠳᠤ ᠪᠤᠯᠠᠭᠠᠨ ᠰᠤᠮᠤ᠂ ᠪᠠᠶᠠᠨᠪᠤᠯᠠᠭ ᠰᠤᠮᠤ᠂ ᠪᠢᠯᠢᠭ ᠮᠠᠯᠵᠢᠯ ᠤᠨ | ᠳᠠᠯᠠᠪᠠᠢ᠂ ᠮᠣᠳᠣᠨ ᠮᠠᠯᠵᠢᠯ ᠤᠨ ᠳᠠᠯᠠᠪᠠᠢ ᠵᠡᠷᠭᠡ ᠭᠠᠵᠠᠷ ᠤᠨ ᠪᠠᠶᠢᠷᠢᠯᠠᠭᠤᠯᠤᠭᠰᠠᠨ 10 ᠬᠢᠨᠠᠨ ᠬᠡᠮᠵᠢᠯᠲᠡ ᠶᠢᠨ ᠦᠯᠢᠬᠡᠷ | ᠭᠠᠵᠠᠷ ᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠨᠣᠭᠤᠭᠠᠷᠠᠬᠤ ᠬᠤᠭᠤᠴᠠᠭᠠᠨ ᠤ 30 ᠬᠠᠶᠢᠨ | ᠬᠡᠮᠵᠢᠯᠲᠡ ᠶᠢᠨ ᠦᠯᠢᠬᠡᠷ ᠳᠥᠷᠪᠡᠯᠵᠢᠨ ᠢ ᠪᠡᠶᠡᠯᠡᠭᠦᠯᠦᠭᠰᠡᠨ ᠪᠥᠭᠡᠳ ᠨᠣᠭᠤᠭᠠᠷᠠᠬᠤ ᠨᠤᠷᠮ᠎ᠠ᠂ ᠭᠤᠣᠯ ᠪᠣᠯᠬᠤ ᠨᠣᠭᠤᠭᠠᠷᠠᠬᠤ | ᠲᠡᠵᠢᠭᠡᠯ ᠡᠪᠡᠰᠦᠨ ᠤ ᠲᠦᠷᠦᠯ ᠵᠦᠢᠯ ᠵᠡᠷᠭᠡ ᠮᠡᠳᠡᠭᠡ ᠵᠠᠩᠭᠢ ᠶᠢ ᠲᠡᠮᠳᠡᠭᠯᠡᠭᠰᠡᠨ ᠪᠠᠶᠢᠨ᠎ᠠ᠃ | | | | ᠵᠢᠷᠤᠭ 1 ᠨᠣᠭᠤᠭᠠᠷᠠᠯᠲᠠ ᠶᠢ ᠢᠯᠡᠳᠬᠡᠭᠴᠢ ᠵᠢᠷᠤᠭ | ᠵᠢᠷᠤᠭ 2 ᠨᠣᠭᠤᠭᠠᠷᠠᠯᠲᠠ ᠶᠢᠨ ᠠᠵᠢᠭᠯᠠᠯᠲᠠ ᠪᠠᠶᠢᠳᠠᠯ | ᠡᠨᠡ ᠤᠳᠠᠭᠠᠨ ᠤ ᠬᠢᠨᠠᠨ ᠬᠡᠮᠵᠢᠯᠲᠡ ᠶᠢᠨ ᠳ᠋ᠦᠩ ᠢ ᠦᠨᠳᠦᠰᠦᠯᠡᠪᠡᠯ᠂ ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠤᠨ | ᠦᠯᠢᠭᠡᠷ ᠶᠠᠩᠵᠤ ᠶᠢᠨ ᠭᠠᠵᠠᠷ ᠤᠨ ᠳᠤᠮᠳᠠᠴᠢ ᠨᠣᠭᠤᠭᠠᠷᠠᠯᠲᠠ ᠶᠢᠨ ᠨᠣᠷᠮ᠎ᠠ 605% ᠳᠤ ᠬᠦᠷᠴᠡᠶ᠃ ᠨᠣᠭᠤᠭᠠᠷᠠᠬᠤ | ᠭᠤᠣᠯ ᠲᠡᠵᠢᠭᠡᠯ ᠡᠪᠡᠰᠦᠨ ᠳᠤ ᠢᠮᠠᠭᠠᠨ ᠡᠪᠡᠰᠦ᠂ ᠬᠢᠯᠭᠠᠨ᠎ᠠ᠂ ᠰᠢᠷᠢᠬᠢ᠂ ᠲᠠᠤᠯᠠᠶ ᠶᠢᠨ ᠲᠠᠩᠨᠠᠢ᠂ ᠨᠠᠷᠢᠨ ᠴᠠᠬᠢᠯᠳᠠᠭ ᠪᠠ | ᠠᠯᠲᠠᠶ ᠶᠢᠨ ᠨᠣᠬᠠᠶ ᠶᠢᠨ ᠴᠡᠴᠡᠭ ᠵᠡᠷᠭᠡ ᠪᠤᠶ᠂ ᠲᠡᠭᠦᠨ ᠤ ᠳᠤᠮᠳᠠᠴᠢ ᠥᠨᠳᠥᠷ ᠤᠨ ᠬᠡᠮᠵᠢᠶ᠎ᠡ ᠨᠢ ᠲᠤᠰ ᠲᠤᠰ 8 .6 | ᠰᠠᠨᠲ᠋ᠢᠮᠧᠲᠷ᠂ 7.2 ᠰᠠᠨᠲ᠋ᠢᠮᠧᠲᠷ᠂ 3 ᠰᠠᠨᠲ᠋ᠢᠮᠧᠲᠷ᠂ 3 ᠰᠠᠨᠲ᠋ᠢᠮᠧᠲᠷ᠂ 11 ᠰᠠᠨᠲ᠋ᠢᠮᠧᠲᠷ ᠪᠠ 3 ᠰᠠᠨᠲ᠋ᠢᠮᠧᠲᠷ᠂ | ᠨᠣᠭᠤᠭᠠᠷᠠᠬᠤ ᠲᠡᠵᠢᠭᠡᠯ ᠡᠪᠡᠰᠦᠨ ᠤ ᠳᠤᠮᠳᠠᠴᠢ ᠥᠨᠳᠥᠷ ᠤᠨ ᠬᠡᠮᠵᠢᠶ᠎ᠡ ᠨᠢ 7 ᠰᠠᠨᠲ᠋ᠢᠮᠧᠲᠷ ᠲᠤ ᠬᠦᠷᠦᠨ᠎ᠡ᠃ | |