| ︽ ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ | ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠨᠢᠭᠡ᠂ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ | ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠮᠠᠨ ᠤ ᠴᠡᠷᠢᠭ ᠤᠨ | ᠪᠡᠯᠡᠳᠬᠡᠯ ᠬᠦᠴᠦᠨ ᠤ ᠪᠦᠲᠦᠭᠡᠨ ᠪᠠᠶᠢᠭᠤᠯᠤᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ︾ | ︵ᠲᠥᠷᠥ ᠲᠠᠷᠬᠠᠭᠠᠭᠰᠠᠨ ﹇2017﹈ 38 ᠳ᠋ᠤᠭᠠᠷ ᠲᠣᠭᠠᠲᠤ︶᠂ ᠲᠥᠷᠥ ᠶᠢᠨ ᠶᠠᠪᠤᠳᠠᠯ ᠤᠨ ᠬᠤᠷᠢᠶ᠎ᠠ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ᠲᠥᠪ ᠲᠠᠷᠬᠠᠭᠠᠭᠰᠠᠨ ﹇2012﹈ 9 ᠳ᠋ᠣᠭᠡᠷ | ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ | ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ | ᠲᠣᠭᠠᠲᠤ︶ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ | ᠲᠣᠭᠤᠷᠢᠭ ᠤᠨ ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ | ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠰᠢᠯᠢ ᠶᠢᠨ | ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ | ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠰᠢᠯᠢ ᠵᠠᠬᠢᠷᠭ᠎ᠠ ᠲᠠᠷᠬᠠᠭᠠᠭᠰᠠᠨ ﹇ | 2021﹈ 28 ᠳ᠋ᠤᠭᠠᠷ ᠲᠣᠭᠠᠲᠤ︶ ᠢ ᠦᠨᠳᠦᠰᠦᠯᠡᠵᠦ᠂ ᠪᠥᠬᠦ ᠬᠤᠲᠠ ᠶᠢᠨ ᠡᠷᠦᠬᠡ ᠶᠢᠨ ᠴᠡᠷᠢᠭ ᠤᠨ ᠤᠯᠤᠰ | ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠳᠤ ᠬᠠᠷᠠᠭᠠᠯᠵᠠᠯ ᠦᠵᠡᠭᠦᠯᠬᠦ ᠪᠠ ᠡᠷᠬᠡ ᠠᠰᠢᠭ ᠢ | ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠪᠠ ᠪᠠᠶᠢᠭᠤᠯᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠷᠦᠬᠡ ᠶᠢᠨ ᠴᠡᠷᠢᠭ ᠤᠨ ᠠᠵᠢᠯ ᠳᠤ ᠣᠷᠤᠯᠴᠠᠬᠤ ᠶᠢ ᠳᠡᠮᠵᠢᠬᠦ | ᠢᠷᠠᠭᠤ ᠠᠯᠳᠠᠷᠲᠤ ᠰᠡᠳᠬᠢᠯᠭᠡ᠂ ᠬᠦᠷᠲᠡᠭᠡᠯ ᠤᠨ ᠲᠥᠷᠥᠭᠳᠡᠯ ᠢ ᠳᠡᠭᠡᠭᠰᠢᠯᠡᠭᠦᠯᠵᠦ᠂ ᠬᠤᠲᠠ ᠶᠢᠨ ᠵᠠᠰᠠᠭ ᠤᠨ | ᠣᠷᠳᠣᠨ ᠠᠴᠠ ︽ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ | ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠲᠥᠰᠥᠯ︾ ᠢ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠮᠠᠨ ᠤ ᠴᠡᠷᠢᠭ ᠤᠨ | ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ︾ ︵ᠲᠥᠷᠥ | ᠲᠠᠷᠬᠠᠭᠠᠭᠰᠠᠨ ﹇2017﹈ 38 ᠳ᠋ᠤᠭᠠᠷ ᠲᠣᠭᠠᠲᠤ︶ ᠶᠢᠨ ᠭᠤᠷᠪᠠᠳᠤᠭᠠᠷ ᠪᠦᠯᠦᠭ ᠤᠨ ᠵᠢᠷᠭᠤᠳᠤᠭᠠᠷ ᠵᠦᠢᠯ ᠳᠤ᠄ | ︽ᠬᠠᠷᠢᠭᠤᠴᠠᠯᠭ᠎ᠠ ᠡᠷᠬᠡ ᠠᠰᠢᠭ ᠬᠠᠷᠢᠯᠴᠠᠨ ᠨᠢᠭᠡᠳᠦᠭᠰᠡᠨ ᠡᠷᠬᠡ ᠠᠰᠢᠭ ᠢ ᠪᠠᠲᠤᠯᠠᠬᠤ ᠲᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠠᠷᠠᠳ ᠢᠷᠭᠡᠳ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ | ᠡᠭᠦᠷᠭᠡ ᠪᠠᠨ ᠭᠦᠢᠴᠡᠳᠬᠡᠬᠦ ᠢᠷᠠᠭᠤ ᠠᠯᠳᠠᠷᠲᠤ ᠰᠡᠳᠬᠢᠯᠭᠡ ᠪᠠ ᠬᠦᠷᠲᠡᠮᠵᠢ ᠶᠢᠨ ᠰᠡᠳᠬᠢᠯᠭᠡ ᠶᠢ ᠳᠡᠭᠡᠭᠰᠢᠯᠡᠭᠦᠯᠵᠦ᠂ | ᠪᠡᠯᠡᠳᠬᠡᠯ ᠬᠦᠴᠦᠨ ᠤ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠶ︾ ᠭᠡᠵᠦ | ᠲᠣᠳᠣᠷᠬᠠᠶᠢᠯᠠᠪᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ | ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ | ᠲᠥᠪ ᠲᠠᠷᠬᠠᠭᠠᠭᠰᠠᠨ ﹇2020﹈ 9 ᠳ᠋ᠣᠭᠡᠷ ᠲᠣᠭᠠᠲᠤ︶ ᠤᠨ ᠲᠠᠪᠤᠳᠤᠭᠠᠷ ᠪᠦᠯᠦᠭ ᠤᠨ ᠠᠷᠪᠠᠨ ᠲᠠᠪᠤᠳᠤᠭᠠᠷ | ᠵᠦᠢᠯ ᠳᠤ᠄ ︽ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠴᠡᠷᠢᠭ ᠠᠩᠭᠢ ᠪᠠ ᠣᠷᠣᠨ ᠨᠤᠲᠤᠭ | ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠱᠠᠲᠤ ᠬᠤᠪᠢᠶᠠᠨ ᠨᠠᠶᠢᠳᠠᠪᠤᠷᠢᠵᠢᠭᠤᠯᠤᠭᠰᠠᠨ | ᠡᠷᠦᠬᠡ ᠶᠢᠨ ᠴᠡᠷᠢᠭ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠂ ᠴᠡᠷᠢᠭ ᠠᠩᠭᠢ ᠪᠠ ᠣᠷᠣᠨ | ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠷᠬᠡ ᠠᠰᠢᠭ ᠢ ᠪᠠᠲᠤᠯᠠᠬᠤ ᠪᠣᠳᠠᠲᠠᠢ ᠠᠷᠭ᠎ᠠ ᠶᠢ | ᠰᠤᠳᠤᠯᠤᠨ ᠲᠣᠭᠲᠠᠭᠠᠬᠤ ᠬᠡᠷᠡᠭᠲᠡᠢ︾ ᠭᠡᠵᠦ ᠲᠣᠳᠣᠷᠬᠠᠶᠢᠯᠠᠪᠠ᠃ | ᠭᠤᠷᠪᠠ᠂ ︽ᠲᠥᠰᠥᠯ︾ ᠢ ᠨᠡᠶᠢᠲᠡᠯᠡᠭᠰᠡᠨ ᠵᠣᠷᠢᠯᠭ᠎ᠠ | ᠥᠷᠭᠡᠨ ᠣᠯᠠᠨ ᠰᠢᠯᠢᠳᠡᠭ ᠡᠷᠦᠬᠡ ᠶᠢᠨ ᠴᠡᠷᠢᠭ ᠤᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠵᠤ᠂ ᠰᠢᠨ᠎ᠡ ᠬᠥᠳᠡᠭᠡ ᠲᠣᠰᠬᠤᠨ ᠢ ᠵᠠᠰᠠᠬᠤ ᠠᠵᠢᠯ ᠳᠤ ᠣᠷᠣᠯᠴᠠᠬᠤ ᠠᠮᠢᠵᠢᠷᠠᠯ ᠤᠨ ᠬᠦᠴᠦᠨ ᠪᠠ | ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠣᠯᠠᠨ ᠠᠷᠠᠳ ᠲᠦᠮᠡᠨ ᠤ ᠦᠵᠡᠯ ᠰᠠᠨᠠᠭ᠎ᠠ | ᠲᠠᠨᠢᠯᠲᠠ ᠶᠢ ᠬᠤᠪᠢᠷᠠᠭᠤᠯᠤᠨ᠂ ︽ᠡᠷᠦᠬᠡ ᠶᠢᠨ ᠴᠡᠷᠢᠭ ᠪᠣᠯᠬᠤ ᠪᠠᠷ ᠴᠢᠷᠮᠠᠶᠢᠬᠤ᠂ ᠡᠷᠦᠬᠡ ᠶᠢᠨ ᠴᠡᠷᠢᠭ ᠢᠷᠠᠭᠤ | ᠠᠯᠳᠠᠷ ᠲᠠᠢ ᠪᠠᠶᠢᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠤᠨ | ᠪᠣᠯᠪᠠᠰᠤᠷᠠᠯ ᠳᠤ ᠢᠳᠡᠪᠬᠢᠲᠡᠶ ᠣᠷᠣᠯᠴᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠴᠢᠩᠭᠠᠷᠠᠭᠤᠯᠵᠤ᠂ ᠴᠡᠷᠢᠭ ᠠᠷᠠᠳ ᠤᠨ ᠠᠭᠤᠰᠤᠯᠴᠠᠯ ᠢ ᠠᠬᠢᠭᠤᠯᠤᠨ᠂ ᠣᠷᠣᠨ ᠨᠤᠲᠤᠭ ᠤᠨ ᠠᠵᠤ ᠠᠬᠤᠶ ᠶᠢᠨ | ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠬᠦ ᠬᠡᠷᠡᠭᠲᠡᠶ᠃ | ᠳᠥᠷᠪᠡ᠂ ︽ᠲᠥᠰᠥᠯ︾ ᠤᠨ ᠭᠤᠣᠯ ᠠᠭᠤᠯᠭ᠎ᠠ | ︽ᠠᠷᠭ᠎ᠠ︾ ᠳᠤ ᠲᠣᠳᠣᠷᠬᠠᠢ ᠲᠣᠭᠲᠠᠭᠠᠭᠰᠠᠨ ᠨᠢ᠂ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠡᠲᠡᠭᠡᠳ ᠪᠣᠯ | ᠰᠢᠯᠢ ᠶᠢᠨ ᠭᠤᠣᠯ ᠠᠶᠢᠮᠠᠭ ᠤᠨ ᠣᠷᠣᠨ ᠲᠤᠭ᠎ᠠ ᠳᠤ ᠪᠠᠶᠢᠭ᠎ᠠ ᠰᠢᠯᠢᠳᠡᠭ ᠡᠷᠦᠬᠡ ᠶᠢᠨ ᠴᠡᠷᠢᠭ ᠪᠠ ᠡᠷᠦᠬᠡ ᠶᠢᠨ | ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠂ ᠬᠤᠪᠢ ᠬᠥᠮᠥᠨ ᠤ | ᠬᠦᠴᠦᠨ ᠪᠦᠬᠦᠢ ᠦᠨᠡᠮᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ | ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠂ ᠡᠭᠦᠨ ᠢ ᠥᠪᠥᠷ ᠮᠣᠩᠭᠤᠯ ᠤᠨ ᠴᠡᠷᠢᠭ ᠤᠨ ᠲᠣᠭᠤᠷᠢᠭ ᠠᠴᠠ | ᠬᠠᠷᠢᠭᠤᠴᠠᠨ ᠨᠢᠭᠡᠳᠦᠯᠲᠡᠢ ᠦᠢᠯᠡᠳᠴᠦ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ | ᠣᠯᠭᠤᠬᠤ ᠪᠠ ᠬᠠᠮᠢᠶᠠᠷᠤᠨ᠎ᠠ᠃ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠳᠤ ᠪᠥᠬᠦ | ᠣᠷᠣᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠢ | ᠪᠠᠭᠲᠠᠭᠠᠵᠤ᠂ ᠡᠷᠦᠬᠡ ᠶᠢᠨ ᠴᠡᠷᠢᠭ ᠲᠤ ᠤᠷᠢᠳᠠᠪᠠᠷ ᠬᠠᠷᠠᠭᠠᠯᠵᠠᠯ ᠦᠵᠡᠭᠦᠯᠬᠦ᠂ ᠬᠠᠷᠠᠭᠠᠯᠵᠠᠯ ᠦᠵᠡᠭᠦᠯᠵᠦ ᠬᠠᠰᠤᠵᠤ | ᠬᠡᠯᠲᠦᠷᠢᠭᠦᠯᠬᠦ ᠵᠡᠷᠭᠡ ᠦᠢᠯᠡᠴᠢᠯᠡᠭᠡ ᠵᠢᠴᠢ ᠡᠷᠬᠡ ᠠᠰᠢᠭ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠬᠠᠩᠭᠠᠬᠤ ᠶᠢᠨ ᠬᠠᠮᠲᠤ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ | ᠬᠡᠷᠡᠭᠵᠢᠭᠦᠯᠦᠯᠲᠡ ᠳᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠂ ᠡᠭᠦᠨ ᠳᠤ ᠭᠤᠣᠯᠳᠠᠭᠤ | ᠳᠣᠣᠷᠠᠬᠢ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠦᠢᠯᠡᠴᠢᠯᠡᠭᠡᠨ ᠤ ᠴᠣᠩᠬᠤ ᠲᠣᠬᠢᠷᠠᠭᠤᠯᠬᠤ ᠬᠡᠷᠡᠭᠲᠡᠢ | ᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠣᠣᠷ᠎ᠠ ᠵᠢᠭᠰᠠᠭᠠᠭᠰᠠᠨ ᠨᠢᠭᠡᠴᠡ᠂ | ᠪᠠᠶᠢᠭᠤᠯᠤᠮᠵᠢ᠂ ᠲᠠᠯᠠᠪᠤᠷ ᠭᠠᠵᠠᠷ ᠲᠤ ᠰᠢᠯᠢᠳᠡᠭ ᠡᠷᠦᠬᠡ ᠶᠢᠨ ᠴᠡᠷᠢᠭ ᠤᠨ ᠦᠢᠯᠡᠴᠢᠯᠡᠭᠡᠨ ᠤ ᠴᠣᠩᠬᠤ ᠪᠤᠶᠤ | ᠢᠯᠡᠷᠬᠡᠢ ᠲᠡᠮᠳᠡᠭ ᠲᠠᠯᠪᠢᠬᠤ ᠬᠡᠷᠡᠭᠲᠡᠢ᠃ ᠤᠷᠢᠳᠠᠪᠠᠷ ᠦᠢᠯᠡᠴᠢᠯᠡᠭᠡ ᠬᠠᠩᠭᠠᠨ᠎ᠠ᠄ ᠡᠯ᠎ᠡ ᠱᠠᠲᠤᠨ ᠤ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ | ᠬᠠᠮᠠᠭᠠᠯᠠᠬᠤ ᠡᠷᠦᠬᠡ ᠠᠮᠠ ᠶᠢᠨ ᠬᠠᠷᠢᠶ᠎ᠠ ᠶᠢᠨ ᠦᠢᠯᠡᠴᠢᠯᠡᠭᠡᠨ ᠤ ᠶᠡᠭᠡ ᠲᠢᠩᠬᠢᠮ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠪᠠᠩᠬᠢ ᠶᠢᠨ ᠦᠢᠯᠡᠴᠢᠯᠡᠭᠡᠨ ᠤ ᠲᠣᠣᠷ ᠴᠢᠭ᠂ | ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ᠂ | ᠰᠣᠶᠣᠯ ᠤᠨ ᠲᠠᠯᠠᠪᠤᠷ ᠣᠷᠳᠣᠨ᠂ ᠬᠤᠲᠠ ᠶᠢᠨ ᠴᠡᠴᠡᠷᠯᠢᠭ᠃ | ︵ᠬᠤᠶᠠᠷ︶ ᠡᠩ ᠲᠡᠷᠢᠭᠦᠨ ᠤ ᠦᠢᠯᠡᠴᠢᠯᠡᠭᠡ ᠬᠠᠩᠭᠠᠨ᠎ᠠ | ᠰᠢᠯᠢᠳᠡᠭ ᠡᠷᠦᠬᠡ ᠶᠢᠨ ᠴᠡᠷᠢᠭ ᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ︽ᠰᠢᠯᠢᠳᠡᠭ ᠡᠷᠦᠬᠡ ᠶᠢᠨ | ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠦᠢᠯᠡᠴᠢᠯᠡᠭᠡ ᠶᠢ ᠤᠷᠢᠳᠠᠪᠠᠷ ᠭᠥᠷᠳᠡᠨ᠎ᠡ᠄ | 1. ᠡᠷᠦᠬᠡ ᠠᠮᠠ ᠶᠢᠨ ᠲᠠᠩᠰᠠ ᠪᠠ ᠣᠷᠤᠭ ᠤᠨ ᠪᠦᠷᠢᠳᠬᠡᠯ ᠤᠨ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ᠃ | | 2. ᠠᠵᠢᠯ ᠣᠯᠵᠤ ᠠᠳᠠᠯ ᠦᠢᠯᠡᠰ ᠴᠣᠭᠴᠠᠯᠠᠬᠤ ᠶᠢᠨ ᠲᠡᠳᠬᠦᠮᠵᠢ ᠪᠠ ᠠᠵᠢᠯ ᠣᠯᠭᠤᠯᠲᠠ ᠶᠢᠨ ᠲᠤᠰᠠᠯᠠᠮᠵᠢ ᠶᠢ | ᠤᠷᠢᠳᠠᠪᠠᠷ ᠭᠥᠷᠳᠡᠨ᠎ᠡ᠃ | 3. ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠤᠷᠢᠳᠠᠪᠠᠷ | ᠭᠦᠢᠴᠡᠳᠬᠡᠨ᠎ᠡ᠃ | 4. ᠡᠯ᠎ᠡ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠤᠷᠢᠳᠠᠪᠠᠷ ᠪᠢᠯᠧᠲ ᠬᠤᠳᠠᠯᠳᠤᠨ ᠠᠪᠬᠤ᠂ ᠠᠮᠤᠷ ᠲᠦᠪᠰᠢᠨ ᠤ | ᠪᠠᠶᠢᠴᠠᠭᠠᠯᠲᠠ ᠬᠢᠬᠦ᠂ ᠲᠡᠷᠭᠡᠨ ᠳᠤ ᠰᠠᠭᠤᠬᠤ ᠵᠡᠷᠭᠡ ᠦᠢᠯᠡᠴᠢᠯᠡᠭᠡ ᠶᠢ ᠭᠥᠷᠳᠡᠨ᠎ᠡ᠃ | 5. ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠡᠭᠡᠨ᠂ ᠤᠷᠢᠳᠠᠪᠠᠷ ᠳ᠋ᠤᠭᠠᠷᠯᠠᠬᠤ᠂ ᠰᠢᠨᠵᠢᠯᠡᠨ ᠰᠢᠯᠭᠠᠬᠤ | ᠂ ᠪᠠᠶᠢᠴᠠᠭᠠᠬᠤ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠬᠦᠷᠲᠡᠭᠡᠨ᠎ᠡ᠃ | | 6. ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠲᠣᠣᠷ ᠴᠢᠭ ᠲᠤ ᠡᠷᠦᠬᠡ ᠳᠠᠩᠰᠠᠯᠠᠬᠤ ᠳᠠᠩᠰᠠᠯᠠᠬᠰᠠᠨ | ᠡᠷᠦᠬᠡ ᠢᠶᠠᠨ ᠬᠠᠰᠣᠬᠤ᠂ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠲᠠᠩᠰᠠ ᠰᠢᠯᠵᠢᠭᠦᠯᠦᠨ ᠵᠣᠭᠤᠰ | ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ᠃ | 7. ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠤᠷᠢᠳᠠᠪᠠᠷ ᠲᠠᠶᠢᠯᠪᠤᠷᠢᠯᠠᠬᠤ᠂ ᠬᠥᠲᠥᠯᠥᠨ | ᠵᠢᠯᠤᠭᠤᠳᠬᠤ ᠵᠡᠷᠭᠡ ᠦᠢᠯᠡᠴᠢᠯᠡᠭᠡ ᠶᠢ ᠬᠦᠷᠲᠡᠭᠡᠨ᠎ᠡ᠃ | ︵ᠭᠤᠷᠪᠠ︶ ᠬᠠᠷᠠᠭᠠᠯᠵᠠᠯ ᠤᠨ ᠦᠢᠯᠡᠴᠢᠯᠡᠭᠡ ᠬᠠᠩᠭᠠᠨ᠎ᠠ | ᠰᠢᠯᠢᠳᠡᠭ ᠡᠷᠦᠭᠡ ᠶᠢᠨ ᠴᠡᠷᠢᠭ ᠪᠦᠬᠦ ᠬᠤᠳᠠ ᠶᠢᠨ ᠵᠠᠰᠠᠭ ᠵᠠᠬᠢᠷᠭᠠᠨ ᠤ ᠣᠷᠣᠨ ᠳᠤ ︽ᠰᠢᠯᠢᠳᠡᠭ ᠡᠷᠦᠭᠡ ᠶᠢᠨ | ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠬᠠᠷᠠᠭᠠᠯᠵᠠᠯ ᠢ ᠬᠦᠷᠳᠡᠨ᠎ᠡ᠄ | 1. ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠤᠨ ᠺᠠᠷᠲ ᠢ ᠭᠦᠢᠴᠡᠳᠬᠡᠵᠦ᠂ ᠨᠡᠶᠢᠲᠡ ᠶᠢᠨ ᠮᠠᠰᠢᠨ | ᠲᠡᠷᠭᠡᠨ ᠳᠤ ᠰᠠᠭᠤᠬᠤ ᠳᠤ 8% ᠪᠠᠷ ᠨᠤᠭᠤᠯᠵᠤ ᠪᠤᠳᠤᠬᠤ ᠲᠤᠰᠬᠠᠢ ᠬᠠᠷᠠᠭᠠᠯᠵᠠᠯ ᠢ ᠭᠥᠷᠳᠡᠨ᠎ᠡ᠃ | 2. ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠣᠶᠣᠯ ᠤᠨ ᠣᠷᠳᠣᠨ᠂ | ᠦᠵᠡᠰᠬᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠨᠡᠭᠡᠭᠡᠯᠲᠡᠲᠡᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠠᠯᠳᠠᠷᠲᠤ ᠦᠵᠡᠮᠵᠢ ᠡᠷᠲᠡᠨ ᠤ ᠪᠠᠭᠤᠷᠢ ᠪᠠ ᠡᠯ᠎ᠡ | ᠲᠥᠷᠥᠯ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢᠶᠠᠷ ᠲᠣᠭᠤᠷᠢᠨ | ᠵᠤᠭᠠᠴᠠᠬᠤ ᠳᠤ ᠠᠩᠬᠠᠨ ᠤ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠦᠭᠡᠢ᠃ | 3. ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ ᠶᠢᠨ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠤᠪᠢ ᠬᠥᠮᠥᠨ | ᠤ ᠺᠠᠷᠲ ᠭᠦᠢᠴᠡᠳᠬᠡᠬᠦ ᠳᠤ ᠬᠠᠷᠠᠭᠠᠯᠵᠠᠯ ᠭᠥᠷᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠨᠡᠮᠡᠵᠦ | ᠬᠠᠮᠢᠶᠠᠷᠬᠤ ﹇2020﹈ 68 ᠳ᠋ᠤᠭᠠᠷ ᠲᠣᠭᠠᠲᠤ︶ ᠶᠣᠰᠣᠭᠠᠷ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ | ᠶᠢᠨ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠲᠣᠰᠣ ᠨᠡᠮᠡᠬᠦ ᠬᠠᠷᠠᠭᠠᠯᠵᠠᠯ ᠤᠨ | ᠲᠥᠰᠥᠯ︾ ᠶᠣᠰᠣᠭᠠᠷ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ | ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ︵ᠬᠡᠢ︶ ᠥᠷᠲᠡᠭᠡ ᠳᠤ ᠭᠡᠷ ᠤᠨ ᠬᠡᠷᠡᠭᠯᠡᠭᠡᠨ ᠤ ᠮᠠᠰᠢᠨ ᠲᠡᠷᠭᠡᠨ | ᠤ ᠲᠣᠰᠣ ᠨᠡᠮᠡᠬᠦ ᠬᠠᠷᠠᠭᠠᠯᠵᠠᠯ ᠢ ᠬᠦᠷᠲᠡᠭᠡᠨ᠎ᠡ᠃ | 4. ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ | ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠲᠤᠤᠷ ᠰᠦᠯᠵᠢᠶ᠎ᠡ ᠳᠤ ᠬᠤᠪᠢ ᠬᠥᠮᠦᠨ ᠤ ᠭᠠᠷ | ᠤᠲᠠᠰᠤᠨ ᠤ ᠴᠢᠮᠡᠭᠡ ᠬᠤᠯᠪᠣᠭᠠᠨ ᠤ ᠦᠨ᠎ᠡ ᠪᠠᠭᠤᠷᠠᠭᠤᠯᠬᠤ ᠬᠠᠷᠠᠭᠠᠯᠵᠠᠯ ᠢ ᠭᠥᠷᠳᠡᠵᠦ᠂ ᠪᠣᠳᠠᠲᠠᠶ ᠦᠨ᠎ᠡ | ᠬᠠᠰᠤᠬᠤ ᠬᠠᠷᠢᠴᠠᠯ ᠢ ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ | ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠰᠦᠯᠵᠢᠶ᠎ᠡ ᠴᠢᠮᠡᠭᠡ ᠬᠤᠯᠪᠣᠭᠠᠨ ᠤ ᠬᠢᠵᠠᠭᠠᠷᠲᠤ | ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠲᠣᠭᠲᠠᠭᠠᠯ ᠢ | ᠬᠡᠷᠡᠭᠵᠢᠭᠦᠯᠦᠨ᠎ᠡ᠃ | ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠨᠢ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ | ᠲᠠᠢ᠂ ᠥᠪᠡᠷᠲᠡᠭᠡᠨ ᠵᠠᠰᠠᠬᠤ ᠣᠷᠣᠨ ᠤ ᠪᠤᠰᠤᠳ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠷᠢᠳᠠᠪᠠᠷ ᠭᠥᠷᠳᠡᠬᠦ᠂ | ᠬᠠᠷᠠᠭᠠᠯᠵᠠᠯ ᠦᠵᠡᠭᠦᠯᠬᠦ ᠵᠡᠷᠭᠡ ᠦᠢᠯᠡᠴᠢᠯᠡᠭᠡᠨ ᠤ ᠪᠣᠳᠠᠲᠠᠢ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠲᠤᠬᠠᠢ ᠶᠢᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ | ᠰᠢᠯᠢᠳᠡᠭ ᠡᠷᠦᠭᠡ ᠶᠢᠨ ᠴᠡᠷᠢᠭ ᠲᠡᠶᠢᠠ ᠤ ᠪᠡᠯᠡᠳᠬᠡᠯ ᠤᠨ ᠡᠭᠦᠷᠭᠡ ᠭᠦᠢᠴᠡᠳᠬᠡᠬᠦ᠂ ᠠᠶᠤᠯ ᠭᠠᠮᠰᠢᠭ ᠠᠴᠠ ᠠᠪᠤᠷᠠᠬᠤ᠂ | ᠴᠡᠷᠢᠭ ᠤᠨ ᠰᠤᠷᠭᠠᠭᠤᠯᠢᠯᠠᠯ ᠬᠢᠬᠦ ᠪᠠ ᠬᠤᠯᠪᠣᠭᠳᠠᠯ ᠪᠦᠬᠦᠢ ᠠᠵᠢᠯᠯᠠᠭ᠎ᠠ ᠳᠤ ᠣᠷᠤᠯᠴᠠᠬᠤ ᠦᠶ᠎ᠡ ᠳᠤ᠂ ᠡᠷᠦᠭᠡ ᠶᠢᠨ | ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠲᠣᠭᠲᠠᠭᠠᠯ ᠶᠣᠰᠣᠭᠠᠷ | ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠬᠠᠷᠠᠭᠠᠯᠵᠠᠯ ᠢ ᠨᠠᠶᠢᠳᠠᠪᠤᠷᠢᠵᠢᠭᠤᠯᠬᠤ ᠬᠡᠷᠡᠭᠲᠡᠢ᠂ ᠡᠭᠦᠨ ᠠᠴᠠ ᠪᠣᠯᠵᠤ | ᠬᠥᠳᠡᠯᠮᠦᠷᠢᠯᠡᠬᠦ ᠪᠤᠶᠤ ᠤᠷᠢᠵᠤ ᠬᠡᠷᠡᠭᠯᠡᠬᠦ ᠬᠠᠷᠢᠴᠠᠭ᠎ᠠ ᠪᠠᠨ ᠬᠦᠴᠦᠨ ᠤᠶᠢᠭᠡᠢ ᠪᠣᠯᠭᠠᠵᠤ ᠪᠣᠯᠬᠤ ᠦᠭᠡᠢ᠃ | ︵ᠲᠠᠪᠤ︶ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠦᠢᠯᠡᠳᠪᠦᠷᠢᠯᠡᠯ ᠡᠵᠡᠩᠨᠡᠯᠲᠡ ᠳᠤ ᠳᠣᠣᠷᠠᠬᠢ ᠮᠡᠲᠦ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | 1.ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠡᠪᠰᠡᠭᠲᠦ ᠬᠦᠴᠦᠨ ᠤ ᠠᠵᠢᠯ ᠢ ᠥᠷᠨᠢᠭᠦᠯᠬᠦ ᠳᠤ ᠬᠡᠷᠡᠭᠯᠡᠬᠦ | ᠵᠠᠷᠤᠳᠠᠯ ᠢ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠲᠤ ᠪᠤᠳᠤᠵᠤ ᠣᠷᠣᠭᠤᠯᠤᠨ᠎ᠠ᠂ ᠵᠣᠬᠢᠴᠠᠩᠭᠤᠢ | ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠨ᠎ᠠ᠃ ᠠᠷᠭ᠎ᠠ ᠬᠡᠮᠵᠢᠶ᠎ᠡ ᠶᠢ ᠡᠳ᠋ᠯᠡᠨ᠎ᠡ᠃ | 2. ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠳᠠᠮᠵᠢᠵᠤ ᠵᠡᠪᠰᠡᠭᠲᠦ | ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠭᠡᠵᠦ ᠦᠨᠡᠮᠰᠢᠭᠦᠯᠦᠭᠰᠡᠨ ᠪᠣᠯ ᠲᠥᠷᠥᠯ ᠵᠦᠢᠯ᠂ | ᠭᠠᠵᠠᠷ ᠬᠡᠷᠡᠭᠯᠡᠬᠦ ᠵᠡᠷᠭᠡ ᠬᠢᠨᠠᠨ ᠵᠥᠪᠰᠢᠶᠡᠷᠡᠯ ᠢ ᠡᠩ ᠲᠡᠷᠢᠭᠦᠨ ᠳᠤ ᠪᠠᠶᠢᠯᠭᠠᠬᠤ ᠪᠠ ᠳᠡᠰ ᠳᠠᠷᠠᠭᠠᠯᠠᠯ ᠢ ᠨᠢ | ᠪᠠᠭᠠᠰᠬᠠᠬᠤ ᠲᠥᠷᠥ ᠶᠢᠨ ᠪᠣᠳᠣᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠡᠳᠬᠦᠬᠦ ᠠᠷᠭ᠎ᠠ ᠬᠡᠮᠵᠢᠶ᠎ᠡ ᠶᠢ | ᠬᠦᠷᠲᠡᠨ᠎ᠡ᠃ | 3. ᠵᠢᠯᠣᠭᠤᠳᠬᠤ ᠴᠢᠮᠡᠭᠡ ᠬᠤᠯᠪᠣᠭ᠎ᠠ᠂ ᠲᠤᠷᠰᠢᠨ ᠪᠠᠶᠢᠴᠠᠭᠠᠵᠤ ᠠᠵᠢᠭᠯᠠᠬᠤ᠂ ᠪᠠᠴᠢᠮ ᠪᠠᠶᠢᠳᠠᠯ ᠢ ᠠᠷᠭᠠᠴᠠᠨ | ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠪᠤᠶᠤ | ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠵᠦ ᠡᠵᠡᠩᠨᠡᠭᠰᠡᠨ ᠮᠥᠷᠲᠡᠭᠡᠨ ᠵᠠᠰᠠᠭ ᠤᠨ ᠣᠷᠳᠣᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ | ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠬᠤ | ᠬᠡᠷᠡᠭᠲᠡᠶ᠃ | 4. ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠳᠤ ᠭᠠᠵᠠᠷ ᠰᠢᠷᠣᠢ ᠬᠠᠩᠭᠠᠬᠤ ᠭᠠᠷ | ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ᠃ | ︵ᠵᠢᠷᠭᠤᠭ᠎ᠠ︶ ᠤᠯᠤᠰ ᠲᠦᠷᠦ ᠶᠢᠨ ᠬᠠᠷᠠᠭᠠᠯᠵᠠᠯ ᠦᠵᠡᠭᠦᠯᠦᠨ᠎ᠡ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ | ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠭᠡᠵᠦ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠪᠣᠯᠣᠨ ᠬᠤᠪᠢ ᠬᠥᠮᠥᠨ ᠳᠤ ᠳᠣᠣᠷᠠᠬᠢ ᠮᠡᠲᠦ ᠤᠯᠤᠰ ᠲᠥᠷᠥ ᠶᠢᠨ ᠬᠠᠷᠠᠭᠠᠯᠵᠠᠯ ᠢ | ᠬᠦᠷᠳᠡᠨ᠎ᠡ᠄ | 1. ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠭᠤᠣᠯᠳᠠᠯᠭ᠎ᠠ ᠲᠠᠢ | ᠠᠵᠤ ᠠᠬᠤᠶᠢᠯᠠᠯ ᠢ ᠰᠢᠯᠭᠠᠷᠠᠭᠤᠯᠬᠤ ᠳᠤ ᠤᠷᠢᠳᠠᠪᠠᠷ ᠪᠠᠲᠤᠯᠠᠨ ᠲᠠᠨᠢᠯᠴᠠᠭᠤᠯᠤᠨ᠎ᠠ᠃ | 2. ᠠᠵᠤ ᠠᠬᠤᠶᠢᠯᠠᠯ ᠤᠨ ᠪᠡᠯᠡ ᠭᠠᠷᠭᠠᠭᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠠᠴᠠ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠢ ᠲᠠᠨᠢᠯᠴᠠᠭᠤᠯᠬᠤ ᠳᠠᠭᠠᠨ ᠵᠢᠱᠢᠭᠳᠡᠭᠴᠢ ᠶᠢᠨ ᠪᠠᠷᠢᠮᠵᠢᠶ᠎ᠠ ᠨᠥᠬᠦᠴᠡᠯ ᠪᠠ ᠪᠦᠲᠦᠴᠡ ᠶᠢᠨ ᠬᠠᠷᠢᠴᠠᠯ ᠢ | ᠦᠨᠳᠦᠰᠦᠯᠡᠨ ᠤᠷᠢᠳᠠᠪᠠᠷ ᠲᠠᠨᠢᠯᠴᠠᠭᠤᠯᠤᠨ᠎ᠠ᠃ | ︵ᠲᠤᠯᠤᠭ᠎ᠠ︶ ᠡᠷᠬᠡ ᠠᠰᠢᠭ ᠤᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ | 1. ᠬᠤᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠨᠠᠶᠢᠷᠠᠭᠤᠯᠤᠭᠰᠠᠨ ᠡᠷᠦᠭᠡ ᠶᠢᠨ ᠴᠡᠷᠢᠭ ᠤᠨ ︽ | ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠣᠯᠭᠤᠬᠤ᠂ ᠬᠢᠨᠠᠨ ᠰᠢᠯᠭᠠᠬᠤ᠂ ᠰᠣᠯᠢᠬᠤ ᠠᠵᠢᠯ ᠢ | ᠬᠠᠷᠢᠭᠤᠴᠠᠨ᠎ᠠ᠃ | 2. ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠤᠳᠠᠭ᠎ᠠ | ᠪᠦᠷᠢ ᠶᠢᠨ ᠬᠢᠨᠠᠨ ᠰᠢᠯᠭᠠᠯᠲᠠ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠂ ᠰᠢᠯᠢᠳᠡᠭ ᠡᠷᠦᠬᠡ ᠶᠢᠨ ᠴᠡᠷᠢᠭ | ᠬᠦᠴᠦᠨ ᠲᠠᠢ ᠬᠤᠭᠤᠴᠠᠭᠠᠨ ᠳᠠᠭᠠᠨ ᠬᠠᠮᠢᠶ᠎ᠠ ᠪᠦᠬᠦᠢ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠶᠢ ᠡᠳ᠋ᠯᠡᠨ᠎ᠡ᠃ | ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠢᠨᠠᠨ ᠰᠢᠯᠭᠠᠭᠤᠯᠤᠭᠰᠠᠨ ᠦᠭᠡᠢ ᠪᠤᠶᠤ ᠰᠢᠯᠢᠳᠡᠭ | ᠡᠷᠦᠭᠡ ᠶᠢᠨ ᠴᠡᠷᠢᠭ ᠠᠩᠭᠢ ᠠᠴᠠ ᠭᠠᠷᠬᠤ ᠦᠶ᠎ᠡ ᠳᠤ ᠠᠶᠠᠨᠳᠠᠭᠠᠨ ᠬᠦᠴᠦᠨ ᠦᠭᠡᠢ ᠪᠣᠯᠵᠤ᠂ ᠬᠤᠯᠪᠣᠭᠳᠠᠯ ᠪᠦᠬᠦᠢ | ᠡᠷᠬᠡ ᠠᠰᠢᠭ ᠢ ᠲᠠᠬᠢᠵᠤ ᠡᠳ᠋ᠯᠡᠬᠦ ᠦᠭᠡᠢ᠃ | 3 . ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠤᠯᠢ ᠠᠴᠠ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ᠂ | ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ︽ ᠰᠢᠯᠢᠳᠡᠭ ᠡᠷᠦᠬᠡ ᠶᠢᠨ | ᠴᠡᠷᠢᠭ ᠤᠨ ᠦᠨᠡᠮᠯᠡᠯ︾ ᠳᠤ ᠣᠨ ᠤ ᠪᠠᠶᠢᠴᠠᠭᠠᠯᠲᠠ ᠬᠢᠬᠦ ᠥᠬᠡᠶ ᠪᠥᠭᠡᠳ ᠰᠢᠯᠢᠳᠡᠭ ᠡᠷᠦᠬᠡ ᠶᠢᠨ ᠴᠡᠷᠢᠭ ᠤᠨ ᠬᠢᠷᠢ | ᠬᠡᠮ ᠢ ᠨᠢ ᠬᠦᠴᠦᠨ ᠥᠬᠡᠶ ᠪᠣᠯᠭᠠᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠣᠯᠵᠤ᠂ ᠮᠠᠭᠤ | ᠨᠥᠯᠥᠭᠡ ᠭᠠᠷᠭᠠᠭᠰᠠᠨ᠂ ᠶᠠᠯ᠎ᠠ ᠬᠢᠭᠰᠡᠨ ᠠᠴᠠ ᠪᠣᠯᠵᠣ ᠡᠷᠡᠭᠦᠦ ᠶᠢᠨ ᠰᠢᠢᠳᠬᠡᠯ ᠣᠯᠤᠭᠰᠠᠨ ᠪᠠᠶᠢᠪᠠᠯ᠂ ᠦᠨᠡᠮᠯᠡᠯ | ᠣᠯᠭᠤᠭᠰᠠᠨ ᠨᠢᠭᠡᠴᠡ ᠠᠴᠠ ᠲᠡᠭᠦᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠨᠢ ᠬᠤᠷᠢᠶᠠᠨ | ᠠᠪᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠢᠳᠬᠡᠯ ᠢᠶᠠᠷ ᠰᠢᠳᠬᠡᠭᠳᠡᠭᠰᠡᠨ ᠤ ᠳᠠᠷᠠᠭ᠎ᠠ ᠠᠯᠳᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ ᠨᠠᠵᠠᠭᠠᠶ | ᠲᠠᠯ᠎ᠠ ᠶᠢᠨ ᠨᠥᠯᠥᠭᠡ ᠶᠢ ᠢᠳᠡᠪᠬᠢᠲᠡᠶ ᠪᠠᠷ ᠠᠷᠢᠯᠭᠠᠭᠰᠠᠨ ᠪᠣᠯ ᠦᠨᠡᠮᠯᠡᠯ ᠣᠯᠭᠤᠭᠰᠠᠨ ᠨᠢᠭᠡᠴᠡ ᠪᠠᠷ ᠬᠢᠨᠠᠭᠤᠯᠤᠨ | ᠵᠥᠪᠰᠢᠶᠡᠷᠡᠭᠦᠯᠦᠭᠡᠳ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠣᠯᠭᠤᠬᠤ ᠶᠠᠪᠤᠳᠠᠯ ᠢ ᠰᠡᠷᠭᠦᠭᠡᠵᠦ | ᠪᠣᠯᠤᠨ᠎ᠠ᠃ | 4. ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠵᠥᠪᠬᠡᠨ ᠲᠤᠰ ᠬᠥᠮᠥᠨ ᠳᠤᠨᠢ ᠬᠡᠷᠡᠭᠯᠡᠭᠦᠯᠦᠨ᠎ᠡ᠂ ︽ | ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠪᠠᠯᠠᠯᠤᠨ ᠵᠠᠰᠠᠭᠰᠠᠨ᠂ ᠪᠤᠰᠤᠳ ᠲᠤ ᠵᠢᠭᠡᠯᠡᠭᠦᠯᠦᠨ | ᠬᠡᠷᠡᠭᠯᠡᠭᠦᠯᠦᠭᠰᠡᠨ ᠬᠥᠮᠥᠨ ᠤ ᠦᠨᠡᠮᠯᠡᠯ ᠢ ᠣᠯᠭᠤᠭᠰᠠᠨ ᠨᠢᠭᠡᠴᠢ ᠠᠴᠠ ᠨᠢ ᠲᠡᠭᠦᠨ ᠤ ᠦᠨᠡᠮᠯᠡᠯ ᠢ ᠨᠢ ᠬᠤᠷᠢᠶᠠᠵᠤ | ᠠᠪᠤᠨ᠎ᠠ︔ ᠭᠡᠭᠡᠵᠦ ᠣᠷᠬᠢᠭᠰᠠᠨ ᠪᠤᠶᠤ ᠡᠪᠳᠡᠵᠦ ᠰᠦᠢᠳᠬᠡᠭᠰᠡᠨ ᠪᠠᠶᠢᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ | ᠳᠠᠩᠰᠠᠯᠠᠭᠤᠯᠬᠤ ᠬᠡᠷᠡᠭᠲᠡᠢ᠃ | 5. ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠭᠰᠠᠨ᠂ ᠮᠡᠬᠡᠯᠡᠨ ᠠᠪᠤᠭᠰᠠᠨ | ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃ | | |