ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2022/8/1
ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠤᠨ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ᠄︽ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠪᠥᠬᠦ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠡᠭᠡᠭᠰᠢᠯᠡᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ︾ ︵ᠰᠢᠯᠢ ᠶᠢᠨ  ᠬᠤᠲᠠ ᠵᠠᠰᠠᠭ ᠲᠠᠷᠬᠠᠭᠠᠭᠰᠠᠨ ﹇2022﹈ 1 ᠳ᠋ᠣᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠥᠷᠥ ᠎ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ᠶᠢ ᠵᠢᠷᠤᠮᠵᠢᠭᠤᠯᠤᠨ᠂ ᠣᠯᠠᠨ ᠨᠡᠶᠢᠲᠡ ᠳᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠲᠥᠷᠥ ᠶᠢᠨ ᠪᠣᠳᠣᠯᠭ᠎ᠠ ᠶᠢ ᠨᠠᠩ ᠰᠠᠶᠢᠨ ᠣᠶᠢᠯᠠᠭᠠᠭᠤᠯᠵᠤ᠂ ᠬᠠᠮᠢᠶ᠎ᠠ ᠪᠦᠬᠦᠢ ᠠᠬᠤᠢ ᠪᠠᠶᠢᠳᠠᠯ᠂ ᠬᠠᠷᠠᠯᠲᠠ ᠪᠠ ᠭᠤᠣᠯᠳᠠᠯᠭ᠎ᠠ ᠶᠢ ᠣᠶᠢᠯᠠᠭᠠᠭᠤᠯᠵᠤ᠂ ᠨᠡᠶᠢᠭᠡᠮ ᠤᠨ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠵᠠᠰᠠᠭ ᠤᠨ ᠣᠷᠳᠣᠨ ᠎ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠡᠳᠦᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠃ᠨᠢᠭᠡ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠬᠠᠷᠢᠭᠤᠴᠠᠯᠭ᠎ᠠ᠂ ᠬᠡᠪᠴᠢᠶ᠎ᠡ ᠪᠠ ᠠᠭᠤᠯᠭ᠎ᠠ︵ᠨᠢᠭᠡ︶ ᠲᠠᠶᠢᠯᠪᠤᠷᠢᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ 1. ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠥᠬᠦ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠠᠵᠢᠯ ᠢ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ ᠨᠢᠭᠡᠴᠡ ᠨᠢ ᠲᠣᠰ ᠰᠠᠯᠠᠭ᠎ᠠ ᠮᠥᠴᠢᠷ ᠨᠢᠭᠡᠴᠡ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠠᠵᠢᠯ ᠢ ᠬᠠᠷᠢᠭᠤᠴᠠᠨ᠎ᠠ᠃2. ︽ᠬᠡᠨ ᠲᠤᠭᠤᠷᠪᠢᠪᠠᠯ ᠲᠡᠷᠡ ᠲᠠᠶᠢᠯᠪᠤᠷᠢᠯᠠᠬᠤ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠬᠤ ᠰᠠᠯᠠᠭ᠎ᠠ ᠮᠥᠴᠢᠷ ᠪᠣᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠭᠤᠣᠯ ᠴᠣᠭᠴᠠ ᠪᠣᠯᠣᠨ᠎ᠠ᠃ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠪᠢᠴᠢᠭ ᠮᠠᠲ᠋ᠧᠷᠢᠶᠠᠯ ᠲᠤᠭᠤᠷᠪᠢᠬᠤ ᠨᠢᠭᠡᠴᠡ ᠠᠴᠠ ᠤᠩᠰᠢᠨ ᠲᠠᠶᠢᠯᠪᠤᠷᠢᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ︔ ᠣᠯᠠᠨ ᠨᠢᠭᠡᠴᠡ ᠬᠠᠮᠲᠤᠷᠠᠨ ᠲᠤᠭᠤᠷᠪᠢᠵᠤ᠂ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠭᠰᠠᠨ ᠪᠠᠶᠢᠪᠠᠯ᠂ ᠲᠦᠷᠦᠭᠦᠯᠡᠨ ᠬᠢᠬᠦ ᠨᠢᠭᠡᠴᠡ ᠠᠴᠠ ᠤᠩᠰᠢᠨ ᠲᠠᠶᠢᠯᠪᠤᠷᠢᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠪᠤᠰᠤᠳ ᠨᠢᠭᠡᠴᠡ ᠬᠠᠮᠵᠢᠯᠴᠠᠨ᠎ᠠ᠃ ︵ᠬᠤᠶᠠᠷ︶ ᠲᠠᠶᠢᠯᠪᠤᠷᠢᠯᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠎ᠠ ᠳᠣᠣᠷᠠᠬᠢ ᠪᠠᠶᠢᠳᠠᠯ ᠤᠨ ᠨᠢᠭᠡ ᠳᠤ ᠨᠡᠶᠢᠴᠡᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠬᠦ ᠬᠡᠷᠡᠭᠲᠡᠢ᠄1. ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃2. ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠃3. ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠢ ᠪᠣᠯᠪᠠᠴᠤ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠦᠢᠯᠡᠳᠦᠯ ᠎ ᠲᠠᠢ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ᠂ ᠲᠣᠰ ᠪᠡᠶ᠎ᠡ ᠶᠢᠨ ᠠᠰᠢᠭ ᠲᠤᠰᠠ ᠵᠢᠴᠢ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ᠂ ᠥᠷᠭᠡᠨ ᠢᠶᠠᠷ ᠮᠡᠳᠡᠬᠦ ᠴᠢᠬᠤᠯᠠᠲᠠᠢ᠂ ᠡᠰᠡᠬᠦᠯ᠎ᠡ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠢᠴᠢᠭ ᠮᠠᠲ᠋ᠧᠷᠢᠶᠠᠯ᠃4. ᠵᠠᠷᠴᠢᠮ ᠳᠡᠭᠡᠷ᠎ᠡ ᠪᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠢᠴᠢᠭ ᠮᠠᠲ᠋ᠧᠷᠢᠶᠠᠯ ᠳᠤ ᠴᠥᠮ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠢᠬᠤᠯᠠᠲᠠᠢ ︵ᠤᠳᠤᠷᠢᠳᠬᠤ ᠳᠤᠭᠤᠶᠢᠯᠠᠩ ᠪᠠᠶᠢᠭᠤᠯᠬᠤ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠵᠡᠷᠭᠡ ᠳᠤ ᠲᠠᠶᠢᠯᠤᠮᠵᠢ ᠬᠢᠬᠦ ᠦᠭᠡᠢ ᠪᠠᠶᠢᠵᠤ ᠪᠣᠯᠣᠨ᠎ᠠ︶᠃︵ᠭᠤᠷᠪᠠ︶ ᠲᠠᠶᠢᠯᠪᠤᠷᠢᠯᠠᠬᠤ ᠠᠭᠤᠯᠭ᠎ᠠ ᠶᠢ ᠲᠣᠳᠣᠷᠬᠠᠶᠢᠯᠠᠨ᠎ᠠ ᠲᠠᠶᠢᠯᠤᠮᠵᠢ ᠬᠢᠭᠰᠡᠨ ᠮᠠᠲ᠋ᠧᠷᠢᠶᠠᠯ᠄ ᠠᠬᠤᠢ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ ᠭᠤᠣᠯ ᠠᠭᠤᠯᠭ᠎ᠠ ᠵᠡᠷᠭᠡ ᠶᠢ ᠪᠠᠭᠲᠠᠭᠠᠨ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ᠂ ᠨᠠᠷᠢᠨ ᠲᠣᠳᠣᠷᠬᠠᠢ᠂ ᠣᠨᠣᠪᠴᠢᠲᠠᠶ ᠲᠠᠶᠢᠯᠪᠤᠷᠢᠯᠠᠨ ᠲᠣᠳᠣᠷᠬᠠᠶᠢᠯᠠᠵᠤ᠂ ᠠᠳᠡᠭᠦᠦ ᠪᠠᠷ ᠪᠤᠷᠤᠭᠤ ᠣᠶᠢᠯᠠᠭᠠᠬᠤ ᠠᠴᠠ ᠵᠠᠶᠢᠯᠠᠰᠬᠢᠬᠦ ᠬᠡᠷᠡᠭᠲᠡᠢ᠃ ︵ᠪᠣᠳᠠᠲᠠᠢ ᠵᠠᠭᠪᠤᠷ ᠢ ᠳᠠᠭᠠᠯᠳᠤᠭᠤᠯᠤᠯ 1᠎ ᠳᠤ ᠦᠵᠡ︶1. ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠤᠢ ᠪᠠᠶᠢᠳᠠᠯ᠂ ᠦᠨᠳᠦᠰᠦᠯᠡᠯ᠂ ᠬᠠᠷᠠᠯᠲᠠ᠂ ᠡᠭᠦᠷᠭᠡ ᠶᠢ ᠲᠣᠳᠣᠷᠬᠠᠶᠢᠯᠠᠨ᠎ᠠ᠃2. ᠭᠤᠣᠯ ᠠᠭᠤᠯᠭ᠎ᠠ᠂ ᠢᠯᠠᠩᠭᠤᠶ᠎ᠠ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ᠂ ᠠᠮᠢ ᠪᠡᠶ᠎ᠡ ᠶᠢᠨ ᠠᠰᠢᠭ ᠲᠤᠰᠠ ᠵᠢᠴᠢ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠨᠡᠶᠢᠭᠡᠮ ᠨᠡᠶᠢᠲᠡ ᠪᠠᠷ ᠢᠶᠠᠨ ᠮᠡᠳᠡᠬᠦ᠂ ᠭᠦᠢᠴᠡᠳᠬᠡᠬᠦ᠂ ᠬᠠᠮᠵᠢᠯᠴᠠᠬᠤ ᠴᠢᠬᠤᠯᠠᠲᠠᠢ ᠵᠦᠢᠯ ᠵᠤᠷᠪᠤᠰ ᠲᠤ ᠪᠣᠳᠠᠲᠠᠢ ᠬᠢᠬᠦ ᠠᠷᠭ᠎ᠠ᠂ ᠲᠣᠭᠲᠠᠭᠠᠬᠤ ᠦᠨᠳᠦᠰᠦᠯᠡᠯ ᠵᠢᠴᠢ ᠬᠠᠤᠯᠢ ᠶᠣᠰᠣᠴᠢ ᠴᠢᠨᠠᠷ  ᠂ ᠵᠦᠢ ᠶᠣᠰᠣᠴᠢ ᠴᠢᠨᠠᠷ ᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃3. ᠪᠢᠴᠢᠭ ᠮᠠᠲ᠋ᠧᠷᠢᠶᠠᠯ ᠳᠠᠬᠢ ᠵᠠᠩᠭᠢᠯᠠᠭ᠎ᠠ ᠶᠢᠨ ᠦᠭᠡ᠂ ᠲᠤᠰᠬᠠᠢ ᠮᠡᠷᠭᠡᠵᠢᠯ ᠤᠨ ᠨᠡᠷ᠎ᠡ ᠲᠣᠮᠢᠶ᠎ᠠ ᠵᠢᠴᠢ ᠨᠡᠶᠢᠭᠡᠮ ᠨᠡᠶᠢᠲᠡ ᠶᠢᠨ ᠠᠳᠡᠭᠦᠦ ᠣᠶᠢᠯᠠᠭᠠᠯᠲᠠ᠂ ᠰᠡᠵᠢᠭᠯᠡᠯ᠂ ᠰᠡᠵᠢᠭᠯᠡᠯ ᠲᠠᠢ ᠪᠠᠶᠢᠵᠤ ᠮᠡᠳᠡᠬᠦ ᠠᠭᠤᠯᠭ᠎ᠠ ᠳᠤ ᠲᠠᠶᠢᠯᠪᠤᠷᠢᠯᠠᠯᠲᠠ ᠬᠢᠨ᠎ᠡ᠃4. ᠬᠡᠷᠡᠭ ᠡᠷᠬᠢᠯᠡᠬᠦ ᠵᠦᠢᠯᠡᠰ ᠲᠤ ᠬᠤᠯᠪᠣᠭᠳᠠᠪᠠᠯ᠂ ᠬᠡᠷᠡᠭ ᠡᠷᠬᠢᠯᠡᠬᠦ ᠶᠢ ᠭᠥᠯᠢᠶᠡᠨ ᠠᠪᠤᠭᠰᠠᠨ  ᠨᠢᠭᠡᠴᠡ ᠪᠠ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ᠂ ᠬᠡᠷᠡᠭ ᠡᠷᠬᠢᠯᠡᠬᠦ ᠨᠥᠬᠦᠴᠡᠯ᠂ ᠮᠠᠲ᠋ᠧᠷᠢᠶᠠᠯ᠂ ᠵᠢᠷᠤᠮ᠂ ᠴᠠᠭ ᠤᠨ ᠬᠢᠵᠠᠭᠠᠷ ᠵᠢᠴᠢ ᠪᠤᠰᠤᠳ ᠠᠩᠬᠠᠷᠬᠤ ᠵᠦᠢᠯᠡᠰ ᠢ ᠲᠣᠳᠣᠷᠬᠠᠶᠢᠯᠠᠨ᠎ᠠ᠃5. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠲᠤ ᠬᠤᠯᠪᠣᠭᠳᠠᠪᠠᠯ  ᠂ ᠭᠦᠢᠴᠡᠳᠬᠡᠬᠦ ᠬᠦᠷᠢᠶ᠎ᠡ ᠬᠡᠪᠴᠢᠶ᠎ᠡ  ᠂ ᠭᠦᠢᠴᠡᠳᠬᠡᠬᠦ ᠲᠠᠰ ᠳᠠᠷᠠᠭᠠᠯᠠᠯ  ᠂ ᠭᠦᠢᠴᠡᠳᠬᠡᠬᠦ ᠪᠠᠷᠢᠮᠵᠢᠶ᠎ᠠ ᠵᠡᠷᠭᠡ ᠶᠢ ᠲᠣᠳᠣᠷᠬᠠᠶᠢᠯᠠᠨ᠎ᠠ᠃6. ᠵᠠᠰᠠᠪᠤᠷᠢ ᠣᠷᠣᠭᠤᠯᠤᠭᠰᠠᠨ ᠲᠦᠷᠦ ᠶᠢᠨ ᠪᠣᠳᠣᠯᠭ᠎ᠠ ᠳᠤ ᠲᠣᠭᠠᠴᠠᠭᠳᠠᠵᠤ᠂ ᠵᠠᠰᠠᠪᠤᠷᠢ ᠣᠷᠣᠭᠤᠯᠤᠭᠰᠠᠨ ᠤᠴᠢᠷ ᠰᠢᠯᠲᠠᠭᠠᠨ ᠪᠠ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢᠨ ᠵᠣᠯᠭᠠᠯᠳᠤᠯ ᠪᠠ ᠵᠥᠷᠢᠶ᠎ᠡ ᠶᠢ ᠲᠣᠳᠣᠷᠬᠠᠶᠢᠯᠠᠨ᠎ᠠ︔ ᠳᠡᠭᠡᠳᠦ ᠱᠠᠲᠤᠨ ᠤ ᠲᠤᠶᠢᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠳᠤ ᠲᠣᠭᠠᠴᠠᠭᠳᠠᠪᠠᠯ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠳᠡᠭᠡᠳᠦ ᠱᠠᠲᠤᠨ ᠤ ᠎ ᠬᠢ ᠲᠠᠢ ᠠᠳᠠᠯᠢ ᠦᠭᠡᠢ᠂ ᠣᠨᠴᠠᠯᠢᠭ ᠲᠠᠢ ᠪᠠᠶᠢᠬᠤ ᠶᠢ ᠲᠣᠳᠣᠷᠬᠠᠶᠢᠯᠠᠨ᠎ᠠ᠃  ᠬᠤᠶᠠᠷ  ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠲᠠᠰ ᠳᠠᠷᠠᠭᠠᠯᠠᠯ  ᠂  ᠬᠡᠯᠪᠡᠷᠢ ᠪᠠ ᠠᠷᠭ᠎ᠠ ᠵᠠᠮ︵ᠨᠢᠭᠡ︶ ᠲᠠᠶᠢᠯᠪᠤᠷᠢᠯᠠᠬᠤ ᠲᠠᠰ ᠳᠠᠷᠠᠭᠠᠯᠠᠯ ᠢ ᠲᠣᠳᠣᠷᠬᠠᠶᠢᠯᠠᠨ᠎ᠠ 1. ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠬᠢᠭᠡᠳ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠵᠡᠷᠭᠡ ᠳᠤᠨᠢ ᠵᠣᠬᠢᠶᠠᠨ ᠪᠠᠶᠢᠭᠤᠯᠵᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠵᠤ᠂ ᠵᠡᠷᠭᠡ ᠳᠤᠨᠢ ᠪᠠᠶᠢᠷᠢᠯᠠᠭᠤᠯᠬᠤ ᠶᠢ ᠪᠠᠷᠢᠮᠲᠠᠯᠠᠨ᠎ᠠ᠃ ᠬᠤᠲᠠ ᠶᠢᠨ ᠵᠠᠰᠠᠭ ᠤᠨ ᠣᠷᠳᠣᠨ ᠪᠤᠶᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ᠤᠩᠰᠢᠨ ᠲᠠᠶᠢᠯᠪᠤᠷᠢᠯᠠᠬᠤ ᠶᠣᠰᠣᠲᠠᠢ ᠪᠢᠴᠢᠭ ᠮᠠᠲ᠋ᠧᠷᠢᠶᠠᠯ ᠪᠦᠬᠦᠨ ᠤ ᠤᠩᠰᠢᠨ ᠲᠠᠶᠢᠯᠪᠤᠷᠢᠯᠠᠬᠤ ᠠᠵᠢᠯ ᠢ ᠳᠣᠣᠷᠠᠬᠢ ᠠᠯᠬᠤᠮ ᠳᠠᠷᠠᠭ᠎ᠠ ᠪᠠᠷ ᠭᠦᠢᠴᠡᠳᠬᠡᠨ᠎ᠡ᠄︵1︶ ᠲᠤᠭᠤᠷᠪᠢᠨ ᠪᠢᠴᠢᠬᠦ᠃ ᠪᠢᠴᠢᠭ ᠮᠠᠲ᠋ᠧᠷᠢᠶᠠᠯ ᠲᠤᠭᠤᠷᠪᠢᠬᠤ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠲᠤᠭᠤᠷᠪᠢᠬᠤ ᠦᠶ᠎ᠡ ᠳᠤ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠵᠡᠷᠭᠡᠪᠡᠷ ᠲᠤᠭᠤᠷᠪᠢᠵᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠵᠤ ᠵᠥᠪᠰᠢᠶᠡᠷᠡᠭᠦᠯᠦᠭᠡᠳ ᠡᠬᠡ ᠪᠢᠴᠢᠭ ᠲᠣᠭᠲᠠᠭᠠᠭᠰᠠᠨ ᠤ ᠳᠠᠷᠠᠭ᠎ᠠ᠂ ᠪᠢᠴᠢᠭ ᠮᠠᠲ᠋ᠧᠷᠢᠶᠠᠯ ᠲᠠᠢ ᠬᠠᠮᠲᠤ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠣᠳᠠᠲᠠᠢ ᠳᠠᠭᠠᠭᠠᠨ ᠭᠦᠢᠴᠡᠳᠬᠡᠬᠦ ᠬᠥᠮᠥᠰ ᠲᠤ ᠢᠯᠡ ᠪᠣᠯᠭᠠᠬᠤ ᠠᠯᠪᠠᠨ ᠪᠢᠴᠢᠭ ᠵᠢᠴᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠢ᠃︵2︶ ᠠᠩᠬᠠᠨ ᠤ ᠬᠢᠨᠠᠯᠲᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠣᠳᠠᠲᠠᠶ ᠳᠠᠭᠠᠭᠠᠨ ᠭᠦᠢᠴᠡᠳᠬᠡᠭᠴᠢ ᠠᠩᠬᠠᠨ ᠤ ᠬᠢᠨᠠᠯᠲᠠ ᠬᠢᠵᠦ ᠮᠠᠲ᠋ᠧᠷᠢᠶᠠᠯ ᠢ ᠲᠠᠶᠢᠯᠪᠤᠷᠢᠯᠠᠨ᠎ᠠ᠃ ᠬᠡᠷᠪᠡ ᠠᠯᠪᠠᠨ ᠪᠢᠴᠢᠭ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠨᠢ ᠲᠡᠭᠦᠯᠳᠡᠷ ᠪᠤᠰᠤ ᠪᠣᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠣᠳᠠᠲᠠᠶ ᠳᠠᠭᠠᠭᠠᠨ ᠭᠦᠢᠴᠡᠳᠬᠡᠭᠴᠢ ᠨᠢ ᠴᠥᠮ ᠪᠢᠴᠢᠭ ᠮᠠᠲ᠋ᠧᠷᠢᠶᠠᠯ ᠬᠦᠯᠢᠶᠡᠨ ᠠᠪᠬᠤ ᠦᠭᠡᠶ᠂ ᠭᠦᠢᠴᠡᠳᠬᠡᠵᠦ ᠥᠭᠬᠦ ᠦᠭᠡᠶ᠃︵3︶ ᠳᠠᠬᠢᠨ ᠬᠢᠨᠠᠯᠲᠠ ᠬᠢᠵᠦ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠪᠢᠴᠢᠭ ᠮᠠᠲ᠋ᠧᠷᠢᠶᠠᠯ ᠲᠠᠷᠬᠠᠭᠠᠬᠤ ᠳᠡᠰ ᠳᠠᠷᠠᠭᠠᠯᠠᠯ ᠢᠶᠠᠷ᠂ ᠪᠢᠴᠢᠭ ᠮᠠᠲ᠋ᠧᠷᠢᠶᠠᠯ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ ᠪᠠᠷ ᠬᠢᠨᠠᠨ ᠬᠠᠷᠭᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠤᠶᠤ ᠭᠤᠤᠯ ᠤᠳᠤᠷᠢᠳᠤᠯᠭ᠎ᠠ ᠱᠠᠲᠤ ᠳᠠᠷᠠᠭᠠᠯᠠᠨ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠡᠭᠦᠨ ᠳᠤ᠂ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠴᠠᠭᠠᠵᠠ ᠶᠢᠨ ᠵᠦᠢᠯ ᠵᠤᠷᠪᠤᠰ ᠲᠤ ᠬᠤᠯᠪᠣᠭᠳᠠᠭᠰᠠᠨ ᠠᠭᠤᠯᠭ᠎ᠠ ᠶᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ᠬᠠᠮᠲᠤ ᠳᠤᠨᠢ ᠬᠢᠨᠠᠨ ᠪᠠᠶᠢᠴᠠᠭᠠᠨ᠎ᠠ᠃︵4︶ ᠭᠠᠳᠠᠭᠰᠢ ᠨᠡᠶᠢᠲᠡᠯᠡᠨ᠎ᠡ᠃ ᠪᠢᠴᠢᠭ ᠮᠠᠲ᠋ᠧᠷᠢᠶᠠᠯ ᠢ ᠢᠯᠡ ᠪᠠᠷ ᠳᠠᠷᠤᠮᠠᠯᠯᠠᠨ ᠲᠠᠷᠬᠠᠭᠠᠭᠰᠠᠨ 5 ᠠᠵᠢᠯᠯᠠᠬᠤ ᠡᠳᠦᠷ ᠤᠨ ᠳᠣᠲᠣᠷ᠎ᠠ᠂ ᠲᠤᠭᠤᠷᠪᠢᠨ ᠪᠢᠴᠢᠬᠦ ᠰᠠᠯᠠᠭ᠎ᠠ ᠮᠥᠴᠢᠷ ᠠᠴᠠ ᠪᠢᠴᠢᠭ ᠮᠠᠲ᠋ᠧᠷᠢᠶᠠᠯ ᠢ ᠳᠠᠭᠠᠵᠤ ᠬᠢᠨᠠᠨ ᠭᠠᠷ ᠤᠨ ᠥᠰᠥᠭ ᠵᠢᠷᠤᠭᠰᠠᠨ ᠤ ᠳᠠᠷᠠᠭᠠᠬᠢ ᠠᠯᠪᠠᠨ ᠪᠢᠴᠢᠭ ᠪᠠ ᠲᠠᠶᠢᠯᠤᠮᠵᠢ ᠬᠢᠭᠰᠡᠨ ᠮᠠᠲ᠋ᠧᠷᠢᠶᠠᠯ ᠢ ᠠᠯᠪᠠᠨ ᠪᠢᠴᠢᠭ ᠳᠠᠮᠵᠢᠭᠤᠯᠬᠤ ᠰᠢᠰᠲ᠋ᠧᠮ ᠢᠶᠠᠷ ᠳᠠᠮᠵᠢᠭᠤᠯᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠩᠭᠠᠵᠤ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠠᠯᠪᠠᠨ ᠰᠦᠯᠵᠢᠶ᠎ᠡ ᠪᠠᠷ ᠳᠠᠮᠵᠢᠭᠤᠯᠤᠨ ᠭᠠᠳᠠᠭᠰᠢ ᠨᠡᠶᠢᠲᠡᠯᠡᠨ᠎ᠡ᠃︵ᠬᠤᠶᠠᠷ︶ ᠲᠠᠶᠢᠯᠪᠤᠷᠢᠯᠠᠬᠤ ᠬᠡᠯᠪᠡᠷᠢ ᠶᠢ ᠲᠣᠳᠣᠷᠬᠠᠶᠢᠯᠠᠨ᠎ᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠡᠬᠡ ᠪᠢᠴᠢᠭ᠂ ᠵᠢᠷᠤᠭ ᠬᠦᠰᠦᠨᠦᠭᠲᠦ ᠶᠢᠨ ᠲᠠᠶᠢᠯᠪᠤᠷᠢ᠂ ᠲᠠᠭᠤᠨ ᠳᠠᠪᠲᠠᠮᠵᠢ᠂ ᠬᠠᠷᠠᠭᠠᠨ ᠳᠠᠪᠲᠠᠮᠵᠢ ᠵᠡᠷᠭᠡ ᠠᠷᠭ᠎ᠠ ᠮᠠᠶ᠋ᠢᠭ ᠢᠶᠠᠷ ᠳᠡᠯᠭᠡᠨ ᠦᠵᠡᠭᠦᠯᠵᠦ᠂ ᠲᠠᠶᠢᠯᠤᠮᠵᠢ ᠶᠢᠨ ᠮᠡᠳᠡᠭᠡ ᠵᠠᠩᠭᠢ ᠶᠢ ᠦᠵᠡᠵᠦ ᠪᠣᠯᠬᠤ᠂ ᠤᠩᠰᠢᠵᠤ ᠪᠣᠯᠬᠤ᠂ ᠮᠡᠳᠡᠷᠡᠵᠦ ᠪᠣᠯᠬᠤ ᠪᠣᠯᠭᠠᠨ᠎ᠠ᠃︵ᠭᠤᠷᠪᠠ︶ ᠲᠠᠶᠢᠯᠤᠮᠵᠢ ᠬᠢᠬᠦ ᠠᠷᠭ᠎ᠠ ᠵᠠᠮ ᠢ ᠥᠷᠭᠡᠳᠬᠡᠨ᠎ᠡ 1. ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠣᠯ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ ᠲᠠᠶᠢᠯᠪᠤᠷᠢᠯᠠᠬᠤ ᠨᠢᠭᠡᠳᠦᠭᠡᠷ ᠲᠠᠪᠴᠠᠩ ᠪᠣᠯᠣᠨ᠎ᠠ᠃ ᠵᠠᠰᠠᠭ ᠤᠨ ᠣᠷᠳᠣᠨ ᠤ ᠰᠦᠯᠵᠢᠶ᠎ᠡ ᠨᠢᠭᠡᠨᠲᠡ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾᠎ ᠶᠢᠨ ᠲᠤᠰᠬᠠᠢ ᠪᠤᠯᠤᠩ ᠭᠠᠷᠭᠠᠵᠤ᠂ ᠲᠠᠶᠢᠯᠤᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠪᠡ᠃ ᠲᠥᠷᠥ ᠎ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠲᠠᠶᠢᠯᠤᠮᠵᠢ ᠶᠢᠨ ᠮᠠᠲ᠋ᠧᠷᠢᠶᠠᠯ ᠢ ᠲᠡᠷᠡ ᠳᠠᠷᠤᠢ ᠳᠤᠨᠢ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠢ᠂ ᠪᠤᠰᠤᠳ ᠠᠷᠭ᠎ᠠ ᠵᠠᠮ ᠠᠴᠠ ᠬᠤᠴᠣᠷᠴᠤ ᠪᠣᠯᠬᠤ ᠦᠭᠡᠢ᠃ ᠪᠤᠰᠤᠳ ᠠᠷᠭ᠎ᠠ ᠵᠠᠮ ᠢᠶᠠᠷ ᠨᠡᠶᠢᠲᠡᠯᠡᠭᠰᠡᠨ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠳᠤ ᠵᠡᠷᠭᠡᠪᠡᠷ ᠮᠡᠳᠡᠭᠦᠯᠦᠨ ᠬᠦᠷᠭᠡᠬᠦ ᠶᠢᠨ ᠬᠠᠮᠲᠤ ᠤᠩᠰᠢᠨ ᠲᠠᠶᠢᠯᠪᠤᠷᠢᠯᠠᠬᠤ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠪᠠ ᠵᠠᠰᠠᠭ ᠤᠨ ᠣᠷᠳᠣᠨ ᠤ ᠰᠦᠯᠵᠢᠶ᠎ᠡ ᠶᠢᠨ ᠵᠠᠮ ᠮᠥᠷ ᠢ ᠭᠦᠢᠴᠡᠳ ᠠᠰᠢᠭᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠮᠡᠳᠡᠭᠡ ᠵᠠᠩᠭᠢ ᠶᠢ ᠨᠡᠶᠢᠲᠡᠯᠡᠵᠦ᠂ ᠤᠩᠰᠢᠨ ᠲᠠᠶᠢᠯᠪᠤᠷᠢᠯᠠᠬᠤ ᠮᠡᠳᠡᠭᠡ ᠵᠠᠩᠭᠢ ᠶᠢᠨ ᠭᠥᠯᠢᠶᠡᠨ ᠠᠪᠤᠭᠴᠢᠳ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠶ᠃3. ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ᠂ ᠨᠡᠶᠢᠭᠡᠮ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠪᠥᠬᠦ ᠲᠠᠯ᠎ᠠ ᠶᠢᠨ ᠲᠠᠶᠢᠯᠤᠮᠵᠢ ᠬᠢᠵᠦ ᠨᠡᠶᠢᠲᠡᠯᠡᠬᠦ ᠬᠡᠷᠡᠭᠲᠡᠢ᠃  ᠭᠤᠷᠪᠠ᠂  ᠠᠵᠢᠯ  ᠤᠨ ᠬᠤᠯᠪᠣᠭᠳᠠᠯ ᠪᠦᠬᠦᠢ ᠱᠠᠭᠠᠷᠳᠠᠯᠭ᠎ᠠᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠣᠰ ᠤᠨ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢᠨ ᠤᠯᠠᠮᠵᠢᠯᠠᠬᠤ ᠬᠦᠴᠦᠨ ᠪᠠ ᠨᠥᠯᠥᠭᠡᠯᠡᠬᠦ ᠬᠦᠴᠦᠨ ᠢ ᠦᠨᠡᠨ ᠬᠦ ᠴᠢᠩᠭᠠᠷᠠᠭᠤᠯᠤᠨ᠎ᠠ᠃ ᠲᠣᠰ ᠮᠡᠳᠡᠭᠳᠡᠯ ᠢ ᠪᠠᠭᠤᠯᠭᠠᠭᠰᠠᠨ ᠤ ᠳᠠᠷᠠᠭ᠎ᠠ᠂ ᠲᠥᠷᠥ ᠎ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠪᠴᠢᠶᠡᠨ ᠳᠤ ᠬᠠᠷᠢᠶᠠᠯᠠᠭᠳᠠᠬᠤ ᠪᠢᠴᠢᠭ ᠮᠠᠲ᠋ᠧᠷᠢᠶᠠᠯ ᠢ ᠴᠥᠮ ᠡᠷᠬᠡᠪᠰᠢ ᠢᠵᠢ ᠪᠦᠷᠢᠳᠦᠭᠦᠯᠦᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ᠬᠢᠬᠦ ᠶᠢᠨ ᠬᠠᠮᠲᠤ ᠵᠠᠰᠠᠭ ᠎ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠢ᠃︵ᠨᠢᠭᠡ︶ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠡᠳᠡᠭᠳᠡᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠵᠤ᠂  ᠲᠣᠰ ᠰᠠᠯᠠᠭ᠎ᠠ ᠮᠥᠴᠢᠷ ︵ᠨᠢᠭᠡᠴᠡ︶᠎ ᠤᠨ ᠢᠶᠠᠨ 2022 ᠣᠨ ᠠᠴᠠ ᠨᠠᠭᠠᠰᠢ ᠲᠣᠭᠲᠠᠭᠠᠨ ᠲᠠᠷᠬᠠᠭᠠᠭᠰᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠶᠢᠬᠠᠨ ᠵᠣᠬᠢᠶᠠᠨ ᠪᠠᠶᠢᠭᠤᠯᠤᠨ ᠪᠥᠬᠦ ᠲᠠᠯ᠎ᠠ ᠪᠠᠷ ᠡᠮᠬᠢᠯᠡᠵᠦ᠂ ᠢᠵᠢ ᠪᠦᠷᠢᠳᠦᠭᠦᠯᠦᠨ ᠲᠠᠶᠢᠯᠪᠤᠷᠢᠯᠠᠬᠤ ᠮᠠᠲ᠋ᠧᠷᠢᠶᠠᠯ ᠪᠠᠶᠢᠬᠤ ᠦᠭᠡᠢ ᠪᠢᠴᠢᠭ ᠮᠠᠲ᠋ᠧᠷᠢᠶᠠᠯ ᠪᠦᠬᠦᠨ ᠢ 2022 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠨᠥᠬᠦᠵᠦ ᠲᠠᠷᠬᠠᠭᠠᠬᠤ ᠬᠡᠷᠡᠭᠲᠡᠢ᠃ ︵ᠬᠤᠶᠠᠷ︶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠠᠵᠢᠯ ᠢ ᠨᠢᠭᠡᠨᠲᠡ ᠪᠥᠬᠦ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠵᠢᠭᠰᠠᠭᠠᠨ ᠣᠷᠣᠭᠤᠯᠵᠤ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠠᠵᠢᠯ ᠳᠤ ᠲᠣᠬᠢᠷᠠᠭᠤᠯᠤᠯᠲᠠ ᠬᠢᠬᠦ ᠪᠠ ᠨᠡᠷ᠎ᠡ ᠵᠢᠭᠰᠠᠭᠠᠨ᠎ᠠ᠃ ᠠᠵᠢᠯ ᠢ ᠴᠢᠬᠤᠯᠠᠴᠢᠯᠠᠬᠤ ᠦᠭᠡᠢ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠨᠢ ᠮᠠᠨ ᠤ ᠬᠤᠲᠠ ᠶᠢᠨ ᠪᠦᠬᠦ ᠠᠶᠢᠮᠠᠭ ᠤᠨ ᠨᠡᠷᠡᠰ ᠤᠨ ᠵᠢᠭᠰᠠᠭᠠᠯᠲᠠ ᠶᠢ ᠨᠥᠯᠥᠭᠡᠯᠡᠭᠰᠡᠨ ᠰᠠᠯᠠᠭ᠎ᠠ ᠮᠥᠴᠢᠷ ᠨᠢᠭᠡᠴᠡ ᠶᠢ ᠬᠤᠲᠠ ᠶᠢᠨ ᠵᠠᠰᠠᠭ ᠤᠨ ᠣᠷᠳᠣᠨ ᠠᠴᠠ ᠪᠠᠶᠢᠳᠠᠯ ᠢ ᠦᠵᠡᠵᠦ ᠪᠠᠶᠢᠭᠠᠳ ᠵᠠᠷᠯᠠᠨ ᠰᠢᠭᠦᠮᠵᠢᠯᠡᠨ᠎ᠡ᠃ᠳᠠᠭᠠᠯᠳᠤᠭᠤᠯᠤᠯ᠄ ᠲᠠᠶᠢᠯᠪᠤᠷᠢᠯᠠᠬᠤ ᠮᠠᠲ᠋ᠧᠷᠢᠶᠠᠯ ᠤᠨ ᠵᠠᠭᠪᠤᠷ ︵ᠵᠢᠱᠢᠶ᠎ᠡ︶ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                 2022 ᠣᠨ ᠤ 4 ᠰᠠᠷ᠎ᠠ ᠶᠢᠨ 29  ᠲᠠᠷᠬᠠᠭᠠᠪᠠᠳᠠᠭᠠᠯᠳᠤᠭᠤᠯᠤᠯᠲᠠᠶᠢᠯᠪᠤᠷᠢᠯᠠᠬᠤ ᠮᠠᠲ᠋ᠧᠷᠢᠶᠠᠯ ᠤᠨ ᠵᠠᠭᠪᠤᠷ︽×××︾ ᠲᠠᠶᠢᠯᠤᠮᠵᠢ ᠶᠢᠨ ᠮᠠᠲ᠋ᠧᠷᠢᠶᠠᠯᠨᠢᠭᠡ᠂  ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ ᠪᠠ ᠦᠨᠳᠦᠰᠦᠯᠡᠯᠬᠤᠶᠠᠷ᠂  ᠠᠵᠢᠯ  ᠤᠨ ᠱᠠᠭᠠᠷᠳᠠᠯᠭ᠎ᠠ᠂ ᠬᠠᠷᠠᠯᠲᠠ᠂ ᠡᠭᠦᠷᠭᠡᠭᠤᠷᠪᠠ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ ᠪᠠ ᠬᠤᠯᠪᠣᠭᠳᠠᠯ ᠪᠦᠬᠦᠢ ᠬᠤᠭᠤᠴᠠᠭ᠎ᠠᠳᠥᠷᠪᠡ᠂ ᠭᠤᠣᠯᠳᠠᠯᠭ᠎ᠠ ᠪᠤᠶᠤ ᠴᠢᠬᠤᠯᠠ ᠠᠭᠤᠯᠭ᠎ᠠ ᠶᠢᠨ ᠲᠠᠶᠢᠯᠤᠮᠵᠢᠲᠠᠪᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠠᠷᠠᠭᠠᠯᠵᠠᠯ ᠪᠤᠶᠤ ᠪᠤᠰᠤᠳ ᠵᠦᠢᠯᠵᠢᠷᠭᠤᠭ᠎ᠠ᠂ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢᠨ ᠬᠠᠷᠢᠴᠠᠭᠤᠯᠤᠯ ᠪᠤᠶᠤ ᠥᠩᠭᠡᠷᠡᠭᠰᠡᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠯᠤᠭ᠎ᠠ ᠶᠢᠨ ᠬᠠᠷᠢᠴᠠᠭ᠎ᠠ ︵ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠳᠤ ᠲᠣᠬᠢᠷᠠᠨ᠎ᠠ︶ᠳᠣᠯᠤᠭ᠎ᠠ᠂  ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠡᠷᠡᠭᠵᠢᠭᠦᠯᠬᠦ ᠴᠠᠭᠲᠠᠶᠢᠯᠪᠤᠷᠢ᠄ 1. ᠬᠡᠯᠪᠡᠷᠢ ᠨᠢ ᠣᠯᠠᠨ ᠶᠠᠩᠵᠤ ᠶᠢᠨ ᠪᠠᠶᠢᠵᠤ ᠪᠣᠯᠣᠨ᠎ᠠ᠂ ᠡᠭᠦᠨ ᠳᠤ ᠨᠢᠭᠡ ᠠᠰᠠᠭᠤᠯᠲᠠ ᠨᠢᠭᠡ ᠬᠠᠷᠢᠭᠤᠯᠲᠠ ᠶᠢᠨ ᠬᠡᠯᠪᠡᠷᠢ᠂ ᠲᠣᠭᠠᠴᠢᠯᠲᠠ ᠶᠢᠨ ᠬᠡᠯᠪᠡᠷᠢ᠂  ᠭᠡᠳᠡᠷᠭᠦ ᠠᠰᠠᠭᠤᠯᠲᠠ ᠶᠢᠨ ᠬᠡᠯᠪᠡᠷᠢ ᠵᠡᠷᠭᠡ ᠪᠠᠭᠲᠠᠨ᠎ᠠ᠃2. ᠬᠡᠪ ᠵᠠᠭᠪᠤᠷ ᠢ ᠵᠥᠪᠬᠡᠨ ᠯᠠᠪᠯᠠᠯᠲᠠ ᠪᠣᠯᠭᠠᠵᠤ᠂ ᠠᠳᠠᠯᠢ ᠪᠤᠰᠤ ᠠᠭᠤᠯᠭ᠎ᠠ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠤᠣᠯᠳᠠᠯᠭ᠎ᠠ ᠨᠢ ᠠᠳᠠᠯᠢ ᠪᠤᠰᠤ ᠪᠠᠶᠢᠳᠠᠭ᠃ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  2022 ᠣᠨ ᠤ 4 ᠰᠠᠷ᠎ᠠ ᠶᠢᠨ 29᠎ ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号