ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ᠄ | ᠲᠣᠭᠠᠴᠢᠯᠠᠭᠰᠠᠨ ᠵᠠᠰᠠᠭ ᠤᠨ ᠣᠷᠳᠣᠨ᠂ ᠰᠢᠨ᠎ᠡ ᠮᠠᠶ᠋ᠢᠭ ᠤᠨ ᠣᠶᠣᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠶᠢᠨ ᠲᠥᠯᠥᠭᠡ᠂ ᠲᠣᠮᠣ ᠳ᠋ᠠᠶᠢᠲ᠋ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ | ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠶᠡᠭᠡ ᠪᠠᠷ ᠠᠬᠢᠭᠤᠯᠵᠤ᠂ | ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ | ᠨᠡᠩ ᠰᠠᠶᠢᠲᠤᠷ ᠪᠡᠶᠡᠯᠡᠭᠦᠯᠵᠦ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠲᠤᠶᠢᠯᠪᠤᠷᠢᠲᠠᠢ ᠡᠪᠳᠡᠵᠦ᠂ | ᠥᠩᠭᠡᠷᠡᠭᠰᠡᠨ ᠤ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠦᠯ | ᠵᠦᠢᠯ ᠤᠨ ᠶᠠᠪᠤᠴᠠ ᠳᠤ ᠲᠤᠰ ᠲᠤᠰ ᠲᠠᠭᠠᠨ ᠲᠤᠭ ᠪᠣᠰᠬᠠᠬᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠪᠠ | ᠪᠡᠯᠡ ᠮᠥᠩᠭᠦ ᠶᠢ ᠬᠦᠨᠳᠦ ᠨᠣᠴᠢᠲᠠᠢ ᠪᠦᠷᠢᠯᠭᠡᠨ ᠰᠦᠢᠳᠬᠡᠬᠦ᠂ ᠬᠡᠷᠡᠭᠯᠡᠭᠡᠨ ᠤ ᠰᠢᠰᠲ᠋ᠧᠮ ᠢ ᠨᠡᠭᠡᠭᠡᠨ ᠠᠰᠢᠭᠯᠠᠬᠤ | ᠬᠢᠷᠢ ᠬᠡᠮᠵᠢᠶ᠎ᠡ ᠬᠤᠴᠤᠷᠤᠩᠭᠤᠢ᠂ ᠲᠦᠷᠢᠮᠵᠢᠭᠦᠯᠦᠭᠰᠡᠨ ᠬᠡᠮᠵᠢᠶ᠎ᠡ ᠨᠡᠯᠢᠶᠡᠳ ᠳᠣᠣᠷ᠎ᠠ ᠪᠠᠶᠢᠬᠤ ᠪᠠ ᠮᠡᠳᠡᠭᠡ | ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠳᠤᠲᠠᠮᠠᠭ ᠪᠠᠶᠢᠬᠤ ᠵᠡᠷᠭᠡ ᠠᠰᠠᠭᠤᠳᠠᠯ ᠢ | ᠰᠢᠢᠳᠪᠦᠷᠢᠯᠡᠨ᠎ᠡ᠃ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠪᠥᠬᠦ ᠠᠶᠢᠮᠠᠭ ᠤᠨ | ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠲᠣᠭᠲᠠᠭᠠᠵᠤ ᠳᠠᠩᠰᠠᠯᠠᠬᠤ ᠠᠵᠢᠯ ᠢ | ᠴᠢᠩᠭᠠᠳᠬᠠᠬᠤ ᠲᠤᠬᠠᠢ ᠮᠡᠳᠡᠭᠳᠡᠯ︾ ᠪᠠ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ | ᠪᠥᠬᠦ ᠠᠶᠢᠮᠠᠭ ᠤᠨ ᠲᠣᠮᠣ ᠳ᠋ᠠᠶᠢᠲ᠋ᠠ ᠶᠢᠨ ᠬᠠᠮᠢᠶ᠎ᠠ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠰᠠᠭᠤᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ | ᠶᠣᠰᠣᠭᠠᠷ᠂ ᠡᠳᠦᠭᠡ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯᠡᠰ ᠢ ᠰᠠᠶᠢᠲᠤᠷ ᠬᠢᠬᠦ ᠲᠤᠬᠠᠢ ᠳᠣᠣᠷᠠᠬᠢ ᠮᠡᠲᠦ | ᠮᠡᠳᠡᠭᠳᠡᠶ᠎ᠡ᠄ | ᠨᠢᠭᠡ᠂ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠵᠤ ᠳᠠᠩᠰᠠᠯᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ | ᠡᠯ᠎ᠡ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠪᠡᠯᠡ ᠣᠷᠣᠭᠤᠯᠤᠭᠰᠠᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ︵ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤ᠂ | ᠬᠤᠲᠠ ᠶᠢᠨ ᠱᠠᠲᠤᠨ ᠤ ᠨᠢᠭᠡᠳᠦᠯᠲᠡᠢ ᠲᠣᠬᠢᠷᠠᠭᠤᠯᠤᠭᠰᠠᠨ ᠪᠥᠭᠡᠳ ᠪᠡᠯᠡ ᠮᠥᠩᠭᠦ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠭᠰᠡᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠪᠠᠭᠲᠠᠨ᠎ᠠ︶ ᠳᠤ ᠬᠢᠨᠠᠨ ᠲᠣᠭᠲᠠᠭᠠᠵᠤ | ᠳᠠᠩᠰᠠᠯᠠᠬᠤ ᠳᠦᠷᠢᠮ ᠢ ᠬᠡᠷᠡᠭᠵᠢᠭᠦᠯᠵᠦ᠂ ᠬᠤᠲᠠ ᠶᠢᠨ ᠣᠶᠣᠨᠴᠢ ᠬᠤᠲᠠ ᠶᠢᠨ ᠵᠢᠯᠤᠭᠤᠳᠬᠤ ᠲᠥᠪ ︵ᠲᠣᠮᠣ | ᠳ᠋ᠠᠶᠢᠲ᠋ᠠ ᠶᠢᠨ ᠲᠥᠪ︶ ᠠᠴᠠ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠲᠥᠷᠥᠯ ᠵᠦᠢᠯ ᠤᠨ | ᠪᠣᠯᠣᠮᠵᠢᠲᠤ ᠴᠢᠨᠠᠷ ᠪᠤᠶᠤ ᠬᠡᠷᠡᠭᠵᠢᠭᠦᠯᠬᠦ ᠲᠥᠰᠥᠯ ᠳᠤ ᠬᠢᠨᠠᠨ ᠲᠣᠭᠲᠠᠭᠠᠯᠲᠠ ᠬᠢᠵᠦ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭᠠᠬᠢ ᠲᠥᠰᠥᠯ ᠢᠶᠠᠨ ᠬᠤᠲᠠ ᠶᠢᠨ ᠣᠶᠣᠨᠴᠢ ᠬᠤᠲᠠ ᠶᠢᠨ | ᠵᠢᠯᠤᠭᠤᠳᠬᠤ ᠲᠥᠪ ︵ᠲᠣᠮᠣ ᠳ᠋ᠠᠶᠢᠲ᠋ᠠ ᠶᠢᠨ ᠲᠥᠪ︶ ᠳᠤ ᠮᠡᠳᠡᠭᠦᠯᠦᠨ ᠳᠠᠩᠰᠠᠯᠠᠭᠤᠯᠵᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠬᠠᠮᠢᠶ᠎ᠠ ᠪᠦᠬᠦᠢ ᠳᠠᠩᠰᠠᠯᠠᠭᠤᠯᠬᠤ ᠭᠠᠷᠳᠠᠮ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠠᠶ᠋ᠢ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠰᠠᠯᠭᠠᠨ ᠥᠭᠴᠦ ᠪᠣᠯᠣᠨ᠎ᠠ᠃ ᠡᠭᠦᠨ ᠤ ᠬᠠᠮᠲᠤ᠂ ᠨᠡᠶᠢᠭᠡᠮ ᠤᠨ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢᠵᠢᠯᠲᠠ᠂ ᠲᠣᠮᠣ ᠳ᠋ᠠᠶᠢᠲ᠋ᠠ ᠶᠢᠨ ᠲᠥᠷᠥᠯ | ᠵᠦᠢᠯ ᠤᠨ ᠬᠠᠮᠢᠶᠠᠷᠤᠯᠲᠠ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢᠨ ᠮᠡᠳᠡᠭᠡ ᠵᠠᠩᠭᠢᠵᠢᠯᠲᠠ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠲᠥᠷᠥᠯ ᠵᠦᠢᠯ ᠢ | ᠬᠤᠲᠠ ᠶᠢᠨ ᠣᠶᠣᠨᠴᠢ ᠬᠤᠲᠠ ᠶᠢᠨ ᠵᠢᠯᠤᠭᠤᠳᠬᠤ ᠲᠥᠪ ︵ᠲᠣᠮᠣ ᠳ᠋ᠠᠶᠢᠲ᠋ᠠ ᠶᠢᠨ ᠲᠥᠪ︶ ᠠᠴᠠ ᠲᠤᠰᠬᠠᠢ | ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠲᠥᠷᠥᠯ ᠵᠦᠢᠯ ᠤᠨ ᠪᠣᠯᠣᠮᠵᠢᠲᠤ ᠴᠢᠨᠠᠷ ᠪᠠ ᠬᠡᠷᠡᠭᠵᠢᠭᠦᠯᠬᠦ | ᠲᠥᠰᠥᠯ ᠢ ᠨᠤᠲᠠᠯᠠᠭᠤᠯᠤᠭᠰᠠᠨ ᠤ ᠳᠠᠷᠠᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠲᠥᠷᠥᠯ ᠬᠤᠪᠢᠶᠠᠨ ᠬᠢᠨᠠᠨ | ᠵᠥᠪᠰᠢᠶᠡᠷᠡᠨ᠎ᠡ᠃ | ᠬᠤᠶᠠᠷ᠂ ᠠᠶᠢᠮᠠᠭ ᠬᠤᠲᠠ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠵᠢᠯᠤᠭᠤᠳᠬᠤ ᠲᠥᠪ ᠲᠤ ᠲᠦᠰᠢᠭᠯᠡᠨ | ᠬᠡᠷᠡᠭᠯᠡᠭᠡᠨ ᠤ ᠲᠠᠪᠴᠠᠩ ᠤᠨ ᠲᠥᠪᠯᠡᠷᠡᠩᠭᠦᠢ ᠪᠠᠶᠢᠷᠢᠯᠠᠭᠤᠯᠤᠯᠲᠠ ᠶᠢ ᠪᠡᠶᠡᠯᠡᠭᠦᠯᠬᠦ ᠬᠡᠷᠡᠭᠲᠡᠢ | ᠲᠥᠷᠥ ᠶᠢᠨ ᠶᠠᠪᠤᠳᠠᠯ ᠤᠨ ᠬᠤᠷᠢᠶᠠᠨ ᠤ ︽ᠲᠣᠮᠣ ᠳ᠋ᠠᠶᠢᠲ᠋ᠠ ᠶᠢᠨ ᠬᠥᠭᠵᠢᠯᠲᠡ ᠶᠢ ᠠᠬᠢᠭᠤᠯᠬᠤ ᠠᠵᠢᠯᠯᠠᠭᠠᠨ ᠤ | ᠬᠥᠲᠥᠯᠪᠦᠷᠢ︾ ︵ᠲᠥᠷᠥ ᠲᠠᠷᠬᠠᠭᠠᠭᠰᠠᠨ ﹇2015﹈ 50 ᠳ᠋ᠤᠭᠠᠷ ᠲᠣᠭᠠᠲᠤ︶ ᠶᠢᠨ ︽ᠭᠠᠵᠠᠷ ᠤᠨ ᠳᠡᠰ ᠤᠨ | ᠬᠤᠲᠠ ᠠᠴᠠ ᠳᠡᠭᠡᠭᠰᠢᠬᠢ ︵ᠲᠤᠰᠬᠠᠢ ᠣᠷᠣᠨ ᠤ ᠳᠡᠰ ᠤᠨ ᠬᠤᠲᠠ ᠪᠠᠭᠲᠠᠨ᠎ᠠ︶ ᠶᠢᠨ ᠵᠠᠰᠠᠭ ᠤᠨ ᠣᠷᠳᠣᠨ ᠳᠤ | ᠨᠢᠭᠡᠳᠦᠯᠲᠡᠢ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠥᠪ᠂ ᠮᠡᠳᠡᠭᠡ ᠵᠠᠩᠭᠢ ᠶᠢᠨ | ᠲᠠᠪᠴᠠᠩ ᠪᠠ ᠮᠡᠳᠡᠭᠡ ᠵᠠᠩᠭᠢ ᠶᠢᠨ ᠰᠢᠰᠲ᠋ᠧᠮ ᠢ ᠲᠥᠪᠯᠡᠷᠡᠭᠦᠯᠦᠨ ᠪᠠᠶᠢᠭᠤᠯᠵᠤ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠲᠤᠰᠬᠠᠢ ᠣᠷᠣᠨ ᠤ ᠳᠡᠰ ᠤᠨ ᠬᠤᠲᠠ ᠠᠴᠠ | ᠳᠣᠷᠣᠭᠰᠢᠬᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠲᠤᠰᠠᠭᠠᠷ ᠲᠤᠭ᠎ᠠ | ᠪᠠᠷᠢᠮᠲᠠ ᠶᠢᠨ ᠲᠥᠪ᠂ ᠲᠤᠰᠬᠠᠢ ᠰᠦᠯᠵᠢᠶ᠎ᠡ ᠪᠣᠯᠣᠨ ᠬᠡᠷᠡᠭᠯᠡᠭᠡᠨ ᠤ ᠰᠢᠰᠲ᠋ᠧᠮ ᠢ ᠳᠠᠭᠢᠵᠤ ᠰᠢᠨ᠎ᠡ ᠪᠠᠷ ᠪᠠᠶᠢᠭᠤᠯᠬᠤ | ᠦᠭᠡᠢ︾ ᠭᠡᠰᠡᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠤᠷᠠᠳᠴᠤ᠂ ᠡᠯ᠎ᠡ ᠰᠠᠯᠠᠭ᠎ᠠ ᠮᠥᠴᠢᠷ ᠤᠳ ᠵᠠᠷᠴᠢᠮ | ᠳᠡᠭᠡᠷ᠎ᠡ ᠪᠠᠨ ᠲᠤᠰᠠᠭᠠᠷ ᠮᠠᠰᠢᠨ ᠤ ᠭᠡᠷ᠂ ᠲᠤᠭ᠎ᠠ ᠪᠠᠷᠢᠮᠲᠠ ᠶᠢᠨ ᠲᠥᠪ ᠪᠠ ᠲᠤᠰᠬᠠᠢ ᠬᠡᠷᠡᠭᠯᠡᠬᠦ ᠲᠣᠣᠷ | ᠰᠦᠯᠵᠢᠶ᠎ᠡ ᠶᠢ ᠳᠠᠭᠢᠵᠤ ᠰᠢᠨ᠎ᠡ ᠪᠠᠷ ᠪᠠᠶᠢᠭᠤᠯᠬᠤ ᠦᠭᠡᠢ᠂ ᠦᠢᠯᠡᠴᠢᠯᠡᠭᠡᠨ᠂ ᠬᠠᠳᠠᠭᠠᠯᠠᠬᠤ᠂ ᠳ᠋ᠠᠶᠢᠲ᠋ᠠ ᠬᠥᠮᠥᠷᠭᠡ᠂ | ᠲᠤᠯᠭᠠᠭᠤᠷᠢᠯᠠᠬᠤ ᠵᠥᠭᠡᠯᠡᠨ ᠲᠣᠨᠤᠭ᠂ ᠮᠡᠳᠡᠭᠡ ᠵᠠᠩᠭᠢ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠪᠡᠯᠡᠳᠬᠡᠯ | ᠵᠡᠷᠭᠡ ᠰᠠᠭᠤᠷᠢ ᠪᠡᠯᠡᠳᠬᠡᠮᠵᠢ ᠶᠢ ᠠᠰ ᠲᠤᠨᠢ ᠬᠤᠳᠠᠯᠳᠤᠨ ᠠᠪᠬᠤ ᠦᠭᠡᠢ ᠪᠠᠶᠢᠵᠤ᠂ ᠬᠤᠲᠠ ᠶᠢᠨ ᠣᠶᠤᠨᠲᠤ | ᠬᠤᠲᠠ ᠶᠢᠨ ᠵᠢᠯᠤᠭᠤᠳᠬᠤ ᠲᠥᠪ ︵ᠲᠣᠮᠣ ᠲᠤᠭ᠎ᠠ ᠪᠠᠷᠢᠮᠲᠠ ᠶᠢᠨ ᠲᠥᠪ︶ ᠠᠴᠠ ᠪᠥᠬᠦ ᠬᠤᠲᠠ ᠶᠢᠨ ᠡᠯ᠎ᠡ | ᠰᠠᠯᠠᠭ᠎ᠠ ᠮᠥᠴᠢᠷ ᠤᠨ ᠬᠡᠷᠡᠭᠰᠡᠬᠦ ᠪᠤᠳᠤᠬᠤ᠂ ᠬᠠᠳᠠᠭᠠᠯᠠᠬᠤ ᠡᠬᠢ ᠪᠠᠶᠠᠯᠢᠭ ᠢ ᠨᠢᠭᠡᠳᠦᠯᠲᠡᠢ ᠬᠤᠪᠢᠶᠠᠷᠢᠯᠠᠬᠤ ᠪᠠ | ᠲᠤᠯᠭᠠᠭᠤᠷᠢᠯᠠᠬᠤ ᠦᠢᠯᠡᠴᠢᠯᠡᠭᠡ ᠬᠠᠩᠭᠠᠨ᠎ᠠ᠃ | ᠭᠤᠷᠪᠠ᠂ ᠲᠣᠭᠠᠴᠢᠯᠠᠭᠰᠠᠨ ᠠᠵᠤ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ | ᠬᠡᠷᠡᠭᠲᠡᠢ | ᠡᠯ᠎ᠡ ᠰᠠᠯᠠᠭ᠎ᠠ ᠮᠥᠴᠢᠷ ᠤᠳ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ ᠲᠣᠭᠠᠴᠢᠯᠠᠭᠰᠠᠨ ᠠᠵᠤ ᠦᠢᠯᠡᠰ ᠤᠨ ᠬᠠᠮᠢᠶ᠎ᠠ | ᠪᠦᠬᠦᠢ ᠲᠥᠷᠥᠯ ᠵᠦᠢᠯ ᠪᠠ ᠪᠡᠯᠡ ᠮᠥᠩᠭᠦ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠯᠠᠨ ᠠᠷᠭ᠎ᠠ | ᠵᠠᠮ ᠢᠶᠠᠷ ᠲᠡᠮᠡᠴᠡᠨ ᠣᠯᠵᠤ᠂ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠂ ᠲᠥᠷᠥᠯ ᠵᠦᠢᠯ ᠢ ᠬᠢᠨᠠᠨ ᠲᠣᠭᠲᠠᠭᠠᠵᠤ ᠳᠠᠩᠰᠠᠯᠠᠭᠤᠯᠬᠤ ᠲᠣᠭᠲᠠᠴᠠ ᠶᠢ ᠴᠢᠩᠭ᠎ᠠ | ᠬᠡᠷᠡᠭᠵᠢᠭᠦᠯᠵᠦ᠂ ᠬᠢᠨᠠᠨ ᠬᠠᠷᠭᠤᠭᠤᠯᠵᠤ ᠪᠠᠲᠤᠯᠠᠭᠤᠯᠤᠭᠰᠠᠨ ᠦᠭᠡᠢ ᠲᠥᠷᠥᠯ ᠵᠦᠢᠯ ᠪᠦᠬᠦᠨ ᠢ ᠬᠤᠪᠢᠷᠠᠭᠤᠯᠵᠤ | ᠪᠣᠯᠬᠤ ᠦᠭᠡᠢ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠶᠠᠪᠤᠭᠳᠠᠭᠤᠯᠵᠤ ᠪᠣᠯᠬᠤ ᠦᠭᠡᠢ᠃ | | 2022 ᠣᠨ ᠤ 2 ᠰᠠᠷ᠎ᠠ ᠶᠢᠨ 28 | ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 2 ᠰᠠᠷ᠎ᠠ ᠶᠢᠨ | 28 ᠤ ᠡᠳᠦᠷ ᠳᠠᠷᠤᠮᠠᠯᠯᠠᠨ ᠲᠠᠷᠬᠠᠭᠠᠪᠠ | | |