ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠯᠢ ᠶᠢᠨ ᠭᠤᠣᠯ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠠᠵᠢᠯ ᠤᠨ ᠤᠳᠤᠷᠢᠳᠬᠤ  ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/8/1
 ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠯᠢ ᠶᠢᠨ ᠭᠤᠣᠯ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠠᠵᠢᠯ ᠤᠨ ᠤᠳᠤᠷᠢᠳᠬᠤ  ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠳᠡᠯ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠳᠤ᠄ ᠰᠢᠯᠢ ᠶᠢᠨ ᠭᠤᠣᠯ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠡᠳᠦᠷ ᠲᠤᠲᠤᠮ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠬᠠᠮᠢᠶᠠᠷᠬᠤ ᠠᠵᠢᠯ ᠢ ᠨᠠᠩ ᠰᠠᠶᠢᠨ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ  ᠠᠴᠠ ᠰᠢᠯᠢ ᠶᠢᠨ ᠭᠤᠣᠯ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠵᠤ᠂ ᠪᠦᠷᠢᠯᠳᠦᠭᠦᠨ ᠨᠢ ᠳᠣᠣᠷᠠᠬᠢ ᠮᠡᠲᠦ᠄ ᠳᠤᠭᠤᠶᠢᠯᠠᠩ ᠤᠨ ᠳᠠᠷᠤᠭ᠎ᠠ᠄ ᠪᠦᠷᠢᠨᠵᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄ ᠲᠣᠯᠭᠠᠭᠤᠷᠢ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠪᠦᠷᠢᠯᠳᠦᠭᠦᠨ᠄ ᠶᠠᠩ ᠵᠢᠶᠠᠨ ᠵᠢᠶᠦ᠋ᠨ ᠪᠠᠶᠠᠨᠰᠢᠯᠢ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠲᠠᠯᠠᠪᠠᠶ ᠶᠢᠨ ᠳᠠᠷᠤᠭ᠎ᠠ ᠬᠤᠣᠰᠪᠠᠶᠠᠷ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠭᠡᠷᠡᠯᠴᠣᠭᠲᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠵᠢᠶᠠ ᠷᠧᠩ ᠬᠤᠢ ᠣᠷᠣᠨ ᠲᠤᠭ᠎ᠠ ᠶᠢᠨ ᠠᠯᠪᠠᠨ ᠭᠡᠷ ᠤᠨ ᠡᠷᠬᠢᠯᠡᠭᠴᠢ ᠶᠣᠣ ᠯᠢᠶᠠᠩ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠸᠧ ᠶᠢᠩ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠱᠠᠩ ᠬᠤᠸᠠᠢ ᠭᠦᠸᠧ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠼᠦᠢ ᠬᠤᠩ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠣᠪᠴᠢᠶᠠᠨ ᠤ ᠳᠠᠷᠤᠭ᠎ᠠ ᠣᠷᠳᠣᠨᠠᠰᠣᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠬᠤᠩ ᠯᠢ ᠭᠦᠸᠧ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠪᠠᠢ ᠪᠦᠦ ᠱᠠᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠬᠦᠬᠡᠪᠠᠷᠰ ᠤᠢ ᠰᠢᠭᠤᠢ ᠶᠢᠨ ᠲᠣᠪᠴᠢᠶ᠎ᠠ ᠶᠢᠨ ᠳᠠᠷᠤᠭ᠎ᠠ ᠭᠦᠸᠧ ᠹᠧᠢ ᠹᠧᠢ ᠠᠮᠢ ᠠᠬᠤᠢ ᠶᠢᠨ ᠣᠷᠴᠢᠨ ᠲᠣᠭᠤᠷᠢᠨ ᠤᠨ ᠬᠠᠮᠠᠭᠠᠯᠠᠯᠲᠠ ᠶᠢᠨ ᠲᠣᠪᠴᠢᠶᠠᠨ ᠤ ᠳᠠᠷᠤᠭ᠎ᠠ ᠯᠢ ᠵᠢᠶᠠᠨ ᠬᠤᠩ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠬᠤᠩ ᠲᠤᠸ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠲᠥᠷᠦᠪᠠᠳᠣ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠶᠠᠩ ᠬᠠᠢ ᠮᠣᠳᠣᠨ ᠮᠠᠯᠵᠢᠯ ᠤᠨ ᠲᠠᠯᠠᠪᠠᠢ ᠶᠢᠨ ᠳᠠᠷᠤᠭ᠎ᠠ ᠥᠷᠭᠡᠨ ᠪᠢᠯᠢᠭ ᠮᠠᠯᠵᠢᠯ ᠤᠨ ᠲᠠᠯᠠᠪᠠᠢ ᠶᠢᠨ ᠳᠠᠷᠤᠭ᠎ᠠ ᠷᠧᠨ ᠳ᠋ᠢᠶᠠᠨ ᠢᠦᠢ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠳᠠᠷᠤᠭ᠎ᠠ ᠸᠠᠩ ᠵᠠᠨ ᠴᠦᠨ ᠪᠠᠶᠠᠨᠬᠦᠷᠢᠶ᠎ᠡ ᠮᠠᠯᠵᠢᠯ ᠤᠨ ᠲᠠᠯᠠᠪᠠᠶ ᠶᠢᠨ ᠳᠡᠳ᠋ ᠳᠠᠷᠤᠭ᠎ᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠠᠷᠤᠭ᠎ᠠ ᠬᠤᠩ ᠯᠢ ᠭᠦᠸᠧ ᠨᠥᠬᠦᠷ ᠬᠠᠪᠰᠤᠷᠭᠠᠨ ᠬᠠᠷᠢᠭᠤᠴᠠᠨ᠎ᠠ᠃ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠦᠷᠭᠦᠯᠵᠢᠯᠡᠨ ᠬᠥᠭᠵᠢᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠬᠠᠷᠢᠭᠤᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃ ᠡᠳ᠋ ᠤᠨ ᠵᠠᠰᠠᠭ ᠤᠨ ᠲᠣᠪᠴᠢᠶ᠎ᠠ᠄ ᠬᠦᠷᠢᠶᠡᠯᠡᠩ ᠲᠣᠭᠤᠷᠢᠭ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠬᠠᠷᠢᠭᠤᠴᠠᠵᠤ᠂ ᠭᠠᠵᠠᠷ ᠰᠢᠷᠣᠢ᠂ ᠭᠠᠶᠢᠯᠢ ᠲᠠᠲᠠᠪᠤᠷᠢ ᠵᠢᠴᠢ ᠡᠳ᠋ ᠤᠨ ᠵᠠᠰᠠᠭ ᠤᠨ ᠨᠥᠬᠦᠪᠦᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠂ ᠣᠯᠠᠨ ᠡᠰᠢᠵᠢᠭ᠍ᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠬᠦ ᠳᠦᠷᠢᠮ ᠢ ᠪᠠᠶᠢᠭᠤᠯᠬᠤ ᠶᠢ ᠬᠠᠷᠢᠭᠤᠴᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠥᠳᠡᠯᠮᠦᠷᠢ ᠬᠦᠴᠦᠨ ᠢ ᠰᠢᠩᠭᠡᠬᠡᠨ ᠠᠪᠬᠤ ᠶᠢ ᠵᠢᠯᠤᠭᠤᠳᠴᠤ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠄ ᠬᠦᠷᠢᠶᠡᠯᠡᠩ ᠲᠣᠭᠤᠷᠢᠭ ᠤᠨ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠵᠢᠯᠤᠭᠤᠳᠴᠤ᠂ ᠡᠪᠡᠰᠦ ᠪᠣᠷᠳᠤᠭ᠎ᠠ ᠳᠠᠷᠢᠬᠤ᠂ ᠮᠠᠯ ᠲᠡᠵᠢᠭᠡᠪᠦᠷᠢ ᠲᠡᠵᠢᠭᠡᠨ ᠦᠷᠡᠵᠢᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠲᠥᠷᠥᠯ ᠵᠦᠢᠯ ᠤᠨ ᠳᠡᠮᠵᠢᠯᠭᠡ ᠪᠠ ᠮᠡᠷᠭᠡᠵᠢᠯ ᠤᠨ ᠵᠢᠯᠣᠭᠤᠳᠤᠯᠭ᠎ᠠ ᠦᠵᠡᠭᠦᠯᠦᠨ᠎ᠡ᠃ ᠤᠯᠤᠰ ᠤᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠪᠣᠶᠢᠵᠢᠭᠤᠯᠬᠤ ᠢᠨᠵᠧᠨᠧᠷᠢᠩ ᠳᠤ ᠲᠦᠰᠢᠭᠯᠡᠨ᠂ ᠬᠦᠷᠢᠶᠡᠯᠡᠩ ᠲᠣᠭᠤᠷᠢᠭ ᠲᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠨ ᠬᠠᠮᠢᠶᠠᠷᠤᠭᠴᠢ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠬᠠᠮᠢᠶᠠᠷᠤᠭᠴᠢ ᠪᠠ ᠲᠤᠰᠬᠠᠢ ᠮᠡᠷᠭᠡᠵᠢᠯ ᠤᠨ ᠴᠢᠨᠠᠷᠲᠠᠢ ᠦᠢᠯᠡᠴᠢᠯᠡᠭᠡᠨ ᠤ ᠴᠢᠳᠠᠪᠤᠷᠢᠲᠠᠨ ᠵᠡᠷᠭᠡ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠭᠤᠣᠯᠳᠠᠯᠭ᠎ᠠ ᠲᠠᠢ ᠬᠥᠮᠥᠵᠢᠭᠦᠯᠦᠨ᠎ᠡ᠃ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠬᠤ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠪᠠᠶᠢᠭᠤᠯᠤᠮᠵᠢ ᠶᠢᠨ ᠬᠠᠮᠲᠤᠷᠠᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠠ ᠬᠤᠪᠢᠷᠠᠭᠤᠯᠬᠤ ᠦᠢᠯᠡᠴᠢᠯᠡᠭᠡ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠪᠠ ᠣᠳᠣᠬᠢᠴᠢᠯᠠᠯᠲᠠ ᠶᠢᠨ ᠠᠬᠢᠴᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠬᠦᠴᠦ ᠨᠡᠮᠡᠷᠢᠯᠡᠬᠦ ᠶᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠲᠡᠳᠬᠦᠵᠦ ᠪᠤᠵᠠᠭᠠᠶᠢᠷᠠᠭᠤᠯᠤᠨ᠎ᠠ᠃ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠄ ᠬᠦᠷᠢᠶᠡᠯᠡᠩ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠨᠡᠭᠡᠭᠡᠨ ᠠᠰᠢᠭᠯᠠᠯᠲᠠ ᠥᠷᠨᠢᠭᠦᠯᠬᠦ ᠶᠢ ᠬᠠᠷᠢᠭᠤᠴᠠᠨ ᠵᠢᠯᠤᠭᠤᠳᠴᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠪ ᠳᠠᠭᠤᠷᠢᠶᠠᠯ ᠢ ᠪᠣᠶ ᠪᠣᠯᠭᠠᠨ᠎ᠠ᠃ ᠤᠰᠤᠨ ᠠᠰᠢᠭᠯᠠᠯᠲᠠ ᠶᠢᠨ ᠲᠣᠪᠴᠢᠶ᠎ᠠ᠄ ᠬᠦᠷᠢᠶᠡᠯᠡᠩ ᠲᠣᠭᠤᠷᠢᠭ ᠤᠨ ᠤᠰᠤ ᠠᠷᠪᠢᠯᠠᠬᠤ ᠤᠰᠤᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠄ ᠬᠦᠷᠢᠶᠡᠯᠡᠩ ᠲᠣᠭᠤᠷᠢᠭ ᠢ ᠪᠠᠬᠢᠵᠢᠭᠦᠯᠦᠨ ᠥᠷᠭᠡᠳᠬᠡᠬᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠴᠢᠨᠠᠭᠰᠢᠳᠠ ᠨᠡᠮᠡᠭᠳᠡᠭᠦᠯᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠬᠦᠷᠢᠶᠡᠯᠡᠩ ᠲᠣᠭᠤᠷᠢᠭ ᠤᠨ ᠳᠣᠲᠣᠷᠠᠬᠢ ᠮᠢᠬᠠᠨ ᠢᠳᠡᠭᠡᠨ᠂ ᠮᠠᠯ ᠤᠨ ᠠᠰᠢᠭ ᠰᠢᠮ᠎ᠡ᠂ ᠲᠡᠵᠢᠭᠡᠯ ᠡᠪᠡᠰᠦ ᠵᠢᠴᠢ ᠲᠥᠮᠥᠰᠥ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠭᠤᠶᠤᠴᠢᠯᠠᠯ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠰᠤᠳᠤᠯᠤᠨ ᠨᠡᠭᠡᠭᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠦᠨ᠎ᠡ᠃ ᠰᠣᠶᠣᠯ ᠤᠨ ᠵᠢᠭᠤᠯᠴᠢᠯᠠᠯ ᠤᠨ ᠲᠣᠪᠴᠢᠶ᠎ᠠ᠄ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠶᠢ ᠰᠠᠶᠢᠲᠤᠷ ᠬᠢᠵᠦ᠂ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠤᠨ ᠦᠷᠭᠦᠯᠵᠢᠯᠡᠭᠰᠡᠨ ᠴᠢᠨᠠᠷᠲᠠᠢ ᠬᠠᠮᠢᠶᠠᠷᠤᠯᠲᠠ ᠪᠠ ᠳᠣᠣᠷ᠎ᠠ ᠨᠡᠭᠦᠷᠡᠰᠦᠲᠥ᠋ᠷᠥᠭᠴᠢᠲᠦ ᠡᠵᠡᠩᠨᠡᠯᠲᠡ ᠶᠢ ᠪᠠᠷᠢᠮᠲᠠᠯᠠᠨ᠂ ᠵᠢᠭᠤᠯᠴᠢᠯᠠᠯ ᠤᠨ ᠦᠢᠯᠡᠰ ᠲᠤ ᠲᠠᠯ᠎ᠠ ᠨᠤᠲᠤᠭ ᠤᠨ ᠰᠣᠶᠣᠯ ᠪᠠ ᠮᠣᠩᠭᠤᠯ ᠰᠣᠶᠣᠯ ᠢ ᠳᠣᠪᠤᠶᠢᠯᠭᠠᠵᠤ᠂ ᠤᠷᠲᠤᠳᠬᠠᠬᠤ ᠬᠡᠯᠪᠡᠷᠢ ᠶᠢᠨ᠂ ᠨᠡᠪᠴᠢᠯᠲᠡ ᠶᠢᠨ ᠬᠡᠯᠪᠡᠷᠢ ᠶᠢᠨ ᠪᠠ ᠳᠠᠬᠢᠨ ᠵᠣᠬᠢᠶᠠᠨ ᠪᠠᠶᠢᠭᠤᠯᠬᠤ ᠬᠡᠯᠪᠡᠷᠢ ᠶᠢᠨ ᠰᠣᠶᠣᠯ ᠤᠨ ᠵᠢᠭᠤᠯᠴᠢᠯᠠᠯ ᠤᠨ ᠠᠭᠤᠰᠤᠯᠴᠠᠯ ᠤᠨ ᠵᠠᠭᠪᠤᠷ ᠢ ᠰᠤᠳᠤᠯᠤᠨ ᠬᠡᠷᠡᠭᠵᠢᠭᠦᠯᠵᠦ᠂ ᠲᠠᠯ᠎ᠠ ᠨᠤᠲᠤᠭ ᠤᠨ ᠰᠣᠶᠣᠯ ᠤᠨ ᠠᠭᠤᠯᠤᠭᠳᠠᠬᠤᠨ ᠢ ᠠᠭᠤᠳᠠᠯᠤᠨ᠂ ᠵᠢᠭᠤᠯᠴᠢᠯᠠᠯ ᠤᠨ ᠰᠣᠳᠣᠨ ᠪᠦᠲᠦᠭᠡᠯ ᠢ ᠪᠣᠶ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠄ ᠬᠦᠷᠢᠶᠡᠯᠡᠩ ᠲᠣᠭᠤᠷᠢᠭ ᠲᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠶᠢ ᠬᠠᠷᠢᠭᠤᠴᠠᠵᠤ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠮᠠᠯᠴᠢᠨ ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠦᠨ᠎ᠡ᠃ ᠤᠳᠤᠷᠢᠳᠬᠤ ᠳᠤᠭᠤᠶᠢᠯᠠᠩ ᠤᠨ ᠪᠤᠰᠤᠳ ᠰᠠᠯᠠᠭ᠎ᠠ ᠮᠥᠴᠢᠷ ᠨᠢᠭᠡᠴᠡ᠄ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠦᠷᠢᠶᠡᠯᠡᠩ ᠲᠣᠭᠤᠷᠢᠭ ᠤᠨ ᠬᠥᠭᠵᠢᠯᠲᠡ᠂ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ 2022 ᠣᠨ ᠤ 4 ᠰᠠᠷ᠎ᠠ ᠶᠢᠨ 13 ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ 2022 ᠣᠨ ᠤ 4 ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号