ᠰᠢᠯᠢ ᠶᠢᠨ ᠬᠤᠲᠠ ᠶᠢᠨ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠡᠪᠳᠡᠵᠦ ᠲᠠᠷᠢᠶᠠᠨ ᠭᠠᠵᠠᠷ ᠪᠤᠯᠭᠠᠬᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2022/8/1
ᠰᠢᠯᠢ ᠶᠢᠨ ᠬᠤᠲᠠ ᠶᠢᠨ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠡᠪᠳᠡᠵᠦ ᠲᠠᠷᠢᠶᠠᠨ ᠭᠠᠵᠠᠷ ᠪᠤᠯᠭᠠᠬᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ︽ᠥᠪᠥᠷ ᠮᠣᠩᠭᠤᠯ ᠤᠨ ᠲᠥᠪᠡᠳ ᠤᠨ ᠤᠤᠯ ᠤᠨ ᠠᠮᠢ ᠠᠬᠤᠶ ᠶᠢᠨ ᠭᠠᠵᠠᠷ ᠤᠨ ᠭᠠᠳᠠᠷᠭᠤ ᠶᠢ 600 ᠭᠠᠷᠤᠶ ᠲᠦᠮᠡᠨ ᠮᠦ ᠡᠪᠳᠡᠵᠦ ᠠᠲᠠᠷ ᠬᠠᠭᠠᠯᠪᠤᠷᠢᠯᠠᠨ ᠣᠶᠢᠵᠢᠭᠤᠯᠬᠤ︾ ᠠᠰᠠᠭᠤᠳᠠᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ  ᠶᠢᠨ ᠡᠬᠢ ᠪᠠᠶᠠᠯᠢᠭ ᠤᠨ ᠲᠢᠩᠬᠢᠮ ᠤᠨ ︽ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠡᠪᠡᠰᠦ ᠪᠡᠯᠴᠢᠭᠡᠷ ᠣᠶᠢᠲᠤ ᠭᠠᠵᠠᠷ ᠢ ᠲᠠᠷᠢᠶᠠᠨ ᠭᠠᠵᠠᠷ ᠪᠣᠯᠭᠠᠨ ᠬᠠᠭᠠᠯᠪᠤᠷᠢᠯᠠᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾  ︵ᠥᠪᠥᠷ ᠣᠶ ᠡᠪᠡᠰᠦ ᠬᠢᠨᠠᠯᠲᠠ ᠵᠠᠬᠢᠳᠠᠯ ﹇2021﹈ 641 ᠳ᠋ᠣᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠠᠵᠢᠯ ᠢ ᠥᠷᠨᠢᠭᠦᠯᠵᠦ᠂ ᠡᠪᠡᠰᠦ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠳᠤ ᠣᠷᠣᠭᠤᠯᠤᠨ᠎ᠠ᠃ ᠡᠳᠦᠭᠡ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠄  ᠨᠢᠭᠡ᠂ ᠶᠡᠷᠦᠩᠬᠡᠢ ᠱᠠᠭᠠᠷᠳᠠᠯᠭ᠎ᠠᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ︽ᠨᠤᠲᠤᠭ ᠪᠡᠯᠴᠢᠭᠡᠷ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ︾ ᠭᠡᠳᠡᠭ ᠢᠶᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠢ ᠵᠥᠷᠢᠴᠡᠨ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠬᠠᠭᠠᠯᠪᠤᠷᠢᠯᠠᠭᠰᠠᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠰᠠᠭᠤᠳᠠᠯ ᠤᠨ ᠲᠤᠯᠭᠠᠮ᠎ᠠ ᠴᠢᠨᠠᠷ᠂ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ ᠂ ᠮᠠᠨ ᠤ ᠬᠤᠲᠠ ᠶᠢᠨ ᠲᠣᠭᠲᠠᠭᠠᠯ ᠢ ᠵᠥᠷᠢᠴᠡᠨ ᠬᠠᠤᠯᠢ ᠶᠢ ᠵᠥᠷᠢᠴᠡᠨ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠬᠠᠭᠠᠯᠪᠤᠷᠢᠯᠠᠭᠰᠠᠨ ᠠᠵᠢᠯᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠨᠡᠨ ᠬᠦ ᠬᠠᠮᠠᠭᠠᠯᠠᠨ᠂ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠡᠯᠴᠢᠭᠡᠷ ᠣᠶᠢᠲᠤ ᠭᠠᠵᠠᠷ ᠨᠤᠭᠤ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ᠬᠤᠶᠠᠷ᠂ ᠴᠡᠭᠴᠡᠯᠡᠨ ᠵᠠᠰᠠᠬᠤ ᠡᠭᠦᠷᠭᠡᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠵᠠᠰᠠᠭ ᠤᠨ ᠣᠷᠳᠣᠨ ᠠᠴᠠ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠵᠤ᠂ ᠣᠶ ᠰᠢᠭᠤᠢ ᠡᠪᠡᠰᠦ ᠪᠡᠯᠴᠢᠭᠡᠷ  ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠪᠣᠳᠠᠲᠠᠢ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠬᠠᠤᠯᠢ ᠲᠣᠭᠲᠠᠭᠠᠯ ᠠᠴᠠ ᠵᠥᠷᠢᠴᠡᠨ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠬᠠᠭᠠᠯᠪᠤᠷᠢᠯᠠᠭᠰᠠᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠥᠪᠡᠷᠲᠡᠭᠡᠨ ᠵᠠᠰᠠᠬᠤ ᠣᠷᠣᠨ ᠤ ᠨᠣᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︽ᠤᠯᠤᠰ ᠤᠨ ᠬᠢᠨᠠᠨ ᠪᠤᠳᠤᠬᠤ ᠵᠠᠬᠢᠷᠭ᠎ᠠ ᠶᠢᠨ ᠬᠠᠷᠢᠭᠤ ᠲᠤᠰᠬᠠᠭᠰᠠᠨ 2016 ᠣᠨ ᠠᠴᠠ 2019 ᠣᠨ ᠪᠣᠯᠲᠠᠯᠠᠬᠢ ᠥᠪᠥᠷ ᠮᠣᠩᠭᠤᠯ ᠤᠨ ᠨᠤᠲᠤᠭ ᠪᠡᠯᠴᠢᠭᠡᠷ ᠢ ᠲᠠᠷᠢᠶᠠᠨ ᠭᠠᠵᠠᠷ ᠪᠣᠯᠭᠠᠨ ᠬᠤᠪᠢᠷᠠᠭᠤᠯᠤᠭᠰᠠᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠬᠡᠪᠴᠢᠶᠡᠨ ᠳᠤ ᠣᠷᠣᠭᠤᠯᠬᠤ ᠲᠤᠬᠠᠢ ᠮᠡᠳᠡᠭᠳᠡᠯ︾ ᠪᠠ ︽ᠨᠣᠲᠤᠭ ᠪᠡᠯᠴᠢᠭᠡᠷ ᠣᠶᠢᠲᠤ ᠭᠠᠵᠠᠷ ᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠪᠣᠯᠭᠠᠨ ᠬᠤᠪᠢᠷᠠᠭᠤᠯᠤᠭᠰᠠᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠳᠠᠲᠤ ᠶᠠᠪᠤᠳᠠᠯ ᠢ ᠬᠠᠤᠯᠢ ᠶᠣᠰᠣᠭᠠᠷ ᠪᠠᠶᠢᠴᠠᠭᠠᠨ ᠲᠣᠳᠣᠯᠠᠵᠤ᠂ ᠰᠢᠨᠵᠢ ᠴᠢᠨᠠᠷ ᠢ ᠣᠨᠣᠪᠴᠢᠲᠠᠶ ᠲᠣᠭᠲᠠᠭᠠᠨ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠪᠣᠳᠠᠲᠠᠶᠢᠵᠢᠭᠤᠯᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠶᠢᠵᠢᠭᠤᠯᠤᠨ᠎ᠠ᠃ᠭᠤᠷᠪᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢᠴᠢ ᠴᠠᠭ ᠤᠨ ᠬᠢᠵᠠᠭᠠᠷ︵ᠨᠢᠭᠡ︶ ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠵᠤ᠂ ᠴᠡᠭᠴᠡᠯᠡᠨ ᠵᠠᠰᠠᠬᠤ ᠡᠬᠡ ᠲᠠᠩᠰᠠ ᠶᠢ ᠪᠠᠶᠢᠭᠤᠯᠤᠨ᠎ᠠᠬᠤᠲᠠ ᠶᠢᠨ ᠣᠶ ᠰᠢᠭᠤᠢ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠲᠤᠭ᠎ᠠ ᠪᠠᠷᠢᠮᠲᠠ ᠶᠢᠨ ᠲᠠᠯ᠎ᠠ ᠪᠠᠷ ᠵᠣᠯᠭᠠᠭᠤᠯᠤᠨ ᠪᠣᠳᠠᠲᠠᠶᠢᠵᠢᠭᠤᠯᠵᠤ᠂ ᠠᠵᠢᠯ ᠤᠨ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ  ᠦᠨᠡᠨ ᠬᠦ ᠪᠠᠲᠤᠯᠠᠬᠤ ᠬᠡᠷᠡᠭᠲᠡᠢ᠃ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠴᠢᠭᠯᠡᠯᠲᠦ ᠬᠡᠮᠵᠢᠭᠳᠡᠬᠦᠨ ᠤ ᠲᠤᠭ᠎ᠠ ᠪᠠᠷᠢᠮᠲᠠ ᠬᠠᠩᠭᠠᠬᠤ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2016 ᠣᠨ ᠠᠴᠠ 2021 ᠣᠨ ᠪᠣᠯᠲᠠᠯᠠᠬᠢ ᠪᠡᠯᠴᠢᠭᠡᠷ᠂ ᠣᠶᠢᠲᠤ ᠭᠠᠵᠠᠷ᠂ ᠤᠰᠤᠨ ᠣᠷᠣᠨ ᠢ ᠬᠠᠭᠠᠯᠪᠤᠷᠢᠯᠠᠬᠤ ᠪᠠᠷ ᠲᠠᠷᠢᠶᠠᠨ ᠭᠠᠵᠠᠷ ᠤᠨ ᠲᠠᠯᠠᠪᠠᠶ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠴᠢᠭᠯᠡᠯᠲᠦ ᠲᠤᠭ᠎ᠠ ᠪᠠᠷᠢᠮᠲᠠ᠂ ᠵᠢᠷᠤᠭ ᠳᠦᠷᠰᠦ ᠶᠢᠨ ᠲᠠᠷᠬᠠᠯᠲᠠ ᠶᠢᠨ ᠵᠢᠷᠤᠭ ᠢᠶᠠᠷ ᠰᠠᠭᠤᠷᠢ ᠪᠣᠯᠭᠠᠵᠤ᠂ ᠪᠡᠯᠴᠢᠭᠡᠷ ᠣᠶᠢᠲᠤ ᠭᠠᠵᠠᠷ ᠴᠢᠭᠢᠭᠯᠢᠭ ᠭᠠᠵᠠᠷ ᠢ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠶᠢᠨ ᠬᠠᠤᠯᠢ ᠶᠣᠰᠣᠴᠢ ᠴᠢᠨᠠᠷ᠂ ᠬᠠᠭᠠᠯᠪᠤᠷᠢᠯᠠᠭᠴᠢ᠂ ᠬᠠᠭᠠᠯᠪᠤᠷᠢᠯᠠᠭᠰᠠᠨ ᠴᠠᠭ ᠬᠤᠭᠤᠴᠠᠭ᠎ᠠ᠂ ᠬᠠᠭᠠᠯᠪᠤᠷᠢᠯᠠᠭᠰᠠᠨ ᠲᠠᠯᠠᠪᠠᠶ᠂ ᠳᠠᠷᠢᠭᠰᠠᠨ ᠲᠠᠷᠢᠮᠠᠯ ᠤᠨ ᠲᠥᠷᠥᠯ ᠵᠦᠢᠯ ᠢ ᠪᠠᠶᠢᠴᠠᠭᠠᠨ ᠲᠣᠳᠣᠷᠬᠠᠶᠢᠯᠠᠬᠤ ᠶᠢᠨ ᠬᠠᠮᠲᠤ᠂ ᠦᠨᠳᠦᠰᠦᠨ ᠲᠠᠷᠢᠶᠠᠨ ᠭᠠᠵᠠᠷ ᠤᠨ ᠪᠠᠶᠢᠳᠠᠯ᠂ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠲᠣᠭᠲᠠᠭᠠᠭᠰᠠᠨ ᠪᠠᠶᠢᠳᠠᠯ ᠳᠤ ᠵᠢᠭᠰᠠᠭᠠᠨ ᠣᠷᠣᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠭᠰᠠᠨ ᠬᠡᠷᠡᠭ ᠤᠨ ᠡᠬᠡ ᠲᠠᠩᠰᠠ ᠪᠠ ᠵᠢᠷᠤᠭ ᠤᠨ ᠡᠬᠡ ᠲᠠᠩᠰᠠ ᠯᠤᠭ᠎ᠠ ᠬᠢᠨᠠᠮᠠᠭᠠᠢ ᠬᠠᠷᠢᠴᠠᠭᠤᠯᠵᠤ᠂ ᠳᠠᠪᠬᠤᠷᠳᠠᠭᠰᠠᠨ ᠭᠠᠵᠠᠷ ᠢ ᠰᠢᠭᠰᠢᠨ ᠠᠷᠢᠯᠭᠠᠭᠰᠠᠨ ᠤ ᠳᠠᠷᠠᠭ᠎ᠠ᠂ ︽ᠨᠢᠭᠡ ᠯᠡ ᠲᠠᠩᠰᠠ ᠡᠪᠬᠡᠮᠡᠯ︾ ᠤᠨ ᠵᠠᠷᠴᠢᠮ ᠶᠣᠰᠣᠭᠠᠷ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠬᠤ ᠬᠡᠷᠡᠭᠲᠡᠢ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶︵ᠬᠤᠶᠠᠷ︶ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢᠬᠤᠲᠠ ᠶᠢᠨ ᠵᠠᠰᠠᠭ ᠤᠨ ᠣᠷᠳᠣᠨ ᠴᠡᠭᠴᠡᠯᠡᠨ ᠵᠠᠰᠠᠬᠤ ᠡᠬᠡ ᠲᠠᠩᠰᠠ᠂ ᠠᠰᠠᠭᠤᠳᠠᠯ ᠤᠨ ᠪᠠᠶᠢᠳᠠᠯ ᠢ ᠦᠨᠳᠦᠰᠦᠯᠡᠨ᠂ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠷᠥᠯ ᠬᠤᠪᠢᠶᠠᠨ ᠰᠢᠢᠳᠪᠦᠷᠢᠯᠡᠬᠦ ᠶᠢ ᠬᠡᠷᠡᠭᠵᠢᠭᠦᠯᠵᠦ᠂ ᠬᠢᠨᠠᠨ ᠪᠠᠶᠢᠴᠠᠭᠠᠬᠤ ᠶᠢᠨ ᠳᠠᠭᠠᠤ ᠴᠡᠭᠴᠡᠯᠡᠨ  ᠵᠠᠰᠠᠨ᠎ᠠ᠃ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠬᠡᠷᠡᠭ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠩᠭᠢ ᠪᠠᠶᠢᠭᠤᠯᠵᠤ᠂ ᠠᠵᠢᠯ ᠤᠨ ᠡᠭᠦᠷᠭᠡ ᠴᠢᠳᠠᠪᠬᠢ ᠶᠣᠰᠣᠭᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠡᠷᠡᠭ ᠪᠠᠶᠢᠴᠠᠭᠠᠨ ᠰᠢᠢᠳᠪᠦᠷᠢᠯᠡᠬᠦ ᠠᠵᠢᠯ ᠥᠷᠨᠢᠭᠦᠯᠬᠦ ᠶᠢ ᠬᠢᠨᠠᠨ ᠵᠢᠯᠣᠭᠤᠳᠬᠤ ᠬᠡᠷᠡᠭᠲᠡᠶ  ᠃ 2022 ᠣᠨ ᠳᠤ ᠦᠷᠭᠦᠯᠵᠢᠯᠡᠨ ᠬᠠᠤᠯᠢ ᠶᠢ ᠵᠥᠷᠢᠴᠡᠨ ᠲᠠᠷᠢᠶᠠᠯᠠᠬᠤ ᠶᠢ ᠡᠷᠡᠰ ᠬᠤᠷᠢᠭᠯᠠᠬᠤ ᠬᠡᠷᠡᠭᠲᠡᠢ᠃ ᠬᠠᠤᠯᠢ ᠶᠢ ᠵᠥᠷᠢᠴᠡᠨ ᠨᠣᠲᠤᠭ ᠪᠡᠯᠴᠢᠭᠡᠷ᠂ ᠣᠶᠢᠲᠤ ᠭᠠᠵᠠᠷ᠂ ᠨᠤᠭᠤ ᠭᠠᠵᠠᠷ ᠢ ᠬᠠᠭᠠᠯᠪᠤᠷᠢᠯᠠᠭᠰᠠᠨ ᠬᠡᠷᠡᠭ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠴᠠᠭ ᠲᠤᠬᠠᠢ  ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ᠂ ᠲᠣᠭᠲᠠᠭᠰᠠᠨ ᠬᠤᠭᠤᠴᠠᠭᠠᠨ ᠳᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠲᠡᠢ︔ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠠᠴᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠬᠦ ᠬᠡᠷᠡᠭᠲᠡᠶ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶︵ᠭᠤᠷᠪᠠ︶ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠳ᠋ᠤᠭᠠᠷ ᠬᠠᠰᠤᠬᠤ ᠶᠢ ᠪᠡᠶᠡᠯᠡᠭᠦᠯᠬᠦ ᠬᠡᠷᠡᠭᠲᠡᠢᠬᠤᠲᠠ ᠶᠢᠨ ᠵᠠᠰᠠᠭ ᠣᠨ ᠣᠷᠳᠣᠨ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠦᠬᠦ ᠬᠤᠲᠠ ᠶᠢᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠴᠡᠭᠴᠡᠯᠡᠨ ᠵᠠᠰᠠᠬᠤ ᠠᠬᠢᠴᠠ ᠶᠢᠨ ᠪᠠᠶᠢᠳᠠᠯ ᠢ ᠦᠨᠳᠦᠰᠦᠯᠡᠨ᠂ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ᠂ ᠰᠤᠭᠤᠴᠢᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠰᠠᠯᠠᠭ᠎ᠠ ᠮᠥᠴᠢᠷ ᠢ ᠰᠢᠮᠳᠠᠭᠤᠯᠤᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠴᠠᠭ ᠲᠤᠨᠢ ᠲᠣᠬᠢᠷᠠᠭᠤᠯᠤᠨ ᠬᠢᠨᠠᠨ ᠵᠢᠯᠣᠭᠤᠳᠴᠤ ᠪᠠᠶᠢᠴᠠᠭᠠᠬᠤ ᠬᠡᠷᠡᠭᠲᠡᠶ᠃ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠨᠢ ᠰᠤᠯᠠ᠂ ᠠᠬᠢᠴᠠ ᠨᠢ ᠢᠯᠡᠳᠲᠡ ᠬᠤᠴᠣᠷᠴᠤ ᠪᠠᠶᠢᠭ᠎ᠠ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠠᠷᠯᠠᠯ ᠨᠡᠶᠢᠲᠡᠯᠡᠬᠦ᠂ ᠪᠣᠯᠵᠣᠨ ᠶᠠᠷᠢᠯᠴᠠᠵᠤ᠂ ᠵᠠᠷᠯᠠᠬᠳᠠᠨ ᠰᠢᠮᠳᠠᠭᠤᠯᠤᠨ ᠭᠦᠢᠴᠡᠳᠬᠡᠯᠭᠡᠨ᠎ᠡ︔ ᠠᠰᠠᠭᠤᠳᠠᠯ ᠨᠢ ᠬᠦᠨᠳᠦ ᠨᠣᠴᠢᠲᠠᠶ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠨ᠎ᠡ᠃ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠵᠠᠰᠠᠬᠤ ᠳ᠋ᠤᠭᠠᠷ ᠬᠠᠰᠤᠬᠤ ᠠᠵᠢᠯ ᠢ ᠬᠤᠲᠠ ᠶᠢᠨ ᠵᠠᠰᠠᠭ ᠤᠨ ᠣᠷᠳᠣᠨ ᠠᠴᠠ ᠪᠣᠳᠠᠲᠠᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠠᠭᠤᠰᠬᠠᠬᠤ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠳᠠᠭᠤᠰᠬᠠᠬᠤ ᠶᠢᠨ ᠳ᠋ᠤᠭᠠᠷ ᠬᠠᠰᠤᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠵᠠᠰᠠᠭ ᠤᠨ ᠣᠷᠳᠣᠨ ᠨᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠪᠠ ᠥᠪᠡᠷ ᠢᠶᠠᠨ ᠪᠠᠶᠢᠴᠠᠭᠠᠵᠤ ᠰᠢᠯᠭᠠᠨ ᠠᠪᠤᠭᠰᠠᠨ ᠰᠠᠭᠤᠷᠢᠨ ᠳᠡᠭᠡᠷ᠎ᠡ᠂ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠳ᠋ᠤᠭᠠᠷ ᠢᠶᠠᠨ ᠲᠠᠩᠰᠠᠨ ᠠᠴᠠ ᠲᠠᠶᠢᠯᠬᠤ ᠪᠠᠷ ᠭᠤᠶᠤᠴᠢᠯᠠᠬᠤ ᠬᠡᠷᠡᠭᠲᠡᠢ  ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠠᠵᠢᠯ ᠤᠨ ᠱᠠᠭᠠᠷᠳᠠᠯᠭ᠎ᠠᠬᠤᠲᠠ ᠶᠢᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠤᠨ ᠢᠶᠠᠷ ᠪᠦᠷᠢᠯᠳᠦᠭᠦᠨ ᠪᠣᠯᠭᠠᠭᠰᠠᠨ ᠪᠥᠬᠦ ᠬᠤᠲᠠ ᠶᠢᠨ  ᠨᠤᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ  ᠬᠠᠭᠠᠯᠪᠦᠷᠢᠯᠠᠵᠦ ᠲᠠᠷᠢᠶᠠᠨ ᠭᠠᠵᠠᠷ ᠪᠣᠯᠭᠠᠭᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ ︵ᠳᠠᠭᠠᠯᠳᠤᠭᠤᠯᠤᠯ ᠳᠤ ᠪᠣᠳᠠᠲᠠᠢ ᠦᠵᠡ︶᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠡᠯ᠎ᠡ ᠪᠦᠷᠢᠯᠳᠦᠭᠦᠨ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠰᠠᠶᠢᠲᠤᠷ  ᠠᠳᠬᠤᠬᠤ  ᠬᠡᠷᠡᠭᠲᠡᠢ᠃︵ᠨᠢᠭᠡ︶ ᠴᠡᠭᠴᠡᠯᠡᠨ ᠵᠠᠰᠠᠬᠤ ᠡᠬᠡ ᠲᠠᠩᠰᠠ ᠶᠢ ᠮᠡᠳᠡᠭᠦᠯᠦᠨ ᠬᠦᠷᠭᠡᠬᠦ ᠬᠡᠷᠡᠭᠲᠡᠢ᠃ ᠪᠥᠬᠦ ᠣᠷᠣᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠢᠭᠢᠷᠢᠭ ᠵᠢᠷᠤᠭ ᠢᠶᠠᠷ ᠵᠢᠭᠰᠠᠭᠠᠨ ᠪᠠᠶᠢᠴᠠᠭᠠᠬᠤ ᠡᠬᠡ ᠲᠠᠩᠰᠠ ᠶᠢᠨ ᠬᠡᠯᠪᠡᠷᠢ ᠪᠠᠷ ᠵᠠᠭᠪᠤᠷ ᠪᠣᠯᠭᠠᠨ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ 2022 ᠣᠨ ᠤ 2 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃︵ᠬᠤᠶᠠᠷ︶ ᠭᠠᠷᠠᠭ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ᠃ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ 2022 ᠣᠨ ᠤ 3 ᠳ᠋ᠤᠭᠠᠷ ᠰᠠᠷ᠎ᠠ ᠶᠢᠨ 4 ᠤ ᠡᠳᠦᠷ ᠠᠴᠠ ᠡᠬᠢᠯᠡᠨ᠂ ᠭᠠᠷᠠᠭ ᠪᠦᠷᠢ  ᠶᠢᠨ ᠳᠥᠷᠪᠡᠨ ᠤ ᠠᠵᠢᠯ ᠠᠴᠠ ᠪᠠᠨ ᠪᠠᠭᠤᠬᠤ ᠠᠴᠠ ᠡᠮᠦᠨ᠎ᠡ᠂ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠴᠡᠭᠴᠡᠯᠡᠨ ᠵᠠᠰᠠᠬᠤ ᠠᠵᠢᠯ ᠤᠨ ᠠᠬᠢᠴᠠ ᠪᠠᠨ ᠮᠡᠳᠡᠭᠦᠯᠦᠨ ᠬᠦᠷᠭᠡᠬᠦ ᠬᠡᠷᠡᠭᠲᠡᠢ᠃ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠬᠤᠲᠠ ᠶᠢᠨ ᠵᠠᠰᠠᠭ ᠤᠨ ᠣᠷᠳᠣᠨ ᠪᠣᠯᠣᠨ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃︵ᠭᠤᠷᠪᠠ︶ ᠴᠠᠭ ᠲᠤᠬᠠᠢ ᠳᠤᠨᠢ ᠰᠢᠯᠭᠠᠨ ᠠᠪᠴᠤ ᠳ᠋ᠤᠭᠠᠷᠯᠠᠯ ᠢ ᠬᠦᠴᠦᠨ ᠦᠭᠡᠢ ᠪᠣᠯᠭᠠᠨ᠎ᠠ᠃ ᠴᠠᠭ ᠲᠤᠬᠠᠢ  ᠳᠤᠨᠢ ᠮᠡᠳᠡᠭᠦᠯᠬᠦ ᠰᠢᠯᠭᠠᠨ ᠬᠤᠷᠢᠶᠠᠬᠤ ᠳ᠋ᠣᠭᠠᠷ ᠬᠠᠰᠣᠬᠤ ᠠᠷᠭ᠎ᠠ ᠮᠠᠶ᠋ᠢᠭ ᠢ ᠠᠪᠴᠤ᠂ ᠰᠢᠯᠭᠠᠨ ᠬᠤᠷᠢᠶᠠᠵᠤ ᠳ᠋ᠤᠭᠠᠷ ᠬᠠᠰᠤᠬᠤ ᠠᠵᠢᠯ ᠢ ᠲᠦᠷᠭᠡᠳᠬᠡᠨ ᠠᠬᠢᠭᠤᠯᠵᠤ᠂ ᠴᠡᠭᠴᠡᠯᠡᠨ ᠵᠠᠰᠠᠭᠰᠠᠨ ᠤ ᠳᠠᠷᠠᠭ᠎ᠠ᠂ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠰᠢᠯᠭᠠᠨ ᠬᠤᠷᠢᠶᠠᠵᠤ ᠳ᠋ᠤᠭᠠᠷ ᠬᠠᠰᠣᠬᠰᠠᠨ ᠢᠶᠠᠨ ᠳᠠᠷᠤᠢ ᠳᠤᠨᠢ ᠮᠡᠳᠡᠭᠦᠯᠬᠦ ᠬᠡᠷᠡᠭᠲᠡᠢ᠃ ᠳ᠋ᠤᠭᠠᠷ ᠢ ᠬᠠᠰᠤᠬᠤ ᠪᠣᠳᠠᠲᠠᠢ ᠪᠠᠷᠢᠮᠵᠢᠶ᠎ᠠ ᠨᠢ ᠨᠤᠲᠤᠭ ᠪᠡᠯᠴᠢᠭᠡᠷ ᠣᠶᠢᠲᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠳ᠋ᠤᠭᠠᠷ  ᠢ ᠬᠠᠰᠤᠬᠤ ᠪᠠᠷᠢᠮᠵᠢᠶ᠎ᠠ ᠲᠠᠢ ᠨᠢᠭᠡᠳᠦᠯᠲᠡᠢ ᠪᠠᠶᠢᠬᠤ ᠬᠡᠷᠡᠭᠲᠡᠢ᠃︵ᠳᠥᠷᠪᠡ︶ ᠵᠠᠷᠤᠳᠠᠯ ᠤᠨ ᠪᠠᠲᠤᠯᠠᠭ᠎ᠠ᠃ ᠨᠤᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠬᠠᠭᠠᠯᠪᠦᠷᠢᠯᠠᠵᠦ ᠲᠠᠷᠢᠶᠠᠨ ᠭᠠᠵᠠᠷ  ᠪᠤᠯᠭᠠᠬᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠪᠣᠯ ᠨᠢᠭᠡ ᠵᠦᠢᠯ ᠤᠨ ᠲᠤᠬᠠᠶᠢᠯᠠᠭᠰᠠᠨ ᠠᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠶᠡᠷᠦᠩᠬᠡᠶᠢᠯᠡᠭᠰᠡᠨ ᠴᠢᠨᠠᠷᠲᠠᠢ ᠠᠵᠢᠯ ᠪᠣᠯᠣᠨ᠎ᠠ᠃ ᠰᠡᠵᠢᠭᠯᠡᠯᠲᠡᠢ ᠠᠰᠠᠭᠤᠳᠠᠯ ᠤᠨ ᠵᠢᠷᠤᠭ ᠲᠣᠯᠪᠤ ᠶᠢ ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠳᠤ ᠲᠤᠰᠬᠠᠢ ᠮᠡᠷᠭᠡᠵᠢᠯ ᠤᠨ ᠬᠢᠷᠢ ᠬᠡᠮ ᠲᠠᠢ ᠬᠡᠮᠵᠢᠨ ᠵᠢᠷᠤᠬᠤ ᠪᠠᠶᠢᠭᠤᠯᠤᠮᠵᠢ ᠳᠤ ᠨᠠᠶᠢᠳᠠᠵᠤ ᠲᠤᠬᠠᠢ ᠶᠢᠨ ᠲᠠᠯᠠᠪᠤᠷ  ᠲᠤᠨᠢ ᠬᠠᠶᠢᠨ ᠬᠡᠮᠵᠢᠯᠲᠡ ᠬᠢᠯᠭᠡᠬᠦ ᠬᠡᠷᠡᠭᠲᠡᠢ᠂ ᠡᠪᠳᠡᠭᠰᠡᠨ ᠬᠡᠮᠵᠢᠶ᠎ᠡ ᠶᠢ ᠬᠢᠨᠠᠨ ᠲᠣᠭᠲᠠᠭᠠᠬᠤ ᠳᠤ ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠢ ᠬᠢᠨᠠᠨ ᠲᠣᠭᠲᠠᠭᠠᠬᠤ ᠬᠠᠤᠯᠢ ᠴᠠᠭᠠᠵᠠ ᠶᠢᠨ ᠲᠤᠰᠬᠠᠢ ᠪᠠᠶᠢᠭᠤᠯᠤᠮᠵᠢ ᠳᠤ ᠨᠠᠶᠢᠳᠠᠬᠤ ᠬᠡᠷᠡᠭᠲᠡᠢ᠂ ᠡᠭᠦᠨ ᠤ ᠬᠠᠮᠲᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠪᠤᠴᠠ ᠳᠤ ᠵᠣᠬᠢᠬᠤ ᠵᠠᠷᠤᠳᠠᠯ ᠬᠡᠷᠡᠭᠰᠡᠬᠦ ᠬᠡᠷᠡᠭᠲᠡᠢ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰᠬᠠᠢ ᠵᠠᠷᠤᠳᠠᠯ  ᠤᠨ ᠪᠠᠲᠤᠯᠠᠭ᠎ᠠ ᠬᠠᠩᠭᠠᠬᠤ ᠬᠡᠷᠡᠭᠲᠡᠢ᠃ᠳᠠᠭᠠᠯᠳᠤᠭᠤᠯᠤᠯ᠄ ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠬᠠᠭᠠᠯᠪᠤᠷᠢᠯᠠᠵᠤ ᠲᠠᠷᠢᠶᠠᠨ ᠭᠠᠵᠠᠷ ᠪᠤᠯᠭᠠᠬᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠥᠮᠥᠰ ᠤᠨ ᠨᠡᠷᠡᠰᠳᠠᠭᠠᠯᠳᠤᠭᠤᠯᠤᠯ᠄ᠰᠢᠯᠢ ᠶᠢᠨ ᠬᠤᠲᠠ ᠶᠢᠨ ᠨᠣᠲᠤᠭ ᠪᠡᠯᠴᠢᠭᠡᠷ ᠣᠶᠢᠲᠤ ᠭᠠᠵᠠᠷ ᠨᠤᠭᠤ ᠭᠠᠵᠠᠷ ᠢ ᠬᠠᠭᠠᠯᠪᠦᠷᠢᠯᠠᠵᠦ ᠲᠠᠷᠢᠶᠠᠨ ᠭᠠᠵᠠᠷ ᠪᠤᠯᠭᠠᠬᠰᠠᠨ ᠠᠰᠠᠭᠤᠳᠠᠯ  ᠢ  ᠲᠥᠪᠯᠡᠷᠡᠭᠦᠯᠦᠨ  ᠴᠡᠭᠴᠡᠯᠡᠨ  ᠵᠠᠰᠠᠬᠤ  ᠠᠵᠢᠯ  ᠤᠨ  ᠤᠳᠤᠷᠢᠳᠬᠤ  ᠳᠤᠭᠤᠶᠢᠯᠠᠩ ᠤᠨ ᠬᠥᠮᠥᠰ ᠤᠨ ᠨᠡᠷᠡᠰᠳᠤᠭᠤᠶᠢᠯᠠᠩ ᠤᠨ ᠳᠠᠷᠤᠭ᠎ᠠ᠄ ᠪᠦᠷᠡᠨᠵᠢᠨ                     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠰᠢᠶᠠᠩ ᠼᠦᠨ ᠮᠢᠩ            ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ  ᠬᠤᠷᠢᠶ᠎ᠠ ᠶᠢᠨ ᠱᠦᠵᠢᠲᠤᠯᠭᠠᠭᠤᠷᠢ                   ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠲᠠ ᠶᠢᠨ ᠳᠠᠷᠤᠭ᠎ᠠᠶᠠᠩ ᠵᠧᠨ                     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠲᠠ ᠶᠢᠨ ᠳᠠᠷᠤᠭ᠎ᠠᠰᠦᠨ ᠶᠦᠩ ᠸᠧᠨ             ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠲᠠ ᠶᠢᠨ ᠳᠠᠷᠤᠭ᠎ᠠᠪᠦᠷᠢᠯᠳᠦᠭᠦᠨ᠄ᠭᠤᠤ ᠴᠧᠩ                    ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠᠰᠦᠨ ᠶᠠᠨ                    ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠᠪᠠᠶ᠋ᠬᠤᠢᠯᠵᠡᠢ                    ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠱᠦᠵᠢᠪᠦᠷᠢᠨ                        ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠᠱᠠᠩ ᠬᠤᠸᠠᠢ ᠭᠦᠸᠧ            ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠᠪᠦᠷᠢᠨ                        ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠᠬᠤᠩ ᠯᠢ  ᠭᠦᠸᠧ              ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠᠬᠦᠬᠡᠪᠠᠷᠰ                     ᠣᠶ ᠰᠢᠭᠤᠢ ᠶᠢᠨ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠᠪᠦᠦ ᡁᠢ ᠶᠦᠩ                 ᠳᠣᠲᠣᠭᠠᠳᠤ ᠶᠢ ᠬᠠᠮᠠᠭᠠᠯᠠᠬᠤ  ᠳᠤᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠᠠᠯᠲᠠᠨᠪᠠᠭᠠᠨ᠎ᠠ                 ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠᠪᠤᠶᠠᠨ                        ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠᠯᠢᠶᠠᠩ ᠶᠦᠩ ᠯᠢ              ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠶᠡᠭᠡ ᠠᠩᠭᠢ ᠶᠢᠨ ᠳᠠᠷᠤᠭ᠎ᠠᠸᠠᠩ ᠵᠧᠨ ᠲᠤᠸ               ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠴᠤ ᠬᠠᠮᠠᠭᠠᠯᠠᠬᠤ ᠲᠥᠪ ᠤᠨ ᠡᠷᠬᠢᠯᠡᠭᠴᠢᠶᠠᠩ ᠵᠢᠶᠠᠨ ᠵᠢᠶᠦ᠋ᠨ            ᠪᠠᠶᠠᠨᠰᠢᠯᠢ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶᠠᠨ ᠤ ᠳᠡᠳ᠋ ᠱᠦᠵᠢ᠂ ᠲᠠᠯᠠᠪᠠᠶ ᠶᠢᠨ ᠳᠠᠷᠤᠭ᠎ᠠᠶᠠᠨ ᠹᠠᠩ                     ᠪᠤᠯᠠᠭᠠᠨ ᠰᠤᠮᠤ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠰᠤᠮᠤᠨ ᠳᠠᠷᠤᠭ᠎ᠠᠰᠠᠶᠢᠰᠢᠶᠠᠯᠲᠦ                  ᠴᠣᠬᠠᠭᠤᠯᠠ ᠰᠤᠮᠤ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠰᠤᠮᠤᠨ ᠳᠠᠷᠤᠭ᠎ᠠᠸᠠᠩ ᠷᠦᠢ                    ᠪᠠᠶᠠᠨᠪᠤᠯᠠᠭ ᠰᠤᠮᠤ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠰᠤᠮᠤᠨ ᠳᠠᠷᠤᠭ᠎ᠠᠡᠷᠳᠡᠨᠢ                       ᠷᠠᠰᠢᠶᠠᠡᠪᠤᠯᠠᠭ  ᠪᠠᠯᠭᠠᠰᠦ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠᠸᠠᠩ ᠵᠠᠨ ᠴᠦᠨ               ᠪᠠᠢ ᠶᠢᠨ ᠬᠦᠷᠢᠶᠡᠨ ᠤ ᠮᠠᠯᠵᠢᠯ ᠤᠨ ᠲᠠᠯᠠᠪᠠᠶ ᠶᠢᠨ ᠪᠠᠶᠢᠩᠭᠤ ᠶᠢᠨ ᠳᠡᠳ᠋ ᠳᠠᠷᠤᠭ᠎ᠠᠶᠠᠩ ᠬᠠᠢ                     ᠮᠤᠳᠣᠨ ᠮᠠᠯᠵᠢᠯ ᠤᠨ ᠲᠠᠯᠠᠪᠠᠶ ᠶᠢᠨ ᠨᠠᠮ ᠤᠨ  ᠬᠤᠷᠢᠶ᠎ᠠ ᠶᠢᠨ ᠱᠦᠵᠢ᠂ ᠲᠠᠯᠠᠪᠠᠶ ᠶᠢᠨ ᠳᠠᠷᠤᠭ᠎ᠠᠥᠷᠭᠡᠨ                      ᠪᠢᠯᠢᠭ ᠮᠠᠯᠵᠢᠯ ᠤᠨ ᠲᠠᠯᠠᠪᠠᠢ ᠶᠢᠨ ᠲᠠᠯᠠᠪᠠᠢ ᠶᠢᠨ ᠳᠠᠷᠤᠭ᠎ᠠᠷᠧᠨ ᠳ᠋ᠢᠶᠠᠨ ᠢᠦᠢ              ᠸᠧ ᠶᠤᠸᠠᠨ ᠰᠠᠭᠠᠯᠢ ᠶᠢᠨ  ᠦᠨᠢᠶ᠎ᠡ ᠶᠢᠨ ᠲᠠᠯᠠᠪᠠᠢ ᠶᠢᠨ ᠲᠠᠯᠠᠪᠠᠢ ᠶᠢᠨ ᠳᠠᠷᠤᠭ᠎ᠠᠯᠦ ᠶᠠᠨ ᠵᠢᠶᠧ                 ᠪᠤᠯᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠯᠢ ᠵᠢᠩ ᠬᠤᠸᠠ                ᠬᠠᠩᠭᠠᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠮᠠ ᠯᠢ ᠫᠢᠩ                  ᠴᠢᠭᠤᠯᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠰᠢᠨ ᠶᠢᠩ                    ᠰᠢᠷᠠᠲᠠᠯ᠎ᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠮᠠᠨ ᠳ᠋ᠧ ᠬᠠᠢ                 ᠡᠷᠳᠡᠨᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠵᠤᠤ ᠴᠢ ᠹᠧᠩ                 ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠵᠤ᠋ ᠴᠧᠨ ᠯᠦᠩ                ᠪᠠᠶᠠᠨᠴᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠮᠠ ᠰᠢᠨ                      ᠪᠠᠶᠠᠠᠰᠢᠯᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ  ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ   2022 ᠣᠨ ᠤ 3 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号