ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2022/8/1
ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠬᠠᠮᠢᠶᠠᠷᠤᠯᠲᠠ ᠶᠢᠨ ᠠᠷᠭ᠎ᠠᠨᠢᠭᠡᠳᠦᠭᠡᠷ  ᠪᠦᠯᠦᠭ   ᠶᠡᠷᠦᠩᠬᠡᠢ ᠳᠦᠷᠢᠮᠨᠢᠭᠡᠳᠦᠭᠡᠷ ᠵᠦᠢᠯ  ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠵᠦᠢ ᠵᠣᠬᠢᠰᠲᠠᠢ ᠠᠰᠢᠭᠯᠠᠬᠤ ᠶᠢᠨ ᠲᠥᠯᠥᠭᠡ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠳᠦᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠡᠷᠭᠢᠯᠲᠡ ᠶᠢᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠦ  ᠂ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾  ︽ᠰᠢᠯᠢ ᠶᠢᠨ ᠭᠤᠤᠯ ᠠᠶᠢᠮᠠᠭ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠵᠦ ᠮᠠᠯ ᠠᠵᠤ ᠠᠬᠤᠶ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ᠬᠤᠶᠠᠳᠤᠭᠠᠷ ᠵᠦᠢᠯ   ᠲᠣᠰ ᠠᠷᠭ᠎ᠠ ᠳᠤ ᠬᠡᠯᠡᠵᠦ ᠪᠠᠶᠢᠭ᠎ᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠭᠡᠳᠡᠭ ᠨᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠤᠭᠤᠴᠠᠭᠠᠨ ᠳᠤ᠂ ᠥᠮᠴᠢᠯᠡᠯ  ᠤᠨ ᠡᠷᠬᠡ ᠶᠢᠨ ᠰᠢᠨᠵᠢ ᠴᠢᠨᠠᠷ᠂ ᠬᠡᠷᠡᠭᠴᠡᠭᠡ ᠶᠢ ᠥᠯᠥ ᠬᠤᠪᠢᠷᠠᠭᠤᠯᠤᠭᠰᠠᠨ ᠰᠠᠭᠤᠷᠢᠨ ᠳᠡᠭᠡᠷ᠎ᠡ᠂ ᠳᠠᠭᠠᠭᠠᠴᠢᠯᠠᠨ ᠡᠵᠡᠩᠨᠡᠭᠴᠢ ᠠᠴᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠨ ᠪᠦᠬᠦᠨ ᠢ ᠪᠤᠶᠤ ᠬᠡᠰᠡᠭ ᠢ ᠪᠤᠰᠤᠳ ᠲᠤ ᠰᠢᠯᠵᠢᠭᠦᠯᠦᠨ ᠥᠭᠴᠦ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠬᠢᠯᠭᠡᠬᠦ ᠦᠶᠯᠡ ᠠᠵᠢᠯᠯᠠᠭ᠎ᠠ ᠶᠢ ᠵᠢᠭᠠᠵᠤ ᠪᠣᠶ᠃ᠭᠤᠷᠪᠠᠳᠤᠭᠠᠷ ᠵᠦᠢᠯ   ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠶᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠥᠮᠴᠢᠯᠡᠬᠦ ᠡᠷᠬᠡ᠂ ᠬᠡᠷᠡᠭᠯᠡᠬᠦ ᠡᠷᠬᠡ᠂ ᠳᠠᠭᠠᠭᠠᠴᠢᠯᠠᠬᠤ ᠡᠷᠬᠡ ᠪᠠ ᠡᠵᠡᠩᠨᠡᠬᠦ ᠡᠷᠬᠡ ᠶᠢ ᠨᠠᠶᠢᠳᠠᠪᠤᠷᠢᠵᠢᠭᠤᠯᠤᠭᠰᠠᠨ ᠬᠠᠮᠲᠤ ᠶᠢᠨ ᠨᠤᠲᠤᠭ ᠪᠡᠯᠴᠢᠭᠡᠷ ᠪᠠ ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠲᠤ ᠬᠡᠷᠡᠭᠯᠡᠨ᠎ᠡ᠃ ᠣᠨᠴᠠᠭᠠᠢ ᠴᠢᠳᠠᠮᠵᠢᠲᠤ ᠣᠷᠣᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠢ ᠡᠷᠭᠢᠯᠳᠦᠭᠦᠯᠵᠦ ᠪᠣᠯᠬᠤ ᠦᠭᠡᠢ᠃ ᠳᠥᠷᠪᠡᠳᠦᠭᠡᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ ᠶᠢ ᠭᠥᠯᠢᠶᠡᠨ ᠠᠪᠤᠭᠴᠢ ᠲᠠᠯ᠎ᠠ ᠨᠢ ᠡᠷᠬᠡᠪᠰᠢ ᠮᠡᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠦ᠂ ᠨᠤᠲᠤᠭ ᠪᠡᠯᠴᠢᠭᠡᠷ ᠢ ᠬᠠᠮᠠᠭᠠᠯᠠᠨ ᠬᠠᠮᠢᠶᠠᠷᠬᠤ ᠡᠭᠦᠷᠭᠡ ᠪᠠᠨ ᠭᠦᠢᠴᠡᠳᠬᠡᠵᠦ᠂ ᠨᠤᠲᠤᠭ ᠪᠡᠯᠴᠢᠭᠡᠷ ᠤᠨ ᠴᠢᠨᠠᠷ ᠴᠢᠨᠰᠠᠭ᠎ᠠ ᠲᠣᠭᠲᠠᠪᠤᠷᠢᠵᠢᠬᠤ ᠪᠠ ᠳᠡᠭᠡᠭᠰᠢᠯᠡᠬᠦ ᠶᠢ ᠪᠠᠲᠤᠯᠠᠬᠤ ᠬᠡᠷᠡᠭᠲᠡᠢ᠂ ᠨᠤᠲᠤᠭ ᠪᠡᠯᠴᠢᠭᠡᠷ ᠢ ᠠᠰᠢᠭᠯᠠᠨ ᠡᠪᠡᠰᠦ ᠪᠡᠯᠴᠢᠭᠡᠷ  ᠤᠨ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠪᠠ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ  ᠦᠭᠡᠢ᠃ᠬᠤᠶᠠᠳᠤᠭᠠᠷ ᠪᠦᠯᠦᠭ  ᠡᠷᠭᠢᠯᠳᠦᠭᠦᠯᠬᠦ ᠵᠠᠷᠴᠢᠮᠲᠠᠪᠤᠳᠤᠭᠠᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄︵ᠨᠢᠭᠡ︶ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠳᠤ ᠪᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠬᠦᠯᠢ ᠴᠣᠭᠴᠠᠲᠤ ᠴᠢᠨᠠᠷ ᠪᠠ ᠲᠣᠭᠲᠠᠪᠤᠷᠢᠲᠤ ᠴᠢᠨᠠᠷ ᠢ ᠨᠥᠯᠥᠭᠡᠯᠡᠵᠦ ᠪᠣᠯᠬᠤ ᠦᠭᠡᠢ  ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠣᠷᠴᠢᠨ ᠠᠬᠤᠢ ᠶᠢ ᠡᠪᠳᠡᠵᠦ ᠪᠣᠯᠬᠤ ᠦᠭᠡᠢ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠤᠬᠢᠷᠠᠭᠤᠯᠵᠤ ᠪᠣᠯᠬᠤ ᠦᠭᠡᠢ᠃︵ᠬᠤᠶᠠᠷ︶ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠳᠤ ᠬᠠᠤᠯᠢ ᠲᠣᠭᠲᠠᠭᠠᠯ ᠶᠣᠰᠣᠭᠠᠷ᠂ ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠪᠠᠶᠢᠬᠤ ᠤᠷᠢᠲᠠᠯ ᠤᠨ ᠳᠣᠣᠷ᠎ᠠ ᠲᠥᠯᠥᠪᠦᠷᠢ ᠲᠠᠢ ᠪᠠᠷ ᠡᠷᠭᠢᠯᠳᠦᠭᠦᠯᠬᠦ ᠬᠡᠷᠡᠭᠲᠡᠶ᠃ ᠮᠠᠯᠴᠢᠳ ᠤᠨ ᠬᠦᠰᠡᠯ ᠰᠠᠨᠠᠭ᠎ᠠ ᠠᠴᠠ ᠵᠥᠷᠢᠴᠡᠵᠦ ᠪᠣᠯᠬᠤ ᠤᠶᠢᠭᠡᠢ᠂ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ ᠶᠢᠨ ᠰᠢᠨᠵᠢ ᠴᠢᠨᠠᠷ᠂ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠶ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠶᠢᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠶ  ᠃︵ᠭᠤᠷᠪᠠ︶ ᠵᠣᠬᠢᠬᠤ ᠬᠡᠪᠴᠢᠶᠡᠲᠦ ᠡᠵᠡᠩᠨᠡᠯᠲᠡ ᠶᠢᠨ ᠵᠠᠷᠴᠢᠮ ᠢ ᠪᠠᠷᠢᠮᠲᠠᠯᠠᠬᠤ ᠬᠡᠷᠡᠭᠲᠡᠶ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠩ ᠲᠡᠷᠢᠭᠦᠨ ᠳᠤ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠠᠭᠠᠨ ᠡᠷᠭᠢᠯᠳᠦᠭᠦᠯᠬᠦ ᠬᠡᠷᠡᠭᠲᠡᠶ᠃ ᠭᠡᠷ ᠪᠦᠯᠢ ᠶᠢᠨ ᠮᠠᠯᠵᠢᠯ ᠤᠨ ᠲᠡᠯᠡᠪᠡᠢ᠂ ᠲᠤᠰᠬᠠᠶ ᠲᠣᠮᠣ ᠡᠷᠦᠬᠡ᠂ ᠲᠠᠷᠢᠶᠠᠴᠢᠨ ᠮᠠᠯᠴᠢᠳ ᠤᠨ ᠲᠤᠰᠬᠠᠶ ᠬᠤᠷᠰᠢᠶᠠᠵᠢᠯ ᠤᠨ ᠬᠠᠤᠯᠢ ᠶᠢᠨ ᠡᠷᠬᠡᠲᠡᠨ ᠲᠡᠰᠢ ᠡᠷᠭᠢᠯᠳᠦᠭᠦᠯᠬᠦ ᠶᠢ ᠵᠣᠷᠢᠭᠵᠢᠭᠤᠯᠵᠤ᠂ ᠣᠯᠠᠨ ᠵᠦᠢᠯ ᠤᠨ ᠬᠡᠯᠪᠡᠷᠢ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠮᠠᠯ ᠠᠵᠤ ᠠᠬᠤᠶ ᠶᠢᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠡᠷᠬᠢᠯᠡᠵᠦ ᠦᠭᠡᠶ ᠮᠠᠯᠵᠢᠬᠤ ᠡᠷᠦᠬᠡ ᠪᠤᠶᠤ ᠬᠤᠲᠠ ᠶᠢᠨ ᠭᠠᠳᠠᠨᠠᠬᠢ ᠬᠥᠮᠦᠰ ᠲᠡᠰᠢ ᠰᠢᠯᠵᠢᠭᠦᠯᠵᠦ ᠪᠣᠯᠬᠤ ᠦᠭᠡᠶ᠃︵ᠳᠥᠷᠪᠡ︶ ᠬᠤᠬᠢᠷᠠᠯ  ᠤᠨ ᠲᠥᠯᠥᠪᠦᠷᠢ ᠶᠢᠨ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠶ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠪᠦᠷᠢ ᠥᠭᠴᠦ᠂ ᠠᠮᠢ ᠠᠬᠤᠶ ᠶᠢᠨ ᠣᠷᠴᠢᠨ ᠲᠣᠭᠤᠷᠢᠨ ᠢ ᠬᠦᠨᠳᠦ ᠨᠣᠴᠢᠲᠠᠶ ᠡᠪᠳᠡᠭᠰᠡᠨ ᠪᠣᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ᠭᠤᠷᠪᠠᠳᠤᠭᠠᠷ ᠪᠦᠯᠦᠭ   ᠡᠷᠭᠢᠯᠳᠦᠭᠦᠯᠬᠦ ᠠᠷᠭ᠎ᠠ ᠮᠠᠶ᠋ᠢᠭᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ  ᠠᠷᠭ᠎ᠠ ᠮᠠᠶ᠋ᠢᠭ ᠲᠤ ᠰᠢᠯᠵᠢᠭᠦᠯᠦᠨ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠬᠠᠷᠢᠯᠴᠠᠨ ᠰᠣᠯᠢᠬᠤ᠂ ᠬᠤᠪᠢ ᠣᠷᠣᠬᠤ᠂ ᠰᠢᠯᠵᠢᠭᠦᠯᠦᠨ ᠥᠭᠬᠦ ᠵᠡᠷᠭᠡ ᠪᠠᠭᠲᠠᠨ᠎ᠠ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠬᠡᠪᠰᠢ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠡᠷᠭᠢᠯᠳᠦᠭᠦᠯᠬᠦ ᠬᠡᠷᠡᠭᠲᠡᠢ᠃︵ᠨᠢᠭᠡ︶ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠄ ᠡᠨᠡ ᠨᠢ ᠳᠠᠭᠠᠭᠠᠴᠢᠯᠠᠭᠴᠢ ᠠᠴᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ  ᠶᠢᠨ ᠬᠡᠰᠡᠭ ᠪᠤᠶᠤ  ᠪᠦᠬᠦᠨ ᠢ ᠵᠣᠬᠢᠬᠤ ᠬᠤᠭᠤᠴᠠᠭ᠎ᠠ ᠪᠠᠷ ᠪᠤᠰᠤᠳ  ᠲᠤ  ᠳᠦᠷᠢᠶᠡᠰᠦᠯᠦᠨ ᠦᠭᠴᠦ ︵ᠰᠢᠯᠵᠢᠭᠦᠯᠦᠨ ᠳᠠᠭᠠᠭᠠᠴᠢᠯᠠᠭᠤᠯᠬᠤ︶  ᠮᠠᠯ ᠠᠵᠤ ᠠᠬᠤᠢ ᠶᠢᠨ ᠦᠢᠯᠡᠳᠪᠦᠷᠢᠯᠡᠯ  ᠬᠢᠯᠭᠡᠬᠦ ᠶᠢ ᠵᠢᠭᠠᠵᠤ ᠪᠤᠢ᠃︵ᠬᠤᠶᠠᠷ︶ ᠬᠠᠷᠢᠯᠴᠠᠨ ᠰᠣᠯᠢᠬᠤ᠄ ᠡᠨᠡ ᠨᠢ ᠠᠳᠠᠯᠢ ᠨᠢᠭᠡᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠬᠤᠭᠤᠷᠣᠨᠳᠤ ᠪᠠᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ  ᠪᠠᠨ ᠰᠣᠯᠢᠯᠴᠠᠬᠤ ᠶᠢ ᠵᠢᠭᠠᠵᠤ ᠪᠠᠶᠢᠨ᠎ᠠ᠃︵ᠭᠤᠷᠪᠠ︶ ᠬᠤᠪᠢ ᠣᠷᠣᠭᠤᠯᠬᠤ᠄ ᠡᠨᠡ ᠨᠢ ᠳᠠᠭᠠᠭᠠᠴᠢᠯᠠᠭᠴᠢ ᠨᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠬᠦᠴᠦᠨ ᠲᠠᠢ ᠡᠷᠬᠡ ᠪᠠᠨ ᠰᠲ᠋ᠣᠺ ᠤᠨ ᠡᠷᠬᠡ ᠪᠣᠯᠭᠠᠨ ᠬᠡᠮᠵᠢᠶᠡᠯᠡᠵᠦ᠂ ᠬᠤᠪᠢ ᠣᠷᠣᠭᠤᠯᠵᠤ᠂ ᠬᠤᠪᠢ ᠣᠷᠣᠭᠤᠯᠤᠭᠰᠠᠨ ᠺᠣᠮᠫᠠᠨᠢ ᠪᠤᠶᠤ ᠬᠤᠷᠰᠢᠶᠠᠵᠢᠯ ᠵᠡᠷᠭᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠦᠷᠢᠯᠳᠦᠭᠦᠯᠦᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠵᠢᠭᠠᠵᠤ ᠪᠠᠶᠢᠨ᠎ᠠ᠃︵ᠳᠥᠷᠪᠡ︶ ᠰᠢᠯᠵᠢᠭᠦᠯᠦᠨ ᠥᠭᠬᠦ᠄ ᠡᠨᠡ ᠨᠢ ᠳᠠᠭᠠᠭᠠᠴᠢᠯᠠᠭᠴᠢ ᠠᠴᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠨ ᠬᠡᠰᠡᠭ ᠢᠶᠠᠷ ᠪᠤᠶᠤ ᠪᠦᠬᠦᠠ ᠢᠶᠠᠷ ᠨᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠪᠤᠰᠤᠳ ᠮᠠᠯᠵᠢᠬᠤ ᠡᠷᠦᠭᠡ ᠳᠤ ᠰᠢᠯᠵᠢᠭᠦᠯᠦᠨ ᠥᠭᠬᠦ ᠶᠢ ᠵᠢᠭᠠᠵᠤ ᠪᠠᠶᠢᠨ᠎ᠠ᠃ᠳᠣᠯᠣᠳᠤᠭᠠᠷ ᠵᠦᠢᠯ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠡᠷᠭᠢᠯᠳᠦᠭᠦᠯᠬᠦ ᠳᠤ ᠳᠠᠭᠠᠭᠠᠴᠢᠯᠠᠭᠴᠢ ᠬᠢᠭᠡᠳ ᠳᠠᠭᠠᠭᠠᠴᠢᠯᠠᠭᠤᠯᠤᠭᠴᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠬᠤᠪᠢᠷᠠᠬᠤ ᠦᠭᠡᠢ᠂ ᠡᠷᠬᠡ ᠪᠠ ᠡᠭᠦᠷᠭᠡ ᠬᠤᠪᠢᠷᠠᠬᠤ  ᠦᠭᠡᠢ᠃ᠨᠠᠢᠮᠠᠳᠤᠭᠠᠷ ᠵᠦᠢᠯ ᠬᠠᠷᠢᠯᠴᠠᠨ ᠰᠣᠯᠢᠬᠤ ᠠᠷᠭ᠎ᠠ ᠮᠠᠶ᠋ᠢᠭ ᠢᠶᠠᠷ ᠡᠷᠭᠢᠯᠳᠦᠭᠦᠯᠬᠦ ᠳᠤ᠂ ᠬᠤᠶᠠᠷ ᠲᠠᠯ᠎ᠠ ᠶᠢᠨ ᠤᠤᠯ ᠤᠨ ᠡᠳ᠋ᠯᠡᠵᠦ ᠪᠠᠶᠢᠭᠰᠠᠨ ᠳᠠᠭᠠᠭᠠᠴᠢᠯᠠᠯᠲᠠ ᠶᠢᠨ ᠡᠷᠬᠡ ᠪᠠ ᠡᠭᠦᠷᠭᠡ ᠪᠠᠨ ᠴᠦ ᠵᠣᠬᠢᠴᠠᠩᠭᠤᠢ ᠪᠠᠷ ᠬᠠᠷᠢᠯᠴᠠᠨ ᠰᠣᠯᠢᠨ᠎ᠠ᠃ ᠳᠠᠭᠠᠭᠠᠴᠢᠯᠠᠭᠤᠯᠤᠭᠴᠢ ᠶᠢᠨ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ ᠳᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠤᠪᠢᠷᠠᠭᠤᠯᠬᠤ ᠳᠠᠩᠰᠠᠯᠠᠯᠲᠠ ᠶᠢᠨ ᠭᠠᠷ ᠭᠦᠢᠴᠡᠳᠬᠡᠯ ᠢ ᠭᠦᠢᠴᠡᠳᠬᠡᠨ᠎ᠡ᠃ᠶᠢᠰᠦᠳᠦᠭᠡᠷ ᠵᠦᠢᠯ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠡᠷᠭᠢᠯᠳᠦᠭᠦᠯᠬᠦ ᠳᠤ ᠳᠠᠭᠠᠭᠠᠴᠢᠯᠠᠭᠤᠯᠤᠭᠴᠢ ᠪᠣᠯᠣᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠳᠠᠩᠰᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠵᠦᠪᠰᠢᠶᠡᠷᠡᠭᠦᠯᠵᠦ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠬᠦ ᠬᠡᠷᠡᠭᠲᠡᠢ᠃ᠠᠷᠪᠠᠳᠤᠭᠠᠷ ᠵᠦᠢᠯ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠡᠷᠭᠢᠯᠳᠦᠭᠦᠯᠬᠦ ᠳᠤ᠂ ᠬᠤᠪᠢ ᠣᠷᠣᠭᠤᠯᠤᠭᠰᠠᠨ ᠤ ᠲᠠᠷᠠᠭ᠎ᠠ ᠰᠠᠶ᠋ᠢ ᠬᠤᠪᠢ ᠣᠷᠣᠭᠤᠯᠤᠭᠰᠠᠨ ᠢᠶᠠᠷ ᠨᠢ ᠠᠰᠢᠭ ᠬᠤᠪᠢᠶᠠᠷᠢᠯᠠᠵᠤ ᠪᠣᠯᠣᠨ᠎ᠠ᠃ ᠬᠤᠪᠢ ᠣᠷᠣᠭᠤᠯᠵᠤ ᠬᠤᠷᠰᠢᠬᠤ ᠠᠵᠢᠯ ᠳᠠᠭᠤᠰᠬᠤ ᠦᠶ᠎ᠡ ᠳᠤ᠂ ᠬᠤᠪᠢ ᠣᠷᠣᠭᠤᠯᠤᠭᠰᠠᠨ ᠨᠤᠲᠤᠭ ᠪᠡᠯᠴᠢᠭᠡᠷ ᠢ ᠤᠤᠯ ᠤᠨ ᠳᠠᠭᠠᠭᠠᠴᠢᠯᠠᠭᠴᠢ ᠳᠤ ᠪᠤᠴᠠᠭᠠᠨ᠎ᠠ᠃ᠳᠥᠷᠪᠡᠳᠦᠭᠡᠷ ᠪᠦᠯᠦᠭ  ᠡᠷᠭᠢᠯᠳᠦᠭᠦᠯᠬᠦ ᠭᠡᠷ᠎ᠡᠠᠷᠪᠠᠨ ᠨᠢᠭᠡᠳᠦᠭᠡᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠳᠤ᠂ ᠡᠷᠭᠢᠯᠳᠦᠭᠦᠯᠬᠦ ᠬᠤᠶᠠᠷ ᠲᠠᠯ᠎ᠠ ᠪᠠᠷ ᠢᠶᠠᠨ ᠵᠥᠪᠳᠡᠯᠴᠡᠭᠡᠳ ᠰᠠᠨᠠᠯ ᠨᠢᠭᠡᠳᠦᠭᠰᠡᠨ ᠰᠠᠭᠤᠷᠢᠨ ᠳᠡᠭᠡᠷ᠎ᠡ ᠡᠷᠭᠢᠯᠳᠦᠭᠦᠯᠬᠦ ᠭᠡᠷ᠎ᠡ ᠶᠢ ᠬᠠᠤᠯᠢ ᠶᠣᠰᠣᠭᠠᠷ ᠲᠣᠭᠲᠠᠬᠤ ᠬᠡᠷᠡᠭᠲᠡᠶ᠃ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠡᠷᠭᠢᠯᠲᠡ ᠳᠤ ᠣᠷᠣᠭᠤᠯᠬᠤ ᠬᠤᠶᠠᠷ ᠲᠠᠯ᠎ᠠ ᠪᠠᠷ ᠢᠶᠠᠨ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠡᠷᠭᠢᠯᠲᠡ ᠳᠤ ᠣᠷᠣᠭᠤᠯᠵᠤ ᠪᠣᠯᠤᠨ᠎ᠠ᠃ ᠭᠡᠷ᠎ᠡ ᠶᠢᠨ ᠨᠢᠭᠡ ᠬᠡᠯᠪᠡᠷᠢ ᠶᠢᠨ ᠵᠢᠷᠭᠤᠭᠠᠨ ᠬᠤᠪᠢ᠂ ᠡᠷᠭᠢᠯᠲᠡ ᠶᠢᠨ ᠬᠤᠶᠠᠷ ᠲᠠᠯ᠎ᠠ ᠲᠣᠰ ᠲᠣᠰ ᠨᠢᠭᠡ ᠬᠤᠪᠢ ᠠᠪᠴᠤ᠂ ᠳᠠᠭᠠᠭᠠᠴᠢᠯᠠᠭᠤᠯᠤᠭᠴᠢ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠪᠤᠶᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠰᠤᠮᠤ ᠪᠠᠯᠭᠠᠰᠤ ᠲᠠᠯᠠᠪᠠᠶ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠣᠰ ᠲᠣᠰ ᠨᠢᠭᠡ ᠬᠤᠪᠢ ᠳᠠᠩᠰᠠᠯᠠᠭᠤᠯᠤᠨ᠎ᠠ᠃ᠠᠷᠪᠠᠨ ᠬᠤᠶᠠᠳᠤᠭᠠᠷ ᠵᠦᠢᠯ ᠳᠠᠭᠠᠭᠠᠴᠢᠯᠠᠭᠴᠢ ᠨᠢ ᠳᠠᠭᠠᠭᠠᠴᠢᠯᠠᠭᠤᠯᠤᠭᠴᠢ ᠪᠤᠶᠤ ᠵᠠᠭᠤᠴᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠡᠷᠭᠢᠯᠲᠡ ᠳᠤ ᠣᠷᠣᠭᠤᠯᠤᠭᠰᠠᠨ ᠪᠠᠶᠢᠪᠠᠯ᠂ ᠡᠷᠭᠢᠯᠲᠡ ᠶᠢᠨ ᠭᠡᠷ᠎ᠡ ᠶᠢ ᠳᠠᠭᠠᠭᠠᠴᠢᠯᠠᠭᠴᠢ ᠪᠤᠶᠤ ᠲᠡᠭᠦᠨ ᠤ ᠪᠢᠴᠢᠭ ᠢᠶᠠᠷ ᠨᠠᠶᠢᠳᠠᠭᠰᠠᠨ ᠣᠷᠣᠯᠠᠭᠴᠢ ᠲᠣᠭᠲᠠᠭᠠᠬᠤ ᠬᠡᠷᠡᠭᠲᠡᠢ᠃ᠠᠷᠪᠠᠨ ᠭᠤᠷᠪᠠᠳᠤᠭᠠᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠳᠦᠭᠦᠯᠬᠦ ᠭᠡᠷ᠎ᠡ ᠳᠤ ᠡᠩ ᠤᠨ ᠪᠠᠶᠢᠳᠠᠯ ᠳᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄︵ᠨᠢᠭᠡ︶ ᠲᠤᠬᠠᠢ ᠶᠢᠨ ᠬᠥᠮᠥᠨ ᠤ ᠬᠤᠶᠠᠷ ᠲᠠᠯ᠎ᠠ ᠶᠢᠨ ᠦᠨᠳᠦᠰᠦᠨ ᠪᠠᠶᠢᠳᠠᠯ ︵ᠣᠪᠣᠭ ᠨᠡᠷ᠎ᠡ ᠪᠤᠶᠤ ᠨᠡᠷᠡᠶᠢᠳᠦᠯ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠣᠨ ᠰᠠᠭᠤᠴᠠ ᠵᠡᠷᠭᠡ ᠶᠢ ᠪᠠᠭᠲᠠᠭᠠᠨ᠎ᠠ︶︔︵ᠬᠤᠶᠠᠷ︶ ᠡᠷᠭᠢᠯᠳᠦᠭᠦᠯᠬᠦ ᠨᠤᠲᠤᠭ ᠪᠡᠯᠴᠢᠭᠡᠷ ᠤᠨ ᠲᠠᠯᠠᠪᠠᠢ᠂  ᠳᠦᠷᠪᠡᠨ ᠵᠠᠬ᠎ᠠ ᠶᠢᠨ ᠵᠠᠭᠠᠭ᠂ ᠲᠤᠶᠢᠷᠦᠯ ᠬᠡᠯᠪᠡᠷᠢ ᠂  ᠴᠢᠨᠠᠷ ᠴᠢᠨᠰᠠᠭ᠎ᠠ ᠤᠨ ᠳᠡᠰ᠂ ᠲᠣᠬᠢᠷᠠᠮᠵᠢᠲᠠᠢ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ︔︵ᠭᠤᠷᠪᠠ︶ ᠨᠤᠲᠤᠭ ᠪᠡᠯᠴᠢᠭᠡᠷ ᠢ ᠡᠷᠭᠢᠯᠳᠦᠭᠦᠯᠬᠦ ᠬᠡᠷᠡᠭᠴᠡᠭᠡ︔︵ᠳᠥᠷᠪᠡ︶ ᠳᠠᠭᠠᠯᠲᠠ ᠦᠢᠯᠡᠳᠪᠦᠷᠢᠯᠡᠯ ᠤᠨ ᠲᠥᠬᠦᠭᠡᠷᠦᠮᠵᠢ︔︵ᠲᠠᠪᠤ︶ ᠲᠤᠬᠠᠢ ᠶᠢᠨ ᠬᠥᠮᠥᠨ ᠤ ᠬᠤᠶᠠᠷ ᠡᠲᠡᠭᠡᠳ ᠤᠨ ᠡᠷᠬᠡ ᠪᠠ ᠡᠭᠦᠷᠭᠡ︔︵ᠵᠢᠷᠭᠤᠭ᠎ᠠ︶ ᠡᠷᠭᠢᠯᠳᠦᠭᠦᠯᠬᠦ ᠬᠡᠯᠪᠡᠷᠢ᠂ ᠦᠨ᠎ᠡ ᠶᠢᠨ ᠵᠣᠭᠤᠰ ᠬᠢᠭᠡᠳ ᠲᠡᠭᠦᠨ ᠢ ᠲᠤᠶᠢᠯᠦᠬᠦ ᠠᠷᠭ᠎ᠠ ᠮᠠᠶ᠋ᠢᠭ︔︵ᠲᠤᠯᠤᠭ᠎ᠠ︶ ᠡᠷᠭᠢᠯᠳᠦᠭᠦᠯᠬᠦ ᠬᠤᠭᠤᠴᠠᠭ᠎ᠠ ᠪᠠ ᠡᠬᠢᠯᠡᠵᠦ ᠳᠠᠭᠤᠰᠬᠤ ᠡᠳᠦᠷ ᠬᠤᠭᠤᠴᠠᠭ᠎ᠠ︔︵ᠨᠠᠢᠮᠠ︶ ᠡᠷᠭᠢᠯᠳᠦᠭᠦᠯᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠲᠡᠷᠠᠭ᠎ᠠ ᠭᠠᠵᠠᠷ ᠳᠡᠭᠡᠷᠡᠬᠢ ᠳᠠᠭᠠᠯᠲᠠ ᠪᠣᠳᠠᠰ ᠵᠢᠴᠢ ᠬᠤᠯᠪᠣᠭᠳᠠᠯ ᠪᠦᠬᠦᠢ ᠲᠥᠬᠦᠭᠡᠷᠦᠮᠵᠢ ᠶᠢ ᠰᠢᠢᠳᠪᠦᠷᠢᠯᠡᠬᠦ︔︵ᠶᠢᠰᠦ︶ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ︔︵ᠠᠷᠪᠠ︶ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ᠃ᠠᠷᠪᠠᠨ ᠳᠥᠷᠪᠡᠳᠦᠭᠡᠷ ᠵᠦᠢᠯ  ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠮᠤ ᠪᠠᠯᠭᠠᠰᠤ ᠲᠠᠯᠠᠪᠠᠶ ᠳᠤ ᠨᠤᠲᠤᠭ ᠪᠡᠯᠴᠢᠭᠡᠷ ᠤᠨ ᠲᠠᠰ᠂ ᠲᠥᠷᠥᠯ ᠬᠡᠯᠪᠡᠷᠢ ᠶᠢᠨ ᠮᠡᠳᠡᠭᠡ ᠵᠠᠩᠭᠢ  ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠢ᠃ ᠡᠷᠭᠢᠯᠳᠦᠭᠦᠯᠬᠦ ᠦᠨ᠎ᠡ ᠶᠢᠨ ᠵᠣᠭᠤᠰ ᠢ ᠲᠤᠬᠠᠢ ᠶᠢᠨ ᠬᠥᠮᠥᠨ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ᠃ᠠᠷᠪᠠᠨ ᠲᠠᠪᠤᠳᠤᠭᠠᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠳᠦᠭᠦᠯᠬᠦ ᠬᠤᠭᠤᠴᠠᠭ᠎ᠠ ᠶᠢ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠤᠭᠤᠴᠠᠭᠠᠨ ᠤ ᠦᠯᠡᠳᠡᠭᠰᠡᠨ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠤᠶᠢᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠭᠡᠷ᠎ᠡ ᠶᠢ ᠵᠠᠷᠴᠢᠮ ᠳᠡᠭᠡᠷ᠎ᠡ ᠪᠠᠨ 5 ᠵᠢᠯ ᠠᠴᠠ ᠬᠡᠲᠦᠷᠡᠭᠦᠯᠵᠦ ᠪᠣᠯᠬᠤ ᠦᠭᠡᠢ᠃ ᠤᠯᠤᠰ ᠤᠨ ᠡᠯ᠎ᠡ ᠵᠦᠢᠯ ᠤᠨ ᠮᠠᠯᠴᠢᠳ ᠲᠤ ᠠᠰᠢᠭ ᠬᠦᠷᠲᠡᠭᠡᠬᠦ ᠨᠥᠬᠦᠪᠦᠷᠢ ᠵᠢᠴᠢ ᠲᠠᠲᠠᠪᠤᠷᠢᠯᠠᠨ ᠬᠡᠷᠡᠭᠯᠡᠬᠦ ᠨᠥᠬᠦᠪᠦᠷᠢ ᠶᠢ ᠤᠤᠯ ᠤᠨ ᠳᠠᠭᠠᠭᠠᠴᠢᠯᠠᠭᠴᠢ ᠠᠴᠠ ᠠᠰᠢᠭ ᠭᠥᠷᠳᠡᠬᠦ ᠵᠠᠷᠴᠢᠮ ᠶᠣᠰᠣᠭᠠᠷ ᠣᠯᠭᠤᠨ᠎ᠠ᠃ᠲᠠᠪᠤᠳᠤᠭᠠᠷ ᠪᠦᠯᠦᠭ   ᠡᠷᠭᠢᠯᠳᠦᠭᠦᠯᠬᠦ ᠵᠢᠷᠤᠮᠠᠷᠪᠠᠨ ᠵᠢᠷᠭᠤᠳᠤᠭᠠᠷ ᠵᠦᠢᠯ  ᠬᠤᠲᠠ᠂ ᠰᠤᠮᠤ ᠪᠠᠯᠭᠠᠰᠤ ᠲᠠᠯᠠᠪᠠᠶ᠂ ᠭᠠᠴᠠᠭ᠎ᠠ ᠬᠤᠪᠢᠶᠠᠷᠢ ᠲᠠᠯᠠᠪᠠᠶ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ  ᠢ ᠪᠠᠶᠢᠭᠤᠯᠵᠤ᠂ ᠡᠷᠭᠢᠯᠲᠡ ᠳᠤ ᠣᠷᠣᠭᠤᠯᠬᠤ ᠬᠤᠶᠠᠷ ᠲᠠᠯ᠎ᠠ ᠳᠤ ᠮᠡᠳᠡᠭᠡ ᠵᠠᠩᠭᠢ ᠨᠡᠪᠲᠡᠷᠡᠯᠴᠡᠬᠦ᠂ ᠭᠡᠷ᠎ᠡ ᠲᠣᠭᠲᠠᠬᠤ᠂ ᠪᠦᠷᠢᠳᠬᠡᠨ ᠳᠠᠩᠰᠠᠯᠠᠬᠤ ᠵᠡᠷᠭᠡ ᠦᠢᠯᠡᠴᠢᠯᠡᠭᠡ ᠬᠠᠩᠭᠠᠨ᠎ᠠ᠃ᠠᠷᠪᠠᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠤ ᠡᠷᠭᠢᠯᠳᠦᠭᠦᠯᠬᠦ᠂ ᠳᠠᠭᠠᠭᠠᠴᠢᠯᠠᠭᠤᠯᠤᠭᠴᠢ ᠶᠢᠨ ᠵᠥᠪᠰᠢᠶᠡᠷᠡᠯ ᠢᠶᠠᠷ ᠰᠤᠮᠤ ᠪᠠᠯᠭᠠᠰᠤ ᠲᠠᠯᠠᠪᠠᠶ ᠶᠢᠨ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ ᠳᠤ ᠡᠷᠭᠢᠯᠳᠦᠭᠦᠯᠬᠦ ᠭᠡᠷ᠎ᠡ ᠲᠣᠭᠲᠠᠵᠤ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ  ᠠᠴᠠ ᠭᠠᠳᠠᠨ᠎ᠠ ᠡᠷᠭᠢᠯᠳᠦᠭᠦᠯᠬᠦ ᠳᠤ ᠭᠦᠷᠪᠡᠯ᠂ ᠡᠷᠭᠢᠯᠲᠡ ᠳᠤ ᠣᠷᠣᠭᠤᠯᠬᠤ ᠬᠤᠶᠠᠷ ᠲᠠᠯ᠎ᠠ ᠪᠠᠷ ᠢᠶᠠᠨ ᠬᠠᠮᠲᠤ ᠪᠠᠷ ᠳᠠᠭᠠᠭᠠᠴᠢᠯᠠᠭᠤᠯᠤᠭᠴᠢ ᠳᠤ ᠭᠤᠶᠤᠴᠢᠯᠠᠯ ᠭᠠᠷᠭᠠᠵᠤ᠂ ᠳᠠᠭᠠᠭᠠᠴᠢᠯᠠᠭᠤᠯᠤᠭᠴᠢ ᠪᠠᠷ ᠵᠥᠪᠰᠢᠶᠡᠷᠡᠭᠦᠯᠦᠭᠡᠳ ᠰᠤᠮᠤ ᠪᠠᠯᠭᠠᠰᠤ ᠲᠠᠯᠠᠪᠠᠶ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ ᠳᠤ ᠡᠷᠭᠢᠯᠳᠦᠭᠦᠯᠬᠦ ᠭᠡᠷ᠎ᠡ ᠲᠣᠭᠲᠠᠵᠤ᠂ ᠲᠣᠰ ᠠᠷᠭ᠎ᠠ ᠶᠢᠨ ᠳᠥᠷᠪᠡᠳᠦᠭᠡᠷ ᠪᠦᠯᠦᠭ ᠤᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠤᠨ᠎ᠠ᠃ᠠᠷᠪᠠᠨ ᠨᠠᠢᠮᠠᠳᠤᠭᠠᠷ ᠵᠦᠢᠯ  ᠭᠠᠴᠠᠭᠠᠨ ᠤ ᠬᠠᠮᠲᠤ ᠶᠢᠨ ᠪᠡᠯᠡᠳᠬᠡᠯ ᠨᠤᠲᠤᠭ ᠪᠡᠯᠴᠢᠭᠡᠷ ᠢ ᠭᠠᠳᠠᠭᠰᠢ ᠡᠷᠭᠢᠯᠳᠦᠭᠦᠯᠬᠦ ᠳᠤ᠂ ᠡᠷᠬᠡᠪᠰᠢ ᠲᠣᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠠᠷ ᠤᠨ ᠮᠠᠯᠴᠢᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠮᠠᠯᠴᠢᠳ ᠤᠨ ᠲᠥᠯᠥᠭᠡᠯᠡᠭᠴᠢᠳ ᠢᠶᠠᠷ ᠵᠥᠪᠰᠢᠶᠡᠷᠡᠭᠦᠯᠵᠦ᠂ ᠲᠣᠰ ᠠᠷᠭ᠎ᠠ ᠶᠢᠨ ᠳᠥᠷᠪᠡᠳᠦᠭᠡᠷ ᠪᠦᠯᠦᠭ ᠤᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠃ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠡᠯᠡᠳᠬᠡᠯ ᠨᠤᠲᠤᠭ ᠪᠡᠯᠴᠢᠭᠡᠷ ᠢ ᠭᠠᠳᠠᠭᠰᠢ ᠡᠷᠭᠢᠯᠳᠦᠭᠦᠯᠬᠦ ᠳᠤ ᠡᠷᠬᠡᠪᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠃ᠠᠷᠪᠠ ᠶᠢᠰᠦᠳᠦᠭᠡᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠦᠢᠯᠡᠴᠢᠯᠡᠭᠡᠨ ᠤ ᠲᠠᠪᠴᠠᠩ ᠢᠶᠠᠷ ᠡᠷᠭᠢᠯᠲᠡ ᠳᠤ ᠣᠷᠣᠭᠤᠯᠤᠭᠰᠠᠨ ᠤᠶᠢᠭᠡᠢ ᠪᠠᠶᠢᠪᠠᠯ᠂ ᠪᠡᠯᠴᠢᠭᠡᠷ ᠤᠨ ᠪᠠᠭᠲᠠᠭᠠᠮᠵᠢ  ᠶᠢ ᠬᠢᠨᠠᠨ ᠲᠣᠭᠲᠠᠭᠠᠬᠤ  ᠦᠭᠡᠢ᠂ ᠳᠠᠭᠠᠭᠠᠴᠢᠯᠠᠭᠴᠢ ᠨᠢ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠦ ᠶᠢᠨ ᠪᠣᠳᠣᠯᠭ᠎ᠠ ᠶᠢᠨ ᠨᠥᠬᠦᠪᠦᠷᠢ ᠶᠢ ᠬᠦᠷᠲᠡᠵᠦ ᠪᠣᠯᠬᠤ ᠦᠭᠡᠢ᠃ᠵᠢᠷᠭᠤᠳᠤᠭᠠᠷ ᠪᠦᠯᠦᠭ  ᠬᠢᠨᠠᠵᠤ ᠬᠠᠮᠢᠶᠠᠷᠬᠤᠬᠤᠷᠢᠳᠤᠭᠠᠷ ᠵᠦᠢᠯ  ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠭᠢᠯᠳᠦᠭᠦᠯᠬᠦ ᠨᠤᠲᠤᠭ ᠪᠡᠯᠴᠢᠭᠡᠷ ᠤᠨ ᠠᠰᠢᠭᠯᠠᠯᠲᠠ ᠶᠢᠨ ᠣᠳᠣᠬᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠦᠨᠡᠯᠡᠨ ᠵᠢᠱᠢᠵᠦ᠂ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠨ᠎ᠠ᠃ᠬᠤᠷᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠳᠦᠭᠦᠯᠬᠦ ᠶᠢ ᠬᠢᠨᠠᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠲᠣᠰ ᠬᠠᠷᠢᠭᠤᠴᠠᠯᠭ᠎ᠠ ᠶᠢᠨ ᠣᠷᠣᠨ ᠪᠦᠰᠡ ᠶᠢᠨ ᠳᠣᠲᠣᠷᠠᠬᠢ ᠡᠷᠭᠢᠯᠳᠦᠭᠦᠯᠬᠦ ᠨᠤᠲᠤᠭ ᠪᠡᠯᠴᠢᠭᠡᠷ ᠤᠨ ᠠᠰᠢᠭᠯᠠᠯᠲᠠ᠂ ᠬᠠᠮᠠᠭᠠᠯᠠᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ ᠬᠤᠷᠢᠨ ᠬᠤᠶᠠᠳᠤᠭᠠᠷ ᠵᠦᠢᠯ  ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠤᠭᠰᠠᠨ ᠤ ᠲᠡᠷᠠᠭ᠎ᠠ ᠲᠡᠬᠢᠵᠦ ᠡᠷᠭᠢᠯᠲᠡ ᠳᠤ ᠣᠷᠣᠭᠤᠯᠵᠤ ᠪᠣᠯᠬᠤ  ᠦᠭᠡᠢ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠷ ᠥᠭᠴᠡᠭᠡ ᠶᠢ ᠲᠤᠯᠭᠠᠨ ᠲᠤᠶᠢᠯᠦᠬᠦᠯᠵᠦ ᠪᠣᠯᠬᠤ ᠦᠭᠡᠢ᠃ᠬᠤᠷᠢᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠵᠤ ᠬᠠᠳᠤᠯᠠᠩ ᠪᠡᠯᠴᠢᠭᠡᠷ ᠲᠤ ᠠᠰᠢᠭᠯᠠᠬᠤ ᠳᠤ ᠭᠦᠷᠪᠡᠯ᠂ ︽ᠪᠠᠶᠢᠭᠠᠯᠢ ᠶᠢᠨ ᠬᠠᠳᠤᠯᠠᠩ ᠪᠡᠯᠴᠢᠭᠡᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠰᠢᠯᠢ ᠶᠢᠨ ᠭᠤᠣᠯ ᠠᠶᠢᠮᠠᠭ ᠤᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠵᠦᠢ ᠵᠣᠬᠢᠰᠲᠠᠢ ᠬᠠᠮᠠᠭᠠᠯᠠᠨ ᠠᠰᠢᠭᠯᠠᠬᠤ ᠬᠡᠷᠡᠭᠲᠡᠢ᠃ ᠬᠤᠲᠠ ᠶᠢᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠭᠤᠴᠢᠨ ᠵᠢᠷᠭᠤᠳᠤᠭᠠᠷ ᠵᠦᠢᠯ ᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠤᠨ ᠵᠦᠢ ᠵᠣᠬᠢᠰᠲᠠᠢ ᠬᠠᠳᠤᠬᠤ ᠴᠠᠭ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠪᠠ ᠬᠠᠳᠤᠬᠤ ᠬᠦᠴᠦᠯᠡᠴᠡ ᠶᠢ ᠲᠣᠭᠲᠠᠭᠠᠵᠤ᠂ ᠰᠤᠮᠤ ᠪᠠᠯᠭᠠᠰᠤ᠂ ᠲᠠᠯᠠᠪᠠᠶ ᠳᠤ ᠬᠠᠳᠤᠯᠠᠩ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ ᠪᠣᠳᠠᠲᠠᠢ ᠱᠠᠭᠠᠷᠳᠠᠯᠭ᠎ᠠ ᠳᠤᠷᠠᠳᠴᠤ᠂ ᠴᠢᠩᠭ᠎ᠠ ᠬᠠᠮᠢᠶᠠᠷᠬᠤ ᠬᠡᠷᠡᠭᠲᠡᠢ᠃ ᠰᠤᠮᠤ ᠪᠠᠯᠭᠠᠰᠤ ᠲᠠᠯᠠᠪᠠᠶ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠳᠤᠯᠠᠩ   ᠢᠶᠠᠨ ᠰᠢᠯᠵᠢᠭᠦᠯᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ᠬᠤᠷᠢᠨ ᠳᠥᠷᠪᠡᠳᠦᠭᠡᠷ ᠵᠦᠢᠯ  ᠬᠤᠳᠠᠯᠳᠤᠭᠠᠴᠢᠯᠠᠭᠰᠠᠨ ᠡᠪᠡᠰᠦ ᠬᠠᠳᠤᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ ᠂ ᠡᠪᠡᠰᠦ ᠬᠠᠳᠤᠬᠤ ᠲᠡᠷᠭᠡ ᠤᠨᠤᠭ᠎ᠠ ᠶᠢᠨ ᠳᠤᠷ᠎ᠠ ᠪᠠᠷ ᠢᠶᠠᠨ ᠨᠤᠲᠤᠭ ᠪᠡᠯᠴᠢᠭᠡᠷ  ᠢ ᠳᠠᠷᠤᠬᠤ᠂ ᠨᠤᠲᠤᠭ ᠪᠡᠯᠴᠢᠭᠡᠷ  ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠠᠭᠠᠵᠠᠯᠠᠬᠤ ᠬᠡᠷᠡᠭᠲᠡᠢ᠃ ᠬᠠᠳᠤᠯᠠᠩ ᠪᠡᠯᠴᠢᠭᠡᠷ ᠲᠤ ᠲᠦᠷ ᠴᠠᠭ ᠤᠨ ᠠᠵᠢᠯᠯᠠᠬᠤ ᠰᠠᠷᠠᠪᠴᠢ ᠪᠣᠰᠬᠠᠬᠤ᠂ ᠲᠡᠷᠭᠡ ᠬᠥᠰᠬᠡ ᠪᠠᠷ ᠶᠠᠪᠤᠭᠤᠯᠬᠤ ᠳᠤ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠡᠪᠡᠰᠦ ᠬᠠᠳᠤᠬᠤ ᠠᠵᠤ ᠠᠬᠤᠶᠢᠯᠠᠯ ᠳᠤ ᠡᠷᠬᠡᠪᠰᠢ ᠨᠤᠲᠤᠭ ᠪᠡᠯᠴᠢᠭᠡᠷ ᠢ ᠲᠦᠷ ᠴᠠᠭ ᠬᠡᠷᠡᠭᠯᠡᠬᠦ ᠬᠠᠮᠢᠶ᠎ᠠ ᠪᠦᠬᠦᠢ ᠭᠠᠷᠳᠠᠮ ᠢ ᠬᠠᠤᠯᠢ ᠶᠣᠰᠣᠭᠠᠷ ᠭᠦᠢᠴᠡᠳᠬᠡᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠣᠳᠠᠯ ᠲᠤᠰᠢᠶᠠᠬᠤ ᠬᠡᠷᠡᠭᠲᠡᠢ᠃  ᠬᠠᠳᠣᠯᠠᠩ ᠪᠡᠯᠴᠢᠭᠡᠷ ᠡᠪᠳᠡᠬᠦ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠳᠣᠯᠣᠳᠤᠭᠠᠷ ᠵᠦᠢᠯ ᠢ ᠦᠨᠳᠦᠰᠦᠯᠡᠨ ᠰᠢᠳᠬᠡᠨ᠎ᠡ᠃ᠬᠤᠷᠢᠨ ᠲᠠᠪᠤᠳᠤᠭᠠᠷ ᠵᠦᠢᠯ  ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠵᠤ ᠪᠡᠯᠴᠢᠭᠡᠷ ᠪᠣᠯᠭᠠᠨ ᠠᠰᠢᠭᠯᠠᠬᠤ ᠳᠤ ᠡᠷᠬᠡᠪᠰᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷ ᠥᠨᠵᠢᠭᠦᠯᠬᠦ ᠶᠢ ᠴᠠᠭᠠᠵᠠᠯᠠᠬᠤ ᠲᠤᠶᠢᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠂ ᠳᠡᠭᠡᠷᠡᠮᠳᠡᠯᠭᠡ ᠶᠢᠨ ᠴᠢᠨᠠᠷᠲᠠᠢ ᠪᠠᠷ ᠡᠵᠡᠩᠨᠡᠵᠦ ᠪᠣᠯᠬᠤ ᠦᠭᠡᠢ᠂ ᠨᠤᠲᠤᠭ ᠪᠡᠯᠴᠢᠭᠡᠷ ᠢ ᠠᠰᠢᠭᠯᠠᠨ ᠮᠡᠯ ᠠᠵᠤ ᠠᠬᠤᠢ ᠶᠢᠨ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠬᠤ ᠦᠭᠡᠢ᠃ᠬᠤᠷᠢᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠡᠷᠭᠢᠯᠳᠦᠭᠦᠯᠬᠦ ᠶᠢᠨ ᠭᠠᠯ ᠰᠡᠷᠭᠡᠶᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠠᠪᠬᠤ ᠲᠠᠯ᠎ᠠ ᠨᠢ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂  ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠪᠦᠬᠦᠢ ᠪᠠᠭᠠᠵᠢ ᠬᠡᠷᠡᠭᠰᠡᠯ ᠢ ᠲᠣᠬᠢᠷᠠᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ᠬᠤᠷᠢᠨ ᠳᠣᠯᠣᠳᠤᠭᠠᠷ ᠵᠦᠢᠯ ᠨᠤᠲᠤᠭ ᠪᠡᠯᠴᠢᠭᠡᠷ ᠢ ᠡᠷᠭᠢᠯᠳᠦᠭᠦᠯᠬᠦ ᠳᠤ ᠳᠤᠷ᠎ᠠ ᠪᠠᠷ ᠢᠶᠠᠨ ᠡᠭᠦᠷᠢᠳᠡ ᠶᠢᠨ ᠴᠢᠨᠠᠷᠲᠠᠢ ᠲᠥᠬᠦᠭᠡᠷᠦᠮᠵᠢ ᠪᠠᠶᠢᠭᠤᠯᠵᠤ ᠪᠣᠯᠬᠤ  ᠦᠭᠡᠢ᠂ ᠦᠨᠡᠬᠡᠷ ᠪᠦᠲᠦᠭᠡᠨ ᠪᠠᠶᠢᠭᠤᠯᠬᠤ ᠴᠢᠬᠤᠯᠠ ᠲᠠᠢ ᠪᠣᠯ ᠳᠠᠭᠠᠭᠠᠴᠢᠯᠠᠭᠴᠢ ᠪᠠᠷ ᠵᠥᠪᠰᠢᠶᠡᠷᠡᠭᠦᠯᠦᠭᠡᠳ᠂ ᠳᠠᠭᠠᠭᠠᠴᠢᠯᠠᠭᠤᠯᠤᠭᠴᠢ ᠪᠣᠯᠣᠨ ᠰᠤᠮᠤ  ᠪᠠᠯᠭᠠᠰᠦ ᠲᠡᠯᠡᠪᠡᠢ ᠳᠤ ᠮᠡᠳᠡᠭᠦᠯᠵᠦ ᠵᠥᠪᠰᠢᠶᠡᠷᠡᠭᠦᠯᠦᠭᠡᠳ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠢ᠃ ᠡᠷᠭᠢᠯᠳᠦᠭᠦᠯᠬᠦ ᠭᠡᠷ᠎ᠡ ᠳᠤ ᠪᠠᠶᠢᠭᠤᠯᠤᠭᠰᠠᠨ ᠲᠥᠬᠦᠭᠡᠷᠦᠮᠵᠢ ᠶᠢ ᠰᠢᠢᠳᠪᠦᠷᠢᠯᠡᠬᠦ ᠠᠷᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ᠬᠤᠷᠢᠨ ᠨᠠᠢᠮᠠᠳᠤᠭᠠᠷ ᠵᠦᠢᠯ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠳᠡᠭᠡᠷᠡᠮᠳᠡᠯ ᠤᠨ ᠴᠢᠨᠠᠷᠲᠠᠶ ᠡᠵᠡᠩᠨᠡᠯᠲᠡ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠴᠢᠳ ᠤᠨ ᠨᠤᠲᠤᠭ ᠪᠡᠯᠴᠢᠭᠡᠷ ᠢ ᠬᠦᠨᠳᠦ ᠨᠣᠴᠢᠲᠠᠶ ᠮᠠᠭᠤᠳᠠᠭᠤᠯᠤᠭᠰᠠᠨ᠂ ᠡᠯᠡᠰᠦᠷᠬᠡᠭᠵᠢᠭᠦᠯᠦᠭᠰᠡᠨ᠂ ᠬᠥᠷᠥᠰᠥ ᠰᠢᠷᠣᠶ ᠶᠢᠨ ᠢᠳᠡᠭᠳᠡᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠲᠤᠬᠠᠶ ᠶᠢᠨ ᠬᠥᠮᠦᠨ ᠢ ᠵᠠᠷᠯᠢᠭᠳᠠᠨ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠬᠦ ᠬᠡᠷᠡᠭᠲᠡᠶ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ᠬᠤᠷᠢ ᠶᠢᠰᠦᠳᠦᠭᠡᠷ ᠵᠦᠢᠯ ᠬᠠᠤᠯᠢ ᠴᠠᠭᠠᠵᠠ ᠬᠠᠤᠯᠢ ᠲᠣᠭᠲᠠᠭᠠᠯ ᠤᠨ ᠯᠠᠪᠯᠠᠯᠭ᠎ᠠ ᠬᠢᠬᠦ᠂ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠥᠷᠨᠢᠭᠦᠯᠦᠨ᠎ᠡ᠃ ᠨᠤᠲᠤᠭ ᠪᠡᠯᠴᠢᠭᠡᠷ ᠢ ᠡᠷᠭᠢᠯᠳᠦᠭᠦᠯᠬᠦ ᠳᠤ ᠮᠠᠷᠭᠤᠯᠳᠤᠭᠠᠨ ᠪᠤᠶᠤ ᠵᠢᠭᠤᠷᠠᠯᠳᠤᠭᠠᠨ ᠭᠠᠷᠪᠠᠯ᠂ ᠲᠤᠬᠠᠢ ᠶᠢᠨ ᠬᠥᠮᠦᠨ ᠨᠢ ᠬᠠᠤᠯᠢ ᠶᠣᠰᠣᠭᠠᠷ ᠵᠥᠪᠳᠡᠯᠴᠡᠨ ᠰᠢᠢᠳᠪᠦᠷᠢᠯᠡᠬᠦ ᠬᠡᠷᠡᠭᠲᠡᠶ᠂ ᠰᠤᠮᠤ ᠪᠠᠯᠭᠠᠰᠤ ᠲᠠᠯᠠᠪᠠᠶ ᠶᠢᠨ ᠬᠠᠤᠯᠢ ᠴᠠᠭᠠᠵᠠ ᠶᠢᠨ ᠪᠠᠶᠢᠭᠤᠯᠤᠮᠵᠢ ᠪᠠᠷ ᠡᠶᠡᠳᠡᠭᠦᠯᠦᠨ ᠰᠢᠢᠳᠪᠦᠷᠢᠯᠡᠭᠦᠯᠬᠦ ᠪᠠᠷ ᠭᠤᠶᠤᠴᠢᠯᠠᠵᠤ ᠪᠣᠯᠤᠨ᠎ᠠ᠃ ᠲᠤᠬᠠᠢ ᠶᠢᠨ ᠬᠥᠮᠦᠨ ᠵᠥᠪᠳᠡᠯᠴᠡᠬᠦ᠂ ᠡᠶᠡᠳᠡᠭᠦᠯᠬᠦ ᠳᠤᠷ᠎ᠠ ᠦᠭᠡᠢ ᠪᠤᠶᠤ ᠵᠥᠪᠳᠡᠯᠴᠡᠵᠦ᠂ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ᠂ ᠬᠠᠤᠯᠢ ᠶᠣᠰᠣᠭᠠᠷ ᠰᠢᠯᠢ ᠶᠢᠨ ᠬᠠᠲᠠ ᠶᠢᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃ᠭᠤᠴᠢᠳᠤᠭᠠᠷ ᠵᠦᠢᠯ ᠲᠣᠭᠲᠠᠭᠠᠯ ᠠᠴᠠ ᠵᠥᠷᠢᠴᠡᠨ᠂ ᠡᠷᠭᠢᠯᠳᠦᠭᠦᠯᠬᠦ ᠨᠤᠲᠤᠭ ᠪᠡᠯᠴᠢᠭᠡᠷ ᠳᠡᠭᠡᠷ᠎ᠡ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠰᠡᠯᠭᠦᠨ ᠮᠠᠯᠯᠠᠬᠤ  ᠶᠢ ᠴᠠᠭᠠᠵᠠᠯᠠᠬᠤ ᠳᠦᠷᠢᠮ ᠢ ᠬᠡᠷᠡᠭᠵᠢᠭᠦᠯᠦᠭᠰᠡᠨ ᠦᠭᠡᠶ ᠪᠤᠶᠤ ᠲᠤᠰ ᠵᠠᠰᠠᠭ ᠵᠠᠬᠢᠷᠭᠠᠨ ᠤ ᠣᠷᠣᠨ ᠤ ᠭᠠᠳᠠᠨᠠᠬᠢ ᠪᠤᠶᠤ ᠮᠠᠯᠴᠢᠳ ᠤᠨ ᠪᠤᠰᠤ ᠮᠠᠯ ᠤᠨᠤᠭ᠎ᠠ ᠶᠢ ᠨᠠᠶᠢᠳᠠᠨ ᠲᠡᠵᠢᠭᠡᠯᠭᠡᠭᠰᠡᠨ ᠪᠣᠯ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠬᠤ ᠬᠡᠷᠡᠭᠲᠡᠶ᠃ᠭᠤᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠤᠭᠰᠠᠨ ᠤ ᠳᠠᠷᠠᠭ᠎ᠠ ᠬᠡᠷᠡᠭᠴᠡᠭᠡ ᠶᠢ ᠨᠢ ᠬᠤᠪᠢᠷᠠᠭᠤᠯᠤᠭᠰᠠᠨ ᠪᠠᠶᠢᠪᠠᠯ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ   ᠠᠴᠠ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠳᠣᠯᠣᠳᠤᠭᠠᠷ ᠪᠦᠯᠦᠭ ᠳᠠᠭᠠᠯᠳᠣᠭᠤᠯᠣᠬᠰᠠᠨ ᠳᠦᠷᠢᠮᠭᠤᠴᠢᠨ ᠬᠤᠶᠠᠳᠤᠭᠠᠷ ᠵᠦᠢᠯ  ᠲᠣᠰ ᠠᠷᠭ᠎ᠠ ᠶᠢ ᠰᠢᠯᠢ ᠶᠢᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ᠭᠤᠴᠢᠨ ᠭᠤᠷᠪᠠᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠬᠠᠭᠤᠯᠤᠨ ᠬᠦᠷᠭᠡᠬᠦ᠄ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ       2022 ᠣᠨ ᠤ 3 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号