ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2022/8/1
ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ ᠰᠢᠯᠢ ᠶᠢᠨ ᠬᠤᠲᠠ ᠶᠢᠨ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠳᠤ ᠬᠠᠷᠠᠭᠠᠯᠵᠠᠯ ᠦᠵᠡᠭᠦᠯᠬᠦ ᠪᠠ ᠡᠷᠬᠡ ᠠᠰᠢᠭ ᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ ᠂ ᠪᠦᠬᠦ ᠬᠤᠲᠠ ᠶᠢᠨ ᠠᠷᠠᠳ ᠣᠯᠠᠨ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠷᠦᠬᠡ ᠶᠢᠨ ᠴᠡᠷᠢᠭ ᠤᠨ ᠠᠵᠢᠯ ᠳᠤ ᠣᠷᠤᠯᠴᠠᠬᠤ ᠶᠢ ᠳᠡᠮᠵᠢᠬᠦ ᠢᠷᠠᠭᠤ ᠠᠯᠳᠠᠷᠲᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠬᠥᠭᠵᠢᠭᠡᠵᠦ᠂ ᠪᠦᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠠᠭᠤᠷᠢ  ᠶᠢ ᠤᠯᠠᠮ ᠴᠢᠨᠠᠭᠰᠢᠳᠠ ᠪᠠᠬᠢᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ    ︽︿ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠪᠠ ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ᠨᠢᠭᠡ᠂ ᠦᠢᠯᠡᠴᠢᠯᠡᠬᠦ ᠡᠲᠡᠭᠡᠳ ᠲᠤ ᠬᠠᠷᠠᠭᠠᠯᠵᠠᠯ ᠦᠵᠡᠭᠦᠯᠦᠨ᠎ᠡᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠡᠲᠡᠭᠡᠳ ᠨᠢ ᠰᠢᠯᠢ ᠶᠢᠨ ᠬᠤᠲᠠ ᠶᠢᠨ ᠣᠷᠣᠨ ᠲᠤᠭ᠎ᠠ ᠳᠤ ᠪᠠᠶᠢᠭ᠎ᠠ ᠰᠢᠯᠢᠳᠡᠭ ᠡᠷᠦᠬᠡ ᠶᠢᠨ ᠴᠡᠷᠢᠭ ᠪᠠ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠃ ᠰᠢᠯᠢᠳᠡᠭ ᠡᠷᠦᠬᠡ ᠶᠢᠨ ᠴᠡᠷᠢᠭ ᠤᠨ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ︵ᠦᠨᠡᠮᠯᠡᠯ ᠤᠨ ᠶᠠᠩᠵᠤ ᠬᠡᠯᠪᠡᠷᠢ ᠶᠢ ᠳᠠᠭᠠᠯᠳᠤᠭᠤᠯᠤᠯ ᠳᠤ ᠦᠵᠡ︶ ᠪᠣᠯᠣᠨ᠎ᠠ᠃ᠬᠤᠶᠠᠷ᠂ ᠬᠠᠷᠠᠭᠠᠯᠵᠠᠯ ᠦᠢᠯᠡᠴᠢᠯᠡᠭᠡ ᠵᠢᠴᠢ ᠡᠷᠬᠡ ᠠᠰᠢᠭ ᠢ ᠪᠠᠲᠤᠯᠠᠬᠤ ᠠᠷᠭ᠎ᠠ ᠬᠡᠮᠵᠢᠶ᠎ᠡ︵ᠨᠢᠭᠡ︶ ᠦᠢᠯᠡᠴᠢᠯᠡᠭᠡᠨ  ᠤ ᠴᠣᠩᠬᠤ ᠲᠣᠬᠢᠷᠠᠭᠤᠯᠬᠤ ᠬᠡᠷᠡᠭᠲᠡᠢᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠣᠣᠷ᠎ᠠ ᠵᠢᠭᠰᠠᠭᠠᠭᠰᠠᠨ ᠨᠢᠭᠡᠴᠡ᠂ ᠪᠠᠶᠢᠭᠤᠯᠤᠮᠵᠢ᠂  ᠲᠠᠯᠠᠪᠣᠷ ᠭᠠᠵᠠᠷ ᠲᠤ ᠰᠢᠯᠢᠳᠡᠭ ᠡᠷᠦᠬᠡ ᠶᠢᠨ ᠴᠡᠷᠢᠭ ᠤᠨ ᠦᠢᠯᠡᠴᠢᠯᠡᠭᠡᠨ ᠤ ᠴᠣᠩᠬᠤ ᠪᠤᠶᠤ ᠢᠯᠡᠷᠬᠡᠢ ᠲᠡᠮᠳᠡᠭ ᠲᠠᠯᠪᠢᠵᠤ᠂ ᠤᠷᠢᠳᠠᠪᠠᠷ ᠦᠢᠯᠡᠴᠢᠯᠡᠭᠡ ᠬᠠᠩᠭᠠᠬᠤ ᠬᠡᠷᠡᠭᠲᠡᠢ᠄ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠬᠠᠷᠢᠶ᠎ᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠯᠪᠠᠨ   ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠪᠠᠩᠬᠢ ᠶᠢᠨ ᠦᠢᠯᠡᠴᠢᠯᠡᠭᠡᠨ ᠤ ᠲᠣᠣᠷ ᠴᠢᠭ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ  ᠃︵ᠬᠤᠶᠠᠷ︶ ᠡᠩ ᠲᠡᠷᠢᠭᠦᠨ  ᠤ ᠦᠢᠯᠡᠴᠢᠯᠡᠭᠡ ᠬᠠᠩᠭᠠᠨ᠎ᠠᠰᠢᠯᠢᠳᠡᠭ ᠡᠷᠦᠬᠡ ᠶᠢᠨ ᠴᠡᠷᠢᠭ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠦᠢᠯᠡᠴᠢᠯᠡᠭᠡ ᠶᠢ ᠤᠷᠢᠳᠠᠪᠠᠷ ᠭᠥᠷᠳᠡᠨ᠎ᠡ᠄1. ᠡᠷᠦᠬᠡ ᠠᠮᠠ ᠶᠢᠨ ᠲᠠᠩᠰᠠ ᠪᠠ ᠣᠷᠤᠭ ᠤᠨ ᠪᠦᠷᠢᠳᠬᠡᠯ ᠤᠨ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ᠃2. ᠠᠵᠢᠯ ᠣᠯᠵᠤ ᠠᠳᠠᠯ ᠦᠢᠯᠡᠰ ᠴᠣᠭᠴᠠᠯᠠᠬᠤ ᠶᠢᠨ ᠲᠡᠳᠬᠦᠮᠵᠢ ᠪᠠ ᠠᠵᠢᠯ ᠣᠯᠭᠤᠯᠲᠠ ᠶᠢᠨ ᠲᠤᠰᠠᠯᠠᠮᠵᠢ ᠶᠢ ᠤᠷᠢᠳᠠᠪᠠᠷ ᠭᠥᠷᠳᠡᠨ᠎ᠡ᠃3. ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ᠃4. ᠡᠯ᠎ᠡ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠤᠷᠢᠳᠠᠪᠠᠷ ᠪᠢᠯᠧᠲ ᠬᠤᠳᠠᠯᠳᠤᠨ ᠠᠪᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠲᠡᠷᠭᠡᠨ ᠳᠤ ᠰᠠᠭᠤᠬᠤ ᠵᠡᠷᠭᠡ ᠦᠢᠯᠡᠴᠢᠯᠡᠭᠡ ᠶᠢ ᠭᠥᠷᠳᠡᠨ᠎ᠡ᠃5. ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠡᠭᠡᠨ᠂ ᠤᠷᠢᠳᠠᠪᠠᠷ ᠳ᠋ᠤᠭᠠᠷᠯᠠᠬᠤ᠂ ᠰᠢᠨᠵᠢᠯᠡᠨ ᠰᠢᠯᠭᠠᠬᠤ ᠂ ᠪᠠᠶᠢᠴᠠᠭᠠᠬᠤ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠬᠦᠷᠲᠡᠭᠡᠨ᠎ᠡ᠃6. ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠲᠣᠣᠷ ᠴᠢᠭ ᠲᠤ ᠡᠷᠦᠬᠡ  ᠳᠠᠩᠰᠠᠯᠠᠬᠤ ᠳᠠᠩᠰᠠᠯᠠᠬᠰᠠᠨ ᠡᠷᠦᠬᠡ ᠢᠶᠠᠨ ᠬᠠᠰᠣᠬᠤ᠂ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ᠃7. ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠤᠷᠢᠳᠠᠪᠠᠷ ᠲᠠᠶᠢᠯᠪᠤᠷᠢᠯᠠᠬᠤ᠂ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠶᠢ ᠬᠦᠷᠲᠡᠭᠡᠨ᠎ᠡ᠃︵ᠭᠤᠷᠪᠠ︶ ᠬᠠᠷᠠᠭᠠᠯᠵᠠᠯ  ᠤᠨ ᠦᠢᠯᠡᠴᠢᠯᠡᠭᠡ ᠬᠠᠩᠭᠠᠨ᠎ᠠᠰᠢᠯᠢᠳᠡᠭ ᠡᠷᠦᠭᠡ ᠶᠢᠨ ᠴᠡᠷᠢᠭ ᠪᠦᠬᠦ ᠬᠤᠳᠠ ᠶᠢᠨ ᠵᠠᠰᠠᠭ ᠵᠠᠬᠢᠷᠭᠠᠨ ᠤ ᠣᠷᠣᠨ ᠳᠤ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠬᠠᠷᠠᠭᠠᠯᠵᠠᠯ ᠢ ᠬᠦᠷᠳᠡᠨ᠎ᠡ᠄1. ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠤᠨ ᠺᠠᠷᠲ ᠢ ᠭᠦᠢᠴᠡᠳᠬᠡᠵᠦ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠳᠤ 8% ᠪᠠᠷ ᠨᠤᠭᠤᠯᠵᠤ ᠪᠤᠳᠤᠬᠤ ᠲᠤᠰᠬᠠᠢ ᠬᠠᠷᠠᠭᠠᠯᠵᠠᠯ ᠢ ᠭᠥᠷᠳᠡᠨ᠎ᠡ᠃2. ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠨᠡᠭᠡᠭᠡᠯᠲᠡᠲᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠠᠯᠳᠠᠷᠲᠤ ᠦᠵᠡᠮᠵᠢ ᠡᠷᠲᠡᠨ ᠤ ᠪᠠᠭᠤᠷᠢ ᠪᠠ ᠡᠯ᠎ᠡ ᠲᠥᠷᠥᠯ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢᠶᠠᠷ ᠲᠣᠭᠤᠷᠢᠨ ᠵᠤᠭᠠᠴᠠᠬᠤ ᠳᠤ ᠠᠩᠬᠠᠨ ᠤ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠦᠭᠡᠢ᠃3. ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠤᠪᠢ ᠬᠥᠮᠥᠨ  ᠤ ᠺᠠᠷᠲ ᠭᠦᠢᠴᠡᠳᠬᠡᠬᠦ ᠳᠤ ᠬᠠᠷᠠᠭᠠᠯᠵᠠᠯ ᠭᠥᠷᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠨᠡᠮᠡᠵᠦ ᠬᠠᠮᠢᠶᠠᠷᠬᠤ ﹇2020﹈ 68 ᠳ᠋ᠤᠭᠠᠷ ᠲᠣᠭᠠᠲᠤ︶ ᠶᠣᠰᠣᠭᠠᠷ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ  ᠶᠢᠨ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠲᠣᠰᠣ ᠨᠡᠮᠡᠬᠦ ᠬᠠᠷᠠᠭᠠᠯᠵᠠᠯ ᠤᠨ ᠲᠥᠰᠥᠯ︾ ᠶᠣᠰᠣᠭᠠᠷ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ︵ᠬᠡᠢ︶ ᠥᠷᠲᠡᠭᠡ ᠳᠤ ᠭᠡᠷ ᠤᠨ ᠬᠡᠷᠡᠭᠯᠡᠭᠡᠨ ᠤ ᠮᠠᠰᠢᠨ ᠲᠡᠷᠭᠡᠨ  ᠤ ᠲᠣᠰᠣ ᠨᠡᠮᠡᠬᠦ ᠬᠠᠷᠠᠭᠠᠯᠵᠠᠯ ᠢ ᠬᠦᠷᠲᠡᠭᠡᠨ᠎ᠡ᠃4. ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠲᠤᠤᠷ ᠰᠦᠯᠵᠢᠶ᠎ᠡ ᠳᠤ ᠬᠤᠪᠢ ᠬᠥᠮᠦᠨ ᠤ ᠭᠠᠷ ᠤᠲᠠᠰᠤᠨ ᠤ ᠴᠢᠮᠡᠭᠡ ᠬᠤᠯᠪᠣᠭᠠᠨ ᠤ ᠦᠨ᠎ᠡ ᠪᠠᠭᠤᠷᠠᠭᠤᠯᠬᠤ ᠬᠠᠷᠠᠭᠠᠯᠵᠠᠯ ᠢ ᠭᠥᠷᠳᠡᠵᠦ᠂ ᠪᠣᠳᠠᠲᠠᠶ ᠦᠨ᠎ᠡ ᠬᠠᠰᠤᠬᠤ ᠬᠠᠷᠢᠴᠠᠯ ᠢ ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ  ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠰᠦᠯᠵᠢᠶ᠎ᠡ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠲᠣᠭᠲᠠᠭᠠᠯ ᠢ ᠬᠡᠷᠡᠭᠵᠢᠭᠦᠯᠦᠨ᠎ᠡ᠃︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠᠰᠢᠯᠢᠳᠡᠭ ᠡᠷᠦᠭᠡ ᠶᠢᠨ ᠴᠡᠷᠢᠭ ᠲᠡᠶᠢᠠ ᠤ ᠪᠡᠯᠡᠳᠬᠡᠯ ᠤᠨ ᠡᠭᠦᠷᠭᠡ ᠭᠦᠢᠴᠡᠳᠬᠡᠬᠦ᠂ ᠠᠶᠤᠯ ᠭᠠᠮᠰᠢᠭ ᠠᠴᠠ ᠠᠪᠤᠷᠠᠬᠤ᠂ ᠴᠡᠷᠢᠭ ᠤᠨ ᠰᠤᠷᠭᠠᠭᠤᠯᠢᠯᠠᠯ ᠬᠢᠬᠦ ᠪᠠ ᠬᠤᠯᠪᠣᠭᠳᠠᠯ ᠪᠦᠬᠦᠢ ᠠᠵᠢᠯᠯᠠᠭ᠎ᠠ ᠳᠤ ᠣᠷᠤᠯᠴᠠᠬᠤ ᠦᠶ᠎ᠡ ᠳᠤ᠂ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠲᠣᠭᠲᠠᠭᠠᠯ ᠶᠣᠰᠣᠭᠠᠷ ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠬᠠᠷᠠᠭᠠᠯᠵᠠᠯ ᠢ ᠨᠠᠶᠢᠳᠠᠪᠤᠷᠢᠵᠢᠭᠤᠯᠬᠤ ᠬᠡᠷᠡᠭᠲᠡᠢ᠂ ᠡᠭᠦᠨ ᠠᠴᠠ ᠪᠣᠯᠵᠤ ᠬᠥᠳᠡᠯᠮᠦᠷᠢᠯᠡᠬᠦ ᠪᠤᠶᠤ ᠤᠷᠢᠵᠤ ᠬᠡᠷᠡᠭᠯᠡᠬᠦ ᠬᠠᠷᠢᠴᠠᠭ᠎ᠠ ᠪᠠᠨ ᠬᠦᠴᠦᠨ ᠤᠶᠢᠭᠡᠢ ᠪᠣᠯᠭᠠᠵᠤ ᠪᠣᠯᠬᠤ  ᠦᠭᠡᠢ᠃︵ᠲᠠᠪᠤ︶ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠦᠢᠯᠡᠳᠪᠦᠷᠢᠯᠡᠯ ᠡᠵᠡᠩᠨᠡᠯᠲᠡ ᠳᠤ ᠳᠣᠣᠷᠠᠬᠢ ᠮᠡᠲᠦ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ  ᠬᠡᠷᠡᠭᠵᠢᠭᠦᠯᠦᠨ᠎ᠡ᠃1.ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠡᠪᠰᠡᠭᠲᠦ ᠬᠦᠴᠦᠨ ᠤ ᠠᠵᠢᠯ ᠢ ᠥᠷᠨᠢᠭᠦᠯᠬᠦ ᠳᠤ ᠬᠡᠷᠡᠭᠯᠡᠬᠦ ᠵᠠᠷᠤᠳᠠᠯ ᠢ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠲᠤ ᠪᠤᠳᠤᠵᠤ ᠣᠷᠣᠭᠤᠯᠤᠨ᠎ᠠ᠂ ᠵᠣᠬᠢᠴᠠᠩᠭᠤᠢ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠨ᠎ᠠ᠃ ᠠᠷᠭ᠎ᠠ ᠬᠡᠮᠵᠢᠶ᠎ᠡ ᠶᠢ ᠡᠳ᠋ᠯᠡᠨ᠎ᠡ᠃2. ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠭᠡᠵᠦ ᠦᠨᠡᠮᠰᠢᠭᠦᠯᠦᠭᠰᠡᠨ ᠪᠣᠯ ᠲᠥᠷᠥᠯ ᠵᠦᠢᠯ᠂ ᠭᠠᠵᠠᠷ ᠬᠡᠷᠡᠭᠯᠡᠬᠦ ᠵᠡᠷᠭᠡ ᠬᠢᠨᠠᠨ ᠵᠥᠪᠰᠢᠶᠡᠷᠡᠯ ᠢ ᠡᠩ ᠲᠡᠷᠢᠭᠦᠨ ᠳᠤ ᠪᠠᠶᠢᠯᠭᠠᠬᠤ ᠪᠠ ᠳᠡᠰ ᠳᠠᠷᠠᠭᠠᠯᠠᠯ ᠢ ᠨᠢ ᠪᠠᠭᠠᠰᠬᠠᠬᠤ ᠲᠥᠷᠥ ᠶᠢᠨ ᠪᠣᠳᠣᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠡᠳᠬᠦᠬᠦ ᠠᠷᠭ᠎ᠠ ᠬᠡᠮᠵᠢᠶ᠎ᠡ ᠶᠢ ᠬᠦᠷᠲᠡᠨ᠎ᠡ᠃3. ᠵᠢᠯᠣᠭᠤᠳᠬᠤ ᠴᠢᠮᠡᠭᠡ ᠬᠤᠯᠪᠣᠭ᠎ᠠ᠂ ᠲᠤᠷᠰᠢᠨ ᠪᠠᠶᠢᠴᠠᠭᠠᠵᠤ ᠠᠵᠢᠭᠯᠠᠬᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠪᠤᠶᠤ ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠵᠦ ᠡᠵᠡᠩᠨᠡᠭᠰᠡᠨ ᠮᠥᠷᠲᠡᠭᠡᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠠᠰᠠᠭ  ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠬᠡᠷᠡᠭᠲᠡᠶ᠃4. ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠳᠤ ᠭᠠᠵᠠᠷ ᠰᠢᠷᠣᠢ ᠬᠠᠩᠭᠠᠬᠤ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ᠃︵ᠵᠢᠷᠭᠤᠭ᠎ᠠ︶ ᠤᠯᠤᠰ ᠲᠦᠷᠦ ᠶᠢᠨ ᠬᠠᠷᠠᠭᠠᠯᠵᠠᠯ ᠦᠵᠡᠭᠦᠯᠦᠨ᠎ᠡᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠭᠡᠵᠦ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠬᠤᠪᠢ ᠬᠥᠮᠥᠨ ᠳᠣᠣᠷᠠᠬᠢ ᠮᠡᠲᠦ ᠤᠯᠤᠰ ᠲᠥᠷᠥ ᠶᠢᠨ ᠬᠠᠷᠠᠭᠠᠯᠵᠠᠯ ᠢ ᠬᠦᠷᠳᠡᠨ᠎ᠡ᠄1. ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠰᠢᠯᠭᠠᠷᠠᠭᠤᠯᠬᠤ ᠳᠤ ᠤᠷᠢᠳᠠᠪᠠᠷ ᠪᠠᠲᠤᠯᠠᠨ ᠲᠠᠨᠢᠯᠴᠠᠭᠤᠯᠤᠨ᠎ᠠ᠃2. ᠠᠵᠤ ᠠᠬᠤᠶᠢᠯᠠᠯ ᠤᠨ ᠪᠡᠯᠡ ᠭᠠᠷᠭᠠᠭᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠠᠴᠠ ᠡᠯ᠎ᠡ ᠱᠠᠲᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠲᠠᠨᠢᠯᠴᠠᠭᠤᠯᠬᠤ ᠳᠠᠭᠠᠨ ᠵᠢᠱᠢᠭᠳᠡᠭᠴᠢ ᠶᠢᠨ ᠪᠠᠷᠢᠮᠵᠢᠶ᠎ᠠ ᠨᠥᠬᠦᠴᠡᠯ ᠪᠠ ᠪᠦᠲᠦᠴᠡ ᠶᠢᠨ ᠬᠠᠷᠢᠴᠠᠯ ᠢ ᠦᠨᠳᠦᠰᠦᠯᠡᠨ ᠤᠷᠢᠳᠠᠪᠠᠷ ᠲᠠᠨᠢᠯᠴᠠᠭᠤᠯᠤᠨ᠎ᠠ᠃ᠭᠤᠷᠪᠠ᠂ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠬᠡᠷᠡᠭᠯᠡᠵᠦ ᠬᠠᠮᠢᠶᠠᠷᠬᠤ︵ᠨᠢᠭᠡ︶ ᠭᠡᠷᠡᠴᠢ ᠦᠨᠡᠮᠯᠡᠯ ᠢ ᠬᠢᠨᠠᠨ ᠰᠢᠯᠭᠠᠬᠤ ᠶᠢ ᠴᠢᠩᠳᠠᠯᠠᠨ᠎ᠠ1. ᠰᠢᠯᠢ ᠶᠢᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠣᠯᠭᠤᠬᠤ᠂ ᠬᠢᠨᠠᠨ ᠰᠢᠯᠭᠠᠬᠤ᠂ ᠰᠣᠯᠢᠬᠤ ᠠᠵᠢᠯ ᠢ ᠬᠠᠷᠢᠭᠤᠴᠠᠨ᠎ᠠ᠃ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠤᠨ ᠲᠦᠷᠦᠭᠦᠸ ᠨᠢᠭᠤᠷ ᠲᠤ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ ᠤᠨ ᠲᠤᠰᠬᠠᠢ ᠲᠠᠮᠠᠭ᠎ᠠ ︵ᠪᠣᠯᠣᠳ ᠲᠠᠮᠠᠭ᠎ᠠ︶ ᠶᠢ ᠳᠠᠷᠤᠨ᠎ᠠ᠂ ᠬᠤᠶᠠᠳᠤᠭᠠᠷ᠂ ᠭᠤᠷᠪᠠᠳᠤᠭᠠᠷ ᠨᠢᠭᠤᠷ ᠲᠤ ᠬᠢᠨᠠᠨ ᠰᠢᠯᠭᠠᠬᠤ ᠨᠢᠭᠡᠴᠡ ᠶᠢᠨ ᠵᠠᠰᠠᠭ ᠵᠠᠬᠢᠷᠭᠠᠨ ᠤ ᠠᠯᠪᠠᠨ ᠲᠠᠮᠠᠭ᠎ᠠ ᠳᠠᠷᠤᠪᠠᠯ ᠬᠦᠴᠦᠨ ᠲᠠᠢ ᠦᠨᠡᠮᠯᠡᠯ ᠪᠣᠯᠣᠨ᠎ᠠ᠃2. ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠤᠳᠠᠭ᠎ᠠ ᠪᠦᠷᠢ ᠶᠢᠨ ᠬᠢᠨᠠᠨ ᠰᠢᠯᠭᠠᠯᠲᠠ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠂ ᠰᠢᠯᠢᠳᠡᠭ ᠡᠷᠦᠬᠡ ᠶᠢᠨ ᠴᠡᠷᠢᠭ ᠬᠦᠴᠦᠨ ᠲᠠᠢ ᠬᠤᠭᠤᠴᠠᠭᠠᠨ ᠳᠠᠭᠠᠨ ᠬᠠᠮᠢᠶ᠎ᠠ ᠪᠦᠬᠦᠢ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠶᠢ ᠡᠳ᠋ᠯᠡᠨ᠎ᠡ᠃ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠢᠨᠠᠨ ᠰᠢᠯᠭᠠᠭᠤᠯᠤᠭᠰᠠᠨ ᠦᠭᠡᠢ ᠪᠤᠶᠤ ᠰᠢᠯᠢᠳᠡᠭ ᠡᠷᠦᠭᠡ ᠶᠢᠨ ᠴᠡᠷᠢᠭ ᠠᠩᠭᠢ ᠠᠴᠠ ᠭᠠᠷᠬᠤ ᠦᠶ᠎ᠡ ᠳᠤ ᠠᠶᠠᠨᠳᠠᠭᠠᠨ ᠬᠦᠴᠦᠨ ᠦᠭᠡᠢ ᠪᠣᠯᠵᠤ᠂ ᠬᠤᠯᠪᠣᠭᠳᠠᠯ ᠪᠦᠬᠦᠢ ᠡᠷᠬᠡ ᠠᠰᠢᠭ ᠢ ᠲᠠᠬᠢᠵᠤ ᠡᠳ᠋ᠯᠡᠬᠦ ᠦᠭᠡᠢ᠃︵ᠬᠤᠶᠠᠷ︶ ᠭᠡᠷᠡᠴᠢ ᠦᠨᠡᠮᠯᠡᠯ ᠢ ᠬᠡᠷᠡᠭᠯᠡᠬᠦ ᠶᠢ ᠴᠢᠩᠳᠠᠯᠠᠨ᠎ᠠ1. ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠤᠯᠢ ᠶᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ᠂ ᠲᠣᠭᠲᠠᠭᠠᠯ ᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ︽ᠰᠢᠯᠢᠳᠡᠭ ᠡᠷᠦᠭᠡ ᠶᠢᠨ ᠴᠡᠷᠢᠭ  ᠤᠨ ᠦᠨᠡᠮᠯᠡᠯ︾ ᠳᠤ ᠣᠨ ᠤ ᠪᠠᠶᠢᠴᠠᠭᠠᠯᠲᠠ ᠬᠢᠬᠦ ᠦᠭᠡᠢ ᠪᠥᠭᠡᠳ ᠰᠢᠯᠢᠳᠡᠭ ᠡᠷᠦᠭᠡ ᠶᠢᠨ ᠴᠡᠷᠢᠭ ᠤᠨ ᠬᠢᠷᠢ ᠬᠡᠮ ᠢ  ᠨᠢ ᠬᠦᠴᠦᠨ ᠥᠬᠡᠶ ᠪᠣᠯᠭᠠᠨ᠎ᠠ᠃2. ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠣᠯᠵᠤ᠂ ᠮᠠᠭᠤ ᠨᠥᠯᠥᠭᠡ ᠭᠠᠷᠭᠠᠭᠰᠠᠨ᠂ ᠶᠠᠯ᠎ᠠ ᠬᠢᠭᠰᠡᠨ ᠠᠴᠠ ᠪᠣᠯᠵᠣ ᠡᠷᠡᠭᠦᠦ ᠶᠢᠨ ᠰᠢᠢᠳᠬᠡᠯ ᠣᠯᠤᠭᠰᠠᠨ ᠪᠠᠶᠢᠪᠠᠯ᠂ ᠦᠨᠡᠮᠯᠡᠯ ᠣᠯᠭᠤᠭᠰᠠᠨ ᠨᠢᠭᠡᠴᠡ ᠠᠴᠠ ᠲᠡᠭᠦᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠨᠢ ᠬᠤᠷᠢᠶᠠᠨ ᠠᠪᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠢᠶᠠᠷ ᠰᠢᠳᠬᠡᠭᠳᠡᠭᠰᠡᠨ ᠤ ᠳᠠᠷᠠᠭ᠎ᠠ ᠠᠯᠳᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ ᠨᠠᠵᠠᠭᠠᠶ ᠲᠠᠯ᠎ᠠ ᠶᠢᠨ ᠨᠥᠯᠥᠭᠡ ᠶᠢ ᠢᠳᠡᠪᠬᠢᠲᠡᠶ ᠪᠠᠷ ᠠᠷᠢᠯᠭᠠᠭᠰᠠᠨ ᠪᠣᠯ ᠦᠨᠡᠮᠯᠡᠯ ᠣᠯᠭᠤᠭᠰᠠᠨ ᠨᠢᠭᠡᠴᠡ ᠪᠠᠷ ᠬᠢᠨᠠᠭᠤᠯᠤᠭᠠᠳ ᠵᠥᠪᠰᠢᠶᠡᠷᠡᠭᠦᠯᠦᠭᠡᠳ        ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠣᠯᠭᠤᠬᠤ ᠶᠠᠪᠤᠳᠠᠯ ᠢ ᠰᠡᠷᠭᠦᠭᠡᠵᠦ ᠪᠣᠯᠤᠨ᠎ᠠ᠃︵ᠭᠤᠷᠪᠠ︶ ᠭᠡᠷᠡᠴᠢ ᠦᠨᠡᠮᠯᠡᠯ ᠤᠨ ᠬᠠᠮᠢᠶᠠᠷᠤᠯᠲᠠ ᠶᠢ ᠴᠢᠩᠳᠠᠯᠠᠨ᠎ᠠ1. ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠵᠥᠪᠬᠡᠨ ᠲᠤᠰ ᠬᠥᠮᠥᠨ ᠳᠤᠨᠢ ᠬᠡᠷᠡᠭᠯᠡᠭᠦᠯᠦᠨ᠎ᠡ᠂ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠪᠠᠯᠠᠯᠤᠨ ᠵᠠᠰᠠᠭᠰᠠᠨ᠂ ᠪᠤᠰᠤᠳ ᠲᠤ ᠵᠢᠭᠡᠯᠡᠭᠦᠯᠦᠨ ᠬᠡᠷᠡᠭᠯᠡᠭᠦᠯᠦᠭᠰᠡᠨ ᠬᠥᠮᠥᠨ ᠤ ᠦᠨᠡᠮᠯᠡᠯ ᠢ ᠣᠯᠭᠤᠭᠰᠠᠨ ᠨᠢᠭᠡᠴᠡ ᠠᠴᠠ ᠨᠢ ᠲᠡᠭᠦᠨ ᠤ ᠦᠨᠡᠮᠯᠡᠯ ᠢ ᠨᠢ ᠬᠤᠷᠢᠶᠠᠵᠤ ᠠᠪᠤᠨ᠎ᠠ᠂ ᠭᠡᠭᠡᠵᠦ ᠤᠷᠬᠢᠬᠰᠡᠠ ᠪᠤᠶᠤ ᠡᠪᠳᠡᠵᠦ ᠰᠦᠢᠳᠬᠡᠭᠰᠡᠨ ᠪᠠᠶᠢᠪᠠᠯ ᠦᠨᠡᠮᠯᠡᠯ ᠣᠯᠭᠤᠭᠰᠠᠨ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃2. ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠭᠰᠠᠨ᠂ ᠮᠡᠬᠡᠯᠡᠨ ᠠᠪᠤᠭᠰᠠᠨ ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃ᠳᠥᠷᠪᠡ᠂ ᠠᠵᠢᠯ ᠤᠨ ᠱᠠᠭᠠᠷᠳᠠᠯᠭ᠎ᠠ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠪᠣᠯ ᠲᠡᠷᠢᠭᠦᠯᠡᠭᠴᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠲᠤᠬᠠᠶ ᠴᠢᠬᠤᠯᠠ ᠠᠷᠭ᠎ᠠ ᠬᠡᠮᠵᠢᠶ᠎ᠡ ᠮᠥᠨ᠂ ᠪᠥᠬᠦ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠠᠭᠤᠯᠭ᠎ᠠ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠶᠢᠨ ᠡᠭᠦᠷᠭᠡ ᠪᠠᠨ ᠨᠠᠷᠢᠯᠢᠠᠠᠵᠢᠭᠤᠯᠵᠤ᠂ ᠠᠵᠢᠯ ᠤᠨ ᠡᠴᠦᠰ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠥᠨᠳᠥᠷ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃︵ᠬᠤᠶᠠᠷ︶ ᠤᠬᠠᠭᠤᠯᠭ᠎ᠠ ᠪᠣᠯᠪᠠᠰᠤᠷᠠᠭᠤᠯᠤᠯ ᠢ ᠰᠠᠶᠢᠲᠤᠷ ᠠᠳᠬᠤᠬᠤ ᠬᠡᠷᠡᠭᠲᠡᠢ᠃ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠥᠷᠭᠡᠨ᠂ ᠬᠤᠯᠪᠣᠭᠳᠠᠬᠤ ᠬᠥᠮᠥᠨ ᠣᠯᠠᠨ ᠪᠠᠶᠢᠬᠤ  ᠶᠢ ᠨᠠᠶᠢᠳᠠᠪᠤᠷᠢᠵᠢᠭᠤᠯᠵᠤ᠂ ᠢᠯᠠᠩᠭᠤᠶ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠨᠢᠭᠡᠴᠡ᠂ ᠪᠠᠶᠢᠭᠤᠯᠤᠮᠵᠢ ᠠᠴᠠ ᠡᠷᠦᠭᠡ ᠶᠢᠨ ᠴᠡᠷᠢᠭ ᠤᠨ ᠡᠷᠬᠡ ᠠᠰᠢᠭ ᠢ ᠪᠠᠲᠤᠯᠠᠬᠤ ᠬᠦᠷᠢᠶ᠎ᠡ ᠬᠡᠪᠴᠢᠶ᠎ᠡ ᠪᠠ ᠭᠡᠷᠡᠴᠢ ᠦᠨᠡᠮᠯᠡᠯ ᠢ ᠬᠢᠨᠠᠨ ᠰᠢᠯᠭᠠᠵᠤ ᠣᠯᠭᠤᠬᠤ᠂ ᠬᠡᠷᠡᠭᠯᠡᠬᠦ ᠬᠠᠮᠢᠶᠠᠷᠤᠯᠲᠠ ᠶᠢ ᠪᠠᠰᠠ ᠣᠨᠣᠪᠴᠢᠲᠠᠶ ᠡᠵᠡᠮᠰᠢᠵᠦ ᠴᠢᠳᠠᠬᠤ ᠦᠭᠡᠢ ᠪᠠᠶᠢᠨ᠎ᠠ᠂ ᠡᠶᠢᠮᠦ ᠠᠴᠠ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠴᠢᠬᠤᠯᠠ ᠪᠦᠬᠦᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠭᠤᠣᠯ ᠪᠣᠯᠬᠤ ᠵᠠᠭᠤᠴᠢᠯᠠᠭᠤᠷ᠂ ᠰᠣᠨᠢᠨ ᠮᠡᠳᠡᠭᠡᠨ ᠤ ᠰᠢᠯᠵᠢᠶ᠎ᠡ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠰᠢᠯᠢᠳᠡᠭ ᠡᠷᠦᠭᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠬᠤ ᠬᠡᠷᠡᠭᠲᠡᠢ᠃ ᠡᠯ᠎ᠡ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠨᠢ ᠪᠢᠴᠢᠭᠡᠰᠦ ᠡᠯᠭᠦᠬᠦ᠂ ᠲᠡᠮᠳᠡᠭ ᠨᠠᠭᠠᠬᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠣᠯᠠᠨ ᠨᠡᠶᠢᠲᠡ ᠶᠢᠨ ᠮᠡᠳᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃︵ᠭᠤᠷᠪᠠ︶ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠳᠠᠯᠠᠬᠤ ᠬᠡᠷᠡᠭᠲᠡᠢ᠃ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠠᠵᠢᠯ ᠢ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠭᠤᠯᠭ᠎ᠠ ᠳᠤ ᠵᠢᠭᠰᠠᠭᠠᠨ ᠣᠷᠣᠭᠤᠯᠵᠤ᠂ ᠪᠥᠬᠦ ᠬᠤᠲᠠ ᠶᠢᠨ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠠᠷᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠢ ᠰᠢᠮᠳᠠᠭᠤᠯᠵᠤ ᠪᠠᠶᠢᠭᠠᠳ ᠡᠷᠦᠬᠡ ᠶᠢᠨ ᠴᠡᠷᠢᠭ ᠤᠨ ᠤᠷᠢᠳᠠᠪᠠᠷ ᠬᠠᠷᠠᠭᠠᠯᠵᠠᠯ ᠦᠵᠡᠭᠦᠯᠬᠦ ᠡᠷᠬᠡ ᠠᠰᠢᠭ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠵᠠᠭᠠᠯᠳᠤᠯᠭ᠎ᠠ ᠭᠠᠷᠭᠠᠭᠰᠠᠨ ᠵᠢᠴᠢ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 5 ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号