︽  ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ  ᠶᠢᠨ ᠬᠡᠷᠡᠭᠵᠢᠭᠦᠯᠬᠦ  ᠲᠥᠰᠥᠯ︾  ᠤᠨ  ᠲᠥᠷᠥ  ᠶᠢᠨ  ᠪᠣᠳᠣᠯᠭ᠎ᠠ  ᠶᠢᠨ  ᠲᠠᠶᠢᠯᠤᠮᠵᠢ
ᠨᠡᠶᠢᠲᠡᠯᠡᠭᠰᠡᠨ ᠴᠠᠭ᠄
2022/8/1
︽ ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ    ᠶᠢᠨ   ᠬᠡᠷᠡᠭᠵᠢᠭᠦᠯᠬᠦ  ᠲᠥᠰᠥᠯ  ︾  ᠤᠨ  ᠲᠥᠷᠥ  ᠶᠢᠨ  ᠪᠣᠳᠣᠯᠭ᠎ᠠ  ᠶᠢᠨ  ᠲᠠᠶᠢᠯᠤᠮᠵᠢᠨᠢᠭᠡ᠂ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠮᠠᠨ ᠤ ᠴᠡᠷᠢᠭ ᠤᠨ ᠪᠡᠯᠡᠳᠬᠡᠯ ᠬᠦᠴᠦᠨ ᠤ ᠪᠦᠲᠦᠭᠡᠨ ᠪᠠᠶᠢᠭᠤᠯᠤᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ︾ ︵ᠲᠥᠷᠥ ᠲᠠᠷᠬᠠᠭᠠᠭᠰᠠᠨ ﹇2017﹈ 38 ᠳ᠋ᠤᠭᠠᠷ ᠲᠣᠭᠠᠲᠤ︶᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ᠲᠥᠪ ᠲᠠᠷᠬᠠᠭᠠᠭᠰᠠᠨ ﹇2012﹈ 9 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠰᠢᠯᠢ ᠵᠠᠬᠢᠷᠭ᠎ᠠ ᠲᠠᠷᠬᠠᠭᠠᠭᠰᠠᠨ ﹇2021﹈ 28 ᠳ᠋ᠤᠭᠠᠷ ᠲᠣᠭᠠᠲᠤ︶ ᠢ  ᠦᠨᠳᠦᠰᠦᠯᠡᠵᠦ᠂ ᠪᠥᠬᠦ ᠬᠤᠲᠠ ᠶᠢᠨ ᠡᠷᠦᠬᠡ ᠶᠢᠨ ᠴᠡᠷᠢᠭ ᠤᠨ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠳᠤ ᠬᠠᠷᠠᠭᠠᠯᠵᠠᠯ ᠦᠵᠡᠭᠦᠯᠬᠦ ᠪᠠ ᠡᠷᠬᠡ ᠠᠰᠢᠭ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠪᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠷᠦᠬᠡ ᠶᠢᠨ ᠴᠡᠷᠢᠭ ᠤᠨ ᠠᠵᠢᠯ ᠳᠤ ᠣᠷᠤᠯᠴᠠᠬᠤ ᠶᠢ ᠳᠡᠮᠵᠢᠬᠦ ᠢᠷᠠᠭᠤ ᠠᠯᠳᠠᠷᠲᠤ ᠰᠡᠳᠬᠢᠯᠭᠡ᠂ ᠬᠦᠷᠲᠡᠭᠡᠯ ᠤᠨ ᠲᠥᠷᠥᠭᠳᠡᠯ ᠢ ᠳᠡᠭᠡᠭᠰᠢᠯᠡᠭᠦᠯᠵᠦ᠂ ᠬᠤᠲᠠ ᠶᠢᠨ ᠵᠠᠰᠠᠭ ᠤᠨ ᠣᠷᠳᠣᠨ ᠠᠴᠠ    ︽ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ ᠬᠤᠶᠠᠷ᠂ ︽ᠲᠥᠰᠥᠯ︾ ᠢ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠮᠠᠨ ᠤ ᠴᠡᠷᠢᠭ ᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ︾ ︵ᠲᠥᠷᠥ ᠲᠠᠷᠬᠠᠭᠠᠭᠰᠠᠨ ﹇2017﹈ 38 ᠳ᠋ᠤᠭᠠᠷ ᠲᠣᠭᠠᠲᠤ︶ ᠶᠢᠨ ᠭᠤᠷᠪᠠᠳᠤᠭᠠᠷ ᠪᠦᠯᠦᠭ ᠤᠨ ᠵᠢᠷᠭᠤᠳᠤᠭᠠᠷ ᠵᠦᠢᠯ ᠳᠤ᠄ ︽ᠬᠠᠷᠢᠭᠤᠴᠠᠯᠭ᠎ᠠ ᠡᠷᠬᠡ ᠠᠰᠢᠭ ᠬᠠᠷᠢᠯᠴᠠᠨ ᠨᠢᠭᠡᠳᠦᠭᠰᠡᠨ ᠡᠷᠬᠡ ᠠᠰᠢᠭ ᠢ ᠪᠠᠲᠤᠯᠠᠬᠤ ᠲᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠠᠷᠠᠳ ᠢᠷᠭᠡᠳ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠡᠭᠦᠷᠭᠡ ᠪᠠᠨ ᠭᠦᠢᠴᠡᠳᠬᠡᠬᠦ ᠢᠷᠠᠭᠤ ᠠᠯᠳᠠᠷᠲᠤ ᠰᠡᠳᠬᠢᠯᠭᠡ ᠪᠠ ᠬᠦᠷᠲᠡᠮᠵᠢ ᠶᠢᠨ ᠰᠡᠳᠬᠢᠯᠭᠡ ᠶᠢ ᠳᠡᠭᠡᠭᠰᠢᠯᠡᠭᠦᠯᠵᠦ᠂ ᠪᠡᠯᠡᠳᠬᠡᠯ ᠬᠦᠴᠦᠨ ᠤ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠶ︾ ᠭᠡᠵᠦ ᠲᠣᠳᠣᠷᠬᠠᠶᠢᠯᠠᠪᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ᠲᠥᠪ ᠲᠠᠷᠬᠠᠭᠠᠭᠰᠠᠨ ﹇2020﹈ 9 ᠳ᠋ᠣᠭᠡᠷ ᠲᠣᠭᠠᠲᠤ︶ ᠤᠨ ᠲᠠᠪᠤᠳᠤᠭᠠᠷ ᠪᠦᠯᠦᠭ ᠤᠨ ᠠᠷᠪᠠᠨ ᠲᠠᠪᠤᠳᠤᠭᠠᠷ ᠵᠦᠢᠯ ᠳᠤ᠄ ︽ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠱᠠᠲᠤ ᠬᠤᠪᠢᠶᠠᠨ ᠨᠠᠶᠢᠳᠠᠪᠤᠷᠢᠵᠢᠭᠤᠯᠤᠭᠰᠠᠨ ᠡᠷᠦᠬᠡ ᠶᠢᠨ ᠴᠡᠷᠢᠭ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠷᠬᠡ ᠠᠰᠢᠭ ᠢ ᠪᠠᠲᠤᠯᠠᠬᠤ ᠪᠣᠳᠠᠲᠠᠢ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ︾ ᠭᠡᠵᠦ ᠲᠣᠳᠣᠷᠬᠠᠶᠢᠯᠠᠪᠠ᠃ ᠭᠤᠷᠪᠠ᠂ ︽ᠲᠥᠰᠥᠯ︾ ᠢ ᠨᠡᠶᠢᠲᠡᠯᠡᠭᠰᠡᠨ ᠵᠣᠷᠢᠯᠭ᠎ᠠᠥᠷᠭᠡᠨ ᠣᠯᠠᠨ ᠰᠢᠯᠢᠳᠡᠭ ᠡᠷᠦᠬᠡ ᠶᠢᠨ ᠴᠡᠷᠢᠭ ᠤᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠰᠢᠨ᠎ᠡ ᠬᠥᠳᠡᠭᠡ ᠲᠣᠰᠬᠤᠨ ᠢ ᠵᠠᠰᠠᠬᠤ ᠠᠵᠢᠯ ᠳᠤ ᠣᠷᠣᠯᠴᠠᠬᠤ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠣᠯᠠᠨ ᠠᠷᠠᠳ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠬᠤᠪᠢᠷᠠᠭᠤᠯᠤᠨ᠂ ︽ᠡᠷᠦᠬᠡ ᠶᠢᠨ ᠴᠡᠷᠢᠭ ᠪᠣᠯᠬᠤ ᠪᠠᠷ ᠴᠢᠷᠮᠠᠶᠢᠬᠤ᠂ ᠡᠷᠦᠬᠡ ᠶᠢᠨ ᠴᠡᠷᠢᠭ ᠢᠷᠠᠭᠤ ᠠᠯᠳᠠᠷ ᠲᠠᠢ ᠪᠠᠶᠢᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠤᠨ ᠪᠣᠯᠪᠠᠰᠤᠷᠠᠯ ᠳᠤ ᠢᠳᠡᠪᠬᠢᠲᠡᠶ ᠣᠷᠣᠯᠴᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠷᠠᠭᠤᠯᠵᠤ᠂ ᠴᠡᠷᠢᠭ ᠠᠷᠠᠳ ᠤᠨ ᠠᠭᠤᠰᠤᠯᠴᠠᠯ ᠢ ᠠᠬᠢᠭᠤᠯᠤᠨ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠬᠦ ᠬᠡᠷᠡᠭᠲᠡᠶ᠃ᠳᠥᠷᠪᠡ᠂ ︽ᠲᠥᠰᠥᠯ︾ ᠤᠨ ᠭᠤᠣᠯ ᠠᠭᠤᠯᠭ᠎ᠠ︽ᠠᠷᠭ᠎ᠠ︾ ᠳᠤ ᠲᠣᠳᠣᠷᠬᠠᠢ ᠲᠣᠭᠲᠠᠭᠠᠭᠰᠠᠨ ᠨᠢ᠂ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠡᠲᠡᠭᠡᠳ ᠪᠣᠯ ᠰᠢᠯᠢ ᠶᠢᠨ ᠭᠤᠣᠯ ᠠᠶᠢᠮᠠᠭ ᠤᠨ ᠣᠷᠣᠨ ᠲᠤᠭ᠎ᠠ ᠳᠤ ᠪᠠᠶᠢᠭ᠎ᠠ ᠰᠢᠯᠢᠳᠡᠭ ᠡᠷᠦᠬᠡ ᠶᠢᠨ ᠴᠡᠷᠢᠭ ᠪᠠ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠂ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ          ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠂ ᠡᠭᠦᠨ ᠢ ᠥᠪᠥᠷ ᠮᠣᠩᠭᠤᠯ ᠤᠨ ᠴᠡᠷᠢᠭ ᠤᠨ ᠲᠣᠭᠤᠷᠢᠭ ᠠᠴᠠ ᠬᠠᠷᠢᠭᠤᠴᠠᠨ ᠨᠢᠭᠡᠳᠦᠯᠲᠡᠢ ᠦᠢᠯᠡᠳᠴᠦ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠣᠯᠭᠤᠬᠤ ᠪᠠ ᠬᠠᠮᠢᠶᠠᠷᠤᠨ᠎ᠠ᠃ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠳᠤ ᠪᠥᠬᠦ ᠣᠷᠣᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠢ ᠪᠠᠭᠲᠠᠭᠠᠵᠤ᠂ ᠡᠷᠦᠬᠡ ᠶᠢᠨ ᠴᠡᠷᠢᠭ ᠲᠤ ᠤᠷᠢᠳᠠᠪᠠᠷ ᠬᠠᠷᠠᠭᠠᠯᠵᠠᠯ ᠦᠵᠡᠭᠦᠯᠬᠦ᠂ ᠬᠠᠷᠠᠭᠠᠯᠵᠠᠯ ᠦᠵᠡᠭᠦᠯᠵᠦ ᠬᠠᠰᠤᠵᠤ ᠬᠡᠯᠲᠦᠷᠢᠭᠦᠯᠬᠦ ᠵᠡᠷᠭᠡ ᠦᠢᠯᠡᠴᠢᠯᠡᠭᠡ ᠵᠢᠴᠢ ᠡᠷᠬᠡ ᠠᠰᠢᠭ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠠᠩᠭᠠᠬᠤ ᠶᠢᠨ ᠬᠠᠮᠲᠤ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠂ ᠡᠭᠦᠨ ᠳᠤ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄︵ᠨᠢᠭᠡ︶ ᠦᠢᠯᠡᠴᠢᠯᠡᠭᠡᠨ  ᠤ ᠴᠣᠩᠬᠤ  ᠲᠣᠬᠢᠷᠠᠭᠤᠯᠬᠤ ᠬᠡᠷᠡᠭᠲᠡᠢᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠣᠣᠷ᠎ᠠ ᠵᠢᠭᠰᠠᠭᠠᠭᠰᠠᠨ ᠨᠢᠭᠡᠴᠡ᠂ ᠪᠠᠶᠢᠭᠤᠯᠤᠮᠵᠢ᠂ ᠲᠠᠯᠠᠪᠤᠷ ᠭᠠᠵᠠᠷ ᠲᠤ ᠰᠢᠯᠢᠳᠡᠭ ᠡᠷᠦᠬᠡ ᠶᠢᠨ ᠴᠡᠷᠢᠭ ᠤᠨ ᠦᠢᠯᠡᠴᠢᠯᠡᠭᠡᠨ ᠤ ᠴᠣᠩᠬᠤ ᠪᠤᠶᠤ ᠢᠯᠡᠷᠬᠡᠢ ᠲᠡᠮᠳᠡᠭ ᠲᠠᠯᠪᠢᠬᠤ ᠬᠡᠷᠡᠭᠲᠡᠢ᠃ ᠤᠷᠢᠳᠠᠪᠠᠷ ᠦᠢᠯᠡᠴᠢᠯᠡᠭᠡ ᠬᠠᠩᠭᠠᠨ᠎ᠠ᠄ ᠡᠯ᠎ᠡ ᠱᠠᠲᠤᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠬᠠᠷᠢᠶ᠎ᠠ ᠶᠢᠨ ᠦᠢᠯᠡᠴᠢᠯᠡᠭᠡᠨ ᠤ ᠶᠡᠭᠡ ᠲᠢᠩᠬᠢᠮ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠪᠠᠩᠬᠢ ᠶᠢᠨ ᠦᠢᠯᠡᠴᠢᠯᠡᠭᠡᠨ ᠤ ᠲᠣᠣᠷ ᠴᠢᠭ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠤᠷ ᠣᠷᠳᠣᠨ᠂ ᠬᠤᠲᠠ ᠶᠢᠨ ᠴᠡᠴᠡᠷᠯᠢᠭ᠃ ︵ᠬᠤᠶᠠᠷ︶ ᠡᠩ ᠲᠡᠷᠢᠭᠦᠨ ᠤ ᠦᠢᠯᠡᠴᠢᠯᠡᠭᠡ ᠬᠠᠩᠭᠠᠨ᠎ᠠᠰᠢᠯᠢᠳᠡᠭ ᠡᠷᠦᠬᠡ ᠶᠢᠨ ᠴᠡᠷᠢᠭ ᠰᠢᠯᠢ ᠶᠢᠨ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠦᠢᠯᠡᠴᠢᠯᠡᠭᠡ ᠶᠢ ᠤᠷᠢᠳᠠᠪᠠᠷ ᠭᠥᠷᠳᠡᠨ᠎ᠡ᠄1. ᠡᠷᠦᠬᠡ ᠠᠮᠠ ᠶᠢᠨ ᠲᠠᠩᠰᠠ ᠪᠠ ᠣᠷᠤᠭ ᠤᠨ ᠪᠦᠷᠢᠳᠬᠡᠯ ᠤᠨ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ᠃2. ᠠᠵᠢᠯ ᠣᠯᠵᠤ ᠠᠳᠠᠯ ᠦᠢᠯᠡᠰ ᠴᠣᠭᠴᠠᠯᠠᠬᠤ ᠶᠢᠨ ᠲᠡᠳᠬᠦᠮᠵᠢ ᠪᠠ ᠠᠵᠢᠯ ᠣᠯᠭᠤᠯᠲᠠ ᠶᠢᠨ ᠲᠤᠰᠠᠯᠠᠮᠵᠢ ᠶᠢ ᠤᠷᠢᠳᠠᠪᠠᠷ ᠭᠥᠷᠳᠡᠨ᠎ᠡ᠃3. ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ᠃4. ᠡᠯ᠎ᠡ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠤᠷᠢᠳᠠᠪᠠᠷ ᠪᠢᠯᠧᠲ ᠬᠤᠳᠠᠯᠳᠤᠨ ᠠᠪᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠲᠡᠷᠭᠡᠨ ᠳᠤ ᠰᠠᠭᠤᠬᠤ ᠵᠡᠷᠭᠡ ᠦᠢᠯᠡᠴᠢᠯᠡᠭᠡ ᠶᠢ ᠭᠥᠷᠳᠡᠨ᠎ᠡ᠃5. ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠡᠭᠡᠨ᠂ ᠤᠷᠢᠳᠠᠪᠠᠷ ᠳ᠋ᠤᠭᠠᠷᠯᠠᠬᠤ᠂ ᠰᠢᠨᠵᠢᠯᠡᠨ ᠰᠢᠯᠭᠠᠬᠤ ᠂ ᠪᠠᠶᠢᠴᠠᠭᠠᠬᠤ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠬᠦᠷᠲᠡᠭᠡᠨ᠎ᠡ᠃6. ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠲᠣᠣᠷ ᠴᠢᠭ ᠲᠤ ᠡᠷᠦᠬᠡ  ᠳᠠᠩᠰᠠᠯᠠᠬᠤ ᠳᠠᠩᠰᠠᠯᠠᠬᠰᠠᠨ ᠡᠷᠦᠬᠡ ᠢᠶᠠᠨ ᠬᠠᠰᠣᠬᠤ᠂ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ᠃7. ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠤᠷᠢᠳᠠᠪᠠᠷ ᠲᠠᠶᠢᠯᠪᠤᠷᠢᠯᠠᠬᠤ᠂ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠶᠢ ᠬᠦᠷᠲᠡᠭᠡᠨ᠎ᠡ᠃︵ᠭᠤᠷᠪᠠ︶ ᠬᠠᠷᠠᠭᠠᠯᠵᠠᠯ  ᠤᠨ ᠦᠢᠯᠡᠴᠢᠯᠡᠭᠡ ᠬᠠᠩᠭᠠᠨ᠎ᠠᠰᠢᠯᠢᠳᠡᠭ ᠡᠷᠦᠭᠡ ᠶᠢᠨ ᠴᠡᠷᠢᠭ ᠪᠦᠬᠦ ᠬᠤᠳᠠ ᠶᠢᠨ ᠵᠠᠰᠠᠭ ᠵᠠᠬᠢᠷᠭᠠᠨ ᠤ ᠣᠷᠣᠨ ᠳᠤ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠬᠠᠷᠠᠭᠠᠯᠵᠠᠯ ᠢ ᠬᠦᠷᠳᠡᠨ᠎ᠡ᠄1. ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠤᠨ ᠺᠠᠷᠲ ᠢ ᠭᠦᠢᠴᠡᠳᠬᠡᠵᠦ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠳᠤ 8% ᠪᠠᠷ ᠨᠤᠭᠤᠯᠵᠤ ᠪᠤᠳᠤᠬᠤ ᠲᠤᠰᠬᠠᠢ ᠬᠠᠷᠠᠭᠠᠯᠵᠠᠯ ᠢ ᠭᠥᠷᠳᠡᠨ᠎ᠡ᠃2. ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠨᠡᠭᠡᠭᠡᠯᠲᠡᠲᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠠᠯᠳᠠᠷᠲᠤ ᠦᠵᠡᠮᠵᠢ ᠡᠷᠲᠡᠨ ᠤ ᠪᠠᠭᠤᠷᠢ ᠪᠠ ᠡᠯ᠎ᠡ ᠲᠥᠷᠥᠯ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢᠶᠠᠷ ᠲᠣᠭᠤᠷᠢᠨ ᠵᠤᠭᠠᠴᠠᠬᠤ ᠳᠤ ᠠᠩᠬᠠᠨ ᠤ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠦᠭᠡᠢ᠃3. ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ︽ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠤᠪᠢ ᠬᠥᠮᠥᠨ  ᠤ ᠺᠠᠷᠲ ᠭᠦᠢᠴᠡᠳᠬᠡᠬᠦ ᠳᠤ ᠬᠠᠷᠠᠭᠠᠯᠵᠠᠯ ᠭᠥᠷᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠨᠡᠮᠡᠵᠦ ᠬᠠᠮᠢᠶᠠᠷᠬᠤ ﹇2020﹈ 68 ᠳ᠋ᠤᠭᠠᠷ ᠲᠣᠭᠠᠲᠤ︶ ᠶᠣᠰᠣᠭᠠᠷ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ  ᠶᠢᠨ ᠠᠵᠤ ᠦᠢᠯᠡᠳᠪᠦᠷᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠲᠣᠰᠣ ᠨᠡᠮᠡᠬᠦ ᠬᠠᠷᠠᠭᠠᠯᠵᠠᠯ ᠤᠨ ᠲᠥᠰᠥᠯ︾ ᠶᠣᠰᠣᠭᠠᠷ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ︵ᠬᠡᠢ︶ ᠥᠷᠲᠡᠭᠡ ᠳᠤ ᠭᠡᠷ ᠤᠨ ᠬᠡᠷᠡᠭᠯᠡᠭᠡᠨ ᠤ ᠮᠠᠰᠢᠨ ᠲᠡᠷᠭᠡᠨ  ᠤ ᠲᠣᠰᠣ ᠨᠡᠮᠡᠬᠦ ᠬᠠᠷᠠᠭᠠᠯᠵᠠᠯ ᠢ ᠬᠦᠷᠲᠡᠭᠡᠨ᠎ᠡ᠃4. ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠲᠤᠤᠷ ᠰᠦᠯᠵᠢᠶ᠎ᠡ ᠳᠤ ᠬᠤᠪᠢ ᠬᠥᠮᠦᠨ ᠤ ᠭᠠᠷ ᠤᠲᠠᠰᠤᠨ ᠤ ᠴᠢᠮᠡᠭᠡ ᠬᠤᠯᠪᠣᠭᠠᠨ ᠤ ᠦᠨ᠎ᠡ ᠪᠠᠭᠤᠷᠠᠭᠤᠯᠬᠤ ᠬᠠᠷᠠᠭᠠᠯᠵᠠᠯ ᠢ ᠭᠥᠷᠳᠡᠵᠦ᠂ ᠪᠣᠳᠠᠲᠠᠶ ᠦᠨ᠎ᠡ ᠬᠠᠰᠤᠬᠤ ᠬᠠᠷᠢᠴᠠᠯ ᠢ ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ  ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠰᠦᠯᠵᠢᠶ᠎ᠡ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠲᠣᠭᠲᠠᠭᠠᠯ ᠢ ᠬᠡᠷᠡᠭᠵᠢᠭᠦᠯᠦᠨ᠎ᠡ᠃ᠰᠢᠯᠢ ᠶᠢᠨ ᠬᠤᠲᠠ ᠶᠢᠨ ᠰᠢᠯᠢᠳᠡᠭ ᠡᠷᠦᠬᠡ ᠶᠢᠨ ᠴᠡᠷᠢᠭ ᠨᠢ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠲᠠᠢ᠂ ᠥᠪᠡᠷᠲᠡᠭᠡᠨ ᠵᠠᠰᠠᠬᠤ ᠣᠷᠣᠨ ᠤ ᠪᠤᠰᠤᠳ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠷᠢᠳᠠᠪᠠᠷ ᠭᠥᠷᠳᠡᠬᠦ᠂ ᠬᠠᠷᠠᠭᠠᠯᠵᠠᠯ ᠦᠵᠡᠭᠦᠯᠬᠦ ᠵᠡᠷᠭᠡ ᠦᠢᠯᠡᠴᠢᠯᠡᠭᠡᠨ ᠤ ᠪᠣᠳᠠᠲᠠᠢ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠᠰᠢᠯᠢᠳᠡᠭ ᠡᠷᠦᠭᠡ ᠶᠢᠨ ᠴᠡᠷᠢᠭ ᠲᠡᠶᠢᠠ ᠤ ᠪᠡᠯᠡᠳᠬᠡᠯ ᠤᠨ ᠡᠭᠦᠷᠭᠡ ᠭᠦᠢᠴᠡᠳᠬᠡᠬᠦ᠂ ᠠᠶᠤᠯ ᠭᠠᠮᠰᠢᠭ ᠠᠴᠠ ᠠᠪᠤᠷᠠᠬᠤ᠂ ᠴᠡᠷᠢᠭ ᠤᠨ ᠰᠤᠷᠭᠠᠭᠤᠯᠢᠯᠠᠯ ᠬᠢᠬᠦ ᠪᠠ ᠬᠤᠯᠪᠣᠭᠳᠠᠯ ᠪᠦᠬᠦᠢ ᠠᠵᠢᠯᠯᠠᠭ᠎ᠠ ᠳᠤ ᠣᠷᠤᠯᠴᠠᠬᠤ ᠦᠶ᠎ᠡ ᠳᠤ᠂ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠲᠣᠭᠲᠠᠭᠠᠯ ᠶᠣᠰᠣᠭᠠᠷ ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠬᠠᠷᠠᠭᠠᠯᠵᠠᠯ ᠢ ᠨᠠᠶᠢᠳᠠᠪᠤᠷᠢᠵᠢᠭᠤᠯᠬᠤ ᠬᠡᠷᠡᠭᠲᠡᠢ᠂ ᠡᠭᠦᠨ ᠠᠴᠠ ᠪᠣᠯᠵᠤ ᠬᠥᠳᠡᠯᠮᠦᠷᠢᠯᠡᠬᠦ ᠪᠤᠶᠤ ᠤᠷᠢᠵᠤ ᠬᠡᠷᠡᠭᠯᠡᠬᠦ ᠬᠠᠷᠢᠴᠠᠭ᠎ᠠ ᠪᠠᠨ ᠬᠦᠴᠦᠨ ᠤᠶᠢᠭᠡᠢ ᠪᠣᠯᠭᠠᠵᠤ ᠪᠣᠯᠬᠤ  ᠦᠭᠡᠢ᠃︵ᠲᠠᠪᠤ︶ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠦᠢᠯᠡᠳᠪᠦᠷᠢᠯᠡᠯ ᠡᠵᠡᠩᠨᠡᠯᠲᠡ ᠳᠤ ᠳᠣᠣᠷᠠᠬᠢ ᠮᠡᠲᠦ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ  ᠬᠡᠷᠡᠭᠵᠢᠭᠦᠯᠦᠨ᠎ᠡ᠃1.ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠡᠪᠰᠡᠭᠲᠦ ᠬᠦᠴᠦᠨ ᠤ ᠠᠵᠢᠯ ᠢ ᠥᠷᠨᠢᠭᠦᠯᠬᠦ ᠳᠤ ᠬᠡᠷᠡᠭᠯᠡᠬᠦ ᠵᠠᠷᠤᠳᠠᠯ ᠢ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠲᠤ ᠪᠤᠳᠤᠵᠤ ᠣᠷᠣᠭᠤᠯᠤᠨ᠎ᠠ᠂ ᠵᠣᠬᠢᠴᠠᠩᠭᠤᠢ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠨ᠎ᠠ᠃ ᠠᠷᠭ᠎ᠠ ᠬᠡᠮᠵᠢᠶ᠎ᠡ ᠶᠢ ᠡᠳ᠋ᠯᠡᠨ᠎ᠡ᠃2. ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠳᠠᠮᠵᠢᠵᠤ ᠵᠡᠪᠰᠡᠭᠲᠦ ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠭᠡᠵᠦ ᠦᠨᠡᠮᠰᠢᠭᠦᠯᠦᠭᠰᠡᠨ ᠪᠣᠯ ᠲᠥᠷᠥᠯ ᠵᠦᠢᠯ᠂ ᠭᠠᠵᠠᠷ ᠬᠡᠷᠡᠭᠯᠡᠬᠦ ᠵᠡᠷᠭᠡ ᠬᠢᠨᠠᠨ ᠵᠥᠪᠰᠢᠶᠡᠷᠡᠯ ᠢ ᠡᠩ ᠲᠡᠷᠢᠭᠦᠨ ᠳᠤ ᠪᠠᠶᠢᠯᠭᠠᠬᠤ ᠪᠠ ᠳᠡᠰ ᠳᠠᠷᠠᠭᠠᠯᠠᠯ ᠢ ᠨᠢ ᠪᠠᠭᠠᠰᠬᠠᠬᠤ ᠲᠥᠷᠥ ᠶᠢᠨ ᠪᠣᠳᠣᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠡᠳᠬᠦᠬᠦ ᠠᠷᠭ᠎ᠠ ᠬᠡᠮᠵᠢᠶ᠎ᠡ ᠶᠢ ᠬᠦᠷᠲᠡᠨ᠎ᠡ᠃3. ᠵᠢᠯᠣᠭᠤᠳᠬᠤ ᠴᠢᠮᠡᠭᠡ ᠬᠤᠯᠪᠣᠭ᠎ᠠ᠂ ᠲᠤᠷᠰᠢᠨ ᠪᠠᠶᠢᠴᠠᠭᠠᠵᠤ ᠠᠵᠢᠭᠯᠠᠬᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠪᠤᠶᠤ ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠵᠦ ᠡᠵᠡᠩᠨᠡᠭᠰᠡᠨ ᠮᠥᠷᠲᠡᠭᠡᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠠᠰᠠᠭ  ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠬᠡᠷᠡᠭᠲᠡᠶ᠃4. ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠳᠤ ᠭᠠᠵᠠᠷ ᠰᠢᠷᠣᠢ ᠬᠠᠩᠭᠠᠬᠤ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠨ᠎ᠡ᠃︵ᠵᠢᠷᠭᠤᠭ᠎ᠠ︶ ᠤᠯᠤᠰ ᠲᠦᠷᠦ ᠶᠢᠨ ᠬᠠᠷᠠᠭᠠᠯᠵᠠᠯ ᠦᠵᠡᠭᠦᠯᠦᠨ᠎ᠡᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠭᠡᠵᠦ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠬᠤᠪᠢ ᠬᠥᠮᠥᠨ ᠳᠤ ᠳᠣᠣᠷᠠᠬᠢ ᠮᠡᠲᠦ ᠤᠯᠤᠰ ᠲᠥᠷᠥ ᠶᠢᠨ ᠬᠠᠷᠠᠭᠠᠯᠵᠠᠯ ᠢ ᠬᠦᠷᠳᠡᠨ᠎ᠡ᠄1. ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠰᠢᠯᠭᠠᠷᠠᠭᠤᠯᠬᠤ ᠳᠤ ᠤᠷᠢᠳᠠᠪᠠᠷ ᠪᠠᠲᠤᠯᠠᠨ ᠲᠠᠨᠢᠯᠴᠠᠭᠤᠯᠤᠨ᠎ᠠ᠃2. ᠠᠵᠤ ᠠᠬᠤᠶᠢᠯᠠᠯ ᠤᠨ ᠪᠡᠯᠡ ᠭᠠᠷᠭᠠᠭᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠠᠴᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠲᠠᠨᠢᠯᠴᠠᠭᠤᠯᠬᠤ ᠳᠠᠭᠠᠨ ᠵᠢᠱᠢᠭᠳᠡᠭᠴᠢ ᠶᠢᠨ ᠪᠠᠷᠢᠮᠵᠢᠶ᠎ᠠ ᠨᠥᠬᠦᠴᠡᠯ ᠪᠠ ᠪᠦᠲᠦᠴᠡ ᠶᠢᠨ ᠬᠠᠷᠢᠴᠠᠯ ᠢ ᠦᠨᠳᠦᠰᠦᠯᠡᠨ ᠤᠷᠢᠳᠠᠪᠠᠷ ᠲᠠᠨᠢᠯᠴᠠᠭᠤᠯᠤᠨ᠎ᠠ᠃︵ᠲᠤᠯᠤᠭ᠎ᠠ︶ ᠡᠷᠬᠡ ᠠᠰᠢᠭ ᠤᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ1. ᠬᠤᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ  ᠠᠴᠠ ᠨᠠᠶᠢᠷᠠᠭᠤᠯᠤᠭᠰᠠᠨ ᠡᠷᠦᠭᠡ ᠶᠢᠨ ᠴᠡᠷᠢᠭ ᠤᠨ ︽ ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠣᠯᠭᠤᠬᠤ᠂ ᠬᠢᠨᠠᠨ ᠰᠢᠯᠭᠠᠬᠤ᠂ ᠰᠣᠯᠢᠬᠤ ᠠᠵᠢᠯ ᠢ ᠬᠠᠷᠢᠭᠤᠴᠠᠨ᠎ᠠ᠃ 2. ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠤᠳᠠᠭ᠎ᠠ ᠪᠦᠷᠢ ᠶᠢᠨ ᠬᠢᠨᠠᠨ ᠰᠢᠯᠭᠠᠯᠲᠠ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠂ ᠰᠢᠯᠢᠳᠡᠭ ᠡᠷᠦᠬᠡ ᠶᠢᠨ ᠴᠡᠷᠢᠭ ᠬᠦᠴᠦᠨ ᠲᠠᠢ ᠬᠤᠭᠤᠴᠠᠭᠠᠨ ᠳᠠᠭᠠᠨ ᠬᠠᠮᠢᠶ᠎ᠠ ᠪᠦᠬᠦᠢ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠶᠢ ᠡᠳ᠋ᠯᠡᠨ᠎ᠡ᠃ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠢᠨᠠᠨ ᠰᠢᠯᠭᠠᠭᠤᠯᠤᠭᠰᠠᠨ ᠦᠭᠡᠢ ᠪᠤᠶᠤ ᠰᠢᠯᠢᠳᠡᠭ ᠡᠷᠦᠭᠡ ᠶᠢᠨ ᠴᠡᠷᠢᠭ ᠠᠩᠭᠢ ᠠᠴᠠ ᠭᠠᠷᠬᠤ ᠦᠶ᠎ᠡ ᠳᠤ ᠠᠶᠠᠨᠳᠠᠭᠠᠨ ᠬᠦᠴᠦᠨ ᠦᠭᠡᠢ ᠪᠣᠯᠵᠤ᠂ ᠬᠤᠯᠪᠣᠭᠳᠠᠯ ᠪᠦᠬᠦᠢ ᠡᠷᠬᠡ ᠠᠰᠢᠭ ᠢ ᠲᠠᠬᠢᠵᠤ ᠡᠳ᠋ᠯᠡᠬᠦ ᠦᠭᠡᠢ᠃3 . ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠤᠯᠢ ᠠᠴᠠ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠵᠡᠷᠭᠡ  ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ︽ ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠳᠤ ᠣᠨ ᠤ ᠪᠠᠶᠢᠴᠠᠭᠠᠯᠲᠠ ᠬᠢᠬᠦ ᠥᠬᠡᠶ ᠪᠥᠭᠡᠳ ᠰᠢᠯᠢᠳᠡᠭ ᠡᠷᠦᠬᠡ ᠶᠢᠨ ᠴᠡᠷᠢᠭ ᠤᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠣᠯᠵᠤ᠂ ᠮᠠᠭᠤ ᠨᠥᠯᠥᠭᠡ ᠭᠠᠷᠭᠠᠭᠰᠠᠨ᠂ ᠶᠠᠯ᠎ᠠ ᠬᠢᠭᠰᠡᠨ ᠠᠴᠠ ᠪᠣᠯᠵᠣ ᠡᠷᠡᠭᠦᠦ ᠶᠢᠨ ᠰᠢᠢᠳᠬᠡᠯ ᠣᠯᠤᠭᠰᠠᠨ ᠪᠠᠶᠢᠪᠠᠯ᠂ ᠦᠨᠡᠮᠯᠡᠯ ᠣᠯᠭᠤᠭᠰᠠᠨ ᠨᠢᠭᠡᠴᠡ ᠠᠴᠠ ᠲᠡᠭᠦᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠨᠢ ᠬᠤᠷᠢᠶᠠᠨ ᠠᠪᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠢᠶᠠᠷ ᠰᠢᠳᠬᠡᠭᠳᠡᠭᠰᠡᠨ ᠤ ᠳᠠᠷᠠᠭ᠎ᠠ ᠠᠯᠳᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ ᠨᠠᠵᠠᠭᠠᠶ ᠲᠠᠯ᠎ᠠ ᠶᠢᠨ ᠨᠥᠯᠥᠭᠡ ᠶᠢ ᠢᠳᠡᠪᠬᠢᠲᠡᠶ ᠪᠠᠷ ᠠᠷᠢᠯᠭᠠᠭᠰᠠᠨ ᠪᠣᠯ ᠦᠨᠡᠮᠯᠡᠯ ᠣᠯᠭᠤᠭᠰᠠᠨ ᠨᠢᠭᠡᠴᠡ ᠪᠠᠷ ᠬᠢᠨᠠᠭᠤᠯᠤᠨ ᠵᠥᠪᠰᠢᠶᠡᠷᠡᠭᠦᠯᠦᠭᠡᠳ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠣᠯᠭᠤᠬᠤ ᠶᠠᠪᠤᠳᠠᠯ ᠢ ᠰᠡᠷᠭᠦᠭᠡᠵᠦ ᠪᠣᠯᠤᠨ᠎ᠠ᠃4. ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠵᠥᠪᠬᠡᠨ ᠲᠤᠰ ᠬᠥᠮᠥᠨ ᠳᠤᠨᠢ ᠬᠡᠷᠡᠭᠯᠡᠭᠦᠯᠦᠨ᠎ᠡ᠂ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠪᠠᠯᠠᠯᠤᠨ ᠵᠠᠰᠠᠭᠰᠠᠨ᠂ ᠪᠤᠰᠤᠳ ᠲᠤ ᠵᠢᠭᠡᠯᠡᠭᠦᠯᠦᠨ ᠬᠡᠷᠡᠭᠯᠡᠭᠦᠯᠦᠭᠰᠡᠨ ᠬᠥᠮᠥᠨ ᠤ ᠦᠨᠡᠮᠯᠡᠯ ᠢ ᠣᠯᠭᠤᠭᠰᠠᠨ ᠨᠢᠭᠡᠴᠢ ᠠᠴᠠ ᠨᠢ ᠲᠡᠭᠦᠨ ᠤ ᠦᠨᠡᠮᠯᠡᠯ ᠢ ᠨᠢ ᠬᠤᠷᠢᠶᠠᠵᠤ ᠠᠪᠤᠨ᠎ᠠ︔ ᠭᠡᠭᠡᠵᠦ ᠣᠷᠬᠢᠭᠰᠠᠨ ᠪᠤᠶᠤ ᠡᠪᠳᠡᠵᠦ ᠰᠦᠢᠳᠬᠡᠭᠰᠡᠨ ᠪᠠᠶᠢᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ 5. ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠭᠰᠠᠨ᠂ ᠮᠡᠬᠡᠯᠡᠨ ᠠᠪᠤᠭᠰᠠᠨ ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号