ᠵᠠᠩᠪᠸᠢ ᠠᠴᠠ  ᠱᠸᠡᠭ ᠯᠢ  ᠬᠥᠷᠬᠦ ᠰᠣᠯᠢᠯᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/1
ᠵᠠᠩᠪᠸᠢ ᠠᠴᠠ  ᠱᠸᠡᠭ ᠯᠢ  ᠬᠥᠷᠬᠦ ᠰᠣᠯᠢᠯᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ᠄ᠵᠠᠩᠪᠸᠢ ᠠᠴᠠ ᠱᠸᠡᠭ ᠯᠢ ᠬᠦᠷᠬᠦ ᠰᠣᠯᠢᠯᠴᠠᠭᠠᠨ ᠤ ᠢᠨᠵᠧᠨᠧᠷᠢᠩ  ᠤᠨ ᠡᠮᠦᠨᠡᠬᠢ ᠬᠤᠭᠤᠴᠠᠭᠠᠨ ᠤ ᠢᠨᠵᠧᠨᠧᠷᠢᠩ ᠢ ᠲᠦᠷᠭᠡᠨ ᠠᠬᠢᠭᠤᠯᠵᠤ᠂ ᠲᠥᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠠᠴᠠ ᠵᠠᠩᠪᠸᠢ ᠠᠴᠠ ᠢᠯᠠᠯᠲᠠ ᠬᠦᠷᠬᠦ ᠰᠣᠯᠢᠯᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨᠳᠤᠭᠤᠶᠢᠯᠠᠩ ᠤᠨ ᠳᠠᠷᠤᠭ᠎ᠠ᠄ᠪᠦᠷᠡᠨᠵᠢᠨ             ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄  ᠮᠦᠩᠭᠦᠨ              ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠᠪᠦᠷᠢᠯᠳᠦᠭᠦᠨ᠄ ᠭᠤᠸ ᠸᠧᠨ ᠯᠢᠶᠠᠩ      ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢᠦ᠋ ᠸᠧᠢ               ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢᠯᠢ ᡁᠢ ᠬᠤᠩ          ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠠᠶᠢᠩᠭᠤ ᠶᠢᠨ ᠳᠡᠳ᠋ ᠱᠦᠵᠢᠶᠣᠣ ᠯᠢᠶᠠᠩ           ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠪᠦᠷᠢᠨ              ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠲᠣᠪᠴᠢᠶᠠᠨ ᠳᠠᠷᠤᠭ᠎ᠠᠭᠦᠸᠧ ᠹᠧᠢ ᠹᠧᠢ      ᠰᠢᠯᠢ ᠶᠢᠨ ᠭᠤᠣᠯ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠣᠯ ᠬᠤᠲᠠ ᠶᠢᠨ ᠬᠤᠪᠢᠶᠠᠷᠢ ᠲᠤᠪᠴᠢᠶ᠎ᠠ ᠶᠢᠨ ᠲᠣᠪᠴᠢᠶᠠᠨ ᠳᠠᠷᠤᠭ᠎ᠠᠰᠦᠨ ᠶᠠᠨ           ᠵᠠᠮ ᠬᠠᠷᠢᠯᠴᠠᠭᠠᠨ ᠤ ᠲᠤᠪᠴᠢᠶ᠎ᠠ ᠶᠢᠨ ᠲᠣᠪᠴᠢᠶᠠᠨ ᠳᠠᠷᠤᠭ᠎ᠠᠣᠷᠲᠦᠨᠠᠰᠦᠲᠦ        ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠲᠣᠪᠴᠢᠶᠠᠨ ᠳᠠᠷᠤᠭ᠎ᠠᠪᠠᠢ ᠪᠦᠦ ᠱᠠᠨ        ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠤᠪᠴᠢᠶ᠎ᠠ ᠶᠢᠨ ᠲᠣᠪᠴᠢᠶᠠᠨ ᠳᠠᠷᠤᠭ᠎ᠠᠬᠦᠬᠡᠪᠠᠷᠰ           ᠤᠢ ᠰᠢᠭᠤᠢ ᠶᠢᠨ ᠲᠤᠪᠴᠢᠶ᠎ᠠ ᠶᠢᠨ ᠲᠣᠪᠴᠢᠶᠠᠨ ᠳᠠᠷᠤᠭ᠎ᠠᠶᠠᠨ ᠹᠠᠩ            ᠪᠤᠯᠠᠭᠠᠨ ᠰᠤᠮᠤ ᠶᠢᠨ  ᠰᠣᠮᠣᠨ‌‍ᠲ᠋ᠠᠷᠤᠭ᠎ᠠᠵᠠᠩ ᠶᠢᠨ ᠴᠧᠩ      ᠰᠢᠯᠢ ᠶᠢᠨ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠣᠣ ᠯᠢᠶᠠᠩ ᠬᠠᠪᠰᠤᠷᠭᠠᠨ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠶᠠᠪᠤᠳᠠᠯ ᠢ ᠬᠠᠷᠢᠭᠤᠴᠠᠨ᠎ᠠ᠃ᠬᠤᠶᠠᠷ᠂ ᠠᠵᠢᠯ  ᠤᠨ ᠡᠭᠦᠷᠭᠡ ᠬᠠᠷᠢᠭᠤᠴᠠᠯᠭ᠎ᠠ︵ᠨᠢᠭᠡ︶ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠵᠠᠩᠪᠧᠢ ︱ ᠱᠧᠩ ᠯᠢ  ᠬᠦᠷᠬᠦ ᠰᠣᠯᠢᠯᠴᠠᠭᠠᠨ ᠤ ᠢᠨᠵᠧᠨᠧᠷᠢᠩ ᠤᠨ ᠮᠠᠨ ᠤ ᠬᠤᠲᠠ ᠶᠢᠨ ᠵᠠᠬ᠎ᠠ ᠬᠢᠵᠠᠭᠠᠷ ᠳᠣᠲᠣᠷᠠᠬᠢ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠵᠣᠬᠢᠴᠠᠭᠤᠯᠬᠤ᠂ ᠭᠠᠷᠳᠠᠮ ᠢ ᠭᠦᠢᠴᠡᠳᠬᠡᠬᠦ ᠵᠢᠴᠢ ᠡᠮᠦᠨᠡᠬᠢ ᠬᠤᠭᠤᠴᠠᠭᠠᠨ ᠤ ᠠᠬᠢᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠪᠥᠬᠦ ᠶᠠᠪᠤᠴᠠ ᠳᠤ ᠮᠥᠷᠳᠡᠨ ᠠᠬᠢᠭᠤᠯᠵᠤ ᠬᠡᠷᠡᠭᠵᠢᠭᠦᠯᠬᠦ ᠶᠢ ᠰᠠᠶᠢᠲᠤᠷ ᠬᠢᠨ᠎ᠡ᠃︵ᠬᠤᠶᠠᠷ︶ ᠪᠤᠯᠠᠭᠠᠨ ᠰᠤᠮᠤ ᠬᠠᠷᠢᠶᠠᠲᠤ ᠣᠷᠣᠨ ᠤ ᠲᠠᠲᠠᠪᠤᠷᠢᠯᠠᠨ ᠨᠤᠷᠠᠭᠠᠬᠤ᠂ ᠪᠦᠲᠦᠭᠡᠨ ᠪᠠᠶᠢᠭᠤᠯᠵᠤ ᠬᠡᠷᠡᠭᠵᠢᠭᠦᠯᠬᠦ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠲᠣᠰ ᠭᠠᠵᠠᠷ ᠣᠷᠣᠨ ᠤ ᠠᠵᠢᠯ ᠢ ᠲᠦᠯᠬᠢᠨ ᠠᠬᠢᠭᠤᠯᠬᠤ ᠳᠤᠮᠳᠠᠬᠢ ᠪᠣᠳᠠᠲᠠᠢ ᠠᠰᠠᠭᠤᠳᠠᠯ ᠢ ᠪᠥᠬᠦ ᠶᠠᠪᠤᠴᠠ ᠳᠤ ᠵᠣᠬᠢᠴᠠᠭᠤᠯᠤᠨ ᠰᠢᠢᠳᠪᠦᠷᠢᠯᠡᠨ᠎ᠡ᠃︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠠᠵᠠᠷ ᠬᠡᠷᠡᠭᠯᠡᠬᠦ ᠭᠠᠷᠳᠠᠮ ᠪᠠ ᠲᠥᠯᠥᠪᠵᠢᠭᠦᠯᠭᠡ ᠶᠢᠨ ᠭᠠᠵᠠᠷ ᠰᠣᠩᠭᠤᠬᠤ ᠵᠡᠷᠭᠡ ᠭᠠᠷᠳᠠᠮ ᠢ ᠬᠠᠪᠰᠤᠷᠤᠨ ᠭᠦᠶ᠋ᠴᠡᠳᠬᠡᠵᠦ᠂ ᠠᠭᠤᠷᠬᠠᠶ ᠶᠢᠨ ᠭᠠᠷᠤᠯᠲᠠ ᠶᠢᠨ ᠪᠦᠷᠬᠦᠴᠡ ᠶᠢ ᠪᠠᠭᠠᠰᠬᠠᠬᠤ ᠪᠠ ᠠᠮᠢ ᠠᠬᠤᠶ ᠶᠢᠨ ᠤᠯᠠᠭᠠᠨ ᠱᠤᠭᠤᠮ ᠢ ᠪᠠᠶᠢᠴᠠᠭᠠᠨ ᠯᠠᠪᠯᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠎ᠠ᠃︵ᠳᠥᠷᠪᠡ︶ ᠵᠠᠮ ᠬᠠᠷᠢᠯᠴᠠᠭᠠᠨ ᠤ ᠲᠣᠪᠴᠢᠶ᠎ᠠ ᠠᠴᠠ ᠴᠢᠬᠤᠯᠠ ᠵᠠᠮ ᠠᠯᠤᠰᠯᠠᠭᠰᠠᠨ ᠬᠢᠨᠠᠨ ᠵᠥᠪᠰᠢᠶᠡᠷᠡᠭᠦᠯᠬᠦ ᠭᠠᠷᠳᠠᠮ ᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃︵ᠲᠠᠪᠤ︶ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠨᠢ ᠵᠠᠮ ᠱᠤᠭᠤᠮ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ ᠴᠡᠴᠡᠷᠯᠢᠭ ᠢᠶᠠᠷ ᠥᠩᠭᠡᠷᠡᠬᠦ ᠪᠠᠶᠢᠳᠠᠯ ᠢ ᠬᠠᠪᠰᠤᠷᠤᠨ ᠬᠢᠨᠠᠨ ᠪᠠᠶᠢᠴᠠᠭᠠᠬᠤ ᠶᠢᠨ ᠬᠠᠮᠲᠤ ᠪᠣᠳᠠᠲᠠᠢ ᠰᠢᠢᠳᠪᠦᠷᠢᠯᠡᠬᠦ ᠰᠠᠨᠠᠯ ᠳᠤᠷᠠᠳᠴᠤ᠂ ᠣᠶ ᠰᠢᠭᠤᠢ ᠡᠪᠡᠰᠦ ᠪᠡᠯᠴᠢᠭᠡᠷ ᠤᠨ ᠭᠠᠷᠳᠠᠮ ᠢ ᠭᠦᠢᠴᠡᠳᠬᠡᠬᠦ ᠠᠵᠢᠯ ᠢ ᠵᠣᠬᠢᠴᠠᠭᠤᠯᠤᠨ ᠰᠠᠶᠢᠲᠤᠷ ᠬᠢᠬᠦ ᠶᠢ ᠬᠠᠷᠢᠭᠤᠴᠠᠨ᠎ᠠ᠃︵ᠵᠢᠷᠭᠤᠭ᠎ᠠ︶ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠣᠯ ᠬᠤᠲᠠ ᠶᠢᠨ ᠬᠤᠪᠢᠶᠠᠷᠢ ᠲᠣᠪᠴᠢᠶ᠎ᠠ ᠨᠢ ᠠᠵᠤ ᠠᠬᠤᠶᠢᠯᠠᠯ ᠤᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ ᠵᠥᠪᠰᠢᠶᠡᠷᠡᠬᠦ ᠠᠵᠢᠯ ᠢ ᠭᠦᠢᠴᠡᠳᠬᠡᠬᠦ ᠶᠢ ᠬᠠᠷᠢᠭᠤᠴᠠᠨ᠎ᠠ᠃︵ᠲᠤᠯᠤᠭ᠎ᠠ︶ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠭᠤᠣᠯ ᠨᠠᠭᠤᠷ ᠲᠤ ᠬᠤᠯᠪᠣᠭᠳᠠᠬᠤ ᠬᠠᠮᠢᠶᠠᠷᠤᠯᠲᠠ ᠶᠢᠨ ᠬᠡᠪᠴᠢᠶᠡᠨ ᠤ ᠦᠶᠡᠷ ᠢ ᠰᠡᠷᠭᠡᠶᠢᠯᠡᠬᠦ ᠨᠥᠯᠥᠭᠡ ᠶᠢ ᠦᠨᠡᠯᠡᠬᠦ ᠵᠢᠴᠢ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠬᠦ ᠶᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠤᠰᠤ ᠲᠠᠲᠠᠬᠤ ᠵᠥᠪᠰᠢᠶᠡᠷᠡᠯ᢭ ᠤᠨ ᠭᠠᠷᠳᠠᠮ ᠢ ᠵᠣᠬᠢᠴᠠᠭᠤᠯᠤᠨ ᠭᠦᠢᠴᠡᠳᠬᠡᠨ᠎ᠡ᠃︵ᠨᠠᠢᠮᠠ︶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠷᠳᠠᠮ ᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠲᠥᠷᠥᠯ ᠵᠦᠢᠯ ᠤᠨ ᠪᠠᠶᠢᠷᠢᠰᠢᠯ ᠢ ᠪᠠᠶᠢᠴᠠᠭᠠᠨ ᠯᠠᠪᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠬᠤ ᠪᠠ ᠲᠤᠰᠬᠠᠢ ᠰᠡᠳᠦᠪ ᠢᠶᠠᠷ ᠦᠨᠡᠯᠡᠨ ᠵᠢᠱᠢᠵᠦ ᠬᠢᠨᠠᠨ ᠲᠣᠭᠲᠠᠭᠠᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ᠃︵ᠶᠢᠰᠦ︶ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠭᠠᠷᠳᠠᠮ ᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ᠃︵ᠠᠷᠪᠠ︶ ᠰᠢᠯᠢ ᠶᠢᠨ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ 220 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠣᠣᠷ ᠤᠨ ᠳᠠᠪᠠᠯᠲᠠ ᠶᠢᠨ ᠠᠵᠢᠯ ᠢ ᠵᠣᠬᠢᠴᠠᠭᠤᠯᠤᠨ ᠬᠠᠮᠵᠢᠯᠴᠠᠵᠤ ᠰᠠᠶᠢᠲᠤᠷ ᠬᠢᠬᠦ ᠶᠢ ᠬᠠᠷᠢᠭᠤᠴᠠᠨ᠎ᠠ᠃ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ︵ᠨᠢᠭᠡ︶ ᠤᠳᠤᠷᠢᠳᠬᠤ ᠳᠤᠭᠤᠶᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠵᠠᠩᠪᠧᠢ ︱ᠱᠧᠩ ᠯᠢ ᠬᠦᠷᠬᠦ ᠰᠣᠯᠢᠯᠴᠠᠭᠠᠨ ᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢᠶᠠᠨ ᠰᠣᠯᠢᠯᠴᠠᠬᠤ ᠶᠢ ᠰᠣᠨᠣᠰᠴᠤ ᠂ ᠲᠦᠭᠵᠢᠷᠡᠯ ᠤᠨ ᠴᠡᠭ ᠤᠨ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠢᠨᠵᠧᠨᠧᠷᠢᠩ ᠤᠨ ᠬᠢᠨᠠᠨ ᠵᠥᠪᠰᠢᠶᠡᠷᠡᠬᠦ ᠨᠥᠬᠦᠴᠡᠯ ᠢ ᠲᠦᠷᠭᠡᠬᠡᠨ ᠪᠦᠷᠢᠯᠳᠦᠭᠦᠯᠬᠦ ᠶᠢ ᠠᠬᠢᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃︵ᠬᠤᠶᠠᠷ︶ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠵᠠᠩᠪᠧᠢ ︱ᠱᠧᠩ ᠯᠢ ᠬᠦᠷᠬᠦ ᠰᠣᠯᠢᠯᠴᠠᠭᠠᠨ ᠤ ᠢᠨᠵᠧᠨᠧᠷᠢᠩ ᠢ ᠠᠬᠢᠭᠤᠯᠬᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠣᠰ ᠲᠣᠰ ᠤᠨ ᠡᠭᠦᠷᠭᠡ ᠲᠤᠰᠢᠶᠠᠯ  ᠢᠶᠠᠨ ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠬᠠᠢ ᠬᠥᠮᠥᠨ ᠲᠣᠬᠢᠷᠠᠭᠤᠯᠤᠨ ᠳᠡᠭᠡᠭᠰᠢ ᠮᠥᠷᠳᠡᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠭᠠᠷᠳᠠᠮ ᠢ ᠬᠢᠨᠠᠨ ᠵᠥᠪᠰᠢᠶᠡᠷᠡᠬᠦ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠢᠨᠵᠧᠨᠧᠷᠢᠩ ᠤᠨ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ  ᠦᠨᠡᠨ ᠬᠦ ᠪᠠᠲᠤᠯᠠᠬᠤ ᠬᠡᠷᠡᠭᠲᠡᠢ᠃2022 ᠣᠨ ᠤ 4 ᠰᠠᠷ᠎ᠠ ᠶᠢᠨ 11 ᠤ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号