︽ᠰᠢᠯᠢ ᠶᠢᠨ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/8/1
︽ᠰᠢᠯᠢ ᠶᠢᠨ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠲᠥᠰᠥᠯ︾ ᠤᠨ ᠲᠠᠶᠢᠯᠤᠮᠵᠢ ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ ᠪᠠ ᠦᠨᠳᠦᠰᠦᠯᠡᠯ ᠮᠠᠨ ᠤ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤᠮᠳᠠ ᠦᠷ᠎ᠡ ᠠᠰᠢᠭ ᠢᠶᠠᠨ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 64 ᠲᠣᠭᠠᠲᠤ︶᠂ ︽ᠰᠢᠯᠢ ᠶᠢᠨ ᠭᠤᠣᠯ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠲᠥᠰᠥᠯ︾ ︵ᠰᠢᠯᠢ ᠶᠢᠨ ᠭᠤᠣᠯ ᠵᠠᠬᠢᠷᠭ᠎ᠠ ᠠᠯᠪᠠᠨ ᠲᠠᠷᠬᠠᠭᠠᠭᠰᠠᠨ ﹇2021﹈ 102 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠥᠰᠥᠯ ᠢ ᠲᠣᠭᠲᠠᠭᠠᠪᠠ᠃ ᠬᠤᠶᠠᠷ᠂ ᠬᠠᠷᠠᠯᠲᠠ ᠡᠭᠦᠷᠭᠡ ᠪᠦᠬᠦ ᠬᠤᠲᠠ ᠶᠢᠨ ᠬᠡᠪᠴᠢᠶᠡᠨ ᠳᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠪᠠᠶᠢᠴᠠᠭᠠᠯᠲᠠ ᠪᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠴᠣᠭᠴᠠᠯᠠᠨ ᠪᠠᠶᠢᠭᠤᠯᠬᠤ ᠡᠳ᠋ ᠬᠥᠷᠥᠩᠭᠡ ᠶᠢᠨ ᠰᠠᠭᠤᠷᠢ ᠲᠤᠭ᠎ᠠ ᠲᠣᠳᠣᠷᠬᠠᠢ᠂ ᠥᠮᠴᠢᠯᠡᠬᠦ ᠡᠷᠬᠡ ᠶᠢᠨ ᠬᠠᠷᠢᠶᠠᠯᠠᠯ ᠨᠢ ᠲᠣᠳᠣᠷᠬᠠᠢ᠂ ᠲᠥᠷᠥᠯ ᠬᠡᠯᠪᠡᠷᠢ ᠶᠢᠨ ᠵᠠᠭᠠᠭ ᠬᠢᠵᠠᠭᠠᠷ ᠨᠢ ᠰᠢᠨᠵᠢᠯᠡᠬᠦ ᠤᠬᠠᠭᠠᠨᠴᠢ᠂ ᠭᠤᠣᠯ ᠴᠣᠭᠴᠠ ᠶᠢᠨ ᠬᠠᠷᠢᠭᠤᠴᠠᠯᠭ᠎ᠠ ᠨᠢ ᠲᠣᠳᠣᠷᠬᠠᠢ᠂ ᠠᠵᠢᠯᠯᠠᠭᠠᠨ ᠤ ᠬᠠᠮᠢᠶᠠᠷᠤᠯᠲᠠ ᠨᠢ ᠵᠢᠷᠤᠮᠵᠢᠭᠰᠠᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ 2012 ᠣᠨ ᠠᠴᠠ ᠨᠠᠰᠢᠬᠢ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠶᠢᠨ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠵᠢᠴᠢ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠵᠤ᠂ ᠡᠵᠡᠩᠨᠡᠬᠦ ᠡᠷᠬᠡ᠂ ᠠᠰᠢᠭ ᠣᠯᠬᠤ ᠡᠷᠬᠡ᠂ ᠬᠢᠨᠠᠯᠲᠠ ᠲᠠᠯᠪᠢᠬᠤ ᠡᠷᠬᠡ᠂ ᠰᠢᠢᠳᠪᠦᠷᠢᠯᠡᠬᠦ ᠡᠷᠬᠡ ᠵᠡᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢᠯᠡᠭᠦᠯᠦᠨ᠂ ᠥᠷᠲᠡᠭ ᠢ ᠪᠠᠲᠤᠯᠠᠵᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠳᠤ ᠮᠠᠯᠵᠢᠬᠤ ᠡᠷᠦᠬᠡ ᠳᠤ ᠠᠰᠢᠭ ᠬᠦᠷᠲᠡᠭᠡᠬᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠪᠠ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ ᠭᠤᠷᠪᠠ᠂ ᠭᠤᠣᠯ ᠠᠭᠤᠯᠭ᠎ᠠ ︵ᠨᠢᠭᠡ︶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠦᠷᠢᠶ᠎ᠡ ᠬᠡᠪᠴᠢᠶ᠎ᠡ ᠪᠠ ᠲᠥᠷᠥᠯ ᠬᠡᠯᠪᠡᠷᠢ᠃ ᠡᠭᠦᠨ ᠳᠤ 2012 ᠣᠨ ᠠᠴᠠ ᠨᠠᠰᠢᠬᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠡᠷᠡᠭᠯᠡᠬᠦ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ︵ᠡᠳ᠋ ᠤᠨ ᠵᠠᠰᠠᠭ ᠤᠨ ᠲᠤᠰᠬᠠᠢ ᠵᠦᠢᠯ ᠤᠨ ᠶᠠᠳᠠᠭᠤ ᠶᠢ ᠲᠡᠳᠬᠦᠬᠦ ᠪᠡᠯᠡ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠵᠡᠷᠭᠡ︶᠂ ᠬᠤᠣᠰᠯᠠᠵᠤ ᠬᠠᠪᠰᠤᠷᠤᠨ ᠲᠡᠳᠬᠦᠬᠦ ᠪᠡᠯᠡ ᠮᠥᠩᠭᠦ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ︵ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠳᠤ ᠬᠡᠷᠡᠭᠯᠡᠨ᠎ᠡ︶ ᠵᠢᠴᠢ ᠨᠡᠶᠢᠭᠡᠮ ᠤᠨ ᠬᠠᠨᠳᠢᠪᠯᠡᠯ ᠵᠡᠷᠭᠡ ᠣᠷᠣᠭᠤᠯᠤᠯᠲᠠ ᠠᠴᠠ ᠪᠣᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠪᠠᠭᠲᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠳ᠋ ᠬᠥᠷᠥᠩᠭᠡ ᠪᠠ ᠡᠷᠦᠬᠡ ᠳᠤ ᠬᠦᠷᠭᠡᠬᠦ ᠲᠥᠷᠥᠯ ᠤᠨ ᠡᠳ᠋ ᠬᠥᠷᠥᠩᠭᠡ ᠪᠠᠷ ᠬᠠᠮᠢᠶᠠᠷᠤᠨ᠎ᠠ᠃ ︵ᠬᠤᠶᠠᠷ︶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠪᠠᠷ ᠨᠢᠭᠡᠴᠢ ᠪᠣᠯᠭᠠᠨ᠂ ᠡᠯ᠎ᠡ ᠱᠠᠲᠤᠨ ᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠣᠶᠢᠯᠠᠭᠠᠵᠤ᠂ ᠱᠠᠲᠤ ᠲᠥᠷᠥᠯ ᠬᠤᠪᠢᠶᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠬᠡ ᠲᠠᠩᠰᠠ ᠶᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ᠭᠤᠷᠪᠠ︶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠨᠠᠷᠢᠯᠢᠭ ᠣᠨᠣᠴᠠᠲᠠᠢ ᠪᠠᠷ ᠲᠣᠭᠲᠠᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠶᠢ ᠰᠠᠶᠢᠲᠤᠷ ᠬᠢᠬᠦ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠭᠥᠷᠳᠡᠬᠦ ᠣᠯᠠᠨ ᠲᠦᠮᠡᠨ ᠤ ᠣᠨᠴᠠᠭᠠᠶ ᠴᠢᠨᠠᠷ ᠢ ᠭᠦᠢᠴᠡᠳ ᠪᠣᠳᠣᠯᠬᠢᠯᠠᠵᠤ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠪᠠ ᠠᠰᠢᠭ ᠣᠷᠣᠯᠭ᠎ᠠ ᠶᠢ ᠠᠯᠢ ᠴᠢᠳᠠᠬᠤ ᠪᠠᠷ ᠪᠠᠭᠤᠷᠠᠭᠤᠯᠬᠤ ᠬᠡᠷᠡᠭᠲᠡᠢ᠃ ᠦᠯᠦ ᠬᠥᠳᠡᠯᠬᠦ ᠬᠥᠷᠥᠩᠭᠡ ᠳᠤ ᠲᠣᠭᠠᠴᠠᠭᠳᠠᠪᠠᠯ᠂ ᠬᠠᠤᠯᠢ ᠶᠣᠰᠣᠭᠠᠷ ᠡᠷᠬᠡ ᠶᠢ ᠨᠤᠲᠠᠯᠠᠨ ᠲᠣᠭᠲᠠᠭᠠᠬᠤ ᠳᠠᠩᠰᠠᠯᠠᠯᠲᠠ ᠬᠢᠯᠭᠡᠨ᠎ᠡ᠃ ︵ᠳᠥᠷᠪᠡ︶ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ ᠶᠢ ᠥᠷᠨᠢᠭᠦᠯᠦᠨ᠎ᠡ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤ ︵ᠲᠠᠷᠢᠶᠠᠯᠠᠩ ᠮᠠᠯᠵᠢᠯ ᠤᠨ ᠲᠠᠯᠠᠪᠠᠶ︶ ᠲᠠᠢ ᠬᠠᠮᠲᠤᠷᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠣᠳᠣᠬᠢ ᠪᠠᠶᠢᠳᠠᠯ᠂ ᠡᠳ᠋ ᠬᠥᠷᠥᠩᠭᠡ ᠶᠢᠨ ᠴᠡᠪᠡᠷ ᠥᠷᠲᠡᠭ ᠲᠤ ᠣᠨ ᠤ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ ᠶᠢ ᠥᠷᠨᠢᠭᠦᠯᠵᠦ᠂ ᠴᠢᠬᠤᠯᠠ ᠲᠠᠢ ᠦᠶ᠎ᠡ ᠳᠤ ᠬᠢᠷᠢ ᠬᠡᠮ ᠲᠠᠢ ᠭᠤᠷᠪᠠᠳᠠᠭᠢ ᠡᠲᠡᠭᠡᠳ ᠢ ᠤᠷᠢᠵᠤ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ ᠶᠢ ᠥᠷᠨᠢᠭᠦᠯᠦᠨ᠎ᠡ᠃ ︵ᠲᠠᠪᠤ︶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠬᠠᠮᠠᠭᠠᠯᠠᠯᠲᠠ ᠡᠵᠡᠩᠨᠡᠯᠲᠡ ᠶᠢ ᠰᠠᠶᠢᠲᠤᠷ ᠬᠢᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠳᠡᠩᠰᠡᠯᠡᠵᠦ ᠡᠷᠬᠡ ᠶᠢ ᠲᠣᠳᠣᠯᠠᠭᠰᠠᠨ ᠤ ᠳᠠᠷᠠᠭ᠎ᠠ᠂ ︽ᠡᠷᠬᠡ ᠶᠢᠨ ᠬᠠᠷᠢᠶᠠᠯᠠᠯ ᠢ ᠬᠡᠨ ᠳᠤ ᠬᠠᠷᠢᠶᠠᠯᠠᠭᠤᠯᠬᠤ᠂ ᠬᠡᠨ ᠠᠴᠠ ᠬᠠᠮᠢᠶᠠᠷᠤᠨ ᠬᠠᠮᠠᠭᠠᠯᠠᠬᠤ︾ ᠵᠠᠷᠴᠢᠮ ᠶᠣᠰᠣᠭᠠᠷ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠠᠮᠢᠶᠠᠷᠤᠨ ᠬᠠᠮᠠᠭᠠᠯᠠᠬᠤ ᠪᠠ ᠡᠵᠡᠩᠨᠡᠬᠦ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ ᠵᠣᠬᠢᠬᠤ ᠦᠷᠭᠦᠯᠵᠢᠯᠡᠨ ᠬᠠᠮᠢᠶᠠᠷᠤᠨ ᠬᠠᠮᠠᠭᠠᠯᠠᠬᠤ ᠳᠦᠷᠢᠮ ᠪᠠ ᠡᠵᠡᠩᠨᠡᠬᠦ ᠲᠥᠰᠥᠯ ᠢ ᠪᠠᠶᠢᠭᠤᠯᠵᠤ᠂ ᠬᠠᠮᠢᠶᠠᠷᠤᠨ ᠬᠠᠮᠠᠭᠠᠯᠠᠬᠤ ︵ᠡᠵᠡᠩᠨᠡᠬᠦ︶ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︵ᠵᠢᠷᠭᠤᠭ᠎ᠠ︶ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠵᠢᠷᠤᠮᠵᠢᠭᠤᠯᠤᠨ᠎ᠠ᠃ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠲᠥᠰᠥᠯ ᠢ ᠴᠢᠩᠭ᠎ᠠ ᠵᠢᠷᠤᠮᠯᠠᠨ ᠬᠤᠪᠢᠶᠠᠷᠢᠯᠠᠬᠤ ᠶᠢᠨ ᠬᠠᠮᠲᠤ ᠵᠣᠬᠢᠴᠠᠩᠭᠤᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠭᠦᠢᠴᠡᠳᠬᠡᠵᠦ᠂ ᠱᠠᠭᠠᠷᠳᠠᠯᠭ᠎ᠠ ᠶᠣᠰᠣᠭᠠᠷ ᠬᠤᠪᠢᠶᠠᠷᠢᠯᠠᠭᠰᠠᠨ ᠦᠷ᠎ᠡ ᠳ᠋ᠦᠩ ᠢ ᠢᠯᠡ ᠪᠣᠯᠭᠠᠨ᠎ᠠ᠃ ︵ᠳᠣᠯᠤᠭ᠎ᠠ︶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠵᠦᠢ ᠵᠣᠬᠢᠰᠲᠠᠢ ᠬᠡᠷᠡᠭᠯᠡᠨ᠎ᠡ᠃ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠵᠢᠴᠢ ᠲᠥᠷᠥᠯ ᠵᠦᠢᠯ ᠤᠨ ᠡᠳ᠋ ᠬᠥᠷᠥᠩᠭᠡ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠳᠤ ᠭᠤᠣᠯᠳᠠᠯᠭ᠎ᠠ ᠲᠠᠢ ᠬᠡᠷᠡᠭᠯᠡᠨ᠎ᠡ᠃ ᠬᠢᠨᠠᠨ ᠬᠡᠮᠵᠢᠭᠳᠡᠬᠦ ᠡᠲᠡᠭᠡᠳ ᠢ ᠬᠠᠪᠰᠤᠷᠤᠨ ᠲᠡᠳᠬᠦᠬᠦ ᠳᠤ ᠤᠷᠢᠳᠠᠪᠠᠷ ᠬᠡᠷᠡᠭᠯᠡᠵᠦ᠂ ᠳᠥᠭᠦᠮᠬᠡᠨ ᠢᠶᠠᠷ ᠵᠣᠭᠤᠰ ᠮᠥᠩᠭᠦ ᠡᠳ᠋ ᠪᠣᠳᠠᠰ ᠥᠭᠬᠦ᠂ ᠨᠢᠭᠡ ᠬᠤᠪᠢ ᠶᠢᠨ ᠠᠷᠭ᠎ᠠ ᠪᠠᠷ ᠠᠰᠢᠭ ᠣᠷᠣᠯᠭ᠎ᠠ ᠶᠢᠨ ᠬᠤᠪᠢᠶᠠᠷᠢᠯᠠᠯᠲᠠ ᠬᠢᠬᠦ ᠶᠢ ᠴᠢᠩᠭ᠎ᠠ ᠴᠠᠭᠠᠵᠠᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠭᠵᠢᠭᠡᠳᠦᠢ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠯᠤᠭ᠎ᠠ ᠬᠠᠮᠢᠶ᠎ᠠ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠃ ︵ᠨᠠᠢᠮᠠ︶ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠠᠤᠯᠢ ᠲᠣᠭᠲᠠᠭᠠᠯ ᠳᠤ ᠨᠡᠶᠢᠴᠡᠭᠦᠯᠦᠨ ᠰᠢᠢᠳᠪᠦᠷᠢᠯᠡᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠦᠨ᠎ᠡ ᠬᠠᠶᠠᠨ ᠬᠤᠳᠠᠯᠳᠤᠬᠤ᠂ ᠰᠢᠯᠵᠢᠭᠦᠯᠦᠨ ᠥᠭᠬᠦ᠂ ᠬᠤᠳᠠᠯᠳᠤᠬᠤ᠂ ᠰᠣᠯᠢᠬᠤ ᠵᠡᠷᠭᠡ ᠪᠠᠷ ᠰᠢᠢᠳᠪᠦᠷᠢᠯᠡᠬᠦ ᠦᠶᠡᠰ᠂ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠲᠥᠷᠥᠯ ᠬᠡᠯᠪᠡᠷᠢ ᠶᠣᠰᠣᠭᠠᠷ᠂ ᠤᠯᠤᠰ ᠤᠨ ᠥᠮᠴᠢᠯᠡᠯᠲᠦ ᠡᠳ᠋ ᠬᠥᠷᠥᠩᠭᠡ ᠵᠢᠴᠢ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠬᠤ ᠭᠠᠷᠳᠠᠮ ᠢ ᠭᠦᠢᠴᠡᠳᠬᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠲᠡᠯᠡᠬᠦ ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠥᠮᠥᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠂ ᠶᠠᠳᠠᠭᠤ ᠶᠢ ᠲᠡᠳᠬᠦᠬᠦ ᠡᠳ᠋ ᠬᠥᠷᠥᠩᠭᠡ ᠪᠠᠷ ᠪᠠᠷᠢᠴᠠᠭᠠᠯᠠᠬᠤ᠂ ᠳᠠᠭᠠᠭᠠᠯᠲᠠ ᠬᠢᠬᠦ᠂ ᠨᠡᠭᠦᠯᠭᠡᠨ ᠬᠡᠷᠡᠭᠯᠡᠬᠦ ᠵᠡᠷᠭᠡ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠵᠦ ᠪᠣᠯᠬᠤ ᠦᠭᠡᠢ᠃ ᠳᠥᠷᠪᠡ᠂ ᠪᠤᠰᠤᠳ ᠶᠠᠪᠤᠳᠠᠯ ᠤᠳ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠴᠤ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠵᠢᠯᠤᠭᠤᠳᠬᠤ ᠶᠢ ᠬᠠᠷᠢᠭᠤᠴᠠᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠯ᠎ᠡ ᠭᠠᠴᠠᠭ᠎ᠠ᠂ ᠲᠠᠯᠠᠪᠤᠷ ᠬᠤᠪᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠡᠷᠬᠡ ᠶᠢ ᠨᠤᠲᠠᠯᠠᠨ ᠲᠣᠭᠲᠠᠭᠠᠭᠰᠠᠨ ᠬᠠᠷᠢᠶ᠎ᠠ ᠪᠦᠬᠦᠢ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠢ᠃ ᠬᠡᠷᠪᠡ ᠶᠠᠮᠠᠷ ᠠᠰᠠᠭᠤᠳᠠᠯ ᠪᠠᠶᠢᠪᠠᠯ ᠰᠢᠯᠢ ᠶᠢᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠠᠰᠠᠭᠤᠨ ᠯᠠᠪᠯᠠᠭᠠᠷᠠᠢ᠃ ᠯᠠᠪᠯᠠᠬᠤ ᠤᠲᠠᠰᠤ᠄ 0479-8232643᠂ 8254030 ᠶᠠᠳᠠᠭᠤ ᠶᠢ ᠲᠡᠳᠬᠦᠬᠦ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12317 ᠰᠢᠤᠳᠠᠨ ᠬᠠᠶᠢᠷᠴᠠᠭ ᠤᠨ ᠬᠠᠶ᠋ᠢᠭ᠄ xlhtsfpb@163.com ᠬᠠᠶ᠋ᠢᠭ᠄ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠶᠢᠨ ᠬᠠᠭᠤᠴᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 6 ᠳ᠋ᠤᠭᠠᠷ ᠠᠰᠠᠷ ᠤᠨ ᠰᠢᠯᠢ ᠶᠢᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 404 ᠠᠯᠪᠠᠨ ᠭᠡᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号