ᠵᠠᠩ ᠪᠠᠢ ᠴᠧᠩ  ᠬᠠᠨᠢᠠᠠᠭᠤᠯᠠ ᠭᠠᠴᠠᠭ᠎ᠠ ᠳᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/10
ᠵᠠᠩ ᠪᠠᠢ ᠴᠧᠩ  ᠬᠠᠨᠢᠠᠠᠭᠤᠯᠠ ᠭᠠᠴᠠᠭ᠎ᠠ ᠳᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠭᠠᠨ ᠵᠢᠯᠣᠭᠤᠳᠪᠠ10 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ  ᠰᠢᠯᠢ ᠶᠢᠨ ᠬᠤᠲᠠ ᠶᠢᠨ ᠪᠤᠯᠠᠭᠠᠨ ᠰᠤᠮᠤ ᠶᠢᠨ ᠬᠠᠨᠢᠠᠠᠭᠤᠯᠠ‌ᠭᠠᠴᠠᠭ᠎ᠠ ᠳᠤ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠭᠠᠨ ᠵᠢᠯᠣᠭᠤᠳᠪᠠ᠃ᠵᠠᠩ ᠪᠠᠢ ᠴᠧᠩ ᠤᠷᠢᠳ ᠬᠤᠵᠢᠳ ᠭᠠᠴᠠᠭ᠎ᠠ ᠶᠢᠨ ᠪᠣᠯᠪᠠᠰᠤᠨ ᠪᠦᠯᠬᠦᠮᠳᠡᠯ ᠤᠨ ᠬᠡᠳᠦ ᠳᠡᠯᠭᠡᠭᠦᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠦᠷᠲᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠰᠤᠭ ᠲᠤ ᠬᠦᠷᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ᠳᠠᠷᠠᠭ᠎ᠠ ᠨᠢ᠂ ᠵᠠᠩ ᠪᠠᠢ ᠴᠧᠩ  ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠴᠠᠭᠠᠨ ᠤ ︽ᠬᠤᠶᠠᠷ ᠵᠥᠪᠯᠡᠯ︾  ᠤᠨ ᠪᠠᠭ᠂ ᠨᠠᠮ ᠤᠨ ᠭᠡᠰᠢᠭᠦᠨ ᠤ  ᠭᠤᠣᠯᠯᠠᠭᠴᠢ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ᠵᠠᠩ ᠪᠠᠢ ᠴᠧᠩ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ᠂ ᠱᠠᠲᠤ ᠬᠤᠪᠢᠶᠠᠨ ᠲᠦᠷᠦᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠵᠤ᠂ ᠲᠣᠭᠲᠠᠭᠰᠠᠨ ᠠᠵᠢᠯᠯᠠᠭ᠎ᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠤᠯᠠᠨ ᠲᠦᠮᠡᠨ ᠲᠠᠢ ᠨᠡᠩ ᠣᠶᠢᠷᠠᠲᠤᠬᠤ᠂ ᠤᠯᠠᠨ ᠶᠠᠩᠵᠤ ᠶᠢᠨ ᠠᠷᠭ᠎ᠠ ᠬᠡᠯᠪᠡᠷᠢ ᠪᠠᠷ ᠠᠵᠢᠯ ᠢᠶᠠᠨ ᠰᠠᠶᠢᠲᠤᠷ ᠥᠷᠨᠢᠭᠦᠯᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠭᠤᠣᠯ ᠰᠡᠳᠦᠪᠲᠦ ᠬᠥᠮᠦᠵᠢᠯ ᠳᠤ ᠢᠮᠠᠭᠲᠠ ᠲᠤᠤᠱᠯᠠᠭᠤᠯᠵᠤ᠂ ᠶᠠᠭᠤ ᠳᠤᠲᠠᠭᠳᠠᠪᠠᠯ ᠶᠠᠭᠤ ᠶᠢ ᠰᠤᠷᠬᠤ᠂ ᠶᠠᠭᠤ ᠬᠡᠷᠡᠭᠴᠡᠭᠡ ᠲᠠᠢ ᠪᠣᠯ ᠲᠡᠭᠦᠨ ᠢ ᠶᠠᠷᠢᠬᠤ ᠶᠢ ᠪᠠᠷᠢᠮᠲᠠᠯᠠᠵᠤ᠂ ᠨᠠᠮ ᠤᠨ ᠲᠦᠷᠦ ᠶᠢᠨ ᠪᠣᠳᠣᠯᠭ᠎ᠠ ᠶᠢᠨ ᠤᠨᠤᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠡᠯ᠎ᠡ ᠲᠦᠷᠦᠯ ᠤᠨ ᠠᠰᠠᠭᠤᠳᠠᠯ ᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠵᠦ᠂ ᠵᠦᠢᠯ ᠵᠤᠷᠪᠤᠰ ᠳᠠᠷᠠᠭᠠᠯᠠᠨ ᠠᠩᠬᠠᠷᠤᠨ ᠥᠭᠡᠷᠡᠴᠢᠯᠡᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠠᠷᠠᠳ ᠣᠯᠠᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠮᠡᠳᠡᠷᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠠᠢ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠠᠬᠢᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号