ᠴᠠᠭᠠᠨ ᠢᠳᠡᠭᠡᠨ ᠪᠤᠯᠪᠠᠰᠤᠷᠠᠭᠤᠯᠬᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/10/31
ᠴᠠᠭᠠᠨ ᠢᠳᠡᠭᠡᠨ ᠪᠤᠯᠪᠠᠰᠤᠷᠠᠭᠤᠯᠬᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ- ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠎ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠎ ᠤᠨ ᠲᠤᠬᠠᠢ ᠰᠢᠷᠢᠰ ᠲᠠᠶᠢᠯᠤᠮᠵᠢ ︵ᠲᠠᠪᠤ︶ ᠡᠨᠡ ᠵᠢᠯ ᠤᠨ 10 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠎ ᠲᠤ ᠴᠠᠭᠠᠨ ᠢᠳᠡᠭᠡᠨ ᠪᠤᠯᠪᠠᠰᠤᠷᠠᠭᠤᠯᠬᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠲᠠᠯ᠎ᠠ ᠪᠠᠷ 5 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ᠃ ᠴᠠᠭᠠᠨ ᠢᠳᠡᠭᠡᠨ ᠤ ᠠᠵᠤ ᠠᠬᠤᠶᠢᠯᠠᠯ ᠤᠨ ᠨᠠᠷᠢᠯᠢᠭ ᠪᠣᠯᠪᠠᠰᠤᠷᠠᠭᠤᠯᠤᠯᠲᠠ ᠬᠢᠬᠦ ᠶᠢ ᠳᠡᠮᠵᠢᠵᠦ᠂ ᠠᠩᠬᠠᠨ ᠤ ᠪᠢᠰᠢᠯᠠᠭ᠂ ᠰᠢᠷᠠᠰᠤ ᠵᠡᠷᠭᠡ ᠴᠠᠭᠠᠨ ᠢᠳᠡᠭᠡᠨ ᠤ ᠨᠠᠷᠢᠯᠢᠭ ᠪᠣᠯᠪᠠᠰᠤᠷᠠᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠳᠤᠨᠤᠭ ᠲᠥᠬᠦᠭᠡᠷᠦᠮᠵᠢ ᠶᠢᠨ ᠬᠢᠨᠢ ᠶᠡᠷᠦᠩᠬᠡᠢ ᠪᠡᠯᠡ ᠣᠷᠣᠭᠤᠯᠤᠯᠲᠠ ᠶᠢᠨ10%᠎ ᠪᠠᠷ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 5000 ᠲᠦᠮᠡᠨ ᠲᠥᠭᠦᠷᠢᠭ ᠎ ᠤᠨ ᠨᠥᠬᠦᠪᠦᠷᠢ ᠣᠯᠭᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠵᠣᠷᠢᠭᠵᠢᠭᠤᠯᠵᠤ᠂ ᠵᠢᠵᠢᠭ ᠦᠢᠯᠡᠳᠬᠡᠯ ᠤᠨ ᠭᠠᠵᠠᠷ ᠢᠶᠠᠨ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠪᠣᠯᠭᠠᠨ ᠲᠠᠰ ᠳᠡᠪᠰᠢᠭᠦᠯᠦᠭᠰᠡᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠪᠣᠯᠣᠨ ᠠᠵᠤ ᠠᠬᠤᠶᠢᠯᠠᠯ ᠤᠨ ᠢᠳᠡᠭᠡᠨ ᠤ ᠬᠦᠷᠢᠶᠡᠯᠡᠩ ᠲᠣᠭᠤᠷᠢᠭ ᠲᠤ ᠲᠥᠪᠯᠡᠷᠡᠬᠦ ᠶᠢ ᠲᠠᠮᠵᠢᠵᠤ᠂ ᠬᠡᠪᠴᠢᠶᠡᠵᠢᠭᠦᠯᠦᠨ ᠡᠵᠡᠩᠨᠡᠵᠦ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠬᠡᠷᠪᠡ ᠢᠳᠡᠭᠡᠨ ᠤ ᠬᠦᠷᠢᠶᠡᠯᠡᠩ ᠲᠣᠭᠤᠷᠢᠭ ᠲᠤ ᠣᠷᠣᠭᠰᠠᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠠᠬᠤᠶᠢᠯᠠᠯ ᠬᠡᠷᠪᠡ ᠢᠳᠡᠭᠡᠨ ᠤ ᠬᠦᠷᠢᠶᠡᠯᠡᠩ ᠲᠣᠭᠤᠷᠢᠭ ᠲᠤ ᠣᠷᠣᠭᠰᠠᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ ᠪᠢᠰᠢᠯᠠᠭ ᠪᠤᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠳᠡᠮᠵᠢᠵᠦ᠂ ᠲᠦᠭᠦᠬᠡᠢ ᠰᠦ ᠶᠢ ᠬᠡᠷᠡᠭᠯᠡᠨ ᠠᠩᠬᠠᠨ ᠤ ᠪᠢᠰᠢᠯᠠᠭ ᠪᠤᠯᠪᠠᠰᠤᠷᠠᠭᠤᠯᠵᠤ ᠪᠠᠶᠢᠭ᠎ᠠ ᠴᠠᠭᠠᠨ ᠢᠳᠡᠭᠡᠨ ᠤ ᠠᠵᠤ ᠠᠬᠤᠶᠢᠯᠠᠯ ᠳᠤ ᠳᠡᠭᠡᠷ᠎ᠡ ᠨᠢᠭᠡ ᠵᠢᠯ ᠤᠨ ᠠᠩᠬᠠᠨ ᠤ ᠪᠢᠰᠢᠯᠠᠭ ᠪᠤᠯᠪᠠᠰᠤᠷᠠᠭᠤᠯᠬᠤ ᠳᠤ ᠬᠡᠷᠡᠭᠯᠡᠭᠰᠡᠨ ᠲᠦᠭᠦᠬᠡᠢ ᠰᠦ ᠶᠢᠨ ᠬᠡᠮᠵᠢᠶ᠎ᠡ ᠪᠠᠷ ᠨᠢ ᠰᠠᠭᠤᠷᠢ ᠲᠤᠭ᠎ᠠ ᠪᠣᠯᠭᠠᠨ᠂ 1 ᠲᠤᠨ ᠲᠦᠭᠦᠬᠡᠢ ᠰᠦ ᠨᠡᠮᠡᠭᠳᠡᠭᠦᠯᠬᠦ ᠪᠦᠷᠢ 2000 ᠲᠥᠭᠦᠷᠢᠭ ᠤᠨ ᠨᠥᠬᠦᠪᠦᠷᠢ ᠣᠯᠭᠤᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ ᠴᠠᠭᠠᠨ ᠢᠳᠡᠭᠡᠨ ᠪᠤᠯᠪᠠᠰᠤᠷᠠᠭᠤᠯᠬᠤ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠶᠢ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠨᠢ ᠰᠠᠭᠤᠷᠢ ᠲᠤᠭ᠎ᠠ ᠪᠣᠯᠭᠠᠨ᠂ 1 ᠲᠤᠨ ᠨᠡᠮᠡᠭᠳᠡᠭᠦᠯᠬᠦ ᠪᠦᠷᠢ 200 ᠲᠥᠭᠦᠷᠢᠭ ᠤᠨ ᠨᠥᠬᠦᠪᠦᠷᠢ ᠣᠯᠭᠤᠨ᠎ᠠ᠃ ᠨᠥᠬᠦᠪᠦᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠲᠤᠰ ᠲᠤᠰ 50%᠎ ᠪᠠᠷ ᠭᠠᠷᠭᠠᠨ᠎ᠠ᠃ ᠴᠠᠭᠠᠨ ᠢᠳᠡᠭᠡᠨ ᠤ ᠠᠵᠤ ᠠᠬᠤᠶᠢᠯᠠᠯ ᠤᠨ 3 - 5 ᠰᠠᠷ᠎ᠠ ᠳᠠᠬᠢ ᠪᠣᠷᠤᠯᠠᠭᠤᠯᠭ᠎ᠠ ᠮᠠᠭᠤᠲᠠᠢ ᠤᠯᠠᠷᠢᠯ ᠳᠤ ᠭᠦᠢᠴᠡᠳ ᠬᠡᠮᠵᠢᠶ᠎ᠡ ᠪᠠᠷ ᠲᠦᠭᠦᠬᠡᠢ ᠰᠦ ᠬᠤᠳᠠᠯᠳᠤᠨ ᠠᠪᠬᠤ ᠶᠢ ᠳᠡᠮᠵᠢᠵᠦ᠂ ᠲᠦᠭᠦᠬᠡᠢ ᠰᠦ ᠪᠠᠷ ᠲᠠᠯᠬ᠎ᠠ ᠪᠣᠯᠪᠠᠰᠤᠷᠠᠭᠤᠯᠪᠠᠯ ᠬᠤᠳᠠᠯᠳᠤᠨ ᠠᠪᠤᠭᠰᠠᠨ ᠲᠦᠭᠦᠬᠡᠢ ᠰᠦ ᠶᠢᠨ ᠬᠡᠮᠵᠢᠶᠡᠨ ᠤ 10%᠎ ᠪᠠᠷ᠂ ᠲᠤᠨ ᠪᠦᠷᠢ ᠳᠤ 1000 ᠲᠥᠭᠦᠷᠢᠭ ᠤᠨ ᠨᠥᠬᠦᠪᠦᠷᠢ ᠣᠯᠭᠤᠨ᠎ᠠ᠃ ᠨᠥᠬᠦᠪᠦᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠲᠤᠰ ᠲᠤᠰ 50%᠎ ᠪᠠᠷ ᠭᠠᠷᠭᠠᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号