︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠦᠵᠡᠰᠭᠦᠯᠡᠩ ᠡᠬᠢᠯᠡᠪᠡ
ᠨᠡᠶᠢᠲᠡᠯᠡᠭᠰᠡᠨ ᠴᠠᠭ᠄
2023/10/31
 ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠦᠵᠡᠰᠭᠦᠯᠡᠩ ᠡᠬᠢᠯᠡᠪᠡ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠦᠵᠡᠰᠭᠦᠯᠡᠩ ᠲᠦᠷᠦᠭᠦᠬᠡᠨ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠡᠬᠢᠯᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠠᠴᠢ ᠬᠠᠷᠢᠭᠤᠯᠤᠨ ᠡᠷᠡᠮᠡᠬᠡᠶᠢᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠡᠷᠴᠢ ᠬᠦᠴᠦᠨ ᠨᠡᠮᠡᠷᠢᠯᠡᠵᠦ ᠪᠤᠢ᠃ ᠦᠵᠡᠰᠭᠦᠯᠡᠩ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾᠎ ᠪᠠᠷ ᠭᠤᠣᠯ ᠰᠢᠵᠢᠮ ᠪᠣᠯᠭᠠᠨ ᠲᠠᠪᠤᠨ ᠶᠡᠭᠡ ᠬᠡᠰᠡᠭ ᠤᠨ ᠦᠵᠡᠭᠦᠯᠭᠡ ᠳᠤ 216 ᠬᠤᠪᠢ ᠭᠡᠷᠡᠯ ᠵᠢᠷᠤᠭ᠂ 79 ᠬᠤᠪᠢ ᠥᠰᠥᠭ ᠪᠢᠴᠢᠭ᠂ 52 ᠬᠤᠪᠢ ᠵᠢᠷᠤᠭ ᠬᠦᠰᠦᠨᠦᠭ᠂ 32 ᠬᠤᠪᠢ ᠰᠤᠷᠪᠤᠯᠵᠢ ᠪᠢᠴᠢᠭ ᠲᠠᠩᠰᠠ ᠡᠪᠬᠡᠮᠡᠯ ᠢ ᠳᠡᠯᠭᠡᠨ ᠦᠵᠡᠭᠦᠯᠵᠦ᠂ ᠨᠡᠶᠢᠭᠡᠮ ᠵᠢᠷᠤᠮᠲᠤ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠨᠡᠭᠡᠭᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ ᠬᠡᠴᠢᠨᠡᠭᠡᠨ ᠶᠡᠭᠡ ᠬᠦᠴᠢᠷ ᠪᠡᠷᠬᠡ ᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠥᠴᠥᠬᠡᠨ ᠴᠦ ᠭᠤᠶᠢᠪᠢᠯᠵᠠᠯ ᠦᠭᠡᠢ ᠪᠠᠷ ᠨᠠᠮ ᠢᠶᠠᠨ ᠬᠦᠷᠢᠶᠡᠯᠡᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠢᠶᠠᠨ ᠲᠠᠭᠠᠵᠤ ᠡᠷᠡᠮᠡᠬᠡᠶᠢᠯᠡᠨ ᠤᠷᠤᠭᠰᠢᠯᠠᠭᠰᠠᠨ ᠠᠴᠠ ᠰᠠᠶ᠋ᠢ ᠥᠨᠥᠳᠥᠷ ᠤᠨ ᠶᠡᠭᠡ ᠰᠠᠶᠢᠨ ᠬᠥᠭᠵᠢᠯᠲᠡ ᠶᠢᠨ ᠪᠠᠶᠢᠳᠠᠯ ᠲᠠᠢ ᠪᠣᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶ᠋ᠢ ᠥᠨᠥᠳᠥᠷ ᠤᠨ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠲᠠᠢ ᠪᠣᠯᠤᠭᠰᠠᠨ ᠶᠤᠮ ᠭᠡᠳᠡᠭ ᠢ ᠠᠮᠢᠳᠤᠯᠢᠭ ᠢᠶᠠᠷ ᠬᠠᠷᠠᠭᠤᠯᠵᠠᠢ᠃ ᠦᠵᠡᠰᠭᠦᠯᠡᠩ ᠎ ᠤᠨ ᠬᠤᠭᠤᠴᠠᠭᠠᠨ ᠳᠤ ᠪᠠᠰᠠ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠩᠬᠢᠮ︾ ᠭᠠᠷᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾᠎ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠥᠯᠥᠭᠡ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠢᠨ᠎ᠡ ᠠᠶᠠᠨ ᠳᠠᠭᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠰᠤᠷᠲᠠᠯᠴᠢᠯᠠᠨ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号