ᠲᠦᠷᠦᠯ ᠲᠡᠮᠳᠡᠭ ᠢ ᠡᠭᠦᠳᠴᠦ ᠢᠳᠡᠪᠬᠢ ᠬᠦᠴᠦᠨ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2023/10/31
ᠲᠦᠷᠦᠯ ᠲᠡᠮᠳᠡᠭ ᠢ ᠡᠭᠦᠳᠴᠦ ᠢᠳᠡᠪᠬᠢ ᠬᠦᠴᠦᠨ ᠢ ᠪᠠᠳᠠᠷᠠᠭᠤᠯᠤᠨ᠎ᠠᠣᠶᠢᠷ᠎ᠠ ᠶᠢᠨ ᠵᠢᠯ ᠳᠤ᠂ ᠶᠠᠭᠰᠢ ᠬᠤᠲᠠ ᠶᠢᠨ ᠨᠠᠮ ᠤᠨ ᠬᠤᠷᠢᠶ᠎ᠠ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠎ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠢ ᠬᠦᠨᠳᠦᠳᠬᠡᠨ ᠴᠢᠬᠤᠯᠠᠴᠢᠯᠠᠵᠤ᠂ ᠠᠬᠠᠮᠠᠳ ᠨᠥᠬᠦᠳ ᠤᠨ ︽ᠤᠯᠤᠰ ᠲᠥᠷᠥ᠂ ᠲᠤᠷᠰᠢᠯᠭ᠎ᠠ᠂ ᠨᠡᠷ᠎ᠡ ᠬᠦᠨᠳᠦ︾ ᠭᠤᠷᠪᠠᠨ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠪᠤᠭᠤᠷᠤᠯᠴᠤᠳ ᠤᠨ ᠬᠤᠰᠢᠭᠤᠴᠢ︾ ᠲᠦᠷᠦᠯ ᠲᠡᠮᠳᠡᠭ ᠢ ᠢᠳᠡᠪᠬᠢᠲᠡᠢ ᠪᠠᠷ ᠪᠤᠶ ᠪᠤᠯᠭᠠᠵᠤ᠂ ᠠᠬᠠᠮᠠᠳ ᠨᠠᠮ ᠤᠨ ᠭᠡᠰᠢᠭᠦᠨ ᠵᠢᠴᠢ ᠠᠬᠠᠮᠠᠳ ᠨᠥᠬᠦᠳ ᠤᠨ ᠪᠦᠭᠦ ᠬᠤᠲᠠ ᠶᠢᠨ ᠠᠵᠢᠯ ᠦᠢᠯᠡᠰ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠥᠲᠥᠯᠥᠨ ᠵᠢᠯᠣᠭᠤᠳᠪᠠ᠃ ᠶᠠᠭᠰᠢ ᠬᠤᠳᠠ ᠶᠢᠨ ᠨᠠᠮ ᠤᠨ ᠬᠤᠷᠢᠶ᠎ᠠ ᠪᠦᠭᠦ ᠬᠤᠳᠠ ᠶᠢᠨ ᠠᠬᠠᠮᠠᠳ ᠺᠠᠳ᠋ᠷᠴᠤᠳ ᠤᠨ ᠶᠠᠷᠢᠯᠴᠠᠬᠤ ᠬᠤᠷᠠᠯ ᠵᠢᠴᠢ ᠠᠬᠠᠮᠠᠳ ᠨᠠᠮ ᠤᠨ ᠭᠡᠰᠢᠭᠦᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠬᠤᠷᠢᠶᠠᠬᠤ᠂ ᠭᠡᠷ ᠎ ᠲᠤᠨᠢ ᠬᠦᠷᠴᠦ ᠰᠤᠷᠪᠤᠯᠵᠢᠯᠠᠬᠤ ᠵᠡᠷᠭᠡ ᠭᠡᠯᠪᠡᠷᠢ ᠪᠠᠷ ᠳᠠᠮᠵᠢᠭᠤᠯᠤᠨ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠬᠤ︾ ᠪᠠ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠬᠠᠷᠠᠬᠤ︾ ᠵᠡᠷᠭᠡ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠵᠢᠭᠦᠯᠬᠦ ᠲᠥᠰᠥᠯ᠂ ᠪᠦᠭᠦ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠶᠢᠨ ᠲᠤᠬᠠᠢ ᠠᠬᠠᠮᠠᠳ ᠺᠠᠳ᠋ᠷᠴᠤᠳ ᠤᠨ ᠰᠠᠨᠠᠯ ᠢ ᠬᠤᠷᠢᠶᠠᠵᠤ᠂ ︽ᠠᠬᠠᠮᠠᠳ ᠺᠠᠳ᠋ᠷ ᠳᠤᠷᠠᠳᠤᠯᠭ᠎ᠠ ᠲᠠᠢ᠂ ᠰᠠᠯᠠᠭ᠎ᠠ ᠮᠥᠴᠢᠷ ᠨᠠᠶᠢᠳᠠᠪᠤᠷᠢᠵᠢᠭᠤᠯᠤᠯᠲᠠ ᠲᠠᠢ᠂ ᠰᠠᠨᠠᠭᠤᠯᠭ᠎ᠠ ᠭᠠᠷᠭᠠᠭᠰᠠᠨ ᠬᠥᠮᠥᠨ ᠳᠤ ᠬᠠᠷᠢᠭᠤ ᠥᠭᠬᠦ︾᠎ ᠶᠢ ᠪᠡᠶᠡᠯᠡᠭᠦᠯᠵᠦ᠂ ᠠᠬᠠᠮᠠᠳ ᠺᠠᠳ᠋ᠷᠴᠤᠳ ᠤᠨ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︽ᠲᠠᠲᠠᠬᠤ᠂ ᠦᠢᠯᠡᠴᠢᠯᠡᠬᠦ᠂ ᠨᠢᠭᠲᠠᠷᠠᠭᠤᠯᠬᠤ᠂ ᠬᠥᠲᠥᠯᠥᠨ ᠵᠢᠯᠤᠭᠤᠳᠬᠤ︾ ᠠᠷᠭ᠎ᠠ ᠮᠠᠶ᠋ᠢᠭ ᠢᠶᠠᠷ ᠳᠠᠮᠵᠢᠭᠤᠯᠵᠤ᠂ ᠭᠠᠵᠠᠷ ᠣᠷᠣᠨ᠂ ᠠᠵᠢᠯ ᠦᠢᠯᠡᠰ ᠤᠨ ᠪᠠᠷᠢᠯᠳᠤᠯᠭ᠎ᠠ᠂ ᠳᠤᠷ᠎ᠠ ᠰᠣᠨᠢᠷᠬᠠᠯ ᠤᠨ ᠪᠠᠷᠢᠯᠳᠤᠯᠭ᠎ᠠ ᠪᠠᠷ ᠬᠤᠯᠪᠣᠭᠠᠰᠤ ᠪᠤᠯᠭᠠᠵᠤ᠂ ᠠᠬᠠᠮᠠᠳ ᠺᠠᠳ᠋ᠷ᠂ ᠠᠬᠠᠮᠠᠳ ᠪᠠᠶᠢᠯᠳᠤᠭᠴᠢ᠂ ᠠᠬᠠᠮᠠᠳ ᠪᠠᠭᠰᠢ ᠵᠡᠷᠭᠡ ᠬᠥᠮᠥᠰ ᠢ ᠬᠥᠲᠥᠯᠥᠨ ᠵᠢᠯᠤᠭᠤᠳᠴᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ ᠣᠷᠣᠯᠴᠠᠭᠤᠯᠵᠤ᠂ 512 ᠬᠥᠮᠥᠨ ᠢ ᠪᠠᠭᠲᠠᠭᠠᠭᠰᠠᠨ 37 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠠᠢ᠃ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ᠂ ᠬᠤᠪᠢ ᠬᠥᠮᠥᠨ ᠥᠪᠡᠷ ᠢ ᠪᠠᠨ ᠲᠠᠨᠢᠯᠴᠠᠭᠤᠯᠬᠤ ᠰᠠᠭᠤᠷᠢᠨ ᠳᠡᠭᠡᠷ᠎ᠡ᠂ ᠵᠣᠬᠢᠶᠠᠨ ᠪᠠᠶᠢᠭᠤᠯᠵᠤ ᠳᠠᠶᠢᠴᠢᠯᠠᠬᠤ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ᠂ ᠰᠠᠶᠢᠰᠢᠶᠠᠨ ᠬᠥᠬᠢᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠨᠢᠭᠡ ᠪᠦᠯᠦᠭ ᠤᠯᠤᠰ ᠲᠥᠷᠥ ᠶᠢᠨ ᠵᠣᠭᠰᠣᠯᠲᠠ ᠪᠠᠲᠤ᠂ ᠪᠡᠶ᠎ᠡ ᠮᠠᠬᠠᠪᠤᠳ ᠤᠨ ᠪᠠᠶᠢᠳᠠᠯ ᠰᠠᠶᠢᠨ᠂ ᠬᠤᠪᠢ ᠨᠡᠮᠡᠷᠢ ᠦᠵᠡᠭᠦᠯᠭᠦ ᠬᠦᠰᠡᠯ ᠢᠶᠠᠷ ᠴᠢᠩᠭ᠎ᠠ᠂ ᠲᠤᠰᠬᠠᠢ ᠮᠡᠷᠭᠡᠵᠢᠯ ᠳᠤ ᠴᠠᠭᠠᠷᠠᠭᠰᠠᠨ᠂ ᠴᠢᠳᠠᠪᠤᠷᠢ ᠶᠢᠨ ᠬᠢᠷᠢ ᠲᠦᠪᠰᠢᠨ ᠢᠶᠠᠷ ᠲᠣᠪᠣᠶᠢᠮ᠎ᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ︽ᠪᠤᠭᠤᠷᠤᠯ ᠴᠢᠳᠠᠪᠤᠷᠢᠲᠠᠨ︾᠎ ᠤ ᠮᠡᠳᠡᠭᠡ ᠵᠠᠩᠭᠢ ᠶᠢᠨ ᠬᠥᠮᠥᠷᠭᠡ ᠳᠤ ᠣᠷᠣᠭᠤᠯᠬᠤ ᠶᠢᠨ ᠬᠠᠮᠲᠤ ᠠᠬᠠᠮᠠᠳ ᠨᠥᠬᠦᠳ ᠤᠨ ᠣᠨᠴᠠ ᠴᠢᠳᠠᠪᠤᠷᠢ ᠲᠠᠢ ᠤᠶᠠᠯᠳᠤᠭᠤᠯᠤᠨ ᠲᠥᠷᠥᠯ ᠬᠤᠪᠢᠶᠠᠵᠤ ᠂ ᠣᠳᠣᠬᠠᠨ ᠳᠤ ᠨᠠᠮ ᠤᠨ ᠪᠠᠶᠢᠭᠤᠯᠤᠯᠲᠠ᠂ ᠰᠤᠷᠭᠠᠨ ᠬᠥᠮᠦᠵᠢᠯ ᠰᠣᠶᠣᠯ ᠪᠣᠯᠪᠠᠰᠤᠷᠠᠯ᠂ ᠲᠠᠷᠢᠶᠠᠯᠠᠩ ᠮᠠᠯ ᠠᠵᠤ ᠠᠬᠤᠢ᠂ ᠡᠮ ᠡᠮᠨᠡᠯᠭᠡ ᠵᠡᠷᠭᠡ ᠬᠦᠷᠢᠶᠡᠨ ᠳᠤ ︽ᠪᠤᠭᠤᠷᠤᠯ ᠴᠢᠳᠠᠪᠤᠷᠢᠲᠠᠨ︾᠎ ᠢ 167 ᠬᠥᠮᠥᠨ ᠡᠯᠰᠡᠵᠦ᠂ ᠠᠬᠠᠮᠠᠳ ᠨᠥᠬᠦᠳ ᠤᠨ ᠬᠦᠴᠦᠨ ᠢ ᠪᠦᠭᠦ ᠲᠠᠯ᠎ᠠ ᠪᠠᠷ ᠨᠢᠭᠲᠠᠷᠠᠭᠤᠯᠵᠤ᠂ ᠠᠬᠠᠮᠠᠳ ᠺᠠᠳ᠋ᠷᠴᠤᠳ ᠤᠨ ︽ᠢᠳᠡᠪᠬᠢ ᠬᠦᠴᠦᠨ︾᠎ ᠢ ᠪᠠᠳᠠᠷᠠᠭᠤᠯᠬᠤ ᠳᠤ ᠲᠠᠪᠴᠠᠩ ᠬᠠᠩᠭᠠᠪᠠ᠃ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠲᠠᠷᠬᠠᠯᠠᠬᠳᠠᠬᠰᠠᠨ ᠨᠠᠮ ᠤᠨ ᠭᠡᠰᠢᠭᠦᠨ ᠺᠠᠳ᠋ᠷᠴᠤᠳ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠬᠠᠮᠠᠳ ᠨᠠᠮ ᠤᠨ ᠭᠡᠰᠢᠭᠦᠨ᠂ ᠶᠠᠫᠤᠨ ᠢ ᠡᠰᠡᠷᠭᠦᠴᠡᠬᠦ ᠲᠠᠶᠢᠨ ᠪᠠ ᠴᠢᠯᠦᠭᠡᠯᠡᠬᠦ ᠲᠠᠶᠢᠨ ᠤ ᠦᠶ᠎ᠡ ᠳᠤ ᠬᠤᠪᠢ ᠨᠡᠮᠡᠷᠢ ᠦᠵᠡᠭᠦᠯᠦᠭᠰᠡᠳ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠲᠠᠶᠢᠨ ᠳᠤ ᠤᠷᠤᠯᠴᠠᠬᠰᠠᠨ ᠠᠬᠠᠮᠠᠳ ᠴᠡᠷᠢᠭ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠭᠦᠨᠵᠡᠭᠡᠶᠢᠷᠡᠭᠦᠯᠦᠨ ᠬᠤᠪᠢᠰᠬᠠᠯ ᠤᠨ ᠦᠯᠢᠭᠡᠷ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠢᠯᠡ ᠶᠠᠪᠤᠳᠠᠯ ᠢ ᠶᠠᠷᠢᠭᠤᠯᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠲᠠᠶᠢᠯᠪᠤᠷᠢᠯᠠᠵᠤ᠂ ᠨᠠᠮ ᠤᠨ ᠦᠯᠢᠭᠡᠷ᠂ ᠴᠠᠭ ᠦᠶ᠎ᠡ ᠶᠢᠨ ᠦᠯᠢᠭᠡᠷ ᠢ ᠤᠯᠠᠮᠵᠢᠯᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ︽ᠪᠤᠭᠤᠷᠤᠯᠴᠤᠳ ᠤᠨ ᠨᠠᠮ ᠤᠨ ᠪᠠᠶᠢᠭᠤᠯᠤᠯᠲᠠ + ᠣᠨᠣᠯ ᠤᠨ ᠤᠬᠠᠭᠤᠯᠭ᠎ᠠ + ᠰᠠᠶᠢᠨ ᠳᠤᠷ᠎ᠠ ᠶᠢᠨ ᠦᠢᠯᠡᠴᠢᠯᠡᠭᠡ︾ ᠵᠡᠷᠭᠡ ︽ᠪᠤᠭᠤᠷᠤᠯᠴᠤᠳ ᠤᠨ ᠨᠠᠮ ᠤᠨ ᠪᠠᠶᠢᠭᠤᠯᠤᠯᠲᠠ +︾᠎ ᠶᠢᠨ ᠵᠠᠭᠪᠤᠷ ᠢ ᠭᠦᠨᠵᠡᠭᠡᠢ ᠬᠡᠷᠡᠭᠵᠢᠭᠦᠯᠵᠦ᠂ ᠤᠯᠤᠰ ᠲᠦᠷᠦ ᠶᠢᠨ ᠵᠣᠭᠰᠣᠯᠲᠠ ᠪᠠᠲᠤ᠂ ᠤᠨᠤᠯ ᠤᠨ ᠰᠠᠭᠤᠷᠢ ᠵᠤᠵᠠᠭᠠᠨ᠂ ᠠᠵᠢᠯ ᠮᠡᠷᠭᠡᠵᠢᠯ ᠤᠨ ᠶᠣᠰᠣ ᠮᠣᠷᠠᠯ ᠰᠠᠶᠢᠨ᠂ ᠤᠬᠠᠭᠤᠯᠤᠨ ᠲᠠᠶᠢᠯᠪᠤᠷᠢᠯᠠᠬᠤ ᠲᠤᠷᠰᠢᠯᠭ᠎ᠠ ᠪᠠᠷ ᠪᠠᠶᠠᠯᠢᠭ ᠨᠢᠭᠡ ᠪᠦᠯᠦᠭ ᠠᠬᠠᠮᠠᠳ ᠨᠥᠬᠦᠳ ᠢ ᠰᠣᠩᠭᠤᠨ ︽ᠪᠤᠭᠤᠷᠤᠯᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ︾᠎ ᠢ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ 2 ᠬᠤᠭᠤᠴᠠᠭ᠎ᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 100 ᠭᠠᠷᠤᠢ ᠬᠥᠮᠥᠨ ᠣᠷᠣᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠴᠢᠨᠠᠭᠰᠢᠳᠠ ᠠᠬᠢᠭᠤᠯᠪᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠪᠦᠭᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠳᠤᠮᠳᠠ᠂ ᠠᠬᠠᠮᠠᠳ ᠨᠠᠮ ᠤᠨ ᠭᠡᠰᠢᠭᠦᠨ ᠺᠠᠳ᠋ᠷᠴᠤᠳ ᠠᠯᠪᠠᠨ ᠵᠢᠷᠤᠮ ᠤᠨ ᠲᠣᠭᠤᠷᠢᠨ ᠴᠠᠭᠳᠠᠭᠴᠢ᠂ ᠪᠣᠯᠪᠠᠰᠤᠨ ᠡᠶᠡᠳᠡᠭᠦᠯᠦᠭᠴᠢ᠂ ᠮᠡᠳᠡᠭᠡ ᠵᠠᠩᠭᠢ ᠶᠢᠨ ᠬᠤᠯᠪᠣᠭᠠᠴᠢᠨ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠪᠰᠤᠷᠤᠨ ᠵᠢᠯᠣᠭᠤᠳᠤᠭᠴᠢ ᠵᠡᠷᠭᠡ ᠠᠵᠢᠯ ᠳᠤ ᠤᠷᠤᠯᠴᠠᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠨᠡᠶᠢᠲᠡ 1509 ᠬᠥᠮᠥᠨ᠂ 259 ᠤᠳᠠᠭ᠎ᠠ ᠣᠷᠣᠯᠴᠠᠵᠤ᠂ ᠠᠬᠠᠮᠠᠳ ᠨᠠᠮ ᠤᠨ ᠭᠡᠰᠢᠭᠦᠨ ᠺᠠᠳ᠋ᠷᠴᠤᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号