ᠥᠪᠥᠷ ᠮᠣᠩᠭᠤᠯ ᠤᠨ ᠨᠣᠮ ᠤᠨ ᠰᠠᠩ ᠰᠣᠳᠣᠨ ᠦᠢᠯᠡᠴᠢᠯᠡᠭᠡ ᠪᠠᠷ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/10/31
ᠥᠪᠥᠷ ᠮᠣᠩᠭᠤᠯ ᠤᠨ ᠨᠣᠮ ᠤᠨ ᠰᠠᠩ ᠰᠣᠳᠣᠨ ᠦᠢᠯᠡᠴᠢᠯᠡᠭᠡ ᠪᠠᠷ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡᠥᠪᠥᠷ ᠮᠣᠩᠭᠤᠯ ᠤᠨ ᠨᠣᠮ ᠤᠨ ᠰᠠᠩ ᠮᠠᠨ ᠤ ᠣᠷᠣᠨ ᠤ ᠴᠢᠬᠤᠯᠠ ᠤᠯᠠᠨ ᠨᠠᠶᠢᠳᠡ ᠶᠢᠨ ᠰᠣᠶᠣᠯ ᠤᠨ ᠦᠢᠯᠡᠴᠢᠯᠡᠭᠡ ᠶᠢᠨ ᠲᠥᠪ ᠪᠣᠯᠤᠭᠰᠠᠨ ᠤ ᠬᠤᠪᠢ ᠳᠤ ᠦᠢᠯᠡᠴᠢᠯᠡᠭᠡ ᠪᠠᠨ ᠰᠠᠶᠢᠵᠢᠷᠠᠭᠤᠯᠤᠨ ᠤᠩᠰᠢᠭᠴᠢᠳ ᠲᠤ ᠨᠡᠩ ᠲᠦᠭᠦᠮ ᠦᠵᠡᠭᠦᠯᠭᠦ ᠶᠢ ᠠᠵᠢᠯ ᠤᠨ ᠭᠤᠣᠯᠳᠠᠯᠭ᠎ᠠ ᠪᠠᠨ ᠪᠣᠯᠭᠠᠨ ᠴᠢᠩᠭ᠎ᠠ ᠠᠳᠬᠤᠭᠰᠠᠭᠠᠷ ᠢᠷᠡᠵᠤ᠂ ᠡᠨᠡ ᠵᠢᠯ ᠤᠨ ᠡᠬᠢᠨ ᠠᠴᠠ ᠨᠠᠭᠠᠰᠢ ᠣᠳᠣᠬᠠᠨ ᠪᠤᠯᠳᠠᠯ᠎ᠠ ᠨᠡᠶᠢᠳᠡ 791908 ᠬᠥᠮᠥᠨ ᠤᠳᠠᠭ᠎ᠠ ᠶᠢᠨ ᠤᠩᠰᠢᠬᠴᠢ ᠶᠢ ᠭᠥᠯᠢᠶᠡᠨ ᠠᠪᠴᠤ᠂ 470022 ᠳᠡᠪᠲᠡᠷ ᠨᠣᠮ ᠵᠢᠭᠡᠯᠡᠭᠦᠯᠦᠭᠰᠡᠨ ᠪᠠᠶᠢᠨ᠎ᠠ᠃ ᠡᠨᠡ ᠵᠢᠯ ᠥᠪᠥᠷ ᠮᠣᠩᠭᠤᠯ ᠤᠨ ᠨᠣᠮ ᠤᠨ ᠰᠠᠩ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠠᠵᠢᠯ ᠢ ᠤᠷᠲᠤᠳᠬᠠᠬᠤ ᠦᠢᠯᠡᠴᠢᠯᠡᠭᠡ ᠪᠠ ᠰᠢᠨ᠎ᠡ ᠭᠡᠯᠪᠡᠷᠢ ᠶᠢᠨ ᠰᠣᠶᠣᠯ ᠤᠨ ᠪᠦᠲᠦᠭᠡᠯᠴᠢ ᠣᠷᠣᠨ ᠵᠠᠢ ᠶᠢ ᠪᠠᠶᠢᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠡᠢ᠃ ᠵᠢᠯ ᠤᠨ ᠡᠬᠢᠨ ᠳᠤ 2 ᠰᠥᠨᠢ ᠶᠢᠨ ᠳᠠᠪᠲᠠᠯᠭ᠎ᠠ ᠶᠢᠨ ᠲᠠᠰᠤᠭ ᠢ ᠰᠢᠨ᠎ᠡ ᠎ ᠪᠠᠷ ᠨᠡᠮᠡᠵᠦ᠂ ᠣᠷᠣᠢ ᠪᠣᠯᠭᠠᠨ 21᠄ 30 ᠪᠤᠯᠲᠠᠯ᠎ᠠ ᠨᠡᠭᠡᠭᠡᠵᠦ ᠪᠠᠶᠢᠨ᠎ᠠ᠃ ᠪᠠᠰᠠ ᠰᠣᠶᠣᠯ ᠤᠨ ᠡᠭᠦᠳᠦᠯᠲᠡ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠭᠠᠷᠭᠠᠨ᠂ ᠰᠢᠨᠬᠤᠸᠠ ᠨᠣᠮ ᠤᠨ ᠳᠡᠯᠭᠡᠭᠦᠷ ᠲᠠᠢ ᠬᠠᠮᠲᠤᠷᠠᠨ ᠰᠢᠨ᠎ᠡ ᠭᠡᠯᠪᠡᠷᠢ ᠎ ᠶᠢᠨ ᠰᠣᠶᠣᠯ ᠤᠨ ᠤᠩᠰᠢᠯᠭ᠎ᠠ ᠶᠢᠨ ᠭᠠᠵᠠᠷ ᠭᠠᠷᠭᠠᠵᠤ᠂ ︽ᠤᠮᠠᠷᠠᠲᠤ ᠬᠢᠯᠢ ᠶᠢᠨ ᠤᠩᠰᠢᠯᠭ᠎ᠠ︾᠎ ᠶᠢᠨ ᠰᠠᠭᠤᠷᠢᠨ ᠪᠠ ᠣᠶᠤᠨᠲᠤ ᠰᠣᠨᠣᠰᠳᠠᠭ ᠨᠣᠮ ᠤᠨ ᠰᠠᠭᠤᠳᠠᠯ ᠪᠠᠶᠢᠭᠤᠯᠬᠤ ᠶᠢᠨ ᠬᠠᠮᠲᠤ ᠡᠷᠲᠡᠨ ᠤ ᠨᠣᠮ ᠳᠡᠪᠲᠡᠷ ᠰᠤᠷᠪᠤᠯᠵᠢ ᠪᠢᠴᠢᠭ ᠤᠨ ᠦᠵᠡᠭᠦᠯᠭᠡ ᠶᠢᠨ ᠲᠠᠰᠤᠭ ᠪᠠ ᠤᠩᠰᠢᠯᠭ᠎ᠠ ᠶᠢᠨ ᠲᠠᠰᠤᠭ ᠭᠠᠷᠭᠠᠪᠠ᠃ ᠲᠤᠰ ᠨᠣᠮ ᠤᠨ ᠰᠠᠩ ᠡᠨᠡ ᠵᠢᠯ ᠬᠢᠲᠠᠳ ᠬᠡᠯᠡᠨ ᠤ ᠨᠣᠮ ᠢ 41926 ᠵᠦᠢᠯ᠂ 100805 ᠳᠡᠪᠲᠡᠷ᠂ ᠮᠣᠩᠭᠤᠯ ᠬᠡᠯᠡᠨ ᠤ ᠨᠣᠮ ᠢ 2844 ᠳᠡᠪᠲᠡᠷ᠂ ᠭᠠᠳᠠᠭᠠᠳᠤ ᠬᠡᠯᠡᠨ ᠤ ᠨᠣᠮ ᠢ 496 ᠳᠡᠪᠲᠡᠷ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠭᠰᠠᠨ 2022 ᠣᠨ ᠤ ᠪᠦᠭᠦ ᠤᠯᠤᠰ ᠤᠨ ᠣᠶᠤᠨᠲᠤ ᠨᠣᠮ ᠤᠨ ᠰᠠᠩ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠪᠡᠶᠡᠯᠡᠭᠦᠯᠵᠦ᠂ ᠥᠪᠥᠷ ᠮᠣᠩᠭᠤᠯ ᠤᠨ ᠣᠯᠠᠨ ᠨᠡᠶᠢᠲᠡ ᠶᠢᠨ ᠨᠣᠮ ᠤᠨ ᠰᠠᠩ ᠤᠨ ᠯᠠᠪᠯᠠᠯᠲᠠ ᠶᠢᠨ ᠲᠠᠪᠴᠠᠩ ᠢ ᠨᠢᠭᠡᠳᠦᠯᠲᠡᠢ ᠰᠤᠳᠤᠯᠤᠨ ᠨᠡᠭᠡᠭᠡᠵᠦ᠂ ᠪᠦᠭᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ᠲᠣᠭᠤᠷᠢᠭ ᠤᠨ ᠨᠣᠮ ᠤᠨ ᠰᠠᠩ ᠳᠤ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠨ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠯᠠᠪᠯᠠᠯᠲᠠ ᠎ ᠶᠢᠨ ᠲᠤᠬᠠᠶᠢᠯᠠᠭᠰᠠᠨ ᠠᠵᠢᠯ ᠤᠨ ᠲᠦᠪᠰᠢᠨ ᠢ ᠤᠯᠠᠮ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠭᠠᠷᠠᠭ ᠤᠨ ᠰᠡᠭᠦᠯᠴᠢ᠂ ᠡᠪᠦᠯ ᠵᠤᠨ ᠤ ᠠᠮᠠᠷᠠᠯᠲᠠ ᠪᠠ ᠪᠠᠶᠠᠷ ᠳᠤᠷᠠᠰᠬᠠᠯ ᠤᠨ ᠡᠳᠦᠷ ᠢ ᠠᠰᠢᠭᠯᠠᠨ ᠣᠯᠠᠨ ᠶᠠᠩᠵᠤ ᠭᠡᠯᠪᠡᠷᠢ ᠎ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 1032 ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠨᠡᠶᠢᠲᠡ 3604 ᠬᠥᠮᠥᠨ ᠤᠳᠠᠭ᠎ᠠ ᠳᠤ ᠰᠢᠭᠤᠳ ᠦᠢᠯᠡᠴᠢᠯᠡᠭᠡ ᠬᠠᠩᠭᠠᠵᠤ᠂ ᠦᠢᠯᠡᠴᠢᠯᠡᠭᠰᠡᠨ ᠬᠤᠭᠤᠴᠠᠭ᠎ᠠ ᠨᠢ 8092 ᠴᠠᠭ ᠢ ᠳᠠᠪᠠᠵᠠᠢ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号