ᠪᠡᠯᠴᠢᠭᠡᠷ ᠤᠨ ᠡᠪᠡᠰᠦ ᠬᠢᠭᠡᠳ ᠲᠠᠷᠢᠶᠠᠨ ᠤ ᠪᠤᠭᠤᠳᠠᠢ ᠶᠢ ᠡᠷᠯᠢᠰᠡᠵᠢᠭᠦᠯᠦᠭᠰᠡᠨ ᠭᠠᠶᠢᠬᠠᠮᠰᠢᠭ
ᠨᠡᠶᠢᠲᠡᠯᠡᠭᠰᠡᠨ ᠴᠠᠭ᠄
2023/10/31
ᠪᠡᠯᠴᠢᠭᠡᠷ ᠤᠨ ᠡᠪᠡᠰᠦ ᠬᠢᠭᠡᠳ ᠲᠠᠷᠢᠶᠠᠨ ᠤ ᠪᠤᠭᠤᠳᠠᠢ ᠶᠢ ᠡᠷᠯᠢᠰᠡᠵᠢᠭᠦᠯᠦᠭᠰᠡᠨ ᠭᠠᠶᠢᠬᠠᠮᠰᠢᠭ - ᠮᠠᠯᠴᠢᠨ ᠸᠧᠢ ᠴᠧᠩ ᠯᠦᠩ ᠪᠤᠭᠤᠳᠠᠢ ᠶᠢᠨ ᠰᠢᠨ᠎ᠡ ᠡᠭᠦᠯᠳᠡᠷ ᠢ ᠪᠣᠶᠢᠵᠢᠭᠤᠯᠵᠤ ᠭᠠᠷᠭᠠᠪᠠ 10 ᠰᠠᠷ᠎ᠠ ᠶᠢᠨ ᠡᠬᠢ ᠪᠠᠷ ᠰᠢᠯᠢᠩᠬᠤᠲᠠ ᠶᠢᠨ ᠪᠠᠶᠠᠨᠰᠢᠯᠢ ᠮᠠᠯᠵᠢᠯ ᠤᠨ ᠳᠠᠯᠠᠪᠠᠢ ᠳᠤ ᠲᠤᠷᠰᠢᠨ ᠳᠠᠷᠢᠭᠰᠠᠨ 20 ᠮᠦᠰᠢᠨ᠎ᠡ ᠡᠭᠦᠯᠳᠡᠷ ᠤᠨ ᠪᠤᠭᠤᠳᠠᠢ ᠨᠢᠭᠡᠨᠲᠡ ᠪᠣᠯᠪᠠᠰᠤᠷᠠᠭᠠᠳ ᠲᠣᠯᠣᠭᠠᠢ ᠲᠦᠷᠦᠭᠦᠦ ᠪᠠᠨ ᠳᠠᠭᠠᠭᠠᠵᠤ ᠶᠠᠳᠠᠨ ᠰᠠᠯᠬᠢᠨ ᠤ ᠠᠶ᠎ᠠ ᠪᠠᠷᠨᠠᠶᠢᠭᠤᠨ ᠬᠠᠯᠢᠭᠤᠷᠠᠵᠤ ᠬᠠᠳᠤᠵᠤ ᠬᠤᠷᠢᠶᠠᠬᠤ ᠶᠢ ᠬᠦᠯᠢᠶᠡᠨ᠎ᠡ᠃ ᠡᠨᠡ ᠪᠣᠯ ᠰᠢᠯᠢ ᠶᠢᠨ ᠭᠤᠣᠯ ᠠᠶᠢᠮᠠᠭ ᠤᠨ ︽ᠨᠤᠲᠤᠭ ‍ᠤᠨᠮᠡᠷᠭᠡᠵᠢᠯᠳᠡᠨ︾᠂ 74 ᠲᠠᠢ ᠸᠧᠢ ᠴᠧᠩ ᠯᠦᠩ ᠨᠠᠰᠤᠲᠠᠨ ᠤ ᠪᠡᠯᠴᠢᠭᠡᠷ ᠤᠨ ᠡᠪᠡᠰᠦ ᠬᠢᠭᠡᠳ ᠲᠠᠷᠢᠶᠠᠨ ᠤ ᠪᠤᠭᠤᠳᠠᠢ ᠵᠢᠡᠷᠯᠢᠰᠡᠵᠢᠭᠦᠯᠦᠨ ᠪᠣᠶᠢᠵᠢᠭᠤᠯᠤᠭᠰᠠᠨ ᠰᠢᠨ᠎ᠡ ᠡᠭᠦᠯᠳᠡᠷ ᠤᠨ ᠪᠤᠭᠤᠳᠠᠢ ᠶᠢᠨ ᠲᠠᠷᠢᠶ᠎ᠠ ᠪᠣᠯᠣᠨ᠎ᠠ᠃ ᠸᠧᠢ ᠴᠧᠩ ᠯᠦᠩ 48ᠵᠢᠯ ᠤᠨ ᠪᠠᠷᠢᠮᠲᠠᠯᠠᠯ ᠪᠠ ᠴᠢᠷᠮᠠᠶᠢᠯᠭ᠎ᠠ ᠪᠠᠷ ᠲᠠᠮᠵᠢᠨ ᠨᠢᠭᠡᠨᠲᠡ ᠪᠤᠭᠤᠳᠠᠢ ᠶᠢᠨ 3 ᠰᠢᠨ᠎ᠡ ᠡᠭᠦᠯᠳᠡᠷ ᠢ ᠪᠣᠶᠢᠵᠢᠭᠤᠯᠤᠭᠰᠠᠨ ᠪᠥᠭᠡᠳᠪᠦᠬᠦ ᠣᠷᠣᠨ ᠳᠤ ᠶᠡᠭᠡ ᠬᠡᠪᠴᠢᠶ᠎ᠡ ᠪᠠᠷ ᠲᠤᠷᠰᠢᠨ ᠲᠠᠷᠢᠭᠠᠳ ᠰᠠᠶᠢᠨ ᠠᠮᠵᠢᠯᠲᠠ ᠣᠯᠵᠠᠢ᠃ ᠬᠠᠲᠠᠭᠤ ᠪᠡᠷᠬᠡᠰᠢᠶᠡᠯᠲᠦ ᠣᠨ ᠰᠠᠷ᠎ᠠ ᠳᠤ ᠲᠥᠷᠥᠵᠦ ᠦᠰᠦᠨ ᠥᠯᠥᠰᠬᠦᠯᠡᠩ ᠭᠠᠴᠢᠭ ᠴᠠᠭ ᠦᠶ᠎ᠡ ᠵᠢᠲᠤᠭᠤᠯᠤᠭᠰᠠᠨ ᠸᠧᠢ ᠴᠧᠩ ᠯᠦᠩ ᠠᠮᠤ ᠪᠤᠳᠠᠭ᠎ᠠ ᠠᠯᠢᠪᠠ ᠠᠴᠠ ᠴᠢᠬᠤᠯᠠ ᠬᠡᠳᠡᠭ ᠢ ᠮᠡᠳᠡᠨ᠎ᠠ᠃ 1973 ᠣᠨ ᠤ ᠨᠢᠭᠡᠨᠡᠳᠦᠷ᠂ ᠰᠢᠯᠢ ᠶᠢᠨ ᠭᠤᠣᠯ ᠤᠨ ᠲᠠᠯ᠎ᠠ ᠨᠤᠲᠤᠭ ᠲᠤ ᠮᠠᠯ ᠮᠠᠯᠵᠢᠵᠤ ᠪᠠᠶᠢᠭᠰᠠᠨ ᠸᠧᠢ ᠴᠧᠩ ᠯᠦᠩ ᠮᠠᠯ ᠬᠠᠷᠢᠭᠤᠯᠵᠤ ᠶᠠᠪᠤᠬᠤᠵᠠᠭᠤᠷ᠎ᠠ ᠪᠠᠨ ︽ᠪᠡᠯᠴᠢᠭᠡᠷ ᠤᠨ ᠡᠪᠡᠰᠦ ᠬᠢᠭᠡᠳ ᠲᠠᠷᠢᠶᠠᠨ ᠤ ᠪᠤᠭᠤᠳᠠᠢ ᠶᠢ ᠡᠷᠯᠢᠰᠡᠵᠢᠭᠦᠯᠵᠦ ᠪᠣᠯᠣᠨ᠎ᠠ ᠤᠤ ᠦᠭᠡᠢ ᠤᠤ︖︾ ᠭᠡᠰᠡᠨ ᠪᠤᠳᠤᠯ ᠲᠠᠷᠢᠬᠢᠨ ᠳᠤ ᠬᠠᠷᠪᠤᠨ ᠣᠷᠣᠵᠠᠢ᠃ ᠳᠡᠭᠡᠭᠡᠳ ᠲᠡᠷᠡ ᠪᠤᠭᠤᠳᠠᠢ ᠶᠢᠨ ᠦᠷ᠎ᠡ ᠪᠣᠶᠢᠵᠢᠭᠤᠯᠬᠤ ᠰᠤᠷᠤᠯᠴᠠᠯᠭ᠎ᠠ ᠪᠠᠦ᠋ᠯᠡᠳᠪᠦᠷᠢᠯᠡᠯ ᠤᠨ ᠦᠢᠯᠡᠳᠦᠯᠭᠡ ᠳᠤ ᠣᠷᠣᠯᠴᠠᠵᠤ᠂ ᠪᠤᠭᠤᠳᠠᠢ ᠶᠢᠨ ᠦᠷ᠎ᠡ ᠪᠣᠶᠢᠵᠢᠭᠤᠯᠬᠤ ᠲᠤᠰᠬᠠᠢ ᠮᠡᠳᠡᠯᠭᠡ ᠮᠡᠷᠭᠡᠵᠢᠯ ᠵᠡᠵᠡᠮᠰᠢᠭᠰᠡᠨ ᠤ ᠲᠠᠷᠠᠭ᠎ᠠ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠬᠠᠶᠢᠨ ᠰᠦᠪᠡᠭᠴᠢᠯᠡᠯᠲᠡ ᠬᠢᠵᠦ᠂ 1986ᠣᠨ ᠳᠤ ᠨᠢᠭᠡᠳᠦᠭᠡᠷ ᠵᠦᠢᠯ ᠤᠨ ᠪᠤᠭᠤᠳᠠᠢ ᠶᠢᠨ ᠰᠢᠨ᠎ᠡ ᠡᠭᠦᠯᠳᠡᠷ ᠢ ᠪᠣᠶᠢᠵᠢᠭᠤᠯᠵᠤ ᠭᠠᠷᠭᠠᠪᠠ᠃ ᠸᠧᠢ ᠴᠧᠩ ᠯᠦᠩᠲᠡᠭᠦᠨ ᠢᠶᠠᠨ ︽ᠡᠶ᠎ᠡ ᠵᠣᠬᠢᠴᠠᠩᠭᠤᠢ 1 ᠨᠣᠮᠧᠷᠲᠤ︾ ᠬᠡᠮᠡᠨ ᠨᠡᠷᠡᠶᠢᠳᠴᠦ᠂ 2007 ᠣᠨ ᠳᠤ ᠬᠤᠶᠠᠳᠤᠭᠠᠷ ᠵᠦᠢᠯ ‍ᠤᠨᠪᠤᠭᠤᠳᠠᠢ ᠶᠢᠨ ᠰᠢᠨ᠎ᠡ ᠡᠭᠦᠯᠳᠡᠷ ᠢ ᠪᠣᠶᠢᠵᠢᠭᠤᠯᠵᠤ ᠭᠠᠷᠭᠠᠭᠠᠳ ︽ᠡᠶ᠎ᠡ ᠵᠣᠬᠢᠴᠠᠩᠭᠤᠢ 2 ᠨᠣᠮᠧᠷᠲᠤ︾ ᠬᠡᠮᠡᠨ ᠨᠡᠷᠡᠶᠢᠳᠴᠦ᠂ ᠨᠢᠳᠤᠨᠤᠨ ᠤ ᠪᠣᠶᠢᠵᠢᠭᠤᠯᠤᠭᠰᠠᠨ ᠭᠤᠷᠪᠠᠳᠤᠭᠠᠷ ᠵᠦᠢᠯ ᠤᠨ ᠪᠤᠭᠤᠳᠠᠢ ᠶᠢᠨ ᠰᠢᠨ᠎ᠡ ᠡᠭᠦᠯᠳᠡᠷ ᠢᠶᠠᠨ ︽ᠡᠶ᠎ᠡ ᠵᠣᠬᠢᠴᠠᠩᠭᠤᠢ 3ᠨᠣᠮᠧᠷᠲᠤ︾ ᠬᠡᠮᠡᠨ ᠨᠡᠷᠡᠶᠢᠳᠴᠡᠢ᠃ ᠲᠤᠬᠠᠢ ᠶᠢᠨ ᠦᠶ᠎ᠡ ᠳᠤ ᠲᠣᠯᠢᠳᠠᠴᠢᠬᠠᠮᠠᠷ ᠲᠤᠷᠰᠢᠯᠭ᠎ᠠ ᠦᠭᠡᠢ᠂ ᠵᠢᠯᠣᠭᠤᠳᠤᠯᠭ᠎ᠠ ᠪᠣᠯᠤᠮᠠᠷ ᠪᠢᠴᠢᠭ ᠮᠠᠲ᠋ᠧᠷᠢᠶᠠᠯᠦᠭᠡᠢ ᠮᠥᠷᠲᠡᠭᠡᠨ ᠬᠤᠯᠪᠣᠭᠳᠠᠯ ᠪᠦᠬᠦᠢ ᠪᠣᠳᠠᠲᠤ ᠵᠢᠱᠢᠶ᠎ᠡ ᠪᠠᠶᠢᠬᠤ ᠦᠭᠡᠢ ᠪᠠᠶᠢᠳᠠᠯ ᠳᠣᠣᠷ᠎ᠠ ᠪᠡᠯᠴᠢᠭᠡᠷ ᠤᠨ ᠡᠪᠡᠰᠦ ᠬᠢᠭᠡᠳᠲᠠᠷᠢᠶᠠᠨ ᠤ ᠪᠤᠭᠤᠳᠠᠢ ᠶᠢ ᠡᠷᠯᠢᠰᠡᠵᠢᠭᠦᠯᠦᠨ ᠪᠣᠶᠢᠵᠢᠭᠤᠯᠬᠤ ᠭᠡᠭᠴᠢ ᠨᠢᠭᠡᠨ ᠮᠠᠯᠴᠢᠨ ᠵᠠᠯᠠᠭᠤ ᠳᠤ ᠠᠪᠴᠤ ᠬᠡᠯᠡᠪᠡᠯ ᠰᠡᠳᠬᠢᠭᠳᠡᠰᠢᠦᠬᠡᠢ ᠶᠠᠪᠤᠳᠠᠯ ᠪᠤᠯᠬᠤ ᠶᠤᠮ᠃ ᠲᠠᠯ᠎ᠠ ᠨᠤᠲᠤᠭ ᠲᠤ ᠪᠡᠯᠴᠢᠭᠡᠷ ᠤᠨ ᠡᠪᠡᠰᠦ ᠶᠢᠨ ᠲᠦᠷᠦᠯ ᠵᠦᠢᠯ ᠮᠠᠰᠢ ᠤᠯᠠᠨ᠂ ᠠᠯᠢ ᠶᠢ ᠨᠢᠪᠤᠭᠤᠳᠠᠢ ᠲᠠᠢ ᠡᠷᠯᠢᠰᠡᠵᠢᠭᠦᠯᠪᠡᠯ ᠵᠣᠬᠢᠬᠤ ᠲᠤᠬᠠᠢ ᠸᠧᠢ ᠴᠧᠩ ᠯᠦᠩ ᠥᠪᠡᠷ ᠤᠨ ᠦᠵᠡᠯᠲᠡ ᠲᠤᠷᠰᠢᠯᠭ᠎ᠠ ᠲᠠᠢ ᠪᠣᠯᠪᠠ᠃ ︽ᠡᠷᠯᠢᠰᠡᠵᠢᠭᠦᠯᠵᠦ ᠪᠣᠯᠬᠤ ᠪᠡᠯᠴᠢᠭᠡᠷ ᠤᠨ ᠡᠪᠡᠰᠦ ᠶᠢ ᠰᠣᠩᠭᠤᠬᠤ ᠳᠤ ᠡᠩ ᠲᠡᠷᠢᠭᠦᠨ ᠳᠤ ᠢᠳᠡᠵᠦ ᠪᠣᠯᠬᠤ ᠮᠥᠷᠲᠡᠭᠡᠨ ᠠᠮᠲᠠᠰᠢᠮᠡᠳᠠᠢ᠂ ᠦᠷ᠎ᠡ ᠮᠥᠬᠦᠯᠢᠭ ᠨᠢ ᠲᠣᠮᠣ᠂ ᠪᠠᠰᠠ ᠴᠡᠴᠡᠭᠯᠡᠬᠦ ᠬᠤᠭᠤᠴᠠᠭ᠎ᠠ ᠨᠢ ᠬᠠᠷᠢᠯᠴᠠᠨ ᠲᠣᠬᠢᠷᠠᠭᠰᠠᠨ ᠪᠠᠶᠢᠬᠤ ᠴᠢᠬᠤᠯᠠᠲᠠᠢ︾ ᠭᠡᠵᠦ ᠸᠧᠢ ᠴᠧᠩ ᠯᠦᠩ ᠶᠠᠷᠢᠨ᠎ᠠ᠃ ᠲᠡᠷᠡ ᠬᠥᠭᠰᠢᠨ ᠲᠠᠢ ᠪᠠᠨ ᠬᠤᠶᠠᠭᠤᠯᠠ ᠤᠳᠠᠭᠠᠨ ᠵᠢᠯ ᠤᠨ ᠲᠤᠷᠰᠢ ᠨᠢᠭᠡᠳ ᠨᠢᠭᠡ ᠪᠠᠷᠠᠮᠲᠠᠯᠠᠨ ᠲᠤᠷᠰᠢᠵᠤ᠂ ᠤᠷᠢᠳ ᠬᠤᠵᠢᠳ 60 ᠭᠠᠷᠤᠢ ᠵᠦᠢᠯ ᠤᠨ ᠪᠡᠯᠴᠢᠭᠡᠷ ᠤᠨ ᠡᠪᠡᠰᠦ ᠶᠢ ᠲᠤᠷᠰᠢᠨ ᠡᠷᠯᠢᠰᠡᠵᠢᠭᠦᠯᠵᠤᠦᠵᠡᠵᠡᠶ᠂ ᠲᠠᠷᠢᠶᠠᠨ ᠤ ᠪᠤᠭᠤᠳᠠᠢ ᠪᠠ ᠪᠡᠯᠴᠢᠭᠡᠷ ᠤᠨ ᠡᠪᠡᠰᠦ ᠶᠢᠨ ᠴᠡᠴᠡᠭᠯᠡᠬᠦ ᠬᠤᠭᠤᠴᠠᠭ᠎ᠠ ᠶᠢ ᠲᠣᠬᠢᠷᠠᠭᠤᠯᠤᠨ ᠡᠵᠡᠮᠰᠢᠬᠦ ᠬᠡᠮᠡᠨ10 ᠵᠢᠯ ᠬᠡᠷᠡᠭᠰᠡᠪᠡ᠃ ᠬᠠᠮᠤᠭ ᠤᠨ ᠰᠡᠬᠦᠯ ᠳᠤ ᠭᠠᠩ ᠳᠤ ᠳᠠᠭᠠᠭᠠᠴᠠᠲᠠᠢ᠂ ᠡᠰᠢ ᠨᠢ ᠪᠦᠳᠦᠭᠦᠨ᠂ ᠲᠦᠷᠦᠭᠦᠦ ᠨᠢ ᠤᠷᠳᠤ᠂ ᠮᠥᠬᠦᠯᠢᠭ ᠨᠢ ᠠᠷᠪᠢᠨ᠂ ᠦᠨᠳᠦᠰᠦ ᠶᠢᠨ ᠰᠢᠰᠲ᠋ᠧᠮ ᠨᠢ ᠬᠥᠭᠵᠢᠩᠭᠦᠢ᠂ ᠠᠮᠢᠵᠢᠷᠠᠯ ᠤᠨ ᠬᠦᠴᠦᠨ ᠢᠶᠠᠷ ᠴᠢᠩᠭ᠎ᠠ ᠲᠡᠵᠢᠭᠡᠯᠡᠪᠡᠰᠦ ᠶᠢ ᠡᠷᠢᠨ ᠭᠠᠷᠭᠠᠵᠤ᠂ ᠡᠨᠡ ᠬᠦ ᠲᠡᠵᠢᠭᠡᠯ ᠡᠪᠡᠰᠦ ᠪᠠᠷ ᠡᠴᠢᠭᠡ ᠦᠨᠳᠦᠰᠦ ᠪᠣᠯᠭᠠᠨ ᠰᠠᠶᠢᠨ ᠡᠭᠦᠯᠳᠡᠷ ᠤᠨ ᠪᠤᠭᠤᠳᠠᠢ ᠪᠠᠷᠡᠭᠡ ᠦᠨᠳᠦᠰᠦ ᠪᠣᠯᠭᠠᠨ ᠡᠷᠯᠢᠰᠡᠵᠢᠭᠦᠯᠦᠭᠡᠳ ᠠᠮᠵᠢᠯᠲᠠ ᠣᠯᠣᠭᠰᠠᠨ ᠪᠠᠶᠢᠨ᠎ᠠ᠃ ︽ᠡᠨᠡ ᠵᠢᠯ ᠪᠢ ᠬᠦᠷᠢᠶᠡᠨ ᠳᠣᠲᠣᠷ᠎ᠠ ᠪᠠᠨ ︿ᠡᠶ᠎ᠡ ᠵᠣᠬᠢᠴᠠᠩᠭᠤᠢ 3 ᠨᠣᠮᠧᠷᠲᠤ﹀ ᠶᠢ ᠲᠤᠷᠰᠢᠨ ᠲᠠᠷᠢᠵᠤ᠂ ᠤᠨᠠᠯᠳᠠ ᠶᠢᠨ ᠬᠡᠮᠵᠢᠶ᠎ᠡ ᠨᠢ ︿ᠡᠶ᠎ᠡ ᠵᠣᠬᠢᠴᠠᠩᠭᠤᠢ 1 ᠨᠣᠮᠧᠷᠲᠤ﹀ ᠪᠠ ︿ᠡᠶ᠎ᠡ ᠵᠣᠬᠢᠴᠠᠩᠭᠤᠢ 2 ᠨᠣᠮᠧᠷᠲᠤ﹀ ᠠᠴᠠ ᠪᠦᠷ ᠳᠠᠪᠠᠭᠰᠠᠨ︾ ᠭᠡᠵᠦ ᠸᠧᠢ ᠴᠧᠩ ᠯᠦᠩ ᠭᠤᠷᠪᠠᠨ ᠵᠦᠢᠯ ᠤᠨ ᠰᠢᠨ᠎ᠡ‌‍ᠡᠭᠦᠯᠳᠡᠷ ᠤᠨ ᠢᠶᠠᠨ ᠪᠤᠭᠤᠳᠠᠢ ᠶᠢᠨ ᠲᠦᠷᠦᠭᠦᠦ ᠶᠢ ᠪᠠᠷᠢᠭᠠᠳ ᠬᠠᠷᠢᠴᠠᠭᠤᠯᠤᠨ ᠲᠠᠨᠢᠯᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠣᠯᠣᠨ ᠰᠢᠯᠢ ᠶᠢᠨ ᠭᠤᠣᠯ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ‍ᠤᠨᠳᠡᠮᠵᠢᠯᠭᠡ ᠪᠠᠷ ᠸᠧᠢ ᠴᠧᠩ ᠯᠦᠩ ᠤᠨ ᠪᠣᠶᠢᠵᠢᠭᠤᠯᠤᠭᠰᠠᠨ ᠰᠢᠨ᠎ᠡ ᠡᠭᠦᠯᠳᠡᠷ ᠤᠨ ᠪᠤᠭᠤᠳᠠᠢ ᠶᠢ ᠬᠥᠬᠡᠬᠤᠲᠠ ᠶᠢᠨ ᠦᠴᠤᠸᠠᠨᠰᠢᠶᠠᠨ᠂ ᠪᠠᠶᠠᠨᠨᠠᠭᠤᠷ ᠬᠤᠳᠠ ᠶᠢᠨ ᠳ᠋ᠧᠩᠺᠸᠦ ᠰᠢᠶᠠᠨ᠂ ᠤᠯᠠᠭᠠᠨᠬᠠᠳᠠ ᠬᠤᠳᠠ᠂ ᠲᠦᠩᠯᠢᠶᠣᠣ ᠬᠤᠳᠠ ᠵᠡᠷᠭᠡ ᠭᠠᠵᠠᠷ ᠤᠨ 9 ᠬᠡᠰᠡᠭ ᠲᠤᠷᠰᠢᠯᠲᠠ ᠶᠢᠨ ᠲᠠᠷᠢᠶᠠᠨ ᠭᠠᠵᠠᠷ ᠲᠤ ᠲᠠᠷᠢᠵᠤ᠂ ᠡᠨᠡ ᠬᠦ ᠰᠢᠨ᠎ᠡ ᠡᠭᠦᠯᠳᠡᠷ ᠤᠨ ᠪᠤᠭᠤᠳᠠᠢ ᠨᠢ ᠡᠯ᠎ᠡ ᠭᠠᠵᠠᠷ ᠤᠨ ᠠᠭᠤᠷᠠᠮᠢᠰᠬᠤᠯ ᠪᠠ ᠬᠥᠷᠥᠰᠥ ᠰᠢᠷᠣᠢ ᠳᠤ ᠴᠥᠮ ᠲᠣᠬᠢᠷᠠᠵᠤ᠂ ᠤᠨᠠᠯᠲᠠ ᠨᠢ ᠲᠣᠭᠲᠠᠪᠤᠷᠢᠲᠠᠢ ᠪᠠᠶᠢᠬᠤ ᠶᠢ ᠭᠡᠷᠡᠴᠢᠯᠡᠪᠡ᠃ ︽ᠲᠤᠷᠰᠢᠨᠳᠠᠷᠢᠬᠰᠠᠨ ᠪᠠᠶᠢᠳᠠᠯ ᠢ ᠦᠨᠳᠦᠰᠦᠯᠡᠪᠡᠯ᠂ ᠡᠷᠯᠢᠰᠡᠵᠢᠭᠦᠯᠦᠭᠰᠡᠨ ᠰᠢᠨ᠎ᠡ ᠡᠭᠦᠯᠳᠡᠷ ᠤᠨ ᠪᠤᠭᠤᠳᠠᠢ ᠶᠢ ᠲᠠᠷᠢᠶᠠᠴᠢᠳ ᠤᠨ ᠶᠡᠷᠦ ᠵᠢᠨᠲᠠᠷᠢᠵᠤ ᠪᠠᠶᠢᠭ᠎ᠠ ᠰᠢᠯᠢᠳᠡᠭ ᠡᠭᠦᠯᠳᠡᠷ ᠤᠨ ᠪᠤᠭᠤᠳᠠᠢ ᠲᠠᠢ ᠬᠠᠷᠢᠴᠠᠭᠤᠯᠪᠠᠯ᠂ ᠮᠦ ᠪᠦᠷᠢ ᠳᠤ ᠰᠠᠴᠤᠬᠤ ᠦᠷ᠎ᠡ ᠶᠢᠨ ᠬᠡᠮᠵᠢᠶ᠎ᠡ50% ᠪᠠᠷ ᠪᠠᠭᠤᠷᠠᠵᠤ᠂ ᠰᠠᠭᠤᠷᠢ ᠪᠦᠷᠢ ᠶᠢᠨ ᠪᠤᠭᠤᠳᠠᠢ ᠶᠢᠨ ᠲᠦᠷᠦᠭᠦᠤ ᠶᠢᠨ ᠤᠨᠠᠯᠲᠠ 40% ᠪᠠᠷ ᠳᠡᠭᠡᠭᠰᠢᠯᠡᠨ᠂ ᠤᠰᠤᠯᠠᠯᠲᠠ ᠶᠢᠨ ᠲᠠᠷᠢᠶᠠᠨ ᠤ ᠮᠦ ᠪᠦᠷᠢ ᠶᠢᠨ ᠤᠨᠠᠯᠲᠠ 30% ᠪᠠᠷ ᠳᠡᠭᠡᠭᠰᠢᠯᠡᠵᠡᠢ︾ ᠭᠡᠵᠦ ᠸᠧᠢ ᠴᠧᠩ ᠯᠦᠩ ᠤᠷᠮᠠᠳᠠᠶᠢᠶᠠᠷᠢᠨ᠎ᠠ᠃ ︽ᠤᠳᠤ ᠥᠪᠡᠷᠲᠡᠭᠡᠨ ᠵᠠᠰᠠᠬᠤ ᠣᠷᠣᠨ ᠪᠣᠯᠣᠨ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠮᠢᠨᠤᠰᠢᠨ᠎ᠡ ᠡᠭᠦᠯᠳᠡᠷ ᠤᠨ ᠪᠤᠭᠤᠳᠠᠢ ᠳᠤ ᠭᠡᠷᠡᠴᠢᠯᠡᠯᠲᠡ ᠬᠢᠬᠦ ᠶᠢ ᠬᠦᠯᠢᠶᠡᠵᠦ ᠪᠠᠶᠢᠨ᠎ᠠ᠂ ᠮᠢᠨᠤ ᠬᠠᠮᠤᠭ ᠤᠨ ᠶᠡᠭᠡ ᠬᠦᠰᠡᠯ ᠪᠣᠯ ᠰᠢᠨ᠎ᠡ‌‍ᠡᠭᠦᠯᠳᠡᠷ ᠤᠨ ᠪᠤᠭᠤᠳᠠᠢ ᠪᠠᠨ ᠮᠠᠨ ᠤ ᠣᠷᠣᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠰᠢᠯᠢᠳᠡᠭᠡᠭᠦᠯᠳᠡᠷ ᠪᠤᠯᠭᠠᠵᠤ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠬᠡᠪᠴᠢᠶᠡᠨ ᠳᠤ ᠳᠠᠷᠢᠵᠤ ᠳᠡᠯᠭᠡᠷᠡᠭᠦᠯᠬᠦ ᠶᠢ ᠬᠦᠰᠡᠵᠤᠪᠤᠢ︾ ᠭᠡᠵᠦ ᠸᠧᠢ ᠴᠧᠩ ᠯᠦᠩ ᠨᠠᠰᠤᠲᠠᠨ ᠬᠦᠰᠡᠯ ᠪᠤᠳᠤᠯ ᠢᠶᠠᠨ ᠳᠡᠯᠭᠡᠨ᠎ᠡ᠃ ᠲᠡᠷᠡ ᠡᠷᠯᠢᠰᠡᠵᠢᠭᠦᠯᠦᠭᠰᠡᠨ ᠰᠢᠨ᠎ᠡ ᠡᠭᠦᠯᠳᠡᠷ ‍ᠤᠨᠪᠣᠭᠤᠳᠠᠶ ᠶᠢᠨ ᠦᠷ᠎ᠡ ᠪᠠᠨ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨᠮᠠᠯᠵᠢᠬᠤ ᠣᠷᠣᠨ ᠤ ᠲᠢᠩᠬᠢᠮ ᠳᠤ ᠬᠦᠷᠭᠡᠵᠦ ᠦᠷ᠎ᠡ ᠶᠢᠨ ᠭᠡᠷᠡᠴᠢᠯᠡᠯᠲᠡ ᠬᠢᠯᠭᠡᠬᠦ ᠪᠠᠷ ᠡᠷᠭᠦᠮᠵᠢᠯᠡᠭᠡᠳ ᠪᠤᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号