ᠮᠠᠨ ᠤ ᠣᠷᠣᠨ 2796 ᠨᠢᠭᠡᠴᠢ ᠶᠢᠨ ᠵᠦᠢ ᠵᠣᠬᠢᠰ ᠦᠭᠡᠢ ᠰᠦᠢᠳᠬᠡᠯ ᠬᠤᠷᠢᠶᠠᠭᠰᠠᠨ ᠪᠠᠶᠢᠳᠠᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/10/31
ᠮᠠᠨ ᠤ ᠣᠷᠣᠨ 2796 ᠨᠢᠭᠡᠴᠢ ᠶᠢᠨ ᠵᠦᠢ ᠵᠣᠬᠢᠰ ᠦᠭᠡᠢ ᠰᠦᠢᠳᠬᠡᠯ ᠬᠤᠷᠢᠶᠠᠭᠰᠠᠨ ᠪᠠᠶᠢᠳᠠᠯ ᠳᠤ ᠪᠠᠶᠢᠴᠠᠭᠠᠯᠲᠠ ᠬᠢᠪᠡ ︽ᠪᠦᠭᠦ ᠣᠷᠣᠨ ᠳᠤ ᠨᠡᠶᠢᠲᠡ 2796 ᠨᠢᠭᠡᠴᠢ ᠶᠢ ᠪᠠᠶᠢᠴᠠᠭᠠᠵᠤ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ  ᠤᠨ ᠨᠢᠭᠡᠴᠢ ᠪᠠ ᠠᠵᠤ ᠠᠬᠤᠶᠢᠯᠠᠯ ᠤᠨ ᠵᠦᠢ ᠵᠣᠬᠢᠰ ᠦᠭᠡᠢ ᠰᠦᠢᠳᠬᠡᠯ ᠬᠤᠷᠢᠶᠠᠬᠤ᠂ ᠰᠦᠢᠳᠬᠡᠯ ᠬᠤᠷᠢᠶᠠᠵᠤ ᠦᠢᠯᠡᠴᠢᠯᠡᠭᠡ ᠬᠦᠷᠲᠡᠭᠡᠬᠦ ᠦᠭᠡᠢ ᠪᠤᠶᠤ ᠳᠤᠲᠠᠭᠤ ᠦᠢᠯᠡᠴᠢᠯᠡᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠨᠡᠶᠢᠲᠡ 20 ᠬᠡᠷᠡᠭ ᠢ ᠰᠢᠢᠳᠪᠦᠷᠢᠯᠡᠨ ᠳᠠᠭᠤᠰᠬᠠᠵᠤ᠂ 187.1272 ᠲᠦᠮᠡᠨ ᠲᠥᠭᠦᠷᠢᠭ ᠢ ᠪᠤᠴᠠᠭᠠᠨ ᠥᠭᠴᠦ᠂ ᠬᠠᠤᠯᠢ ᠠᠴᠠ ᠵᠥᠷᠢᠴᠡᠵᠦ ᠣᠯᠣᠭᠰᠠᠨ 1201.38759 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢ ᠬᠤᠷᠢᠶᠠᠮᠵᠢᠯᠠᠵᠤ᠂ 3187.1622 ᠲᠦᠮᠡᠨ ᠲᠥᠭᠦᠷᠢᠭ ᠢᠶᠠᠷ ᠲᠣᠷᠭᠠᠵᠤ᠂ 4575.677 ᠲᠦᠮᠡᠨ ᠲᠥᠭᠦᠷᠢᠭ ᠤᠨ ᠠᠵᠤ ᠠᠬᠤᠢ ᠶᠢᠨ ᠵᠠᠯᠬᠠᠭᠠᠯ ᠦᠵᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠦᠷᠦᠭᠦᠬᠡᠨ ᠬᠤᠷᠠᠯᠳᠤᠭᠤᠯᠤᠭᠰᠠᠨ 2023 ᠣᠨ ᠤ ︽ᠢᠳᠡᠵᠦ ᠡᠮᠦᠰᠬᠦ ᠶᠠᠪᠤᠵᠤ ᠰᠠᠭᠤᠬᠤ︾ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ︽ᠲᠡᠮᠦᠷ ᠨᠢᠳᠤᠷᠭ᠎ᠠ︾ ᠴᠡᠭᠴᠡᠯᠡᠨ ᠵᠠᠰᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠣᠷᠣᠨ ᠳᠤ ᠨᠡᠶᠢᠲᠡ 2199 ᠡᠮᠴᠢᠯᠡᠭᠡᠨ ᠤ ᠪᠠᠶᠢᠭᠤᠯᠤᠮᠵᠢ ᠶᠢ ᠪᠠᠶᠢᠴᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠬᠡᠪᠴᠢᠶ᠎ᠡ ᠪᠠᠨ ᠥᠷᠭᠡᠳᠬᠡᠨ ᠰᠦᠢᠳᠬᠡᠯ ᠬᠤᠷᠢᠶᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠲᠣᠭᠲᠠᠭᠠᠯ ᠶᠣᠰᠣᠭᠠᠷ ᠦᠢᠯᠡᠴᠢᠯᠡᠭᠡ ᠬᠠᠩᠭᠠᠬᠤ ᠦᠭᠡᠢ᠂ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠭᠡ ᠬᠠᠩᠭᠠᠬᠤ ᠦᠭᠡᠢ ᠵᠡᠷᠭᠡ ᠠᠰᠠᠭᠤᠳᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠨᠡᠶᠢᠲᠡ 83 ᠬᠡᠷᠡᠭ ᠢ ᠰᠢᠢᠳᠪᠦᠷᠢᠯᠡᠨ ᠳᠠᠭᠤᠰᠬᠠᠵᠤ᠂ 4.9554 ᠲᠦᠮᠡᠨ ᠲᠥᠭᠦᠷᠢᠭ ᠢ ᠪᠤᠴᠠᠭᠠᠨ ᠥᠭᠴᠦ᠂ ᠬᠠᠤᠯᠢ ᠠᠴᠠ ᠵᠥᠷᠢᠴᠡᠵᠦ ᠣᠯᠣᠭᠰᠠᠨ 494.1298 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢ ᠬᠤᠷᠢᠶᠠᠮᠵᠢᠯᠠᠵᠤ᠂ 240.8085 ᠲᠦᠮᠡᠨ ᠲᠥᠭᠦᠷᠢᠭ ᠢᠶᠠᠷ ᠲᠣᠷᠭᠠᠵᠤ᠂ 739.8937 ᠲᠦᠮᠡᠨ ᠲᠥᠭᠦᠷᠢᠭ ᠤᠨ ᠠᠵᠤ ᠠᠬᠤᠢ ᠶᠢᠨ ᠵᠠᠯᠬᠠᠭᠠᠯ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠠᠵᠢᠯ ᠳᠤ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠯᠲᠠ ᠬᠢᠪᠡ᠃ ᠪᠦᠭᠦ ᠣᠷᠣᠨ ᠳᠤ ᠨᠡᠶᠢᠲᠡ 583 ᠲᠣᠮᠣ ᠭᠡᠯᠪᠡᠷᠢ ᠶᠢᠨ ᠬᠡᠦᠬᠡᠳ ᠤᠨ ᠴᠡᠴᠡᠷᠯᠢᠭ᠂ 798 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢ ᠪᠠᠶᠢᠴᠠᠭᠠᠵᠤ᠂ 292 ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ᠂ 23 ᠶᠡᠭᠡ ᠰᠤᠷᠭᠠᠭᠤᠯᠢ ᠶᠢ ᠪᠠᠶᠢᠴᠠᠭᠠᠵᠤ᠂ ᠰᠤᠷᠭᠠᠭᠤᠯᠢ ᠠᠴᠠ ᠰᠤᠷᠤᠬᠴᠢᠳ ᠢ ᠠᠯᠪᠠᠳᠠᠵᠤ ᠪᠠᠶᠢᠭᠠᠳ ᠳᠠᠭᠠᠳᠬᠠᠯ ᠬᠤᠳᠠᠯᠳᠤᠨ ᠠᠪᠤᠭᠤᠯᠬᠤ᠂ ᠲᠣᠭᠲᠠᠭᠠᠯ ᠢ ᠵᠥᠷᠢᠴᠡᠨ ᠣᠷᠣᠯᠠᠨ ᠰᠦᠢᠳᠬᠡᠯ ᠬᠤᠷᠢᠶᠠᠬᠤ᠂ ᠰᠤᠷᠤᠬᠴᠢᠳ ᠠᠴᠠ ᠪᠡᠷᠢᠴᠠᠭᠠᠨ ᠤ ᠮᠥᠩᠭᠦ ᠬᠤᠷᠢᠶᠠᠬᠤ ᠵᠡᠷᠭᠡ ᠵᠦᠢ ᠵᠣᠬᠢᠰ ᠦᠭᠡᠢ ᠰᠦᠢᠳᠬᠡᠯ ᠬᠤᠷᠢᠶᠠᠯᠲᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠣᠲᠣ ᠪᠤᠯᠲᠠᠯ᠎ᠠ᠂ 4 ᠬᠡᠷᠡᠭ ᠢ ᠰᠢᠢᠳᠪᠦᠷᠢᠯᠡᠵᠦ᠂ 0.2245 ᠲᠦᠮᠡᠨ ᠲᠥᠭᠦᠷᠢᠭ ᠢ ᠪᠤᠴᠠᠭᠠᠵᠤ᠂ 27.4245 ᠲᠦᠮᠡᠨ ᠲᠥᠭᠦᠷᠢᠭ ᠢᠶᠠᠷ ᠲᠣᠷᠭᠠᠵᠤ᠂ 27.649 ᠲᠦᠮᠡᠨ ᠲᠥᠭᠦᠷᠢᠭ ᠤᠨ ᠠᠵᠤ ᠠᠬᠤᠢ ᠶᠢᠨ ᠵᠠᠯᠬᠠᠭᠠᠯ ᠦᠵᠡᠭᠦᠯᠪᠡ᠃ ᠡᠭᠦᠨ ᠤ ᠬᠠᠮᠲᠤ᠂ ᠬᠠᠭᠤᠷᠮᠠᠭᠯᠠᠨ ᠬᠤᠳᠬᠤᠯᠳᠤᠭᠤᠯᠤᠭᠰᠠᠨ᠂ ᠬᠤᠳᠠᠯ ᠬᠠᠭᠤᠷᠮᠠᠭ ᠢᠶᠠᠷ ᠤᠬᠠᠭᠤᠯᠤᠭᠰᠠᠨ ᠵᠡᠷᠭᠡ ᠲᠥᠪ ᠪᠤᠰᠤ ᠥᠷᠢᠰᠦᠯᠳᠦᠭᠡᠨ ᠤ ᠦᠶᠯᠡ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠴᠦ᠂ ᠰᠦᠯᠵᠢᠶᠡᠨ ᠤ ᠲᠥᠪ ᠪᠤᠰᠤ ᠥᠷᠢᠰᠦᠯᠳᠦᠭᠡᠨ ᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠴᠢᠩᠭᠠᠳᠬᠠᠵᠤ᠂ ᠲᠥᠪ ᠪᠤᠰᠤ ᠥᠷᠢᠰᠦᠯᠳᠦᠭᠡᠨ ᠤ ᠬᠡᠷᠡᠭ ᠢ ᠨᠡᠶᠢᠲᠡ 95 ᠰᠢᠢᠳᠪᠦᠷᠢᠯᠡᠨ ᠳᠠᠭᠤᠰᠬᠠᠵᠤ᠂ 623.47 ᠲᠦᠮᠡᠨ ᠲᠥᠭᠦᠷᠢᠭ ᠢᠶᠠᠷ ᠲᠣᠷᠭᠠᠪᠠ᠃ ᠡᠭᠦᠨ ᠳᠤ᠂ ᠬᠠᠭᠤᠷᠮᠠᠭᠯᠠᠨ ᠬᠤᠳᠬᠤᠯᠳᠤᠭᠤᠯᠤᠭᠰᠠᠨ ᠬᠡᠷᠡᠭ 14 ᠪᠠᠶᠢᠵᠤ᠂ 414.25 ᠲᠦᠮᠡᠨ ᠲᠥᠭᠦᠷᠢᠭ ᠢᠶᠠᠷ ᠲᠣᠷᠭᠠᠵᠤ᠂ ᠨᠡᠶᠢᠭᠡᠮ ᠨᠡᠶᠢᠲᠡ ᠳᠤ 8 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号