ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ ᠤᠨ ᠰᠢᠷᠢᠰ ᠠᠵᠢᠯᠯᠠᠭ᠎ᠠ
ᠨᠡᠶᠢᠲᠡᠯᠡᠭᠰᠡᠨ ᠴᠠᠭ᠄
2023/11/13
     11 ᠰᠠᠷ᠎ᠠ ᠶᠢᠨ 15᠎ ᠤ ᠡᠳᠦᠷ ᠠᠴᠠ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ ᠤᠨ ᠰᠢᠷᠢᠰ ᠠᠵᠢᠯᠯᠠᠭ᠎ᠠ ᠡᠬᠢᠯᠡᠨ᠎ᠡ11 ᠰᠠᠷ᠎ᠠ ᠶᠢᠨ 14᠎ ᠤ ᠡᠳᠦᠷ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠧᠢᠰ ᠬᠤᠷᠢᠶ᠎ᠠᠰᠣᠨᠢᠨ ᠮᠡᠳᠡᠭᠡ ᠨᠡᠶᠢᠲᠡᠯᠡᠬᠦ ᠬᠤᠷᠠᠯ ᠰᠢᠯᠢ ᠶᠢᠨ ᠭᠤᠣᠯ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ  ᠭᠤᠣᠯᠳᠠᠯᠭᠠᠳᠣ ᠠᠵᠢᠯᠯᠠᠭ᠎ᠠ ᠶᠢᠨ ᠲᠣᠬᠢᠷᠠᠭᠤᠯᠣᠯᠲᠠᠰᠢᠯᠢ ᠶᠢᠨ ᠭᠤᠣᠯ ᠠᠶᠢᠮᠠᠭ ᠮᠥᠰᠥ ᠴᠠᠰᠤᠨ ᠤ ᠡᠬᠢ ᠪᠠᠶᠠᠯᠢᠭ ᠲᠠᠭᠠᠨ ᠲᠦᠰᠢᠭᠯᠡᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠤᠷᠤᠯᠳᠤᠭᠠᠨ᠂ ᠮᠥᠰᠥ ᠴᠠᠰᠤᠨ ᠤ ᠠᠵᠢᠯᠯᠠᠭ᠎ᠠ ᠶᠢ ᠶᠡᠬᠡᠪᠡᠷ ᠬᠥᠭᠵᠢᠭᠦᠯᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ  ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠡᠯ᠎ᠡ ᠵᠦᠢᠯ ᠤᠨ ᠠᠵᠢᠯᠯᠠᠭ᠎ᠠ ᠨᠢ ᠬᠤᠯᠪᠣᠯᠳᠣᠨ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ  ᠪᠣᠯᠪᠠ᠃ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ ᠨᠢ  ᠡᠬᠢᠯᠡᠨ 2023 ᠣᠨ ᠤ 11 ᠰᠠᠷ᠎ᠠ ᠶᠢᠨ 15᠎ ᠤ ᠡᠳᠦᠷ ᠠᠴᠠ ᠡᠬᠢᠯᠡᠨ 2024 ᠣᠨ ᠤ 3 ᠰᠠᠷ᠎ᠠ ᠶᠢᠨ 11᠎ ᠤ ᠡᠳᠦᠷ  ᠪᠣᠯᠳᠠᠯ᠎ᠠ 11 ᠵᠦᠢᠯ ᠤᠨ ᠰᠢᠷᠢᠰ ᠠᠵᠢᠯᠯᠠᠭ᠎ᠠ ᠶᠢ ᠲᠣᠬᠢᠷᠠᠭᠤᠯᠤᠨ᠎ᠠ  ᠂ ᠡᠭᠦᠨ ᠳᠤ ᠠᠶᠢᠮᠠᠭ ᠤᠨ ᠲᠠᠰ ᠤᠨ ᠠᠵᠢᠯᠯᠠᠭ᠎ᠠ 6 ᠵᠦᠢᠯ  ᠂ ᠭᠤᠣᠯᠳᠠᠯᠭ᠎ᠠ ᠲᠠᠢ ᠬᠤᠰᠢᠭᠤ ᠰᠢᠶᠠᠨ ᠤ 5 ᠵᠦᠢᠯ ᠤᠨ ᠠᠵᠢᠯᠯᠠᠭ᠎ᠠ ᠪᠠᠶᠢᠨ᠎ᠠ᠃ ᠲᠣᠰ ᠠᠵᠢᠯᠯᠠᠭ᠎ᠠ ᠳᠤ ᠮᠣᠷᠢ ᠤᠷᠤᠯᠳᠤᠬᠤ᠂  ᠲᠡᠷᠭᠡ ᠤᠷᠤᠯᠳᠤᠬᠤ᠂ ᠯᠤᠤᠲᠤ ᠣᠩᠭᠤᠴᠠ ᠤᠷᠤᠯᠳᠤᠬᠤ ᠵᠡᠷᠭᠡ ᠣᠯᠠᠨ ᠲᠦᠮᠡᠨᠴᠢ ᠴᠢᠨᠠᠷᠲᠠᠢ ᠲᠣᠮᠣ ᠬᠡᠯᠪᠡᠷᠢ ᠶᠢᠨ ᠤᠷᠤᠯᠳᠤᠭᠠᠨ ᠪᠠᠭᠲᠠᠨ᠎ᠠ︔ ᠮᠥᠰᠥᠨ ᠳᠤ ᠲᠡᠰᠢᠬᠦ᠂ ᠮᠥᠰᠥᠨ ᠲᠡᠷᠭᠡ ᠵᠡᠷᠭᠡ ᠮᠥᠰᠥᠨ ᠳᠡᠭᠡᠷᠡᠬᠢ ᠤᠷᠤᠯᠳᠤᠭᠠᠨ ᠤ ᠵᠤᠭ᠎ᠠ ᠴᠡᠩᠭᠡᠯ ᠤᠨ ᠠᠵᠢᠯᠯᠠᠭ᠎ᠠ  ︔ ᡽ᠤᠷᠠᠨ ᠰᠠᠶᠢᠬᠠᠨ ᠤ ᠦᠳᠡᠰᠢᠯᠡᠭᠡ᠂ ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ᠂ ᠠᠷᠠᠳ ᠤᠨ ᠵᠠᠩ ᠳᠠᠳᠬᠠᠯ ᠢ ᠣᠶᠢᠯᠠᠭᠠᠬᠤ ᠵᠡᠷᠭᠡ ᠰᠣᠶᠣᠯ ᠴᠡᠩᠭᠡᠯ ᠤᠨ ᠠᠵᠢᠯᠯᠠᠭ᠎ᠠ᠃ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ ᠰᠠᠶᠢᠬᠠᠨ᠂ ᠣᠷᠣᠯᠴᠠᠬᠤ ᠰᠡᠳᠬᠢᠯᠭᠡ᠂ ᠪᠡᠶ᠎ᠡ ᠪᠠᠷ ᠢᠶᠠᠨ ᠣᠶᠢᠯᠠᠭᠠᠬᠤ ᠰᠡᠳᠬᠢᠯᠭᠡ ᠪᠠ ᠰᠣᠨᠢᠷᠬᠠᠨ ᠰᠣᠨᠢᠷᠬᠠᠬᠤ ᠴᠢᠨᠠᠷ ᠢᠶᠠᠷ ᠮᠠᠰᠢ ᠥᠨᠳᠥᠷ ᠪᠠᠶᠢᠳᠠᠭ᠃        01      【 ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ】 ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ ᠰᠢᠯᠢ ᠶᠢᠨ ᠭᠤᠣᠯ ᠤᠨ ᠮᠣᠩᠭᠤᠯ ᠮᠣᠷᠢᠨ ᠤ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠴᠠᠭ᠄ 2023 ᠣᠨ ᠤ 11 ᠳ᠋ᠦᠭᠡᠷ ᠰᠠᠷ᠎ᠠ ᠶᠢᠨ 15᠎ ᠤ ᠡᠳᠦᠷ ᠠᠴᠠ 2024 ᠣᠨ ᠤ 1 ᠳ᠋ᠦ᠋ᠭᠡᠷ ᠰᠠᠷ᠎ᠠ ᠶᠢᠨ 28᠎ ᠤ ᠡᠳᠦᠷ ᠪᠣᠯᠲᠠᠯ᠎ᠠ᠂ 2 ᠰᠠᠷ᠎ᠠ ᠠᠯᠤᠰᠯᠠᠵᠤ ︵ᠡᠭᠦᠨ ᠳᠤ᠂ ᠭᠠᠴᠠᠭ᠎ᠠ ︵ᠲᠣᠰᠬᠤᠨ︶᠎ ᠶᠢᠨ ᠲᠠᠰ ᠤᠨ ᠤᠷᠤᠯᠳᠤᠭᠠᠨ ᠤ ᠴᠠᠭ᠄ 11 ᠳ᠋ᠦᠭᠡᠷ ᠰᠠᠷ᠎ᠠ ᠶᠢᠨ 15᠎ ᠤ ᠡᠳᠦᠷ ᠠᠴᠠ 12 ᠳ᠋ᠤᠭᠠᠷ ᠰᠠᠷ᠎ᠠ ᠶᠢᠨ 5᠎ ᠤ ᠡᠳᠦᠷ ᠪᠣᠯᠲᠠᠯ᠎ᠠ︔ ᠰᠤᠮᠤ ︵ᠰᠢᠶᠠᠩ︶ ᠪᠠᠯᠭᠠᠰᠤᠨ ᠤ ᠲᠠᠰ ᠤᠨ ᠤᠷᠤᠯᠳᠤᠭᠠᠨ ᠤ ᠴᠠᠭ᠄ 12 ᠳ᠋ᠤᠭᠠᠷ ᠰᠠᠷ᠎ᠠ ᠶᠢᠨ 10᠎ ᠤ ᠡᠳᠦᠷ ᠠᠴᠠ 12 ᠳ᠋ᠤᠭᠠᠷ ᠰᠠᠷ᠎ᠠ ᠶᠢᠨ 20᠎ ᠤ ᠡᠳᠦᠷ ᠪᠣᠯᠲᠠᠯ᠎ᠠ︔ ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠲᠠᠰ ᠤᠨ ᠤᠷᠤᠯᠳᠤᠭᠠᠨ ᠤ ᠴᠠᠭ᠄ 12 ᠳ᠋ᠤᠭᠠᠷ ᠰᠠᠷ᠎ᠠ ᠶᠢᠨ 30᠎ ᠤ ᠡᠳᠦᠷ ᠠᠴᠠ 2024 ᠣᠨ ᠤ 1ᠳ᠋ᠦ᠋ᠭᠡᠷ ᠰᠠᠷ᠎ᠠ ᠶᠢᠨ 15᠎ ᠤ ᠡᠳᠦᠷ ᠪᠣᠯᠲᠠᠯ᠎ᠠ︔ ᠶᠡᠷᠦᠩᠬᠡᠢ ᠰᠢᠢᠳᠪᠦᠷᠢᠲᠦ ᠤᠷᠤᠯᠳᠤᠭᠠᠨ ᠢ 2024 ᠣᠨ ᠤ 1 ᠰᠠᠷ᠎ᠠ ᠶᠢᠨ 27᠎ ᠤ ᠡᠳᠦᠷ ᠠᠴᠠ 28᠎ ᠤ ᠡᠳᠦᠷ ᠪᠣᠯᠲᠠᠯ᠎ᠠ ᠶᠠᠪᠣᠭᠳᠠᠨ᠎ᠠ᠃︶ ᠭᠠᠵᠠᠷ ᠣᠷᠣᠨ᠄ ᠭᠠᠴᠠᠭ᠎ᠠ ︵ᠲᠣᠰᠬᠤᠨ︶᠂ ᠰᠤᠮᠤ ︵ᠰᠢᠶᠠᠩ︶ ᠪᠠᠯᠭᠠᠰᠤ᠂ ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠱᠠᠲᠤᠨ ᠤ ᠤᠷᠤᠯᠳᠤᠭᠠᠨ ᠢ ᠲᠣᠰ ᠲᠣᠰ ᠡᠯ᠎ᠡ ᠭᠠᠵᠠᠷ ᠲᠤ ᠪᠠᠶᠢᠷᠢᠯᠠᠭᠤᠯᠵᠤ᠂ ᠠᠶᠢᠮᠠᠭ ᠤᠨ ᠱᠠᠲᠤᠨ ᠤ ᠰᠢᠢᠳᠪᠦᠷᠢᠲᠦ ᠤᠷᠤᠯᠳᠤᠭᠠᠨ ᠤ ᠭᠠᠵᠠᠷ ᠢ  ᠰᠢᠯᠢ ᠶᠢᠨ ᠬᠤᠲᠠ ᠶᠢᠨ ᠮᠣᠳᠣᠨ ᠮᠠᠯᠵᠢᠯ ᠤᠨ ᠲᠠᠯᠠᠪᠠᠶ ᠶᠢᠨ ᠰᠢᠯᠢ ᠶᠢᠨ ᠭᠤᠣᠯ ᠤᠨ ᠮᠠᠯᠴᠢᠳ ᠤᠨ ᠤᠯᠠᠮᠵᠢᠯᠠᠯᠲᠤ ᠨᠠᠭᠠᠳᠤᠮ ᠤᠨ ᠦᠵᠡᠮᠵᠢ ᠶᠢᠨ ᠣᠷᠣᠨ ᠳᠤ ᠪᠠᠶᠢᠷᠢᠯᠠᠭᠤᠯᠤᠨ᠎ᠠ᠃      ᠠᠭᠤᠯᠭ᠎ᠠ᠄ ᠤᠷᠤᠯᠳᠤᠭᠠᠨ ᠤ ᠵᠦᠢᠯ ᠳᠤ ᠬᠤᠶᠠᠷ ᠵᠦᠢᠯ ᠪᠤᠢ᠄ ᠨᠢᠭᠡ ᠨᠢ 15 ᠺᠢᠯᠣᠮᠧᠲᠷ ᠤᠨ ᠳᠠᠭᠠᠭᠠᠴᠠ ᠶᠢᠨ ᠤᠷᠤᠯᠳᠤᠭᠠᠨ᠃ ᠬᠤᠪᠢ ᠬᠥᠮᠥᠨ ᠤ ᠤᠷᠤᠯᠳᠤᠭᠠᠨ ᠨᠢ ᠲᠠᠯ᠎ᠠ ᠨᠤᠲᠤᠭ ᠲᠤ 15 ᠺᠢᠯᠣᠮᠧᠲᠷ ᠤᠨ ᠴᠢᠭᠡ ᠵᠠᠢ ᠲᠠᠢ᠂ ᠮᠣᠩᠭᠤᠯ ᠮᠣᠷᠢᠨ ᠤ ᠳᠠᠭᠠᠭᠠᠴᠠ ᠶᠢᠨ ᠤᠷᠤᠯᠳᠤᠭᠠᠨ  ᠎ ᠢ  ᠶᠠᠪᠤᠭᠳᠠᠭᠤᠯᠤᠨ᠎ᠠ᠃ ᠬᠤᠶᠠᠷ ᠲᠤ 6000 ᠮᠧᠲᠷ ᠤᠨ ᠪᠦᠯᠬᠦᠮ ᠤᠨ ᠪᠤᠤᠬᠢᠶ᠎ᠠ ᠤᠷᠤᠯᠳᠤᠭᠠᠨ ᠪᠣᠯᠣᠨ᠎ᠠ᠃ ᠬᠠᠮᠲᠤ ᠶᠢᠨ ᠤᠷᠤᠯᠳᠤᠭᠠᠨ ᠳᠤ ᠮᠣᠷᠢᠨ ᠤ ᠲᠥᠷᠥᠯ ᠢ ᠬᠢᠵᠠᠭᠠᠷᠯᠠᠬᠤ ᠦᠭᠡᠢ᠂ 3 ᠬᠥᠮᠥᠨ 3 ᠮᠣᠷᠢ ᠪᠠᠷ ᠨᠢᠭᠡ ᠪᠦᠯᠦᠭ ᠪᠣᠯᠭᠠᠨ᠂ 2000 ᠮᠧᠲᠷ ᠢᠶᠠᠷ ᠨᠢᠭᠡ ᠣᠷᠣᠯᠳᠣᠭᠠᠨ ᠤ ᠬᠡᠰᠡᠭ ᠪᠣᠯᠭᠠᠨ᠂ ᠳᠡᠰ ᠳᠠᠷᠠᠭᠠᠯᠠᠨ ᠪᠤᠤᠬᠢᠶ᠎ᠠ ᠵᠠᠯᠭᠠᠵᠤ᠂ ᠡᠴᠦᠰ ᠤᠨ ᠴᠡᠭ ᠲᠤ ᠬᠦᠷᠴᠦ ᠬᠠᠮᠤᠭ ᠡᠴᠦᠰ ᠤᠨ ᠨᠡᠷᠡᠰ ᠤᠨ ᠳᠠᠷᠠᠭᠠᠯᠠᠯ ᠢ ᠲᠣᠭᠲᠠᠭᠠᠨ᠎ᠠ᠃ ᠤᠷᠤᠯᠳᠤᠭᠠᠨ ᠤ ᠲᠦᠷᠦᠯ ᠵᠦᠢᠯ ᠪᠦᠷᠢ ᠳᠤ ᠡᠮᠦᠨ᠎ᠡ 8 ᠨᠡᠷᠡᠰ ᠱᠠᠩᠨᠠᠯ ᠤᠨ ᠵᠦᠢᠯ ᠢ ᠲᠣᠬᠢᠷᠠᠭᠤᠯᠵᠤ᠂ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠮᠧᠳᠠᠯ ᠪᠠ ᠱᠠᠩᠨᠠᠯ ᠤᠨ ᠮᠥᠩᠭᠦ ᠣᠯᠭᠤᠨ᠎ᠠ᠃ 02ᠴᠠᠭ᠄ 2023 ᠣᠨ ᠤ 12 ᠰᠠᠷ᠎ᠠ ᠶᠢᠨ ᠰᠡᠭᠦᠯᠴᠢ ᠭᠠᠵᠠᠷ᠄  ᠰᠢᠯᠢ ᠶᠢᠨ ᠬᠤᠲᠠ᠂ ᠳᠣᠯᠣᠨ ᠨᠠᠭᠤᠷ ᠰᠢᠶᠠᠨ᠂ ᠰᠢᠯᠤᠭᠤᠨ ᠬᠥᠬᠡ ᠬᠤᠰᠢᠭᠤ ᠠᠭᠤᠯᠭ᠎ᠠ  ᠄ ᠰᠢᠯᠢ ᠶᠢᠨ ᠬᠤᠲᠠ᠂ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ 3 ᠥᠷᠲᠡᠭᠡ ᠭᠠᠷᠭᠠᠵᠤ᠂ ᠳᠤᠭᠤᠢ ᠲᠡᠷᠭᠡᠨ ᠤ ᠲᠤᠰᠬᠠᠢ ᠮᠡᠷᠭᠡᠵᠢᠯ ᠤᠨ ᠳᠤᠭᠤᠶᠢᠯᠠᠩ᠂ T3 ᠳᠤᠭᠤᠶᠢᠯᠠᠩ ᠪᠠ ᠲᠡᠷᠭᠡᠨ ᠤ ᠬᠡᠯᠪᠡᠷᠢ ᠶᠢᠨ T3 ᠳᠤᠭᠤᠶᠢᠯᠠᠩ ᠵᠡᠷᠭᠡ 3 ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ  ᠎ ᠤᠨ ᠤᠷᠤᠯᠳᠤᠭᠠᠨ ᠢ ᠰᠢᠨ᠎ᠡ ᠪᠠᠷ ᠨᠡᠮᠡᠵᠦ ᠲᠣᠬᠢᠷᠠᠭᠤᠯᠤᠨ᠎ᠠ᠂ ᠵᠠᠮ ᠱᠤᠭᠤᠮ ᠨᠢ ᠲᠠᠯ᠎ᠠ ᠨᠤᠲᠤᠭ ᠤᠨ ᠭᠠᠯᠲᠤ ᠠᠭᠤᠯᠠ᠂ ᠡᠷᠲᠡᠨ ᠤ ᠤᠩᠭᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢᠶᠠᠷ ᠨᠡᠪᠲᠡᠷᠡᠵᠦ᠂ ᠥᠷᠭᠡᠨ ᠤᠯᠠᠨ ᠤᠷᠤᠯᠳᠤᠭᠴᠢᠳ ᠲᠤ ᠲᠤᠰᠬᠠᠢ ᠮᠡᠷᠭᠡᠵᠢᠯ ᠤᠨ ᠰᠡᠳᠡᠯᠲᠡ ᠲᠠᠢ ᠤᠷᠤᠯᠳᠤᠭᠠᠨ ᠤ ᠵᠠᠮ ᠭᠠᠷᠭᠠᠬᠤ ᠶᠢᠨ ᠬᠠᠮᠲᠤ ᠥᠷᠭᠡᠨ ᠤᠯᠠᠨ ᠬᠤᠪᠢ ᠪᠠᠷ ᠢᠶᠠᠨ ᠮᠠᠰᠢᠨ ᠲᠡᠷᠭᠡ ᠵᠢᠯᠤᠭᠤᠳᠬᠤ ᠳᠤᠷᠠᠲᠠᠢ ᠬᠥᠮᠥᠰ ᠲᠤ ︽ᠮᠢᠩᠭᠠᠨ ᠭᠠᠵᠠᠷ ᠮᠥᠰᠥ ᠴᠠᠰᠣ ᠦᠷᠭᠦᠯᠵᠢᠯᠡᠵᠦ᠂ ᠲᠦᠮᠡᠨ ᠭᠠᠵᠠᠷ ᠴᠠᠰᠤ ᠯᠠᠪᠰᠠᠯᠠᠬᠤ︾ ᠰᠦᠷᠯᠢᠭ ᠰᠠᠶᠢᠬᠠᠨ ᠦᠵᠡᠮᠵᠢ ᠶᠢ ᠣᠶᠢᠯᠠᠭᠠᠭᠤᠯᠬᠤ ᠪᠣᠯᠣᠨ᠎ᠠ᠃ 03 ᠮᠠᠰᠢᠨ ᠲᠡᠷᠭᠡᠨ ᠤ ᠴᠤᠭᠯᠠᠷᠠᠯ ᠤᠨ ᠤᠷᠤᠯᠳᠤᠭᠠᠨ ᠴᠠᠭ᠄ 2024 ᠣᠨ ᠤ 3 ᠰᠠᠷ᠎ᠠ ᠶᠢᠨ 11᠎ ᠤ ᠡᠳᠦᠷ ᠭᠠᠵᠠᠷ᠄ ᠰᠢᠯᠢ ᠶᠢᠨ ᠬᠤᠲᠠ᠂ ᠳᠣᠯᠣᠨ ᠨᠠᠭᠤᠷ ᠰᠢᠶᠠᠨ᠂ ᠰᠢᠯᠤᠭᠤᠨ ᠬᠥᠬᠡ ᠬᠤᠰᠢᠭᠤ ᠠᠭᠤᠯᠭ᠎ᠠ᠄ ᠤᠷᠤᠯᠳᠤᠭᠠᠨ ᠢ ᠭᠤᠷᠪᠠᠨ ᠬᠡᠰᠡᠭ ᠬᠤᠪᠢᠶᠠᠵᠤ᠂ ᠪᠦᠬᠦ ᠶᠠᠪᠤᠴᠠ ᠨᠢ 200 ᠺᠢᠯᠣᠮᠧᠲᠷ ᠪᠣᠯᠣᠨ᠎ᠠ᠃ ᠨᠢᠭᠡᠳᠦᠭᠡᠷ ᠤᠷᠤᠯᠳᠤᠭᠠᠨ ᠤ ᠬᠡᠰᠡᠭ ︵ᠰᠢᠯᠢ ᠶᠢᠨ ᠬᠤᠲᠠ ᠶᠢᠨ ᠥᠷᠲᠡᠭᠡ︶᠎ ᠨᠢ 60 ᠺᠢᠯᠣᠮᠧᠲᠷ ᠣᠷᠴᠢᠮ᠂ ᠬᠤᠶᠠᠳᠤᠭᠠᠷ ᠤᠷᠤᠯᠳᠤᠭᠠᠨ ᠤ ᠬᠡᠰᠡᠭ ︵ᠳᠣᠯᠣᠨ ᠨᠠᠭᠤᠷ ᠥᠷᠲᠡᠭᠡ︶᠎ ᠨᠢ 80 ᠺᠢᠯᠣᠮᠧᠲᠷ ᠣᠷᠴᠢᠮ᠂ ᠭᠤᠷᠪᠠᠳᠤᠭᠠᠷ ᠤᠷᠤᠯᠳᠤᠭᠠᠨ ᠤ ᠬᠡᠰᠡᠭ ︵ᠰᠢᠯᠤᠭᠤᠨ ᠬᠥᠬᠡ ᠬᠤᠰᠢᠭᠤᠨ ᠤ ᠥᠷᠲᠡᠭᠡ︶᠎ ᠨᠢ 60 ᠺᠢᠯᠣᠮᠧᠲᠷ ᠣᠷᠴᠢᠮ ᠪᠣᠯᠣᠨ᠎ᠠ᠃ ᠡᠨᠡ ᠪᠣᠯ ᠨᠢᠭᠡ ᠵᠦᠢᠯ ᠤᠨ ᠪᠦᠬᠦ ᠠᠷᠠᠳ ᠢᠶᠠᠷ ᠢᠶᠠᠨ ᠣᠷᠣᠯᠴᠠᠵᠤ ᠪᠣᠯᠬᠤ ᠤᠷᠤᠯᠳᠤᠭᠠᠨ ᠪᠣᠯᠣᠨ᠎ᠠ᠂ ᠥᠷᠭᠡᠨ ᠤᠯᠠᠨ ᠬᠤᠪᠢ ᠪᠠᠷ ᠢᠶᠠᠨ ᠮᠠᠰᠢᠨ ᠲᠡᠷᠭᠡ ᠵᠢᠯᠤᠭᠤᠳᠬᠤ ᠳᠤᠷᠠᠲᠠᠢ ᠬᠥᠮᠥᠰ ᠬᠠᠮᠲᠤ ᠪᠠᠷ ᠬᠤᠯᠠᠨ ᠰᠢᠷᠭ᠎ᠠ ᠲᠠᠭ᠎ᠠ ᠶᠢᠨ ᠡᠯᠡᠰᠦ ᠮᠠᠩᠬᠠᠨ  ᠎ ᠳᠤ ᠬᠦᠷᠴᠦ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠢᠶᠠᠷ ᠶᠠᠪᠤᠵᠤ᠂ ︽ᠮᠥᠰᠥ ᠴᠠᠰᠤᠨ ᠤ ᠡᠯᠡᠰᠦ ᠮᠠᠩᠬ᠎ᠠ︾᠂ ︽ᠴᠡᠴᠡᠷᠯᠢᠭ ᠤᠨ ᠡᠯᠡᠰᠦ ᠮᠠᠩᠬ᠎ᠠ︾᠎ ᠶᠢᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠬᠤ ᠪᠣᠯᠣᠨ᠎ᠠ᠃ 04 ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭᠠᠨ ᠤ  ᠬᠤᠨᠳᠠᠭᠠᠳᠣ︾ ᠪᠦᠬᠦ ᠤᠯᠤᠰ ᠤᠨ ᠣᠶᠤᠲᠠᠳ ᠤᠨ ᠮᠥᠰᠥᠨ ᠳᠡᠭᠡᠷᠡᠬᠢ ᠯᠤᠤᠲᠤ ᠣᠩᠭᠤᠴᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠴᠠᠭ᠄ 2023 ᠣᠨ ᠤ 12 ᠰᠠᠷ᠎ᠠ ᠶᠢᠨ ᠳᠤᠮᠳᠠᠴᠢ ᠭᠠᠵᠠᠷ᠄ ᠰᠢᠯᠢ ᠶᠢᠨ ᠬᠤᠲᠠ ᠠᠭᠤᠯᠭ᠎ᠠ᠄ ᠤᠷᠤᠯᠳᠤᠭᠠᠨ ᠢ ᠡᠷᠡᠭᠲᠡᠢ ᠶᠢᠨ ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ᠂ 5 ᠬᠥᠮᠥᠨ ᠤ ᠤᠷᠤᠯᠳᠤᠭᠠᠨ᠂ 10 ᠬᠥᠮᠥᠨ ᠤ ᠤᠷᠤᠯᠳᠤᠭᠠᠨ᠂ 20 ᠬᠥᠮᠥᠨ ᠤ ᠤᠷᠤᠯᠳᠤᠭᠠᠨ ᠭᠡᠵᠦ ᠬᠤᠪᠢᠶᠠᠬᠤ ᠶᠢᠨ ᠬᠠᠮᠲᠤ ᠵᠤᠭᠠᠴᠠᠭᠰᠠᠳ ᠤᠨ ᠪᠡᠶ᠎ᠡ ᠪᠠᠷ ᠢᠶᠠᠨ ᠣᠶᠢᠯᠠᠭᠠᠬᠤ ᠤᠷᠤᠯᠳᠤᠭᠠᠨ ᠢ ᠲᠣᠬᠢᠷᠠᠭᠤᠯᠤᠨ᠎ᠠ᠃ ᠪᠦᠬᠦ ᠤᠯᠤᠰ ᠤᠨ ᠡᠯ᠎ᠡ ᠭᠠᠵᠠᠷ ᠤᠨ ᠣᠶᠤᠲᠠᠳ ᠢ ᠰᠢᠯᠢ ᠶᠢᠨ ᠭᠤᠣᠯ ᠳᠤ ᠤᠷᠢᠨ ᠠᠪᠴᠢᠷᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠮᠥᠰᠥᠨ ᠳᠡᠭᠡᠷ᠎ᠡ ᠴᠤᠭ ᠪᠠᠳᠠᠷᠠᠩᠭᠤᠢ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠯᠤᠤᠲᠤ ᠣᠩᠭᠤᠴᠠᠨ ᠤ ᠵᠣᠷᠢᠭ ᠰᠠᠨᠠᠭ᠎ᠠ ᠪᠣᠯᠣᠨ ᠯᠤᠤᠲᠤ ᠣᠩᠭᠤᠴᠠᠨ ᠤ ᠰᠣᠶᠣᠯ ᠢ ᠬᠠᠮᠲᠤᠪᠠᠷ ᠤᠯᠠᠮᠵᠢᠯᠠᠨ᠎ᠠ᠃ 05 ᠮᠣᠩᠭᠤᠯ ᠮᠣᠷᠢᠨ ᠤ ᠵᠣᠷᠢᠭ ᠰᠠᠨᠠᠭ᠎ᠠ ᠶᠢ  ᠪᠠᠳᠠᠷᠠᠭᠤᠯᠬᠤ ᠤᠷᠠᠨ ᠰᠠᠶᠢᠬᠠᠨ ᠤ ᠲᠤᠰᠬᠠᠢ ᠦᠳᠡᠰᠢᠯᠡᠭᠡ ᠴᠠᠭ᠄ 2024 ᠣᠨ ᠤ 1 ᠰᠠᠷ᠎ᠠ ᠭᠠᠵᠠᠷ᠄ ᠰᠢᠯᠢ ᠶᠢᠨ ᠭᠤᠣᠯ ᠤᠨ ᠳᠠᠭᠤᠤ ᠪᠥᠵᠢᠭᠲᠦ ᠵᠦᠴᠦᠭᠡ ᠶᠢᠨ ᠬᠦᠷᠢᠶᠡᠯᠡᠩ ᠠᠭᠤᠯᠭ᠎ᠠ᠄ ᠪᠦᠬᠦ ᠠᠶᠢᠮᠠᠭ ᠤᠨ ᠤᠳᠬ᠎ᠠ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠲᠠᠭᠤᠣ ᠬᠥᠭᠵᠢᠮ᠂ ᠪᠥᠵᠢᠭ ᠵᠡᠷᠭᠡ ᠭᠤᠣᠯ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠰᠢᠯᠢ ᠶᠢᠨ ᠭᠤᠣᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠥᠷᠭᠡᠨ ᠤᠯᠠᠨ ᠵᠤᠭᠠᠴᠠᠭᠰᠠᠳ ᠲᠤ ᠭᠤᠶᠢᠳᠠ ᠰᠠᠶᠢᠬᠠᠨ ᠤᠳᠬ᠎ᠠ ᠤᠷᠠᠯᠢᠭ ᠤᠨ ᠦᠪᠡᠳᠡᠭᠰᠢ ᠨᠠᠶᠢᠷ ᠢᠶᠠᠨ ᠡᠷᠭᠦᠬᠦ ᠪᠣᠯᠣᠨ᠎ᠠ᠃ 06 ᠵᠠᠯᠠᠭᠤᠴᠣᠳ ᠪᠠᠭᠠᠴᠤᠳ ᠤᠨ ᠬᠤᠷᠳᠣᠨ ᠮᠦᠰᠦᠨ ᠲᠡᠰᠢᠯᠲᠡ ᠶᠢᠨ ᠤᠷᠤᠯᠳᠤᠭᠠᠨ ᠴᠠᠭ᠄ 2024 ᠣᠨ ᠤ 1 ᠰᠠᠷ᠎ᠠ ᠭᠠᠵᠠᠷ᠄  ᠰᠢᠯᠢ ᠶᠢᠨ ᠬᠤᠲᠠ᠂ ᠠᠪᠠᠭ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ ᠰᠢᠶᠠᠨ ᠠᠭᠤᠯᠭ᠎ᠠ ᠨᠢ᠄ ᠪᠥᠬᠦ ᠠᠶᠢᠮᠠᠭ ᠤᠨ ᠬᠡᠪᠴᠢᠶᠡᠨ ᠳᠤ ᠵᠠᠯᠠᠭᠤᠴᠤᠳ ᠪᠠᠭᠠᠴᠤᠳ ᠤᠨ  ᠬᠤᠷᠳᠣᠨ ᠲᠡᠰᠢᠯᠲᠡ ᠶᠢᠨ ᠤᠷᠤᠯᠳᠤᠭᠠᠨ ᠢ ᠥᠷᠨᠢᠭᠦᠯᠵᠦ᠂ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠦᠨ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠲᠤ ᠥᠪᠡᠷ ᠢ ᠪᠠᠨ ᠢᠯᠡᠷᠡᠭᠦᠯᠬᠦ᠂ ᠬᠦᠰᠡᠯ ᠵᠡᠭᠦᠳᠦ ᠪᠠᠨ ᠬᠥᠭᠡᠭᠡᠴᠡᠯᠳᠦᠬᠦ ᠲᠠᠪᠴᠠᠩ ᠪᠠᠶᠢᠭᠤᠯᠵᠤ ᠥᠭᠭᠦᠨ᠎ᠡ᠃ ᠲᠤᠬᠠᠢ ᠶᠢᠨ ᠦᠶ᠎ᠡ ᠳᠤ᠂ ᠥᠷᠭᠡᠨ ᠣᠯᠠᠨ ᠵᠤᠭᠠᠴᠠᠭᠰᠠᠳ ᠤᠷᠤᠯᠳᠤᠭᠠᠨ ᠤ ᠠᠵᠢᠯᠯᠠᠭ᠎ᠠ ᠡᠷᠭᠢᠯᠡᠬᠦ ᠭᠠᠵᠠᠷ ᠲᠤ ᠬᠦᠷᠴᠦ ᠤᠷᠤᠯᠳᠤᠭᠠᠨ ᠤ ᠥᠩᠭᠡᠷᠡᠯᠲᠡ ᠶᠢ ᠦᠵᠡᠵᠦ ᠪᠣᠯᠣᠨ᠎ᠠ᠃ ︵ᠬᠤᠶᠠᠷ︶ ᠬᠤᠰᠢᠭᠤ ᠰᠢᠶᠠᠨ ᠤ ᠭᠤᠣᠯᠳᠠᠯᠭ᠎ᠠ ᠲᠠᠢ ᠠᠵᠢᠯᠯᠠᠭ᠎ᠠ 01 ᠰᠢᠯᠤᠭᠤᠨ ᠬᠥᠬᠡ ᠬᠤᠰᠢᠭᠤᠨ ᠤ ᠡᠪᠦᠯ ᠤᠨ ᠨᠠᠭᠠᠳᠤᠮ ᠴᠠᠭ᠄ 2023 ᠣᠨ ᠤ 12 ᠰᠠᠷ᠎ᠠ ᠶᠢᠨ ᠰᠡᠭᠦᠯᠴᠢ ᠭᠠᠵᠠᠷ᠄ ᠰᠢᠯᠤᠭᠤᠨ ᠬᠥᠬᠡ ᠬᠤᠰᠢᠭᠤ ᠠᠭᠤᠯᠭ᠎ᠠ ᠨᠢ᠄ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠪᠦᠯ ᠤᠨ ᠤᠯᠠᠷᠢᠯ ᠤᠨ ᠨᠠᠭᠠᠳᠤᠮ ᠂ ᠬᠤᠯᠠᠨ ᠰᠢᠷᠭ᠎ᠠ ᠲᠠᠭ᠎ᠠ ᠶᠢᠨ ᠡᠯᠧᠺᠲ᠋ᠧᠷᠣᠨ ᠭᠥᠭᠵᠢᠮ ᠤᠨ ᠨᠠᠶᠢᠷ᠂ ᠡᠪᠦᠯ ᠤᠨ ᠨᠥᠭᠡᠴᠡᠯᠡᠬᠦ ᠦᠬᠡᠷ ᠤᠨ ᠮᠢᠬᠠᠨ ᠤ ᠨᠠᠶᠢᠷ᠂ ᠨᠠᠷᠠᠲᠤ ᠲᠡᠮᠳᠡᠭᠲᠦ ᠮᠠᠰᠢᠨ ᠲᠡᠷᠭᠡᠨ ᠤ ᠱᠠᠩᠳᠣ ᠨᠠᠭᠤᠷ ᠤᠨ ᠮᠥᠰᠥ ᠴᠠᠰᠤᠨ ᠳᠤ ᠵᠢᠯᠣᠭᠤᠳᠬᠤ ᠲᠤᠷᠰᠢᠯᠲᠠ ᠶᠢᠨ ᠨᠠᠶᠢᠷ᠂ ᠬᠤᠯᠠᠨ ᠰᠢᠷᠭ᠎ᠠ ᠡᠯᠡᠰᠦ ᠪᠠᠷ ᠨᠡᠪᠳᠡᠷᠡᠬᠦ ᠤᠷᠤᠯᠳᠤᠭᠠᠨ᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠶᠢᠨ ᠲᠣᠭᠯᠠᠯᠲᠠ ᠵᠡᠷᠭᠡ ᠠᠵᠢᠯᠯᠠᠭ᠎ᠠ ᠶᠢ ᠪᠠᠭᠲᠠᠭᠠᠨ᠎ᠠ᠃ ᠡᠨᠡ ᠪᠣᠯ ᠥᠪᠡᠷᠮᠢᠴᠡ ᠣᠨᠴᠠᠯᠢᠭ ᠢᠶᠠᠷ ᠲᠣᠪᠣᠶᠢᠮ᠎ᠠ᠂ ᠵᠠᠩ ᠦᠢᠯᠡ ᠪᠠᠷ ᠭᠦᠨ ᠵᠤᠵᠠᠭᠠᠨ ᠡᠪᠦᠯ ᠤᠨ ᠤᠯᠠᠷᠢᠯ ᠤᠨ ᠵᠤᠭᠠᠴᠠᠯ ᠤᠨ ᠠᠵᠢᠯᠯᠠᠭ᠎ᠠ ᠪᠣᠯᠣᠨ᠎ᠠ᠂ ᠵᠤᠭᠠᠴᠠᠭᠰᠠᠳ 8000 ᠭᠠᠷᠤᠢ ᠬᠥᠮᠥᠨ ᠤ ᠠᠯᠬᠤᠭ᠎ᠠ ᠶᠢ ᠲᠠᠭᠠᠵᠦ᠂ ᠨᠢᠭᠡ ᠵᠠᠮ ᠳᠠᠭᠠᠨ ᠢᠳᠡᠵᠦ ᠵᠣᠭᠠᠴᠠᠨ᠂  ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠪᠦᠯ ᠤᠨ ᠤᠯᠠᠷᠢᠯ ᠤᠨ ᠭᠤᠶᠤ ᠦᠵᠡᠮᠵᠢ ᠶᠢ ᠰᠣᠨᠢᠷᠬᠠᠵᠤ ᠪᠣᠯᠣᠨ᠎ᠠ᠃ 02 2023 ᠣᠨ ᠤ ᠡᠷᠢᠶᠡᠨ ᠬᠤᠲᠠ ᠮᠥᠰᠥ ᠴᠠᠰᠤᠨ ᠤ ᠨᠠᠷᠬᠢᠯ ᠪᠠᠶᠠᠷ ᠵᠢᠴᠢ ︽ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ︾᠎ ᠤᠨ ᠠᠵᠢᠯᠯᠠᠭ᠎ᠠ ᠴᠠᠭ᠄ 2023 ᠣᠨ ᠤ 12 ᠰᠠᠷ᠎ᠠ ᠶᠢᠨ ᠰᠡᠭᠦᠯᠴᠢ ︱ 2024 ᠣᠨ ᠤ 2 ᠰᠠᠷ᠎ᠠ ᠭᠠᠵᠠᠷ᠄ ᠡᠷᠢᠶᠡᠨ ᠬᠤᠲᠠ ᠠᠭᠤᠯᠭ᠎ᠠ᠄ ᠡᠷᠢᠶᠡᠨ ᠬᠤᠳᠠ ᠶᠢᠨ ᠬᠢᠨ ᠬᠤᠶᠠᠷ ᠭᠡᠷ ᠤᠨ ᠭᠠᠳᠠᠨᠠᠬᠢ ᠮᠥᠰᠥᠨ ᠳᠠᠯᠠᠪᠠᠢ᠂ ᠨᠢᠭᠡ ᠴᠠᠰᠤᠨ ᠳᠠᠯᠠᠪᠠᠢ ᠪᠠᠶᠢᠭᠤᠯᠵᠤ᠂ ᠥᠷᠭᠡᠨ ᠤᠯᠠᠨ ᠬᠤᠳᠠ ᠶᠢᠨ ᠠᠷᠠᠳ ᠲᠤ ᠡᠯ᠎ᠡ ᠵᠦᠢᠯ ᠤᠨ ᠮᠥᠰᠥ ᠴᠠᠰᠤᠨ ᠤ ᠤᠷᠤᠯᠳᠤᠭᠠᠨ ᠪᠣᠯᠣᠨ ᠵᠤᠭ᠎ᠠ ᠴᠡᠩᠭᠡᠯ ᠤᠨ ᠠᠵᠢᠯᠯᠠᠭ᠎ᠠ ᠲᠣᠬᠢᠷᠠᠭᠤᠯᠬᠤ ᠶᠢᠨ ᠬᠠᠮᠲᠤ ᠮᠥᠰᠥ ᠴᠠᠰᠤᠨ ᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠬᠦ ᠪᠠᠷ ᠪᠤᠢ᠃ ᠬᠠᠷᠢ ᠨᠤᠲᠤᠭ ᠤᠨ ᠵᠠᠩ ᠦᠢᠯᠡ ᠪᠠᠷ ᠪᠢᠯᠬᠠᠮ᠎ᠠ ᠡᠷᠢᠶᠡᠨ ᠬᠤᠳᠠ ᠎ ᠶᠢ  ᠪᠡᠶᠡᠴᠢᠯᠡᠨ ᠣᠶᠢᠯᠠᠭᠠᠶ᠎ᠠ ᠭᠡᠵᠦ ᠪᠣᠳᠣᠵᠣ ᠪᠠᠶᠢᠭ᠎ᠠ ᠵᠤᠭᠠᠴᠠᠭᠰᠠᠳ ᠵᠠᠪᠰᠢᠶᠠᠨ ᠢ ᠪᠢᠳᠡᠬᠡᠢ  ᠠᠯᠳᠠᠬᠤ ᠪᠣᠯᠪᠠᠣ᠃ 03 ᠲᠡᠮᠡᠭᠡᠨ ᠤ ᠰᠣᠶᠣᠯ ᠤᠨ ᠨᠠᠶᠢᠷ ᠵᠢᠴᠢ ᠳᠥᠷᠪᠡᠳᠦᠭᠡᠷ ᠬᠤᠭᠤᠴᠠᠭ᠎ᠠ  ᠎ ᠶᠢᠨ ︽ᠮᠥᠩᠭᠦᠨ ᠡᠪᠦᠯ︾᠎ ᠤᠨ ᠪᠠᠭᠠᠴᠤᠳ ᠤᠨ ᠮᠥᠰᠥ ᠴᠠᠰᠤᠨ ᠤ ᠨᠠᠭᠠᠳᠤᠮ ᠴᠠᠭ᠄ 2023 ᠣᠨ ᠤ 12 ᠰᠠᠷ᠎ᠠ ᠶᠢᠨ ᠰᠡᠭᠦᠯᠴᠢ ᠭᠠᠵᠠᠷ᠄ ᠰᠥᠨᠢᠳ ᠵᠡᠭᠦᠨ ᠬᠤᠰᠢᠭᠤ ᠠᠭᠤᠯᠭ᠎ᠠ᠄  ᠲᠡᠮᠡᠭᠡ᠂ ᠮᠣᠷᠢ ᠤᠷᠤᠯᠳᠤᠬᠤ᠂ ᠱᠠᠭ᠎ᠠ ᠶᠢᠨ ᠤᠷᠤᠯᠳᠤᠭᠠᠨ᠂ ᠪᠠᠰᠠ ᠳᠡᠭᠡᠰᠦᠨ ᠤᠷᠠᠯᠠᠯ᠂ ᠦᠷ᠎ᠡ ᠎ ᠶᠢᠨ ᠲᠡᠮᠡᠭᠡᠨ ᠤ  ᠭᠤᠸ᠎ᠠ ᠰᠢᠯᠭᠠᠷᠠᠭᠤᠯᠬᠤ ᠤᠷᠤᠯᠳᠤᠭᠠᠨ ᠪᠠ ᠪᠥᠬᠡ ᠶᠢᠨ ᠤᠷᠤᠯᠳᠤᠭᠠᠨ ᠵᠡᠷᠭᠡ ᠣᠯᠠᠨ ᠲᠥᠷᠥᠯ ᠤᠨ ᠤᠷᠤᠯᠳᠤᠭᠠᠨ ᠪᠠᠭᠲᠠᠨ᠎ᠠ  ᠃ ᠰᠥᠨᠢᠳ ᠤᠨ ᠲᠡᠮᠡᠭᠡᠨ ᠤ ᠰᠣᠶᠣᠯ ᠤᠨ ᠨᠠᠶᠢᠷ ᠲᠤ ᠣᠷᠣᠯᠴᠠᠬᠤ ᠎ ᠨᠢ ︽ᠭᠤᠪᠢ ᠶᠢᠨ ᠵᠠᠪᠢ︾᠎ ᠶᠢ ᠰᠣᠨᠢᠷᠬᠠᠵᠤ ᠳᠡᠶᠢᠯᠬᠦ ᠪᠠᠷ ᠪᠠᠷᠠᠬᠤ ᠦᠭᠡᠢ᠂ ᠪᠥᠬᠦ ᠤᠯᠤᠰ ᠲᠤ ᠠᠯᠳᠠᠷᠰᠢᠭᠰᠠᠨ ᠰᠥᠨᠢᠳ ᠤᠨ ᠬᠤᠨᠢᠨ ᠮᠢᠬ᠎ᠠ ᠶᠢ ᠴᠤ ᠠᠮᠲᠠᠯᠠᠵᠤ ᠲᠠᠶᠢᠯᠤᠨ᠎ᠠ᠂ ᠥᠷᠭᠡᠨ ᠣᠯᠠᠨ ᠢᠳᠡᠭᠡᠨ ᠤᠮᠳᠠᠭᠠᠨ ᠤ ᠨᠠᠶᠢᠵᠠ ᠨᠠᠷ ᠵᠠᠪᠰᠢᠶᠠᠨ ᠢ ᠪᠢᠳᠡᠬᠡᠢ ᠠᠯᠳᠠᠬᠤ ᠪᠣᠯᠪᠠᠣ᠃ 04 ᠡᠪᠦᠯ ᠤᠨ ᠤᠯᠠᠷᠢᠯ ᠤᠨ ᠠᠷᠠᠳ ᠤᠨ ᠵᠠᠩ ᠦᠢᠯᠡ ᠶᠢ ᠣᠶᠢᠯᠠᠭᠠᠬᠤ ᠰᠢᠷᠢᠰ ᠠᠵᠢᠯᠯᠠᠭ᠎ᠠᠴᠠᠭ᠄ 2024 ᠣᠨ ᠤ 1 ︱ 2 ᠰᠠᠷ᠎ᠠ ᠭᠠᠵᠠᠷ ᠣᠷᠣᠨ᠄ ᠲᠠᠶᠢᠫᠤᠰᠧ ᠬᠤᠰᠢᠭᠤ ᠠᠭᠤᠯᠭ᠎ᠠ᠄ ︽ᠭᠠᠯ ᠳᠠᠬᠢᠬᠤ ᠪᠠᠶᠠᠷ︾ ᠴᠠᠭᠠᠨ ᠰᠠᠷ᠎ᠠ ᠶᠢ ᠤᠭᠲᠤᠬᠤ ᠶᠣᠰᠣᠯᠠᠯ  ᠂ ︽ᠭᠠᠯ ᠪᠠᠳᠠᠷᠠᠭᠤᠯᠬᠤ︾ ᠶᠣᠰᠣᠯᠠᠯ᠂ ︽ ᠰᠠᠷ᠎ᠠ ᠰᠢᠨ᠎ᠡ ᠳᠡᠭᠡᠨ ᠪᠤᠶᠠᠨ ᠬᠡᠰᠢᠭ ᠲᠠᠢ ᠶᠠᠪᠤᠬᠤ︾᠂ ᠲᠠᠶᠢᠫᠤᠰᠧ ᠬᠤᠰᠢᠭᠤ  ᠎ ᠶᠢᠨ ᠰᠢᠨ᠎ᠡ ᠵᠢᠯ ᠤᠨ ᠴᠠᠶᠢᠯᠠᠯᠭ᠎ᠠ  ᠂ ᠪᠢ ᠲᠠᠯ᠎ᠠ ᠨᠤᠲᠤᠭ ᠲᠠᠭᠠᠨ ᠣᠴᠢᠵᠤ ᠳᠠᠭᠤᠤ ᠳᠠᠭᠤᠯᠠᠨ᠎ᠠ᠂ ︽ᠨᠠᠰᠤᠲᠠᠶᠢᠴᠤᠳ ᠢᠶᠠᠨ ᠬᠠᠶᠢᠷᠠᠯᠠᠨ ᠬᠠᠯᠠᠮᠵᠢᠯᠠᠵᠤ᠂ ᠬᠥᠳᠡᠭᠡ ᠲᠣᠰᠬᠤᠨ ᠢᠶᠠᠨ ᠬᠠᠶᠢᠷᠠᠯᠠᠶ᠎ᠠ︾᠂ ︽ᠨᠠᠰᠤᠨ ᠥᠯᠵᠡᠢ ᠶᠢ  ᠪᠡᠯᠭᠡᠯᠡᠨ ᠠᠴᠢᠯᠠᠯᠳᠣ ᠰᠡᠳᠬᠢᠯᠡᠭᠡ ᠪᠠᠨ ᠢᠯᠡᠳᠬᠡᠨ · ᠨᠠᠰᠤᠲᠠᠶᠢᠴᠤᠳ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ︾᠂ ᠠᠷᠠᠳ ᠤᠨ ᠵᠠᠩ ᠳᠠᠳᠬᠠᠯ ᠢ ᠪᠡᠶᠡᠴᠢᠯᠡᠨ ᠣᠶᠢᠯᠠᠭᠠᠬᠤ᠂ ᠶᠠᠩᠭᠠᠷ ᠪᠥᠵᠢᠭ ᠤᠨ ᠲᠣᠭᠯᠠᠯᠲᠠ᠂ ᠮᠥᠰᠥᠨ ᠳᠡᠭᠡᠷᠡᠬᠢ ᠯᠤᠤᠲᠤ ᠣᠩᠭᠤᠴᠠ ᠶᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠪᠣᠯᠣᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠦᠳᠡᠰᠢᠯᠡᠭᠡ᠂  ᠴᠠᠭᠠᠨ ᠰᠠᠷ᠎ᠠ ᠶᠢᠨ ᠡᠳ᠋ ᠪᠠᠷᠠᠭᠠᠨ ᠤ ᠪᠣᠷᠣᠯᠠᠭᠤᠯᠭ᠎ᠠ ᠶᠢᠨ ᠪᠠᠶᠠᠷ ᠂  ᠳ᠋ᠧᠩ ᠤᠨ ᠣᠨᠢᠰᠤᠭ᠎ᠠ ᠲᠠᠭᠠᠬᠤ᠂  ᠬᠤᠸᠠᠷ ᠫᠣᠣᠵᠢᠩ ᠤᠨ ᠦᠳᠡᠰᠢᠯᠡᠭᠡ ᠵᠡᠷᠭᠡ ᠪᠣᠢ᠃ ᠰᠢᠨ᠎ᠡ ᠵᠢᠯ ᠤᠨ ᠰᠣᠩᠭᠤᠳᠠᠭ ᠦᠨᠦᠷ ᠠᠮᠲᠠ ᠶᠢ ᠣᠶᠢᠯᠠᠭᠠᠬᠤ ᠰᠠᠨᠠᠭ᠎ᠠ ᠲᠠᠢ᠂ ᠤᠯᠠᠮᠵᠢᠯᠠᠯᠲᠤ ᠵᠠᠩ ᠳᠠᠳᠬᠠᠯ ᠢ  ᠣᠶᠢᠯᠠᠭᠠᠶ᠎ᠠ ᠭᠡᠵᠦ ᠪᠣᠳᠣᠵᠣ ᠪᠠᠶᠢᠭ᠎ᠠ ᠨᠠᠶᠢᠵᠠ ᠨᠠᠷ ᠲᠠᠶᠢᠫᠤᠰᠧ ᠬᠤᠰᠢᠭᠤᠨ ᠳᠤ ᠢᠷᠡᠵᠦ ︽ᠪᠢ ᠪᠦᠦ ᠴᠠᠩ ᠳᠤ ᠬᠦᠷᠴᠦ ᠰᠢᠨ᠎ᠡ ᠵᠢᠯ ᠢᠶᠠᠨ ᠥᠩᠭᠡᠷᠡᠭᠦᠯᠬᠦ︾  ᠪᠣᠯᠪᠠᠣ᠃ 05 ᠤᠯᠠᠭᠠᠢ ᠶᠢᠨ ᠮᠥᠰᠥ ᠴᠠᠰᠤᠨ ᠤ ᠨᠠᠶᠢᠷ ᠰᠢᠷᠢᠰ ᠠᠵᠢᠯᠯᠠᠭ᠎ᠠ ᠴᠠᠭ᠄ 2023 ᠣᠨ ᠤ 12 ᠰᠠᠷ᠎ᠠ ᠶᠢᠨ ᠰᠡᠭᠦᠯᠴᠢ ᠭᠠᠵᠠᠷ᠄ ᠤᠯᠠᠭᠠᠢ ᠬᠠᠮᠢᠶᠠᠷᠤᠯᠲᠠ ᠶᠢᠨ ᠣᠷᠣᠨ ᠠᠭᠤᠯᠭ᠎ᠠ᠄ ᠥᠪᠥᠷ ᠮᠣᠩᠭᠤᠯ ᠤᠨ ᠵᠡᠭᠦᠨ ᠬᠡᠰᠡᠭ ᠤᠨ ᠡᠯ᠎ᠡ ᠠᠶᠢᠮᠠᠭ ᠬᠤᠲᠠ ᠶᠢᠨ ᠵᠢᠭᠤᠯᠴᠢᠯᠠᠯ ᠤᠨ ᠶᠠᠷᠢᠶᠠᠨ ᠤ ᠲᠠᠪᠴᠠᠩ᠂ ᠲᠠᠨᠢᠯᠴᠠᠭᠤᠯᠬᠤ ᠤᠬᠠᠭᠤᠯᠭ᠎ᠠ ᠶᠢᠨ ᠠᠵᠢᠯᠯᠠᠭ᠎ᠠ᠂ ᠮᠥᠰᠥ ᠴᠠᠰᠤᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ᠂ ᠮᠥᠰᠥᠨ ᠳᠡᠭᠡᠷᠡᠬᠢ ᠯᠤᠤᠲᠤ ᠣᠩᠭᠤᠴᠠ ᠶᠢᠨ ᠤᠷᠤᠯᠳᠤᠭᠠᠨ᠂ ᠮᠣᠷᠢ ᠤᠷᠤᠯᠳᠤᠬᠤ᠂ ︽ᠴᠠᠰᠤᠲᠤ ᠣᠷᠣᠨ ᠤ ᠬᠥᠬᠡ ᠴᠢᠨ᠋ᠸ᠎ᠠ︾ ᠬᠡᠷᠡᠯ ᠵᠢᠷᠤᠭ ᠤᠨ ᠤᠷᠤᠯᠳᠤᠭᠠᠨ᠂ ᠮᠠᠰᠢᠨ ᠲᠡᠷᠭᠡᠨ ᠤ ᠲᠡᠰᠭᠡᠯ ᠤᠷᠤᠯᠳᠤᠭᠠᠨ᠂ ᠵᠢᠯ ᠠᠯᠤᠰᠯᠠᠭᠰᠠᠨ ᠵᠢᠭᠤᠯᠴᠢᠯᠠᠭᠴᠢᠳ ᠤᠨ ᠴᠠᠭᠠᠨ ᠰᠠᠷ᠎ᠠ ᠶᠢᠨ ᠦᠳᠡᠰᠢᠯᠡᠭᠡ ᠪᠤᠶᠤ ᠠᠶᠢᠮᠠᠭ ᠤᠨ ᠳᠣᠲᠣᠷᠠᠬᠢ ᠤᠯᠠᠭᠠᠨᠮᠥ᠋ᠴᠢᠷ ᠤᠨ ᠲᠣᠭᠯᠠᠯᠲᠠ᠂ ᠵᠠᠭᠤᠨ ᠵᠢᠭᠤᠯᠴᠢᠯᠠᠯ ᠤᠨ ᠭᠠᠵᠠᠷ ᠰᠦᠯᠵᠢᠶᠡᠨ ᠤ ᠬᠠᠯᠠᠮᠰᠢᠮᠠᠯ ᠦᠵᠡᠮᠵᠢ ᠶᠢᠨ ᠣᠷᠣᠨ ᠳᠤ ᠬᠦᠷᠬᠦ ᠵᠡᠷᠭᠡ ᠠᠯᠢ ᠣᠯᠠᠨ ᠠᠵᠢᠯᠯᠠᠭ᠎ᠠ ᠶᠢ ᠪᠠᠭᠲᠠᠭᠠᠨ᠎ᠠ᠃ ᠵᠤᠨ ᠤ ᠤᠯᠠᠷᠢᠯ ᠤᠨ ᠲᠡᠭᠷᠢ ᠶᠢᠨ ᠬᠠᠶᠠᠭᠠᠨ ᠳᠠᠬᠢ ᠤᠯᠠᠭᠠᠢ ᠶᠢ ᠣᠶᠢᠯᠠᠭᠠᠭᠰᠠᠨ ᠪᠣᠯ᠂ ᠡᠪᠦᠯ ᠤᠨ ᠣᠯᠠᠷᠢᠯ ᠤᠨ ᠮᠥᠰᠦ ᠴᠠᠰᠣᠨ ᠳᠤ ᠬᠤᠴᠢᠭᠳᠠᠭᠰᠠᠨ ᠤᠯᠠᠭᠠᠢ ᠶᠢᠨ ᠲᠠᠯ᠎ᠠ ᠨᠤᠲᠤᠭ ᠢ ᠴᠤ ᠠᠯᠳᠠᠵᠤ ᠪᠣᠯᠬᠤ ᠦᠭᠡᠢ᠂ ᠵᠤᠭᠠᠴᠠᠭᠰᠠᠳ ᠠᠳᠡ ᠠᠴᠠ ᠡᠬᠡ ᠤᠯᠤᠰ ᠤᠨ ᠤᠮᠠᠷᠠᠲᠤ ᠶᠢᠨ ᠥᠷᠭᠡᠨ ᠠᠭᠤᠳᠠᠮ ᠰᠦᠷᠯᠢᠭ ᠰᠠᠶᠢᠬᠠᠨ ᠪᠠᠶᠢᠳᠠᠯ ᠢ ᠣᠶᠢᠯᠠᠭᠠᠵᠤ ᠪᠣᠯᠣᠨ᠎ᠠ᠃ ᠳᠡᠭᠡᠷᠡᠬᠢ ᠭᠤᠣᠯᠳᠠᠯᠭ᠎ᠠ ᠲᠠᠢ ᠠᠵᠢᠯᠯᠠᠭ᠎ᠠ ᠠᠴᠠ ᠭᠠᠳᠠᠨ᠎ᠠ᠂ ᠲᠥᠪ ᠤᠨ ᠲᠧᠯᠸᠢᠰ ᠬᠤᠷᠢᠶ᠎ᠠ ᠶᠢᠨ ︽ᠠᠶᠠᠨ ᠵᠠᠮ ᠳᠠᠭᠠᠨ ᠪᠠᠶᠠᠷ ᠬᠥᠷ ᠲᠠᠢ︾ ᠫᠷᠣᠭ᠍ᠷᠠᠮ ᠨᠢ ᠰᠢᠯᠢ ᠶᠢᠨ ᠭᠤᠣᠯ ᠳᠤ ᠢᠷᠡᠬᠦ ᠪᠣᠯᠣᠨ᠎ᠠ᠂ ᠲᠤᠬᠠᠢ ᠶᠢᠨ ᠦᠶ᠎ᠡ ᠳᠤ ᠨᠠᠷᠠᠲᠤ ᠳᠠᠭᠤᠴᠢᠨ ᠬᠣ᠋ ᠰᠢᠶᠠ᠂  ᠰᠢ ᠯᠢᠨ ᠨᠠ ᠢ · ᠭᠤᠸ ᠵᠢᠴᠢ ᠲᠥᠪ ᠲᠧᠯᠸᠢᠰ ᠤᠨ ᠬᠥᠲᠥᠯᠥᠭᠴᠢ ᠸᠠᠩ ᠪᠢᠩ ᠪᠢᠩ᠂ ᠷᠧᠨ ᠯᠦ ᠢᠦᠢ ᠰᠢᠯᠢ ᠶᠢᠨ ᠭᠤᠣᠯ ᠳᠤ ᠢᠷᠡᠨ᠎ᠡ᠂ ᠪᠠᠰᠠ ᠥᠭᠡᠷ᠎ᠡ ᠨᠢᠭᠤᠴᠠᠬᠠᠨ ᠬᠦᠨᠳᠦᠲᠦ ᠵᠣᠴᠢᠳ ᠰᠢᠯᠢ ᠶᠢᠨ ᠭᠤᠣᠯ ᠳᠤ ᠢᠷᠡᠬᠦ ᠪᠣᠯᠣᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号