ᠪᠦᠷᠢᠨᠵᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/11/16
 ᠪᠦᠷᠢᠨᠵᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ 11 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠬᠡᠰᠡᠭ ᠢᠯᠴᠢ ᠬᠠᠩᠭᠠᠬᠤ ᠠᠵᠤ ᠠᠬᠤᠶᠢᠯᠠᠯ ᠤᠨ ᠲᠥᠪ ᠤᠨ ᠲᠣᠬᠢᠷᠠᠭᠤᠯᠬᠤ ᠲᠠᠰᠤᠭ ᠵᠢᠴᠢ ᠢᠯᠴᠢ ᠰᠣᠯᠢᠯᠴᠠᠬᠤ ᠥᠷᠲᠡᠭᠡ ᠳᠤ ᠭᠦᠨᠵᠡᠭᠡᠶᠢᠷᠡᠨ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠪᠦᠷᠢᠨᠵᠢᠨ ᠤᠷᠢᠳ ᠬᠤᠵᠢᠳ ᠰᠢᠨ ᠴᠧᠨ ᠢᠯᠴᠢ ᠬᠠᠩᠭᠠᠬᠤ᠂ ᠮᠧᠩ ᠨᠧᠩ ᠰᠢᠯᠢᠨ ᠢᠯᠴᠢ ᠴᠠᠬᠢᠯᠭᠠᠨ᠂ ᠴᠧᠩ ᠱᠠᠩ ᠴᠧᠩ ᠰᠠᠭᠤᠭᠠᠯᠢ ᠲᠣᠭᠤᠷᠢᠭ ᠤᠨ ᠢᠯᠴᠢ ᠰᠣᠯᠢᠯᠴᠠᠬᠤ ᠦᠷᠳᠡᠭᠡ ᠪᠣᠯᠣᠨ ᠨᠠᠭᠠᠳᠤᠮ ᠰᠠᠭᠤᠭᠠᠯᠢ ᠲᠣᠭᠤᠷᠢᠭ ᠤᠨ ᠢᠯᠴᠢ ᠰᠣᠯᠢᠯᠴᠠᠬᠤ ᠦᠷᠳᠡᠭᠡ ᠳᠤ ᠬᠦᠷᠴᠦ᠂ ᠲᠤᠬᠠᠢ ᠶᠢᠨ ᠭᠠᠵᠠᠷ ᠲᠤᠨᠢ ᠤᠰᠤᠨ ᠤ ᠳᠤᠯᠠᠭᠠᠨ᠂ ᠤᠰᠤᠨ ᠤ ᠳᠠᠷᠤᠴᠠ᠂ ᠣᠷᠣᠰᠬᠤ ᠬᠡᠮᠵᠢᠶ᠎ᠡ ᠵᠡᠷᠭᠡ ᠲᠤᠬᠠᠢ ᠶᠢᠨ ᠴᠠᠭ ᠤᠨ ᠢᠯᠴᠢ ᠬᠠᠩᠭᠠᠬᠤ ᠪᠣᠯᠵᠣᠯᠲᠤ ᠲᠤᠭ᠎ᠠ ᠶᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ᠂ ᠲᠥᠬᠦᠭᠡᠷᠦᠮᠵᠢ ᠶᠢᠨ ᠵᠥᠭᠡᠭᠡᠪᠦᠷᠢ ᠪᠣᠯᠣᠨ ᠰᠠᠭᠤᠭᠠᠯᠢ ᠠᠷᠠᠳ ᠤᠨ ᠪᠠᠭ᠎ᠠ ᠲᠣᠭᠤᠷᠢᠭ ᠤᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠤᠭᠰᠠᠨ ᠤ ᠳᠠᠷᠠᠭ᠎ᠠ᠂ ᠪᠦᠷᠢᠨᠵᠢᠨ ᠪᠥᠬᠦ ᠬᠤᠲᠠ ᠶᠢᠨ ᠢᠯᠴᠢ ᠬᠠᠩᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠢᠯᠴᠢ ᠬᠠᠩᠭᠠᠭᠰᠠᠨ ᠠᠰᠠᠭᠤᠳᠠᠯ ᠤᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠵᠢᠴᠢ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠲᠠ ᠶᠢᠨ ᠢᠯᠴᠢ ᠬᠠᠩᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠯᠴᠢ ᠬᠠᠩᠭᠠᠬᠤ ᠠᠵᠤ ᠠᠬᠤᠶᠢᠯᠠᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠢᠷᠭᠡᠳ ᠤᠨ ᠪᠡᠶ᠎ᠡ ᠰᠡᠳᠬᠢᠯ ᠤᠨ ᠬᠠᠯᠠᠭᠤᠨ ᠬᠦᠢᠲᠡᠨ ᠳᠤ ᠬᠤᠯᠪᠣᠭᠳᠠᠵᠤ᠂   ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ ᠤᠳ ᠴᠠᠭ ᠢᠮᠠᠭᠲᠠ ᠣᠯᠠᠨ ᠲᠦᠮᠡᠨ ᠤ ᠬᠦᠢᠲᠡᠨ ᠳᠤᠯᠠᠭᠠᠨ ᠢ ᠰᠡᠳᠬᠢᠯ ᠳᠡᠭᠡᠨ ᠪᠤᠳᠤᠵᠤ᠂ ᠣᠯᠠᠨ ᠲᠦᠮᠡᠨ ᠤ ︽ᠰᠡᠳᠬᠢᠯᠭᠡ ᠶᠢᠨ ᠢᠯᠡᠷᠡᠯ ᠤᠨ ᠪᠠᠶᠢᠳᠠᠯ︾  ᠢ ᠠᠵᠢᠯ ᠤᠨ ᠢᠶᠠᠨ ︽ᠰᠠᠯᠬᠢᠨ ᠤ ᠵᠦᠭᠯᠡᠭᠦᠷ︾ ᠪᠣᠯᠭᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠢᠯᠴᠢ ᠬᠠᠩᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ᠂ ᠲᠤᠷᠰᠢᠨ ᠠᠵᠢᠯᠯᠠᠭᠤᠯᠬᠤ᠂ ᠢᠯᠴᠢ ᠶᠢᠨ ᠢᠷᠡᠯᠲᠡ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠳᠤᠯᠠᠭᠠᠨ ᠲᠠᠭᠠᠯᠠᠮᠵᠢᠲᠠᠢ ᠡᠪᠦᠯ ᠤᠨ ᠤᠯᠠᠷᠢᠯ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠳᠠᠮᠵᠢᠭᠤᠯᠬᠤ ᠬᠤᠭᠤᠯᠠᠢ ᠶᠢ ᠪᠠᠶᠢᠴᠠᠭᠠᠨ ᠵᠠᠰᠠᠬᠤ᠂ ᠬᠥᠳᠡᠯᠭᠡᠬᠦ ᠬᠦᠴᠦᠨ ᠤ ᠴᠠᠬᠢᠯᠭᠠᠨ ᠢᠶᠠᠷ ᠠᠵᠢᠯᠯᠠᠬᠤ ᠵᠡᠷᠭᠡ ᠠᠶᠤᠯ ᠲᠦᠭᠰᠢᠭᠦᠷᠢ ᠶᠢᠨ ᠭᠤᠭᠴᠤᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠠᠵᠢᠯᠯᠠᠭᠰᠠᠳ ᠤᠨ ᠠᠮᠤᠷ ᠲᠦᠪᠰᠢᠨ ᠤ ᠪᠣᠯᠪᠠᠰᠤᠷᠠᠯ ᠪᠣᠯᠣᠨ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠠᠳᠠᠯ ᠠᠬᠤᠢ᠂ ᠨᠡᠶᠢᠭᠡᠮ ᠲᠣᠭᠤᠷᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠨᠢᠯ ᠬᠦᠰᠡᠯ ᠢ ᠴᠠᠭ ᠲᠤᠬᠠᠢ ᠳᠤᠨᠢ ᠬᠦᠯᠢᠶᠡᠨ ᠠᠪᠴᠤ  ᠰᠢᠢᠳᠪᠦᠷᠢᠯᠡᠨ᠂ ᠬᠠᠷᠢᠭᠤ ᠲᠤᠰᠬᠠᠵᠤ ᠂ ᠤᠯᠠᠨ ᠲᠦᠮᠡᠨ ᠤ ︽ᠬᠠᠯᠠᠭᠤᠨ ᠳᠤᠯᠠᠭᠠᠨ ᠪᠠ ᠬᠠᠨᠤᠮᠵᠢᠲᠠᠢ ᠪᠠᠶᠢᠬᠤ ᠨᠣᠷᠮ᠎ᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠤᠳᠤᠷᠢᠳᠤᠯᠭ᠎ᠠ ᠶᠠᠩ ᠵᠧᠨ ᠵᠢᠴᠢ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠢᠯᠴᠢ ᠬᠠᠩᠭᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠢᠨᠠᠨ ᠵᠢᠯᠤᠭᠤᠳᠬᠤ ᠬᠤᠷᠠᠯ ᠳᠤ ᠣᠷᠣᠯᠴᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号