ᠰᠢᠯᠢ ᠶᠢᠨ ᠬᠤᠲᠠ ᠶᠢᠨ 2023 ᠣᠨ ᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ
ᠨᠡᠶᠢᠲᠡᠯᠡᠭᠰᠡᠨ ᠴᠠᠭ᠄
2023/11/22
ᠰᠢᠯᠢ ᠶᠢᠨ ᠬᠤᠲᠠ ᠶᠢᠨ 2023 ᠣᠨ ᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠭᠠᠵᠠᠷ ᠰᠢᠷᠣᠢ ᠶᠢᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠲᠥᠯᠥᠪᠯᠡᠭᠡ ᠶᠢᠨ ᠬᠥᠲᠥᠯᠥᠨ ᠵᠢᠯᠤᠭᠤᠳᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠬᠠᠮᠢᠶᠠᠷᠤᠯᠲᠠ ᠶᠢ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠷᠤᠮᠵᠢᠯ ︵ᠲᠤᠷᠰᠢᠨ ᠬᠡᠷᠡᠭᠵᠢᠭᠦᠯᠬᠦ︶᠎ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠠᠷᠬᠠᠭᠠᠭᠰᠠᠨ ﹇2010﹈ 117 ᠳ᠋ᠤᠭᠠᠷ ᠲᠣᠭᠠᠲᠤ︶᠎ ᠢ ᠦᠨᠳᠦᠰᠦᠯᠡᠨ᠂ ︽ᠰᠢᠯᠢ ᠶᠢᠨ ᠬᠤᠲᠠ ᠶᠢᠨ ᠬᠤᠲᠠ ᠶᠢᠨ ᠶᠡᠷᠦᠩᠬᠡᠢ ᠲᠥᠯᠦᠪᠵᠢᠭᠦᠯᠭᠡ︾᠂ ︽ᠰᠢᠯᠢ ᠶᠢᠨ ᠬᠤᠲᠠ ᠶᠢᠨ ᠭᠠᠵᠠᠷ ᠰᠢᠷᠣᠢ ᠠᠰᠢᠭᠯᠠᠬᠤ ᠶᠡᠷᠦᠩᠬᠡᠢ ᠲᠥᠯᠦᠪᠵᠢᠭᠦᠯᠭᠡ︾ ᠪᠠ ᠭᠠᠵᠠᠷ ᠰᠢᠷᠣᠢ ᠠᠰᠢᠭᠯᠠᠬᠤ ᠣᠨ ᠤ ᠲᠥᠯᠥᠪᠯᠡᠭᠡ ᠲᠠᠢ ᠤᠶᠠᠯᠳᠤᠭᠤᠯᠵᠤ᠂ ᠳᠡᠭᠡᠷ᠎ᠡ ᠵᠢᠯ ᠤᠨ ᠭᠠᠵᠠᠷ ᠰᠢᠷᠣᠢ ᠬᠠᠩᠭᠠᠭᠰᠠᠨ ᠪᠠᠶᠢᠳᠠᠯ ᠪᠠ ᠲᠣᠰ ᠵᠢᠯ ᠤᠨ ᠭᠠᠵᠠᠷ ᠰᠢᠷᠣᠢ ᠬᠡᠷᠡᠭᠯᠡᠬᠦ ᠬᠡᠷᠡᠭᠴᠡᠭᠡ ᠪᠠᠷ ᠯᠠᠪᠯᠠᠯᠲᠠ ᠪᠣᠯᠭᠠᠵᠤ᠂ ᠲᠣᠰ ᠲᠥᠯᠥᠪᠯᠡᠭᠡ ᠶᠢ ᠣᠨᠴᠣᠭᠤᠶᠢᠯᠠᠨ ᠲᠣᠭᠲᠠᠭᠠᠪᠠ᠃ ᠨᠢᠭᠡ᠂ ᠦᠨᠳᠦᠰᠦᠨ ᠵᠠᠷᠴᠢᠮ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠬᠠᠩᠭᠠᠬᠤ ᠪᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠳᠤ ᠬᠡᠷᠡᠭᠯᠡᠬᠦ ᠭᠠᠵᠠᠷ ᠢ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠶᠡᠷᠦᠩᠬᠡᠢ ᠬᠡᠮᠵᠢᠶ᠎ᠡ ᠶᠢ ᠲᠣᠬᠢᠷᠠᠮᠵᠢᠲᠠᠢ ᠪᠠᠶᠢᠯᠭᠠᠬᠤ᠂ ᠳᠣᠲᠣᠭᠠᠳᠤ ᠳᠠᠭᠠᠨ ᠲᠡᠩᠴᠡᠭᠦᠷᠢᠲᠡᠢ ᠪᠠᠶᠢᠯᠭᠠᠬᠤ᠂ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ᠂ ᠭᠤᠣᠯᠳᠠᠯᠭ᠎ᠠ ᠲᠠᠢ ᠪᠠᠲᠤᠯᠠᠬᠤ ᠵᠠᠷᠴᠢᠮ ᠠᠷᠭ᠎ᠠ ᠶᠢ ᠪᠠᠷᠢᠮᠲᠠᠯᠠᠨ᠂ ᠡᠯ᠎ᠡ ᠲᠥᠷᠥᠯ ᠤᠨ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠭᠦᠢᠴᠡᠳᠬᠡᠬᠦ ᠲᠤᠭ᠎ᠠ ᠶᠢ ᠵᠣᠬᠢᠰᠲᠠᠢ ᠲᠣᠬᠢᠷᠠᠭᠤᠯᠵᠤ᠂ ᠵᠢᠯᠤᠭᠤᠳᠬᠤ ᠴᠢᠨᠠᠷ ᠪᠠ ᠵᠢᠭᠠᠪᠤᠷᠢ ᠶᠢᠨ ᠴᠢᠨᠠᠷ ᠢ ᠤᠶᠠᠯᠳᠤᠭᠤᠯᠵᠤ᠂ ᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠠᠬᠢᠭᠤᠯᠵᠤ᠂ ᠮᠠᠨ ᠤ ᠬᠤᠲᠠ ᠶᠢᠨ ᠠᠵᠤ ᠠᠬᠤᠢ ᠶᠢᠨ ᠲᠦᠷᠭᠡᠨ ᠪᠥᠭᠡᠳ ᠰᠠᠶᠢᠨ ᠬᠥᠭᠵᠢᠯᠲᠡ ᠶᠢ ᠠᠬᠢᠭᠤᠯᠤᠨ᠎ᠠ᠃ ᠬᠤᠶᠠᠷ᠂ ᠲᠥᠯᠥᠪᠯᠡᠭᠡᠨ ᠤ ᠭᠦᠢᠴᠡᠳᠬᠡᠬᠦ ᠲᠤᠭ᠎ᠠ ︵ᠨᠢᠭᠡ︶ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ 2023 ᠣᠨ ᠤ ᠲᠣᠰ ᠬᠤᠲᠠ ᠶᠢᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠶᠢ 3908.6624 ᠾᠧᠺᠲ᠋ᠠᠷ ᠤᠨ ᠳᠣᠲᠣᠷ᠎ᠠ ᠬᠢᠵᠠᠭᠠᠷᠯᠠᠨ᠎ᠠ᠃ ︵ᠬᠤᠶᠠᠷ︶ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠪᠦᠲᠦᠴᠡ 2023 ᠣᠨ ᠤ ᠲᠣᠰ ᠬᠤᠲᠠ ᠶᠢᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠶᠡᠷᠦᠩᠬᠡᠢ ᠬᠡᠮᠵᠢᠶᠡᠨ ᠤ ᠳᠣᠲᠣᠷ᠎ᠠ᠂ ᠬᠤᠳᠠᠯᠳᠤᠭ᠎ᠠ ᠦᠢᠯᠡᠴᠢᠯᠡᠭᠡ ᠳᠤ ᠬᠡᠷᠡᠭᠯᠡᠬᠦ ᠭᠠᠵᠠᠷ 17.7958 ᠾᠧᠺᠲ᠋ᠠᠷ᠂ ᠦᠢᠯᠡᠳᠪᠦᠷᠢ ᠠᠭᠤᠷᠬᠠᠢ ᠶᠢᠨ ᠬᠥᠮᠥᠷᠭᠡ ᠳᠤ ᠬᠡᠷᠡᠭᠯᠡᠬᠦ ᠭᠠᠵᠠᠷ 3550.1496 ᠾᠧᠺᠲ᠋ᠠᠷ᠂ ᠣᠷᠣᠨ ᠰᠠᠭᠤᠴᠠ ᠳᠤ ᠬᠡᠷᠡᠭᠯᠡᠬᠦ ᠭᠠᠵᠠᠷ 18.9932 ᠾᠧᠺᠲ᠋ᠠᠷ᠂ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ 60.7934 ᠾᠧᠺᠲ᠋ᠠᠷ᠂ ᠵᠠᠮ ᠲᠡᠭᠡᠭᠡᠪᠦᠷᠢ ᠳᠤ ᠬᠡᠷᠡᠭᠯᠡᠬᠦ ᠭᠠᠵᠠᠷ 255.6308 ᠾᠧᠺᠲ᠋ᠠᠷ᠂ ᠣᠨᠴᠠᠭᠠᠶ ᠬᠡᠷᠡᠭᠯᠡᠬᠦ ᠭᠠᠵᠠᠷ 5.2996 ᠾᠧᠺᠲ᠋ᠠᠷ ᠪᠠᠶᠢᠨ᠎ᠠ᠃ ᠭᠤᠷᠪᠠ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ︵ᠨᠢᠭᠡ︶ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ ︽ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠵᠦ᠂ ᠪᠦᠲᠦᠭᠡᠨ ᠪᠠᠶᠢᠭᠤᠯᠤᠯᠲᠠ ᠶᠢ ᠲᠥᠪᠯᠡᠷᠡᠭᠦᠯᠬᠦ︾ ᠭᠦᠢᠴᠡᠳᠬᠡᠬᠦ ᠲᠤᠭ᠎ᠠ ᠶᠢᠨ ᠦᠵᠡᠯ ᠰᠠᠨᠠᠭ᠎ᠠ ᠶᠢ ᠦᠨᠳᠦᠰᠦᠯᠡᠨ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠡᠩ ᠲᠡᠷᠢᠭᠦᠨ ᠳᠤ ᠪᠠᠲᠤᠯᠠᠵᠤ᠂ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠴᠤᠭᠯᠠᠷᠠᠯ ᠤᠨ ᠣᠷᠣᠨ ᠲᠡᠶᠢᠰᠢ ᠲᠥᠪᠯᠡᠷᠡᠭᠦᠯᠬᠦ᠂ ᠴᠤᠭᠯᠠᠷᠠᠯ ᠤᠨ ᠣᠷᠣᠨ ᠢ ᠬᠤᠲᠠ ᠪᠠᠯᠭᠠᠰᠤ ᠲᠡᠶᠢᠰᠢ ᠲᠥᠪᠯᠡᠷᠡᠭᠦᠯᠬᠦ᠂ ᠬᠥᠮᠥᠨ ᠠᠮᠠ ᠶᠢ ᠬᠤᠲᠠ ᠪᠠᠯᠭᠠᠰᠤ ᠲᠡᠶᠢᠰᠢ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠢᠭ᠋ ᠢ ᠠᠯᠬᠤᠮ ᠠᠯᠬᠤᠮ ᠢᠶᠠᠷ ᠨᠡᠶᠢᠭᠡᠮ ᠲᠣᠭᠤᠷᠢᠭᠴᠢᠯᠠᠵᠤ᠂ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠪᠴᠢᠶ᠎ᠡ ᠶᠢ ᠪᠦᠲᠦᠮᠵᠢᠲᠡᠶ ᠪᠠᠷ ᠬᠢᠵᠠᠭᠠᠷᠯᠠᠵᠤ᠂ ᠡᠯ᠎ᠡ ᠲᠦᠷᠦᠯ ᠤᠨ ᠬᠡᠷᠡᠭᠯᠡᠬᠦ ᠭᠠᠵᠠᠷ ᠰᠢᠷᠣᠢ ᠶᠢᠨ ᠪᠡᠶᠡᠴᠢ ᠴᠣᠭᠴᠠ ᠶᠢᠨ ᠴᠢᠳᠠᠮᠵᠢ ᠶᠢ ᠭᠦᠢᠴᠡᠳ ᠢᠯᠡᠷᠡᠭᠦᠯᠬᠦ ᠶᠢᠨ ᠬᠠᠮᠲᠤ ᠵᠦᠢ ᠵᠣᠬᠢᠰᠲᠠᠢ ᠪᠠᠷ ᠣᠷᠣᠨ ᠬᠤᠪᠢᠶᠠᠨ᠎ᠠ᠃ ᠰᠢᠶᠠᠩ ᠪᠠᠯᠭᠠᠰᠤᠨ ᠤ ᠵᠦᠷᠢᠶᠡᠴᠢᠯᠡᠭᠰᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠤᠳᠠ ᠪᠠᠯᠭᠠᠰᠤᠨ ᠤ ᠰᠢᠰᠲ᠋ᠧᠮ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ︵ᠬᠤᠶᠠᠷ︶ ᠭᠠᠵᠠᠷ ᠰᠢᠷᠣᠢ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠎ᠡ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠠᠵᠤ ᠦᠢᠯᠡᠰ᠂ ᠰᠣᠶᠣᠯ ᠤᠨ ᠠᠵᠤ ᠦᠢᠯᠡᠰ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠳᠡᠮᠵᠢᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠤᠴᠤᠷᠤᠩᠭᠤᠢ ᠪᠠ ᠦᠷ᠎ᠡ ᠪᠦᠲᠦᠮᠵᠢ ᠮᠠᠭᠤᠲᠠᠢ ᠠᠵᠤ ᠦᠢᠯᠡᠰ ᠢ ᠵᠠᠭᠠᠵᠠᠯᠠᠵᠤ᠂ ᠪᠣᠬᠢᠷᠲᠤᠭᠤᠯᠤᠯ ᠶᠡᠬᠡᠲᠡᠢ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠦᠢᠯᠡᠰ ᠢ ᠬᠢᠵᠠᠭᠠᠷᠯᠠᠨ᠎ᠠ︔ ᠤᠯᠠᠨ ᠨᠡᠶᠢᠲᠡ ᠶᠢᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠢ ᠤᠷᠢᠳᠠᠪᠠᠷ ᠲᠣᠬᠢᠷᠠᠭᠤᠯᠵᠤ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠎ᠠ᠃ ᠡᠯ᠎ᠡ ᠲᠥᠷᠥᠯ ᠤᠨ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠢᠴᠢ ᠣᠯᠠᠨ ᠨᠡᠶᠢᠲᠡ ᠶᠢᠨ ᠠᠭᠤᠳᠠᠮ ᠲᠠᠯᠠᠪᠠᠶ᠂ ᠠᠮᠠᠷᠠᠬᠤ ᠵᠢᠴᠢ ᠣᠷᠴᠢᠨ ᠲᠣᠭᠤᠷᠢᠨ ᠢ ᠭᠤᠶᠣᠵᠢᠭᠤᠯᠬᠤ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠨᠡᠮᠡᠭᠳᠡᠭᠦᠯᠦᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢ ᠬᠠᠩᠭᠠᠬᠤ ᠳᠤ ᠤᠰᠤ ᠲᠠᠲᠠᠷᠠᠭᠤᠯᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠰᠢᠤᠳᠠᠨ᠂ ᠴᠠᠬᠢᠯᠭᠠᠨ ᠬᠤᠯᠪᠣᠭ᠎ᠠ᠂ ᠭᠠᠯ ᠤᠨᠲᠠᠷᠠᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠳᠤ ᠬᠡᠷᠡᠭᠯᠡᠬᠦ ᠭᠠᠵᠠᠷ ᠪᠠᠭᠲᠠᠨ᠎ᠠ︔ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠢ ᠲᠥᠯᠥᠪᠯᠡᠭᠡ ᠲᠠᠢ ᠪᠠᠷ ᠬᠠᠩᠭᠠᠬᠤ ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠬᠥᠭᠵᠢᠭᠦᠯᠦᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠨᠢ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠬᠤᠳᠠ ᠶᠢᠨ ᠬᠢᠵᠠᠭᠠᠷᠯᠠᠬᠤ ᠴᠢᠨᠠᠷᠲᠠᠢ ᠨᠠᠷᠢᠨ ᠲᠥᠯᠦᠪᠵᠢᠭᠦᠯᠭᠡ ᠪᠠ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠳᠤ ᠨᠡᠶᠢᠴᠡᠭᠰᠡᠨ ᠪᠠᠶᠢᠬᠤ ᠬᠡᠷᠡᠭᠲᠡᠢ᠃ ᠭᠠᠵᠠᠷ ᠤᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠦᠭᠵᠢᠬᠦ ᠶᠢ ᠠᠬᠢᠭᠤᠯᠣᠨ᠎ᠠ᠃ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ ︵ᠭᠤᠷᠪᠠ︶ ᠭᠠᠵᠠᠷ ᠰᠢᠷᠣᠢ ᠶᠢ ᠡᠷᠴᠢᠮᠵᠢᠭᠦᠯᠦᠨ ᠭᠠᠮᠨᠠᠨ ᠠᠰᠢᠭᠯᠠᠬᠤ ᠶᠢ ᠠᠬᠢᠭᠤᠯᠤᠨ᠎ᠠ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠬᠠᠳᠠᠭᠠᠯᠠᠯᠲᠠ ᠬᠡᠮᠵᠢᠶ᠎ᠡ ᠶᠢ ᠠᠰᠢᠭᠯᠠᠬᠤ ᠶᠢ ᠵᠣᠷᠢᠭᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠵᠦᠢᠯᠡᠰ ᠲᠤ ᠤᠯᠠᠨ ᠳᠠᠪᠬᠤᠷᠭᠠᠲᠤ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠰᠠᠨᠠᠭᠠᠴᠢᠯᠠᠨ ᠳᠡᠯᠭᠡᠷᠡᠭᠦᠯᠦᠨ᠎ᠡ᠃ ︵ᠳᠥᠷᠪᠡ︶ ᠡᠬᠢ ᠪᠠᠶᠠᠯᠢᠭ ᠢ ᠲᠣᠬᠢᠷᠠᠭᠤᠯᠬᠤ ᠵᠠᠬ᠎ᠠ ᠳᠡᠯᠭᠡᠭᠦᠷ ᠤᠨ ᠰᠠᠭᠤᠷᠢᠯᠠᠬᠤ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠭᠡᠯ᠂ ᠲᠠᠸᠠᠷ ᠤᠨ ᠣᠷᠣᠨ ᠰᠠᠭᠤᠴᠠ ᠵᠡᠷᠭᠡ ᠡᠵᠡᠩᠨᠡᠯᠲᠡ ᠶᠢᠨ ᠴᠢᠨᠠᠷᠲᠠᠢ ᠬᠡᠷᠡᠭᠯᠡᠬᠦ ᠭᠠᠵᠠᠷ ᠪᠣᠯᠣᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠵᠢᠴᠢ ᠠᠳᠠᠯᠢ ᠨᠢᠭᠡ ᠬᠡᠰᠡᠭ ᠭᠠᠵᠠᠷ ᠲᠤ ᠬᠤᠶᠠᠷ ᠠᠴᠠ ᠳᠡᠭᠡᠭᠰᠢ ᠭᠠᠵᠠᠷ ᠬᠡᠷᠡᠭᠯᠡᠬᠦ ᠰᠠᠨᠠᠭ᠎ᠠ ᠲᠠᠢ ᠪᠠᠶᠢᠪᠠᠯ᠂ ᠡᠷᠬᠡᠪᠰᠢ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠪᠤᠶᠤ ᠫᠠᠶᠢᠰᠠ ᠡᠯᠭᠦᠬᠦ ᠠᠷᠭ᠎ᠠ ᠮᠠᠶ᠋ᠢᠭ ᠢᠶᠠᠷ ᠲᠥᠯᠥᠪᠦᠷᠢ ᠲᠠᠢ ᠪᠠᠷ ᠭᠠᠵᠠᠷ ᠬᠠᠩᠭᠠᠵᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠨᠢᠭᠡᠳᠦᠯᠲᠡᠢ ᠢᠯᠡ ᠪᠠᠷ ᠶᠠᠪᠤᠭᠳᠠᠭᠤᠯᠬᠤ ᠬᠡᠷᠡᠭᠲᠡᠢ᠃ ᠲᠥᠯᠥᠪᠦᠷᠢ ᠲᠠᠢ ᠪᠠᠷ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠡᠵᠡᠩᠨᠡᠯᠲᠡ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠳᠤ ᠬᠡᠷᠡᠭᠯᠡᠬᠦ ᠭᠠᠵᠠᠷ ᠢ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠪᠠᠶᠢᠭᠤᠯᠤᠨ᠎ᠠ᠃ ᠳᠥᠷᠪᠡ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠪᠠᠲᠤᠯᠠᠬᠤ ᠠᠷᠭ᠎ᠠ ᠬᠡᠮᠵᠢᠶ᠎ᠡ ︵ᠨᠢᠭᠡ︶ ᠠᠷᠭ᠎ᠠ ᠬᠡᠮᠵᠢᠶ᠎ᠡ ᠪᠠᠨ ᠢᠳᠡᠪᠬᠢᠲᠡᠢ ᠴᠢᠩᠭᠠᠷᠠᠭᠤᠯᠵᠤ᠂ ᠭᠠᠵᠠᠷ ᠰᠢᠷᠣᠢ ᠬᠠᠩᠭᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ᠂ ᠪᠥᠬᠦ ᠲᠠᠯ᠎ᠠ ᠶᠢ ᠡᠵᠡᠮᠳᠡᠨ᠂ ᠭᠤᠣᠯᠳᠠᠯᠭ᠎ᠠ ᠶᠢ ᠳᠣᠪᠤᠶᠢᠯᠭᠠᠵᠤ᠂ ᠦᠢᠯᠡᠴᠢᠯᠡᠭᠡ ᠶᠢ ᠴᠢᠩᠭᠠᠳᠬᠠᠨ᠂ ᠬᠠᠩᠭᠠᠯᠭ᠎ᠠ ᠶᠢ ᠪᠠᠲᠤᠯᠠᠵᠤ᠂ ᠣᠨ ᠤ ᠭᠤᠣᠯᠳᠠᠯᠭ᠎ᠠ ᠲᠠᠢ ᠲᠣᠮᠣ ᠲᠥᠷᠥᠯ ᠵᠦᠢᠯ ᠳᠤ ᠬᠡᠷᠡᠭᠯᠡᠬᠦ ᠭᠠᠵᠠᠷ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ ᠭᠠᠵᠠᠷ ᠲᠤ ᠤᠷᠢᠳᠴᠢᠯᠠᠨ ᠣᠷᠣᠯᠴᠠᠬᠤ᠂ ᠮᠥᠷᠳᠡᠨ ᠦᠢᠯᠡᠴᠢᠯᠡᠬᠦ᠂ ᠪᠥᠬᠦ ᠶᠠᠪᠤᠴᠠ ᠶᠢ ᠪᠠᠲᠤᠯᠠᠬᠤ ᠠᠷᠭ᠎ᠠ ᠶᠢ ᠠᠪᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃ ︵ᠬᠤᠶᠠᠷ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠭᠡᠷ ᠬᠥᠷᠥᠩᠭᠡ ᠶᠢᠨ ᠲᠣᠪᠴᠢᠶ᠎ᠠ᠂ ᠲᠠᠲᠠᠪᠤᠷᠢᠯᠠᠨ ᠬᠤᠷᠢᠶᠠᠬᠤ ᠲᠣᠪᠴᠢᠶ᠎ᠠ᠂ ᠤᠰᠤ ᠬᠠᠩᠭᠠᠬᠤ ᠤᠰᠤ ᠵᠠᠯᠠᠬᠤ ᠺᠣᠮᠫᠠᠨᠢ︶᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢᠭᠲᠠ ᠵᠣᠬᠢᠴᠠᠭᠤᠯᠤᠨ ᠬᠠᠮᠵᠢᠯᠴᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠵᠢᠴᠢ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠬᠠᠮᠲᠤᠪᠠᠷ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号