ᠰᠢᠯᠢ ᠶᠢᠨ ᠬᠤᠲᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠲᠥᠯᠦᠪᠵᠢᠭᠦᠯᠭᠡ | | ᠵᠡᠮᠳᠡᠭᠴᠦᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠵᠤ᠂ ᠵᠡᠮᠳᠡᠭᠴᠦᠳ ᠤᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠵᠡᠮᠳᠡᠭᠴᠦᠳ ᠤᠨ ᠨᠡᠶᠢᠭᠡᠮ ᠳᠤ ᠡᠷᠬᠡ ᠲᠡᠭᠰᠢ ᠪᠠᠷ ᠣᠷᠣᠯᠴᠠᠬᠤ᠂ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠴᠢᠨᠠᠭᠰᠢᠳᠠ ᠠᠬᠢᠭᠤᠯᠵᠤ᠂ ᠰᠢᠯᠢ ᠶᠢᠨ ᠬᠤᠲᠠ ᠶᠢᠨ | ᠵᠡᠮᠳᠡᠭᠴᠦᠳ ᠤᠨ ᠦᠢᠯᠡᠰ ᠢ ᠠᠵᠤ ᠠᠬᠤᠢ ᠨᠡᠶᠢᠭᠡᠮ ᠲᠠᠢ ᠵᠣᠬᠢᠴᠠᠩᠭᠤᠢ ᠪᠠᠷ ᠬᠥᠭᠵᠢᠭᠦᠯᠵᠦ᠂ ᠪᠦᠬᠦ ᠬᠤᠲᠠ ᠶᠢᠨ | ᠵᠡᠮᠳᠡᠭᠴᠦᠳ ᠤᠨ ᠬᠠᠮᠲᠤ ᠶᠢᠨ ᠴᠢᠨᠡᠭᠡᠯᠢᠭᠵᠢᠯ ᠢ ᠲᠦᠷᠭᠡᠳᠬᠡᠨ ᠠᠬᠢᠭᠤᠯᠵᠤ᠂ ︽︿ᠠᠷᠪᠠᠨ ᠳᠥᠷᠪᠡᠳᠦᠭᠡᠷ ᠲᠠᠪᠤᠨ | ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠶᠢᠨ ᠶᠠᠪᠣᠳᠠᠯ ᠤᠨ ᠬᠤᠷᠢᠶ᠎ᠠ | ᠲᠠᠷᠬᠠᠭᠠᠭᠰᠠᠨ ﹇2021﹈ 10 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ︾᠂ ︽ᠰᠢᠯᠢ ᠶᠢᠨ ᠭᠤᠣᠯ ᠠᠶᠢᠮᠠᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾᠂ ︽ᠰᠢᠯᠢ ᠶᠢᠨ ᠭᠤᠣᠯ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠦᠨᠳᠦᠰᠦᠯᠡᠨ᠂ ᠮᠠᠨ ᠤ ᠬᠤᠲᠠ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠯᠦᠪᠵᠢᠭᠦᠯᠭᠡ ᠶᠢ ᠲᠣᠭᠲᠠᠭᠠᠪᠠ᠃ | ᠨᠢᠭᠡ᠂ ᠬᠥᠭᠵᠢᠯᠲᠡ ᠶᠢᠨ ᠰᠠᠭᠤᠷᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠡᠮᠳᠡᠭᠴᠦᠳ ᠢ ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠣ | ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽13 · 5︾ ᠶᠢᠨ | ᠲᠥᠯᠦᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠶᠢ ᠪᠥᠬᠦ | ᠲᠠᠯ᠎ᠠ ᠪᠠᠷ ᠲᠦᠯᠬᠢᠨ ᠠᠬᠢᠭᠤᠯᠵᠤ᠂ ᠵᠡᠮᠳᠡᠭᠴᠦᠳ ᠤᠨ ᠦᠢᠯᠡᠰ ᠢᠯᠡᠳᠲᠡ ᠦᠷ᠎ᠡ ᠪᠦᠲᠦᠮᠵᠢ ᠣᠯᠪᠠ᠃ | 1. ᠵᠡᠮᠳᠡᠭᠴᠦᠳ ᠤᠨ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠶᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ᠃ | ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ 15 ᠶᠠᠳᠠᠭᠤ ᠬᠦᠴᠢᠷᠳᠡᠯᠲᠡᠢ ᠵᠡᠮᠳᠡᠭᠴᠦᠳ ᠢ ᠪᠦᠬᠦᠨ ᠢ ᠶᠠᠳᠠᠭᠤ | ᠠᠴᠠ ᠠᠩᠭᠢᠵᠢᠷᠠᠭᠤᠯᠬᠤ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ 650 ᠬᠦᠴᠢᠷᠳᠡᠯᠲᠡᠢ ᠵᠡᠮᠳᠡᠭᠴᠦᠳ ᠪᠠ 280 | ᠨᠡᠷᠡᠰ ᠮᠠᠯᠵᠢᠬᠤ ᠲᠠᠷᠢᠶᠠᠯᠠᠬᠤ ᠣᠷᠣᠨ ᠤ ᠬᠦᠴᠢᠷᠳᠡᠯᠲᠡᠢ ᠵᠡᠮᠳᠡᠭᠴᠦᠳ ᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠᠷ | 930 ᠬᠥᠮᠥᠨ ᠳᠤ ᠠᠰᠢᠭ ᠬᠦᠷᠲᠡᠭᠡᠵᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠪᠠᠷ 1406 | ᠬᠥᠮᠥᠨ ᠳᠤ ᠠᠰᠢᠭ ᠬᠦᠷᠲᠡᠭᠡᠵᠦ᠂ 807.61 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠣᠯᠭᠤᠵᠤ | ᠂ ᠨᠥᠬᠦᠪᠦᠷᠢᠯᠡᠬᠦ ᠶᠣᠰᠣᠲᠠᠢ ᠶᠢ ᠨᠢ ᠪᠦᠬᠦᠨ ᠢ ᠨᠥᠬᠦᠪᠦᠷᠢᠯᠡᠬᠦ ᠶᠢ ᠪᠡᠶᠡᠯᠡᠭᠦᠯᠪᠡ᠃ 569 ᠨᠡᠷᠡᠰ ᠬᠦᠨᠳᠦ | ᠵᠡᠮᠳᠡᠭᠴᠦᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠵᠤ᠂ ᠬᠥᠮᠥᠨ ᠪᠦᠷᠢ ᠳᠤ | ᠵᠢᠯ ᠳᠤ 200 ᠲᠥᠭᠦᠷᠢᠭ ᠥᠭᠴᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ | ᠵᠡᠮᠳᠡᠭᠴᠦᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ ᠰᠦᠢᠳᠬᠡᠯ ᠬᠤᠷᠢᠶᠠᠬᠤ ᠦᠭᠡᠢ ᠪᠠᠷ | ᠡᠳ᠋ᠯᠡᠭᠦᠯᠬᠦ ᠶᠢ ᠨᠡᠶᠢᠳᠡᠮ ᠪᠦᠷᠬᠦᠭᠦᠯᠬᠦ ᠪᠡᠶᠡᠯᠡᠭᠦᠯᠪᠡ᠃ | 2. ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ | ᠴᠢᠩᠭᠠᠳᠬᠠᠨ᠎ᠠ᠃ ᠪᠥᠬᠦ ᠬᠤᠲᠠ ᠶᠢᠨ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ | 90% ᠳᠤ ᠬᠦᠷᠴᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠨᠣᠷᠮ᠎ᠠ 95% ᠳᠤ | ᠬᠥᠷᠪᠡ᠃ 137 ᠵᠡᠮᠳᠡᠭ ᠰᠣᠷᠣᠭᠴᠢ ᠵᠢᠴᠢ ᠵᠡᠮᠳᠡᠭᠴᠦᠳ ᠤᠨ ᠭᠡᠷ ᠪᠦᠯᠢ ᠶᠢᠨ ᠦᠷ᠎ᠡ ᠬᠡᠦᠬᠡᠳ ᠤᠨ | ᠰᠤᠷᠭᠠᠭᠤᠯᠢ ᠳᠤ ᠣᠷᠣᠬᠤ ᠳᠤ ᠲᠤᠰᠠᠯᠠᠮᠵᠢ ᠬᠠᠩᠭᠠᠵᠤ᠂ ᠵᠡᠮᠳᠡᠭ ᠪᠠᠭᠠᠴᠤᠳ ᠬᠡᠦᠬᠡᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 95% ᠳᠤ ᠬᠦᠷᠭᠡᠪᠡ᠃ ᠡᠯ᠎ᠡ ᠲᠥᠷᠥᠯ ᠤᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ 517 ᠬᠥᠮᠥᠨ | ᠤᠳᠠᠭ᠎ᠠ ᠥᠷᠨᠢᠭᠦᠯᠵᠦ᠂ ᠵᠡᠮᠳᠡᠭᠴᠦᠳ ᠢ 56 ᠬᠥᠮᠥᠨ ᠤᠳᠠᠭ᠎ᠠ ᠳᠥᠪᠬᠢᠨᠡᠭᠦᠯᠦᠨ ᠠᠵᠢᠯ ᠣᠯᠭᠤᠵᠤ᠂ ᠠᠵᠢᠯ | ᠣᠯᠭᠤᠯᠲᠠ ᠶᠢᠨ ᠨᠣᠷᠮ᠎ᠠ 10.83% ᠳᠤ ᠬᠥᠷᠪᠡ᠃ ︽ᠳᠠᠷᠤᠶᠢᠬᠠᠨ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠬᠤᠲᠠ ᠶᠢᠨ 53 ᠨᠡᠶᠢᠭᠡᠮ ᠲᠣᠭᠤᠷᠢᠭ ᠲᠤ ᠵᠡᠮᠳᠡᠭᠴᠦᠳ ᠤᠨ | ᠲᠤᠰᠬᠠᠢ ᠲᠤᠰᠢᠶᠠᠯᠲᠤ ᠭᠡᠰᠢᠭᠦᠨ ᠲᠣᠬᠢᠷᠠᠭᠤᠯᠵᠤ᠂ ᠪᠥᠬᠦ ᠬᠤᠲᠠ ᠶᠢᠨ 39 ᠭᠠᠴᠠᠭ᠎ᠠ ᠳᠤ ᠵᠡᠮᠳᠡᠭᠴᠦᠳ ᠤᠨ | ᠲᠤᠰᠬᠠᠢ ᠲᠤᠰᠢᠶᠠᠯᠲᠤ ᠭᠡᠰᠢᠭᠦᠨ ᠲᠣᠬᠢᠷᠠᠭᠤᠯᠪᠠ᠃ 237 ᠬᠥᠮᠥᠨ ᠳᠤ ᠠᠩᠬ᠎ᠠ ᠤᠳᠠᠭ᠎ᠠ ᠵᠡᠮᠳᠡᠭᠴᠦᠳ ᠤᠨ | ᠦᠨᠡᠮᠯᠡᠯ ᠣᠯᠭᠤᠵᠤ᠂ 2433 ᠵᠡᠮᠳᠡᠭᠴᠦᠳ ᠤᠨ ᠦᠨᠡᠮᠯᠡᠯ ᠢ ᠰᠣᠯᠢᠵᠤ ᠥᠭᠴᠡᠢ᠃ ᠵᠡᠮᠳᠡᠭᠴᠦᠳ ᠤᠨ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠵᠦ᠂ ᠡᠯ᠎ᠡ | ᠲᠥᠷᠥᠯ ᠤᠨ ᠵᠡᠮᠳᠡᠭᠴᠦᠳ ᠢ ᠠᠭᠤᠰᠤᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ | 3. ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠪᠡ᠃ ︽ᠵᠡᠮᠳᠡᠭ | ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ | ᠨᠡᠶᠢᠲᠡᠯᠡᠵᠦ᠂ ᠪᠥᠬᠦ ᠬᠤᠲᠠ ᠶᠢᠨ 0 ︱ 7 ᠨᠠᠰᠤᠨ ᠤ ᠵᠡᠮᠳᠡᠭ ᠬᠡᠦᠬᠡᠳ ᠤᠨ ᠡᠷᠡᠭᠦᠯᠵᠢᠯ ᠤᠨ | ᠬᠤᠭᠤᠴᠠᠭᠠᠨ ᠳᠠᠬᠢ ᠬᠢᠨᠠᠨ ᠬᠠᠮᠠᠭᠠᠯᠠᠭᠴᠢ ᠶᠢᠨ ᠠᠰᠠᠷᠠᠨ ᠰᠤᠪᠢᠯᠠᠵᠤ ᠠᠪᠤᠷᠠᠨ ᠲᠤᠰᠠᠯᠠᠬᠤ ᠨᠥᠬᠦᠪᠦᠷᠢ ᠶᠢ | ᠬᠤᠲᠠ ᠶᠢᠨ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ ︽13 · 5︾ | ᠶᠢᠨ ᠲᠥᠯᠦᠪᠵᠢᠭᠦᠯᠭᠡ ᠶᠢᠨ ᠬᠤᠭᠤᠴᠠᠭᠠᠨ ᠳᠤ 32 ᠵᠡᠮᠳᠡᠭ ᠬᠡᠦᠬᠡᠳ ᠢ ᠰᠢᠯᠵᠢᠭᠦᠯᠦᠨ ᠲᠠᠨᠢᠯᠴᠠᠭᠤᠯᠵᠤ | ᠰᠦᠢᠳᠬᠡᠯ ᠬᠤᠷᠢᠶᠠᠬᠤ ᠦᠭᠡᠢ ᠪᠠᠷ ᠡᠷᠡᠭᠦᠯᠵᠢᠭᠦᠯᠬᠦ ᠠᠪᠤᠷᠠᠨ ᠲᠤᠰᠠᠯᠠᠬᠤ ᠦᠢᠯᠡᠴᠢᠯᠡᠭᠡ ᠬᠦᠷᠲᠡᠭᠡᠵᠦ᠂ 245 | ᠡᠷᠦᠬᠡ ᠶᠢᠨ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠳᠤ ᠬᠠᠷᠰᠢ ᠰᠠᠭᠠᠳ ᠦᠭᠡᠢ ᠥᠭᠡᠷᠡᠴᠢᠯᠡᠯᠲᠡ | ᠬᠢᠵᠦ᠂ ᠨᠡᠶᠢᠲᠡ 566 ᠲᠤᠰᠠᠯᠠᠬᠤ ᠪᠠᠭᠠᠵᠢ ᠲᠦᠭᠡᠭᠡᠪᠡ᠃ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠢ ᠤᠯᠠᠮ ᠨᠢᠭᠡ ᠠᠯᠬᠤᠮ | ᠠᠬᠢᠭᠤᠯᠵᠤ᠂ ᠳᠠᠭᠠᠭᠠᠨ ᠭᠦᠢᠴᠡᠳᠬᠡᠬᠦ ᠠᠵᠢᠯᠲᠠᠨ ᠤ ᠡᠩᠨᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ | ᠬᠠᠶᠢᠷ᠎ᠠ ᠲᠠᠢ᠂ ᠬᠤᠷᠳᠤᠴᠠ ᠲᠠᠢ᠂ ᠬᠠᠨᠤᠮᠵᠢ ᠲᠠᠢ ᠥᠨᠳᠥᠷ ᠬᠢᠷᠢ ᠲᠦᠪᠰᠢᠨ ᠪᠦᠬᠦᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠴᠢᠷᠮᠠᠶᠢᠨ ᠪᠣᠶ ᠪᠣᠯᠭᠠᠨ᠎ᠠ᠃ | 4. ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠪᠠᠶᠢᠭᠤᠯᠤᠨ᠎ᠠ᠃ ᠪᠥᠬᠦ | ᠬᠤᠲᠠ ᠳᠤ ᠵᠡᠮᠳᠡᠭᠴᠦᠳ ᠤᠨ ᠠᠵᠢᠯ ᠣᠯᠭᠤᠯᠲᠠ ᠶᠢᠨ ᠰᠠᠭᠤᠷᠢᠨ ᠭᠠᠵᠠᠷ 4᠂ ᠵᠡᠮᠳᠡᠭᠴᠦᠳ ᠤᠨ ᠬᠠᠯᠠᠭᠤᠨ | ᠳᠤᠯᠠᠭᠠᠨ ᠭᠡᠷ ᠣᠷᠣᠨ 3 ᠶᠢ ᠪᠠᠶᠢᠭᠤᠯᠪᠠ᠃ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ ᠵᠢᠴᠢ | ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 1184 ᠲᠦᠮᠡᠨ ᠲᠥᠭᠦᠷᠢᠭ᠂ ᠶᠡᠷᠦᠩᠬᠡᠢ ᠲᠠᠯᠠᠪᠠᠶ ᠨᠢ | 3328.46 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠨᠢ | ᠪᠦᠬᠦᠯᠢ ᠡᠳᠦᠷ ᠢᠶᠠᠷ 36 ᠬᠥᠮᠥᠨ ᠬᠤᠨᠣᠵᠤ᠂ ᠡᠳᠦᠷ ᠲᠤ 30 ᠬᠥᠮᠥᠨ ᠢ ᠬᠠᠷᠠᠭᠠᠯᠵᠠᠨ᠎ᠠ᠃ ᠵᠢᠯ ᠳᠤ | ᠲᠠᠷᠢᠶᠠᠯᠠᠩ ᠤᠨ ᠡᠮᠴᠢᠯᠡᠭᠡ᠂ ᠠᠵᠤ ᠦᠢᠯᠡᠳᠪᠦᠷᠢ ᠶᠢᠨ ᠡᠮᠴᠢᠯᠡᠭᠡ ᠵᠡᠷᠭᠡ ᠬᠡᠯᠪᠡᠷᠢ ᠪᠠᠷ 90 ᠨᠡᠷᠡᠰ | ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠮᠠᠯᠵᠢᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ | ᠪᠣᠯᠪᠠᠰᠤᠷᠠᠭᠤᠯᠤᠯ ᠬᠢᠵᠦ ᠪᠣᠯᠣᠨ᠎ᠠ᠃ | 5. ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠣᠷᠴᠢᠨ ᠲᠣᠭᠤᠷᠢᠨ ᠡᠳᠦᠷ ᠢᠷᠡᠬᠦᠶ᠎ᠡ | ᠰᠢᠯᠢᠳᠡᠭᠵᠢᠪᠡ᠃ ᠰᠦᠯᠵᠢᠶᠡᠨ ᠤ ᠮᠡᠳᠡᠭᠡ ᠵᠠᠩᠭᠢ ᠶᠢᠨ ᠴᠠᠭ ᠦᠶ᠎ᠡ ᠶᠢᠨ ᠬᠥᠭᠵᠢᠯᠲᠡ ᠳᠤ ᠢᠳᠡᠪᠬᠢᠲᠡᠢ ᠪᠠᠷ | ᠵᠣᠬᠢᠴᠠᠵᠤ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠰᠢᠨ᠎ᠡ ᠵᠠᠭᠤᠴᠢᠯᠠᠭᠤᠷ | ᠪᠣᠯᠣᠨ ᠵᠡᠮᠳᠡᠭᠴᠦᠳ ᠤᠨ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠥᠪᠡᠷ ᠢ ᠪᠠᠨ | ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ | ᠤᠬᠠᠭᠤᠯᠤᠨ ᠳᠡᠯᠭᠡᠷᠡᠭᠦᠯᠵᠦ᠂ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠨᠡᠶᠢᠭᠡᠮ ᠳᠤ | ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ᠃ ᠪᠥᠬᠦ ᠬᠤᠲᠠ ᠳᠤ ᠣᠲᠣ 3901 ᠦᠨᠡᠮᠯᠡᠯ ᠲᠠᠢ ᠵᠡᠮᠳᠡᠭ | ᠬᠥᠮᠥᠨ ᠪᠠᠶᠢᠵᠤ᠂ ᠡᠭᠦᠨ ᠳᠤ ᠨᠢᠭᠡᠳᠦᠭᠡᠷ ᠬᠤᠶᠠᠳᠤᠭᠠᠷ ᠳᠡᠰ ᠤᠨ ᠵᠡᠮᠳᠡᠭ ᠬᠥᠮᠥᠨ 1620᠂ ᠭᠤᠷᠪᠠᠳᠤᠭᠠᠷ | ᠳᠥᠷᠪᠡᠳᠦᠭᠡᠷ ᠳᠡᠰ ᠤᠨ ᠵᠡᠮᠳᠡᠭ ᠬᠥᠮᠥᠨ 2281 ᠪᠠᠶᠢᠵᠤ᠂ ᠬᠦᠨᠳᠦ ᠵᠡᠮᠳᠡᠭ ᠬᠥᠮᠥᠨ ᠨᠡᠯᠢᠶᠡᠳ ᠶᠡᠭᠡ ᠪᠠᠶᠢᠵᠤ᠂ | ᠨᠠᠩ ᠪᠥᠬᠦ ᠲᠠᠯ᠎ᠠ ᠶᠢᠨ᠂ ᠨᠠᠩ ᠭᠦᠨᠴᠡ ᠲᠠᠢ ᠬᠠᠪᠰᠤᠷᠤᠨ ᠲᠡᠳᠬᠦᠬᠦ ᠴᠢᠬᠤᠯᠠᠲᠠᠢ ᠪᠠᠶᠢᠨ᠎ᠠ︔ 0-59 ᠪᠦᠬᠦᠯᠢ | ᠨᠠᠰᠤᠨ ᠤ ᠠᠵᠢᠯ ᠣᠯᠬᠤ ᠨᠠᠰᠤᠨ ᠤ ᠵᠡᠮᠳᠡᠭ ᠬᠥᠮᠥᠨ 2609 ᠪᠠᠶᠢᠵᠤ᠂ ᠨᠢᠭᠡᠨᠲᠡ 773 ᠬᠥᠮᠥᠨ ᠳᠤ ᠠᠵᠢᠯ | ᠣᠯᠭᠤᠵᠤ᠂ 1836 ᠬᠥᠮᠥᠨ ᠳᠤ ᠠᠵᠢᠯ ᠣᠯᠣᠭᠠᠳᠤᠢ ᠪᠠᠶᠢᠵᠤ᠂ ᠠᠵᠢᠯ ᠣᠯᠣᠭᠰᠠᠨ ᠨᠣᠷᠮ᠎ᠠ ᠨᠢ 29.63% | ᠪᠠᠶᠢᠵᠤ᠂ ᠠᠵᠢᠯ ᠣᠯᠭᠤᠯᠲᠠ ᠶᠢᠨ ᠶᠠᠰᠤ ᠴᠢᠨᠠᠷ ᠨᠢ ᠥᠨᠳᠥᠷ ᠪᠢᠰᠢ ᠪᠠᠶᠢᠵᠤ᠂ ᠨᠠᠩ ᠰᠠᠭᠠᠳ ᠦᠭᠡᠢ᠂ ᠨᠠᠩ | ᠰᠢᠯᠢᠳᠡᠭ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠱᠠᠭᠠᠷᠳᠠᠵᠤ ᠪᠠᠶᠢᠨ᠎ᠠ᠃ ᠣᠳᠣᠬᠠᠨ ᠤ | ᠪᠠᠶᠢᠳᠠᠯ ᠠᠴᠠ ᠦᠵᠡᠪᠡᠯ᠂ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠮᠥᠨ ᠬᠦ ᠮᠠᠰᠢ | ᠣᠯᠠᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠄ ᠨᠢᠭᠡ ᠳᠤ ᠨᠡᠶᠢᠭᠡᠮ ᠤᠨ ᠠᠪᠤᠷᠠᠨ | ᠲᠤᠰᠠᠯᠠᠯᠲᠠ ᠶᠢ ᠨᠠᠷᠢᠯᠢᠭ ᠣᠨᠣᠴᠠᠲᠠᠢ ᠪᠣᠯᠭᠠᠬᠤ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠬᠦᠮᠦᠨ ᠠᠮᠠ ᠨᠠᠰᠤᠵᠢᠬᠤ ᠬᠠᠨᠳᠤᠰᠢ ᠲᠠᠢ ᠪᠣᠯᠵᠤ᠂ ᠵᠡᠮᠳᠡᠭ ᠤᠨ | ᠬᠡᠮᠵᠢᠶ᠎ᠡ ᠣᠯᠠᠨ ᠡᠭᠦᠰᠴᠦ᠂ ᠨᠠᠰᠤ ᠠᠬᠠᠰᠢᠷᠠᠭᠰᠠᠨ ᠪᠠ ᠵᠡᠮᠳᠡᠭ ᠠᠴᠠ ᠪᠣᠯᠤᠭᠰᠠᠨ ᠬᠡᠷᠡᠭᠴᠡᠭᠡ ᠱᠠᠭᠠᠷᠳᠠᠯᠭ᠎ᠠ | ᠳᠠᠪᠬᠤᠴᠠᠵᠤ᠂ ᠠᠵᠢᠯ ᠦᠭᠡᠢ ᠬᠦᠨᠳᠦ ᠵᠡᠮᠳᠡᠭ᠂ ᠨᠠᠰᠤᠵᠢᠭᠰᠠᠨ ᠵᠡᠮᠳᠡᠭ᠂ ᠥᠨᠥᠴᠢᠨ ᠵᠡᠮᠳᠡᠭ ᠬᠥᠮᠥᠰ ᠵᠢᠴᠢ | ᠵᠡᠮᠳᠡᠭ ᠬᠡᠦᠬᠡᠳ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠵᠥᠷᠢᠶ᠎ᠡ ᠲᠠᠢ ᠪᠣᠯᠵᠤ᠂ ᠣᠲᠣ ᠶᠢᠨ ᠪᠠᠶᠢᠭ᠎ᠠ | ᠨᠠᠷᠢᠯᠢᠭ ᠣᠨᠣᠴᠠᠲᠠᠢ ᠪᠠᠷ ᠠᠪᠤᠷᠠᠨ ᠲᠤᠰᠠᠯᠠᠬᠤ ᠡᠷᠴᠢᠮ ᠨᠢ ᠡᠯ᠎ᠡ ᠲᠥᠷᠥᠯ ᠤᠨ ᠵᠡᠮᠳᠡᠭᠴᠦᠳ ᠤᠨ ᠪᠣᠳᠠᠲᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠭᠰᠡᠨ ᠦᠭᠡᠢ︔ ᠬᠤᠶᠠᠷ ᠲᠤ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠰᠡᠳᠬᠢᠵᠦ ᠪᠤᠳᠤᠬᠰᠠᠨ᠂ ᠨᠡᠶᠢᠭᠡᠮ ᠤᠨ ᠪᠠᠲᠤᠯᠠᠭ᠎ᠠ᠂ ᠰᠣᠷᠣᠯᠴᠠᠬᠤ | ᠡᠮᠨᠡᠭᠦᠯᠬᠦ᠂ ᠠᠵᠢᠯ ᠣᠯᠭᠤᠵᠤ ᠲᠥᠪᠬᠢᠨᠡᠭᠦᠯᠬᠦ᠂ ᠡᠷᠡᠭᠦᠯᠵᠢᠭᠦᠯᠵᠦ ᠬᠠᠷᠠᠭᠠᠯᠵᠠᠨ ᠠᠰᠠᠷᠠᠬᠤ ᠵᠡᠷᠭᠡ ᠤᠯᠠᠨ | ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠠᠰᠠ ᠭᠦᠢᠴᠡᠳ ᠬᠠᠩᠭᠠᠵᠤ ᠳᠡᠶᠢᠯᠦᠭᠡᠳᠦᠢ ᠪᠠᠶᠢᠭᠰᠠᠭᠠᠷ︔ ᠭᠤᠷᠪᠠ ᠳᠤ | ᠵᠡᠮᠳᠡᠭᠴᠦᠳ ᠲᠤ ᠦᠢᠯᠡᠴᠢᠯᠡᠬᠦ ᠰᠠᠭᠤᠷᠢ ᠪᠠ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ | ᠴᠢᠬᠤᠯᠠᠲᠠᠢ ᠪᠠᠶᠢᠨ᠎ᠠ᠃ ᠡᠷᠡᠭᠦᠯᠵᠢᠭᠦᠯᠬᠦ ᠴᠢᠳᠠᠪᠤᠷᠢᠲᠠᠨ ᠳᠤᠲᠠᠭᠳᠠᠵᠤ᠂ ᠨᠠᠶᠢᠳᠠᠨ ᠲᠡᠵᠢᠭᠡᠯᠭᠡᠬᠦ ᠡᠬᠢ ᠪᠠᠶᠠᠯᠢᠭ | ᠬᠦᠷᠦᠯᠴᠡᠬᠦ ᠦᠭᠡᠢ᠂ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ | ᠡᠷᠴᠢᠮ ᠬᠦᠷᠦᠯᠴᠡᠬᠦ ᠦᠭᠡᠢ᠂ ᠵᠡᠮᠳᠡᠭᠴᠦᠳ ᠲᠤ ᠦᠢᠯᠡᠴᠢᠯᠡᠬᠦ ᠦᠨᠳᠦᠰᠦᠨ ᠱᠠᠲᠤᠨ ᠤ ᠰᠠᠭᠤᠷᠢ ᠪᠦᠲᠦᠭᠡᠨ | ᠪᠠᠶᠢᠭᠤᠯᠤᠯᠲᠠ ᠪᠠᠰᠠ ᠨᠡᠯᠢᠶᠡᠳ ᠪᠠᠭᠤᠷᠠᠢ ᠪᠠᠶᠢᠭᠰᠠᠭᠠᠷ︔ ᠳᠥᠷᠪᠡ ᠳᠤ ᠵᠡᠮᠳᠡᠭᠴᠦᠳ ᠤᠨ ᠠᠵᠢᠯ ᠣᠯᠭᠤᠯᠲᠠ ᠶᠢ | ᠳᠡᠮᠵᠢᠬᠦ ᠰᠢᠰᠲ᠋ᠧᠮ ᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠵᠡᠮᠳᠡᠭᠴᠦᠳ ᠤᠨ | ᠠᠵᠢᠯ ᠣᠯᠭᠤᠯᠲᠠ ᠶᠢᠨ ᠨᠤᠷᠮ᠎ᠠ ᠶᠡᠷᠦᠩᠬᠡᠢ ᠳᠡᠭᠡᠨ ᠨᠡᠯᠢᠶᠡᠳ ᠳᠣᠣᠷ᠎ᠠ᠂ ᠠᠵᠢᠯ ᠣᠯᠭᠤᠯᠲᠠ ᠭᠦᠢᠴᠡᠳ ᠪᠤᠰᠤ᠂ | ᠠᠵᠢᠯ ᠣᠯᠭᠤᠯᠲᠠ ᠶᠢᠨ ᠠᠷᠭ᠎ᠠ ᠵᠠᠮ ᠰᠢᠯᠤᠭᠤᠨ ᠪᠤᠰᠤ᠂ ᠠᠵᠢᠯ ᠣᠯᠭᠤᠯᠲᠠ ᠶᠢᠨ ᠬᠡᠯᠪᠡᠷᠢ ᠲᠠᠩ ᠴᠤᠯᠭᠤᠢ᠂ | ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠡᠷᠴᠢᠮ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠥᠨ ᠯᠡ | ᠣᠷᠣᠰᠢᠭᠰᠠᠭᠠᠷ ᠪᠠᠶᠢᠨ᠎ᠠ︔ ᠲᠠᠪᠤ ᠳᠤ ᠵᠡᠮᠳᠡᠭᠴᠦᠳ ᠤᠨ ᠠᠳᠠᠯᠢ ᠲᠡᠭᠰᠢ ᠡᠷᠬᠡ ᠶᠢ ᠪᠠᠰᠠ ᠤᠯᠠᠮ ᠨᠢᠭᠡ ᠠᠯᠬᠤᠮ | ᠬᠠᠮᠠᠭᠠᠯᠠᠬᠤ ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠨᠡᠶᠢᠭᠡᠮ ᠳᠤ ᠣᠷᠣᠯᠴᠠᠬᠤ ᠡᠷᠬᠡ ᠪᠠᠰᠠ ᠭᠦᠢᠴᠡᠳ ᠪᠤᠰᠤ᠂ | ᠨᠡᠶᠢᠭᠡᠮ ᠤᠨ ᠠᠭᠤᠰᠤᠯᠴᠠᠯ ᠳᠤ ᠪᠠᠰᠠ ᠵᠠᠷᠢᠮ ᠢᠯᠡ ᠪᠠ ᠢᠯᠡ ᠪᠤᠰᠤ ᠬᠠᠷᠰᠢ ᠰᠠᠭᠠᠳ ᠣᠷᠣᠰᠢᠵᠤ᠂ | ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠠᠭᠤᠷ ᠠᠮᠢᠰᠬᠤᠯ ᠢ ᠪᠠᠰᠠ ᠤᠯᠠᠮ ᠨᠢᠭᠡ | ᠠᠯᠬᠤᠮ ᠪᠤᠢ ᠪᠣᠯᠭᠠᠬᠤ ᠴᠢᠬᠤᠯᠠᠲᠠᠢ ᠪᠠᠶᠢᠨ᠎ᠠ᠃ | ᠬᠤᠶᠠᠷ᠂ ᠬᠥᠭᠵᠢᠯᠲᠡ ᠶᠢᠨ ᠬᠠᠨᠳᠤᠰᠢ | ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ | ᠴᠢᠬᠤᠯᠠ ᠪᠦᠷᠢᠯᠳᠦᠭᠦᠨ ᠬᠡᠰᠡᠭ ᠮᠥᠨ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ︽ᠠᠷᠠᠳ | ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠳᠤ ᠡᠷᠬᠡᠪᠰᠢ | ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ | ᠲᠦᠯᠬᠢᠨ ᠠᠬᠢᠭᠤᠯᠬᠤ ᠬᠡᠷᠡᠭᠲᠡᠢ︾ ᠭᠡᠵᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭ᠎ᠠ ᠪᠣᠯ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ | ᠬᠤᠭᠤᠴᠠᠭ᠎ᠠ ᠪᠣᠯᠣᠨ᠎ᠠ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠦᠨᠳᠦᠰᠦᠯᠡᠨ᠂ ᠵᠡᠮᠳᠡᠭᠴᠦᠳ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠭᠦᠢᠴᠡᠳ | ᠢᠯᠡᠷᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠭᠤᠰᠤᠯᠴᠠᠨ ᠬᠥᠭᠵᠢᠬᠦ ᠪᠠᠷ ᠭᠤᠣᠯᠳᠠᠯᠭ᠎ᠠ ᠪᠣᠯᠭᠠᠵᠤ᠂ ᠨᠡᠩ ᠪᠦᠷᠢᠨ | ᠲᠡᠭᠦᠯᠳᠡᠷ ᠳᠦᠷᠢᠮ ᠤᠨ ᠰᠢᠰᠲ᠋ᠧᠮ ᠢ ᠪᠠᠶᠢᠭᠤᠯᠵᠤ᠂ ᠨᠡᠩ ᠡᠷᠬᠡ ᠲᠡᠭᠰᠢ ᠪᠠᠭᠲᠠᠭᠠᠮᠵᠢᠲᠠᠢ ᠨᠡᠶᠢᠭᠡᠮ ᠤᠨ ᠣᠷᠴᠢᠨ | ᠲᠣᠭᠤᠷᠢᠨ ᠢ ᠡᠭᠦᠳᠴᠦ᠂ ᠵᠡᠮᠳᠡᠭᠴᠦᠳ ᠤᠨ ᠡᠷᠬᠡ ᠲᠡᠭᠰᠢ ᠪᠠᠷ ᠣᠷᠣᠯᠴᠠᠵᠤ ᠬᠠᠮᠲᠤᠪᠠᠷ ᠡᠳ᠋ᠯᠡᠬᠦ ᠶᠢ ᠭᠦᠢᠴᠡᠳ | ᠪᠡᠶᠡᠯᠡᠭᠦᠯᠬᠦ ᠶᠢ ᠠᠬᠢᠭᠤᠯᠵᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠠᠯᠤᠰ ᠤᠨ ᠲᠥᠯᠥᠪ ᠢ | ᠪᠡᠶᠡᠯᠡᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠬᠥᠭᠵᠢᠯᠲᠡ ᠶᠢᠨ ᠬᠠᠷᠠᠯᠲᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠵᠡᠮᠳᠡᠭᠴᠦᠳ ᠤᠨ ᠪᠥᠬᠦ ᠲᠠᠯ᠎ᠠ ᠶᠢᠨ ᠬᠥᠭᠵᠢᠯᠲᠡ ᠪᠠ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠨ᠂ | ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠵᠡᠮᠳᠡᠭᠴᠦᠳ ᠤᠨ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠵᠤ᠂ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ | ᠦᠭᠡᠢ ᠠᠬᠢᠭᠤᠯᠵᠤ᠂ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠥᠭᠵᠢᠭᠦᠯᠪᠡ᠃ ᠨᠠᠮ ᠤᠨ ᠬᠤᠷᠢᠶ᠎ᠠ ᠠᠴᠠ | ᠤᠳᠤᠷᠢᠳᠤᠭᠰᠠᠨ᠂ ᠵᠠᠰᠠᠭ ᠤᠨ ᠣᠷᠳᠣᠨ ᠠᠴᠠ ᠬᠠᠷᠢᠭᠤᠴᠠᠭᠰᠠᠨ ᠵᠡᠮᠳᠡᠭᠴᠦᠳ ᠤᠨ ᠠᠵᠢᠯ ᠤᠨ ᠤᠳᠤᠷᠢᠳᠬᠤ | ᠪᠠᠶᠢᠭᠤᠯᠤᠯ ᠢ ᠪᠦᠷᠢᠨᠰᠢᠭᠦᠯᠵᠦ᠂ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠳᠤ ᠪᠠᠲᠤ ᠴᠢᠩᠭ᠎ᠠ ᠤᠯᠤᠰ | ᠲᠥᠷᠥ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠵᠡᠮᠳᠡᠭᠴᠦᠳ ᠤᠨ ᠪᠥᠬᠦ | ᠲᠠᠯ᠎ᠠ ᠪᠠᠷ ᠬᠥᠭᠵᠢᠬᠦ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠮᠥᠨ ᠢᠶᠠᠷ ᠦᠨᠳᠦᠰᠦ ᠪᠣᠯᠭᠠᠬᠤ᠂ | ᠪᠠᠭᠤᠷᠠᠢ ᠶᠢ ᠲᠡᠳᠬᠦᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠵᠡᠮᠳᠡᠭᠴᠦᠳ ᠢ ᠣᠨᠴᠠᠭᠠᠢ ᠬᠠᠯᠠᠮᠵᠢᠯᠠᠵᠤ᠂ ᠣᠨᠴᠠᠭᠠᠢ ᠠᠩᠬᠠᠷᠬᠤ ᠬᠡᠷᠡᠭᠲᠡᠢ᠃ ᠲᠤᠰᠬᠠᠢ | ᠵᠦᠢᠯ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠡᠮᠳᠡᠭᠴᠦᠳ ᠤᠨ ᠬᠠᠮᠤᠭ ᠠᠴᠠ | ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ | ᠰᠢᠢᠳᠪᠦᠷᠢᠯᠡᠨ᠂ ᠵᠡᠮᠳᠡᠭᠴᠦᠳ ᠤᠨ ᠲᠣᠰ ᠪᠡᠶ᠎ᠡ ᠶᠢᠨ ᠴᠢᠳᠠᠪᠤᠷᠢ ᠶᠢᠨ ᠬᠥᠭᠵᠢᠯᠲᠡ ᠶᠢᠨ ᠬᠦᠷᠦᠯᠴᠡᠬᠦ ᠦᠭᠡᠢ | ᠲᠠᠯ᠎ᠠ ᠶᠢ ᠨᠥᠬᠦᠪᠦᠷᠢᠯᠡᠵᠦ᠂ ᠨᠡᠶᠢᠭᠡᠮ ᠤᠨ ᠭᠠᠳᠠᠭᠤᠷᠴᠢᠯᠠᠯ ᠢ ᠠᠷᠢᠯᠭᠠᠵᠤ᠂ ᠵᠡᠮᠳᠡᠭᠴᠦᠳ ᠤᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠦᠨ᠎ᠡ᠃ | ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠪᠠᠷᠢᠮᠵᠢᠶ᠎ᠠ ᠶᠢ ᠵᠣᠬᠢᠰᠲᠠᠢ ᠪᠠᠷ ᠳᠡᠭᠡᠭᠰᠢᠯᠡᠭᠦᠯᠦᠨ᠎ᠡ᠃ | ᠵᠡᠮᠳᠡᠭᠴᠦᠳ ᠤᠨ ᠬᠠᠮᠲᠤᠯᠢᠭ ᠤᠨ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ | ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠭᠦᠨᠵᠡᠭᠡᠶᠢᠷᠡᠭᠦᠯᠵᠦ᠂ ︽ᠲᠦᠭᠡᠮᠡᠯ ᠬᠠᠷᠠᠭᠠᠯᠵᠠᠯ ᠳᠡᠭᠡᠷ᠎ᠡ ᠣᠨᠴᠠ ᠬᠠᠷᠠᠭᠠᠯᠵᠠᠯ ᠨᠡᠮᠡᠬᠦ᠂ ᠡᠩ ᠤᠨ ᠪᠠᠶᠢᠳᠠᠯ ᠳᠤ | ᠲᠤᠰᠬᠠᠢ ᠵᠦᠢᠯ ᠨᠡᠮᠡᠬᠦ︾ ᠵᠠᠷᠴᠢᠮ ᠶᠣᠰᠣᠭᠠᠷ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠳᠦᠷᠢᠮ ᠪᠠ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠵᠡᠮᠳᠡᠭᠴᠦᠳ ᠤᠨ | ᠣᠯᠠᠨ ᠲᠠᠰ ᠳᠠᠪᠬᠤᠷᠭ᠎ᠠ᠂ ᠣᠯᠠᠨ ᠲᠥᠷᠥᠯ ᠢᠯᠭᠠᠯ ᠤᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | | ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ | ᠠᠵᠢᠯ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ᠂ ᠮᠡᠳᠡᠭᠡ | ᠵᠠᠩᠭᠢᠵᠢᠯᠲᠠ᠂ ᠣᠶᠤᠨᠴᠢᠯᠠᠯᠲᠠ ᠵᠡᠷᠭᠡ ᠰᠠᠭᠤᠷᠢ ᠪᠠᠲᠤᠯᠠᠭ᠎ᠠ ᠶᠢᠨ ᠨᠥᠬᠦᠴᠡᠯ ᠢ ᠴᠢᠩᠭᠠᠷᠠᠭᠤᠯᠵᠤ᠂ ᠵᠡᠮᠳᠡᠭᠴᠦᠳ ᠤᠨ | ᠠᠵᠢᠯ ᠤᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠵᠡᠮᠳᠡᠭᠴᠦᠳ ᠢ ᠣᠨᠣᠪᠴᠢᠲᠠᠶ ᠢᠯᠭᠠᠨ | ᠲᠠᠨᠢᠬᠤ ᠶᠢ ᠨᠡᠶᠢᠳᠡᠮ ᠪᠦᠷᠬᠦᠭᠦᠯᠬᠦ᠂ ᠵᠡᠮᠳᠡᠭᠴᠦᠳ ᠤᠨ ᠠᠵᠢᠯ ᠤᠨ ᠨᠠᠷᠢᠯᠢᠭᠵᠢᠭᠤᠯᠤᠨ ᠬᠠᠮᠢᠶᠠᠷᠬᠤ ᠪᠥᠬᠦ ᠬᠦᠷᠢᠶ᠎ᠡ | ᠴᠠᠷᠠᠭ᠎ᠠ᠂ ᠨᠡᠶᠢᠭᠡᠮ ᠤᠨ ᠵᠡᠮᠳᠡᠭᠴᠦᠳ ᠢ ᠲᠤᠰᠠᠯᠠᠬᠤ ᠶᠢ ᠨᠠᠷᠢᠯᠢᠭ ᠣᠨᠣᠴᠠᠵᠢᠭᠤᠯᠤᠨ ᠬᠡᠷᠡᠭᠵᠢᠭᠦᠯᠬᠦ ᠪᠥᠬᠦ | ᠶᠠᠪᠤᠴᠠ ᠶᠢ ᠪᠡᠶᠡᠯᠡᠭᠦᠯᠦᠨ᠎ᠡ᠃ ᠳᠦᠷᠢᠮ ᠢ ᠤᠷᠢᠳᠠᠪᠠᠷ ᠬᠡᠷᠡᠭᠵᠢᠭᠦᠯᠵᠦ᠂ ᠬᠠᠤᠯᠢ ᠶᠣᠰᠣᠭᠠᠷ ᠬᠥᠭᠵᠢᠭᠦᠯᠬᠦ ᠶᠢ | ᠪᠠᠷᠢᠮᠲᠠᠯᠠᠨ᠎ᠠ᠃ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠳᠦᠷᠢᠮ ᠤᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠤᠨ ᠠᠵᠢᠯ ᠤᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ | ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠨᠠᠩ ᠥᠨᠳᠥᠷ ᠲᠦᠪᠰᠢᠨ | ᠂ ᠨᠠᠩ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠵᠡᠮᠳᠡᠭᠴᠦᠳ ᠤᠨ ᠠᠵᠢᠯ ᠦᠢᠯᠡᠰ ᠤᠨ ᠬᠠᠤᠯᠢ ᠪᠠᠷ | ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠵᠡᠮᠳᠡᠭᠴᠦᠳ ᠤᠨ ᠡᠯ᠎ᠡ ᠵᠦᠢᠯ ᠤᠨ ᠳᠦᠷᠢᠮ ᠤᠨ | ᠪᠠᠲᠤᠯᠠᠭ᠎ᠠ᠂ ᠠᠰᠠᠷᠠᠮᠵᠢ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠣᠨ᠎ᠠ᠃ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠪᠠ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠤᠨ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠨᠡᠶᠢᠭᠡᠮ ᠤᠨ ᠵᠡᠮᠳᠡᠭᠴᠦᠳ ᠢ | ᠲᠤᠰᠠᠯᠠᠬᠤ ᠶᠢ ᠳᠡᠮᠵᠢᠬᠦ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠪᠰᠤᠷᠤᠨ | ᠲᠡᠳᠬᠦᠬᠦ ᠳᠤ ᠣᠷᠣᠯᠴᠠᠬᠤ ᠶᠢ ᠪᠠᠳᠠᠷᠠᠭᠤᠯᠤᠨ᠂ ᠵᠡᠮᠳᠡᠭᠴᠦᠳ ᠢ ᠲᠤᠰᠠᠯᠠᠬᠤ ᠨᠡᠶᠢᠭᠡᠮ ᠤᠨ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠤᠨ ᠠᠵᠢᠯ ᠦᠢᠯᠡᠰ ᠬᠢᠭᠡᠳ ᠠᠵᠤ ᠠᠬᠤᠢ ᠨᠡᠶᠢᠭᠡᠮ ᠤᠨ | ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠎ᠠ᠃ | ︵ᠭᠤᠷᠪᠠ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠮᠠᠨ ᠤ ᠬᠤᠲᠠ ᠶᠢᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢᠳᠤᠷᠠᠯ ᠤᠨ ᠴᠢᠨᠠᠷ | ᠴᠢᠨᠰᠠᠭ᠎ᠠ ᠶᠢ ᠰᠢᠨ᠎ᠡ ᠪᠠᠷ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠬᠢᠷᠢ | ᠲᠦᠪᠰᠢᠨ ᠳᠤ ᠬᠦᠷᠭᠡᠨ᠎ᠡ᠃ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ | ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ | ᠲᠣᠭᠲᠠᠭᠤᠨ ᠪᠠᠲᠤᠯᠠᠭ᠎ᠠ ᠲᠠᠢ ᠪᠣᠯᠭᠠᠵᠤ᠂ ᠬᠦᠨᠳᠦ ᠲᠡᠰ ᠤᠨ ᠵᠡᠮᠳᠡᠭᠴᠦᠳ ᠢ ᠨᠡᠩ ᠰᠠᠶᠢᠲᠤᠷ ᠬᠠᠷᠠᠭᠠᠯᠵᠠᠨ᠎ᠠ᠃ | ᠵᠡᠮᠳᠡᠭᠴᠦᠳ ᠤᠨ ᠠᠵᠢᠯ ᠣᠯᠭᠤᠯᠲᠠ ᠶᠢ ᠳᠡᠮᠵᠢᠬᠦ ᠤᠯᠠᠨ ᠬᠡᠯᠪᠡᠷᠢ ᠶᠢᠨ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢ ᠨᠡᠩ ᠭᠦᠢᠴᠡᠳ ᠪᠣᠯᠭᠠᠵᠤ᠂ ᠠᠵᠢᠯ ᠣᠯᠭᠤᠯᠲᠠ ᠶᠢᠨ | ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠠᠳᠠᠯᠢ ᠲᠡᠭᠰᠢ ᠰᠢᠰᠲ᠋ᠧᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂ ᠵᠡᠮᠳᠡᠭᠴᠦᠳ ᠤᠨ ᠦᠵᠡᠯ | ᠰᠠᠨᠠᠭ᠎ᠠ ᠶᠣᠰᠣ ᠰᠤᠷᠲᠠᠬᠤᠨ ᠤ ᠬᠡᠪ ᠪᠣᠯᠪᠠᠰᠤᠷᠠᠯ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ | ᠰᠡᠳᠬᠢᠯ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠵᠡᠮᠳᠡᠭᠴᠦᠳ ᠤᠨ | ᠦᠢᠯᠡᠰ ᠤᠨ ᠬᠠᠤᠯᠢ ᠳᠦᠷᠢᠮᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠴᠢᠩᠭᠠᠷᠠᠭᠤᠯᠵᠤ᠂ ᠬᠠᠷᠰᠢ ᠰᠠᠭᠠᠳ ᠦᠭᠡᠢ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ ᠤᠨ ᠤᠯᠤᠰ ᠲᠥᠷᠥ᠂ ᠠᠵᠤ ᠠᠬᠤᠢ᠂ | ᠰᠣᠶᠣᠯ᠂ ᠨᠡᠶᠢᠭᠡᠮ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠡᠷᠬᠡ ᠲᠡᠭᠰᠢ ᠡᠷᠬᠡ ᠶᠢ ᠨᠠᠩ ᠰᠠᠶᠢᠲᠤᠷ | ᠪᠡᠶᠡᠯᠡᠭᠦᠯᠦᠨ᠎ᠡ᠃ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ ᠢᠯᠡᠳᠲᠡ | ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠢ ᠠᠵᠤ ᠠᠬᠤᠢ ᠨᠡᠶᠢᠭᠡᠮ ᠯᠦᠭᠡ ᠵᠣᠬᠢᠴᠠᠩᠭᠤᠢ ᠪᠠᠷ | ᠬᠥᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠳᠠ ᠶᠢᠨ ᠬᠥᠭᠵᠢᠯᠲᠡ ᠶᠢᠨ ᠬᠠᠷᠠᠯᠲᠠ | ᠯᠤᠭ᠎ᠠ ᠵᠣᠬᠢᠴᠠᠭᠤᠯᠤᠨ᠎ᠠ᠃ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠭᠦᠢᠴᠡᠳ | ᠪᠣᠯᠭᠠᠵᠤ᠂ ᠪᠣᠳᠠᠰ ᠤᠨ ᠠᠮᠢᠳᠤᠷᠠᠯ ᠢ ᠨᠡᠩ ᠡᠯᠪᠡᠭ ᠳᠡᠯᠪᠡᠭ ᠪᠣᠯᠭᠠᠵᠤ᠂ ᠤᠶᠤᠨ ᠤ ᠠᠮᠢᠳᠤᠷᠠᠯ ᠢ ᠨᠡᠩ ᠡᠯᠪᠡᠭ | ᠪᠠᠶᠠᠯᠢᠭ ᠪᠣᠯᠭᠠᠨ᠎ᠠ᠃ ᠡᠷᠬᠡ ᠲᠡᠭᠰᠢ ᠪᠠᠭᠲᠠᠭᠠᠮᠵᠢᠲᠠᠢ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠨ ᠵᠤᠵᠠᠭᠠᠨ | ᠪᠣᠯᠭᠠᠵᠤ᠂ ᠵᠡᠮᠳᠡᠭᠴᠦᠳ ᠲᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠭᠦᠢᠴᠡᠳ | ᠡᠳ᠋ᠯᠡᠭᠦᠯᠵᠦ᠂ ᠵᠡᠮᠳᠡᠭᠴᠦᠳ ᠤᠨ ᠠᠮᠤᠷ ᠲᠦᠪᠰᠢᠨ ᠤ ᠲᠥᠷᠥᠭᠳᠡᠯ ᠨᠡᠩ ᠪᠠᠲᠤᠯᠠᠭ᠎ᠠ ᠲᠠᠢ ᠪᠣᠯᠵᠤ᠂ | ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠣᠳᠠᠲᠤ | ᠠᠬᠢᠴᠠ ᠲᠠᠢ ᠪᠣᠯᠭᠠᠨ᠎ᠠ᠃ | ᠳᠥᠷᠪᠡ᠂ ᠭᠤᠣᠯ ᠡᠭᠦᠷᠭᠡ | ︵ᠨᠢᠭᠡ︶ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠦᠨ᠎ᠡ | 1. ᠵᠡᠮᠳᠡᠭᠴᠦᠳ ᠵᠢᠴᠢ ᠭᠡᠷ ᠪᠦᠯᠢ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ | ᠨᠢᠭᠡ ᠳᠤ ᠵᠡᠮᠳᠡᠭᠴᠦᠳ ᠲᠤ ᠭᠦᠢᠴᠡᠳ ᠠᠵᠢᠯ ᠣᠯᠭᠤᠬᠤ ᠶᠢ ᠲᠦᠯᠬᠢᠨ ᠠᠬᠢᠭᠤᠯᠤᠨ᠎ᠠ᠃ ︽ᠵᠡᠮᠳᠡᠭᠴᠦᠳ ᠲᠤ | ᠠᠵᠢᠯ ᠣᠯᠭᠤᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 488 ᠳ᠋ᠤᠭᠠᠷ ᠲᠣᠭᠠᠲᠤ︶᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠢ ᠬᠠᠷᠢᠴᠠᠯ ᠶᠣᠰᠣᠭᠠᠷ ᠲᠣᠬᠢᠷᠠᠭᠤᠯᠤᠨ | ᠠᠵᠢᠯ ᠣᠯᠭᠤᠬᠤ ᠠᠷᠭ᠎ᠠ︾ ᠶᠢᠨ ᠲᠤᠰᠬᠠᠢ ᠪᠤᠯᠤᠩ 1᠄ ︽13 · 5︾ ᠶᠢᠨ ᠲᠥᠯᠦᠪᠵᠢᠭᠦᠯᠭᠡ ᠵᠢᠴᠢ ︽14 · | 5︾ ᠶᠢᠨ ᠲᠥᠯᠦᠪᠵᠢᠭᠦᠯᠭᠡ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠭᠤᠣᠯ ᠭᠦᠢᠴᠡᠳᠬᠡᠯ ᠲᠤᠭ᠎ᠠ | ︽13 · 5︾ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ 2025 ᠣᠨ ᠤ ᠰᠢᠨᠵᠢ ᠴᠢᠨᠠᠷ ᠢ ᠭᠦᠨᠵᠡᠭᠡᠢ | ᠨᠠᠶᠢᠳᠠᠪᠤᠷᠢᠵᠢᠭᠤᠯᠤᠨ᠎ᠠ | 1. ᠵᠡᠮᠳᠡᠭᠴᠦᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ︵ | %︶∨ 7.5 ᠵᠢᠱᠢᠯᠲᠡ ᠶᠢᠨ ᠴᠢᠨᠠᠷ | 2. ᠬᠤᠳᠠ ᠬᠥᠳᠡᠭᠡ ᠶᠢᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠬᠥᠮᠥᠨ ᠤ ᠲᠤᠭ᠎ᠠ ︵ᠬᠥᠮᠥᠨ︶ ∨517∨ 700 ᠵᠢᠱᠢᠯᠲᠡ ᠶᠢᠨ ᠴᠢᠨᠠᠷ | 3. ᠨᠥᠬᠦᠴᠡᠯ ᠳᠤ ᠨᠡᠶᠢᠴᠡᠬᠦ ᠵᠡᠮᠳᠡᠭᠴᠦᠳ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠢᠴᠠᠯ ︵% | ︶ ᠤᠨ 100100 ᠶᠢᠨ ᠬᠢᠵᠠᠭᠠᠷᠯᠠᠬᠤ ᠴᠢᠨᠠᠷ ᠲᠤ ᠣᠷᠣᠭᠤᠯᠤᠨ᠎ᠠ | 4. ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢᠨ ᠪᠦᠷᠬᠦᠴᠡ ᠶᠢᠨ ᠨᠣᠷᠮ᠎ᠠ ︵%︶ 100 | 100 ᠬᠢᠵᠠᠭᠠᠷᠯᠠᠬᠤ ᠴᠢᠨᠠᠷᠲᠠᠢ | 5. ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠦᠷᠬᠦᠴᠡ ᠶᠢᠨ ᠨᠣᠷᠮ᠎ᠠ ︵%︶ 100 100 | ᠬᠢᠵᠠᠭᠠᠷᠯᠠᠬᠤ ᠴᠢᠨᠠᠷᠲᠠᠢ | 6. ᠵᠡᠮᠳᠡᠭᠴᠦᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ︵% | ︶ ∨89.6∨ 90 ᠵᠢᠱᠢᠯᠲᠡ ᠶᠢᠨ ᠴᠢᠨᠠᠷ | 7. ᠵᠡᠮᠳᠡᠭᠴᠦᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ︵ | %︶ ∨92> 95 ᠵᠢᠱᠢᠯᠲᠡ ᠶᠢᠨ ᠴᠢᠨᠠᠷ | 8. ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ | ᠨᠣᠷᠮ᠎ᠠ ︵%︶ 95 > 97 ᠵᠢᠱᠢᠯᠲᠡ ᠶᠢᠨ ᠴᠢᠨᠠᠷ | 9. ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ︵%︶ 90> | 95 ᠬᠢᠵᠠᠭᠠᠷᠯᠠᠬᠤ ᠴᠢᠨᠠᠷᠲᠠᠢ | 10. ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠨᠣᠷᠮ᠎ᠠ ︵%︶ 90∨95 | ᠬᠢᠵᠠᠭᠠᠷᠯᠠᠯ ᠤᠨ ᠴᠢᠨᠠᠷᠲᠠᠢ | 11. ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢᠦᠭᠡᠷᠴᠢᠯᠡᠯᠲᠡ ᠶᠢᠨ ᠲᠤᠭ᠎ᠠ ︵ | ᠡᠷᠦᠬᠡ︶ 245≥325 ᠬᠢᠵᠠᠭᠠᠷᠯᠠᠬᠤ ᠴᠢᠨᠠᠷᠲᠠᠢ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 180 ᠳ᠋ᠤᠭᠠᠷ ᠲᠣᠭᠠᠲᠤ︶᠂ ︽ᠰᠢᠯᠢ ᠶᠢᠨ ᠭᠤᠣᠯ ᠠᠶᠢᠮᠠᠭ ᠤᠨ | ᠵᠡᠮᠳᠡᠭᠴᠦᠳ ᠢ ᠬᠠᠷᠢᠴᠠᠯ ᠶᠣᠰᠣᠭᠠᠷ ᠲᠣᠬᠢᠷᠠᠭᠤᠯᠤᠨ ᠠᠵᠢᠯ ᠣᠯᠭᠤᠬᠤ ᠠᠷᠭ᠎ᠠ︾᠂ ᠵᠡᠮᠳᠡᠭᠴᠦᠳ ᠤᠨ ᠠᠵᠢᠯ | ᠣᠯᠬᠤ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠬᠤ ᠪᠠ ᠠᠵᠢᠯ ᠠᠯᠳᠠᠯᠲᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ | ᠲᠣᠭᠲᠠᠴᠠ ᠶᠢ ᠪᠦᠷᠢᠨᠰᠢᠭᠦᠯᠵᠦ᠂ ᠵᠡᠮᠳᠡᠭᠴᠦᠳ ᠤᠨ ᠬᠠᠷᠢᠴᠠᠯ ᠶᠣᠰᠣᠭᠠᠷ ᠠᠵᠢᠯ ᠣᠯᠬᠤ ᠣᠨ ᠤ ᠬᠢᠨᠠᠯᠲᠠ ᠶᠢ | ᠵᠢᠷᠤᠮᠵᠢᠭᠤᠯᠤᠨ᠂ ᠪᠥᠬᠦ ᠤᠯᠤᠰ ᠲᠤ ᠰᠦᠯᠵᠢᠶᠡᠵᠢᠭᠦᠯᠦᠨ ᠭᠡᠷᠡᠴᠢᠯᠡᠬᠦ ᠪᠠ ᠮᠤᠵᠢ ᠠᠯᠤᠰᠯᠠᠨ ᠨᠡᠶᠢᠳᠡᠮ | ᠭᠦᠢᠴᠡᠳᠬᠡᠬᠦ ᠶᠢ ᠪᠡᠶᠡᠯᠡᠭᠦᠯᠦᠨ᠎ᠡ᠃ ᠣᠨ ᠢᠶᠠᠷ ᠨᠢᠭᠡᠴᠢ ᠪᠣᠯᠭᠠᠨ ᠰᠢᠯᠢ ᠶᠢᠨ ᠬᠤᠲᠠ ᠶᠢᠨ ᠠᠵᠢᠯ ᠣᠯᠬᠤ ᠨᠠᠰᠤᠨ ᠤ | ᠬᠡᠪᠴᠢᠶᠡᠨ ᠳᠠᠬᠢ ᠵᠡᠮᠳᠡᠭᠴᠦᠳ ᠵᠢᠴᠢ ᠵᠡᠮᠳᠡᠭᠴᠦᠳ ᠤᠨ ᠭᠡᠷ ᠪᠦᠯᠢ ᠶᠢᠨ ᠠᠵᠢᠯ ᠣᠯᠭᠤᠯᠲᠠ ᠶᠢᠨ ᠪᠠᠶᠢᠳᠠᠯ ᠵᠢᠴᠢ | ᠠᠵᠢᠯ ᠣᠯᠭᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠣᠶᠢᠯᠠᠭᠠᠵᠤ᠂ ᠵᠡᠮᠳᠡᠭᠴᠦᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥᠯ ᠵᠦᠢᠯ ᠢ | ᠥᠷᠨᠢᠭᠦᠯᠵᠦ᠂ ᠵᠡᠮᠳᠡᠭᠴᠦᠳ ᠢ ᠦᠨᠡᠨᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠣᠷᠣᠯᠭ᠎ᠠ ᠶᠢ | ᠨᠢ ᠨᠡᠮᠡᠭᠳᠡᠭᠦᠯᠦᠨ᠂ ᠠᠮᠢᠳᠤᠷᠠᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠬᠥᠮᠥᠨ | ᠬᠡᠷᠡᠭᠯᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠬᠠᠷᠢᠴᠠᠯ ᠶᠣᠰᠣᠭᠠᠷ ᠵᠡᠮᠳᠡᠭᠴᠦᠳ ᠲᠤ ᠠᠵᠢᠯ ᠣᠯᠭᠤᠬᠤ᠂ | ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠤᠰᠢᠶᠠᠬᠤ ᠵᠡᠷᠭᠡ ᠬᠠᠤᠯᠢ ᠴᠠᠭᠠᠵᠠ ᠶᠢᠨ ᠡᠭᠦᠷᠭᠡ ᠶᠢ | ᠴᠢᠩᠭ᠎ᠠ ᠭᠦᠢᠴᠡᠳᠬᠡᠨ᠎ᠡ᠃ ᠵᠡᠮᠳᠡᠭᠴᠦᠳ ᠲᠤ ᠠᠵᠢᠯ ᠣᠯᠭᠤᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠣᠨ᠎ᠠ᠃ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ | ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠲᠣᠭᠲᠠᠭᠠᠯ ᠶᠣᠰᠣᠭᠠᠷ ᠨᠠᠭᠠᠲᠤ ᠵᠠᠬ᠎ᠠ ᠶᠢᠨ | ᠪᠠᠲᠤᠯᠠᠭ᠎ᠠ ᠶᠢ ᠢᠳᠡᠭ ᠢᠳᠡᠭ ᠢᠶᠠᠷ ᠪᠠᠭᠤᠷᠠᠭᠤᠯᠬᠤ᠂ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠠᠰᠤᠬᠤ | ᠵᠡᠷᠭᠡ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ᠳᠦᠷᠢᠮ ᠪᠠ ᠠᠵᠢᠯ | ᠣᠯᠭᠤᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ | ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠱᠠᠩᠨᠠᠯ ᠨᠥᠬᠦᠪᠦᠷᠢ᠂ ᠠᠵᠢᠯ ᠣᠯᠭᠤᠯᠲᠠ ᠶᠢᠨ ᠲᠡᠳᠬᠦᠮᠵᠢ᠂ ᠠᠵᠢᠯ | ᠣᠯᠭᠤᠯᠲᠠ ᠶᠢᠨ ᠦᠢᠯᠡᠴᠢᠯᠡᠭᠡ ᠵᠡᠷᠭᠡ ᠶᠢᠨ ᠵᠠᠷᠤᠯᠭ᠎ᠠ ᠶᠢ ᠪᠠᠲᠣᠯᠠᠨ᠎ᠠ᠃ ︵ᠵᠡᠮᠳᠡᠭᠴᠦᠳ ᠤᠨ ᠬᠤᠯᠪᠣᠭ᠎ᠠ᠂ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠵᠣᠬᠢᠶᠠᠨ | ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠬᠤᠶᠠᠷ ᠲᠤ ᠵᠡᠮᠳᠡᠭᠴᠦᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠨ᠎ᠡ᠃ | ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠵᠡᠮᠳᠡᠭᠴᠦᠳ ᠢ ᠳᠥᠪᠬᠢᠨᠡᠭᠦᠯᠦᠨ ᠠᠵᠢᠯ ᠣᠯᠭᠤᠬᠤ ᠵᠢᠱᠢᠶ᠎ᠡ ᠦᠵᠡᠭᠦᠯᠬᠦ ᠴᠢᠨᠠᠷᠲᠠᠢ ᠦᠢᠯᠡᠳᠦᠯ ᠢ ᠪᠠᠳᠠᠷᠠᠭᠤᠯᠵᠤ᠂ | ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠡᠮᠳᠡᠭᠴᠦᠳ ᠢ ᠬᠠᠪᠰᠤᠷᠤᠨ | ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ᠂ ᠵᠡᠮᠳᠡᠭᠴᠦᠳ ᠢ ᠳᠥᠪᠬᠢᠨᠡᠭᠦᠯᠦᠨ ᠠᠵᠢᠯ ᠣᠯᠭᠤᠬᠤ ᠵᠡᠷᠭᠡ | ᠠᠵᠢᠯ ᠣᠯᠭᠤᠬᠤ ᠦᠢᠯᠡᠴᠢᠯᠡᠭᠡ ᠪᠠ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯ ᠢ ᠬᠠᠪᠰᠤᠷᠤᠨ᠎ᠠ᠃ | ᠵᠠᠰᠠᠭ ᠤᠨ ᠣᠷᠳᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ | ᠵᠡᠮᠳᠡᠭᠴᠦᠳ ᠲᠤ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠶᠢ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠵᠡᠮᠳᠡᠭᠴᠦᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠵᠡᠮᠳᠡᠭᠴᠦᠳ ᠲᠤ ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ ᠶᠢ | ᠨᠡᠪᠴᠢᠭᠦᠯᠬᠦ 15 ᠰᠠᠭᠤᠷᠢᠨ ᠭᠠᠵᠠᠷ ᠢ ᠪᠣᠶ ᠪᠣᠯᠭᠠᠵᠤ᠂ ᠰᠤᠮᠤ᠂ ᠪᠠᠯᠭᠠᠰᠤ᠂ ᠲᠠᠯᠠᠪᠠᠶ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠦᠨᠳᠦᠰᠦᠨ ᠱᠠᠲᠤᠨ ᠤ ᠵᠡᠮᠳᠡᠭᠴᠦᠳ ᠤᠨ ᠬᠤᠯᠪᠣᠭ᠎ᠠ ᠪᠠᠷ ᠨᠢᠭᠡᠴᠢ ᠪᠣᠯᠭᠠᠨ᠂ | ᠠᠯᠬᠤᠮ ᠠᠯᠬᠤᠮ ᠢᠶᠠᠷ ᠬᠠᠮᠤᠷᠴᠤ᠂ ᠵᠡᠮᠳᠡᠭᠴᠦᠳ ᠤᠨ ᠣᠶᠢᠷ᠎ᠠ ᠬᠠᠪᠢ ᠳᠠᠭᠠᠨ ᠠᠵᠢᠯ ᠣᠯᠬᠤ᠂ ᠠᠳᠠᠯ ᠦᠢᠯᠡᠰ | ᠴᠣᠭᠴᠠᠯᠠᠬᠤ ᠶᠢ ᠪᠡᠶᠡᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ᠂ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠵᠢᠯᠴᠢᠨ ᠤ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠭᠤᠷᠪᠠ ᠳᠤ᠂ ᠵᠡᠮᠳᠡᠭᠴᠦᠳ ᠤᠨ ᠠᠵᠢᠯ ᠣᠯᠬᠤ ᠦᠢᠯᠡᠰ ᠪᠣᠰᠬᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠵᠤ᠂ ᠵᠡᠮᠳᠡᠭᠴᠦᠳ ᠲᠤ ᠲᠣᠬᠢᠷᠠᠬᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠡᠮᠳᠡᠭᠴᠦᠳ ᠤᠨ ᠠᠳᠠᠯ ᠦᠢᠯᠡᠰ ᠴᠣᠭᠴᠠᠯᠠᠬᠤ ᠪᠠᠷ | ᠠᠵᠢᠯ ᠣᠯᠭᠤᠯᠲᠠ ᠶᠢ ᠠᠬᠢᠭᠤᠯᠣᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠠᠵᠢᠯ | ᠮᠡᠷᠭᠡᠵᠢᠯ ᠤᠨ ᠲᠥᠯᠦᠪᠵᠢᠭᠦᠯᠭᠡ ᠶᠢ ᠥᠷᠨᠢᠭᠦᠯᠵᠦ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠨᠠᠷᠢᠯᠢᠭ | ᠣᠨᠣᠴᠠᠲᠠᠢ ᠦᠢᠯᠡᠴᠢᠯᠡᠭᠡ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠵᠡᠮᠳᠡᠭᠴᠦᠳ ᠲᠤ ᠠᠵᠢᠯ ᠣᠯᠭᠤᠬᠤ | ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ | ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠵᠡᠮᠳᠡᠭᠴᠦᠳ ᠲᠤ ᠲᠤᠰᠠᠯᠠᠬᠤ ᠴᠢᠨᠠᠷᠲᠠᠢ ᠠᠵᠢᠯ ᠣᠯᠭᠤᠬᠤ | ᠪᠠᠶᠢᠭᠤᠯᠤᠮᠵᠢ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠪᠣᠯᠪᠠᠰᠤᠷᠠᠭᠤᠯᠤᠯ ᠳᠤ ᠨᠥᠬᠦᠪᠦᠷᠢ | ᠥᠭᠬᠦ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠣᠯᠠᠨ ᠠᠷᠭ᠎ᠠ | ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠣᠯᠵᠤ | ᠠᠳᠠᠯ ᠦᠢᠯᠡᠰ ᠴᠣᠭᠴᠠᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠢᠯᠴᠢᠨ ᠤ ᠡᠪᠯᠡᠯ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 2᠄ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠭᠤᠣᠯᠳᠠᠯᠭ᠎ᠠ ᠲᠠᠢ ᠲᠥᠷᠥᠯ | ᠵᠦᠢᠯ | 1. ᠠᠵᠢᠯ ᠣᠯᠭᠤᠯᠲᠠ ᠶᠢ ᠬᠠᠷᠢᠴᠠᠯ ᠶᠣᠰᠣᠭᠠᠷ ᠲᠣᠬᠢᠷᠠᠭᠤᠯᠤᠨ᠎ᠠ᠃ ᠨᠠᠮ ᠵᠠᠰᠠᠭ ᠤᠨ ᠪᠠᠶᠢᠭᠤᠯᠤᠯᠭ᠎ᠠ᠂ ᠠᠵᠢᠯ | ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠵᠡᠮᠳᠡᠭᠴᠦᠳ ᠢ ᠵᠢᠱᠢᠶ᠎ᠡ ᠦᠵᠡᠭᠦᠯᠦᠨ | ᠳᠠᠶᠢᠴᠢᠯᠠᠨ ᠠᠵᠢᠯ ᠣᠯᠭᠤᠵᠤ᠂ ᠣᠷᠣᠨ ᠲᠤᠭ᠎ᠠ ᠨᠢ 50 ᠬᠥᠮᠥᠨ ᠠᠴᠠ ᠳᠡᠭᠡᠭᠰᠢ ︵50 ᠬᠥᠮᠥᠨ ᠪᠠᠭᠲᠠᠨ᠎ᠠ︶ | ᠨᠠᠮ ᠵᠠᠰᠠᠭ ᠤᠨ ᠪᠠᠶᠢᠭᠤᠯᠤᠯᠭ᠎ᠠ᠂ ᠣᠷᠣᠨ ᠲᠤᠭ᠎ᠠ ᠨᠢ 67 ᠬᠥᠮᠥᠨ ᠠᠴᠠ ᠳᠡᠭᠡᠭᠰᠢ ︵67 ᠬᠥᠮᠥᠨ ᠪᠠᠭᠲᠠᠨ᠎ᠠ︶ | ᠠᠵᠢᠯ ᠦᠢᠯᠡᠰ ᠤᠨ ᠨᠢᠭᠡᠴᠡ ︵ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠪᠠᠭᠲᠠᠬᠤ ᠦᠭᠡᠢ︶ | ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠳᠤ | ᠲᠣᠭᠲᠠᠭᠰᠠᠨ ᠬᠠᠷᠢᠴᠠᠯ ᠳᠤ ᠥᠯᠥ ᠬᠦᠷᠦᠭᠰᠡᠨ ᠪᠠᠶᠢᠪᠠᠯ᠂ 2025 ᠵᠢᠯ ᠤᠨ ᠡᠮᠦᠨ᠎ᠡ ᠠᠳᠠᠭ ᠲᠠᠭᠠᠨ 1 ᠨᠡᠷᠡᠰ | ᠵᠡᠮᠳᠡᠭ ᠬᠥᠮᠥᠨ ᠢ ᠲᠣᠬᠢᠷᠠᠭᠤᠯᠤᠨ᠎ᠠ᠃ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠨᠦᠭᠦᠳ | ᠡᠩ ᠲᠡᠷᠢᠭᠦᠨ ᠳᠤ ᠵᠡᠮᠳᠡᠭᠴᠦᠳ ᠢ ᠲᠥᠪᠬᠢᠨᠡᠭᠦᠯᠵᠦ ᠠᠵᠢᠯ ᠣᠯᠭᠤᠬᠤ ᠶᠠᠪᠤᠳᠠᠯ ᠢ ᠲᠣᠭᠲᠠᠭᠠᠭᠰᠠᠨ ᠬᠠᠷᠢᠴᠠᠯ ᠳᠤ | ᠬᠦᠷᠭᠡᠨ᠎ᠡ᠃ ᠬᠠᠷᠢᠴᠠᠯ ᠠᠴᠠ ᠬᠡᠲᠦᠷᠡᠭᠦᠯᠦᠨ ᠵᠡᠮᠳᠡᠭᠴᠦᠳ ᠲᠤ ᠠᠵᠢᠯ ᠣᠯᠭᠤᠭᠰᠠᠨ ᠬᠥᠮᠥᠨ ᠬᠡᠷᠡᠭᠯᠡᠬᠦ ᠨᠢᠭᠡᠴᠡ ᠶᠢ | ᠱᠠᠩᠨᠠᠨ ᠬᠥᠬᠢᠭᠦᠯᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠪᠠᠷ ᠬᠠᠷᠢᠴᠠᠯ ᠶᠣᠰᠣᠭᠠᠷ ᠲᠣᠬᠢᠷᠠᠭᠤᠯᠤᠭᠰᠠᠨ | ᠦᠭᠡᠢ ᠮᠥᠷᠲᠡᠭᠡᠨ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠤᠰᠢᠶᠠᠬᠤ ᠶᠢ ᠲᠡᠪᠴᠢᠭᠰᠡᠨ᠂ | ᠳᠤᠲᠠᠭᠤ ᠲᠤᠰᠢᠶᠠᠭᠰᠠᠨ ᠬᠥᠮᠥᠨ ᠬᠡᠷᠡᠭᠯᠡᠬᠦ ᠨᠢᠭᠡᠴᠡ ᠶᠢᠨ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ | ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠬᠤ ᠬᠡᠷᠡᠭᠲᠡᠢ᠃ | 2. ᠠᠵᠢᠯ ᠣᠯᠭᠤᠯᠲᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ᠃ ᠵᠡᠮᠳᠡᠭᠴᠦᠳ ᠤᠨ ᠬᠠᠷᠢᠴᠠᠯ ᠲᠠᠢ ᠪᠠᠷ | ᠠᠵᠢᠯ ᠣᠯᠬᠤ ᠣᠨ ᠤ ᠬᠢᠨᠠᠯᠲᠠ ᠶᠢ ᠵᠢᠷᠤᠮᠵᠢᠭᠤᠯᠵᠤ᠂ ᠪᠦᠬᠦ ᠤᠯᠤᠰ ᠲᠤ ᠰᠦᠯᠵᠢᠶᠡᠨ ᠳᠤ ᠬᠤᠯᠪᠣᠨ ᠭᠡᠷᠡᠴᠢᠯᠡᠬᠦ | ᠪᠠ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ ᠶᠢ ᠪᠡᠶᠡᠯᠡᠭᠦᠯᠦᠨ᠎ᠡ᠃ | 3. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠨᠥᠬᠦᠪᠦᠷᠢ᠃ ᠵᠡᠮᠳᠡᠭᠴᠦᠳ ᠢ ᠵᠢᠩᠬᠢᠨᠢ ᠪᠠᠷ ᠡᠯᠰᠡᠨ | ᠬᠡᠷᠡᠭᠯᠡᠭᠰᠡᠨ ︵ᠤᠷᠢᠭᠰᠠᠨ︶ ᠬᠥᠮᠥᠨ ᠬᠡᠷᠡᠭᠯᠡᠬᠦ ᠨᠢᠭᠡᠴᠡ ᠳᠤ ᠲᠣᠭᠲᠠᠭᠠᠯ ᠶᠣᠰᠣᠭᠠᠷ ᠠᠵᠢᠯ ᠤᠨ ᠪᠠᠶᠢᠷᠢ᠂ | ᠨᠡᠶᠢᠭᠡᠮ ᠤᠨ ᠳᠠᠭᠠᠳᠬᠠᠯ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ | ᠠᠪᠴᠤ ᠥᠭᠡᠷᠡᠴᠢᠯᠡᠬᠦ᠂ ᠠᠵᠢᠯ ᠮᠡᠷᠭᠡᠵᠢᠯ ᠤᠨ ᠬᠢᠨᠠᠨ ᠲᠣᠭᠲᠠᠭᠠᠯᠲᠠ ᠵᠡᠷᠭᠡ ᠨᠥᠬᠦᠪᠦᠷᠢ ᠣᠯᠭᠤᠨ᠎ᠠ᠃ ᠪᠡᠶ᠎ᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠭᠰᠠᠨ᠂ ᠠᠮᠢᠳᠤᠯᠢᠭ ᠢᠶᠠᠷ ᠠᠵᠢᠯ ᠣᠯᠣᠭᠰᠠᠨ ᠵᠡᠮᠳᠡᠭᠴᠦᠳ ᠲᠤ ᠲᠣᠭᠲᠠᠭᠠᠯ | ᠶᠣᠰᠣᠭᠠᠷ ᠬᠠᠮᠢᠶ᠎ᠠ ᠪᠦᠬᠦᠢ ᠨᠥᠬᠦᠪᠦᠷᠢ ᠣᠯᠭᠤᠨ᠎ᠠ᠃ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠭᠰᠠᠨ ᠨᠡᠶᠢᠲᠡᠯᠢᠭ ᠵᠢᠱᠢᠶ᠎ᠡ ᠪᠠ ᠵᠡᠮᠳᠡᠭᠴᠦᠳ ᠤᠨ ᠠᠵᠢᠯ ᠣᠯᠬᠤ ᠳᠤ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠨᠢᠭᠡᠴᠡ᠂ ᠬᠤᠪᠢ ᠬᠥᠮᠥᠨ ᠢ ᠰᠠᠶᠢᠰᠢᠶᠠᠨ ᠬᠥᠬᠢᠭᠦᠯᠦᠨ᠎ᠡ᠃ ᠨᠥᠬᠦᠴᠡᠯ ᠳᠤ ᠨᠡᠶᠢᠴᠡᠬᠦ ᠵᠡᠮᠳᠡᠭ | ᠣᠶᠤᠲᠠᠳ ᠲᠤ ᠳᠠᠳᠤᠯᠭ᠎ᠠ ᠶᠢᠨ ᠬᠤᠭᠤᠴᠠᠭᠠᠨ ᠳᠤ ᠵᠣᠬᠢᠬᠤ ᠪᠠᠷᠢᠮᠵᠢᠶ᠎ᠠ ᠶᠢᠨ ᠨᠥᠬᠦᠪᠦᠷᠢ ᠣᠯᠭᠤᠨ᠎ᠠ᠃ | 4. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠵᠠᠭᠪᠤᠷ᠃ ︽ᠢᠨᠲ᠋ᠧᠷ ᠰᠦᠯᠵᠢᠶ᠎ᠡ +︾ ᠶᠢᠨ ᠠᠵᠢᠯ | ᠣᠯᠭᠤᠯᠲᠠ᠂ ᠭᠡᠷ ᠲᠡᠭᠡᠨ ᠠᠵᠢᠯ ᠣᠯᠭᠤᠯᠲᠠ᠂ ᠨᠡᠶᠢᠭᠡᠮ ᠲᠣᠭᠤᠷᠢᠭ ᠤᠨ ᠠᠵᠢᠯ ᠣᠯᠭᠤᠯᠲᠠ᠂ ᠠᠮᠢᠳᠤᠯᠢᠭ ᠠᠵᠢᠯ | ᠣᠯᠭᠤᠯᠲᠠ᠂ ᠲᠤᠰᠠᠯᠠᠬᠤ ᠴᠢᠨᠠᠷᠲᠠᠢ ᠠᠵᠢᠯ ᠣᠯᠭᠤᠯᠲᠠ ᠵᠡᠷᠭᠡ ᠵᠡᠮᠳᠡᠭᠴᠦᠳ ᠤᠨ ᠰᠢᠨ᠎ᠡ ᠠᠵᠢᠯ ᠣᠯᠭᠤᠯᠲᠠ ᠶᠢᠨ | ᠬᠡᠯᠪᠡᠷᠢ ᠪᠠᠶᠢᠳᠠᠯ ᠳᠤ ᠲᠣᠬᠢᠷᠠᠭᠰᠠᠨ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ︽ᠠᠪᠤᠷᠠᠨ ᠲᠤᠰᠠᠯᠠᠬᠤ + | ᠠᠵᠢᠯ ᠣᠯᠭᠤᠯᠲᠠ︾᠂ ︽ᠠᠵᠤ ᠦᠢᠯᠡᠰ + ᠠᠵᠢᠯ ᠣᠯᠭᠤᠯᠲᠠ︾᠂ ︽ᠨᠠᠷᠠᠲᠤ ᠲᠡᠮᠳᠡᠭᠲᠦ + ᠠᠵᠢᠯ | ᠣᠯᠭᠤᠯᠲᠠ︾᠂ ︽ᠪᠣᠯᠪᠠᠰᠤᠷᠠᠭᠤᠯᠤᠯ + ᠠᠵᠢᠯ ᠣᠯᠭᠤᠯᠲᠠ︾ ᠶᠢᠨ ᠵᠠᠭᠪᠤᠷ ᠢ ᠰᠢᠨ᠎ᠡ ᠶᠢ ᠡᠭᠦᠳᠬᠦ | ᠴᠢᠨᠠᠷᠲᠠᠢ ᠪᠠᠷ ᠲᠦᠯᠬᠢᠨ ᠠᠬᠢᠭᠤᠯᠵᠤ᠂ ᠵᠡᠮᠳᠡᠭᠴᠦᠳ ᠤᠨ ᠲᠥᠪᠯᠡᠷᠡᠭᠦᠯᠦᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠠᠵᠢᠯ ᠣᠯᠭᠤᠯᠲᠠ ᠶᠢ ᠲᠤᠰᠠᠯᠠᠬᠤ ᠰᠠᠷ᠎ᠠ︾᠂ ︽ | ᠲᠤᠰᠬᠠᠢ ᠠᠵᠢᠯᠲᠠᠨ ᠡᠯᠰᠡᠬᠦ ᠴᠤᠭᠯᠠᠭᠠᠨ︾ ᠵᠡᠷᠭᠡ ᠲᠤᠰᠬᠠᠢ ᠠᠵᠢᠯ ᠣᠯᠭᠤᠯᠲᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠦᠨ᠎ᠡ᠃ | 5. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠨ᠎ᠡ᠃ ᠨᠥᠬᠦᠴᠡᠯ ᠳᠤ ᠨᠡᠶᠢᠴᠡᠬᠦ ᠠᠵᠢᠯ | ᠣᠯᠬᠤ ᠳᠤ ᠬᠦᠴᠢᠷᠲᠡᠢ ᠵᠡᠮᠳᠡᠭᠴᠦᠳ ᠵᠢᠴᠢ ᠰᠢᠭᠤᠳ ᠴᠢᠰᠤᠨ ᠲᠥᠷᠥᠯ ᠤᠨ ᠬᠥᠮᠥᠰ ᠢ ᠠᠵᠢᠯ ᠣᠯᠭᠤᠯᠲᠠ ᠶᠢᠨ | ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ︽ᠨᠢᠭᠡ ᠴᠦ ᠠᠵᠢᠯ ᠣᠯᠣᠭᠰᠠᠨ ᠦᠭᠡᠢ︾ ᠵᠡᠮᠳᠡᠭᠴᠦᠳ ᠤᠨ | ᠭᠡᠷ ᠪᠦᠯᠢ ᠳᠤ ᠨᠠᠭᠠᠲᠤ ᠵᠠᠬ᠎ᠠ ᠳᠠᠭᠠᠨ 1 ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ᠃ ᠵᠠᠬ᠎ᠠ | ᠳᠡᠯᠭᠡᠭᠦᠷ ᠤᠨ ᠠᠷᠭ᠎ᠠ ᠵᠠᠮ ᠢᠶᠠᠷ ᠳᠡᠮᠵᠢᠨ ᠠᠵᠢᠯ ᠣᠯᠬᠤ ᠶᠢ ᠪᠡᠶᠡᠯᠡᠭᠦᠯᠬᠦ ᠳᠤ ᠬᠦᠴᠢᠷᠲᠡᠢ ᠬᠦᠴᠢᠷᠳᠡᠯᠲᠡᠢ | ᠵᠡᠮᠳᠡᠭᠴᠦᠳ ᠲᠤ ᠦᠨᠳᠦᠰᠦᠨ ᠵᠦᠢᠯ ᠢ ᠨᠢ ᠪᠠᠲᠤᠯᠠᠨ ᠲᠥᠪᠬᠢᠨᠡᠭᠦᠯᠵᠦ᠂ ᠨᠥᠬᠦᠪᠦᠷᠢ ᠥᠭᠬᠦ ᠬᠤᠭᠤᠴᠠᠭ᠎ᠠ ᠨᠢ | ᠳᠦᠭᠦᠷᠦᠭᠰᠡᠨ ᠤ ᠳᠠᠷᠠᠭ᠎ᠠ ᠮᠥᠨ ᠬᠦ ᠪᠤᠰᠤᠳ ᠠᠷᠭ᠎ᠠ ᠵᠠᠮ ᠢᠶᠠᠷ ᠳᠡᠮᠵᠢᠨ ᠠᠵᠢᠯ ᠣᠯᠬᠤ ᠶᠢ ᠪᠡᠶᠡᠯᠡᠭᠦᠯᠬᠦ ᠳᠤ | ᠬᠦᠴᠢᠷᠲᠡᠢ ᠬᠦᠴᠢᠷᠳᠡᠯᠲᠡᠢ ᠵᠡᠮᠳᠡᠭᠴᠦᠳ ᠢ ᠳᠠᠬᠢᠨ ᠲᠠᠰ ᠳᠠᠷᠠᠭᠠᠯᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠪᠠᠷ ᠳᠡᠮᠵᠢᠨ ᠲᠥᠪᠬᠢᠨᠡᠭᠦᠯᠵᠦ ᠪᠣᠯᠣᠨ᠎ᠠ᠂ ᠨᠡᠶᠢᠲᠡ ᠲᠥᠪᠬᠢᠨᠡᠭᠦᠯᠬᠦ ᠤᠳᠠᠭ᠎ᠠ ᠶᠢ | ᠵᠠᠷᠴᠢᠮ ᠳᠡᠭᠡᠷ᠎ᠡ ᠪᠠᠨ 2 ᠤᠳᠠᠭ᠎ᠠ ᠠᠴᠠ ᠬᠡᠲᠦᠷᠡᠭᠦᠯᠬᠦ ᠦᠭᠡᠢ᠃ ᠠᠵᠢᠯ ᠣᠯᠬᠤ ᠳᠤ ᠬᠦᠴᠢᠷᠲᠡᠢ ᠵᠡᠮᠳᠡᠭ | ᠣᠶᠤᠲᠠᠳ ᠲᠤ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ︾ ᠶᠢ ᠭᠤᠣᠯᠳᠠᠯᠭ᠎ᠠ ᠲᠠᠢ ᠪᠠᠷ ᠬᠠᠪᠰᠤᠷᠤᠨ ᠲᠡᠳᠬᠦᠬᠦ | ᠠᠵᠢᠯ ᠢ ᠥᠷᠨᠢᠭᠦᠯᠪᠡ᠃ | 6. ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ᠃ ᠠᠵᠢᠯ ᠣᠯᠬᠤ ᠬᠦᠰᠡᠯ ᠡᠷᠡᠮᠡᠯᠵᠡᠯ ᠪᠠ | ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠢ ᠬᠠᠪᠰᠤᠷᠴᠤ ᠪᠠᠶᠢᠭᠠᠳ ᠵᠣᠬᠢᠴᠠᠩᠭᠤᠢ ᠪᠦᠬᠦᠢ | ᠠᠵᠢᠯ ᠮᠡᠷᠭᠡᠵᠢᠯ ᠤᠨ ᠬᠡᠪ ᠴᠢᠨᠠᠷ ᠤᠨ ᠪᠣᠯᠪᠠᠰᠤᠷᠠᠭᠤᠯᠤᠯ᠂ ᠠᠵᠢᠯ ᠣᠯᠬᠤ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠢ ᠨᠡᠶᠢᠳᠡᠮ ᠬᠦᠷᠲᠡᠭᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ ᠪᠤᠰᠤᠳ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠠᠳᠠᠯ ᠦᠢᠯᠡᠰ ᠴᠣᠭᠴᠠᠯᠠᠬᠤ ᠬᠦᠰᠡᠯ ᠲᠠᠢ ᠵᠡᠮᠳᠡᠭᠴᠦᠳ ᠲᠤ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ᠎ᠠ᠃ ᠪᠥᠬᠦ ᠣᠷᠣᠨ ᠵᠢᠴᠢ ᠪᠥᠬᠦ ᠤᠯᠤᠰ ᠤᠨ ᠵᠡᠮᠳᠡᠭᠴᠦᠳ ᠤᠨ | ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠪᠠ ᠵᠡᠮᠳᠡᠭᠴᠦᠳ ᠤᠨ ᠤᠷ᠎ᠠ ᠴᠢᠳᠠᠪᠤᠷᠢ ᠤᠨ | ᠮᠦᠷᠦᠶᠢᠴᠡᠭᠡᠨ ᠳᠤ ᠢᠳᠡᠪᠬᠢᠲᠡᠢ ᠣᠷᠣᠯᠴᠠᠵᠤ᠂ ᠮᠠᠨ ᠤ ᠬᠤᠲᠠ ᠶᠢᠨ ᠵᠡᠮᠳᠡᠭᠴᠦᠳ ᠤᠨ ᠠᠵᠢᠯ ᠮᠡᠷᠭᠡᠵᠢᠯ ᠤᠨ | ᠮᠡᠷᠭᠡᠵᠢᠯ ᠴᠢᠳᠠᠪᠤᠷᠢ ᠶᠢᠨ ᠤᠷᠤᠯᠳᠤᠭᠠᠨ ᠪᠠ ᠤᠷ᠎ᠠ ᠴᠢᠳᠠᠪᠤᠷᠢ ᠤᠨ ᠮᠦᠷᠦᠶᠢᠴᠡᠭᠡᠨ ᠳᠤ ᠰᠢᠨ᠎ᠡ ᠶᠢ ᠡᠭᠦᠳᠦᠨ | ᠥᠷᠨᠢᠭᠦᠯᠵᠦ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠤᠯᠠᠮ ᠨᠢᠭᠡ ᠠᠯᠬᠤᠮ | ᠵᠣᠷᠢᠭᠵᠢᠭᠤᠯᠤᠨ᠎ᠠ᠃ | 7. ᠰᠣᠬᠤᠷ ᠬᠥᠮᠥᠨ ᠤ ᠢᠯᠢᠯᠭᠡ ᠪᠠᠷ ᠳᠡᠮᠵᠢᠨ ᠲᠤᠰᠠᠯᠠᠨ᠎ᠠ᠃ ᠰᠣᠬᠤᠷᠴᠤᠳ ᠤᠨ ᠢᠯᠢᠵᠦ ᠨᠤᠬᠤᠯᠠᠬᠤ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠳᠬᠦᠨ | ᠳᠡᠮᠵᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠵᠡᠮᠳᠡᠭᠴᠦᠳ ᠢ ᠬᠠᠪᠰᠤᠷᠤᠨ ᠲᠡᠳᠬᠦᠵᠦ | ᠪᠠᠶᠢᠭᠠᠳ ᠬᠥᠳᠡᠯᠮᠦᠷᠢ ᠶᠢᠨ ᠣᠷᠣᠯᠭ᠎ᠠ ᠶᠢ ᠨᠢ ᠨᠡᠮᠡᠭᠳᠡᠭᠦᠯᠦᠨ᠎ᠡ᠃ | 8. ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠥᠪᠬᠢᠨᠡᠭᠦᠯᠦᠨ᠎ᠡ᠃ ᠵᠠᠰᠠᠭ ᠤᠨ ᠣᠷᠳᠣᠨ ᠤ | ᠨᠡᠭᠡᠭᠡᠨ ᠬᠥᠭᠵᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠨᠥᠬᠦᠴᠡᠯ ᠳᠤ | ᠨᠡᠶᠢᠴᠡᠬᠦ ᠵᠡᠮᠳᠡᠭᠴᠦᠳ ᠢ ᠤᠷᠢᠳᠠᠪᠠᠷ ᠲᠥᠪᠬᠢᠨᠡᠭᠦᠯᠦᠨ᠎ᠡ᠃ ᠰᠤᠮᠤ ᠪᠠᠯᠭᠠᠰᠤ ᠶᠢᠨ ᠲᠠᠯᠠᠪᠠᠶ᠂ ᠭᠠᠴᠠᠭ᠎ᠠ ᠶᠢᠨ | ᠬᠤᠪᠢᠶᠠᠷᠢ ᠲᠠᠯᠠᠪᠠᠶ ᠳᠤ ᠪᠠᠶᠢᠭᠤᠯᠤᠭᠰᠠᠨ ᠴᠡᠪᠡᠷᠯᠡᠭᠴᠢ᠂ ᠤᠰᠤᠨ ᠬᠤᠭᠤᠯᠠᠢ ᠶᠢᠨ ᠠᠵᠢᠯᠲᠠᠨ᠂ ᠵᠠᠮ ᠬᠠᠮᠠᠭᠠᠯᠠᠭᠴᠢ᠂ | ᠠᠮᠢ ᠠᠬᠤᠢ ᠶᠢᠨ ᠣᠶ ᠬᠠᠮᠠᠭᠠᠯᠠᠭᠴᠢ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ᠰᠣᠶᠣᠯ ᠤᠨ | ᠥᠷᠲᠡᠭᠡ ᠶᠢᠨ ᠬᠠᠮᠢᠶᠠᠷᠤᠭᠴᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯᠲᠠᠨ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠨᠥᠬᠦᠴᠡᠯ ᠳᠤ ᠨᠡᠶᠢᠴᠡᠬᠦ ᠵᠡᠮᠳᠡᠭᠴᠦᠳ ᠪᠤᠶᠤ ᠨᠢᠭᠡ ᠴᠦ ᠠᠵᠢᠯ | ᠣᠯᠣᠭᠰᠠᠨ ᠦᠭᠡᠢ ᠵᠡᠮᠳᠡᠭᠴᠦᠳ ᠤᠨ ᠭᠡᠷ ᠪᠦᠯᠢ ᠶᠢᠨ ᠪᠦᠷᠢᠯᠳᠦᠭᠦᠨ ᠢ ᠤᠷᠢᠳᠠᠪᠠᠷ ᠲᠣᠬᠢᠷᠠᠭᠤᠯᠵᠤ ᠠᠵᠢᠯ | ᠣᠯᠭᠤᠨ᠎ᠠ᠃ | 9. ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠣᠨ᠎ᠠ᠃ ᠵᠠᠰᠠᠭ | ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠵᠡᠮᠳᠡᠭᠴᠦᠳ ᠤᠨ ᠲᠤᠰᠬᠠᠢ ᠠᠵᠢᠯ ᠤᠨ ᠪᠠᠶᠢᠷᠢ ᠶᠢᠨ ᠬᠡᠷᠡᠭᠴᠡᠭᠡ | ᠱᠠᠭᠠᠷᠳᠠᠯᠭ᠎ᠠ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠡᠮᠳᠡᠭᠴᠦᠳ ᠲᠤ ᠠᠵᠢᠯ ᠣᠯᠭᠤᠬᠤ ᠠᠷᠭ᠎ᠠ ᠵᠠᠮ ᠢ | ᠥᠷᠭᠡᠳᠬᠡᠨ᠎ᠡ᠃ | 10. ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠡ᠃ | ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠭᠦᠯᠵᠦ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠵᠡᠮᠳᠡᠭᠴᠦᠳ᠂ ᠶᠠᠳᠠᠭᠤ ᠠᠴᠠ ᠠᠩᠭᠢᠵᠢᠷᠠᠭᠰᠠᠨ | ᠲᠣᠭᠲᠠᠭᠤᠨ ᠪᠤᠰᠤ ᠵᠡᠮᠳᠡᠭᠴᠦᠳ᠂ ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯ ᠲᠠᠢ ᠵᠡᠮᠳᠡᠭᠴᠦᠳ ᠢ | ᠮᠥᠷᠳᠡᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠪᠠᠲᠤᠯᠠᠬᠤ ᠶᠣᠰᠣᠲᠠᠢ ᠶᠢ ᠨᠢ | ᠪᠦᠬᠦᠨ ᠢ ᠪᠠᠲᠤᠯᠠᠵᠤ᠂ ᠬᠠᠮᠣᠷᠬᠤ ᠶᠣᠰᠣᠲᠠᠢ ᠶᠢ ᠨᠢ ᠪᠦᠬᠦᠨ ᠢ ᠬᠠᠮᠣᠷᠬᠤ ᠬᠡᠷᠡᠭᠲᠡᠢ᠃ ᠮᠠᠯᠵᠢᠬᠤ ᠣᠷᠣᠨ ᠤ | ᠵᠡᠮᠳᠡᠭᠴᠦᠳ ᠤᠨ ᠣᠷᠣᠨ ᠰᠠᠭᠤᠴᠠ ᠶᠢᠨ ᠰᠠᠭᠤᠷᠢ ᠭᠠᠵᠠᠷ᠂ ᠮᠠᠯᠵᠢᠯ ᠤᠨ ᠲᠠᠯᠠᠪᠠᠶ ᠶᠢᠨ ᠬᠡᠷᠡᠭᠯᠡᠬᠦ ᠡᠷᠬᠡ᠂ | ᠮᠠᠯᠵᠢᠯ ᠤᠨ ᠲᠠᠯᠠᠪᠠᠶ ᠶᠢᠨ ᠳᠠᠭᠠᠭᠠᠴᠢᠯᠠᠨ ᠡᠵᠡᠩᠨᠡᠬᠦ ᠡᠷᠬᠡ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ | ᠬᠤᠪᠢᠶᠠᠷᠢᠯᠠᠬᠤ ᠡᠷᠬᠡ ᠵᠡᠷᠭᠡ ᠡᠷᠬᠡ ᠠᠰᠢᠭ ᠢ ᠪᠠᠲᠤᠯᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ | ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠲᠦᠷᠦᠭᠦᠯᠡᠵᠦ᠂ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ | ᠂ ᠵᠡᠮᠳᠡᠭᠴᠦᠳ ᠤᠨ ᠬᠤᠯᠪᠣᠭ᠎ᠠ ᠲᠤᠰᠢᠶᠠᠯ ᠤᠨ ᠶᠣᠰᠣᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠲᠤᠰᠬᠠᠢ ᠪᠤᠯᠤᠩ 3᠄ ᠵᠡᠮᠳᠡᠭᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠣᠨ᠎ᠠ | 1. ᠬᠥᠳᠡᠯᠦᠩᠭᠦᠢ ᠲᠣᠭᠲᠠᠴᠠ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠵᠡᠮᠳᠡᠭᠴᠦᠳ | ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠵᠡᠮᠳᠡᠭᠴᠦᠳ᠂ ᠭᠡᠨᠡᠳᠲᠡ ᠡᠭᠦᠰᠦᠭᠰᠡᠨ ᠬᠦᠨᠳᠦ ᠨᠣᠴᠢᠲᠠᠢ | ᠬᠦᠴᠢᠷᠳᠡᠯ ᠲᠠᠢ ᠵᠡᠮᠳᠡᠭᠴᠦᠳ ᠢ ᠮᠥᠷᠳᠡᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ | ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠬᠠᠮᠣᠷᠬᠤ ᠶᠣᠰᠣᠲᠠᠢ ᠶᠢ ᠨᠢ ᠪᠦᠬᠦᠨ ᠢ ᠬᠠᠮᠣᠷᠬᠤ ᠬᠡᠷᠡᠭᠲᠡᠢ᠃ | | 2. ᠭᠤᠣᠯᠳᠠᠯᠭ᠎ᠠ ᠲᠠᠢ ᠪᠠᠲᠤᠯᠠᠭ᠎ᠠ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠦᠨᠳᠦᠰᠦᠨ | ᠱᠠᠲᠣᠨ ᠤ ᠵᠡᠮᠳᠡᠭᠴᠦᠳ ᠤᠨ ᠡᠷᠡᠭᠦᠯᠵᠢᠭᠦᠯᠬᠦ᠂ ᠠᠵᠢᠯ ᠣᠯᠭᠤᠬᠤ ᠴᠢᠬᠤᠯᠠᠲᠠᠢ ᠭᠤᠣᠯᠳᠠᠯᠭ᠎ᠠ ᠲᠠᠢ ᠬᠥᠮᠥᠰ ᠢ | ᠤᠷᠢᠳᠠᠪᠠᠷ ᠪᠠᠲᠤᠯᠠᠵᠤ᠂ ᠵᠡᠮᠳᠡᠭᠴᠦᠳ ᠤᠨ ᠳᠣᠲᠣᠷᠠᠬᠢ ᠭᠤᠣᠯᠳᠠᠯᠭ᠎ᠠ ᠲᠠᠢ ᠬᠥᠮᠥᠰ ᠤᠨ ᠲᠤᠭ᠎ᠠ ᠪᠠᠷᠢᠮᠲᠠ ᠶᠢ ᠪᠦᠬᠦ | ᠲᠠᠯ᠎ᠠ ᠪᠠᠷ ᠡᠵᠡᠮᠰᠢᠵᠦ᠂ ᠵᠡᠮᠳᠡᠭᠴᠦᠳ ᠤᠨ ᠦᠢᠯᠡᠳᠪᠦᠷᠢᠯᠡᠯ ᠠᠮᠢᠳᠤᠷᠠᠯ ᠳᠤ ᠣᠷᠣᠯᠴᠠᠬᠤ ᠡᠯ᠎ᠡ ᠵᠦᠢᠯ ᠤᠨ ᠡᠷᠬᠡ | ᠠᠰᠢᠭ ᠢ ᠬᠠᠮᠠᠭᠠᠯᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠃ ᠵᠣᠯᠭᠠᠭᠤᠯᠬᠤ ᠠᠵᠢᠯ ᠢ ᠪᠠᠬᠢᠵᠢᠭᠦᠯᠬᠦ ᠬᠠᠮᠢᠶ᠎ᠠ ᠪᠦᠬᠦᠢ | ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠪᠥᠬᠦ ᠲᠠᠯ᠎ᠠ ᠪᠠᠷ ᠡᠵᠡᠮᠰᠢᠵᠦ᠂ ᠦᠨᠳᠦᠰᠦᠨ | ᠱᠠᠲᠤᠨ ᠤ ᠠᠵᠢᠯ ᠢ ᠬᠢᠨᠠᠨ ᠵᠢᠯᠤᠭᠤᠳᠬᠤ ᠪᠠᠨ ᠴᠢᠩᠭᠠᠷᠠᠭᠤᠯᠤᠨ᠂ ᠲᠤᠰᠬᠠᠢ ᠵᠦᠢᠯ ᠤᠨ ᠪᠡᠯᠡ ᠮᠥᠩᠭᠦ ᠪᠠ ᠲᠥᠷᠥᠯ | ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠡᠷᠡᠭᠦᠯᠦᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ | ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ | 4. ᠳ᠋ᠠᠶᠢᠲ᠋ᠠ ᠶᠢ ᠬᠠᠮᠲᠤᠪᠠᠷ ᠡᠳ᠋ᠯᠡᠬᠦ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠯᠤᠭ᠎ᠠ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠬᠦ ᠪᠠ ᠵᠣᠯᠭᠠᠭᠤᠯᠬᠤ ᠶᠢ ᠬᠦᠴᠦ ᠪᠠᠨ ᠬᠠᠮᠲᠤᠳᠬᠠᠨ ᠥᠷᠨᠢᠭᠦᠯᠵᠦ᠂ ᠮᠠᠯᠵᠢᠬᠤ ᠣᠷᠣᠨ ᠤ | ᠵᠡᠮᠳᠡᠭᠴᠦᠳ ᠤᠨ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠲᠤ ᠣᠷᠣᠯᠴᠠᠬᠤ ᠶᠢ ᠲᠡᠳᠬᠦᠨ | ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠨᠡᠮᠡᠭᠳᠡᠯ ᠤᠨ ᠣᠷᠣᠯᠭ᠎ᠠ ᠶᠢ ᠬᠤᠪᠢᠶᠠᠨ ᠡᠳ᠋ᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠯᠦᠭᠡ | ᠪᠦᠲᠦᠮᠵᠢᠲᠡᠶ ᠵᠣᠯᠭᠠᠭᠤᠯᠣᠨ᠎ᠠ᠃ | 3. ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠡ | ᠨᠢᠭᠡ ᠳᠤ ᠬᠦᠴᠢᠷᠳᠡᠯᠲᠡᠢ ᠵᠡᠮᠳᠡᠭᠴᠦᠳ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠣᠭᠲᠠᠴᠠ ᠶᠢ | ᠪᠦᠷᠢᠨᠰᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠬᠦᠨᠳᠦ ᠵᠡᠮᠳᠡᠭᠴᠦᠳ ᠤᠨ ᠠᠵᠢᠯ ᠦᠭᠡᠢ | ᠠᠮᠢᠳᠤᠷᠠᠯ ᠤᠨ ᠨᠥᠬᠦᠪᠦᠷᠢ ᠪᠠᠷ ᠰᠠᠭᠤᠷᠢ ᠪᠣᠯᠭᠠᠭᠰᠠᠨ᠂ ᠡᠮᠴᠢᠯᠡᠭᠡ ᠶᠢᠨ ᠲᠡᠩᠬᠡᠷᠡᠭᠦᠯᠦᠨ ᠲᠤᠰᠠᠯᠠᠬᠤ ᠪᠠᠷ | ᠨᠥᠬᠦᠪᠦᠷᠢ ᠪᠣᠯᠭᠠᠭᠰᠠᠨ ᠵᠡᠮᠳᠡᠭᠴᠦᠳ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠶᠢᠭᠤᠯᠤᠯ ᠲᠣᠭᠲᠠᠴᠠ ᠶᠢ | ᠪᠠᠶᠢᠭᠤᠯᠤᠨ᠎ᠠ᠃ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ︽ᠨᠢᠭᠡ ᠬᠥᠮᠥᠨ ᠳᠤ ᠨᠢᠭᠡ ᠲᠠᠩᠰᠠ ᠡᠪᠬᠡᠮᠡᠯ︾ ᠤᠨ ᠨᠠᠷᠢᠯᠢᠭ ᠣᠨᠣᠴᠠᠲᠠᠢ ᠪᠠᠷ | ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠪᠡᠳᠴᠢᠨ ᠠᠴᠠ ᠪᠣᠯᠵᠤ ᠶᠠᠳᠠᠭᠤᠷᠠᠭᠰᠠᠨ | ᠂ ᠵᠠᠷᠤᠯᠭ᠎ᠠ ᠶᠢᠨ ᠬᠡᠯᠪᠡᠷᠢ ᠶᠢᠨ ᠶᠠᠳᠠᠭᠤ ᠬᠦᠴᠢᠷᠳᠡᠯᠲᠡᠢ ᠵᠡᠷᠭᠡ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ | ᠲᠦᠷ ᠴᠠᠭ ᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠬᠦᠴᠢᠷᠳᠡᠯᠲᠡᠢ ᠵᠡᠮᠳᠡᠭᠴᠦᠳ ᠢ | ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠡᠬᠢ ᠪᠠᠶᠠᠯᠢᠭ ᠢ ᠬᠠᠮᠲᠤᠪᠠᠷ ᠭᠥᠷᠳᠡᠬᠦ ᠲᠠᠪᠴᠠᠩ ᠢ ᠪᠠᠶᠢᠭᠤᠯᠵᠤ᠂ | ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠣᠯᠭᠤᠮᠵᠢ ᠲᠠᠢ ᠵᠡᠮᠳᠡᠭᠴᠦᠳ ᠤᠨ | ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠵᠦ᠂ ᠬᠦᠴᠢᠷᠳᠡᠯᠲᠡᠢ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ | ᠃ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠦᠴᠢᠷᠳᠡᠯᠲᠡᠢ ᠵᠡᠮᠳᠡᠭᠴᠦᠳ ᠤᠨ ᠨᠠᠷᠢᠯᠢᠭ | ᠣᠨᠣᠴᠠᠲᠠᠢ ᠪᠠᠷ ᠬᠠᠪᠰᠤᠷᠤᠨ ᠲᠡᠳᠬᠦᠬᠦ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠎ᠠ᠃ ︵ | ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠰᠤᠷᠭᠠᠨ | ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ | ᠡᠭᠦᠷᠭᠡ ᠴᠢᠳᠠᠪᠤᠷᠢ ᠶᠢᠨ ᠠᠵᠢᠯ ᠤᠨ | ᠬᠤᠶᠠᠷ ᠲᠤ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠣᠨ᠎ᠠ᠃ ᠵᠡᠮᠳᠡᠭᠴᠦᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠲᠤ ᠨᠥᠬᠦᠪᠦᠷᠢ ᠥᠭᠬᠦ ᠲᠥᠷᠥᠯ ᠤᠨ | ᠨᠡᠶᠢᠭᠡᠮ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠳᠤ ᠢᠮᠠᠭᠲᠠ ᠲᠣᠬᠢᠷᠠᠭᠤᠯᠣᠯᠲᠠ ᠬᠢᠨ᠎ᠡ᠃ | ᠵᠡᠮᠳᠡᠭᠴᠦᠳ ᠤᠨ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠨᠡᠶᠢᠲᠡ ᠶᠢᠨ ᠲᠦᠷᠢᠶᠡᠰᠦᠨ ᠭᠡᠷ ᠪᠠᠶᠢᠰᠢᠩ᠂ ᠨᠤᠷᠠᠬᠤ | ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠯᠥᠪᠯᠡᠭᠡ ᠶᠢ ᠲᠦᠷᠭᠡᠪᠴᠢᠯᠡᠨ ᠬᠡᠷᠡᠭᠵᠢᠭᠦᠯᠵᠦ᠂ ᠪᠠᠲᠤᠯᠠᠬᠤ | ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠮᠡᠳᠡᠭᠡ ᠵᠠᠩᠭᠢ ᠶᠢᠨ ᠬᠡᠷᠡᠭᠯᠡᠭᠡ᠂ ᠵᠠᠮ | ᠬᠠᠷᠢᠯᠴᠠᠭ᠎ᠠ ᠶᠠᠪᠤᠵᠤ ᠰᠠᠭᠤᠬᠤ᠂ ᠭᠡᠷ ᠪᠦᠯᠢ ᠶᠢᠨ ᠰᠠᠭᠠᠳ ᠦᠭᠡᠢ ᠶᠢ ᠥᠭᠡᠷᠡᠴᠢᠯᠡᠬᠦ ᠵᠡᠷᠭᠡ ᠬᠠᠪᠰᠤᠷᠤᠨ ᠲᠡᠳᠬᠦᠬᠦ | ᠳᠦᠷᠢᠮ ᠢ ᠰᠢᠯᠢᠳᠡᠭᠵᠢᠭᠦᠯᠵᠦ᠂ ᠵᠡᠮᠳᠡᠭᠴᠦᠳ ᠤᠨ ᠮᠠᠰᠢᠨᠲᠤ ᠰᠠᠭᠤᠳᠠᠯᠲᠤ ᠲᠡᠷᠭᠡ ᠶᠢᠨ ᠰᠢᠲᠠᠭᠠᠯᠭ᠎ᠠ ᠶᠢᠨ | ᠲᠣᠰᠣᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ | ᠰᠦᠢᠳᠬᠡᠯ ᠬᠤᠷᠢᠶᠠᠬᠤ ᠦᠭᠡᠢ ᠪᠠᠷ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠵᠡᠮᠳᠡᠭᠴᠦᠳ ᠲᠤ ᠬᠠᠷᠠᠭᠠᠯᠵᠠᠯ ᠲᠠᠢ ᠲᠥᠬᠦᠮ ᠦᠵᠡᠭᠦᠯᠬᠦ | ᠦᠢᠯᠡᠴᠢᠯᠡᠭᠡᠨ ᠬᠠᠩᠭᠠᠬᠤ ᠶᠢ ᠵᠣᠷᠢᠭᠵᠢᠭᠤᠯᠤᠨ᠎ᠠ᠃ ︵ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ ᠠᠴᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠭᠤᠷᠪᠠ ᠳᠤ ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮᠵᠢ ᠶᠢᠨ | ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠢ ᠬᠠᠪᠰᠤᠷᠤᠨ ᠲᠣᠭᠲᠠᠭᠠᠯ ᠶᠣᠰᠣᠭᠠᠷ | ᠦᠨᠳᠦᠰᠦᠨ ᠨᠠᠰᠤᠵᠢᠯ ᠤᠨ ᠠᠰᠠᠷᠠᠮᠵᠢ ᠪᠠ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠭᠤᠯᠵᠤ᠂ ᠪᠠᠲᠤᠯᠠᠬᠤ | ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠴᠠ ᠬᠦᠴᠢᠷᠳᠡᠯ ᠲᠠᠢ | ᠵᠡᠮᠳᠡᠭᠴᠦᠳ ᠲᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ | ᠡᠮᠨᠡᠯᠭᠡ ᠶᠢᠨ ᠳᠠᠭᠠᠳᠬᠠᠯ ᠤᠨ ᠨᠥᠬᠦᠴᠡᠯ ᠳᠤ ᠨᠡᠶᠢᠴᠡᠬᠦ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠢ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠵᠡᠮᠳᠡᠭᠴᠦᠳ ᠤᠨ | ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠬᠤ ᠶᠢᠨ ᠬᠠᠮᠲᠤ ᠲᠥᠯᠥᠪᠦᠷᠢ ᠥᠭᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ᠠᠵᠢᠯ ᠣᠯᠣᠭᠰᠠᠨ ᠵᠡᠮᠳᠡᠭᠴᠦᠳ ᠤᠨ ᠠᠵᠢᠯ ᠠᠯᠳᠠᠯᠲᠠ ᠶᠢᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ ᠶᠢ | ᠳᠡᠮᠵᠢᠵᠦ᠂ ᠵᠡᠮᠳᠡᠭᠴᠦᠳ ᠤᠨ ᠤᠷᠲᠤ ᠬᠤᠭᠤᠴᠠᠭ᠎ᠠ ᠪᠠᠷ ᠠᠰᠠᠷᠠᠨ ᠰᠤᠪᠢᠯᠠᠬᠤ ᠳᠠᠭᠠᠳᠬᠠᠯ ᠤᠨ ᠳᠦᠷᠢᠮ ᠢ | ᠰᠦᠪᠡᠭᠴᠢᠯᠡᠨ ᠪᠠᠶᠢᠭᠤᠯᠤᠨ᠎ᠠ᠃ ᠵᠡᠮᠳᠡᠭᠴᠦᠳ ᠲᠤ ᠲᠣᠬᠢᠷᠠᠬᠤ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ | ᠨᠥᠬᠦᠪᠦᠷᠢ ᠵᠡᠷᠭᠡ ᠬᠤᠳᠠᠯᠳᠤᠭᠠᠨ ᠤ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠲᠦᠷᠦᠭᠦᠯᠡᠵᠦ᠂ ᠡᠳ᠋ ᠤᠨ ᠵᠠᠰᠠᠭ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ | ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ ᠳᠤ ᠵᠡᠮᠳᠡᠭ ᠴᠡᠷᠢᠭ ᠪᠠ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠢ ᠲᠦᠯᠬᠢᠨ | ᠠᠬᠢᠭᠤᠯᠤᠨ᠎ᠠ᠃ ᠵᠡᠮᠳᠡᠭ ᠴᠡᠷᠢᠭ ᠪᠠ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠰᠢᠷᠬᠠᠲᠤᠭᠰᠠᠨ᠂ | ᠡᠪᠡᠳᠴᠢᠯᠡᠭᠰᠡᠨ ᠵᠡᠮᠳᠡᠭ ᠴᠡᠷᠢᠭ ᠤᠨ ᠠᠮᠢᠳᠤᠷᠠᠯ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ | ᠪᠦᠯᠢ ᠶᠢᠨ ᠬᠢᠨᠢ ᠠᠵᠢᠯ ᠣᠯᠬᠤ ᠵᠡᠷᠭᠡ ᠬᠦᠴᠢᠷᠳᠡᠯ ᠳᠤ ᠬᠠᠪᠰᠤᠷᠤᠯᠭ᠎ᠠ ᠦᠵᠡᠭᠦᠯᠵᠦ᠂ ᠵᠡᠮᠳᠡᠭ ᠴᠡᠷᠢᠭ᠂ ᠵᠡᠮᠳᠡᠭ | ᠪᠣᠯᠤᠭᠰᠠᠨ ᠠᠷᠠᠳ ᠤᠨ ᠴᠠᠭᠳᠠᠭ᠎ᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠶᠢᠭᠡᠮ ᠤᠨ ᠪᠠᠲᠤᠯᠠᠭ᠎ᠠ ᠪᠠ ᠤᠯᠠᠨ | ᠨᠡᠶᠢᠲᠡ ᠶᠢᠨ ᠦᠢᠯᠡᠴᠢᠯᠡᠭᠡ ᠡᠳ᠋ᠯᠡᠬᠦ ᠶᠢ ᠲᠦᠯᠬᠢᠨ ᠠᠬᠢᠭᠤᠯᠤᠨ᠎ᠠ᠃ ︵ᠠᠷᠠᠳ ᠤᠨ ᠵᠡᠪᠰᠡᠭᠲᠦ ᠬᠦᠴᠦᠨ ᠤ ᠶᠠᠮᠤᠨ᠂ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠲᠠᠪᠤ ᠳᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠵᠡᠮᠳᠡᠭᠴᠦᠳ ᠤᠨ ᠡᠷᠬᠡ ᠠᠰᠢᠭ ᠤᠨ | ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠦᠨᠳᠦ ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ᠂ ᠠᠮᠤᠷ | ᠲᠦᠪᠰᠢᠨ ᠤ ᠡ᠊ᠨᠳᠡᠯ ᠵᠡᠷᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠳᠤᠮᠳᠠᠬᠢ ᠵᠡᠮᠳᠡᠭᠴᠦᠳ ᠤᠨ | ᠨᠡᠶᠢᠭᠡᠮ ᠤᠨ ᠳᠡᠮᠵᠢᠯᠭᠡ ᠪᠠ ᠰᠡᠷᠭᠡᠶᠢᠯᠡᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠵᠡᠮᠳᠡᠭᠴᠦᠳ | ᠲᠥᠪᠯᠡᠷᠡᠭᠰᠡᠨ ᠭᠠᠵᠠᠷ ᠲᠠᠯᠠᠪᠤᠷ ᠪᠠ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ | ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠣᠰᠯᠠᠭᠤᠯᠤᠨ ᠬᠠᠪᠰᠤᠷᠤᠨ ᠲᠡᠳᠬᠦᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠢ ᠬᠠᠪᠰᠤᠷᠤᠨ ᠪᠠᠶᠢᠭᠠᠯᠢ ᠶᠢᠨ ᠭᠠᠮᠰᠢᠭ᠂ ᠠᠮᠤᠷ ᠲᠦᠪᠰᠢᠨ ᠵᠡᠷᠭᠡ | ᠭᠡᠨᠡᠳᠲᠡ ᠶᠢᠨ ᠡ᠊ᠨᠳᠡᠯ ᠢ ᠨᠡᠩ ᠰᠠᠶᠢᠲᠤᠷ ᠠᠷᠭᠠᠴᠠᠨ᠎ᠠ᠃ ᠵᠡᠮᠳᠡᠭᠴᠦᠳ ᠤᠨ ᠪᠠᠴᠢᠮ ᠪᠠᠶᠢᠳᠠᠯ ᠢ ᠠᠷᠭᠠᠴᠠᠬᠤ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠪᠠ ᠪᠣᠯᠪᠠᠰᠤᠷᠠᠭᠤᠯᠤᠯ ᠢ ᠥᠷᠨᠢᠭᠦᠯᠵᠦ᠂ | ᠵᠡᠮᠳᠡᠭᠴᠦᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠎ᠡ᠃ ︵ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 4᠄ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠲᠦᠷᠦᠯ | 1. ᠨᠡᠶᠢᠭᠡᠮ ᠤᠨ ᠪᠠᠲᠤᠯᠠᠭ᠎ᠠ᠃ ᠨᠠᠰᠤᠲᠠᠶᠢᠴᠤᠳ ᠲᠤ ᠲᠦᠰᠢᠭᠯᠡᠵᠦ ᠵᠡᠮᠳᠡᠭᠴᠦᠳ ᠢ ᠠᠰᠠᠷᠠᠬᠤ᠂ ᠨᠢᠭᠡ ᠡᠷᠦᠬᠡ ᠳᠤ | ᠣᠯᠠᠨ ᠵᠡᠮᠳᠡᠭ᠂ ᠡᠪᠡᠳᠴᠢᠨ ᠲᠠᠢ ᠵᠡᠮᠳᠡᠭᠴᠦᠳ ᠢ ᠨᠢᠭᠡ ᠴᠣᠭᠴᠠᠵᠢᠭᠤᠯᠬᠤ ᠵᠡᠷᠭᠡ ᠣᠨᠴᠣᠭᠤᠢ ᠬᠦᠴᠢᠷᠳᠡᠯᠲᠡᠢ ᠭᠡᠷ | ᠪᠦᠯᠢ ᠶᠢᠨ ᠳᠣᠲᠣᠷᠠᠬᠢ ᠬᠠᠷᠠᠭᠠᠯᠵᠠᠬᠤ ᠬᠥᠮᠥᠨ ᠦᠭᠡᠢ ᠵᠡᠮᠳᠡᠭᠴᠦᠳ ᠢ ᠣᠨᠴᠠ ᠬᠦᠴᠢᠷᠳᠡᠯᠲᠡᠢ ᠬᠥᠮᠥᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ | ᠵᠡᠮᠳᠡᠭᠴᠦᠳ ᠤᠨ ᠭᠡᠷ ᠪᠦᠯᠢ ᠶᠢᠨ ᠠᠰᠠᠷᠠᠨ ᠲᠡᠵᠢᠭᠡᠬᠦ ᠴᠢᠳᠠᠯ ᠦᠭᠡᠢ ᠬᠡᠦᠬᠡᠳ ᠢ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠵᠤ᠂ ᠠᠰᠠᠷᠠᠨ ᠲᠡᠵᠢᠭᠡᠬᠦ | ᠶᠣᠰᠣᠲᠠᠢ ᠶᠢ ᠨᠢ ᠪᠦᠬᠦᠨ ᠢ ᠠᠰᠠᠷᠠᠨ ᠲᠡᠵᠢᠭᠡᠬᠦ ᠶᠢ ᠦᠨᠡᠨᠬᠦ ᠪᠠᠲᠤᠯᠠᠨ᠎ᠠ᠃ | 2. ᠲᠤᠰᠬᠠᠢ ᠵᠦᠢᠯ ᠤᠨ ᠲᠡᠩᠬᠡᠷᠡᠭᠦᠯᠦᠨ ᠲᠤᠰᠠᠯᠠᠬᠤ᠃ ᠡᠯ᠎ᠡ ᠵᠦᠢᠯ ᠤᠨ ᠲᠦᠭᠡᠮᠡᠯ ᠬᠠᠷᠠᠭᠠᠯᠵᠠᠯ ᠦᠵᠡᠭᠦᠯᠬᠦ | ᠣᠨᠴᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠦᠭᠡᠢ | ᠠᠬᠢᠭᠤᠯᠵᠤ᠂ ᠠᠮᠢᠳᠤᠷᠠᠯ ᠨᠢ ᠬᠦᠴᠢᠷᠳᠡᠯ ᠲᠠᠢ ᠵᠡᠮᠳᠡᠭᠴᠦᠳ ᠢ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠢ ᠵᠡᠮᠳᠡᠭᠴᠦᠳ ᠤᠨ ᠭᠡᠷ ᠪᠦᠯᠢ ᠪᠣᠯᠣᠨ | ᠡᠪᠡᠳᠴᠢᠨ ᠤ ᠰᠢᠯᠲᠠᠭᠠᠨ᠂ ᠭᠠᠮᠰᠢᠭ ᠤᠨ ᠰᠢᠯᠲᠠᠭᠠᠨ ᠠᠴᠠ ᠪᠣᠯᠵᠤ ᠰᠠᠨᠠᠭᠠᠨ ᠳᠤ ᠦᠭᠡᠢ ᠠᠳᠡᠯ ᠵᠡᠷᠭᠡ ᠵᠠᠶᠢᠯᠠᠰᠢ | ᠦᠭᠡᠢ ᠵᠠᠷᠤᠯᠭ᠎ᠠ ᠨᠡᠯᠢᠶᠡᠳ ᠶᠡᠭᠡ ᠠᠴᠠ ᠪᠣᠯᠵᠤ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠢ ᠬᠦᠴᠢᠷᠳᠡᠯ ᠲᠠᠢ | ᠪᠣᠯᠤᠭᠰᠠᠨ ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯ ᠲᠠᠢ ᠵᠡᠮᠳᠡᠭᠴᠦᠳ ᠤᠨ ᠭᠡᠷ ᠪᠦᠯᠢ ᠳᠤ ᠪᠣᠳᠠᠲᠠᠢ | ᠬᠡᠷᠡᠭᠴᠡᠭᠡ ᠪᠠᠨ ᠦᠨᠳᠦᠰᠦᠯᠡᠨ ᠵᠣᠬᠢᠴᠠᠩᠭᠤᠢ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ | ᠣᠯᠭᠤᠯᠲᠠ ᠵᠡᠷᠭᠡ ᠨᠡᠶᠢᠭᠡᠮ ᠤᠨ ᠲᠤᠰᠬᠠᠢ ᠵᠦᠢᠯ ᠤᠨ ᠠᠪᠤᠷᠠᠨ ᠲᠤᠰᠠᠯᠠᠯᠲᠠ ᠣᠯᠭᠤᠨ᠎ᠠ᠃ | 3. ᠬᠡᠦᠬᠡᠳ ᠢ ᠲᠡᠩᠬᠡᠷᠡᠭᠦᠯᠦᠨ ᠲᠤᠰᠠᠯᠠᠬᠤ᠃ ᠵᠡᠮᠳᠡᠭ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠵᠡᠮᠳᠡᠭ ᠬᠡᠦᠬᠡᠳ ᠤᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠦᠢᠯᠡᠴᠢᠯᠡᠭᠡ ᠶᠢ | ᠴᠢᠩᠭᠠᠳᠬᠠᠵᠤ᠂ ᠵᠡᠮᠳᠡᠭ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠵᠡᠮᠳᠡᠭ | ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠮᠢᠳᠤᠷᠠᠯ ᠳᠠᠭᠠᠨ ᠵᠥᠪ ᠦᠭᠡᠢ ᠲᠡᠨᠦᠭᠦᠴᠢᠯᠡᠨ | ᠭᠤᠶᠢᠷᠠᠨᠴᠢᠯᠠᠵᠤ ᠪᠠᠶᠢᠭ᠎ᠠ ᠵᠡᠮᠳᠡᠭᠴᠦᠳ ᠢ ᠠᠪᠤᠷᠠᠨ ᠲᠤᠰᠠᠯᠠᠵᠤ ᠲᠥᠪᠬᠢᠨᠡᠭᠦᠯᠬᠦ ᠪᠠ ᠲᠦᠷᠦᠯ ᠰᠠᠳᠤᠨ ᠢᠶᠠᠨ ᠡᠷᠢᠬᠦ | ᠦᠢᠯᠡᠴᠢᠯᠡᠭᠡ ᠶᠢ ᠴᠢᠩᠭᠠᠳᠬᠠᠨ᠎ᠠ᠃ | 4. ᠨᠡᠶᠢᠭᠡᠮ ᠤᠨ ᠨᠥᠬᠦᠪᠦᠷᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ | ᠬᠦᠴᠢᠷᠳᠡᠯᠲᠡᠢ ᠭᠡᠷ ᠪᠦᠯᠢ ᠶᠢ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠤᠭᠠᠳᠤᠢ ᠣᠷᠣᠯᠭ᠎ᠠ ᠪᠠᠭᠠᠲᠠᠢ | ᠭᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠲᠡᠨ᠂ ᠬᠦᠨᠳᠦ ᠵᠡᠮᠳᠡᠭ ᠬᠥᠮᠥᠰ ᠢ ᠭᠤᠶᠤᠴᠢᠯᠠᠯ ᠶᠣᠰᠣᠭᠠᠷ ︽ | ᠭᠠᠭᠴᠠ ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠵᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠤ᠂ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠂ ᠬᠦᠨᠳᠦ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠦᠷᠢ ᠶᠢᠨ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠥᠷᠭᠡᠳᠬᠡᠵᠦ᠂ ᠬᠤᠶᠠᠷ ᠵᠦᠢᠯ ᠤᠨ | ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ | ᠬᠦᠨᠳᠦ ᠪᠤᠰᠤ ᠤᠶᠤᠨ ᠤ ᠮᠡᠳᠡᠯᠭᠡ᠂ ᠤᠶᠤᠨ ᠰᠠᠨᠠᠭᠠᠨ ᠤ ᠪᠠ ᠤᠯᠠᠨ ᠳᠠᠪᠬᠤᠷ ᠵᠡᠮᠳᠡᠭᠴᠦᠳ ᠲᠤ ᠬᠦᠷᠲᠡᠯ᠎ᠡ | ᠥᠷᠭᠡᠳᠬᠡᠨ᠎ᠡ᠃ | 5. ᠣᠷᠣᠨ ᠰᠠᠭᠤᠴᠠ ᠶᠢᠨ ᠪᠠᠲᠤᠯᠠᠭ᠎ᠠ᠃ ᠣᠷᠣᠨ ᠰᠠᠭᠤᠴᠠ ᠨᠢ ᠬᠦᠴᠢᠷᠳᠡᠯᠲᠡᠢ ᠣᠷᠣᠯᠭ᠎ᠠ ᠪᠠᠭᠠᠲᠠᠢ | ᠵᠡᠮᠳᠡᠭᠴᠦᠳ ᠤᠨ ᠭᠡᠷ ᠪᠦᠯᠢ ᠶᠢ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠬᠤᠲᠠ | ᠬᠥᠳᠡᠭᠡ ᠶᠢᠨ ᠣᠷᠣᠨ ᠰᠠᠭᠤᠴᠠ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ | ᠨᠡᠶᠢᠴᠡᠬᠦ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢ ᠤᠷᠢᠳᠠᠪᠠᠷ ᠲᠣᠬᠢᠷᠠᠭᠤᠯᠤᠨ᠂ ᠬᠥᠳᠡᠭᠡ ᠲᠣᠰᠬᠤᠨ ᠤ | ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠬᠦ ᠶᠢᠨ ᠬᠠᠮᠲᠤ ᠬᠠᠷᠰᠢ ᠰᠠᠭᠠᠳ ᠦᠭᠡᠢ | ᠪᠡᠯᠡᠳᠬᠡᠮᠵᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠤᠭᠰᠠᠷᠠᠬᠤ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ | ᠬᠡᠷᠡᠭᠲᠡᠢ᠃ | 6. ᠨᠡᠶᠢᠭᠡᠮ ᠤᠨ ᠠᠰᠠᠷᠠᠮᠵᠢ᠃ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠤᠨ ᠤᠰᠤ᠂ | ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠬᠠᠷᠠᠭᠠᠯᠵᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠂ ᠣᠯᠠᠨ | ᠨᠡᠶᠢᠲᠡ ᠶᠢᠨ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠳᠡᠮᠵᠢᠨ᠎ᠡ᠃ | 7. ᠭᠡᠨᠡᠳᠲᠡ ᠶᠢᠨ ᠬᠡᠷᠡᠭ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ | ᠪᠠᠶᠢᠭᠤᠯᠤᠮᠵᠢ ᠶᠢᠨ ᠨᠢᠭᠡᠳᠦᠯᠲᠡᠢ ᠵᠢᠯᠣᠭᠤᠳᠤᠯᠭ᠎ᠠ ᠶᠢᠨ ᠳᠣᠣᠷ᠎ᠠ᠂ ᠡᠷᠡᠭᠦᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ᠂ | ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠠ ᠵᠡᠮᠳᠡᠭ | ᠬᠡᠦᠬᠡᠳ᠂ ᠮᠡᠳᠡᠷᠡᠯ᠂ ᠣᠶᠤᠨ ᠤᠬᠠᠭᠠᠨ ᠪᠠ ᠬᠦᠨᠳᠦ ᠵᠡᠮᠳᠡᠭ ᠬᠥᠮᠥᠨ ᠵᠡᠷᠭᠡ ᠭᠤᠣᠯᠳᠠᠯᠭ᠎ᠠ ᠲᠠᠢ ᠬᠥᠮᠥᠰ ᠢ | ᠳᠣᠪᠤᠶᠢᠯᠭᠠᠵᠤ᠂ ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ | ᠬᠤᠭᠤᠴᠠᠭᠠᠨ ᠳᠠᠬᠢ ᠦᠢᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ | ︵ᠬᠤᠶᠠᠷ︶ ᠵᠡᠮᠳᠡᠭᠴᠦᠳ ᠤᠨ ᠠᠭᠤᠰᠤᠯᠴᠠᠨ ᠬᠥᠭᠵᠢᠬᠦ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ | 1. ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ | ᠨᠡᠮᠡᠭᠳᠡᠭᠦᠯᠦᠨ᠎ᠡ | ᠨᠢᠭᠡ ᠳᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠶᠢ ᠲᠦᠯᠬᠢᠨ ᠠᠬᠢᠭᠤᠯᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ | ᠠᠷᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠤ ᠣᠷᠣᠭᠤᠯᠤᠨ᠂ ᠵᠡᠮᠳᠡᠭ ᠪᠣᠯᠬᠤ ᠶᠢ | ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠥᠬᠦ ᠣᠯᠠᠨ ᠲᠦᠮᠡᠨ᠂ ᠪᠥᠬᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠦᠵᠡᠯ | ᠤᠬᠠᠮᠰᠠᠷ ᠢ ᠪᠣᠶ ᠪᠣᠯᠭᠠᠨ᠎ᠠ᠃ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠬᠡᠷᠡᠭᠵᠢᠭᠦᠯᠵᠦ᠂ | ᠵᠡᠷᠡᠮᠳᠡᠭ ᠲᠦᠷᠦᠭᠦ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠨ᠂ ᠵᠡᠮᠳᠡᠭ ᠪᠣᠯᠬᠤ ᠨᠣᠷᠮ᠎ᠠ ᠶᠢ | ᠪᠦᠲᠦᠮᠵᠢᠲᠡᠶ ᠪᠠᠭᠤᠷᠠᠭᠤᠯᠤᠨ᠎ᠠ᠃ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠶᠢ ᠨᠡᠶᠢᠭᠡᠮ ᠲᠣᠭᠤᠷᠢᠭ ᠲᠤ | ᠣᠷᠣᠭᠤᠯᠬᠤ᠂ ᠭᠡᠷ ᠪᠦᠯᠢ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ | ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ | ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ | ᠬᠤᠯᠪᠣᠭᠠᠲᠤ ᠬᠤᠷᠠᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ ᠡᠷᠡᠭᠦᠯᠵᠢᠭᠦᠯᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠨᠠᠷᠢᠯᠢᠭ | ᠣᠨᠣᠴᠠᠲᠠᠢ ᠪᠠᠷ ᠡᠷᠡᠭᠦᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠲᠦᠯᠬᠢᠨ ᠠᠬᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠬᠤᠯᠪᠣᠭᠠᠲᠤ ᠬᠤᠷᠠᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠳᠠᠮᠵᠢᠭᠤᠯᠤᠨ ᠲᠠᠷᠬᠠᠭᠠᠭᠰᠠᠨ ︽ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠤᠨ ᠪᠠᠷᠢᠮᠵᠢᠶ᠎ᠠ | ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠢ | ᠥᠷᠨᠢᠭᠦᠯᠵᠦ᠂ ᠵᠡᠮᠳᠡᠭᠴᠦᠳ ᠤᠨ ᠰᠠᠨᠠᠭᠠᠴᠢᠯᠠᠭ᠎ᠠ ᠠᠴᠠ ᠪᠠᠨ ᠡᠷᠡᠭᠦᠯᠵᠢᠬᠦ᠂ ᠬᠠᠷᠢᠯᠴᠠᠨ ᠬᠠᠪᠰᠤᠷᠤᠯᠴᠠᠵᠤ | ᠡᠷᠡᠭᠦᠯᠵᠢᠬᠦ ᠶᠢ ᠵᠣᠷᠢᠭᠵᠢᠭᠤᠯᠣᠨ᠎ᠠ᠃ ᠵᠡᠮᠳᠡᠭᠴᠦᠳ ᠤᠨ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ | ᠦᠢᠯᠡᠴᠢᠯᠡᠭᠡᠨ ᠤ ᠠᠵᠢᠯᠯᠠᠭ᠎ᠠ ᠪᠠ ᠡᠷᠡᠭᠦᠯᠵᠢᠭᠦᠯᠭᠡ ᠶᠢᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ | ᠦᠢᠯᠡᠴᠢᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠪᠥᠬᠦ ᠬᠤᠲᠠ ᠶᠢᠨ 7 ᠨᠡᠶᠢᠭᠡᠮ ᠲᠣᠭᠤᠷᠢᠭ ᠤᠨ ᠡᠷᠡᠭᠦᠯᠵᠢᠯ ᠤᠨ | ᠥᠷᠲᠡᠭᠡ ᠶᠢ ᠠᠰᠢᠭᠯᠠᠨ᠂ ᠵᠡᠮᠳᠡᠭᠴᠦᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ | ᠵᠡᠮᠳᠡᠭᠴᠦᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ᠂ ᠰᠡᠳᠬᠢᠴᠡ ᠶᠢᠨ ᠡᠷᠡᠭᠦᠯ | ᠮᠡᠨᠳᠦ ᠶᠢᠨ ᠯᠠᠪᠯᠠᠯᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ᠵᠡᠮᠳᠡᠭᠴᠦᠳ ᠲᠤ ᠦᠨᠳᠦᠰᠦᠨ ᠪᠠ | ᠥᠪᠡᠷᠮᠢᠴᠡ ᠦᠢᠯᠡᠴᠢᠯᠡᠭᠡ ᠬᠠᠩᠭᠠᠨ᠎ᠠ᠃ ︽ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠬᠤ · ᠡᠷᠡᠭᠦᠯ ᠮᠡᠨᠳᠦ ᠶᠢ | ᠳᠡᠮᠵᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ | ᠵᠡᠮᠳᠡᠭᠴᠦᠳ ᠢ ᠬᠠᠪᠰᠤᠷᠤᠨ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ | ᠦᠢᠯᠡᠴᠢᠯᠡᠭᠡᠨ ᠤ ᠨᠣᠷᠮ᠎ᠠ ᠶᠢ ᠵᠠᠭᠤᠨ ᠤ ᠶᠡᠷᠡ ᠠᠴᠠ ᠳᠡᠭᠡᠭᠰᠢ ᠳᠤ ᠬᠦᠷᠦᠭᠦᠯᠦᠨ᠎ᠡ᠃ ︵ᠵᠡᠮᠳᠡᠭᠴᠦᠳ ᠤᠨ | ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠠᠷᠠᠳ ᠤᠨ ᠶᠠᠪᠤᠳᠠᠯ ᠤᠨ | ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠭᠤᠷᠪᠠ ᠳᠤ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠵᠡᠮᠳᠡᠭ | ᠬᠡᠦᠬᠡᠳ ᠢ ᠡᠷᠡᠭᠦᠯᠵᠢᠭᠦᠯᠬᠦ ᠲᠡᠩᠬᠡᠷᠡᠭᠦᠯᠦᠨ ᠲᠤᠰᠠᠯᠠᠬᠤ ᠪᠠ ᠬᠠᠷᠠᠭᠠᠯᠵᠠᠨ ᠬᠠᠮᠠᠭᠠᠯᠠᠭᠴᠢ ᠳᠤ ᠨᠥᠬᠦᠪᠦᠷᠢ ᠥᠭᠬᠦ | ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭ ᠬᠡᠦᠬᠡᠳ ᠢ ᠡᠷᠡᠭᠦᠯᠵᠢᠭᠦᠯᠬᠦ ᠲᠡᠩᠬᠡᠷᠡᠭᠦᠯᠦᠨ | ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠯ᠎ᠡ ᠲᠥᠷᠥᠯ ᠤᠨ | ᠡᠷᠡᠭᠦᠯᠵᠢᠭᠦᠯᠬᠦ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠲᠣᠭᠲᠠᠭᠠᠵᠤ᠂ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠡᠮᠳᠡᠭ ᠬᠡᠦᠬᠡᠳ ᠲᠤ ᠴᠠᠭ | ᠲᠤᠬᠠᠢ ᠳᠤᠨᠢ ᠪᠦᠲᠦᠮᠵᠢᠲᠡᠶ ᠦᠨᠳᠦᠰᠦᠨ ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠬᠦ ᠶᠢ ᠪᠠᠲᠤᠯᠠᠨ᠎ᠠ᠃ ᠵᠡᠮᠳᠡᠭ | ᠬᠡᠦᠬᠡᠳ ᠲᠤ ᠠᠩᠬᠠᠨ ᠤ ᠬᠤᠭᠤᠴᠠᠭᠠᠨ ᠤ ᠭᠠᠷ ᠲᠦᠷᠦᠭᠦ ᠶᠢ ᠥᠷᠭᠡᠳᠬᠡᠨ ᠬᠡᠷᠡᠭᠵᠢᠭᠦᠯᠵᠦ᠂ ᠬᠠᠷᠠᠭ᠎ᠠ ᠮᠠᠭᠤᠳᠠᠬᠤ᠂ | ᠰᠡᠳᠬᠢᠴᠡ ᠶᠢᠨ ᠭᠠᠩᠰᠠᠷᠠᠯ ᠤᠨ ᠡᠷᠡᠭᠦᠯ ᠮᠡᠨᠳᠦ ᠳᠤ ᠭᠠᠷ ᠲᠦᠷᠦᠭᠦ ᠶᠢ ᠥᠷᠨᠢᠭᠦᠯᠦᠨ᠎ᠡ᠃ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠣᠨᠴᠣᠭᠤᠢ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠡᠷᠡᠭᠦᠯᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ | ᠦᠢᠯᠡᠴᠢᠯᠡᠭᠡᠨ ᠤ ᠬᠡᠯᠬᠢᠶᠡᠰᠦ ᠶᠢ ᠤᠷᠲᠤᠳᠬᠠᠨ᠎ᠠ᠃ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ | ᠡᠷᠡᠭᠦᠯᠵᠢᠯ ᠤᠨ ᠴᠢᠳᠠᠮᠵᠢ ᠶᠢ ᠨᠡᠮᠡᠭᠳᠡᠭᠦᠯᠬᠦ ᠪᠠ ᠲᠡᠭᠦᠯᠳᠡᠷᠵᠢᠭᠦᠯᠬᠦ ᠶᠢ ᠳᠡᠮᠵᠢᠵᠦ᠂ ᠡᠷᠡᠭᠦᠯᠵᠢᠯ ᠤᠨ | ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭ ᠬᠡᠦᠬᠡᠳ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ 2025 ᠣᠨ ᠪᠣᠯᠬᠤ ᠳᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ | ᠲᠤᠰᠠᠯᠠᠬᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠡᠮᠳᠡᠭ ᠬᠡᠦᠬᠡᠳ ᠤᠨ | ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠦᠢᠯᠡᠴᠢᠯᠡᠭᠡᠨ ᠤ | ᠶᠠᠰᠤ ᠴᠢᠨᠠᠷ ᠪᠠ ᠪᠠᠲᠤᠯᠠᠭ᠎ᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠡᠮᠳᠡᠭ ᠬᠡᠦᠬᠡᠳ ᠤᠨ | ᠡᠷᠡᠭᠦᠯᠵᠢᠯ ᠤᠨ ᠦᠨᠳᠦᠰᠦᠨ ᠦᠢᠯᠡᠴᠢᠯᠡᠭᠡ ᠶᠢ ᠨᠡᠶᠢᠳᠡᠮ ᠡᠳ᠋ᠯᠡᠵᠦ᠂ ᠡᠷᠡᠭᠦᠯ ᠢᠶᠠᠷ ᠦᠰᠦᠨ ᠪᠣᠶᠢᠵᠢᠬᠤ᠂ ᠪᠦᠬᠦ | ᠲᠠᠯ᠎ᠠ ᠪᠠᠷ ᠬᠥᠭᠵᠢᠬᠦ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃ ︵ᠵᠡᠮᠳᠡᠭᠴᠦᠳ ᠤᠨ ᠬᠤᠯᠪᠣᠭ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠳᠥᠷᠪᠡ ᠳᠤ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠵᠡᠮᠳᠡᠭᠴᠦᠳ ᠤᠨ ᠲᠤᠰᠠᠯᠠᠬᠤ | ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠵᠡᠮᠳᠡᠭᠴᠦᠳ ᠤᠨ ᠲᠤᠰᠠᠯᠠᠬᠤ ᠪᠠᠭᠠᠵᠢ | ᠬᠡᠷᠡᠭᠰᠡᠯ ᠤᠨ ᠲᠣᠬᠢᠷᠠᠭᠤᠯᠤᠨ ᠦᠢᠯᠡᠴᠢᠯᠡᠬᠦ ᠴᠤᠪᠤᠷᠠᠯ ᠢ ᠰᠢᠯᠢᠳᠡᠭᠵᠢᠭᠦᠯᠦᠨ᠂ ᠲᠤᠰᠠᠯᠠᠬᠤ ᠪᠠᠭᠠᠵᠢ ᠬᠡᠷᠡᠭᠰᠡᠯ ᠤᠨ | ᠦᠢᠯᠡᠳᠬᠦᠨ ᠤ ᠭᠠᠷᠴᠠᠭ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠎ᠠ᠃ ᠡᠷᠡᠭᠦᠯᠵᠢᠭᠦᠯᠬᠦ ᠶᠢᠨ | ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠵᠣᠬᠢᠴᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠵᠢᠴᠢ ᠡᠮᠴᠢᠯᠡᠭᠡ᠂ ᠡᠷᠡᠭᠦᠯᠵᠢᠯ᠂ ᠨᠠᠰᠤᠵᠢᠯ ᠤᠨ | ᠪᠠᠶᠢᠭᠤᠯᠤᠮᠵᠢ ᠪᠠ ᠵᠡᠮᠳᠡᠭᠴᠦᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ | ᠪᠠᠶᠢᠭᠤᠯᠤᠮᠵᠢ ᠶᠢᠨ ᠡᠷᠡᠭᠦᠯᠵᠢᠭᠦᠯᠬᠦ ᠶᠢᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠵᠣᠬᠢᠴᠠᠭᠤᠯᠬᠤ | ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ ᠲᠤᠰᠠᠯᠠᠬᠤ ᠪᠠᠭᠠᠵᠢ ᠬᠡᠷᠡᠭᠰᠡᠯ ᠤᠨ ᠦᠵᠡᠭᠦᠯᠦᠯᠭᠡ ᠶᠢᠨ ᠲᠣᠭᠤᠷᠢᠭ ᠢ | ᠪᠠᠶᠢᠭᠤᠯᠵᠤ᠂ ᠠᠮᠤᠷ ᠲᠦᠪᠰᠢᠨ ᠪᠥᠭᠡᠳ ᠪᠣᠳᠠᠲᠤ ᠬᠡᠷᠡᠭᠯᠡᠭᠡᠨ ᠤ ᠦᠨᠳᠦᠰᠦᠨ ᠬᠡᠯᠪᠡᠷᠢ ᠶᠢᠨ ᠡᠷᠡᠭᠦᠯᠵᠢᠭᠦᠯᠬᠦ | ᠲᠤᠰᠠᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ | ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ | ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ ᠳᠤ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ ᠵᠡᠮᠳᠡᠭᠴᠦᠳ ᠤᠨ | ᠬᠤᠯᠪᠣᠭ᠎ᠠ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠠᠶᠢᠮᠠᠭ ᠤᠨ ᠵᠡᠮᠳᠡᠭᠴᠦᠳ ᠤᠨ ᠡᠷᠡᠭᠦᠯᠵᠢᠯ ᠤᠨ ᠲᠥᠪ | ᠂ ᠦᠨᠳᠦᠰᠦᠨ ᠱᠠᠲᠤᠨ ᠤ ᠡᠷᠡᠭᠦᠯᠵᠢᠯ ᠤᠨ ᠪᠠᠶᠢᠭᠤᠯᠤᠮᠵᠢ ᠶᠢᠨ ᠭᠤᠷᠪᠠᠨ ᠱᠠᠲᠤᠨ ᠤ ᠡᠷᠡᠭᠦᠯᠵᠢᠯ ᠤᠨ ᠡᠮᠴᠢᠯᠡᠭᠡᠨ ᠤ | ᠦᠢᠯᠡᠴᠢᠯᠡᠭᠡᠨ ᠤ ᠰᠢᠰᠲ᠋ᠧᠮᠵᠢ ᠳᠤ ᠲᠦᠰᠢᠭᠯᠡᠨ᠂ ︽ᠢᠨᠲ᠋ᠧᠷ ᠰᠦᠯᠵᠢᠶ᠎ᠡ + ᠵᠡᠮᠳᠡᠭᠴᠦᠳ ᠤᠨ ᠡᠷᠡᠭᠦᠯᠵᠢᠯ︾ ᠤᠨ | ᠠᠵᠢᠯ ᠤᠨ ᠵᠠᠭᠪᠤᠷ ᠢ ᠪᠠᠶᠢᠭᠤᠯᠵᠤ᠂ ᠡᠷᠡᠭᠦᠯᠵᠢᠯ ᠤᠨ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠠᠯᠤᠰ ᠠᠴᠠ ᠰᠣᠯᠢᠯᠴᠠᠨ | ᠵᠢᠯᠤᠭᠤᠳᠬᠤ ᠪᠠ ᠬᠠᠮᠲᠤᠷᠠᠯᠴᠠᠬᠤ ᠲᠣᠭᠲᠠᠴᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠦᠢᠯᠡᠴᠢᠯᠡᠭᠡ | ᠬᠤᠳᠠᠯᠳᠤᠨ ᠠᠪᠬᠤ ᠪᠠᠷ ᠳᠠᠮᠵᠢᠭᠤᠯᠤᠨ ᠲᠤᠰᠬᠠᠶᠢᠵᠢᠭᠰᠠᠨ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠪᠣᠶᠢᠵᠢᠭᠤᠯᠤᠨ᠂ ᠵᠡᠮᠳᠡᠭᠴᠦᠳ ᠤᠨ ᠨᠡᠶᠢᠭᠡᠮᠴᠢᠯᠡᠭᠰᠡᠨ ᠨᠠᠷᠢᠯᠢᠭ ᠣᠨᠣᠴᠠᠲᠠᠢ ᠦᠢᠯᠡᠴᠢᠯᠡᠭᠡ ᠳᠤ ᠣᠷᠣᠯᠴᠠᠬᠤ ᠶᠢ | ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ ᠳᠤ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠵᠢᠷᠤᠮᠵᠢᠭᠤᠯᠤᠨ᠎ᠠ᠃ ᠭᠡᠷ ᠪᠦᠯᠢ᠂ | ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠬᠠᠷᠢᠯᠴᠠᠨ ᠵᠣᠯᠭᠠᠭᠤᠯᠤᠭᠰᠠᠨ ᠲᠤᠰᠬᠠᠶᠢᠵᠢᠭᠰᠠᠨ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ ᠵᠡᠮᠳᠡᠭᠴᠦᠳ ᠤᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠪᠦᠬᠦᠨ ᠢ ᠬᠠᠮᠤᠷᠬᠤ᠂ ᠰᠢᠰᠲ᠋ᠧᠮᠵᠢᠭᠦᠯᠬᠦ᠂ ᠲᠡᠩᠴᠡᠭᠦᠷᠢᠰᠢᠭᠦᠯᠬᠦ ᠶᠢ | ᠠᠬᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠵᠡᠮᠳᠡᠭᠴᠦᠳ ᠲᠤ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠬᠠᠩᠭᠠᠨ᠎ᠠ᠃ ᠵᠡᠮᠳᠡᠭᠴᠦᠳ ᠤᠨ | ᠳᠣᠲᠣᠷᠠᠬᠢ ᠭᠤᠣᠯᠳᠠᠯᠭ᠎ᠠ ᠲᠠᠢ ᠬᠥᠮᠥᠰ ᠢ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ | ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠨᠥᠬᠦᠴᠡᠯ ᠳᠤ | ᠨᠡᠶᠢᠴᠡᠬᠦ ᠮᠥᠷᠲᠡᠭᠡᠨ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠪᠠ ᠬᠦᠰᠡᠯ | ᠡᠷᠡᠮᠡᠯᠵᠡᠯ ᠲᠠᠢ ᠬᠦᠨᠳᠦ ᠵᠡᠮᠳᠡᠭᠴᠦᠳ ᠲᠤ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ᠂ | ᠠᠷᠪᠠᠨ ᠳᠥᠷᠪᠡᠳᠦᠭᠡᠷ ᠲᠠᠪᠤᠨ ᠵᠢᠯ ᠤᠨ ᠨᠡᠷᠡᠨ ᠬᠡᠷᠡᠯᠳᠦ ᠭᠡᠷ ᠣᠷᠣᠨ ᠤ ᠲᠥᠯᠥᠪᠯᠡᠭᠡ ᠳᠤ ᠲᠦᠰᠢᠭᠯᠡᠨ᠂ | ᠱᠠᠭᠠᠷᠳᠠᠯᠭ᠎ᠠ ᠳᠤ ᠨᠡᠶᠢᠴᠡᠬᠦ ᠵᠡᠮᠳᠡᠭᠴᠦᠳ ᠲᠤ ᠵᠢᠯ ᠳᠠᠷᠠᠭᠠᠯᠠᠨ ᠭᠡᠷ ᠪᠦᠯᠢ ᠶᠢᠨ ᠠᠰᠠᠷᠠᠨ ᠰᠤᠪᠢᠯᠠᠯᠲᠠ ᠶᠢ ᠬᠠᠩᠭᠠᠵᠤ | ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠡᠭᠦᠯᠴᠢ ᠪᠣᠯᠬᠤ ᠳᠤ ᠪᠥᠬᠦ ᠬᠤᠲᠠ ᠶᠢᠨ ᠪᠣᠶ ᠪᠦᠬᠦᠢ ᠬᠡᠷᠡᠭᠴᠡᠭᠡ | ᠱᠠᠭᠠᠷᠳᠠᠯᠭ᠎ᠠ ᠲᠠᠢ ᠣᠶᠤᠨ ᠰᠠᠨᠠᠭ᠎ᠠ᠂ ᠣᠶᠤᠨ ᠤᠬᠠᠭᠠᠨ᠂ ᠬᠦᠨᠳᠦ ᠲᠠᠰ ᠤᠨ ᠵᠡᠮᠳᠡᠭ ᠬᠥᠮᠥᠨ ᠳᠤ ᠨᠠᠶᠢᠳᠠᠨ | ᠠᠰᠠᠷᠠᠭᠤᠯᠵᠤ ᠠᠰᠠᠷᠠᠨ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠨ᠎ᠡ᠃ ︵ᠵᠡᠮᠳᠡᠭᠴᠦᠳ ᠤᠨ | ᠬᠤᠯᠪᠣᠭ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 5᠄ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠭᠤᠣᠯᠳᠠᠯᠭ᠎ᠠ ᠲᠠᠢ ᠲᠥᠷᠥᠯ ᠵᠦᠢᠯ | 1. ᠵᠡᠮᠳᠡᠭ ᠪᠣᠯᠬᠤ ᠶᠢ ᠰᠡᠷᠭᠡᠶᠢᠯᠡᠬᠦ ᠤᠬᠠᠭᠤᠯᠭ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠯᠬ᠎ᠠ ᠬᠡᠦᠬᠡᠳ ᠪᠣᠯᠣᠨ | ᠬᠡᠦᠬᠡᠳ ᠤᠨ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠰᠢᠰᠲ᠋ᠧᠮᠵᠢ ᠶᠢ ᠰᠢᠭᠰᠢᠨ ᠪᠠᠶᠢᠴᠠᠭᠠᠬᠤ ᠪᠠ | ᠵᠡᠮᠳᠡᠭ ᠬᠡᠦᠬᠡᠳ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠲᠤᠷᠰᠢᠯᠲᠠ ᠶᠢᠨ | ᠣᠷᠣᠨ ᠳᠤ ᠵᠡᠮᠳᠡᠭ ᠢ ᠬᠢᠨᠠᠨ ᠬᠡᠮᠵᠢᠬᠦ ᠰᠢᠰᠲ᠋ᠧᠮᠵᠢ ᠪᠠᠶᠢᠭᠤᠯᠬᠤ ᠶᠢ ᠬᠡᠷᠡᠭᠵᠢᠭᠦᠯᠵᠦ᠂ ᠬᠡᠦᠬᠡᠳ ᠤᠨ ᠵᠡᠮᠳᠡᠭ ᠪᠣᠯᠬᠤ | ᠴᠢᠨᠠᠷᠲᠠᠢ ᠡᠪᠡᠳᠴᠢᠨ ᠢ ᠡᠷᠲᠡ ᠣᠯᠵᠤ ᠮᠡᠳᠡᠬᠦ᠂ ᠡᠷᠲᠡ ᠣᠨᠣᠰᠢᠯᠠᠬᠤ᠂ ᠡᠷᠲᠡ ᠭᠠᠷ ᠲᠦᠷᠦᠭᠦ᠂ ᠡᠷᠲᠡ | ᠡᠷᠡᠭᠦᠯᠵᠢᠭᠦᠯᠬᠦ ᠴᠢᠳᠠᠪᠤᠷᠢ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 2. ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡ᠃ 2025 ᠣᠨ ᠤ ᠵᠢᠯ ᠤᠨ ᠡᠴᠦᠰ ᠪᠣᠯᠬᠤ ᠳᠤ᠂ | ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠠᠷᠢᠴᠠᠯ ᠢ 90% ᠠᠴᠠ ᠳᠡᠭᠡᠭᠰᠢ ᠳᠤ ᠬᠦᠷᠦᠭᠦᠯᠵᠦ᠂ | ᠦᠨᠳᠦᠰᠦᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠠᠷᠢᠴᠠᠯ ᠢ 95% ᠠᠴᠠ ᠳᠡᠭᠡᠭᠰᠢ ᠳᠤ ᠬᠦᠷᠦᠭᠦᠯᠵᠦ | ᠂ ᠬᠥᠮᠥᠨ ᠪᠦᠬᠦᠨ ᠳᠤ ᠡᠷᠡᠭᠦᠯᠵᠢᠯ ᠤᠨ ᠦᠢᠯᠡᠴᠢᠯᠡᠭᠡᠨ ᠤ ᠬᠠᠷᠠᠯᠲᠠ ᠶᠢ ᠡᠳ᠋ᠯᠡᠭᠦᠯᠬᠦ ᠪᠠᠷ ᠴᠢᠷᠮᠠᠶᠢᠨ᠎ᠠ᠃ | 3. ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠦᠢᠯᠡᠴᠢᠯᠡᠭᠡ᠃ ᠨᠡᠶᠢᠭᠡᠮ ᠲᠣᠭᠤᠷᠢᠭ ᠤᠨ ᠡᠷᠡᠭᠦᠯᠵᠢᠯ ᠤᠨ | ᠵᠣᠬᠢᠴᠠᠭᠤᠯᠤᠭᠴᠢ ᠶᠢᠨ ᠡᠩᠨᠡᠭᠡ ᠶᠢ ᠪᠠᠶᠢᠭᠤᠯᠵᠤ᠂ ᠣᠷᠣᠨ ᠪᠦᠰᠡ ᠶᠢᠨ ᠵᠡᠮᠳᠡᠭᠴᠦᠳ ᠤᠨ ᠲᠤᠭ᠎ᠠ ᠬᠡᠮᠵᠢᠶ᠎ᠡ ︵80 | ︱ 150 ᠬᠥᠮᠥᠨ︶ ᠪᠠᠷ ᠬᠠᠮᠢᠶ᠎ᠠ ᠪᠦᠬᠦᠢ 1 ᠬᠥᠮᠥᠨ ᠢ ᠲᠣᠮᠢᠯᠠᠨ ᠡᠷᠡᠭᠦᠯᠵᠢᠯ ᠤᠨ ᠵᠣᠬᠢᠴᠠᠭᠤᠯᠤᠭᠴᠢ ᠶᠢᠨ | ᠲᠤᠰᠢᠶᠠᠯ ᠢ ᠡᠭᠦᠷᠭᠡᠯᠡᠭᠦᠯᠬᠦ ᠶᠢᠨ ᠬᠠᠮᠲᠤ᠂ ᠴᠢᠬᠤᠯᠠ ᠪᠦᠬᠦᠢ ᠠᠵᠢᠯ ᠤᠨ ᠨᠥᠬᠦᠴᠡᠯ ᠪᠠ ᠣᠯᠭᠤᠮᠵᠢ ᠶᠢ ᠪᠠᠲᠤᠯᠠᠬᠤ | ᠬᠡᠷᠡᠭᠲᠡᠢ᠃ | 4. ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ᠃ ᠵᠡᠮᠳᠡᠭᠴᠦᠳ ᠤᠨ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠭᠡᠷ᠎ᠡ ᠲᠣᠭᠲᠠᠭᠰᠠᠨ ᠡᠮᠴᠢ ᠠᠴᠠ ᠵᠡᠮᠳᠡᠭᠴᠦᠳ ᠲᠤ | ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠷᠡᠭᠦᠯᠵᠢᠯ ᠰᠤᠪᠢᠯᠠᠯᠲᠠ ᠵᠡᠷᠭᠡ ᠥᠪᠡᠷᠮᠢᠴᠡ | ᠦᠢᠯᠡᠴᠢᠯᠡᠭᠡ ᠬᠠᠩᠭᠠᠬᠤ ᠶᠢ ᠪᠠᠲᠤᠯᠠᠨ᠂ ᠭᠡᠷ ᠲᠤᠨᠢ ᠡᠷᠡᠭᠦᠯᠵᠢᠭᠦᠯᠬᠦ ᠪᠤᠶᠤ ᠡᠷᠡᠭᠦᠯᠵᠢᠯ ᠤᠨ ᠪᠠᠶᠢᠭᠤᠯᠤᠮᠵᠢ᠂ | ᠡᠮᠨᠡᠯᠭᠡ ᠶᠢᠨ ᠬᠤᠷᠢᠶ᠎ᠠ ᠳᠤ ᠲᠠᠨᠢᠯᠴᠠᠭᠤᠯᠤᠨ ᠡᠷᠡᠭᠦᠯᠵᠢᠯ ᠬᠢᠯᠭᠡᠵᠦ᠂ ᠡᠷᠡᠭᠦᠯᠵᠢᠯ ᠤᠨ ᠲᠥᠰᠥᠯ ᠲᠣᠭᠲᠠᠭᠠᠨ᠂ ︽ | ᠨᠢᠭᠡ ᠬᠥᠮᠥᠨ ᠨᠢᠭᠡ ᠬᠡᠷᠡᠭ︾ ᠢ ᠭᠦᠢᠴᠡᠳᠬᠡᠨ᠎ᠡ᠃ | 5. ᠵᠡᠮᠳᠡᠭ ᠬᠡᠦᠬᠡᠳ ᠢ ᠠᠪᠤᠷᠠᠨ ᠲᠤᠰᠠᠯᠠᠬᠤ᠃ 0-7 ᠨᠠᠰᠤᠨ ᠤ ᠬᠡᠦᠬᠡᠳ ᠤᠨ ᠵᠡᠮᠳᠡᠭ ᠢ ᠰᠢᠭᠰᠢᠨ | ᠪᠠᠶᠢᠴᠠᠭᠠᠬᠤ ᠶᠢ ᠠᠬᠢᠭᠤᠯᠵᠤ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠬᠦ ᠠᠪᠤᠷᠠᠨ ᠲᠤᠰᠠᠯᠠᠬᠤ ᠶᠢ | ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ 0-7 ᠨᠠᠰᠤᠨ ᠤ ᠵᠡᠮᠳᠡᠭ ᠬᠡᠦᠬᠡᠳ ᠤᠨ ᠡᠷᠡᠭᠦᠯᠵᠢᠯ ᠤᠨ | ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠭᠰᠠᠨ ᠰᠠᠭᠤᠷᠢᠨ ᠳᠡᠭᠡᠷ᠎ᠡ᠂ ᠵᠡᠮᠳᠡᠭ ᠬᠡᠦᠬᠡᠳ ᠤᠨ ᠡᠷᠡᠭᠦᠯᠵᠢᠯ ᠤᠨ | ᠠᠪᠤᠷᠠᠨ ᠲᠤᠰᠠᠯᠠᠬᠤ ᠨᠠᠰᠣᠨ ᠤ ᠬᠢᠵᠠᠭᠠᠷ ᠢ 14 ᠨᠠᠰᠤ ᠬᠦᠷᠲᠡᠯ᠎ᠡ ᠠᠭᠤᠵᠢᠭᠤ ᠲᠠᠯᠪᠢᠵᠤ᠂ ᠵᠡᠮᠳᠡᠭ ᠬᠡᠦᠬᠡᠳ ᠤᠨ | ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠤᠨ ᠬᠢᠵᠠᠭᠠᠷᠯᠠᠯ ᠢ ᠦᠭᠡᠶᠢᠰᠬᠡᠵᠦ᠂ ᠡᠷᠡᠭᠦᠯᠵᠢᠯ ᠤᠨ ᠠᠪᠤᠷᠠᠨ | ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠲᠦᠷᠦᠯ ᠵᠦᠢᠯ ᠢ ᠥᠷᠭᠡᠳᠬᠡᠵᠦ᠂ | ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠲᠠᠢ 0-14 ᠨᠠᠰᠤᠨ ᠤ ᠵᠡᠮᠳᠡᠭ ᠬᠡᠦᠬᠡᠳ ᠲᠤ ᠮᠡᠰᠡ ᠵᠠᠰᠠᠯ᠂ ᠲᠤᠰᠠᠯᠠᠬᠤ | ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠪᠠ ᠡᠷᠡᠭᠦᠯᠵᠢᠯ ᠤᠨ ᠪᠣᠯᠪᠠᠰᠤᠷᠠᠯ᠂ ᠹᠢᠽᠢᠺ ᠵᠠᠰᠠᠯ ᠵᠡᠷᠭᠡ ᠦᠨᠳᠦᠰᠦᠨ | ᠡᠷᠡᠭᠦᠯᠵᠢᠯ ᠤᠨ ᠦᠢᠯᠡᠴᠢᠯᠡᠭᠡ ᠪᠠ ᠨᠥᠬᠦᠪᠦᠷᠢ ᠶᠢ ᠪᠦᠬᠦ ᠲᠠᠯ᠎ᠠ ᠪᠠᠷ ᠬᠦᠷᠲᠡᠭᠡᠬᠦ ᠶᠢ ᠪᠡᠶᠡᠯᠡᠭᠦᠯᠦᠨ᠎ᠡ᠃ | 6. ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ᠎ᠠ᠃ ︽ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ | ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠵᠦ | ᠂ ᠪᠠᠷᠢᠮᠵᠢᠶ᠎ᠠ ᠶᠣᠰᠣᠭᠠᠷ ᠨᠥᠬᠦᠪᠦᠷᠢ ᠣᠯᠭᠤᠨ᠎ᠠ᠃ | 7. ᠡᠷᠡᠭᠦᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ᠃ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠡᠷᠡᠭᠦᠯᠵᠢᠯ᠂ ᠨᠡᠶᠢᠭᠡᠮ ᠤᠨ | ᠡᠷᠡᠭᠦᠯᠵᠢᠯ᠂ ᠰᠡᠳᠬᠢᠴᠡ ᠶᠢᠨ ᠡᠷᠡᠭᠦᠯᠵᠢᠯ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠂ ᠡᠷᠡᠭᠦᠯᠵᠢᠭᠦᠯᠦᠭᠴᠢ ᠶᠢᠨ | ᠲᠤᠰᠬᠠᠢ ᠮᠡᠷᠭᠡᠵᠢᠯ ᠤᠨ ᠬᠡᠪ ᠴᠢᠨᠠᠷ ᠵᠢᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠵᠡᠮᠳᠡᠭᠴᠦᠳ ᠲᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠪᠥᠬᠦ ᠲᠠᠯ᠎ᠠ ᠶᠢᠨ ᠡᠷᠡᠭᠦᠯᠵᠢᠯ ᠤᠨ | ᠦᠢᠯᠡᠴᠢᠯᠡᠭᠡ ᠬᠠᠩᠭᠠᠨ᠎ᠠ᠃ | 8. ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡ᠃ ᠵᠡᠮᠳᠡᠭᠴᠦᠳ ᠤᠨ ᠨᠠᠶᠢᠳᠠᠨ ᠠᠰᠠᠷᠠᠭᠤᠯᠬᠤ | ᠲᠥᠪ᠂ ᠵᠡᠮᠳᠡᠭᠴᠦᠳ ᠤᠨ ᠭᠡᠷ ᠪᠦᠯᠢ ᠶᠢᠨ ᠬᠠᠯᠠᠭᠤᠨ ᠳᠤᠯᠠᠭᠠᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ | ᠂ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠠᠴᠠ ᠡᠷᠭᠢᠯᠡᠵᠦ ᠠᠷᠠᠳ ᠠᠴᠠ ᠡᠵᠡᠩᠨᠡᠬᠦ᠂ ᠠᠷᠠᠳ ᠠᠴᠠ | ᠡᠷᠭᠢᠯᠡᠵᠦ ᠠᠯᠪᠠᠨ ᠠᠴᠠ ᠲᠤᠰᠠᠯᠠᠬᠤ᠂ ᠵᠠᠰᠠᠭ ᠤᠨ ᠣᠷᠳᠣᠨ ᠠᠴᠠ ᠨᠥᠬᠦᠪᠦᠷᠢᠯᠡᠬᠦ ᠪᠤᠶᠤ ᠬᠤᠳᠠᠯᠳᠤᠨ ᠠᠪᠬᠤ᠂ | ᠬᠤᠷᠰᠢᠨ ᠡᠵᠡᠩᠨᠡᠬᠦ ᠵᠡᠷᠭᠡ ᠣᠯᠠᠨ ᠵᠦᠢᠯ ᠤᠨ ᠠᠷᠭ᠎ᠠ ᠪᠠ ᠠᠷᠭ᠎ᠠ ᠵᠠᠮ ᠢ ᠬᠡᠷᠡᠭᠯᠡᠨ᠂ ᠵᠡᠮᠳᠡᠭᠴᠦᠳ ᠤᠨ ᠠᠵᠢᠯ | ᠦᠢᠯᠡᠰ ᠤᠨ ᠬᠥᠭᠵᠢᠯᠲᠡ ᠳᠤ ᠲᠣᠬᠢᠷᠠᠬᠤ ᠪᠠ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠪᠠᠶᠢᠭᠤᠯᠤᠮᠵᠢ ᠶᠢᠨ ᠡᠵᠡᠩᠨᠡᠯᠲᠡ ᠶᠢᠨ ᠵᠠᠭᠪᠤᠷ ᠢ ᠪᠣᠶ ᠪᠣᠯᠭᠠᠵᠤ᠂ ᠡᠯ᠎ᠡ ᠭᠠᠵᠠᠷ ᠤᠨ ᠵᠡᠮᠳᠡᠭᠴᠦᠳ ᠤᠨ ᠦᠨᠳᠦᠰᠦᠨ | ᠦᠢᠯᠡᠴᠢᠯᠡᠭᠡᠨ ᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠪᠠᠲᠤᠯᠠᠨ᠎ᠠ᠃ ︽ᠨᠡᠷᠡᠨ ᠬᠡᠷᠡᠯᠳᠦ ᠭᠡᠷ ᠣᠷᠣᠨ︾ ᠤ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠣᠯᠬᠤ ᠨᠠᠰᠤᠨ ᠤ ᠱᠠᠲᠤ ︵16 ︱ 59 ᠪᠦᠬᠦᠯᠢ | ᠨᠠᠰᠤ︶ ᠶᠢᠨ ᠣᠶᠤᠨ ᠤᠬᠠᠭᠠᠨ᠂ ᠣᠶᠤᠨ ᠤᠬᠠᠭᠠᠨ ᠪᠠ ᠬᠦᠨᠳᠦ ᠲᠠᠰ ᠤᠨ ᠵᠡᠮᠳᠡᠭ ᠬᠥᠮᠥᠨ ᠳᠤ ᠨᠠᠶᠢᠳᠠᠨ | ᠠᠰᠠᠷᠠᠭᠤᠯᠬᠤ ᠦᠢᠯᠡᠴᠢᠯᠡᠭᠡ ᠬᠠᠩᠭᠠᠨ᠎ᠠ᠃ ᠠᠵᠢᠯ ᠦᠭᠡᠢ ᠬᠦᠨᠳᠦ ᠵᠡᠮᠳᠡᠭ ᠬᠥᠮᠥᠰ᠂ ᠢᠯᠠᠩᠭᠤᠶ᠎ᠠ ᠤᠶᠤᠨ | ᠰᠠᠨᠠᠭᠠᠨ ᠤ ᠪᠠ ᠤᠶᠤᠨ ᠮᠡᠳᠡᠯᠭᠡ ᠶᠢᠨ ᠬᠦᠨᠳᠦ ᠵᠡᠮᠳᠡᠭᠴᠦᠳ ᠢ ︽ᠲᠡᠵᠢᠭᠡᠬᠦ ᠶᠣᠰᠣᠲᠠᠢ ᠶᠢ ᠨᠢ ᠴᠥᠮ ᠲᠡᠵᠢᠭᠡᠬᠦ︾ | ᠶᠢ ᠴᠢᠷᠮᠠᠶᠢᠨ ᠪᠡᠶᠡᠯᠡᠭᠦᠯᠦᠨ᠎ᠡ᠃ | 2. ᠵᠡᠮᠳᠡᠭᠴᠦᠳ ᠤᠨ ᠣᠨᠴᠣᠭᠤᠢ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | ᠨᠢᠭᠡ ᠳᠤ ᠪᠦᠷᠢᠨ ᠲᠡᠭᠦᠯᠳᠡᠷ ᠠᠭᠤᠰᠤᠯᠴᠠᠭᠰᠠᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ | ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠤᠷᠭᠠᠭᠤᠯᠢ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ | ᠲᠣᠭᠤᠷᠢᠭ ᠢᠶᠠᠷ ᠲᠦᠰᠢᠭ ᠪᠣᠯᠭᠠᠭᠰᠠᠨ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠢ | ᠬᠠᠮᠤᠷᠤᠭᠰᠠᠨ ᠵᠡᠮᠳᠡᠭᠴᠦᠳ ᠤᠨ ᠠᠭᠤᠰᠤᠯᠴᠠᠭᠰᠠᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠷᠢᠮᠲᠠᠯᠠᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ | ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠵᠤ᠂ ᠵᠠᠰᠠᠭ ᠤᠨ ᠣᠷᠳᠣᠨ᠂ ᠨᠡᠶᠢᠭᠡᠮ ᠤᠨ ᠣᠯᠠᠨ ᠲᠠᠯ᠎ᠠ ᠠᠴᠠ ᠵᠡᠮᠳᠡᠭᠴᠦᠳ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠮᠵᠢᠭᠰᠡᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ | ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠵᠡᠮᠳᠡᠭ ᠬᠡᠦᠬᠡᠳ ᠢ ᠰᠤᠷᠭᠠᠭᠤᠯᠢ ᠳᠤ ᠰᠠᠭᠤᠯᠭᠠᠵᠤ | ᠲᠥᠪᠬᠢᠨᠡᠭᠦᠯᠬᠦ ᠶᠢ ᠥᠷᠨᠢᠭᠦᠯᠵᠦ᠂ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠭᠤᠯᠬᠤ᠂ | ᠡᠩ ᠤᠨ ᠰᠤᠷᠭᠠᠭᠤᠯᠢ ᠶᠢᠨ ᠠᠩᠭᠢ ᠳᠠᠭᠠᠵᠤ ᠰᠤᠷᠤᠯᠴᠠᠭᠤᠯᠬᠤ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠢᠭᠡ ᠬᠥᠮᠥᠨ ᠳᠤ ᠨᠢᠭᠡ ᠬᠡᠷᠡᠭ︾ ᠢ | ᠨᠠᠶᠢᠳᠠᠪᠤᠷᠢᠵᠢᠭᠤᠯᠵᠤ᠂ ︽ᠣᠷᠣᠬᠤ ᠶᠣᠰᠣᠲᠠᠢ ᠶᠢ ᠪᠦᠬᠦᠨ ᠢ ᠣᠷᠣᠭᠤᠯᠬᠤ︾ ᠶᠢ ᠦᠨᠡᠨᠬᠦ ᠪᠠᠲᠤᠯᠠᠵᠤ᠂ ᠵᠡᠮᠳᠡᠭ | ᠬᠡᠦᠬᠡᠳ ᠢ ᠡᠯᠰᠡᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠨᠥᠬᠦᠪᠦᠷᠢ | ᠣᠯᠭᠤᠨ᠎ᠠ᠃ ︵ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ | ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ ᠣᠨᠴᠠᠭᠠᠶ ᠰᠤᠷᠭᠠᠨ ᠬᠥᠮᠦᠵᠢᠯ ᠤᠨ ᠠᠭᠤᠰᠤᠯᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ | ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ 2035︾ ᠪᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠰᠤᠷᠭᠠᠨ ᠬᠥᠮᠦᠵᠢᠯ ᠤᠨ ᠳᠦᠷᠢᠮ︾ ᠢ ᠨᠠᠶᠢᠳᠠᠪᠤᠷᠢᠵᠢᠭᠤᠯᠵᠤ᠂ | ᠡᠮᠨᠡᠯᠭᠡ᠂ ᠡᠷᠡᠭᠦᠯᠵᠢᠯ᠂ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠵᠡᠮᠳᠡᠭ ᠬᠡᠦᠬᠡᠳ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠵᠦ᠂ ᠰᠤᠷᠬᠤ ᠨᠠᠰᠤᠨ ᠤ ᠵᠡᠮᠳᠡᠭ ᠬᠡᠦᠬᠡᠳ | ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠪᠠ | ᠪᠠᠬᠢᠵᠢᠭᠦᠯᠦᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠷᠢᠯᠴᠠᠨ | ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠵᠡᠮᠳᠡᠭ ᠰᠤᠷᠤᠭᠴᠢᠳ ᠲᠤ ᠴᠢᠭᠯᠡᠭᠦᠯᠬᠦ ᠴᠢᠨᠠᠷᠲᠠᠢ ᠰᠤᠷᠭᠠᠨ | ᠬᠥᠮᠥᠵᠢᠭᠦᠯᠬᠦ᠂ ᠬᠠᠪᠰᠤᠷᠤᠨ ᠲᠡᠳᠬᠦᠬᠦ ᠪᠠ ᠡᠷᠡᠭᠦᠯᠵᠢᠭᠦᠯᠬᠦ ᠦᠢᠯᠡᠴᠢᠯᠡᠭᠡ ᠬᠠᠩᠭᠠᠨ᠎ᠠ᠃ ᠵᠡᠮᠳᠡᠭᠴᠦᠳ᠂ | ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠵᠢᠴᠢ ᠴᠠᠬᠢᠯᠭᠠᠨ ᠬᠦᠴᠦᠨ ᠤ ᠶᠡᠭᠡ ᠰᠤᠷᠭᠠᠭᠤᠯᠢ ᠠᠴᠠ | ᠲᠡᠭᠦᠰᠦᠭᠰᠡᠨ ᠵᠡᠮᠳᠡᠭᠴᠦᠳ ᠤᠨ ᠰᠤᠷᠤᠭᠴᠢᠳ ᠲᠤ ᠣᠯᠭᠤᠬᠤ ᠨᠥᠬᠦᠪᠦᠷᠢ ᠶᠢ ᠨᠠᠶᠢᠳᠠᠪᠤᠷᠢᠵᠢᠭᠤᠯᠤᠨ᠎ᠠ᠃ ︵ | ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ ᠳᠤ᠂ ᠠᠭᠤᠰᠤᠯᠴᠠᠭᠰᠠᠨ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠣᠨᠴᠣᠭᠤᠢ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠠᠬᠢᠭᠤᠯᠵᠤ᠂ ᠡᠩ ᠤᠨ ᠰᠤᠷᠭᠠᠨ ᠬᠥᠮᠦᠵᠢᠯ᠂ ᠣᠨᠴᠣᠭᠤᠢ ᠰᠤᠷᠭᠠᠨ ᠬᠥᠮᠦᠵᠢᠯ ᠤᠨ | ᠪᠠᠶᠢᠭᠤᠯᠤᠮᠵᠢ ᠶᠢᠨ ᠨᠢᠭᠡᠳᠦᠯᠲᠡᠢ ᠲᠥᠯᠥᠪᠯᠡᠨ ᠵᠣᠬᠢᠴᠠᠩᠭᠤᠢ ᠪᠠᠷ ᠬᠥᠭᠵᠢᠬᠦ ᠶᠢ ᠣᠨᠴᠣᠭᠤᠢ ᠰᠤᠷᠭᠠᠨ ᠬᠥᠮᠦᠵᠢᠯ ᠤᠨ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠡᠮᠳᠡᠭ ᠰᠤᠷᠤᠭᠴᠢᠳ ᠤᠨ ᠣᠯᠠᠨ ᠶᠠᠩᠵᠤ ᠶᠢᠨ ᠠᠭᠤᠰᠤᠯᠴᠠᠨ | ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠵᠦ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 6᠄ ᠵᠡᠮᠳᠡᠭᠴᠦᠳ ᠤᠨ ᠰᠤᠷᠭᠠᠨ ᠬᠥᠮᠦᠵᠢᠯ ᠤᠨ ᠭᠤᠣᠯᠳᠠᠯᠭᠠᠲᠤ ᠲᠥᠷᠥᠯ ᠵᠦᠢᠯ | 1. ᠠᠯᠪᠠᠨ ᠵᠢᠷᠤᠮ ᠤᠨ ᠰᠤᠷᠭᠠᠨ ᠬᠥᠮᠦᠵᠢᠯ᠃ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠬᠥᠮᠥᠨ | ᠠᠮᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠵᠡᠮᠳᠡᠭ ᠬᠡᠦᠬᠡᠳ ᠪᠠᠭᠠᠴᠤᠳ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ | 2025 ᠣᠨ ᠪᠣᠯᠬᠤ ᠳᠤ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 97% ᠳᠤ ᠬᠦᠷᠦᠭᠦᠯᠦᠨ᠎ᠡ᠃ | 2. ᠳᠡᠭᠡᠳᠦ ᠵᠡᠷᠭᠡ ᠶᠢᠨ ᠰᠤᠷᠭᠠᠨ ᠬᠥᠮᠦᠵᠢᠯ᠃ ᠶᠡᠭᠡ ᠰᠤᠷᠭᠠᠭᠤᠯᠢ ᠶᠢᠨ ᠵᠡᠮᠳᠡᠭ ᠰᠢᠨ᠎ᠡ ᠰᠣᠷᠣᠭᠴᠢ ᠵᠢᠴᠢ | ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠤᠨ ᠰᠤᠷᠭᠠᠭᠤᠯᠢ ᠳᠤ ᠣᠷᠣᠬᠤ ᠶᠢ ᠵᠣᠭᠤᠰ ᠢᠶᠠᠷ ᠲᠤᠰᠠᠯᠠᠬᠤ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠡᠮᠳᠡᠭ ᠰᠤᠷᠤᠭᠴᠢᠳ ᠲᠤ ᠲᠤᠰᠠᠯᠠᠬᠤ ᠪᠠᠭᠠᠵᠢ | ᠬᠡᠷᠡᠭᠰᠡᠯ᠂ ᠣᠨᠴᠣᠭᠤᠢ ᠰᠤᠷᠤᠯᠭ᠎ᠠ ᠶᠢᠨ ᠬᠡᠷᠡᠭᠰᠡᠯ᠂ ᠡᠷᠡᠭᠦᠯᠵᠢᠭᠦᠯᠬᠦ ᠪᠣᠯᠪᠠᠰᠤᠷᠠᠯ ᠪᠠ ᠬᠠᠷᠰᠢ ᠰᠠᠭᠠᠳ ᠦᠭᠡᠢ | ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ ᠨᠥᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠤᠨ ᠵᠡᠮᠳᠡᠭ | ᠰᠢᠯᠭᠠᠭᠤᠯᠤᠭᠰᠠᠳ ᠲᠤ ᠬᠠᠨᠳᠤᠭᠤᠯᠤᠨ ᠠᠰ ᠲᠤᠨᠢ ᠰᠢᠯᠭᠠᠵᠤ ᠠᠰ ᠲᠤᠨᠢ ᠡᠯᠰᠡᠬᠦ ᠶᠢ ᠳᠡᠮᠵᠢᠨ᠎ᠡ᠃ | 3. ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ᠃ ᠵᠡᠮᠳᠡᠭᠴᠦᠳ ᠤᠨ ᠰᠤᠷᠭᠠᠨ ᠬᠥᠮᠦᠵᠢᠯ ᠤᠨ | ᠲᠡᠩᠬᠡᠷᠡᠭᠦᠯᠦᠨ ᠲᠤᠰᠠᠯᠠᠬᠤ ᠶᠢ ᠥᠷᠨᠢᠭᠦᠯᠵᠦ᠂ ᠡᠷᠦᠬᠡ ᠠᠮᠠ ᠶᠢᠨ ᠲᠠᠩᠰᠠ ᠨᠢ ᠰᠢᠯᠢ ᠶᠢᠨ ᠭᠤᠣᠯ ᠬᠤᠲᠠ ᠶᠢᠨ | ᠦᠨᠡᠮᠯᠡᠯ ᠲᠠᠢ ᠵᠡᠮᠳᠡᠭᠴᠦᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ | ᠰᠤᠷᠭᠠᠨ ᠬᠥᠮᠦᠵᠢᠯ᠂ ᠡᠩ ᠤᠨ ᠳᠤᠮᠳᠠᠳᠤ ᠵᠡᠷᠭᠡ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠵᠦ ᠪᠠᠶᠢᠭ᠎ᠠ ᠬᠦᠴᠢᠷᠳᠡᠯᠲᠡᠢ ᠵᠡᠮᠳᠡᠭ | ᠰᠤᠷᠤᠭᠴᠢᠳ ᠪᠠ ᠵᠡᠮᠳᠡᠭᠴᠦᠳ ᠤᠨ ᠭᠡᠷ ᠪᠦᠯᠢ ᠳᠤ ᠲᠡᠩᠬᠡᠷᠡᠭᠦᠯᠦᠨ ᠲᠤᠰᠠᠯᠠᠨ᠎ᠠ᠃ | 3. ᠵᠡᠮᠳᠡᠭᠴᠦᠳ ᠤᠨ ᠣᠶᠤᠨ ᠤ ᠰᠣᠶᠣᠯ ᠤᠨ ᠠᠮᠢᠳᠤᠷᠠᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ | ᠨᠢᠭᠡ ᠳᠤ᠂ ᠤᠳᠤ ᠦᠶ᠎ᠡ ᠶᠢᠨ ᠰᠢᠨ᠎ᠡ ᠮᠠᠶ᠋ᠢᠭ ᠤᠨ ᠵᠡᠮᠳᠡᠭᠴᠦᠳ ᠤᠨ ᠦᠵᠡᠯᠲᠡ ᠶᠢ ᠭᠦᠨᠵᠡᠭᠡᠢ ᠬᠥᠮᠦᠯᠢᠭ | ᠦᠵᠡᠯ ᠤᠨ ᠦᠵᠡᠯ ᠰᠠᠨᠠᠭ᠎ᠠ ᠪᠠ ᠵᠡᠮᠳᠡᠭᠴᠦᠳ ᠤᠨ ︽ᠡᠷᠬᠡ ᠲᠡᠭᠰᠢ᠂ ᠣᠷᠣᠯᠴᠠᠬᠤ᠂ ᠬᠠᠮᠲᠤ ᠪᠠᠷ ᠡᠳ᠋ᠯᠡᠬᠦ︾ | ᠤᠳᠤ ᠦᠶ᠎ᠡ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠳᠠᠷᠠᠭᠤᠯᠵᠤ᠂ ᠵᠡᠮᠳᠡᠭᠴᠦᠳ ᠢ ᠲᠡᠳᠬᠦᠨ ᠵᠡᠮᠳᠡᠭᠴᠦᠳ ᠢ | ᠬᠠᠪᠰᠤᠷᠬᠤ ᠶᠠᠪᠤᠳᠠᠯ ᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠤᠨ᠎ᠠ᠃ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢ ᠬᠥᠲᠥᠯᠥᠨ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠵᠡᠮᠳᠡᠭᠴᠦᠳ ᠢ ᠭᠠᠳᠠᠭᠤᠷᠴᠢᠯᠠᠬᠤ ᠶᠢ ᠠᠷᠢᠯᠭᠠᠬᠤ ᠬᠡᠷᠡᠭᠲᠡᠢ᠃ ᠵᠡᠮᠳᠡᠭᠴᠦᠳ ᠤᠨ ᠦᠢᠯᠡᠰ ᠤᠨ ᠬᠠᠮ | ᠵᠠᠭᠤᠴᠢᠯᠠᠭᠤᠷ ᠤᠨ ᠤᠯᠠᠮᠵᠢᠯᠠᠬᠤ ᠴᠢᠳᠠᠪᠤᠷᠢ ᠶᠢ ᠴᠢᠩᠭᠠᠳᠬᠠᠵᠤ᠂ ᠵᠠᠭᠤᠴᠢᠯᠠᠭᠤᠷ ᠤᠨ ᠰᠢᠨ᠎ᠡ ᠵᠠᠭᠤᠴᠢᠯᠠᠭᠤᠷ ᠤᠨ | ᠤᠬᠠᠭᠤᠯᠭ᠎ᠠ ᠶᠢᠨ ᠲᠠᠪᠴᠠᠩ ᠢ ᠬᠡᠷᠡᠭᠯᠡᠨ᠂ ᠵᠡᠮᠳᠡᠭᠴᠦᠳ ᠤᠨ ᠦᠢᠯᠡᠰ ᠤᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠵᠤ᠂ ᠵᠡᠮᠳᠡᠭᠴᠦᠳ ᠤᠨ ᠥᠯᠢᠭᠡᠷ ᠢ ᠰᠠᠶᠢᠲᠤᠷ ᠶᠠᠷᠢᠵᠤ᠂ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ | ᠂ ᠬᠠᠯᠠᠮᠵᠢᠯᠠᠬᠤ᠂ ᠬᠠᠪᠰᠤᠷᠬᠤ ᠪᠣᠯᠪᠠᠰᠤᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠵᠡᠮᠳᠡᠭᠴᠦᠳ ᠢ | ᠲᠤᠰᠠᠯᠠᠬᠤ ᠣᠯᠠᠨ ᠶᠠᠩᠵᠤ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠨᠡᠪᠲᠡᠷᠡᠭᠦᠯᠬᠦ᠂ ᠲᠠᠷᠬᠠᠭᠠᠬᠤ ᠶᠢ | ᠰᠠᠶᠢᠲᠤᠷ ᠥᠷᠨᠢᠭᠦᠯᠵᠦ᠂ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ | ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠠᠭᠤᠰᠤᠯᠴᠠᠬᠤ ᠶᠢ ᠵᠣᠷᠢᠭᠵᠢᠭᠤᠯᠤᠨ᠎ᠠ᠃ ︵ᠤᠬᠠᠭᠤᠯᠬᠤ ᠬᠡᠯᠲᠡᠰ᠂ | ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠵᠡᠮᠳᠡᠭᠴᠦᠳ ᠤᠨ ᠠᠵᠢᠯ ᠤᠨ ᠵᠥᠪᠯᠡᠯ ᠤᠨ ᠡᠯ᠎ᠡ | ᠪᠦᠷᠢᠯᠳᠦᠭᠦᠨ ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠪᠥᠬᠦ | ᠬᠤᠲᠠ ᠶᠢᠨ ᠵᠡᠮᠳᠡᠭᠴᠦᠳ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠪᠠ ᠵᠡᠮᠳᠡᠭᠴᠦᠳ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ᠵᠡᠮᠳᠡᠭᠴᠦᠳ ᠲᠤ ᠥᠪᠡᠷᠮᠢᠴᠡ᠂ | ᠵᠦᠷᠢᠶᠡᠴᠢᠯᠡᠭᠰᠡᠨ ᠰᠣᠶᠣᠯ ᠤᠨ ᠦᠢᠯᠡᠴᠢᠯᠡᠭᠡᠨ ᠬᠠᠩᠭᠠᠨ᠎ᠠ᠃ ᠡᠯ᠎ᠡ ᠭᠠᠴᠠᠭᠠᠨ ᠤ ᠵᠡᠮᠳᠡᠭᠴᠦᠳ ᠤᠨ ᠰᠣᠶᠣᠯ ᠤᠨ | ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠠᠬᠢᠭᠤᠯᠵᠤ᠂ ᠵᠡᠮᠳᠡᠭᠴᠦᠳ ᠤᠨ | ᠰᠣᠶᠣᠯ ᠤᠨ ᠪᠦᠲᠦᠭᠡᠯᠴᠢ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠬᠦ | ᠬᠡᠷᠡᠭᠲᠡᠢ᠃ ᠮᠠᠯᠵᠢᠬᠤ ᠣᠷᠣᠨ ᠤ ᠬᠦᠨᠳᠦ ᠲᠡᠰ ᠤᠨ ᠵᠡᠮᠳᠡᠭᠴᠦᠳ ᠤᠨ ᠰᠣᠶᠣᠯ ᠤᠨ ᠦᠢᠯᠡᠴᠢᠯᠡᠭᠡ ᠶᠢ | ᠴᠢᠩᠭᠠᠳᠬᠠᠨ᠂ ᠰᠣᠬᠤᠷ ᠬᠥᠮᠥᠨ᠂ ᠳᠦᠯᠡᠢ ᠬᠥᠮᠥᠨ ᠲᠤ ᠬᠠᠷᠰᠢ ᠰᠠᠭᠠᠳ ᠦᠭᠡᠢ ᠰᠣᠶᠣᠯ ᠤᠨ ᠪᠦᠲᠦᠭᠡᠭᠳᠡᠬᠦᠨ | ᠬᠠᠩᠭᠠᠨ᠎ᠠ᠃ ᠵᠡᠮᠳᠡᠭᠴᠦᠳ ᠤᠨ ᠰᠣᠶᠣᠯ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ | ᠬᠡᠷᠡᠭᠵᠢᠭᠦᠯᠵᠦ᠂ ᠣᠷᠣᠨ ᠨᠤᠲᠤᠭ ᠤᠨ ᠵᠡᠮᠳᠡᠭᠴᠦᠳ ᠤᠨ ᠣᠨᠴᠠᠭᠠᠶ ᠤᠷᠠᠯᠢᠭ ᠢ ᠬᠥᠭᠵᠢᠭᠦᠯᠵᠦ᠂ ᠵᠡᠮᠳᠡᠭᠴᠦᠳ ᠤᠨ | ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠷᠠᠳᠢᠣ᠋ ᠲᠧᠯᠸᠢᠰ ᠬᠤᠷᠢᠶ᠎ᠠ ᠶᠢᠨ ᠨᠡᠶᠢᠳᠡᠮ | ᠬᠡᠷᠡᠭᠯᠡᠬᠦ ᠳᠣᠬᠢᠶᠠᠨ ᠤ ᠬᠡᠯᠡ ᠨᠡᠮᠡᠵᠦ ᠵᠡᠷᠭᠡ ᠳᠤᠨᠢ ᠨᠡᠪᠲᠡᠷᠡᠭᠦᠯᠬᠦ ᠶᠢ ᠳᠡᠮᠵᠢᠨ᠎ᠡ᠃ ᠣᠯᠠᠨ ᠨᠡᠶᠢᠲᠡ ᠶᠢᠨ ᠨᠣᠮ ᠤᠨ | ᠰᠠᠩ ᠤᠨ ᠰᠣᠬᠤᠷᠴᠤᠳ ᠤᠨ ᠤᠩᠰᠢᠯᠭ᠎ᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ | ᠲᠡᠭᠦᠯᠳᠡᠷᠵᠢᠭᠦᠯᠵᠦ᠂ ᠰᠣᠬᠤᠷᠴᠤᠳ ᠤᠨ ᠥᠰᠥᠭ ᠪᠢᠴᠢᠭ ᠤᠨ ᠨᠣᠮ ᠪᠢᠴᠢᠭ ᠵᠢᠴᠢ ᠬᠠᠮᠢᠶ᠎ᠠ ᠪᠦᠬᠦᠢ | ᠤᠩᠰᠢᠯᠭ᠎ᠠ ᠶᠢᠨ ᠲᠥᠬᠦᠭᠡᠷᠦᠮᠵᠢ ᠶᠢ ᠲᠣᠬᠢᠷᠠᠭᠤᠯᠤᠨ᠂ ᠵᠡᠮᠳᠡᠭᠴᠦᠳ ᠲᠤ ᠲᠣᠬᠢᠷᠠᠬᠤ ᠰᠣᠶᠣᠯ ᠤᠨ ᠠᠵᠢᠯᠯᠠᠭ᠎ᠠ ᠶᠢ | ᠥᠷᠨᠢᠭᠦᠯᠦᠨ᠎ᠡ᠃ ︵ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ ᠠᠴᠠ ᠲᠦᠷᠦᠭᠦᠯᠡᠵᠦ᠂ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ | ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠭᠤᠷᠪᠠ ᠳᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠤᠯ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠭᠤᠯᠵᠤ᠂ ᠵᠡᠮᠳᠡᠭᠴᠦᠳ ᠤᠨ ᠪᠡᠶ᠎ᠡ ᠶᠢᠨ | ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ᠂ ᠵᠡᠮᠳᠡᠭᠴᠦᠳ ᠤᠨ ᠪᠡᠶ᠎ᠡ ᠶᠢᠨ | ᠲᠠᠮᠢᠷ ᠤᠨ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠳᠡᠷᠭᠡᠳᠡᠬᠢ ᠦᠢᠯᠡᠴᠢᠯᠡᠭᠡ ᠶᠢ ᠠᠬᠢᠭᠤᠯᠣᠨ᠎ᠠ᠃ ᠡᠯ᠎ᠡ | ᠲᠥᠷᠥᠯ ᠤᠨ ︽ᠵᠡᠮᠳᠡᠭ ᠡᠷᠡᠭᠦᠯ ᠠᠭᠤᠰᠤᠯᠴᠠᠭᠰᠠᠨ︾ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ | ᠥᠷᠨᠢᠭᠦᠯᠬᠦ ᠶᠢ ᠵᠣᠷᠢᠭᠵᠢᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠨᠡᠶᠢᠭᠡᠮ ᠲᠣᠭᠤᠷᠢᠭ᠂ ᠭᠡᠷ ᠪᠦᠯᠢ ᠳᠤ | ᠣᠷᠣᠬᠤ ᠶᠢ ᠠᠬᠢᠭᠤᠯᠤᠨ᠎ᠠ᠃ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ | ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠵᠤ᠂ ᠰᠢᠯᠢᠳᠡᠭ ᠵᠡᠮᠳᠡᠭ ᠲᠠᠮᠢᠷᠴᠢᠨ ᠢ ᠲᠠᠰᠤᠷᠠᠯᠲᠠ | ᠦᠭᠡᠢ ᠠᠭᠤᠳᠠᠯᠤᠨ᠂ ᠰᠢᠯᠢᠨ ᠰᠣᠩᠭᠤᠵᠤ᠂ ᠬᠥᠮᠥᠵᠢᠭᠦᠯᠵᠦ᠂ ᠡᠯ᠎ᠡ ᠲᠥᠷᠥᠯ ᠤᠨ ᠵᠡᠮᠳᠡᠭᠴᠦᠳ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠳᠤ ᠣᠷᠣᠯᠴᠠᠬᠤ ᠳᠤ ᠴᠢᠳᠠᠪᠤᠷᠢᠲᠠᠨ ᠬᠦᠷᠭᠡᠬᠦ ᠬᠡᠷᠡᠭᠲᠡᠢ᠃ ᠵᠡᠮᠳᠡᠭᠴᠦᠳ ᠤᠨ ᠪᠡᠶ᠎ᠡ ᠶᠢᠨ | ᠲᠠᠮᠢᠷ ᠪᠡᠶ᠎ᠡ ᠴᠢᠭᠢᠷᠠᠭᠵᠢᠭᠤᠯᠬᠤ ᠠᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠵᠤ᠂ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠱᠠᠩᠨᠠᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠶᠢᠨ | ᠬᠠᠮᠲᠤ ᠲᠡᠭᠦᠯᠳᠡᠷᠵᠢᠭᠦᠯᠵᠦ᠂ ᠵᠡᠮᠳᠡᠭᠴᠦᠳ ᠤᠨ ᠤᠷᠤᠯᠳᠤᠭᠠᠨ ᠤ ᠪᠡᠶ᠎ᠡ ᠶᠢᠨ ᠲᠠᠮᠢᠷ᠂ ᠣᠯᠠᠨ ᠲᠦᠮᠡᠨᠴᠢ ᠪᠡᠶ᠎ᠡ ᠶᠢᠨ | ᠲᠠᠮᠢᠷ᠂ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠭᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠣᠨ᠎ᠠ᠃ ︵ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠠᠴᠠ | ᠲᠦᠷᠦᠭᠦᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 7᠄ ᠵᠡᠮᠳᠡᠭᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠭᠤᠣᠯᠳᠠᠯᠭ᠎ᠠ ᠲᠠᠢ | ᠲᠥᠷᠥᠯ ᠵᠦᠢᠯ | 1. ᠰᠢᠨ᠎ᠡ ᠮᠠᠶ᠋ᠢᠭ ᠤᠨ ᠵᠡᠮᠳᠡᠭᠴᠦᠳ ᠤᠨ ᠦᠵᠡᠯᠲᠡ᠃ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ | ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠵᠢᠴᠢ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠬᠥᠮᠥᠰ ᠢ | ᠬᠥᠬᠢᠭᠦᠯᠦᠨ ᠰᠠᠶᠢᠰᠢᠶᠠᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠲᠡᠯᠢᠭ ᠵᠢᠱᠢᠶ᠎ᠡ᠂ ᠰᠣᠨᠢᠨ | ᠮᠡᠳᠡᠭᠡᠨ ᠤ ᠬᠥᠮᠥᠨ ᠪᠠ ᠵᠡᠮᠳᠡᠭᠴᠦᠳ ᠢ ᠲᠤᠰᠠᠯᠠᠭᠰᠠᠨ ᠬᠥᠮᠥᠰ ᠢ ᠰᠣᠩᠭᠤᠨ ᠭᠠᠷᠭᠠᠬᠤ ᠵᠡᠷᠭᠡ ᠠᠵᠢᠯᠯᠠᠭ᠎ᠠ ᠲᠠᠢ | ᠤᠶᠠᠯᠳᠤᠭᠤᠯᠵᠤ᠂ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ | ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠤᠨ᠎ᠠ᠃ | 2. ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ᠃ ᠵᠡᠮᠳᠡᠭᠴᠦᠳ ᠢ ᠤᠶᠠᠯᠳᠤᠭᠤᠯᠤᠭᠰᠠᠨ ᠰᠣᠶᠣᠯ ᠤᠷᠠᠯᠢᠭ ᠤᠨ | ᠵᠢᠱᠢᠶ᠎ᠡ ᠦᠵᠡᠭᠦᠯᠬᠦ ᠲᠥᠪ ᠢ ᠪᠠᠶᠢᠭᠤᠯᠵᠤ᠂ ᠵᠡᠮᠳᠡᠭᠴᠦᠳ ᠤᠨ ᠭᠠᠷ ᠤᠷᠠᠯᠠᠯ ᠤᠷᠠᠨ ᠵᠢᠷᠤᠭ᠂ ᠤᠷᠠᠨ ᠪᠢᠴᠢᠯᠭᠡ | ᠤᠷᠠᠨ ᠵᠢᠷᠤᠭ᠂ ᠤᠳᠬ᠎ᠠ ᠵᠣᠬᠢᠶᠠᠯ᠂ ᠬᠡᠷᠡᠯ ᠵᠢᠷᠤᠭ ᠤᠨ ᠠᠵᠢᠯᠯᠠᠭ᠎ᠠ ᠪᠠ ᠵᠣᠬᠢᠶᠠᠨ ᠪᠦᠲᠦᠭᠡᠯᠭᠡ ᠶᠢ ᠥᠷᠨᠢᠭᠦᠯᠦᠨ᠎ᠡ | ᠃ ᠮᠠᠨ ᠤ ᠬᠤᠲᠠ ᠶᠢᠨ ᠵᠡᠮᠳᠡᠭᠴᠦᠳ ᠤᠨ ᠰᠣᠶᠣᠯ ᠤᠷᠠᠯᠢᠭ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ | ᠬᠥᠮᠥᠵᠢᠭᠦᠯᠬᠦ᠂ ᠰᠢᠯᠢᠨ ᠳᠡᠪᠰᠢᠭᠦᠯᠬᠦ᠂ ᠬᠦᠷᠭᠡᠬᠦ᠂ ᠲᠣᠭᠯᠠᠯᠲᠠ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠢ ᠵᠡᠮᠳᠡᠭᠴᠦᠳ ᠲᠤ ᠰᠦᠢᠳᠬᠡᠯ ᠬᠤᠷᠢᠶᠠᠬᠤ | ᠦᠭᠡᠢ ᠪᠤᠶᠤ ᠳᠣᠣᠷ᠎ᠠ ᠰᠦᠢᠳᠬᠡᠯ ᠬᠤᠷᠢᠶᠠᠬᠤ ᠶᠢ ᠵᠣᠷᠢᠭᠵᠢᠭᠤᠯᠤᠨ᠎ᠠ᠃ ︽ᠪᠥᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ︾ ︽ᠣᠯᠠᠨ ᠤᠯᠤᠰ ᠤᠨ ᠵᠡᠮᠳᠡᠭᠴᠦᠳ ᠤᠨ ᠡᠳᠦᠷ︾ ᠵᠡᠷᠭᠡ ᠠᠯᠢ ᠣᠯᠠᠨ ᠵᠡᠮᠳᠡᠭᠴᠦᠳ ᠤᠨ | ᠭᠤᠣᠯ ᠰᠡᠳᠦᠪᠲᠦ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠨᠣᠮ ᠲᠠᠢ | ᠳᠤᠮᠳᠠᠳᠤ᠂ ᠤᠩᠰᠢᠯᠭ᠎ᠠ ᠲᠠᠢ ᠪᠢ︾ ︽ᠵᠡᠮᠳᠡᠭᠴᠦᠳ ᠤᠨ ᠰᠣᠶᠣᠯ ᠤᠨ ᠭᠠᠷᠠᠭ︾ ᠵᠡᠷᠭᠡ ᠣᠯᠠᠨ ᠨᠡᠶᠢᠲᠡ ᠶᠢᠨ | ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ | ᠣᠷᠣᠭᠤᠯᠬᠤ ︽ᠲᠠᠪᠤᠨ ᠨᠢᠭᠡ︾ ᠶᠢᠨ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠦᠨ᠂ ᠵᠡᠮᠳᠡᠭᠴᠦᠳ ᠤᠨ | ᠰᠣᠶᠣᠯ ᠤᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ ᠣᠷᠣᠯᠴᠠᠬᠤ ᠬᠡᠮᠵᠢᠶ᠎ᠡ ᠶᠢ ᠥᠷᠭᠡᠳᠬᠡᠨ᠎ᠡ᠃ | 3. ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ᠃ ᠪᠥᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ᠂ ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ | ᠵᠢᠴᠢ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠣᠨᠴᠠᠭᠠᠶ ᠣᠯᠢᠮᠫᠢᠺ ᠤᠨ ᠡᠳᠦᠷ ᠪᠠ ᠮᠥᠰᠥ | ᠴᠠᠰᠤᠨ ᠤ ᠤᠯᠠᠷᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ᠡᠯ᠎ᠡ ᠲᠥᠷᠥᠯ ᠤᠨ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠳᠤ ᠴᠢᠳᠠᠪᠣᠷᠢᠲᠠᠨ ᠬᠦᠷᠭᠡᠨ᠎ᠡ᠃ | ︵ᠭᠤᠷᠪᠠ︶ ᠵᠡᠮᠳᠡᠭᠴᠦᠳ ᠤᠨ ᠡᠷᠬᠡ ᠲᠡᠭᠰᠢ ᠪᠠᠷ ᠣᠷᠣᠯᠴᠠᠬᠤ ᠣᠷᠴᠢᠨ ᠲᠣᠭᠤᠷᠢᠨ ᠢ ᠬᠦᠴᠦᠯᠡᠨ | ᠰᠢᠯᠢᠳᠡᠭᠵᠢᠭᠦᠯᠦᠨ᠎ᠡ | 1. ᠵᠡᠮᠳᠡᠭᠴᠦᠳ ᠤᠨ ᠠᠳᠠᠯᠢ ᠲᠡᠭᠰᠢ ᠡᠷᠬᠡ ᠠᠰᠢᠭ ᠢ ᠪᠠᠲᠤᠯᠠᠨ᠎ᠠ | ᠨᠢᠭᠡ ᠳᠤ᠂ ᠵᠡᠮᠳᠡᠭᠴᠦᠳ ᠤᠨ ᠦᠢᠯᠡᠰ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠵᠡᠮᠳᠡᠭᠴᠦᠳ ᠤᠨ | ᠡᠷᠬᠡ ᠠᠰᠢᠭ ᠢ ᠪᠠᠲᠤᠯᠠᠬᠤ ᠲᠤᠬᠠᠢ ᠲᠣᠭᠲᠠᠭᠠᠯ ᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠬᠡ ᠠᠰᠢᠭ ᠢ | ᠬᠠᠮᠠᠭᠠᠯᠠᠵᠤ ᠵᠡᠮᠳᠡᠭᠴᠦᠳ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠠᠶᠢᠭᠤᠯᠤᠨ᠂ ᠵᠡᠮᠳᠡᠭᠴᠦᠳ ᠤᠨ ᠡᠷᠬᠡ | ᠠᠰᠢᠭ ᠢ ᠪᠠᠲᠤᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠵᠡᠮᠳᠡᠭᠴᠦᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠤᠰᠬᠠᠢ ᠵᠦᠢᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠵᠡᠮᠳᠡᠭᠴᠦᠳ ᠤᠨ ᠬᠠᠤᠯᠢ ᠶᠢ ᠮᠡᠳᠡᠵᠦ ᠬᠠᠤᠯᠢ ᠶᠢ ᠣᠶᠢᠯᠠᠭᠠᠵᠣ ᠬᠠᠤᠯᠢ ᠶᠢ ᠰᠠᠬᠢᠵᠤ ᠬᠠᠤᠯᠢ ᠶᠢ | ᠬᠡᠷᠡᠭᠯᠡᠬᠦ ᠶᠢ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢᠨ ᠵᠥᠪᠳᠡᠯᠴᠡᠬᠦ ᠠᠵᠢᠯ ᠤᠨ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠵᠡᠮᠳᠡᠭᠴᠦᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ | ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ︵ᠬᠠᠤᠯᠢ ᠴᠠᠭᠠᠵᠠ ᠶᠢᠨ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠤᠬᠠᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ᠂ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ | ᠠᠵᠢᠯ ᠤᠨ ᠥᠷᠲᠡᠭᠡ ᠶᠢ ᠵᠢᠷᠤᠮᠵᠢᠭᠤᠯᠤᠨ ᠪᠠᠶᠢᠭᠤᠯᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ | ᠲᠤᠰᠠᠯᠠᠬᠤ ᠠᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠪᠠ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠂ | ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠵᠦ᠂ | ᠵᠡᠮᠳᠡᠭᠴᠦᠳ ᠤᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠨ᠎ᠡ᠃ ᠵᠡᠮᠳᠡᠭᠴᠦᠳ ᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠭᠤᠣᠯᠳᠠᠯᠭ᠎ᠠ ᠲᠠᠢ ᠡᠲᠡᠭᠡᠳ ᠪᠣᠯᠭᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠠᠪᠴᠠᠩ ᠤᠨ ᠬᠠᠷᠰᠢ ᠰᠠᠭᠠᠳ ᠦᠭᠡᠢ ᠴᠢᠳᠠᠮᠵᠢ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠶᠠᠰᠤ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠣᠭᠲᠠᠴᠠ ᠶᠢ ᠶᠡᠬᠡᠪᠡᠷ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠠᠰᠠᠭᠤᠳᠠᠯ ᠢ ᠰᠢᠢᠳᠪᠦᠷᠢᠯᠡᠬᠦ | ᠲᠣᠭᠲᠠᠴᠠ ᠪᠠ ᠡᠷᠴᠢᠮ ᠢ ᠠᠰᠢᠭᠯᠠᠨ ᠵᠡᠮᠳᠡᠭᠴᠦᠳ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ | ᠠᠬᠢᠭᠤᠯᠤᠨ᠎ᠠ᠃ ︵ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠵᠦ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠭᠤᠷᠪᠠ ᠳᠤ ᠵᠡᠮᠳᠡᠭᠴᠦᠳ ᠢ ᠲᠡᠳᠬᠦᠨ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ | ᠠᠮᠢᠰᠬᠤᠯ ᠢ ᠪᠤᠢ ᠪᠣᠯᠭᠠᠨ᠎ᠠ᠃ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠬᠤᠲᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠭᠤᠣᠯᠳᠠᠯᠭ᠎ᠠ ᠲᠠᠢ ᠡᠭᠦᠷᠭᠡ ᠳᠤ ᠣᠷᠣᠭᠤᠯᠤᠨ᠎ᠠ᠃ ᠵᠡᠮᠳᠡᠭᠴᠦᠳ ᠤᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠢ ᠢᠯᠡ ᠪᠣᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠶᠠᠩᠵᠤ | ᠬᠡᠯᠪᠡᠷᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠲᠤ | ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠰᠠᠶᠢᠨ ᠳᠤᠷ᠎ᠠ ᠠᠴᠠ ᠪᠠᠨ ᠵᠡᠮᠳᠡᠭᠴᠦᠳ ᠢ | ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠵᠡᠮᠳᠡᠭᠴᠦᠳ ᠲᠤ ᠬᠠᠤᠯᠢ ᠴᠠᠭᠠᠵᠠ ᠶᠢᠨ | ᠲᠤᠰᠠᠯᠠᠮᠵᠢ ᠬᠠᠩᠭᠠᠨ᠎ᠠ᠃ ᠵᠡᠮᠳᠡᠭᠴᠦᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠪᠠᠲᠤᠯᠠᠨ᠎ᠠ᠃ ︵ᠬᠠᠤᠯᠢ ᠴᠠᠭᠠᠵᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ | ᠤᠬᠠᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ | ᠴᠢᠩᠭᠠᠷᠠᠭᠤᠯᠤᠨ᠎ᠠ | ᠨᠢᠭᠡ ᠳᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︽ᠰᠢᠯᠢ ᠶᠢᠨ ᠭᠤᠣᠯ ᠠᠶᠢᠮᠠᠭ ᠤᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠷᠰᠢ ᠰᠠᠭᠠᠳ ᠦᠭᠡᠢ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠰᠢᠯᠢ ᠶᠢᠨ ᠬᠤᠲᠠ ᠶᠢᠨ ᠬᠤᠲᠠ ᠬᠥᠳᠡᠭᠡ ᠶᠢᠨ ᠬᠥᠭᠵᠢᠯᠲᠡ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠰᠢᠨ᠎ᠡ ᠪᠠᠷ ᠪᠠᠶᠢᠭᠤᠯᠬᠤ ᠪᠡᠯᠡᠳᠬᠡᠮᠵᠢ ᠳᠤ ︽ᠬᠠᠷᠰᠢ | ᠰᠠᠭᠠᠳ ᠦᠭᠡᠢ ᠵᠢᠷᠤᠭ ᠲᠥᠯᠥᠪᠯᠡᠭᠡ ᠶᠢᠨ ᠵᠢᠷᠤᠮᠵᠢᠯ︾ ︵GB50763 ︱ 2012︶ ᠤᠨ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠦᠨ᠎ᠡ᠃ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ᠂ ᠬᠠᠮᠢᠶᠠᠷᠤᠯᠲᠠ ᠪᠣᠯᠣᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ︽ᠰᠠᠭᠠᠳ ᠦᠭᠡᠢ | ᠪᠡᠯᠡᠳᠬᠡᠮᠵᠢ ᠶᠢ ᠭᠡᠷ ᠪᠦᠯᠢ ᠳᠤ ᠣᠷᠣᠭᠤᠯᠬᠤ︾ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠬᠦᠴᠢᠷᠳᠡᠯᠲᠡᠢ | ᠬᠦᠨᠳᠦ ᠵᠡᠮᠳᠡᠭ ᠬᠥᠮᠥᠨ᠂ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ | ᠨᠠᠰᠤᠲᠠᠶᠢᠴᠤᠳ ᠲᠤ ᠭᠡᠷ ᠪᠦᠯᠢ ᠶᠢᠨ ᠰᠠᠭᠠᠳ ᠦᠭᠡᠢ ᠪᠤᠶᠤ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠶᠢ | ᠬᠠᠩᠭᠠᠵᠤ᠂ ᠰᠠᠭᠠᠳ ᠦᠭᠡᠢ ᠥᠭᠡᠷᠡᠴᠢᠯᠡᠯᠲᠡ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ | ᠰᠠᠭᠠᠳ ᠦᠭᠡᠢ ᠪᠠᠷ ᠶᠠᠪᠤᠵᠤ ᠰᠠᠭᠤᠬᠤ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠴᠢᠩᠭᠠᠳᠬᠠᠵᠤ᠂ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠰᠠᠭᠠᠳ ᠦᠭᠡᠢ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠰᠠᠭᠠᠳ | ᠦᠭᠡᠢ ᠪᠠᠷ ᠲᠡᠷᠭᠡ ᠵᠣᠭᠰᠤᠭᠠᠬᠤ ᠪᠠᠶᠢᠷᠢ ᠶᠢᠨ ᠪᠠᠶᠢᠷᠢᠯᠠᠭᠤᠯᠤᠯᠲᠠ ᠶᠢ ᠪᠤᠰᠤᠳ ᠣᠯᠠᠨ ᠨᠡᠶᠢᠲᠡ ᠶᠢᠨ ᠲᠠᠯᠠᠪᠤᠷ ᠲᠠᠢ | ᠬᠠᠮᠲᠤᠪᠠᠷ ᠡᠳ᠋ᠯᠡᠬᠦ ᠶᠢ ᠨᠠᠶᠢᠳᠠᠪᠤᠷᠢᠵᠢᠭᠤᠯᠵᠤ᠂ ᠵᠡᠮᠳᠡᠭᠴᠦᠳ᠂ ᠨᠠᠰᠤᠲᠠᠶᠢᠴᠤᠳ ᠵᠡᠷᠭᠡ ᠬᠥᠮᠥᠰ ᠤᠨ ᠵᠠᠮ | ᠨᠡᠪᠲᠡᠷᠡᠯᠭᠡ ᠶᠢᠨ ᠠᠮᠤᠷ ᠲᠦᠪᠰᠢᠨ ᠪᠠ ᠬᠡᠷᠡᠭᠯᠡᠬᠦ ᠳᠤ ᠲᠥᠬᠦᠮ ᠦᠵᠡᠭᠦᠯᠬᠦ ᠶᠢ ᠪᠠᠲᠤᠯᠠᠨ᠎ᠠ᠃ ᠬᠠᠷᠰᠢ ᠰᠠᠭᠠᠳ | ᠦᠭᠡᠢ ᠣᠷᠴᠢᠨ ᠲᠣᠭᠤᠷᠢᠨ ᠢ ᠳᠡᠭᠡᠭᠰᠢᠯᠡᠭᠦᠯᠬᠦ ᠲᠥᠯᠥᠪᠯᠡᠭᠡ ᠶᠢ ᠠᠬᠢᠭᠤᠯᠵᠤ᠂ ᠪᠠᠶᠢᠭᠤᠯᠤᠭᠰᠠᠨ ᠦᠭᠡᠢ | ᠭᠤᠣᠯᠳᠠᠯᠭ᠎ᠠ ᠲᠠᠢ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ ᠶᠢᠨ | ᠠᠰᠠᠷᠠᠮᠵᠢ ᠶᠢᠨ ᠵᠠᠷᠭᠤ ᠶᠢ ᠬᠡᠷᠡᠭᠵᠢᠭᠦᠯᠦᠨ᠎ᠡ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠶᠢᠴᠠᠭᠠᠬᠤ | ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ | ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ ᠮᠡᠳᠡᠭᠡ ᠵᠠᠩᠭᠢ ᠶᠢᠨ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠳᠤ ᠬᠠᠷᠰᠢ ᠰᠠᠭᠠᠳ ᠦᠭᠡᠢ ᠪᠠᠶᠢᠬᠤ ᠶᠢ ᠲᠣᠭᠠᠴᠢᠯᠠᠭᠰᠠᠨ ᠨᠡᠶᠢᠭᠡᠮ᠂ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠭᠠᠵᠤ᠂ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠢᠴᠢ | ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠢ ᠬᠠᠷᠰᠢ ᠰᠠᠭᠠᠳ ᠦᠭᠡᠢ ᠰᠦᠯᠵᠢᠶᠡᠨ ᠤ ᠥᠷᠲᠡᠭᠡ ᠶᠢᠨ | ᠵᠢᠷᠤᠭᠯᠠᠨ ᠲᠥᠯᠥᠪᠯᠡᠬᠦ ᠪᠠᠷᠢᠮᠵᠢᠶ᠎ᠠ ᠳᠤ ᠬᠦᠷᠦᠭᠦᠯᠵᠦ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠰᠦᠯᠵᠢᠶᠡᠨ ᠤ ᠥᠷᠲᠡᠭᠡ ᠳᠤ ᠬᠠᠷᠰᠢ ᠰᠠᠭᠠᠳ ᠦᠭᠡᠢ ᠭᠦᠶᠦᠯᠭᠡᠨ ᠦᠵᠡᠬᠦ ᠪᠠᠭᠠᠵᠢ ᠨᠡᠮᠡᠬᠦ ᠶᠢ | ᠵᠣᠷᠢᠭᠵᠢᠭᠤᠯᠤᠨ᠎ᠠ᠃ ᠵᠡᠮᠳᠡᠭᠴᠦᠳ ᠲᠤ ᠬᠠᠨᠳᠤᠭᠤᠯᠤᠭᠰᠠᠨ ᠰᠢᠨ᠎ᠡ ᠬᠡᠯᠪᠡᠷᠢ ᠶᠢᠨ ᠬᠡᠷᠡᠭᠯᠡᠭᠡᠨ ᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠳᠡᠯᠭᠡᠷᠡᠭᠦᠯᠵᠦ᠂ ᠭᠤᠣᠯᠳᠠᠯᠭ᠎ᠠ ᠲᠠᠢ ᠠᠰᠢᠭ ᠭᠥᠷᠳᠡᠬᠦ ᠵᠡᠮᠳᠡᠭᠴᠦᠳ ᠤᠨ ᠴᠢᠮᠡᠭᠡ | ᠬᠤᠯᠪᠣᠭᠠᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠡᠵᠡᠩᠨᠡᠯᠲᠡ ᠶᠢᠨ | ᠬᠤᠳᠠᠯᠳᠤᠭᠠᠴᠢᠨ ᠤ ᠡᠯᠧᠺᠲᠷᠣᠨ ᠬᠡᠪᠯᠡᠯ ᠤᠨ ᠲᠣᠮᠣ ᠥᠰᠥᠭ ᠤᠨ ᠲᠠᠩᠰᠠ᠂ ᠠᠪᠢᠶᠠᠨ ᠤ ᠲᠠᠩᠰᠠ ᠵᠡᠷᠭᠡ | ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠵᠢᠯᠤᠭᠤᠳᠬᠤ | ᠲᠥᠪ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠵᠡᠮᠳᠡᠭᠴᠦᠳ ᠤᠨ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠴᠠᠭ ᠦᠶ᠎ᠡ ᠳᠤ ᠣᠷᠣᠬᠤ ᠶᠢ ᠳᠡᠮᠵᠢᠨ᠎ᠡ᠃ | ᠵᠡᠮᠳᠡᠭᠴᠦᠳ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠬᠦ ᠵᠢᠴᠢ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠵᠦ ᠰᠣᠯᠢᠯᠴᠠᠬᠤ ᠶᠢ ᠴᠢᠩᠭᠠᠷᠠᠭᠤᠯᠤᠨ᠂ ᠵᠡᠮᠳᠡᠭᠴᠦᠳ ᠢ ᠣᠨᠣᠪᠴᠢᠲᠠᠶᠢᠵᠢᠭᠤᠯᠤᠨ ᠢᠯᠭᠠᠨ | ᠲᠠᠨᠢᠬᠤ᠂ ᠣᠨᠣᠪᠴᠢᠲᠠᠶᠢᠵᠢᠭᠤᠯᠤᠨ ᠵᠠᠳᠠᠯᠬᠤ᠂ ᠨᠠᠷᠢᠯᠢᠭᠵᠢᠭᠤᠯᠤᠨ ᠦᠢᠯᠡᠴᠢᠯᠡᠬᠦ ᠶᠢ ᠬᠡᠷᠡᠭᠵᠢᠭᠦᠯᠵᠦ᠂ | ᠵᠡᠮᠳᠡᠭᠴᠦᠳ ᠤᠨ ᠠᠵᠢᠯ ᠦᠢᠯᠡᠰ ᠢ ᠣᠨᠣᠪᠴᠢᠲᠠᠶᠢᠵᠢᠭᠤᠯᠤᠨ ᠵᠠᠰᠠᠬᠤ ᠶᠢ ᠠᠬᠢᠭᠤᠯᠤᠨ᠎ᠠ᠃ ᠵᠡᠮᠳᠡᠭᠴᠦᠳ ᠤᠨ | ᠦᠢᠯᠡᠰ ᠤᠨ ᠬᠥᠭᠵᠢᠯᠲᠡ ᠶᠢᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠵᠦ ᠪᠦᠷᠢᠳᠬᠡᠬᠦ ᠠᠵᠢᠯ ᠢ | ᠴᠢᠩᠭᠠᠳᠬᠠᠵᠤ᠂ ᠪᠥᠬᠦ ᠬᠤᠲᠠ ᠶᠢᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ | ᠲᠠᠪᠴᠠᠩ ᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ︽ᠮᠤᠵᠢ ᠠᠯᠤᠰᠯᠠᠨ ᠨᠡᠶᠢᠳᠡᠮ ᠡᠷᠭᠢᠯᠡᠬᠦ | ︾ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠲᠣᠮᠣ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ | ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ᠂ ᠴᠤᠪᠤᠷᠠᠯ ᠢ ᠰᠢᠯᠢᠳᠡᠭᠵᠢᠭᠦᠯᠬᠦ ᠪᠠ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠂ ᠵᠡᠮᠳᠡᠭᠴᠦᠳ ᠤᠨ ᠣᠯᠠᠨ ᠲᠦᠮᠡᠨ ᠳᠤ ᠨᠠᠩ ᠣᠯᠠᠨ | ᠡᠰᠢᠲᠦ ᠦᠢᠯᠡᠴᠢᠯᠡᠭᠡᠨ ᠤ ᠠᠷᠭ᠎ᠠ ᠮᠠᠶ᠋ᠢᠭ ᠪᠠ ᠦᠢᠯᠡᠴᠢᠯᠡᠭᠡᠨ ᠤ ᠠᠭᠤᠯᠭ᠎ᠠ ᠶᠢ ᠬᠠᠩᠭᠠᠨ᠎ᠠ᠃ ︵ᠵᠡᠮᠳᠡᠭᠴᠦᠳ ᠤᠨ | ᠬᠤᠯᠪᠣᠭ᠎ᠠ ᠲᠦᠷᠦᠭᠦᠯᠡᠵᠦ᠂ ᠣᠶᠤᠨᠴᠢ ᠵᠢᠯᠤᠭᠤᠳᠬᠤ ᠲᠥᠪ᠂ ᠲᠤᠭ᠎ᠠ ᠪᠦᠷᠢᠳᠬᠡᠯ ᠤᠨ ᠲᠣᠪᠴᠢᠶ᠎ᠠ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 8᠄ ᠵᠡᠮᠳᠡᠭᠴᠦᠳ ᠤᠨ ᠬᠠᠤᠯᠢ ᠳᠦᠷᠢᠮ᠂ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ᠂ | ᠲᠣᠭᠠᠴᠢᠯᠠᠭᠰᠠᠨ ᠦᠢᠯᠡᠴᠢᠯᠡᠭᠡᠨ ᠤ ᠭᠤᠣᠯᠳᠠᠯᠭ᠎ᠠ ᠲᠠᠢ ᠲᠥᠷᠥᠯ ᠵᠦᠢᠯ | 1. ᠬᠠᠤᠯᠢ ᠳᠦᠷᠢᠮ ᠤᠨ ᠪᠠᠶᠢᠭᠤᠯᠤᠯᠲᠠ᠃ ᠵᠡᠮᠳᠡᠭᠴᠦᠳ ᠪᠠ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ | ᠠᠷᠠᠳᠴᠢᠯᠠᠯ ᠢᠶᠠᠷ ᠣᠷᠣᠯᠴᠠᠬᠤ᠂ ᠠᠷᠠᠳᠴᠢᠯᠠᠯ ᠢᠶᠠᠷ ᠵᠥᠪᠳᠡᠯᠴᠡᠬᠦ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ᠂ | ᠵᠡᠮᠳᠡᠭᠴᠦᠳ ᠤᠨ ᠲᠦᠷᠦᠯ ᠰᠠᠳᠤᠨ ᠨᠠᠶᠢᠵᠠ ᠨᠥᠬᠦᠳ ᠪᠠ ᠵᠡᠮᠳᠡᠭᠴᠦᠳ ᠤᠨ ᠠᠵᠢᠯᠲᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ | ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠤᠨ᠎ᠠ᠃ | 2. ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ᠃ ︽12345︾ ᠶᠢᠨ ᠵᠡᠮᠳᠡᠭᠴᠦᠳ ᠲᠤ ᠦᠢᠯᠡᠴᠢᠯᠡᠵᠦ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠡᠷᠬᠡ | ᠠᠰᠢᠭ ᠲᠤ ᠬᠠᠯᠳᠠᠭᠰᠠᠨ ᠴᠢᠬᠤᠯᠠ ᠶᠡᠭᠡ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠵᠣᠬᠢᠴᠠᠭᠤᠯᠤᠨ ᠰᠢᠮᠳᠠᠭᠤᠯᠤᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠪᠠ | ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | 3. ᠰᠠᠭᠠᠳ ᠦᠭᠡᠢ ᠥᠭᠡᠷᠡᠴᠢᠯᠡᠬᠦ᠃ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠨᠡᠶᠢᠭᠡᠮ ᠤᠨ ᠠᠰᠠᠷᠠᠮᠵᠢ ᠶᠢᠨ | ᠪᠠᠶᠢᠭᠤᠯᠤᠮᠵᠢ᠂ ᠨᠡᠶᠢᠲᠡ ᠶᠢᠨ ᠬᠡᠷᠡᠭᠯᠡᠭᠡᠨ ᠤ ᠵᠠᠮ ᠬᠠᠷᠢᠯᠴᠠᠭ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠬᠠᠷᠰᠢ | ᠰᠠᠭᠠᠳ ᠦᠭᠡᠢ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠬᠤᠲᠠ | ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠪᠠ ᠣᠷᠣᠰᠢᠨ ᠰᠠᠭᠤᠬᠤ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠠᠷᠰᠢ ᠰᠠᠭᠠᠳ ᠦᠭᠡᠢ | ᠥᠭᠡᠷᠡᠴᠢᠯᠡᠯᠲᠡ ᠶᠢ ᠪᠡᠶᠡᠯᠡᠭᠦᠯᠵᠦ 325 ᠡᠷᠦᠬᠡ ᠭᠡᠷ ᠪᠦᠯᠢ ᠳᠤ ᠣᠷᠣᠭᠤᠯᠪᠠ᠃ | 4. ᠮᠡᠳᠡᠭᠡ ᠵᠠᠩᠭᠢ ᠳᠤ ᠬᠠᠷᠰᠢ ᠰᠠᠭᠠᠳ ᠦᠭᠡᠢ ᠪᠣᠯᠭᠠᠬᠤ᠃ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠭᠤᠯᠤᠮᠵᠢ᠂ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠣᠯᠠᠨ ᠨᠡᠶᠢᠲᠡ ᠶᠢᠨ ᠵᠠᠮ ᠬᠠᠷᠢᠯᠴᠠᠭ᠎ᠠ ᠨᠢ ᠠᠪᠢᠶ᠎ᠠ᠂ | ᠥᠰᠥᠭ ᠪᠢᠴᠢᠭ ᠤᠨ ᠰᠠᠨᠠᠭᠤᠯᠤᠮᠵᠢ᠂ ᠰᠣᠬᠤᠷᠴᠤᠳ ᠤᠨ ᠪᠢᠴᠢᠭ᠂ ᠳᠣᠬᠢᠶᠠᠨ ᠤ ᠬᠡᠯᠡ ᠵᠡᠷᠭᠡ ᠮᠡᠳᠡᠭᠡ ᠵᠠᠩᠭᠢ ᠶᠢᠨ | ᠰᠣᠯᠢᠯᠴᠠᠭᠠᠨ ᠤ ᠰᠠᠭᠠᠳ ᠦᠭᠡᠢ ᠦᠢᠯᠡᠴᠢᠯᠡᠭᠡ ᠬᠠᠩᠭᠠᠵᠤ᠂ ᠰᠣᠨᠣᠰᠬᠤ ᠴᠢᠳᠠᠪᠤᠷᠢ᠂ ᠦᠭᠡ ᠬᠡᠯᠡᠨ ᠤ | ᠵᠡᠮᠳᠡᠭᠴᠦᠳ ᠤᠨ ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠳᠡᠮᠵᠢᠨ᠎ᠡ᠃ | 5. ᠳᠤᠭᠠᠴᠠᠯᠠᠭᠰᠠᠨ ᠦᠢᠯᠡᠴᠢᠯᠡᠭᠡ᠃ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ | ᠨᠠᠶᠢᠳᠠᠨ ᠠᠰᠠᠷᠠᠭᠤᠯᠬᠤ᠂ ᠨᠡᠶᠢᠭᠡᠮ ᠤᠨ ᠪᠠᠲᠤᠯᠠᠭ᠎ᠠ᠂ ᠡᠷᠬᠡ ᠠᠰᠢᠭ ᠤᠨ ᠪᠠᠲᠤᠯᠠᠭ᠎ᠠ᠂ ᠰᠣᠶᠣᠯ ᠪᠡᠶ᠎ᠡ ᠶᠢᠨ ᠲᠠᠮᠢᠷ | ᠵᠡᠷᠭᠡ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠬᠦ ᠪᠠ ᠥᠷᠨᠢᠭᠦᠯᠵᠦ᠂ ᠵᠡᠮᠳᠡᠭᠴᠦᠳ ᠤᠨ ᠦᠢᠯᠡᠴᠢᠯᠡᠭᠡᠨ ᠤ ᠲᠤᠭ᠎ᠠ | ᠪᠠᠷᠢᠮᠲᠠ ᠶᠢ ᠨᠠᠩ ᠨᠠᠷᠢᠯᠢᠭ ᠣᠨᠣᠴᠠᠲᠠᠢ ᠪᠣᠯᠭᠠᠵᠤ᠂ ᠵᠡᠮᠳᠡᠭᠴᠦᠳ ᠲᠤ ᠣᠯᠠᠨ ᠨᠡᠶᠢᠲᠡ ᠶᠢᠨ ᠦᠢᠯᠡᠴᠢᠯᠡᠭᠡ | ᠬᠠᠩᠭᠠᠨ᠎ᠠ᠃ | 6. ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ | ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭᠴᠦᠳ ᠤᠨ ᠮᠡᠳᠡᠭᠡ ᠵᠠᠩᠭᠢ ᠶᠢᠨ ᠣᠳᠣᠬᠢᠴᠢᠯᠠᠯᠲᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ᠂ ᠳᠤᠮᠳᠠᠳᠤ ᠤᠯᠤᠰ ᠤᠨ ᠵᠡᠮᠳᠡᠭᠴᠦᠳ ᠤᠨ | ᠬᠤᠯᠪᠣᠭᠠᠲᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠪᠠ ᠠᠶᠢᠮᠠᠭ ᠤᠨ | ᠵᠡᠮᠳᠡᠭᠴᠦᠳ ᠤᠨ ᠬᠤᠯᠪᠣᠭ᠎ᠠ ᠶᠢᠨ ᠳᠡᠭᠡᠳᠦ ᠳᠣᠣᠷᠠᠳᠤ ᠱᠠᠲᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ | ᠲᠤᠭ᠎ᠠ ᠪᠠᠷᠢᠮᠲᠠ ᠰᠣᠯᠢᠯᠴᠠᠬᠤ ᠪᠠ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠰᠤᠷᠭᠠᠨ ᠬᠥᠮᠦᠵᠢᠯ᠂ ᠠᠷᠠᠳ ᠤᠨ | ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠯᠦᠭᠡ ᠴᠠᠭ ᠲᠤᠬᠠᠢ ᠳᠤᠨᠢ ᠲᠤᠭ᠎ᠠ ᠪᠠᠷᠢᠮᠲᠠ ᠰᠣᠯᠢᠯᠴᠠᠬᠤ ᠶᠢ | ᠬᠥᠨᠳᠡᠯᠡᠨ ᠴᠢᠭᠯᠡᠯ ᠢᠶᠠᠷ ᠬᠡᠷᠡᠭᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠬᠠᠮᠢᠶ᠎ᠠ ᠪᠦᠬᠦᠢ ᠲᠤᠭ᠎ᠠ | ᠪᠠᠷᠢᠮᠲᠠ ᠶᠢ ᠣᠨᠣᠪᠴᠢᠲᠠᠶ ᠡᠵᠡᠮᠰᠢᠨ᠎ᠡ᠃ | 7. ᠬᠠᠷᠠᠭᠠᠯᠵᠠᠯ ᠤᠨ ᠲᠥᠷᠥ ᠶᠢᠨ ᠪᠣᠳᠣᠯᠭ᠎ᠠ᠃ ᠵᠡᠮᠳᠡᠭᠴᠦᠳ ᠲᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠶᠢ ᠥᠷᠭᠡᠨ ᠳᠡᠯᠭᠡᠷ ᠭᠦᠨ ᠭᠦᠨᠵᠡᠭᠡᠢ ᠤᠬᠠᠭᠤᠯᠵᠤ᠂ ᠥᠷᠭᠡᠨ ᠤᠯᠠᠨ ᠵᠡᠮᠳᠡᠭᠴᠦᠳ ᠢ | ᠲᠦᠷᠦ ᠶᠢᠨ ᠪᠣᠳᠣᠯᠭ᠎ᠠ ᠶᠢᠨ ᠮᠡᠷᠭᠡᠨ ᠬᠥᠮᠥᠨ ᠪᠣᠯᠭᠠᠬᠤ ᠬᠡᠷᠡᠭᠲᠡᠢ᠃ | 4. ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ | ᠨᠢᠭᠡ ᠳᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠣᠯᠠᠨ ᠲᠦᠮᠡᠨ ᠤ | ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ | ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠬᠤᠯᠪᠣᠭ᠎ᠠ ᠶᠢᠨ ᠳᠣᠲᠣᠭᠠᠳᠤ ᠶᠢᠨ | ᠪᠠᠶᠢᠭᠤᠯᠤᠮᠵᠢ ᠶᠢ ᠵᠢᠷᠤᠮᠵᠢᠭᠤᠯᠤᠨ᠂ ᠰᠤᠮᠤ ᠪᠠᠯᠭᠠᠰᠤ ᠲᠠᠯᠠᠪᠤᠷ ᠤᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠶᠢ ᠪᠦᠷᠢᠨᠰᠢᠭᠦᠯᠵᠦ᠂ ᠬᠠᠮᠢᠶᠠᠷᠤᠯᠲᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢ | ᠰᠢᠯᠢᠳᠡᠭᠵᠢᠭᠦᠯᠦᠨ᠎ᠡ᠃ ᠭᠠᠴᠠᠭ᠎ᠠ ︵ᠨᠡᠶᠢᠭᠡᠮ ᠲᠣᠭᠤᠷᠢᠭ︶ ᠶᠢᠨ ᠵᠡᠮᠳᠡᠭᠴᠦᠳ ᠤᠨ ᠨᠡᠶᠢᠭᠡᠮᠯᠢᠭ ᠢ ᠪᠠᠶᠢᠭᠤᠯᠤᠨ | ᠪᠦᠷᠢᠨᠰᠢᠭᠦᠯᠵᠦ᠂ ︽ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ | ᠲᠤᠯᠲᠠᠯ᠎ᠠ ᠬᠢᠬᠦ︾ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠲᠣᠣᠷ ᠰᠦᠯᠵᠢᠶ᠎ᠡ ᠶᠢ ᠪᠣᠶ ᠪᠣᠯᠭᠠᠵᠤ᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠢ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ | ᠨᠡᠶᠢᠭᠡᠮᠯᠢᠭ ᠤᠨ ᠦᠨᠳᠦᠰᠦᠨ ᠱᠠᠲᠤᠨ ᠳᠤ ᠲᠣᠰ ᠲᠥᠷᠥᠯ ᠤᠨ ᠵᠡᠮᠳᠡᠭᠴᠦᠳ ᠲᠠᠢ ᠥᠷᠭᠡᠨ ᠢᠶᠠᠷ ᠬᠠᠷᠢᠯᠴᠠᠬᠤ ᠪᠠ | ᠪᠦᠲᠦᠮᠵᠢᠲᠡᠶ ᠪᠠᠷ ᠦᠢᠯᠡᠴᠢᠯᠡᠬᠦ ᠬᠡᠷᠡᠭᠴᠡᠭᠡ ᠶᠢ ᠬᠠᠩᠭᠠᠨ᠎ᠠ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ | ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ ᠲᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠬᠤᠯᠪᠣᠭ᠎ᠠ ᠶᠢᠨ | ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠬᠤᠲᠠ ᠶᠢᠨ ᠺᠠᠳ᠋ᠷ ᠤᠨ ᠡᠩᠨᠡᠭᠡ ᠪᠠ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠣᠷᠣᠭᠤᠯᠵᠤ᠂ | ᠵᠡᠮᠳᠡᠭᠴᠦᠳ ᠤᠨ ᠺᠠᠳ᠋ᠷ ᠢ ᠰᠢᠯᠢᠨ ᠰᠣᠩᠭᠤᠵᠤ ᠬᠥᠮᠥᠵᠢᠭᠦᠯᠬᠦ ᠶᠢ ᠴᠢᠬᠤᠯᠠᠴᠢᠯᠠᠨ᠂ ᠵᠡᠮᠳᠡᠭᠴᠦᠳ ᠤᠨ ᠠᠵᠢᠯ ᠤᠨ | ᠺᠠᠳ᠋ᠷ ᠤᠨ ᠡᠩᠨᠡᠭᠡ ᠶᠢᠨ ᠢᠷᠡᠯᠲᠡ ᠶᠢ ᠰᠢᠨ᠎ᠡ ᠪᠠᠷ ᠡᠭᠦᠳᠦᠨ ᠥᠷᠭᠡᠳᠬᠡᠵᠦ᠂ ᠲᠤᠰᠬᠠᠢ ᠲᠤᠰᠢᠶᠠᠯ ᠢ ᠬᠠᠪᠰᠤᠷᠭᠠᠨ | ᠬᠠᠷᠢᠭᠤᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ | ᠵᠡᠮᠳᠡᠭᠴᠦᠳ ᠤᠨ ᠠᠵᠢᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠵᠡᠮᠳᠡᠭ ᠵᠠᠯᠠᠭᠤ ᠭᠤᠣᠯᠯᠠᠭᠴᠢ | ᠬᠦᠴᠦᠨ ᠤ ᠪᠣᠯᠪᠠᠰᠤᠷᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠪᠡᠯᠡᠳᠬᠡᠯ ᠺᠠᠳ᠋ᠷ | ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠠᠵᠢᠯ ᠮᠡᠷᠭᠡᠵᠢᠭᠦᠯᠬᠦ᠂ ᠲᠤᠰᠬᠠᠶᠢᠵᠢᠭᠤᠯᠬᠤ᠂ ᠨᠡᠶᠢᠭᠡᠮᠴᠢᠯᠡᠬᠦ | ᠱᠠᠭᠠᠷᠳᠠᠯᠭ᠎ᠠ ᠶᠣᠰᠣᠭᠠᠷ᠂ ᠵᠡᠮᠳᠡᠭ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠰᠣᠯᠢᠯᠴᠠᠬᠤ᠂ ᠬᠡᠷᠡᠭᠯᠡᠬᠦ ᠪᠠ | ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭ ᠺᠠᠳ᠋ᠷ ᠤᠨ ᠡᠩᠨᠡᠭᠡᠨ ᠤ ᠴᠢᠳᠠᠪᠤᠷᠢ ᠬᠡᠪ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠵᠣᠬᠢᠶᠠᠨ ᠪᠠᠶᠢᠭᠤᠯᠬᠤ ᠬᠡᠯᠲᠡᠰ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ ᠳᠤ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ | ᠪᠦᠲᠦᠮᠵᠢᠲᠡᠶ ᠠᠵᠢᠯᠯᠠᠭᠠᠨ ᠢ ᠴᠢᠩᠭᠠᠳᠬᠠᠨ᠎ᠠ᠃ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ | ᠣᠷᠳᠣ ᠬᠤᠭᠤᠴᠠᠭᠠᠨ ᠤ ᠲᠥᠯᠦᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠵᠡᠮᠳᠡᠭᠴᠦᠳ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠪᠠ ᠠᠵᠢᠯ ᠲᠥᠷᠥᠯ ᠤᠨ | ᠬᠠᠮᠢᠶᠠᠷᠤᠯᠲᠠ ᠶᠢ ᠴᠢᠩᠭᠠᠳᠬᠠᠵᠤ᠂ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠡᠵᠡᠩᠨᠡᠯᠲᠡ ᠶᠢᠨ ᠪᠠᠶᠢᠳᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ | ᠠᠷᠠᠳ ᠠᠴᠠ ᠡᠷᠭᠢᠯᠡᠭᠰᠡᠨ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠳᠤ | ᠳᠡᠮᠵᠢᠯᠭᠡ ᠦᠵᠡᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ | ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠦᠨ᠎ᠡ ᠲᠥᠯᠥᠪᠦᠷᠢ ᠦᠭᠡᠢ | ᠪᠤᠶᠤ ᠬᠢᠮᠳᠠ ᠦᠨ᠎ᠡ ᠪᠠᠷ ᠬᠠᠩᠭᠠᠨ᠎ᠠ᠃ ︵ᠵᠡᠮᠳᠡᠭᠴᠦᠳ ᠤᠨ ᠬᠤᠯᠪᠣᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠰᠬᠠᠢ ᠪᠤᠯᠤᠩ 9᠄ ᠵᠡᠮᠳᠡᠭᠴᠦᠳ ᠤᠨ ᠦᠨᠳᠦᠰᠦᠨ ᠱᠠᠲᠤᠨ ᠤ ᠰᠠᠭᠤᠷᠢ ᠴᠢᠨᠠᠷᠲᠠᠢ ᠠᠵᠢᠯ ᠤᠨ | ᠭᠤᠣᠯᠳᠠᠯᠭ᠎ᠠ ᠲᠠᠢ ᠲᠥᠷᠥᠯ ᠵᠦᠢᠯ | 1. ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠃ ᠵᠡᠮᠳᠡᠭᠴᠦᠳ ᠤᠨ | ᠬᠤᠯᠪᠣᠭ᠎ᠠ ᠶᠢᠨ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ ᠶᠢ ᠵᠢᠷᠤᠮᠵᠢᠭᠤᠯᠵᠤ᠂ ᠰᠤᠮᠤ ᠪᠠᠯᠭᠠᠰᠤ ︵ | ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ | ᠭᠠᠴᠠᠭ᠎ᠠ ︵ᠨᠡᠶᠢᠭᠡᠮ ᠲᠣᠭᠤᠷᠢᠭ︶ ᠳᠤ ᠪᠦᠬᠦᠨ ᠢᠶᠠᠷ ᠢᠶᠠᠨ ᠵᠡᠮᠳᠡᠭᠴᠦᠳ ᠤᠨ ᠨᠡᠶᠢᠭᠡᠮᠯᠢᠭ ᠢ ᠪᠠᠶᠢᠭᠤᠯᠤᠨ᠎ᠠ᠃ | ᠵᠡᠮᠳᠡᠭᠴᠦᠳ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ ᠭᠠᠴᠠᠭ᠎ᠠ ︵ᠨᠡᠶᠢᠭᠡᠮ ᠲᠣᠭᠤᠷᠢᠭ︶ ᠶᠢᠨ | ᠤᠳᠤᠷᠢᠳᠬᠤ ᠪᠠᠭ ᠤᠨ ᠪᠦᠷᠢᠯᠳᠦᠭᠦᠨ ᠢᠶᠠᠷ ᠡᠭᠦᠷᠭᠡᠯᠡᠭᠦᠯᠬᠦ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ | 2. ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠃ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭ ᠺᠠᠳ᠋ᠷ ᠤᠨ | ᠬᠠᠷᠢᠴᠠᠯ ᠢ 15% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠵᠡᠮᠳᠡᠭᠴᠦᠳ ᠤᠨ ᠤᠳᠤᠷᠢᠳᠬᠤ ᠺᠠᠳ᠋ᠷ ᠪᠣᠯᠣᠨ | ᠲᠤᠰᠢᠶᠠᠯ ᠬᠠᠪᠰᠤᠷᠭᠠᠭᠰᠠᠨ᠂ ᠲᠤᠰᠢᠶᠠᠯ ᠡᠭᠦᠷᠭᠡᠯᠡᠭᠰᠡᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠶᠢ | ᠲᠣᠬᠢᠷᠠᠭᠤᠯᠤᠨ᠎ᠠ᠃ | 3. ᠲᠤᠰᠬᠠᠢ ᠲᠤᠰᠢᠶᠠᠯᠲᠤ ᠭᠡᠰᠢᠭᠦᠨ ᠤ ᠲᠣᠬᠢᠷᠠᠭᠤᠯᠤᠯᠲᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ | ᠵᠡᠮᠳᠡᠭᠴᠦᠳ ᠤᠨ ᠬᠤᠯᠪᠣᠭᠠᠲᠤ ᠬᠤᠷᠠᠯ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠵᠡᠮᠳᠡᠭᠴᠦᠳ ᠤᠨ | ᠨᠡᠶᠢᠭᠡᠮᠯᠢᠭ ᠤᠨ ᠲᠤᠰᠬᠠᠢ ᠲᠤᠰᠢᠶᠠᠯᠲᠤ ᠭᠡᠰᠢᠭᠦᠨ ᠤ ᠣᠯᠭᠤᠮᠵᠢ ᠶᠢ ᠰᠠᠶᠢᠵᠢᠷᠠᠭᠤᠯᠵᠤ᠂ ᠲᠡᠳᠡᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠤᠰᠬᠠᠢ ᠲᠤᠰᠢᠶᠠᠯᠲᠤ ᠭᠡᠰᠢᠭᠦᠨ ᠤ ᠡᠩᠨᠡᠭᠡ ᠶᠢᠨ | ᠲᠣᠭᠲᠠᠭᠤᠨ ᠪᠠᠶᠢᠬᠤ ᠶᠢ ᠪᠠᠲᠤᠯᠠᠨ᠎ᠠ᠃ | 4. ᠰᠠᠭᠤᠷᠢ ᠦᠢᠯᠡᠴᠢᠯᠡᠭᠡᠨ ᠤ ᠪᠡᠯᠡᠳᠬᠡᠮᠵᠢ᠃ ᠵᠡᠮᠳᠡᠭᠴᠦᠳ ᠢ ᠨᠠᠶᠢᠳᠠᠨ ᠠᠰᠠᠷᠠᠭᠤᠯᠬᠤ᠂ ᠠᠵᠢᠯ ᠣᠯᠭᠤᠬᠤ᠂ | ᠶᠡᠷᠦᠩᠬᠡᠶᠢᠯᠡᠭᠰᠡᠨ ᠦᠢᠯᠡᠴᠢᠯᠡᠭᠡ᠂ ᠰᠣᠬᠤᠷ ᠬᠥᠮᠥᠨ ᠤ ᠢᠯᠢᠯᠭᠡ ᠵᠡᠷᠭᠡ ᠵᠡᠮᠳᠡᠭᠴᠦᠳ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ ᠪᠦᠲᠦᠮᠵᠢᠲᠡᠶ ᠠᠵᠢᠯᠯᠠᠭᠠᠨ ᠢ ᠲᠦᠯᠬᠢᠨ | ᠠᠬᠢᠭᠤᠯᠤᠨ᠎ᠠ᠃ ᠠᠶᠢᠮᠠᠭ ᠬᠤᠲᠠ ᠬᠤᠶᠠᠷ ᠱᠠᠲᠤᠨ ᠤ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ | ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ | ᠵᠢᠷᠤᠮᠵᠢᠭᠰᠠᠨ ᠪᠡᠯᠡ ᠮᠥᠩᠭᠦ ᠪᠠᠷ ᠳᠡᠮᠵᠢᠬᠦ ᠳᠦᠷᠢᠮ ᠢ ᠪᠠᠶᠢᠭᠤᠯᠤᠨ᠂ ᠵᠡᠮᠳᠡᠭᠴᠦᠳ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠤᠰᠬᠠᠶᠢᠵᠢᠭᠰᠠᠨ᠂ ᠵᠢᠷᠤᠮᠵᠢᠭᠰᠠᠨ᠂ ᠣᠶᠤᠨᠴᠢᠯᠠᠭᠰᠠᠨ | ᠠᠵᠢᠯᠯᠠᠭᠠᠨ ᠢ ᠠᠬᠢᠭᠤᠯᠤᠨ᠎ᠠ᠃ | ︵ᠳᠥᠷᠪᠡ︶ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠬᠤ | ᠬᠡᠷᠡᠭᠲᠡᠢ | 1. ᠵᠡᠮᠳᠡᠭᠴᠦᠳ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠲᠤᠯᠠᠨ᠎ᠠ᠃ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ | ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠪᠠ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ | ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ | ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ | ᠪᠠᠷᠢᠮᠲᠠᠯᠠᠨ᠎ᠠ᠃ ᠵᠡᠮᠳᠡᠭᠴᠦᠳ ᠤᠨ ᠠᠵᠢᠯ ᠤᠨ ᠺᠣᠮᠢᠰ ᠤᠨ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ | ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠡᠮᠳᠡᠭᠴᠦᠳ ᠤᠨ ᠠᠵᠢᠯ ᠢ ᠠᠬᠢᠭᠤᠯᠵᠤ᠂ | ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ︵ᠵᠡᠮᠳᠡᠭᠴᠦᠳ ᠤᠨ | ᠬᠤᠯᠪᠣᠭᠠᠲᠤ ᠬᠤᠷᠠᠯ ᠲᠦᠷᠦᠭᠦᠯᠡᠵᠦ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠨᠦᠭᠦᠳ | ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠤᠨ᠎ᠠ᠃ | ᠨᠠᠮ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠬᠥᠭᠵᠢᠭᠦᠯᠵᠦ᠂ ︽ᠤᠯᠤᠰ ᠲᠥᠷᠥ ᠶᠢ ᠡᠷᠬᠢᠮᠯᠡᠬᠦ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ | ᠰᠤᠷᠲᠠᠯ ᠢ ᠬᠤᠪᠢᠷᠠᠭᠤᠯᠬᠤ᠂ ᠲᠤᠰᠬᠠᠢ ᠲᠤᠰᠢᠶᠠᠯ ᠢ ᠬᠠᠪᠰᠤᠷᠭᠠᠨ ᠬᠠᠷᠢᠭᠤᠴᠠᠬᠤ᠂ ᠲᠥᠯᠥᠭᠡᠯᠡᠭᠴᠢ ᠶᠢ ᠥᠷᠭᠡᠳᠬᠡᠬᠦ | ᠂ ᠮᠡᠳᠡᠭᠡ ᠵᠠᠩᠭᠢᠵᠢᠭᠤᠯᠬᠤ᠂ ᠭᠤᠣᠯ ᠠᠵᠢᠯ ᠢ ᠲᠥᠪᠯᠡᠷᠡᠭᠦᠯᠬᠦ︾ ᠵᠡᠷᠭᠡ ᠡᠭᠦᠷᠭᠡ ᠶᠢᠨ ᠲᠣᠭᠤᠷᠢᠨ ᠳᠤ᠂ ︽ | ᠲᠥᠯᠥᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠤᠷᠢ ᠪᠠᠨ ᠬᠠᠤᠯᠢ ᠳᠦᠷᠢᠮ ᠶᠣᠰᠣᠭᠠᠷ ᠭᠦᠢᠴᠡᠳᠬᠡᠵᠦ | ᠂ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠬᠦ ᠳᠤᠮᠳᠠ ᠳᠠᠪᠠᠭᠤᠯᠢᠭ ᠢᠶᠠᠨ ᠪᠠᠳᠠᠷᠠᠭᠤᠯᠵᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠨ᠎ᠡ᠃ | ᠵᠡᠮᠳᠡᠭᠴᠦᠳ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠶᠢ ᠰᠣᠨᠣᠰᠴᠤ᠂ ᠨᠠᠮ ᠤᠨ | ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ | ᠲᠤᠤᠱᠯᠠᠭᠤᠯᠬᠤ ᠠᠵᠢᠯ ᠢ ᠰᠠᠶᠢᠲᠤᠷ ᠬᠢᠨ᠎ᠡ᠃ ᠥᠷᠭᠡᠨ ᠤᠯᠠᠨ ᠵᠡᠮᠳᠡᠭᠴᠦᠳ ᠤᠨ ᠠᠵᠢᠯᠲᠠᠳ ︽ᠬᠥᠮᠦᠯᠢᠭ ᠶᠣᠰᠣ | ᠂ ᠠᠷᠢᠭᠤᠨ ᠴᠢᠬᠡᠴᠢ᠂ ᠦᠢᠯᠡᠴᠢᠯᠡᠬᠦ᠂ ᠬᠤᠪᠢ ᠨᠡᠮᠡᠷᠢ ᠦᠵᠡᠭᠦᠯᠬᠦ︾ ᠠᠵᠢᠯ ᠮᠡᠷᠭᠡᠵᠢᠯ ᠤᠨ ᠶᠣᠰᠣ ᠮᠣᠷᠠᠯ ᠢ | ᠬᠢᠴᠢᠶᠡᠩᠭᠦᠶᠢᠯᠡᠨ ᠵᠢᠷᠤᠮᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠵᠦ ᠪᠠᠶᠢᠨ᠎ᠠ᠃ | ︵ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠪᠯᠡᠯ ᠤᠨ ᠬᠤᠷᠢᠶ᠎ᠠ | ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠵᠡᠮᠳᠡᠭᠴᠦᠳ ᠤᠨ ᠨᠢᠭᠦᠯᠡᠰᠦᠩᠭᠦᠢ ᠶᠢᠨ ᠦᠢᠯᠡᠰ ᠪᠠ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ | ᠦᠢᠯᠡᠴᠢᠯᠡᠭᠡ ᠶᠢ ᠰᠠᠶᠢᠲᠤᠷ ᠬᠢᠨ᠎ᠡ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ ᠪᠠ ᠨᠡᠶᠢᠭᠡᠮ ᠢᠶᠠᠷ ᠢᠶᠠᠨ | ᠣᠷᠣᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠨᠢᠭᠦᠯᠡᠰᠦᠩᠭᠦᠢ ᠶᠢᠨ ᠦᠢᠯᠡᠰ ᠢ ᠶᠡᠬᠡᠪᠡᠷ | ᠬᠥᠭᠵᠢᠭᠦᠯᠵᠦ᠂ ᠨᠠᠩ ᠣᠯᠠᠨ ᠨᠡᠶᠢᠭᠡᠮ ᠤᠨ ᠡᠬᠢ ᠪᠠᠶᠠᠯᠢᠭ ᠢ ᠳᠠᠶᠢᠴᠢᠯᠠᠨ᠂ ᠠᠷᠭ᠎ᠠ ᠮᠠᠶ᠋ᠢᠭ ᠠᠷᠭ᠎ᠠ ᠪᠠᠷᠢᠯ ᠤᠨ | ᠰᠢᠨ᠎ᠡ ᠶᠢ ᠡᠭᠦᠳᠴᠦ᠂ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠥᠷᠭᠡᠳᠬᠡᠨ᠂ ᠵᠡᠮᠳᠡᠭᠴᠦᠳ ᠤᠨ | ᠨᠢᠭᠦᠯᠡᠰᠦᠩᠭᠦᠢ ᠶᠢᠨ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ ᠰᠠᠶᠢᠨ ᠳᠤᠷ᠎ᠠ ᠠᠴᠠ ᠪᠠᠨ | ᠵᠡᠮᠳᠡᠭᠴᠦᠳ ᠢ ᠲᠤᠰᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠢ ᠲᠡᠳᠬᠦᠬᠦ | ᠵᠡᠮᠳᠡᠭᠴᠦᠳ ᠢ ᠲᠤᠰᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ | ᠢᠳᠡᠪᠬᠢᠲᠡᠢ ᠪᠠᠷ ᠪᠣᠶᠢᠵᠢᠭᠤᠯᠵᠤ᠂ ᠵᠡᠮᠳᠡᠭᠴᠦᠳ ᠢ ᠲᠤᠰᠠᠯᠠᠬᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ | ᠵᠦᠢᠯᠡᠰ ᠢ ᠬᠥᠬᠢᠭᠦᠯᠦᠨ ᠱᠠᠩᠨᠠᠨ᠎ᠠ᠃ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ | ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢ | ᠡᠯᠰᠡᠨ ᠳᠠᠩᠰᠠᠯᠠᠬᠤ᠂ ᠦᠢᠯᠡᠴᠢᠯᠡᠭᠡᠨ ᠤ ᠲᠡᠮᠳᠡᠭᠯᠡᠯ ᠬᠢᠬᠦ᠂ ᠵᠣᠬᠢᠶᠠᠨ ᠪᠠᠶᠢᠭᠤᠯᠤᠨ ᠬᠠᠮᠢᠶᠠᠷᠬᠤ᠂ ᠦᠨᠡᠯᠡᠨ | ᠤᠷᠮᠠᠰᠢᠭᠤᠯᠬᠤ᠂ ᠡᠷᠬᠡ ᠠᠰᠢᠭ ᠢ ᠬᠠᠮᠠᠭᠠᠯᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠣᠯᠠᠨ ᠲᠦᠮᠡᠨᠴᠢ ᠴᠢᠨᠠᠷᠲᠠᠢ ᠰᠠᠶᠢᠨ | ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠡᠮᠳᠡᠭᠴᠦᠳ ᠲᠤ | ᠠᠮᠢᠳᠤᠷᠠᠯ ᠢ ᠬᠠᠷᠠᠭᠠᠯᠵᠠᠬᠤ᠂ ᠰᠤᠷᠭᠠᠨ ᠬᠥᠮᠦᠵᠢᠯ ᠢ ᠳᠡᠮᠵᠢᠨ ᠰᠤᠷᠤᠯᠭ᠎ᠠ ᠶᠢ ᠲᠡᠳᠬᠦᠬᠦ᠂ ᠨᠡᠶᠢᠭᠡᠮ ᠲᠣᠭᠤᠷᠢᠭ ᠤᠨ | ᠡᠮᠴᠢᠯᠡᠭᠡ ᠶᠢ ᠵᠢᠯᠤᠭᠤᠳᠬᠤ᠂ ᠰᠣᠶᠣᠯ ᠪᠡᠶ᠎ᠡ ᠶᠢᠨ ᠲᠠᠮᠢᠷ᠂ ᠶᠠᠪᠤᠵᠤ ᠰᠠᠭᠤᠬᠤ ᠳᠤ ᠬᠠᠪᠰᠤᠷᠬᠤ ᠵᠡᠷᠭᠡ | ᠦᠢᠯᠡᠴᠢᠯᠡᠭᠡ ᠬᠠᠩᠭᠠᠵᠤ᠂ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠢ | ᠪᠠᠶᠢᠩᠭᠤᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠶᠢ ᠠᠬᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ᠂ | ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠳ | ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ ᠠᠵᠢᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠵᠡᠷᠭᠡ ᠶᠢᠨ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠢ ᠶᠢᠨ ᠲᠥᠷᠥᠯ ᠵᠦᠢᠯ ᠢ | ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠡᠯ᠎ᠡ ᠵᠦᠢᠯ ᠤᠨ ᠠᠷᠭ᠎ᠠ | ᠵᠠᠮ ᠢᠶᠠᠷ ᠳᠠᠮᠵᠢᠭᠤᠯᠤᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ | ᠡᠵᠡᠩᠨᠡᠯᠲᠡ ᠳᠤ ᠣᠷᠣᠯᠴᠠᠬᠤ ᠶᠢ ᠰᠠᠨᠠᠭᠠᠴᠢᠯᠠᠨ᠎ᠠ᠃ ᠵᠡᠮᠳᠡᠭᠴᠦᠳ ᠤᠨ ᠠᠵᠢᠯ ᠦᠢᠯᠡᠰ ᠤᠨ ᠮᠥᠩᠭᠦᠨ ᠭᠦᠢᠯᠭᠡᠭᠡᠨ᠂ | ᠭᠠᠶᠢᠯᠢ ᠲᠠᠲᠠᠪᠤᠷᠢ ᠵᠡᠷᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ | ᠵᠠᠮ ᠢᠶᠠᠷ᠂ ᠣᠯᠠᠨ ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ᠵᠡᠮᠳᠡᠭᠴᠦᠳ ᠢ ᠲᠤᠰᠠᠯᠠᠬᠤ | ᠡᠯ᠎ᠡ ᠲᠦᠷᠦᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ | ᠬᠦᠴᠦᠨ ᠢ ᠲᠠᠲᠠᠵᠤ ᠪᠠᠶᠢᠭᠠᠳ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠦᠢᠯᠡᠰ ᠲᠤ | ᠣᠷᠣᠯᠴᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠨᠤᠭᠤᠳ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠤᠳᠤᠯᠤᠯ ᠢ ᠴᠢᠩᠭᠠᠳᠬᠠᠬᠤ ᠶᠢ ᠵᠣᠷᠢᠭᠵᠢᠭᠤᠯᠤᠨ᠎ᠠ᠃ ︵ | ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠭᠦᠨ | ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠲᠤᠰ ᠭᠠᠵᠠᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠂ ᠲᠥᠯᠦᠪᠵᠢᠭᠦᠯᠭᠡ ᠶᠢᠨ | ᠭᠤᠣᠯ ᠪᠣᠯᠬᠤ ᠭᠦᠢᠴᠡᠳᠬᠡᠬᠦ ᠲᠤᠭ᠎ᠠ ᠶᠢ ᠲᠤᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠣᠯᠣᠨ | ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠵᠠᠰᠠᠭ ᠤᠨ ᠣᠷᠳᠣᠨ ᠤ | ᠬᠠᠷᠠᠯᠲᠠᠲᠤ ᠬᠠᠮᠢᠶᠠᠷᠤᠯᠲᠠ ᠪᠣᠯᠣᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠎ᠠ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠦᠨᠳᠦᠰᠦᠯᠡᠨ᠂ ᠡᠭᠦᠷᠭᠡ ᠪᠠᠨ ᠲᠠᠨᠢᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠮᠲᠤᠪᠠᠷ ᠰᠠᠶᠢᠲᠤᠷ ᠠᠳᠬᠤᠵᠤ | ᠂ ᠭᠤᠣᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠵᠡᠮᠳᠡᠭᠴᠦᠳ ᠤᠨ ᠠᠵᠢᠯ ᠦᠢᠯᠡᠰ ᠤᠨ ᠵᠠᠷᠤᠳᠠᠯ ᠢ | ᠪᠠᠲᠤᠯᠠᠬᠤ ᠲᠣᠭᠲᠠᠪᠤᠷᠢᠲᠠᠢ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠩ ᠤᠨ ᠣᠯᠠᠨ | ᠨᠡᠶᠢᠲᠡ ᠶᠢᠨ ᠲᠥᠰᠥᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠪᠡᠯᠡ | ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠪᠡᠯᠡ | ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ᠂ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠠ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠠᠲᠠᠪᠤᠷᠢᠯᠠᠬᠤ | ᠪᠦᠲᠦᠴᠡ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠵᠦ᠂ ᠰᠢᠰᠲ᠋ᠧᠮ ᠲᠠᠢ ᠪᠠᠷ ᠰᠢᠯᠢᠳᠡᠭᠵᠢᠭᠦᠯᠦᠨ᠂ | ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠵᠢᠯ ᠪᠦᠷᠢ ᠠᠰᠠᠷᠠᠮᠵᠢ ᠶᠢᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠣᠯᠣᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠣᠲᠣᠷ᠎ᠠ ᠠᠴᠠ ᠵᠣᠬᠢᠬᠤ ᠬᠠᠷᠢᠴᠠᠯ ᠤᠨ ᠲᠤᠰᠬᠠᠢ | ᠵᠦᠢᠯ ᠤᠨ ᠪᠡᠯᠡ ᠮᠥᠩᠭᠦ ᠬᠤᠪᠢᠶᠠᠷᠢᠯᠠᠨ ᠭᠠᠷᠭᠠᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠢ | ᠪᠠ ᠪᠡᠶ᠎ᠡ ᠶᠢᠨ ᠲᠠᠮᠢᠷ ᠤᠨ ᠦᠢᠯᠡᠰ ᠢ ᠳᠡᠮᠵᠢᠬᠦ ᠳᠤ ᠬᠡᠷᠡᠭᠯᠡᠨ᠎ᠡ᠃ | ︵ᠭᠤᠷᠪᠠ︶ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠷᠠᠭᠤᠯᠤᠨ᠎ᠠ᠃ ᠵᠡᠮᠳᠡᠭᠴᠦᠳ ᠤᠨ ᠠᠵᠢᠯ ᠤᠨ ᠺᠣᠮᠢᠰ | ᠨᠢ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ | ᠣᠨ ᠤ ᠬᠢᠨᠠᠨ ᠬᠡᠮᠵᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠳ᠋ᠦᠩᠨᠡᠨ ᠦᠨᠡᠯᠡᠨ ᠵᠢᠱᠢᠬᠦ ᠶᠢ ᠴᠠᠭ | ᠲᠤᠨᠢ ᠲᠣᠬᠢᠷᠠᠭᠤᠯᠤᠨ ᠬᠢᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠂ ᠬᠢᠨᠠᠨ | ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠢᠯᠡᠷᠡᠭᠰᠡᠨ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ᠃ |