ᠰᠢᠯᠢ ᠶᠢᠨ ᠬᠤᠲᠠ ᠶᠢᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠥᠰᠥᠯ | ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠶᠢᠮᠠᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠲᠥᠯᠥᠪᠯᠡᠭᠡ ᠶᠢᠨ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠳᠦᠭᠡ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠤᠰ | ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠰᠣᠶᠣᠯ ᠪᠠ | ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠳᠤᠮᠳᠠᠬᠢ | ᠵᠢᠭᠤᠯᠴᠢᠯᠠᠯ ᠤᠨ ᠦᠢᠯᠡᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠶᠢᠨ ᠴᠢᠬᠤᠯᠠ | ᠬᠥᠳᠡᠯᠭᠡᠬᠦ ᠬᠦᠴᠦᠨ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠮᠡᠳᠡᠷᠡᠬᠦ ᠴᠢᠬᠤᠯᠠ ᠠᠴᠢᠶᠠᠯᠠᠪᠤᠷᠢ ᠪᠣᠯᠭᠠᠨ᠎ᠠ᠃ | ︵ᠬᠤᠶᠠᠷ︶ ᠶᠡᠷᠦᠩᠬᠡᠢ ᠬᠠᠷᠠᠯᠲᠠ᠃ 2025 ᠣᠨ ᠪᠣᠯᠬᠤ ᠳᠤ᠂ ᠰᠢᠯᠢ ᠶᠢᠨ ᠬᠤᠲᠠ ᠶᠢᠨ ᠵᠢᠭᠤᠯᠴᠢᠯᠠᠯ ᠤᠨ | ᠰᠢᠯᠢᠳᠡᠭ ᠬᠠᠩᠭᠠᠯᠭ᠎ᠠ ᠶᠢ ᠨᠡᠩ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠮᠥᠨ ᠤ ᠲᠤᠭ᠎ᠠ ᠶᠢ | ᠶᠡᠬᠡᠪᠡᠷ ᠨᠡᠮᠡᠭᠳᠡᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠢᠯᠡᠳᠲᠡ ᠰᠠᠶᠢᠵᠢᠷᠠᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠵᠢᠭᠤᠯᠴᠢᠯᠠᠯ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠬᠢ | ᠦᠢᠯᠡᠳᠦᠯ ᠢ ᠨᠡᠩ ᠲᠣᠪᠣᠶᠢᠮ᠎ᠠ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠢᠭᠤᠯᠴᠢᠯᠠᠯ ᠤᠨ | ᠠᠭᠤᠯᠤᠭᠳᠠᠬᠤᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠳᠤᠮᠳᠠᠬᠢ ᠵᠢᠭᠤᠯᠴᠢᠯᠠᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ | ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ᠂ ᠤᠬᠠᠭᠤᠯᠭ᠎ᠠ ᠬᠥᠮᠦᠵᠢᠯ ᠤᠨ ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠭᠤᠯᠤᠭᠳᠠᠬᠤᠨ ᠨᠡᠮᠡᠷᠢᠯᠡᠨ᠎ᠡ᠃ | 1. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠦᠵᠡᠮᠵᠢ ᠶᠢᠨ | ᠣᠷᠣᠨ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠵᠢᠭᠤᠯᠴᠢᠯᠠᠯ ᠤᠨ ᠠᠵᠢᠯᠯᠠᠭ᠎ᠠ ᠶᠢ ᠲᠥᠰᠥᠪᠯᠡᠬᠦ᠂ ᠳᠡᠯᠭᠡᠨ | ᠦᠵᠡᠭᠦᠯᠬᠦ᠂ ᠵᠢᠭᠤᠯᠴᠢᠯᠠᠯ ᠤᠨ ᠬᠥᠲᠥᠴᠢ ᠶᠢᠨ ᠲᠠᠶᠢᠯᠪᠤᠷᠢᠯᠠᠯᠲᠠ᠂ ᠵᠢᠭᠤᠯᠴᠢᠯᠠᠯ ᠤᠨ ᠲᠣᠭᠯᠠᠯᠲᠠ ᠵᠡᠷᠭᠡ ᠲᠠᠯ᠎ᠠ ᠪᠠᠷ | ᠦᠨᠳᠦᠰᠦᠲᠡᠨ ᠨᠦᠭᠦᠳ ᠤᠨ ᠬᠠᠮᠲᠤᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠦᠷᠢ ᠲᠥᠷᠬᠦ ᠶᠢ | ᠪᠦᠬᠦ ᠲᠠᠯ᠎ᠠ ᠪᠠᠷ ᠪᠤᠢ ᠪᠣᠯᠭᠠᠨ ᠲᠤᠪᠤᠶᠢᠯᠭᠠᠪᠠ᠃ ᠡᠯ᠎ᠡ ᠦᠨᠳᠦᠰᠦᠲᠡᠨ ᠥᠷᠭᠡᠨ ᠠᠭᠤᠳᠠᠮ ᠨᠤᠲᠤᠭ ᠳᠡᠪᠢᠰᠬᠡᠷ ᠢ | ᠬᠠᠮᠲᠤ ᠪᠠᠷ ᠨᠡᠭᠡᠭᠡᠬᠦ᠂ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠬᠦ᠂ ᠭᠡᠷᠡᠯ ᠰᠠᠴᠤᠷᠠᠩᠭᠤᠢ ᠰᠣᠶᠣᠯ ᠢ | ᠬᠠᠮᠲᠤ ᠪᠠᠷ ᠡᠭᠦᠳᠦᠨ ᠪᠦᠲᠦᠭᠡᠬᠦ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠪᠣᠶᠢᠵᠢᠭᠤᠯᠬᠤ ᠪᠠᠷ ᠭᠤᠣᠯ | ᠠᠭᠤᠯᠭ᠎ᠠ ᠪᠣᠯᠭᠠᠭᠰᠠᠨ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠲᠥᠪᠯᠡᠷᠡᠭᠦᠯᠦᠨ | ᠢᠯᠡᠷᠡᠭᠦᠯᠵᠦ᠂ ︽ᠲᠠᠯ᠎ᠠ ᠨᠤᠲᠤᠭ ᠤᠨ ᠪᠣᠯᠵᠤᠭ᠎ᠠ · ᠠᠭᠤᠯᠵᠠᠯᠲᠠ ᠶᠢᠨ ᠨᠠᠭᠠᠳᠤᠮ︾ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠵᠢᠴᠢ ᠰᠢᠷᠢᠰ | ᠠᠵᠢᠯᠯᠠᠭ᠎ᠠ ᠶᠢᠨ ᠨᠢᠭᠡ ᠪᠣᠯᠬᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠤᠷ᠎ᠠ ᠮᠡᠷᠭᠡᠵᠢᠯ ᠤᠨ | ᠤᠷᠤᠯᠳᠤᠭᠠᠨ ᠢ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ | ᠲᠥᠷᠥᠭᠳᠡᠯ ᠲᠠᠢ ᠪᠦᠲᠦᠮᠵᠢᠲᠡᠶ ᠪᠣᠶ ᠪᠣᠯᠭᠠᠨ ᠪᠠᠬᠢᠵᠢᠭᠦᠯᠵᠦ᠂ ︽ᠭᠤᠷᠪᠠ ᠠᠴᠠ ᠰᠠᠯᠵᠤ ᠴᠢᠳᠠᠬᠤ ᠦᠭᠡᠢ︾ ︽ | ᠲᠠᠪᠤ ᠶᠢ ᠮᠡᠳᠡᠷᠡᠬᠦ︾ ︽ᠳᠥᠷᠪᠡ ᠶᠢ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ | | 2. ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠦᠨ᠎ᠡ᠃ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠶᠡᠬᠡᠪᠡᠷ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠬᠤᠪᠢᠰᠬᠠᠯ ᠤᠨ ᠦᠪ ᠴᠢᠨᠠᠷ ᠢ ᠦᠷᠭᠦᠯᠵᠢᠯᠡᠭᠦᠯᠵᠦ᠂ ᠬᠤᠪᠢᠰᠬᠠᠯ ᠤᠨ ᠵᠢᠭᠤᠯᠴᠢᠯᠠᠯ ᠢ | ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ | ᠵᠢᠭᠤᠯᠴᠢᠯᠠᠯ ᠤᠨ ᠠᠵᠢᠯᠯᠠᠭ᠎ᠠ᠂ ᠵᠢᠭᠤᠯᠴᠢᠯᠠᠯ ᠤᠨ ᠤᠬᠠᠭᠤᠯᠭ᠎ᠠ᠂ ᠵᠢᠭᠤᠯᠴᠢᠯᠠᠯ ᠤᠨ ᠲᠠᠶᠢᠯᠪᠤᠷᠢᠯᠠᠯᠲᠠ᠂ | ᠵᠢᠭᠤᠯᠴᠢᠯᠠᠯ ᠤᠨ ᠤᠷᠠᠨ ᠲᠣᠭᠯᠠᠯᠲᠠ᠂ ᠵᠢᠭᠤᠯᠴᠢᠯᠠᠯ ᠤᠨ ᠰᠣᠶᠣᠯ ᠤᠨ ᠡᠭᠦᠳᠦᠯᠲᠡ ᠵᠡᠷᠭᠡ ᠡᠯ᠎ᠡ ᠲᠠᠯ᠎ᠠ ᠳᠤ | ᠠᠭᠤᠰᠬᠠᠨ ᠣᠷᠣᠭᠤᠯᠵᠤ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ | ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠪᠦᠯᠬᠦᠮᠳᠡᠨ ᠲᠡᠮᠡᠴᠡᠬᠦ | ᠦᠵᠡᠯ ᠰᠠᠨᠠᠭ᠎ᠠ ᠶᠣᠰᠣ ᠮᠣᠷᠠᠯ ᠤᠨ ᠰᠠᠭᠤᠷᠢ ᠶᠢ ᠪᠠᠲᠤᠳᠬᠠᠨ᠎ᠠ᠃ | 3. ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠠᠭᠤᠤ ᠶᠡᠭᠡ ᠠᠮᠵᠢᠯᠲᠠ ᠪᠦᠲᠦᠮᠵᠢ ᠶᠢ ᠶᠡᠭᠡ ᠪᠠᠷ | ᠤᠬᠠᠭᠤᠯᠤᠨ᠎ᠠ᠃ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ᠂ ᠦᠨᠳᠦᠰᠦᠲᠡᠨ ᠨᠦᠭᠦᠳ ᠤᠨ ᠬᠠᠮᠲᠤᠪᠠᠷ ᠲᠡᠮᠡᠴᠡᠬᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠠᠮᠵᠢᠯᠲᠠ ᠶᠢ ᠲᠥᠪᠯᠡᠷᠡᠭᠦᠯᠦᠨ ᠬᠠᠷᠠᠭᠤᠯᠬᠤ ᠬᠡᠷᠡᠭᠲᠡᠢ᠃ | ᠨᠥᠬᠦᠴᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠢ ᠪᠣᠶᠢᠵᠢᠭᠤᠯᠬᠤ ᠶᠢ | ᠵᠣᠷᠢᠭᠵᠢᠭᠤᠯᠤᠨ ᠳᠡᠮᠵᠢᠵᠦ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠤ ᠠᠷᠠᠳ ᠤᠨ | ᠣᠷᠣᠨ ᠰᠠᠭᠤᠴᠠ᠂ ᠬᠥᠳᠡᠭᠡ ᠲᠣᠰᠬᠤᠨ ᠤ ᠠᠮᠠᠷᠠᠯᠲᠠ᠂ ᠪᠣᠬᠢᠷᠲᠤᠯ ᠦᠭᠡᠢ ᠢᠳᠡᠭᠡᠨ ᠤᠮᠳᠠᠭᠠᠨ᠂ ᠠᠷᠠᠳ ᠤᠨ | ᠵᠠᠩ ᠳᠠᠳᠬᠠᠯ ᠢ ᠣᠶᠢᠯᠠᠭᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ | 4. ᠲᠡᠦᠬᠡ ᠰᠣᠶᠣᠯ ᠤᠨ ᠥᠪ ᠤᠨ ᠡᠬᠢ ᠪᠠᠶᠠᠯᠢᠭ ᠢ ᠠᠮᠢᠳᠤᠯᠢᠭ ᠢᠶᠠᠷ ᠠᠰᠢᠭᠯᠠᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠪᠠᠷ ᠭᠤᠣᠯ ᠰᠡᠳᠦᠪ | ᠪᠣᠯᠭᠠᠵᠤ᠂ ᠰᠢᠯᠢ ᠶᠢᠨ ᠬᠤᠲᠠ ᠶᠢᠨ ᠲᠡᠦᠬᠡᠨ ᠳᠡᠭᠡᠷᠡᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠪᠣᠳᠠᠲᠤ ᠬᠡᠷᠡᠭ᠂ ᠪᠠᠭᠤᠷᠢ ᠦᠯᠡᠳᠡᠭᠳᠡᠯ ᠵᠡᠷᠭᠡ ᠶᠢ ᠭᠦᠨᠵᠡᠭᠡᠢ ᠠᠭᠤᠳᠠᠯᠤᠨ ᠡᠮᠬᠢᠯᠡᠵᠦ᠂ | ᠰᠣᠶᠣᠯ ᠤᠨ ᠥᠪ ᠤᠨ ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ | ᠬᠥᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ | ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠡᠩ | ᠤᠯᠠᠨ ᠵᠤᠭᠠᠴᠠᠭᠰᠠᠳ ᠢ ᠮᠦᠽᠧᠢ᠂ ᠰᠣᠶᠣᠯ ᠤᠨ ᠣᠷᠳᠣᠨ ᠳᠤ ᠣᠴᠢᠭᠤᠯᠵᠤ᠂ ᠰᠣᠶᠣᠯ ᠤᠨ ᠥᠪᠡᠷ ᠢ ᠪᠠᠨ | ᠢᠲᠡᠭᠡᠬᠦ ᠪᠠ ᠥᠪᠡᠷ ᠢ ᠪᠠᠨ ᠬᠦᠴᠦᠷᠬᠡᠭᠵᠢᠭᠦᠯᠬᠦ ᠶᠢ ᠨᠡᠩ ᠰᠠᠶᠢᠲᠤᠷ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ | ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠪᠤᠢ ᠪᠣᠯᠭᠠᠨ᠎ᠠ᠃ | 5. ᠰᠣᠶᠣᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠮᠠᠨ ᠤ ᠬᠤᠲᠠ ᠶᠢᠨ ᠣᠨᠴᠠᠯᠢᠭᠲᠤ ᠠᠮᠢ ᠠᠬᠤᠢ ᠶᠢᠨ ᠣᠷᠴᠢᠨ ᠲᠣᠭᠤᠷᠢᠨ ᠪᠠ ᠵᠢᠭᠤᠯᠴᠢᠯᠠᠯ ᠤᠨ ᠡᠬᠢ ᠪᠠᠶᠠᠯᠢᠭ ᠲᠤ | ᠲᠦᠰᠢᠭᠯᠡᠨ᠂ ︽ᠰᠣᠶᠣᠯ ᠢᠶᠠᠷ ᠵᠢᠭᠤᠯᠴᠢᠯᠠᠯ ᠢ ᠱᠤᠭᠤᠵᠤ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ︾ ᠶᠢ | ᠪᠠᠷᠢᠮᠲᠠᠯᠠᠵᠤ᠂ ᠤᠯᠠᠮᠵᠢᠯᠠᠯᠲᠤ ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ ᠵᠡᠷᠭᠡ ᠤᠷᠤᠯᠳᠤᠭᠠᠨ ᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ᠂ ᠠᠯᠢ ᠣᠯᠠᠨ ᠥᠪᠡᠷ ᠢᠶᠠᠨ ᠲᠡᠷᠭᠡ ᠵᠢᠯᠣᠭᠤᠳᠤᠨ | ᠵᠣᠭᠠᠴᠠᠬᠤ᠂ ᠲᠡᠷᠭᠡᠨ ᠳᠡᠭᠡᠷᠡᠬᠢ ᠳᠠᠭᠤᠤ ᠬᠥᠭᠵᠢᠮ ᠤᠨ ᠲᠣᠭᠯᠠᠯᠲᠠ᠂ ᠵᠢᠭᠤᠯᠴᠢᠯᠠᠵᠤ ᠰᠡᠭᠦᠳᠡᠷᠯᠡᠨ ᠬᠡᠭᠡᠷ᠎ᠡ | ᠪᠠᠭᠤᠳᠠᠯᠯᠠᠬᠤ ᠵᠡᠷᠭᠡ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠰᠣᠶᠣᠯ ᠢᠶᠠᠷ ᠵᠢᠭᠤᠯᠴᠢᠯᠠᠯ ᠢ | ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠬᠥᠭᠵᠢᠭᠡᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠤᠨ᠎ᠠ᠃ | 6. ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ | ᠰᠣᠶᠣᠯ ᠤᠨ ᠲᠠᠯᠠᠪᠠᠶ ᠣᠷᠳᠣᠨ᠂ ᠦᠵᠡᠮᠵᠢ ᠶᠢᠨ ᠣᠷᠣᠨ ᠦᠵᠡᠮᠵᠢ ᠶᠢᠨ ᠴᠢᠭ᠂ ᠳᠡᠯᠭᠡᠨ ᠦᠵᠡᠭᠦᠯᠦᠯᠭᠡ᠂ | ᠵᠢᠭᠤᠯᠴᠢᠯᠠᠯ ᠤᠨ ᠲᠠᠶᠢᠯᠤᠮᠵᠢ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠ ᠵᠢᠭᠤᠯᠴᠢᠯᠠᠯ ᠤᠨ ᠤᠬᠠᠭᠤᠯᠭ᠎ᠠ ᠶᠢᠨ | ᠳᠤᠮᠳᠠ᠂ ᠬᠡᠯᠪᠡᠷᠢ ᠲᠠᠢ ᠪᠦᠲᠦᠮᠵᠢᠲᠡᠢ ᠰᠡᠷᠡᠭᠳᠡᠯ ᠲᠠᠢ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠶᠢᠨ | ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠶᠢᠨ | ᠰᠣᠶᠣᠯ ᠤᠨ ᠣᠨᠴᠠᠯᠢᠭ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ | ᠤᠯᠤᠰ ᠤᠨ ᠳᠦᠷᠢ ᠲᠥᠷᠬᠦ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ | ᠵᠢᠭᠤᠯᠴᠢᠯᠠᠯ ᠢᠶᠠᠷ ᠳᠤᠮᠳᠠᠳᠤ ᠶᠢᠨ ᠰᠣᠶᠣᠯ ᠢ ᠣᠶᠢᠯᠠᠭᠠᠬᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠪᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠪᠠᠬᠢ ᠪᠤᠢ | ᠪᠣᠯᠭᠠᠬᠤ ᠶᠠᠪᠤᠴᠠ ᠪᠣᠯᠭᠠᠨ᠎ᠠ᠃ | ︵ᠬᠤᠶᠠᠷ︶ ᠥᠷᠲᠡᠭ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠵᠠᠮ ᠱᠤᠭᠤᠮ ᠢ ᠪᠣᠶ | ᠪᠣᠯᠭᠠᠨ᠎ᠠ᠃ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠡᠯ᠎ᠡ ᠰᠤᠮᠤ ᠪᠠᠯᠭᠠᠰᠤ ︵ᠵᠡᠭᠡᠯᠢ | ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠠᠷᠢᠯᠴᠠᠨ ᠬᠠᠮᠵᠢᠯᠴᠠᠬᠤ ᠶᠢ ᠠᠬᠢᠭᠤᠯᠤᠨ᠂ ᠨᠠᠩ ᠣᠯᠠᠨ | ᠶᠠᠰᠤ ᠴᠢᠨᠠᠷᠵᠢᠭᠰᠠᠨ᠂ ᠣᠨᠴᠠᠯᠢᠬᠵᠢᠭᠰᠠᠨ᠂ ᠵᠤᠷᠰᠢᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠤᠨ ᠣᠨᠣᠯᠵᠢᠬᠤᠨ ᠢ | ᠢᠯᠡᠷᠡᠭᠦᠯᠦᠭᠰᠡᠨ ᠵᠢᠭᠤᠯᠴᠢᠯᠠᠯ ᠤᠨ ᠪᠦᠲᠦᠭᠡᠭᠳᠡᠬᠦᠨ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ | ᠨᠠᠩ ᠣᠯᠠᠨ ᠵᠤᠭᠠᠴᠠᠭᠰᠠᠳ ᠢ ᠰᠢᠯᠢ ᠶᠢᠨ ᠬᠤᠲᠠ ᠳᠤ ᠵᠢᠭᠤᠯᠴᠢᠯᠠᠭᠤᠯᠬᠤ ᠪᠠᠷ ᠲᠠᠲᠠᠬᠤ ᠬᠡᠷᠡᠭᠲᠡᠢ᠃ | 7. ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠤ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠢ | ᠵᠣᠬᠢᠶᠠᠨ ᠪᠠᠶᠢᠭᠤᠯᠤᠨ᠎ᠠ᠃ ᠵᠢᠭᠤᠯᠴᠢᠯᠠᠯ ᠤᠨ ᠠᠵᠤ ᠠᠬᠤᠶᠢᠯᠠᠯ ᠤᠨ ᠡᠷᠬᠢᠨ ᠲᠣᠭᠤᠷᠢᠨ ᠠᠴᠠ ᠬᠤᠰᠢᠭᠤ ᠰᠢᠶᠠᠨ᠂ | ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠬᠦᠷᠲᠡᠯᠡᠬᠢ ᠲᠤᠰᠬᠠᠢ ᠰᠡᠳᠦᠪᠲᠦ ᠵᠢᠭᠤᠯᠴᠢᠯᠠᠯ ᠤᠨ | ᠵᠠᠮ ᠱᠤᠭᠤᠮ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠯᠤᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠨ | ᠬᠤᠯᠪᠤᠭᠠᠯᠠᠨ ᠰᠢᠨ᠎ᠡ ᠶᠢ ᠡᠭᠦᠳᠴᠦ ᠬᠠᠮᠲᠤᠪᠠᠷ ᠪᠦᠲᠦᠭᠡᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠬᠤᠯᠪᠤᠭᠠᠯᠠᠨ ᠰᠢᠨ᠎ᠡ ᠶᠢ | ᠡᠭᠦᠳᠴᠦ ᠬᠠᠮᠲᠤᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠨ᠎ᠠ᠃ | ᠭᠤᠣᠯᠳᠠᠯᠭ᠎ᠠ ᠲᠠᠢ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠪᠠᠷᠢᠮᠵᠢᠶ᠎ᠠ ᠨᠢ ᠵᠢᠷᠤᠮᠵᠢᠭᠰᠠᠨ᠂ | ᠳᠥᠭᠦᠮ ᠳᠥᠲᠡ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠴᠢᠯᠡᠭᠡ ᠬᠠᠩᠭᠠᠵᠤ᠂ ᠪᠥᠬᠦ ᠬᠤᠲᠠ ᠶᠢᠨ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠵᠢᠭᠤᠯᠴᠢᠯᠠᠯ ᠤᠨ ᠳᠤᠮᠳᠠ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠬᠤ ᠶᠢ ᠭᠦᠢᠴᠡᠳ ᠮᠡᠳᠡᠷᠡᠭᠦᠯᠵᠦ᠂ ︽ᠲᠠᠪᠤᠨ | ᠡᠭᠡᠯᠢᠰᠢᠯ︾ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | 8. ᠣᠷᠣᠨ ᠪᠦᠰᠡ ᠠᠯᠤᠰᠯᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠨᠡᠭᠡᠭᠡᠨ | ᠬᠥᠭᠵᠢᠭᠦᠯᠦᠨ᠎ᠡ᠃ ᠪᠥᠬᠦ ᠠᠶᠢᠮᠠᠭ ᠤᠨ ︽ᠨᠢᠭᠡ ᠴᠣᠭᠴᠠᠵᠢᠭᠤᠯᠤᠭᠰᠠᠨ ᠬᠤᠶᠠᠷ ᠵᠢᠭᠦᠷ · ᠣᠯᠠᠨ ᠴᠢᠭ᠋ ᠪᠥᠬᠦ | ᠴᠠᠷᠠᠭ᠎ᠠ︾ ᠶᠢᠨ ᠵᠦᠷᠢᠶᠡᠴᠢᠯᠡᠭᠰᠡᠨ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠶᠢᠨ | ᠳᠣᠣᠷ᠎ᠠ᠂ ᠪᠥᠬᠦ ᠬᠤᠲᠠ ᠶᠢᠨ ᠡᠯ᠎ᠡ ᠪᠠᠯᠭᠠᠰᠤ ᠰᠤᠮᠤ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ | ᠶᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠣᠭᠤᠷᠢᠨ ᠦᠵᠡᠬᠦ᠂ | ᠰᠤᠳᠤᠯᠤᠨ ᠰᠤᠷᠤᠯᠴᠠᠬᠤ᠂ ᠵᠢᠭᠤᠯᠴᠢᠯᠠᠵᠤ ᠰᠡᠭᠦᠳᠡᠷᠯᠡᠬᠦ᠂ ᠣᠯᠠᠭᠠᠨ ᠬᠤᠪᠢᠰᠬᠠᠯ᠂ ᠪᠣᠳᠠᠰ ᠤᠨ ᠪᠤᠰᠤ ᠰᠣᠶᠣᠯ ᠤᠨ | ᠥᠪ ᠂ ᠨᠠᠭᠠᠳᠤᠮ ᠵᠡᠷᠭᠡ ᠪᠠᠷ ᠭᠤᠣᠯ ᠰᠡᠳᠦᠪ ᠪᠣᠯᠭᠠᠨ ᠨᠢᠭᠡ ᠪᠦᠯᠦᠭ ᠣᠷᠣᠨ ᠪᠦᠰᠡ ᠠᠯᠤᠰᠯᠠᠭᠰᠠᠨ | ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠢᠭᠡᠳᠦᠯᠲᠡᠢ ᠲᠥᠯᠥᠪᠯᠡᠨ ᠪᠣᠶ ᠪᠣᠯᠭᠠᠵᠤ᠂ ᠰᠢᠯᠢ ᠶᠢᠨ ᠬᠤᠲᠠ ᠶᠢᠨ | ᠣᠨᠴᠠᠯᠢᠭ ᠢ ᠢᠯᠡᠷᠡᠭᠦᠯᠦᠭᠰᠡᠨ ᠵᠢᠭᠤᠯᠴᠢᠯᠠᠯ ᠤᠨ ᠵᠠᠮ ᠱᠤᠭᠤᠮ ᠤᠨ ᠰᠢᠰᠲ᠋ᠧᠮᠵᠢ ᠶᠢ ᠪᠠᠶᠢᠭᠤᠯᠤᠨ᠎ᠠ︔ ᠣᠨᠴᠠᠯᠢᠭᠲᠤ | ᠰᠣᠶᠣᠯ ᠤᠨ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠶᠢ ᠶᠡᠬᠡᠪᠡᠷ | ᠬᠥᠭᠵᠢᠭᠦᠯᠦᠨ᠎ᠡ᠃ | 9. ᠣᠷᠣᠨ ᠪᠦᠰᠡ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠪᠠᠶᠢᠷᠢᠰᠢᠯ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠡᠷᠬᠢᠨ ᠲᠣᠭᠤᠷᠢᠨ ᠤ ᠬᠤᠰᠢᠭᠤ ᠰᠢᠶᠠᠨ ᠯᠤᠭ᠎ᠠ ᠶᠢᠨ ᠭᠠᠳᠠᠨᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠮᠢ ᠠᠬᠤᠢ ᠶᠢᠨ ᠰᠣᠶᠣᠯ ᠤᠨ ᠵᠢᠭᠤᠯᠴᠢᠯᠠᠯ ᠤᠨ ᠬᠦᠷᠢᠶ᠎ᠡ ᠶᠢ ᠪᠠᠶᠢᠭᠤᠯᠤᠨ᠎ᠠ᠃ ᠣᠷᠣᠨ | ᠪᠦᠰᠡ ᠶᠢᠨ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠣᠨ | ᠪᠦᠰᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ ᠵᠢᠭᠤᠯᠴᠢᠯᠠᠯ ᠤᠨ | ᠦᠢᠯᠡᠳᠬᠦᠨ ᠤ ᠬᠠᠷᠢᠯᠴᠠᠨ ᠨᠥᠬᠦᠪᠦᠷᠢᠯᠡᠬᠦ᠂ ᠵᠠᠮ ᠱᠤᠭᠤᠮ ᠤᠨ ᠬᠠᠷᠢᠯᠴᠠᠨ ᠨᠡᠪᠲᠡᠷᠡᠯᠴᠡᠬᠦ᠂ ᠵᠠᠬ᠎ᠠ ᠳᠡᠯᠭᠡᠭᠦᠷ ᠤᠨ | ᠬᠠᠷᠢᠯᠴᠠᠨ ᠬᠥᠳᠡᠯᠦᠯᠴᠡᠬᠦ᠂ ᠠᠶᠠᠨᠴᠢᠳ ᠤᠨ ᠢᠷᠡᠯᠲᠡ ᠶᠢᠨ ᠬᠠᠷᠢᠯᠴᠠᠨ ᠤᠷᠤᠰᠬᠤ ᠵᠢᠭᠤᠯᠴᠢᠯᠠᠯ ᠤᠨ ᠨᠢᠭᠡ | ᠴᠣᠭᠴᠠᠵᠢᠭᠰᠠᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ | ᠮᠠᠨ ᠤ ᠬᠤᠲᠠ ᠶᠢᠨ ᠥᠪᠡᠷᠮᠢᠴᠡ ᠪᠠᠶᠢᠭᠠᠯᠢ ᠶᠢᠨ ᠪᠠ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢᠶᠠᠷ ᠲᠦᠰᠢᠭ | ᠪᠣᠯᠭᠠᠵᠤ᠂ ᠠᠷᠠᠳ ᠣᠯᠠᠨ ᠤ ᠴᠢᠨᠠᠷ ᠰᠠᠶᠢᠲᠠᠢ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠤᠳᠤᠷᠢᠳᠤᠮᠵᠢ ᠪᠣᠯᠭᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠥᠷᠭᠡᠨ ᠢᠶᠠᠷ ᠭᠦᠨᠵᠡᠭᠡᠢ ᠣᠷᠣᠯᠴᠠᠬᠤ᠂ | ᠵᠢᠭᠤᠯᠴᠢᠯᠠᠭᠴᠢᠳ ᠤᠨ ᠭᠦᠨᠵᠡᠭᠡᠢ ᠠᠭᠤᠰᠤᠯᠴᠠᠨ ᠣᠶᠢᠯᠠᠭᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠮᠠᠶ᠋ᠢᠭ ᠤᠨ ᠵᠢᠭᠤᠯᠴᠢᠯᠠᠯ ᠤᠨ | ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ | 10. ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠡᠬᠡ ᠣᠷᠣᠨᠴᠢ ᠦᠵᠡᠯ ᠪᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ | ᠪᠣᠯᠭᠠᠬᠤ ᠶᠢ ᠲᠤᠪᠤᠶᠢᠯᠭᠠᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠬᠢᠭᠡᠳ ᠬᠥᠳᠡᠭᠡ ᠲᠣᠰᠬᠤᠨ ᠤ | ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ ᠰᠢᠯᠢ ᠶᠢᠨ ᠬᠤᠲᠠ ᠶᠢᠨ ᠬᠤᠪᠢᠰᠬᠠᠯ ᠤᠨ | ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠡᠮᠬᠢᠯᠡᠵᠦ᠂ ᠬᠤᠪᠢᠰᠬᠠᠯ ᠤᠨ ᠰᠣᠶᠣᠯ ᠤᠨ ᠳᠡᠯᠭᠡᠨ | ᠦᠵᠡᠭᠦᠯᠬᠦ᠂ ᠲᠠᠶᠢᠯᠪᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠪᠢᠰᠬᠠᠯ ᠤᠨ ᠵᠢᠭᠤᠯᠴᠢᠯᠠᠯ ᠢ | ᠬᠤᠪᠢᠰᠬᠠᠯ ᠤᠨ ᠰᠣᠶᠣᠯ ᠢ ᠦᠷᠭᠦᠯᠵᠢᠯᠡᠭᠦᠯᠬᠦ᠂ ᠬᠤᠪᠢᠰᠬᠠᠯ ᠤᠨ ᠭᠧᠨ ᠢ ᠤᠯᠠᠮᠵᠢᠯᠠᠬᠤ ᠴᠢᠬᠤᠯᠠ ᠠᠴᠢᠶᠠᠯᠠᠪᠤᠷᠢ | ᠪᠣᠯᠭᠠᠨ᠎ᠠ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠬᠢᠭᠡᠳ ᠬᠥᠳᠡᠭᠡ ᠲᠣᠰᠬᠤᠨ ᠤ ᠵᠢᠭᠤᠯᠴᠢᠯᠠᠯ᠂ | ᠰᠣᠶᠣᠯ ᠤᠨ ᠪᠦᠲᠦᠭᠡᠯᠴᠢ ᠰᠡᠳᠬᠢᠮᠵᠢ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠣᠯᠠᠨ | ᠲᠦᠮᠡᠨ ᠤ ᠡᠬᠡ ᠣᠷᠣᠨᠴᠢ ᠦᠵᠡᠯ ᠤᠨ ᠬᠥᠮᠦᠵᠢᠯ ᠢ ᠴᠢᠩᠭᠠᠳᠬᠠᠨ ᠰᠠᠶᠢᠵᠢᠷᠠᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠪᠣᠶ ᠪᠣᠯᠭᠠᠬᠤ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠭᠠᠨ᠎ᠠ᠃ | 11. ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃ ᠰᠤᠳᠤᠯᠤᠨ | ᠰᠤᠷᠤᠯᠴᠠᠵᠤ ᠵᠢᠭᠤᠯᠴᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠤᠨ ᠦᠢᠯᠡᠳᠦᠯᠭᠡ ᠶᠢᠨ ᠬᠥᠮᠦᠵᠢᠯ ᠵᠡᠷᠭᠡ ᠠᠵᠢᠯᠯᠠᠭ᠎ᠠ ᠶᠢ ᠪᠠᠬᠢᠵᠢᠭᠦᠯᠬᠦ ᠪᠠᠷ ᠳᠠᠮᠵᠢᠭᠤᠯᠤᠨ᠂ ᠡᠯ᠎ᠡ | ᠦᠨᠳᠦᠰᠦᠲᠡᠨ ᠤ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠢ ᠣᠶᠢᠯᠠᠭᠠᠭᠤᠯᠵᠤ᠂ ᠳᠤᠮᠳᠠᠳᠤ ᠶᠢᠨ | ᠰᠣᠶᠣᠯ ᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠬᠠᠢ ᠣᠶᠢᠯᠠᠭᠠᠯᠲᠠ | ᠪᠠ ᠲᠠᠨᠢᠯᠲᠠ ᠶᠢ ᠨᠢ ᠭᠦᠨᠵᠡᠭᠡᠶᠢᠷᠡᠭᠦᠯᠦᠨ᠎ᠡ᠃ ᠮᠦᠽᠧᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠮᠦᠽᠧᠢ | ᠬᠢᠭᠡᠳ ᠰᠤᠷᠭᠠᠭᠤᠯᠢ ᠶᠢᠨ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠮᠦᠽᠧᠢ ᠨᠢ ᠰᠤᠷᠤᠭᠴᠢᠳ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠪᠠᠷ ᠳᠡᠮᠵᠢᠵᠦ᠂ ᠮᠦᠽᠧᠢ ᠶᠢ | ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠴᠢᠬᠤᠯᠠ | ᠠᠴᠢᠶᠠᠯᠠᠪᠤᠷᠢ ᠪᠣᠯᠭᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠳᠤᠮᠳᠠ ᠥᠷᠭᠡᠨ ᠳᠡᠯᠭᠡᠷ ᠭᠦᠨ ᠭᠦᠨᠵᠡᠭᠡᠢ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠎ᠠ᠃ ᠰᠢᠯᠢᠳᠡᠭ ᠰᠠᠶᠢᠨ | ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠢᠯᠣᠭᠤᠳᠤᠭᠴᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠲᠠᠯ᠎ᠠ | ᠨᠤᠲᠤᠭ᠂ ᠠᠷᠠᠳ ᠤᠨ ᠵᠠᠩ ᠳᠠᠳᠬᠠᠯ᠂ ᠭᠠᠵᠠᠷ ᠰᠢᠨᠵᠢᠯᠡᠭᠡ ᠵᠡᠷᠭᠡ ᠤᠯᠠᠨ ᠭᠤᠣᠯ ᠰᠡᠳᠦᠪᠲᠦ ᠰᠤᠳᠤᠯᠤᠨ | ᠰᠤᠷᠤᠯᠴᠠᠬᠤ ᠵᠢᠭᠤᠯᠴᠢᠯᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠰᠤᠳᠤᠯᠤᠨ ᠰᠤᠷᠤᠯᠴᠠᠬᠤ ᠳᠤᠮᠳᠠ ᠪᠠᠨ ᠳᠤᠮᠳᠠᠳᠤ ᠶᠢᠨ ᠰᠣᠶᠣᠯ ᠢ ᠣᠶᠢᠯᠠᠭᠠᠭᠤᠯᠤᠨ᠎ᠠ᠃ | 12. ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠤᠳᠤ ᠪᠠᠶᠢᠭ᠎ᠠ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠰᠢᠨ᠎ᠡ ᠣᠷᠣᠨ ᠵᠠᠢ ᠶᠢ ᠥᠷᠭᠡᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠣᠶᠢᠵᠢᠭᠤᠯᠵᠤ᠂ ᠤᠳᠤ ᠦᠶ᠎ᠡ ᠶᠢᠨ ᠰᠡᠯᠡᠭᠦᠴᠡᠯ ᠵᠢᠭᠤᠯᠴᠢᠯᠠᠯ ᠤᠨ ᠰᠢᠨ᠎ᠡ ᠬᠡᠷᠡᠭᠴᠡᠭᠡ ᠶᠢ ᠬᠠᠩᠭᠠᠨ᠎ᠠ᠃ ᠬᠥᠳᠡᠭᠡ | ᠲᠣᠰᠬᠤᠨ ᠤ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠶᠠᠪᠤᠳᠠᠯ ᠪᠣᠯᠣᠨ ᠰᠣᠶᠣᠯ ᠤᠨ ᠥᠪ ᠢ | ᠲᠤᠪᠤᠶᠢᠯᠭᠠᠵᠦ᠂ ᠥᠪᠡᠷᠮᠢᠴᠡ ᠣᠨᠴᠠᠯᠢᠭ ᠲᠠᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ | ᠵᠤᠭᠠᠴᠠᠭᠰᠠᠳ ᠲᠤ ᠬᠥᠳᠡᠭᠡ ᠲᠣᠰᠬᠤᠨ ᠤ ᠵᠠᠩ ᠦᠢᠯᠡ ᠶᠢ ᠣᠶᠢᠯᠠᠭᠠᠭᠤᠯᠬᠤ ᠶᠢᠨ ᠬᠠᠮᠲᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠣᠶᠣᠯ ᠤᠨ ᠭᠤᠸ᠎ᠠ ᠰᠠᠶᠢᠬᠠᠨ ᠢ | ᠣᠶᠢᠯᠠᠭᠠᠭᠤᠯᠬᠤ ᠬᠡᠷᠡᠭᠲᠡᠢ᠃ | ︵ᠳᠥᠷᠪᠡ︶ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠭᠤᠣᠯ | ᠴᠣᠭᠴᠠ ᠶᠢ ᠪᠣᠶᠢᠵᠢᠭᠤᠯᠤᠨ᠎ᠠ | ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠣᠷᠣᠯᠴᠠᠬᠤ ᠶᠢ ᠪᠠᠷᠢᠮᠲᠠᠯᠠᠨ᠂ ᠨᠡᠶᠢᠭᠡᠮ ᠤᠨ | ᠬᠦᠴᠦᠨ ᠤ ᠰᠣᠶᠣᠯ ᠪᠠ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠳᠤ ᠣᠷᠣᠯᠴᠠᠬᠤ ᠶᠢ ᠢᠳᠡᠪᠬᠢᠲᠡᠢ ᠪᠠᠷ | ᠵᠣᠷᠢᠭᠵᠢᠭᠤᠯᠵᠤ᠂ ᠨᠢᠭᠡ ᠪᠦᠯᠦᠭ ᠵᠢᠭᠤᠯᠴᠢᠯᠠᠯ ᠤᠨ ᠰᠢᠨ᠎ᠡ ᠪᠡᠶᠡᠴᠢ ᠴᠣᠭᠴᠠ ᠶᠢ ᠪᠣᠶᠢᠵᠢᠭᠤᠯᠤᠨ᠎ᠠ᠃ | 13. ᠵᠢᠭᠤᠯᠴᠢᠯᠠᠯ ᠤᠨ ᠭᠤᠣᠯᠯᠠᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠠᠵᠤ | ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠵᠢᠭᠤᠯᠴᠢᠯᠠᠯ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠤᠲᠠ ᠶᠢᠨ ᠵᠢᠭᠤᠯᠴᠢᠯᠠᠯ ᠤᠨ ᠠᠵᠤ | ᠦᠢᠯᠡᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠵᠢᠶᠦ᠋ᠨ ᡂᠢ ᠵᠢᠭᠤᠯᠴᠢᠯᠠᠯ ᠤᠨ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠬᠠᠭᠤᠯᠭ᠎ᠠ ᠶᠢᠨ ᠠᠭᠤᠷ | ᠠᠮᠢᠰᠬᠤᠯ ᠢᠶᠠᠷ ᠥᠳᠬᠡᠨ ᠪᠠᠶᠢᠵᠤ᠂ ᠰᠣᠶᠣᠯ ᠤᠨ ᠡᠭᠦᠳᠦᠯᠲᠡ ᠶᠢᠨ ᠦᠢᠯᠡᠳᠬᠦᠨ ᠢ ᠨᠡᠭᠡᠭᠡᠨ ᠬᠥᠭᠵᠢᠭᠦᠯᠵᠦ | ᠳᠡᠯᠭᠡᠷᠡᠭᠦᠯᠬᠦ ᠶᠢ ᠠᠬᠢᠭᠤᠯᠤᠨ᠎ᠠ᠃ ᠰᠢᠯᠢ ᠶᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠰᠢᠯᠢ ᠶᠢᠨ | ᠵᠢᠦ ᠴᠢᠦᠢ ᠸᠠᠨ᠂ ᠳᠤᠮᠳᠠᠳᠤ ᠤᠯᠤᠰ ᠤᠨ ᠠᠳᠣᠭᠤᠨ ᠨᠡᠶᠢᠰᠯᠡᠯ ᠶᠢᠨ ᠭᠤᠣᠯ ᠲᠣᠭᠤᠷᠢᠭ ᠤᠨ ᠰᠣᠶᠣᠯ ᠠᠮᠢ | ᠠᠬᠤᠢ ᠶᠢᠨ ᠵᠢᠭᠤᠯᠴᠢᠯᠠᠯ ᠵᠢᠴᠢ ᠰᠢᠯᠢ ᠶᠢᠨ ᠬᠤᠲᠠ ᠶᠢᠨ ᠣᠨᠴᠠᠯᠢᠭᠲᠤ ᠠᠷᠠᠳ ᠤᠨ ᠰᠠᠭᠤᠴᠠ ᠵᠡᠷᠭᠡ | ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠵᠢᠭᠤᠯᠴᠢᠯᠠᠯ ᠤᠨ ᠲᠥᠷᠥᠯ ᠵᠦᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | 14. ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠠᠬᠤᠶᠢᠯᠠᠯ ᠢ ᠬᠦᠴᠦᠯᠡᠨ ᠪᠣᠶᠢᠵᠢᠭᠤᠯᠤᠨ᠎ᠠ᠃ ᠭᠡᠷ | ᠪᠦᠯᠢ ᠶᠢᠨ ᠲᠠᠷᠢᠶᠠᠯᠠᠩ ᠤᠨ ᠲᠠᠯᠠᠪᠠᠶ ᠮᠠᠯᠵᠢᠯ ᠤᠨ ᠲᠠᠯᠠᠪᠠᠶ᠂ ᠤᠯᠠᠮᠵᠢᠯᠠᠯᠲᠤ ᠡᠵᠡᠩᠨᠡᠯᠲᠡ ᠶᠢᠨ ᠮᠠᠯᠵᠢᠬᠤ | ᠲᠠᠷᠢᠶᠠᠯᠠᠬᠤ ᠡᠷᠦᠬᠡ᠂ ᠤᠯᠠᠮᠵᠢᠯᠠᠯᠲᠤ ᠤᠷ᠎ᠠ ᠮᠡᠷᠭᠡᠵᠢᠯ ᠤᠨ ᠡᠵᠡᠩᠨᠡᠭᠴᠢ᠂ ᠲᠤᠬᠠᠢ ᠶᠢᠨ ᠭᠠᠵᠠᠷ ᠤᠨ ᠮᠠᠯᠴᠢᠨ | ᠲᠠᠷᠢᠶᠠᠴᠢᠨ ᠪᠠ ᠨᠤᠲᠤᠭ ᠲᠠᠭᠠᠨ ᠪᠤᠴᠠᠭᠰᠠᠳ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠪᠠ | ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠥᠬᠦᠴᠡᠯ ᠪᠦᠷᠢᠳᠦᠭᠰᠡᠨ ᠭᠠᠵᠠᠷ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠢ | ᠰᠠᠶᠢᠵᠢᠷᠠᠭᠤᠯᠬᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠠᠷᠠᠳ ᠤᠨ ᠣᠷᠣᠨ ᠰᠠᠭᠤᠴᠠ ᠶᠢ ᠭᠠᠴᠠᠭ᠎ᠠ ᠶᠢᠨ ᠨᠡᠶᠢᠲᠡ ᠪᠠ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ | ᠪᠡᠯᠡ ᠮᠥᠩᠭᠦ᠂ ᠮᠡᠷᠭᠡᠵᠢᠯ᠂ ᠮᠠᠯᠵᠢᠯ ᠤᠨ ᠲᠠᠯᠠᠪᠠᠶ᠂ ᠭᠡᠷ ᠪᠠᠶᠢᠰᠢᠩ ᠵᠢᠴᠢ ᠭᠠᠴᠠᠭ᠎ᠠ ᠶᠢᠨ ᠬᠠᠮᠲᠤ ᠶᠢᠨ ᠡᠳ᠋ | ᠬᠥᠷᠥᠩᠭᠡ ᠵᠡᠷᠭᠡ ᠶᠢ ᠠᠰᠢᠭᠯᠠᠨ ᠬᠥᠳᠡᠭᠡ ᠲᠣᠰᠬᠤᠨ ᠤ ᠵᠢᠭᠤᠯᠴᠢᠯᠠᠯ ᠤᠨ ᠬᠤᠷᠰᠢᠶ᠎ᠠ᠂ ᠵᠢᠭᠤᠯᠴᠢᠯᠠᠯ ᠤᠨ ᠠᠵᠤ | ᠠᠬᠤᠶᠢᠯᠠᠯ᠂ ᠵᠢᠭᠤᠯᠴᠢᠯᠠᠯ ᠤᠨ ᠲᠥᠷᠥᠯ ᠵᠦᠢᠯ ᠳᠤ ᠬᠤᠪᠢ ᠣᠷᠣᠭᠤᠯᠤᠨ ᠠᠰᠢᠭ ᠣᠯᠵᠠᠪᠤᠷᠢ ᠣᠯᠬᠤ ᠶᠢ | ᠬᠥᠲᠥᠯᠥᠨ ᠵᠢᠯᠤᠭᠤᠳᠴᠤ᠂ ᠮᠠᠯᠴᠢᠨ᠂ ᠭᠠᠴᠠᠭ᠎ᠠ ᠶᠢᠨ ᠨᠡᠶᠢᠲᠡ᠂ ᠪᠡᠯᠡ ᠣᠷᠣᠭᠤᠯᠤᠭᠴᠢ ᠵᠡᠷᠭᠡ ᠡᠯ᠎ᠡ ᠲᠠᠯ᠎ᠠ ᠶᠢᠨ | ᠬᠢᠨ ᠢ ᠵᠢᠯᠣᠭᠤᠳᠤᠨ ᠠᠰᠢᠭ ᠲᠤᠰᠠ ᠶᠢᠨ ᠬᠤᠯᠪᠣᠭ᠎ᠠ ᠲᠠᠢ᠂ ᠬᠤᠷᠰᠢᠨ ᠡᠵᠡᠩᠨᠡᠬᠦ ᠲᠣᠭᠲᠠᠴᠠ ᠶᠢ ᠪᠠᠶᠢᠭᠤᠯᠵᠤ᠂ | ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠠᠵᠤ ᠠᠬᠤᠶᠢᠯᠠᠯ ᠢ ᠪᠣᠶ ᠪᠣᠯᠭᠠᠨ᠎ᠠ᠃ | 15. ᠵᠢᠭᠤᠯᠴᠢᠯᠠᠯ ᠤᠨ ᠤᠷᠠᠨ ᠰᠠᠶᠢᠬᠠᠨ ᠤ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠪᠥᠬᠦ | ᠬᠤᠲᠠ ᠶᠢᠨ ᠦᠵᠡᠮᠵᠢ ᠶᠢᠨ ᠣᠷᠣᠨ ᠳᠤ ᠤᠷᠠᠨ ᠰᠠᠶᠢᠬᠠᠨ ᠤ ᠲᠣᠭᠯᠠᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ | ᠤᠬᠠᠭᠠᠯᠠᠨ ᠭᠠᠷᠭᠠᠵᠤ᠂ ᠰᠣᠳᠣᠨ ᠤᠷᠠᠨ ᠰᠠᠶᠢᠬᠠᠨ ᠤ ᠲᠣᠭᠯᠠᠯᠲᠠ ᠶᠢ ᠦᠵᠡᠮᠵᠢ ᠶᠢᠨ ᠣᠷᠣᠨ ᠳᠤ ᠣᠷᠣᠭᠤᠯᠵᠤ᠂ | ᠵᠢᠭᠤᠯᠴᠢᠯᠠᠭᠴᠢᠳ ᠤᠨ ᠬᠡᠷᠡᠭᠴᠡᠭᠡ ᠶᠢ ᠣᠷᠣᠨ ᠨᠤᠲᠤᠭ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ | ᠢᠷᠡᠭᠡᠳᠦᠢ ᠶᠢᠨ ᠲᠥᠯᠥᠪ ᠲᠠᠢ ᠨᠢᠭᠡ ᠪᠦᠯᠦᠭ ᠳᠤᠮᠳᠠ ᠵᠢᠵᠢᠭ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ | ᠵᠣᠷᠢᠭᠵᠢᠭᠤᠯᠤᠨ ᠲᠡᠳᠬᠦᠨ᠎ᠡ᠃ ᠡᠯ᠎ᠡ ᠲᠥᠷᠥᠯ ᠤᠨ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠲᠣᠭᠯᠠᠯᠲᠠ | ᠦᠢᠯᠡᠳᠬᠦ ᠪᠠᠶᠢᠭᠤᠯᠤᠮᠵᠢ ᠬᠢᠭᠡᠳ ᠲᠣᠭᠯᠠᠯᠲᠠ ᠶᠢᠨ ᠵᠠᠭᠤᠴᠢ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ | ᠵᠡᠷᠭᠡ ᠶᠢᠨ ᠣᠯᠠᠨ ᠵᠦᠢᠯ ᠤᠨ ᠬᠡᠯᠪᠡᠷᠢ ᠪᠠᠷ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠳᠤ | ᠣᠷᠣᠯᠴᠠᠬᠤ ᠶᠢ ᠳᠡᠮᠵᠢᠨ᠎ᠡ᠃ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠡᠵᠡᠩᠨᠡᠯᠲᠡ ᠶᠢᠨ ᠭᠤᠣᠯ | ᠴᠣᠭᠴᠠ ᠶᠢᠨ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠰᠣᠶᠣᠯ ᠤᠨ ᠪᠠ ᠪᠠᠶᠢᠭᠠᠯᠢ ᠶᠢᠨ | ᠥᠪ ᠤᠨ ᠡᠳᠦᠷ︾᠂ ︽ᠮᠦᠽᠧᠢ ᠶᠢᠨ ᠡᠳᠦᠷ︾ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ | ᠤᠶᠠᠯᠳᠤᠭᠤᠯᠤᠨ ᠪᠥᠬᠦ ᠬᠤᠲᠠ ᠶᠢᠨ ᠴᠢᠬᠤᠯᠠ ᠵᠢᠭᠤᠯᠴᠢᠯᠠᠯ ᠤᠨ ᠪᠠᠶᠠᠷ ᠳᠤᠷᠠᠰᠬᠠᠯ ᠤᠨ ᠡᠳᠦᠷ ᠯᠦᠭᠡ ᠠᠷᠠᠳ ᠲᠤ | ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ | ︵ᠲᠠᠪᠤ︶ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ | ᠰᠠᠭᠤᠷᠢᠨ ᠭᠠᠵᠠᠷ ᠢ ᠰᠠᠶᠢᠲᠤᠷ ᠬᠡᠷᠡᠭᠯᠡᠨ᠎ᠡ | ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠵᠢᠭᠤᠯᠴᠢᠯᠠᠯ ᠤᠨ ᠬᠤᠲᠠ᠂ ᠦᠵᠡᠮᠵᠢ ᠶᠢᠨ ᠣᠷᠣᠨ᠂ ᠬᠥᠳᠡᠭᠡ ᠲᠣᠰᠬᠤᠨ ᠳᠤ ᠠᠩᠬᠠᠷᠤᠯ ᠢᠶᠠᠨ ᠲᠥᠪᠯᠡᠷᠡᠭᠦᠯᠦᠨ᠂ | ᠪᠥᠬᠦ ᠤᠯᠤᠰ᠂ ᠪᠥᠬᠦ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ | ᠪᠠᠯᠭᠠᠰᠤ ᠶᠢ ᠡᠭᠦᠳᠦᠨ ᠪᠠᠶᠢᠭᠤᠯᠬᠤ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠠᠴᠢ | ᠬᠤᠯᠪᠣᠭᠳᠠᠯ ᠢ ᠳᠣᠪᠤᠶᠢᠯᠭᠠᠨ᠎ᠠ᠃ | 16. ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠰᠢᠨ᠎ᠡ ᠣᠷᠣᠨ ᠵᠠᠢ ᠶᠢ ᠥᠷᠭᠡᠳᠬᠡᠨ᠎ᠡ᠃ | ᠤᠯᠠᠮᠵᠢᠯᠠᠯᠲᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠵᠤ᠂ ᠣᠯᠠᠨ ᠡᠰᠢᠵᠢᠭᠰᠡᠨ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠤᠤᠯ | ᠠᠮᠢ ᠠᠬᠤᠢ ᠨᠤᠲᠤᠭ ᠪᠡᠯᠴᠢᠭᠡᠷ ᠵᠡᠷᠭᠡ ᠪᠣᠬᠢᠷᠲᠤᠯ ᠦᠭᠡᠢ ᠠᠮᠢ ᠠᠬᠤᠢ ᠶᠢᠨ ᠡᠬᠢ ᠪᠠᠶᠠᠯᠢᠭ ᠤᠨ ᠲᠣᠭᠤᠷᠢᠨ ᠳᠤ᠂ | ᠲᠡᠦᠬᠡ ᠶᠢᠨ ᠥᠯᠢᠭᠡᠷ᠂ ᠨᠤᠲᠤᠭ ᠤᠨ ᠵᠠᠩ ᠵᠠᠩᠰᠢᠯ ᠵᠠᠩ ᠦᠶᠯᠡ ᠵᠡᠷᠭᠡ ᠬᠥᠮᠥᠨ ᠰᠣᠶᠣᠯ ᠤᠨ ᠡᠬᠢ ᠪᠠᠶᠠᠯᠢᠭ ᠢ | ᠠᠭᠤᠳᠠᠯᠵᠤ᠂ ᠵᠢᠭᠤᠯᠴᠢᠯᠠᠯ ᠤᠨ ᠠᠭᠤᠰᠤᠯᠴᠠᠯ ᠤᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ︔ | ᠣᠨᠴᠠᠯᠢᠭᠲᠤ ᠠᠮᠲᠠᠲᠤ ᠢᠳᠡᠭᠡᠨ᠂ ᠣᠨᠴᠠᠯᠢᠭᠲᠤ ᠪᠣᠳᠠᠰ ᠤᠨ ᠭᠠᠷᠤᠯᠲᠠ᠂ ᠪᠣᠳᠠᠰ ᠤᠨ ᠪᠤᠰᠤ ᠰᠣᠶᠣᠯ ᠤᠨ ᠥᠪ᠂ | ᠠᠷᠠᠳ ᠤᠨ ᠵᠠᠩ ᠦᠶᠯᠡ ᠠᠷᠠᠳ ᠤᠨ ᠳᠠᠭᠤᠤ ᠵᠡᠷᠭᠡ ᠡᠬᠢ ᠪᠠᠶᠠᠯᠢᠭ ᠲᠤ ᠲᠦᠰᠢᠭᠯᠡᠨ᠂ ᠰᠥᠨᠢ ᠶᠢᠨ ᠴᠤᠭᠯᠠᠭ᠎ᠠ | ᠮᠠᠶᠢᠮᠠᠢ᠂ ᠲᠣᠭᠯᠠᠯᠲᠠ ᠶᠢᠨ ᠤᠷᠠᠯᠢᠭ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠰᠥᠨᠢ ᠶᠢᠨ | ᠠᠵᠤ ᠠᠬᠤᠢ ᠶᠢ ᠬᠥᠲᠥᠯᠥᠨ ᠵᠢᠯᠤᠭᠤᠳᠴᠤ ᠬᠥᠭᠵᠢᠭᠦᠯᠦᠨ᠂ ᠬᠥᠳᠡᠭᠡ ᠲᠣᠰᠬᠤᠨ ᠤ ᠰᠣᠶᠣᠯ ᠪᠠ | ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ︔ ᠮᠠᠯᠴᠢᠳ ᠤᠨ ᠥᠪᠡᠷ ᠤᠨ ᠣᠷᠣᠨ ᠰᠠᠭᠤᠴᠠ ᠶᠢᠨ ᠭᠠᠵᠠᠷ ᠪᠠ | ᠰᠤᠯᠠ ᠪᠠᠶᠢᠬᠤ ᠭᠡᠷ ᠬᠥᠷᠥᠩᠭᠡ ᠪᠠᠨ ᠠᠰᠢᠭᠯᠠᠨ᠂ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠪᠠ | ᠬᠥᠳᠡᠭᠡ ᠲᠣᠰᠬᠤᠨ ᠤ ᠠᠮᠠᠷᠠᠯᠲᠠ ᠶᠢᠨ ᠪᠠᠭᠤᠳᠠᠯ ᠢ ᠥᠭᠡᠷᠡᠴᠢᠯᠡᠨ ᠬᠥᠭᠵᠢᠭᠦᠯᠵᠦ᠂ ᠬᠥᠳᠡᠭᠡ ᠲᠣᠰᠬᠤᠨ ᠤ | ᠰᠣᠶᠣᠯ ᠤᠨ ᠠᠭᠤᠷ ᠠᠮᠢᠰᠬᠤᠯ ᠢᠶᠠᠷ ᠪᠠᠶᠠᠯᠢᠭ ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠣᠷᠣᠨ ᠵᠠᠢ ᠶᠢ | ᠰᠢᠨ᠎ᠡ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ | 17. ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠦᠨ ᠬᠤᠪᠢᠷᠠᠭᠤᠯᠬᠤ ᠶᠢ ᠪᠥᠬᠦ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠭᠰᠠᠨ ᠦᠷ᠎ᠡ ᠪᠦᠲᠦᠭᠡᠯ ᠤᠨ ᠦᠵᠡᠭᠦᠯᠦᠯᠭᠡ ᠶᠢ ᠡᠷᠬᠢᠯᠡᠨ᠎ᠡ᠃ ᠪᠣᠳᠠᠰ ᠤᠨ ᠪᠤᠰᠤ | ᠵᠠᠯᠭᠠᠮᠵᠢᠯᠠᠭᠴᠢ ᠶᠢᠨ ᠬᠥᠳᠡᠭᠡ ᠲᠣᠰᠬᠤᠨ ᠤ ᠭᠠᠷ ᠤᠷᠠᠯᠠᠯ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠳᠤ | ᠣᠷᠣᠯᠴᠠᠬᠤ ᠶᠢ ᠵᠣᠷᠢᠭᠵᠢᠭᠤᠯᠵᠤ᠂ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠪᠠᠷ ᠰᠠᠭᠤᠷᠢ | ᠪᠣᠯᠭᠠᠨ᠂ ᠵᠣᠬᠢᠬᠤ ᠤᠯᠠᠮᠵᠢᠯᠠᠨ ᠵᠠᠯᠭᠠᠮᠵᠢᠯᠠᠬᠤ ᠰᠠᠭᠤᠷᠢ ᠪᠠ ᠦᠢᠯᠡᠳᠪᠦᠷᠢᠯᠡᠬᠦ ᠬᠡᠪᠴᠢᠶ᠎ᠡ ᠲᠠᠢ᠂ ᠬᠥᠭᠵᠢᠯᠲᠡ ᠶᠢᠨ | ᠢᠷᠡᠭᠡᠳᠦᠢ ᠲᠠᠢ᠂ ᠠᠵᠢᠯ ᠣᠯᠭᠤᠯᠲᠠ ᠶᠢ ᠳᠠᠶᠢᠴᠢᠯᠠᠬᠤ ᠳᠤ ᠲᠤᠰᠠᠲᠠᠢ ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ | ᠵᠦᠢᠯ ᠢ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠤᠷᠠᠨ ᠳᠠᠷᠬ᠎ᠠ ᠶᠢ ᠬᠥᠭᠵᠢᠭᠦᠯᠦᠨ ᠮᠠᠨᠳᠤᠭᠤᠯᠬᠤ | ᠭᠠᠷᠴᠠᠭ ᠲᠤ ᠣᠷᠣᠭᠤᠯᠤᠨ᠎ᠠ᠃ ᠪᠣᠳᠠᠰ ᠤᠨ ᠪᠤᠰᠤ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠢ ᠤᠬᠠᠭᠤᠯᠬᠤ | ᠪᠠ ᠪᠣᠷᠣᠯᠠᠭᠤᠯᠬᠤ ᠶᠢ ᠶᠡᠬᠡᠪᠡᠷ ᠠᠬᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠥᠪ ᠤᠨ ᠵᠢᠭᠤᠯᠴᠢᠯᠠᠯ ᠤᠨ | ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠣᠶᠢᠵᠢᠭᠤᠯᠤᠨ᠎ᠠ᠃ | 18. ︽ᠬᠤᠶᠠᠷ ᠢ ᠴᠣᠭᠴᠠᠯᠠᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠬᠤᠶᠠᠷ ᠢ ᠴᠣᠭᠴᠠᠯᠠᠬᠤ︾ | ᠲᠠᠢ ᠨᠢᠭᠲᠠ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ | ᠲᠥᠷᠥᠭᠳᠡᠯ ᠲᠠᠢ ᠪᠦᠲᠦᠮᠵᠢᠲᠡᠢ ᠪᠤᠢ ᠪᠣᠯᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ | ᠰᠤᠳᠤᠯᠤᠯ ᠪᠠ ᠲᠡᠦᠬᠡ ᠶᠢᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠮᠠᠨ ᠤ ᠬᠤᠲᠠ ᠶᠢᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠪᠠᠶᠢᠳᠠᠯ ᠢ | ᠲᠣᠳᠣᠷᠬᠠᠢ ᠬᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ | ᠪᠠᠭ᠋ᠠᠳᠤᠯᠲᠤ ᠰᠡᠳᠬᠢᠯᠭᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ︽ᠬᠤᠶᠠᠷ ᠢ ᠴᠣᠭᠴᠠᠯᠠᠨ ᠪᠠᠶᠢᠭᠤᠯᠬᠤ︾ | ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠤᠯᠠᠬᠤᠢ᠂ ᠬᠥᠭᠵᠢᠮ ᠪᠥᠵᠢᠭ ᠵᠡᠷᠭᠡ ᠤᠳᠬ᠎ᠠ ᠤᠷᠠᠯᠢᠭ ᠤᠨ | ᠪᠦᠲᠦᠭᠡᠯ ᠤᠨ ᠵᠣᠬᠢᠶᠠᠨ ᠪᠦᠲᠦᠭᠡᠯᠭᠡ ᠶᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠲᠠᠰᠤᠷᠠᠯᠲᠠ ᠦᠭᠡᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠱᠠᠭᠠᠷᠳᠠᠯᠭ᠎ᠠ ᠶᠢ ᠤᠯᠠᠨ ᠨᠡᠶᠢᠲᠡ ᠶᠢᠨ | ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ | ᠵᠡᠷᠭᠡ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠨᠡᠩ ᠤᠯᠠᠨ ᠳᠤᠮᠳᠠᠳᠤ ᠶᠢᠨ ᠰᠣᠶᠣᠯ ᠤᠨ ᠲᠡᠮᠳᠡᠭ ᠪᠠ | ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠵᠤ᠂ ᠤᠯᠠᠮᠵᠢᠯᠠᠨ ᠳᠡᠯᠭᠡᠷᠡᠭᠦᠯᠵᠦ᠂ | ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠲᠦᠭᠡᠨ ᠪᠠᠶᠢᠭᠤᠯᠤᠨ᠎ᠠ᠃ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ | ᠮᠥᠴᠢᠷ ᠢᠶᠠᠷ ᠪᠦᠷᠢᠯᠳᠦᠭᠰᠡᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢᠨ ᠬᠠᠮᠢᠶ᠎ᠠ ᠪᠦᠬᠦᠢ ᠠᠵᠢᠯ ᠤᠨ ᠵᠣᠬᠢᠴᠠᠭᠤᠯᠬᠤ ᠳᠤᠭᠤᠶᠢᠯᠠᠩ ᠢ | ᠪᠠᠶᠢᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠰᠢᠮᠳᠠᠭᠤᠯᠤᠨ | ᠨᠠᠶᠢᠳᠠᠪᠤᠷᠢᠵᠢᠭᠤᠯᠬᠤ᠂ ᠳ᠋ᠦᠩᠨᠡᠨ ᠳᠡᠯᠭᠡᠷᠡᠭᠦᠯᠬᠦ ᠵᠡᠷᠭᠡ ᠶᠢ ᠬᠠᠷᠢᠭᠤᠴᠠᠨ᠂ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢ | ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠪᠠ ᠪᠣᠳᠠᠲᠠᠢ ᠬᠦᠴᠢᠷᠳᠡᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠵᠤ᠂ ᠴᠠᠭ ᠲᠤᠬᠠᠢ ᠳᠤᠨᠢ ᠰᠢᠢᠳᠪᠦᠷᠢᠯᠡᠨ᠎ᠡ᠃ ᠵᠣᠬᠢᠴᠠᠭᠤᠯᠬᠤ ᠳᠤᠭᠤᠶᠢᠯᠠᠩ ᠤᠨ | ᠠᠯᠪᠠᠨ ᠭᠡᠷ ᠢ ᠬᠤᠳᠠ ᠶᠢᠨ ᠠᠷᠠᠳ ᠤᠨ ᠵᠥᠪᠯᠡᠯ ᠳᠤ ᠭᠠᠷᠭᠠᠵᠤ᠂ ᠡᠳᠦᠷ ᠲᠤᠳᠤᠮ ᠤᠨ ᠠᠵᠢᠯ ᠢ ᠬᠠᠮᠢᠶᠠᠷᠣᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠮᠠᠨ ᠤ ᠬᠤᠲᠠ ᠪᠣᠳᠠᠲᠤ | ᠪᠠᠶᠢᠳᠠᠯ ᠢᠶᠠᠨ ᠦᠨᠳᠦᠰᠦᠯᠡᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠷᠥ ᠶᠢᠨ | ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠢᠳᠡᠪᠬᠢ ᠦᠢᠯᠡᠳᠦᠯ ᠢ | ᠭᠦᠢᠴᠡᠳ ᠪᠠᠳᠠᠷᠠᠭᠤᠯᠤᠨ ᠳᠠᠶᠢᠴᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠩ ᠣᠯᠠᠨ | ᠵᠢᠭᠤᠯᠴᠢᠯᠠᠭᠴᠢᠳ ᠢ ᠰᠢᠯᠢ ᠶᠢᠨ ᠬᠤᠲᠠ ᠳᠤ ᠣᠴᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠤᠨ ᠣᠶᠢᠯᠠᠭᠠᠭᠳᠠᠬᠤᠨ ᠢ | ᠢᠯᠡᠷᠡᠭᠦᠯᠦᠭᠰᠡᠨ ᠵᠢᠭᠤᠯᠴᠢᠯᠠᠯ ᠤᠨ ᠪᠦᠲᠦᠭᠡᠭᠳᠡᠬᠦᠨ ᠪᠠ ᠣᠬᠢ ᠰᠢᠯᠢᠳᠡᠭ ᠵᠠᠮ ᠱᠤᠭᠤᠮ ᠢ ᠮᠡᠳᠡᠷᠡᠭᠦᠯᠬᠦ ᠪᠠᠷ ᠲᠠᠲᠠᠵᠤ | ᠪᠠᠶᠢᠨ᠎ᠠ᠃ | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠰᠢᠯᠢ ᠶᠢᠨ ᠬᠤᠲᠠ ᠶᠢᠨ ᠰᠣᠶᠣᠯ | ᠵᠢᠭᠤᠯᠴᠢᠯᠠᠯ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠭᠦᠯᠦᠨ᠂ | ᠨᠠᠩ ᠣᠯᠠᠨ ᠦᠨᠳᠦᠰᠦᠲᠡᠨ ᠤ ᠵᠤᠭᠠᠴᠠᠭᠰᠠᠳ ᠢ ᠰᠢᠯᠢ ᠶᠢᠨ ᠬᠤᠲᠠ ᠳᠤ ᠣᠴᠢᠭᠤᠯᠤᠨ ᠵᠢᠭᠤᠯᠴᠢᠯᠠᠭᠤᠯᠵᠤ᠂ | ᠵᠢᠭᠤᠯᠴᠢᠯᠠᠯ ᠢᠶᠠᠷ ᠳᠠᠮᠵᠢᠭᠤᠯᠤᠨ ᠰᠢᠯᠢ ᠶᠢᠨ ᠬᠤᠲᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠥᠯᠢᠭᠡᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠥᠯᠢᠭᠡᠷ ᠢ ᠰᠠᠶᠢᠲᠤᠷ | ᠶᠠᠷᠢᠨ᠎ᠠ᠃ | |