ᠰᠢᠯᠢ ᠶᠢᠨ ᠬᠤᠲᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ
ᠨᠡᠶᠢᠲᠡᠯᠡᠭᠰᠡᠨ ᠴᠠᠭ᠄
2023/11/22
ᠰᠢᠯᠢ ᠶᠢᠨ ᠬᠤᠲᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠵᠡᠮᠳᠡᠭᠴᠦᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠵᠤ᠂ ᠵᠡᠮᠳᠡᠭᠴᠦᠳ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠵᠡᠮᠳᠡᠭᠴᠦᠳ ᠤᠨ ᠨᠡᠶᠢᠭᠡᠮ ᠳᠤ ᠡᠷᠬᠡ ᠲᠡᠭᠰᠢ ᠪᠠᠷ ᠣᠷᠣᠯᠴᠠᠬᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠴᠢᠨᠠᠭᠰᠢᠳᠠ ᠠᠬᠢᠭᠤᠯᠵᠤ᠂ ᠰᠢᠯᠢ ᠶᠢᠨ ᠬᠤᠲᠠ ᠶᠢᠨ ᠵᠡᠮᠳᠡᠭᠴᠦᠳ ᠤᠨ ᠦᠢᠯᠡᠰ ᠢ ᠠᠵᠤ ᠠᠬᠤᠢ ᠨᠡᠶᠢᠭᠡᠮ ᠲᠠᠢ ᠵᠣᠬᠢᠴᠠᠩᠭᠤᠢ ᠪᠠᠷ ᠬᠥᠭᠵᠢᠭᠦᠯᠵᠦ᠂ ᠪᠦᠬᠦ ᠬᠤᠲᠠ ᠶᠢᠨ ᠵᠡᠮᠳᠡᠭᠴᠦᠳ ᠤᠨ ᠬᠠᠮᠲᠤ ᠶᠢᠨ ᠴᠢᠨᠡᠭᠡᠯᠢᠭᠵᠢᠯ ᠢ ᠲᠦᠷᠭᠡᠳᠬᠡᠨ ᠠᠬᠢᠭᠤᠯᠵᠤ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠶᠢᠨ ᠶᠠᠪᠣᠳᠠᠯ ᠤᠨ ᠬᠤᠷᠢᠶ᠎ᠠ ᠲᠠᠷᠬᠠᠭᠠᠭᠰᠠᠨ ﹇2021﹈ 10 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾᠂ ︽ᠰᠢᠯᠢ ᠶᠢᠨ ᠭᠤᠣᠯ ᠠᠶᠢᠮᠠᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ︽ᠰᠢᠯᠢ ᠶᠢᠨ ᠭᠤᠣᠯ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠯᠦᠪᠵᠢᠭᠦᠯᠭᠡ ᠶᠢ ᠲᠣᠭᠲᠠᠭᠠᠪᠠ᠃ᠨᠢᠭᠡ᠂ ᠬᠥᠭᠵᠢᠯᠲᠡ ᠶᠢᠨ ᠰᠠᠭᠤᠷᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠡᠮᠳᠡᠭᠴᠦᠳ ᠢ ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠣ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽13 · 5︾ ᠶᠢᠨ ᠲᠥᠯᠦᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠵᠡᠮᠳᠡᠭᠴᠦᠳ ᠤᠨ ᠦᠢᠯᠡᠰ ᠢᠯᠡᠳᠲᠡ ᠦᠷ᠎ᠡ ᠪᠦᠲᠦᠮᠵᠢ ᠣᠯᠪᠠ᠃ 1. ᠵᠡᠮᠳᠡᠭᠴᠦᠳ ᠤᠨ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠶᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ᠃ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ 15 ᠶᠠᠳᠠᠭᠤ ᠬᠦᠴᠢᠷᠳᠡᠯᠲᠡᠢ ᠵᠡᠮᠳᠡᠭᠴᠦᠳ ᠢ ᠪᠦᠬᠦᠨ ᠢ ᠶᠠᠳᠠᠭᠤ  ᠠᠴᠠ ᠠᠩᠭᠢᠵᠢᠷᠠᠭᠤᠯᠬᠤ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ 650 ᠬᠦᠴᠢᠷᠳᠡᠯᠲᠡᠢ ᠵᠡᠮᠳᠡᠭᠴᠦᠳ ᠪᠠ 280 ᠨᠡᠷᠡᠰ ᠮᠠᠯᠵᠢᠬᠤ ᠲᠠᠷᠢᠶᠠᠯᠠᠬᠤ ᠣᠷᠣᠨ ᠤ ᠬᠦᠴᠢᠷᠳᠡᠯᠲᠡᠢ ᠵᠡᠮᠳᠡᠭᠴᠦᠳ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠᠷ 930 ᠬᠥᠮᠥᠨ ᠳᠤ ᠠᠰᠢᠭ ᠬᠦᠷᠲᠡᠭᠡᠵᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠪᠠᠷ 1406 ᠬᠥᠮᠥᠨ ᠳᠤ ᠠᠰᠢᠭ ᠬᠦᠷᠲᠡᠭᠡᠵᠦ᠂ 807.61 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠣᠯᠭᠤᠵᠤ ᠂ ᠨᠥᠬᠦᠪᠦᠷᠢᠯᠡᠬᠦ ᠶᠣᠰᠣᠲᠠᠢ ᠶᠢ ᠨᠢ ᠪᠦᠬᠦᠨ ᠢ ᠨᠥᠬᠦᠪᠦᠷᠢᠯᠡᠬᠦ ᠶᠢ ᠪᠡᠶᠡᠯᠡᠭᠦᠯᠪᠡ᠃ 569 ᠨᠡᠷᠡᠰ ᠬᠦᠨᠳᠦ ᠵᠡᠮᠳᠡᠭᠴᠦᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠵᠤ᠂ ᠬᠥᠮᠥᠨ ᠪᠦᠷᠢ ᠳᠤ ᠵᠢᠯ ᠳᠤ 200 ᠲᠥᠭᠦᠷᠢᠭ ᠥᠭᠴᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠵᠡᠮᠳᠡᠭᠴᠦᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ ᠰᠦᠢᠳᠬᠡᠯ ᠬᠤᠷᠢᠶᠠᠬᠤ ᠦᠭᠡᠢ ᠪᠠᠷ ᠡᠳ᠋ᠯᠡᠭᠦᠯᠬᠦ ᠶᠢ ᠨᠡᠶᠢᠳᠡᠮ ᠪᠦᠷᠬᠦᠭᠦᠯᠬᠦ ᠪᠡᠶᠡᠯᠡᠭᠦᠯᠪᠡ᠃2. ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠴᠢᠩᠭᠠᠳᠬᠠᠨ᠎ᠠ᠃ ᠪᠥᠬᠦ ᠬᠤᠲᠠ ᠶᠢᠨ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ 90% ᠳᠤ ᠬᠦᠷᠴᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠨᠣᠷᠮ᠎ᠠ 95% ᠳᠤ ᠬᠥᠷᠪᠡ᠃ 137 ᠵᠡᠮᠳᠡᠭ ᠰᠣᠷᠣᠭᠴᠢ ᠵᠢᠴᠢ ᠵᠡᠮᠳᠡᠭᠴᠦᠳ ᠤᠨ ᠭᠡᠷ ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠤ ᠲᠤᠰᠠᠯᠠᠮᠵᠢ ᠬᠠᠩᠭᠠᠵᠤ᠂ ᠵᠡᠮᠳᠡᠭ ᠪᠠᠭᠠᠴᠤᠳ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 95% ᠳᠤ ᠬᠦᠷᠭᠡᠪᠡ᠃ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ 517 ᠬᠥᠮᠥᠨ ᠤᠳᠠᠭ᠎ᠠ ᠥᠷᠨᠢᠭᠦᠯᠵᠦ᠂ ᠵᠡᠮᠳᠡᠭᠴᠦᠳ ᠢ 56 ᠬᠥᠮᠥᠨ ᠤᠳᠠᠭ᠎ᠠ ᠳᠥᠪᠬᠢᠨᠡᠭᠦᠯᠦᠨ ᠠᠵᠢᠯ ᠣᠯᠭᠤᠵᠤ᠂ ᠠᠵᠢᠯ ᠣᠯᠭᠤᠯᠲᠠ ᠶᠢᠨ ᠨᠣᠷᠮ᠎ᠠ 10.83% ᠳᠤ ᠬᠥᠷᠪᠡ᠃ ︽ᠳᠠᠷᠤᠶᠢᠬᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠬᠤᠲᠠ ᠶᠢᠨ 53 ᠨᠡᠶᠢᠭᠡᠮ ᠲᠣᠭᠤᠷᠢᠭ ᠲᠤ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠲᠣᠬᠢᠷᠠᠭᠤᠯᠵᠤ᠂ ᠪᠥᠬᠦ ᠬᠤᠲᠠ ᠶᠢᠨ 39 ᠭᠠᠴᠠᠭ᠎ᠠ ᠳᠤ ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠲᠣᠬᠢᠷᠠᠭᠤᠯᠪᠠ᠃ 237 ᠬᠥᠮᠥᠨ ᠳᠤ ᠠᠩᠬ᠎ᠠ ᠤᠳᠠᠭ᠎ᠠ ᠵᠡᠮᠳᠡᠭᠴᠦᠳ ᠤᠨ ᠦᠨᠡᠮᠯᠡᠯ ᠣᠯᠭᠤᠵᠤ᠂ 2433 ᠵᠡᠮᠳᠡᠭᠴᠦᠳ ᠤᠨ ᠦᠨᠡᠮᠯᠡᠯ ᠢ ᠰᠣᠯᠢᠵᠤ ᠥᠭᠴᠡᠢ᠃ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠵᠦ᠂ ᠡᠯ᠎ᠡ ᠲᠥᠷᠥᠯ ᠤᠨ ᠵᠡᠮᠳᠡᠭᠴᠦᠳ ᠢ ᠠᠭᠤᠰᠤᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ 3. ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠪᠡ᠃ ︽ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠪᠥᠬᠦ ᠬᠤᠲᠠ ᠶᠢᠨ 0 ︱ 7 ᠨᠠᠰᠤᠨ ᠤ ᠵᠡᠮᠳᠡᠭ ᠬᠡᠦᠬᠡᠳ ᠤᠨ ᠡᠷᠡᠭᠦᠯᠵᠢᠯ ᠤᠨ ᠬᠤᠭᠤᠴᠠᠭᠠᠨ ᠳᠠᠬᠢ ᠬᠢᠨᠠᠨ ᠬᠠᠮᠠᠭᠠᠯᠠᠭᠴᠢ ᠶᠢᠨ ᠠᠰᠠᠷᠠᠨ ᠰᠤᠪᠢᠯᠠᠵᠤ ᠠᠪᠤᠷᠠᠨ ᠲᠤᠰᠠᠯᠠᠬᠤ ᠨᠥᠬᠦᠪᠦᠷᠢ ᠶᠢ ᠬᠤᠲᠠ ᠶᠢᠨ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ ︽13 · 5︾ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠤ 32 ᠵᠡᠮᠳᠡᠭ ᠬᠡᠦᠬᠡᠳ ᠢ ᠰᠢᠯᠵᠢᠭᠦᠯᠦᠨ ᠲᠠᠨᠢᠯᠴᠠᠭᠤᠯᠵᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯᠵᠢᠭᠦᠯᠬᠦ ᠠᠪᠤᠷᠠᠨ ᠲᠤᠰᠠᠯᠠᠬᠤ ᠦᠢᠯᠡᠴᠢᠯᠡᠭᠡ ᠬᠦᠷᠲᠡᠭᠡᠵᠦ᠂ 245 ᠡᠷᠦᠬᠡ ᠶᠢᠨ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠳᠤ ᠬᠠᠷᠰᠢ ᠰᠠᠭᠠᠳ ᠦᠭᠡᠢ ᠥᠭᠡᠷᠡᠴᠢᠯᠡᠯᠲᠡ ᠬᠢᠵᠦ᠂ ᠨᠡᠶᠢᠲᠡ 566 ᠲᠤᠰᠠᠯᠠᠬᠤ ᠪᠠᠭᠠᠵᠢ ᠲᠦᠭᠡᠭᠡᠪᠡ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠳᠠᠭᠠᠭᠠᠨ ᠭᠦᠢᠴᠡᠳᠬᠡᠬᠦ ᠠᠵᠢᠯᠲᠠᠨ ᠤ ᠡᠩᠨᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠠᠶᠢᠷ᠎ᠠ ᠲᠠᠢ᠂ ᠬᠤᠷᠳᠤᠴᠠ ᠲᠠᠢ᠂ ᠬᠠᠨᠤᠮᠵᠢ ᠲᠠᠢ ᠥᠨᠳᠥᠷ ᠬᠢᠷᠢ ᠲᠦᠪᠰᠢᠨ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠴᠢᠷᠮᠠᠶᠢᠨ ᠪᠣᠶ ᠪᠣᠯᠭᠠᠨ᠎ᠠ᠃ 4. ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠪᠠᠶᠢᠭᠤᠯᠤᠨ᠎ᠠ᠃ ᠪᠥᠬᠦ ᠬᠤᠲᠠ ᠳᠤ ᠵᠡᠮᠳᠡᠭᠴᠦᠳ ᠤᠨ ᠠᠵᠢᠯ ᠣᠯᠭᠤᠯᠲᠠ ᠶᠢᠨ ᠰᠠᠭᠤᠷᠢᠨ ᠭᠠᠵᠠᠷ 4᠂ ᠵᠡᠮᠳᠡᠭᠴᠦᠳ ᠤᠨ ᠬᠠᠯᠠᠭᠤᠨ ᠳᠤᠯᠠᠭᠠᠨ ᠭᠡᠷ ᠣᠷᠣᠨ 3 ᠶᠢ ᠪᠠᠶᠢᠭᠤᠯᠪᠠ᠃ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ ᠵᠢᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 1184 ᠲᠦᠮᠡᠨ ᠲᠥᠭᠦᠷᠢᠭ᠂ ᠶᠡᠷᠦᠩᠬᠡᠢ ᠲᠠᠯᠠᠪᠠᠶ ᠨᠢ 3328.46 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠨᠢ ᠪᠦᠬᠦᠯᠢ ᠡᠳᠦᠷ ᠢᠶᠠᠷ 36 ᠬᠥᠮᠥᠨ ᠬᠤᠨᠣᠵᠤ᠂ ᠡᠳᠦᠷ ᠲᠤ 30 ᠬᠥᠮᠥᠨ ᠢ ᠬᠠᠷᠠᠭᠠᠯᠵᠠᠨ᠎ᠠ᠃ ᠵᠢᠯ ᠳᠤ ᠲᠠᠷᠢᠶᠠᠯᠠᠩ ᠤᠨ ᠡᠮᠴᠢᠯᠡᠭᠡ᠂ ᠠᠵᠤ ᠦᠢᠯᠡᠳᠪᠦᠷᠢ ᠶᠢᠨ ᠡᠮᠴᠢᠯᠡᠭᠡ ᠵᠡᠷᠭᠡ ᠬᠡᠯᠪᠡᠷᠢ ᠪᠠᠷ 90 ᠨᠡᠷᠡᠰ ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠮᠠᠯᠵᠢᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠬᠢᠵᠦ ᠪᠣᠯᠣᠨ᠎ᠠ᠃ 5. ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠣᠷᠴᠢᠨ ᠲᠣᠭᠤᠷᠢᠨ ᠡᠳᠦᠷ ᠢᠷᠡᠬᠦᠶ᠎ᠡ ᠰᠢᠯᠢᠳᠡᠭᠵᠢᠪᠡ᠃ ᠰᠦᠯᠵᠢᠶᠡᠨ ᠤ ᠮᠡᠳᠡᠭᠡ ᠵᠠᠩᠭᠢ ᠶᠢᠨ ᠴᠠᠭ ᠦᠶ᠎ᠡ ᠶᠢᠨ ᠬᠥᠭᠵᠢᠯᠲᠡ ᠳᠤ ᠢᠳᠡᠪᠬᠢᠲᠡᠢ ᠪᠠᠷ ᠵᠣᠬᠢᠴᠠᠵᠤ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠰᠢᠨ᠎ᠡ ᠵᠠᠭᠤᠴᠢᠯᠠᠭᠤᠷ ᠪᠣᠯᠣᠨ ᠵᠡᠮᠳᠡᠭᠴᠦᠳ ᠤᠨ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠳᠡᠯᠭᠡᠷᠡᠭᠦᠯᠵᠦ᠂ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ᠃ ᠪᠥᠬᠦ ᠬᠤᠲᠠ ᠳᠤ ᠣᠲᠣ 3901 ᠦᠨᠡᠮᠯᠡᠯ ᠲᠠᠢ ᠵᠡᠮᠳᠡᠭ ᠬᠥᠮᠥᠨ ᠪᠠᠶᠢᠵᠤ᠂ ᠡᠭᠦᠨ ᠳᠤ ᠨᠢᠭᠡᠳᠦᠭᠡᠷ ᠬᠤᠶᠠᠳᠤᠭᠠᠷ ᠳᠡᠰ ᠤᠨ ᠵᠡᠮᠳᠡᠭ ᠬᠥᠮᠥᠨ 1620᠂ ᠭᠤᠷᠪᠠᠳᠤᠭᠠᠷ ᠳᠥᠷᠪᠡᠳᠦᠭᠡᠷ ᠳᠡᠰ ᠤᠨ ᠵᠡᠮᠳᠡᠭ ᠬᠥᠮᠥᠨ 2281 ᠪᠠᠶᠢᠵᠤ᠂ ᠬᠦᠨᠳᠦ ᠵᠡᠮᠳᠡᠭ ᠬᠥᠮᠥᠨ ᠨᠡᠯᠢᠶᠡᠳ ᠶᠡᠭᠡ ᠪᠠᠶᠢᠵᠤ᠂ ᠨᠠᠩ ᠪᠥᠬᠦ ᠲᠠᠯ᠎ᠠ ᠶᠢᠨ᠂ ᠨᠠᠩ ᠭᠦᠨᠴᠡ ᠲᠠᠢ ᠬᠠᠪᠰᠤᠷᠤᠨ ᠲᠡᠳᠬᠦᠬᠦ ᠴᠢᠬᠤᠯᠠᠲᠠᠢ ᠪᠠᠶᠢᠨ᠎ᠠ︔ 0-59 ᠪᠦᠬᠦᠯᠢ ᠨᠠᠰᠤᠨ ᠤ ᠠᠵᠢᠯ ᠣᠯᠬᠤ ᠨᠠᠰᠤᠨ ᠤ ᠵᠡᠮᠳᠡᠭ ᠬᠥᠮᠥᠨ 2609 ᠪᠠᠶᠢᠵᠤ᠂ ᠨᠢᠭᠡᠨᠲᠡ 773 ᠬᠥᠮᠥᠨ ᠳᠤ ᠠᠵᠢᠯ ᠣᠯᠭᠤᠵᠤ᠂ 1836 ᠬᠥᠮᠥᠨ ᠳᠤ ᠠᠵᠢᠯ ᠣᠯᠣᠭᠠᠳᠤᠢ ᠪᠠᠶᠢᠵᠤ᠂ ᠠᠵᠢᠯ ᠣᠯᠣᠭᠰᠠᠨ ᠨᠣᠷᠮ᠎ᠠ ᠨᠢ 29.63% ᠪᠠᠶᠢᠵᠤ᠂ ᠠᠵᠢᠯ ᠣᠯᠭᠤᠯᠲᠠ ᠶᠢᠨ ᠶᠠᠰᠤ ᠴᠢᠨᠠᠷ ᠨᠢ ᠥᠨᠳᠥᠷ ᠪᠢᠰᠢ ᠪᠠᠶᠢᠵᠤ᠂ ᠨᠠᠩ ᠰᠠᠭᠠᠳ ᠦᠭᠡᠢ᠂ ᠨᠠᠩ ᠰᠢᠯᠢᠳᠡᠭ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠱᠠᠭᠠᠷᠳᠠᠵᠤ ᠪᠠᠶᠢᠨ᠎ᠠ᠃ ᠣᠳᠣᠬᠠᠨ ᠤ ᠪᠠᠶᠢᠳᠠᠯ ᠠᠴᠠ ᠦᠵᠡᠪᠡᠯ᠂ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠮᠥᠨ ᠬᠦ ᠮᠠᠰᠢ ᠣᠯᠠᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠄ ᠨᠢᠭᠡ ᠳᠤ ᠨᠡᠶᠢᠭᠡᠮ ᠤᠨ ᠠᠪᠤᠷᠠᠨ ᠲᠤᠰᠠᠯᠠᠯᠲᠠ ᠶᠢ ᠨᠠᠷᠢᠯᠢᠭ ᠣᠨᠣᠴᠠᠲᠠᠢ ᠪᠣᠯᠭᠠᠬᠤ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠬᠦᠮᠦᠨ ᠠᠮᠠ ᠨᠠᠰᠤᠵᠢᠬᠤ ᠬᠠᠨᠳᠤᠰᠢ ᠲᠠᠢ ᠪᠣᠯᠵᠤ᠂ ᠵᠡᠮᠳᠡᠭ ᠤᠨ ᠬᠡᠮᠵᠢᠶ᠎ᠡ ᠣᠯᠠᠨ ᠡᠭᠦᠰᠴᠦ᠂ ᠨᠠᠰᠤ ᠠᠬᠠᠰᠢᠷᠠᠭᠰᠠᠨ ᠪᠠ ᠵᠡᠮᠳᠡᠭ ᠠᠴᠠ ᠪᠣᠯᠤᠭᠰᠠᠨ ᠬᠡᠷᠡᠭᠴᠡᠭᠡ ᠱᠠᠭᠠᠷᠳᠠᠯᠭ᠎ᠠ ᠳᠠᠪᠬᠤᠴᠠᠵᠤ᠂ ᠠᠵᠢᠯ ᠦᠭᠡᠢ ᠬᠦᠨᠳᠦ ᠵᠡᠮᠳᠡᠭ᠂ ᠨᠠᠰᠤᠵᠢᠭᠰᠠᠨ ᠵᠡᠮᠳᠡᠭ᠂ ᠥᠨᠥᠴᠢᠨ ᠵᠡᠮᠳᠡᠭ ᠬᠥᠮᠥᠰ ᠵᠢᠴᠢ ᠵᠡᠮᠳᠡᠭ ᠬᠡᠦᠬᠡᠳ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠵᠥᠷᠢᠶ᠎ᠡ ᠲᠠᠢ ᠪᠣᠯᠵᠤ᠂ ᠣᠲᠣ ᠶᠢᠨ ᠪᠠᠶᠢᠭ᠎ᠠ ᠨᠠᠷᠢᠯᠢᠭ ᠣᠨᠣᠴᠠᠲᠠᠢ ᠪᠠᠷ ᠠᠪᠤᠷᠠᠨ ᠲᠤᠰᠠᠯᠠᠬᠤ ᠡᠷᠴᠢᠮ ᠨᠢ ᠡᠯ᠎ᠡ ᠲᠥᠷᠥᠯ ᠤᠨ ᠵᠡᠮᠳᠡᠭᠴᠦᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠭᠰᠡᠨ ᠦᠭᠡᠢ︔ ᠬᠤᠶᠠᠷ ᠲᠤ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠰᠡᠳᠬᠢᠵᠦ ᠪᠤᠳᠤᠬᠰᠠᠨ᠂ ᠨᠡᠶᠢᠭᠡᠮ ᠤᠨ ᠪᠠᠲᠤᠯᠠᠭ᠎ᠠ᠂ ᠰᠣᠷᠣᠯᠴᠠᠬᠤ ᠡᠮᠨᠡᠭᠦᠯᠬᠦ᠂ ᠠᠵᠢᠯ ᠣᠯᠭᠤᠵᠤ ᠲᠥᠪᠬᠢᠨᠡᠭᠦᠯᠬᠦ᠂ ᠡᠷᠡᠭᠦᠯᠵᠢᠭᠦᠯᠵᠦ ᠬᠠᠷᠠᠭᠠᠯᠵᠠᠨ ᠠᠰᠠᠷᠠᠬᠤ ᠵᠡᠷᠭᠡ ᠤᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠠᠰᠠ ᠭᠦᠢᠴᠡᠳ ᠬᠠᠩᠭᠠᠵᠤ ᠳᠡᠶᠢᠯᠦᠭᠡᠳᠦᠢ ᠪᠠᠶᠢᠭᠰᠠᠭᠠᠷ︔ ᠭᠤᠷᠪᠠ ᠳᠤ ᠵᠡᠮᠳᠡᠭᠴᠦᠳ ᠲᠤ ᠦᠢᠯᠡᠴᠢᠯᠡᠬᠦ ᠰᠠᠭᠤᠷᠢ ᠪᠠ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠷᠡᠭᠦᠯᠵᠢᠭᠦᠯᠬᠦ ᠴᠢᠳᠠᠪᠤᠷᠢᠲᠠᠨ ᠳᠤᠲᠠᠭᠳᠠᠵᠤ᠂ ᠨᠠᠶᠢᠳᠠᠨ ᠲᠡᠵᠢᠭᠡᠯᠭᠡᠬᠦ ᠡᠬᠢ ᠪᠠᠶᠠᠯᠢᠭ ᠬᠦᠷᠦᠯᠴᠡᠬᠦ ᠦᠭᠡᠢ᠂ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠡᠷᠴᠢᠮ ᠬᠦᠷᠦᠯᠴᠡᠬᠦ ᠦᠭᠡᠢ᠂ ᠵᠡᠮᠳᠡᠭᠴᠦᠳ ᠲᠤ ᠦᠢᠯᠡᠴᠢᠯᠡᠬᠦ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠪᠠᠰᠠ ᠨᠡᠯᠢᠶᠡᠳ ᠪᠠᠭᠤᠷᠠᠢ ᠪᠠᠶᠢᠭᠰᠠᠭᠠᠷ︔ ᠳᠥᠷᠪᠡ ᠳᠤ ᠵᠡᠮᠳᠡᠭᠴᠦᠳ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮ ᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠨᠤᠷᠮ᠎ᠠ ᠶᠡᠷᠦᠩᠬᠡᠢ ᠳᠡᠭᠡᠨ ᠨᠡᠯᠢᠶᠡᠳ ᠳᠣᠣᠷ᠎ᠠ᠂ ᠠᠵᠢᠯ ᠣᠯᠭᠤᠯᠲᠠ ᠭᠦᠢᠴᠡᠳ ᠪᠤᠰᠤ᠂ ᠠᠵᠢᠯ ᠣᠯᠭᠤᠯᠲᠠ ᠶᠢᠨ ᠠᠷᠭ᠎ᠠ ᠵᠠᠮ ᠰᠢᠯᠤᠭᠤᠨ ᠪᠤᠰᠤ᠂ ᠠᠵᠢᠯ ᠣᠯᠭᠤᠯᠲᠠ ᠶᠢᠨ ᠬᠡᠯᠪᠡᠷᠢ ᠲᠠᠩ ᠴᠤᠯᠭᠤᠢ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠡᠷᠴᠢᠮ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ︔ ᠲᠠᠪᠤ ᠳᠤ ᠵᠡᠮᠳᠡᠭᠴᠦᠳ ᠤᠨ ᠠᠳᠠᠯᠢ ᠲᠡᠭᠰᠢ ᠡᠷᠬᠡ ᠶᠢ ᠪᠠᠰᠠ ᠤᠯᠠᠮ ᠨᠢᠭᠡ ᠠᠯᠬᠤᠮ ᠬᠠᠮᠠᠭᠠᠯᠠᠬᠤ ᠴᠢᠬᠤᠯᠠᠲᠠᠢ ᠪᠠᠶᠢᠨ᠎ᠠ᠃ ᠵᠡᠮᠳᠡᠭᠴᠦᠳ ᠤᠨ ᠨᠡᠶᠢᠭᠡᠮ ᠳᠤ ᠣᠷᠣᠯᠴᠠᠬᠤ ᠡᠷᠬᠡ ᠪᠠᠰᠠ ᠭᠦᠢᠴᠡᠳ ᠪᠤᠰᠤ᠂ ᠨᠡᠶᠢᠭᠡᠮ ᠤᠨ ᠠᠭᠤᠰᠤᠯᠴᠠᠯ ᠳᠤ ᠪᠠᠰᠠ ᠵᠠᠷᠢᠮ ᠢᠯᠡ ᠪᠠ ᠢᠯᠡ ᠪᠤᠰᠤ ᠬᠠᠷᠰᠢ ᠰᠠᠭᠠᠳ ᠣᠷᠣᠰᠢᠵᠤ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠠᠭᠤᠷ ᠠᠮᠢᠰᠬᠤᠯ ᠢ ᠪᠠᠰᠠ ᠤᠯᠠᠮ ᠨᠢᠭᠡ ᠠᠯᠬᠤᠮ ᠪᠤᠢ ᠪᠣᠯᠭᠠᠬᠤ ᠴᠢᠬᠤᠯᠠᠲᠠᠢ ᠪᠠᠶᠢᠨ᠎ᠠ᠃ ᠬᠤᠶᠠᠷ᠂ ᠬᠥᠭᠵᠢᠯᠲᠡ ᠶᠢᠨ ᠬᠠᠨᠳᠤᠰᠢ ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ︾ ᠭᠡᠵᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠵᠡᠮᠳᠡᠭᠴᠦᠳ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠭᠤᠰᠤᠯᠴᠠᠨ ᠬᠥᠭᠵᠢᠬᠦ ᠪᠠᠷ ᠭᠤᠣᠯᠳᠠᠯᠭ᠎ᠠ ᠪᠣᠯᠭᠠᠵᠤ᠂ ᠨᠡᠩ ᠪᠦᠷᠢᠨ ᠲᠡᠭᠦᠯᠳᠡᠷ ᠳᠦᠷᠢᠮ ᠤᠨ ᠰᠢᠰᠲ᠋ᠧᠮ ᠢ ᠪᠠᠶᠢᠭᠤᠯᠵᠤ᠂ ᠨᠡᠩ ᠡᠷᠬᠡ ᠲᠡᠭᠰᠢ ᠪᠠᠭᠲᠠᠭᠠᠮᠵᠢᠲᠠᠢ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ᠂ ᠵᠡᠮᠳᠡᠭᠴᠦᠳ ᠤᠨ ᠡᠷᠬᠡ ᠲᠡᠭᠰᠢ ᠪᠠᠷ ᠣᠷᠣᠯᠴᠠᠵᠤ ᠬᠠᠮᠲᠤᠪᠠᠷ ᠡᠳ᠋ᠯᠡᠬᠦ ᠶᠢ ᠭᠦᠢᠴᠡᠳ ᠪᠡᠶᠡᠯᠡᠭᠦᠯᠬᠦ ᠶᠢ ᠠᠬᠢᠭᠤᠯᠵᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠠᠯᠤᠰ ᠤᠨ ᠲᠥᠯᠥᠪ ᠢ ᠪᠡᠶᠡᠯᠡᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠭᠤᠷᠪᠠ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠬᠥᠭᠵᠢᠯᠲᠡ ᠶᠢᠨ ᠬᠠᠷᠠᠯᠲᠠ ︵ᠨᠢᠭᠡ︶ ᠵᠢᠯᠤᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠪᠥᠬᠦ ᠲᠠᠯ᠎ᠠ ᠶᠢᠨ ᠬᠥᠭᠵᠢᠯᠲᠡ ᠪᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠨ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠵᠡᠮᠳᠡᠭᠴᠦᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃ ︵ᠬᠤᠶᠠᠷ︶ ᠦᠨᠳᠦᠰᠦᠨ ᠵᠠᠷᠴᠢᠮ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠥᠭᠵᠢᠭᠦᠯᠪᠡ᠃ ᠨᠠᠮ ᠤᠨ ᠬᠤᠷᠢᠶ᠎ᠠ ᠠᠴᠠ ᠤᠳᠤᠷᠢᠳᠤᠭᠰᠠᠨ᠂ ᠵᠠᠰᠠᠭ ᠤᠨ ᠣᠷᠳᠣᠨ ᠠᠴᠠ ᠬᠠᠷᠢᠭᠤᠴᠠᠭᠰᠠᠨ ᠵᠡᠮᠳᠡᠭᠴᠦᠳ ᠤᠨ ᠠᠵᠢᠯ ᠤᠨ ᠤᠳᠤᠷᠢᠳᠬᠤ ᠪᠠᠶᠢᠭᠤᠯᠤᠯ ᠢ ᠪᠦᠷᠢᠨᠰᠢᠭᠦᠯᠵᠦ᠂ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠵᠡᠮᠳᠡᠭᠴᠦᠳ ᠤᠨ ᠪᠥᠬᠦ ᠲᠠᠯ᠎ᠠ ᠪᠠᠷ ᠬᠥᠭᠵᠢᠬᠦ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠮᠥᠨ ᠢᠶᠠᠷ ᠦᠨᠳᠦᠰᠦ ᠪᠣᠯᠭᠠᠬᠤ᠂ ᠪᠠᠭᠤᠷᠠᠢ ᠶᠢ ᠲᠡᠳᠬᠦᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠡᠮᠳᠡᠭᠴᠦᠳ ᠢ ᠣᠨᠴᠠᠭᠠᠢ ᠬᠠᠯᠠᠮᠵᠢᠯᠠᠵᠤ᠂ ᠣᠨᠴᠠᠭᠠᠢ ᠠᠩᠬᠠᠷᠬᠤ ᠬᠡᠷᠡᠭᠲᠡᠢ᠃ ᠲᠤᠰᠬᠠᠢ ᠵᠦᠢᠯ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠡᠮᠳᠡᠭᠴᠦᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠨ᠂ ᠵᠡᠮᠳᠡᠭᠴᠦᠳ ᠤᠨ ᠲᠣᠰ ᠪᠡᠶ᠎ᠡ ᠶᠢᠨ ᠴᠢᠳᠠᠪᠤᠷᠢ ᠶᠢᠨ ᠬᠥᠭᠵᠢᠯᠲᠡ ᠶᠢᠨ ᠬᠦᠷᠦᠯᠴᠡᠬᠦ ᠦᠭᠡᠢ ᠲᠠᠯ᠎ᠠ ᠶᠢ ᠨᠥᠬᠦᠪᠦᠷᠢᠯᠡᠵᠦ᠂ ᠨᠡᠶᠢᠭᠡᠮ ᠤᠨ ᠭᠠᠳᠠᠭᠤᠷᠴᠢᠯᠠᠯ ᠢ ᠠᠷᠢᠯᠭᠠᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠪᠠᠷᠢᠮᠵᠢᠶ᠎ᠠ ᠶᠢ ᠵᠣᠬᠢᠰᠲᠠᠢ ᠪᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠠᠮᠲᠤᠯᠢᠭ ᠤᠨ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠭᠦᠨᠵᠡᠭᠡᠶᠢᠷᠡᠭᠦᠯᠵᠦ᠂ ︽ᠲᠦᠭᠡᠮᠡᠯ ᠬᠠᠷᠠᠭᠠᠯᠵᠠᠯ ᠳᠡᠭᠡᠷ᠎ᠡ ᠣᠨᠴᠠ ᠬᠠᠷᠠᠭᠠᠯᠵᠠᠯ ᠨᠡᠮᠡᠬᠦ᠂ ᠡᠩ ᠤᠨ ᠪᠠᠶᠢᠳᠠᠯ ᠳᠤ ᠲᠤᠰᠬᠠᠢ ᠵᠦᠢᠯ ᠨᠡᠮᠡᠬᠦ︾ ᠵᠠᠷᠴᠢᠮ ᠶᠣᠰᠣᠭᠠᠷ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠵᠡᠮᠳᠡᠭᠴᠦᠳ ᠤᠨ ᠣᠯᠠᠨ ᠲᠠᠰ ᠳᠠᠪᠬᠤᠷᠭ᠎ᠠ᠂ ᠣᠯᠠᠨ ᠲᠥᠷᠥᠯ ᠢᠯᠭᠠᠯ ᠤᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ᠂ ᠮᠡᠳᠡᠭᠡ ᠵᠠᠩᠭᠢᠵᠢᠯᠲᠠ᠂ ᠣᠶᠤᠨᠴᠢᠯᠠᠯᠲᠠ ᠵᠡᠷᠭᠡ ᠰᠠᠭᠤᠷᠢ ᠪᠠᠲᠤᠯᠠᠭ᠎ᠠ ᠶᠢᠨ ᠨᠥᠬᠦᠴᠡᠯ ᠢ ᠴᠢᠩᠭᠠᠷᠠᠭᠤᠯᠵᠤ᠂ ᠵᠡᠮᠳᠡᠭᠴᠦᠳ ᠤᠨ ᠠᠵᠢᠯ ᠤᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠵᠡᠮᠳᠡᠭᠴᠦᠳ ᠢ ᠣᠨᠣᠪᠴᠢᠲᠠᠶ ᠢᠯᠭᠠᠨ ᠲᠠᠨᠢᠬᠤ ᠶᠢ ᠨᠡᠶᠢᠳᠡᠮ ᠪᠦᠷᠬᠦᠭᠦᠯᠬᠦ᠂ ᠵᠡᠮᠳᠡᠭᠴᠦᠳ ᠤᠨ ᠠᠵᠢᠯ ᠤᠨ ᠨᠠᠷᠢᠯᠢᠭᠵᠢᠭᠤᠯᠤᠨ ᠬᠠᠮᠢᠶᠠᠷᠬᠤ ᠪᠥᠬᠦ ᠬᠦᠷᠢᠶ᠎ᠡ ᠴᠠᠷᠠᠭ᠎ᠠ᠂ ᠨᠡᠶᠢᠭᠡᠮ ᠤᠨ ᠵᠡᠮᠳᠡᠭᠴᠦᠳ ᠢ ᠲᠤᠰᠠᠯᠠᠬᠤ ᠶᠢ ᠨᠠᠷᠢᠯᠢᠭ ᠣᠨᠣᠴᠠᠵᠢᠭᠤᠯᠤᠨ ᠬᠡᠷᠡᠭᠵᠢᠭᠦᠯᠬᠦ ᠪᠥᠬᠦ ᠶᠠᠪᠤᠴᠠ ᠶᠢ ᠪᠡᠶᠡᠯᠡᠭᠦᠯᠦᠨ᠎ᠡ᠃ ᠳᠦᠷᠢᠮ ᠢ ᠤᠷᠢᠳᠠᠪᠠᠷ ᠬᠡᠷᠡᠭᠵᠢᠭᠦᠯᠵᠦ᠂ ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠨ᠎ᠠ᠃ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠳᠦᠷᠢᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠤᠨ ᠠᠵᠢᠯ ᠤᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠨᠠᠩ ᠥᠨᠳᠥᠷ ᠲᠦᠪᠰᠢᠨ ᠂ ᠨᠠᠩ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠵᠡᠮᠳᠡᠭᠴᠦᠳ ᠤᠨ ᠠᠵᠢᠯ ᠦᠢᠯᠡᠰ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠵᠡᠮᠳᠡᠭᠴᠦᠳ ᠤᠨ ᠡᠯ᠎ᠡ ᠵᠦᠢᠯ ᠤᠨ ᠳᠦᠷᠢᠮ ᠤᠨ ᠪᠠᠲᠤᠯᠠᠭ᠎ᠠ᠂ ᠠᠰᠠᠷᠠᠮᠵᠢ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠣᠨ᠎ᠠ᠃ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠪᠠ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠨᠡᠶᠢᠭᠡᠮ ᠤᠨ ᠵᠡᠮᠳᠡᠭᠴᠦᠳ ᠢ ᠲᠤᠰᠠᠯᠠᠬᠤ ᠶᠢ ᠳᠡᠮᠵᠢᠬᠦ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠪᠰᠤᠷᠤᠨ ᠲᠡᠳᠬᠦᠬᠦ ᠳᠤ ᠣᠷᠣᠯᠴᠠᠬᠤ ᠶᠢ ᠪᠠᠳᠠᠷᠠᠭᠤᠯᠤᠨ᠂ ᠵᠡᠮᠳᠡᠭᠴᠦᠳ ᠢ ᠲᠤᠰᠠᠯᠠᠬᠤ ᠨᠡᠶᠢᠭᠡᠮ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠤᠨ ᠠᠵᠢᠯ ᠦᠢᠯᠡᠰ ᠬᠢᠭᠡᠳ ᠠᠵᠤ ᠠᠬᠤᠢ ᠨᠡᠶᠢᠭᠡᠮ ᠤᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠎ᠠ᠃ ︵ᠭᠤᠷᠪᠠ︶ ᠬᠥᠭᠵᠢᠯᠲᠡ ᠶᠢᠨ ᠬᠠᠷᠠᠯᠲᠠ 2025 ᠣᠨ ᠪᠣᠯᠬᠤ ᠳᠤ᠂ ᠮᠠᠨ ᠤ ᠬᠤᠲᠠ ᠶᠢᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠰᠢᠨ᠎ᠡ ᠪᠠᠷ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠬᠢᠷᠢ ᠲᠦᠪᠰᠢᠨ ᠳᠤ ᠬᠦᠷᠭᠡᠨ᠎ᠡ᠃ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠲᠣᠭᠲᠠᠭᠤᠨ ᠪᠠᠲᠤᠯᠠᠭ᠎ᠠ ᠲᠠᠢ ᠪᠣᠯᠭᠠᠵᠤ᠂ ᠬᠦᠨᠳᠦ ᠲᠡᠰ ᠤᠨ ᠵᠡᠮᠳᠡᠭᠴᠦᠳ ᠢ ᠨᠡᠩ ᠰᠠᠶᠢᠲᠤᠷ ᠬᠠᠷᠠᠭᠠᠯᠵᠠᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢ ᠳᠡᠮᠵᠢᠬᠦ ᠤᠯᠠᠨ ᠬᠡᠯᠪᠡᠷᠢ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢ ᠨᠡᠩ ᠭᠦᠢᠴᠡᠳ ᠪᠣᠯᠭᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠰᠢᠰᠲ᠋ᠧᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂ ᠵᠡᠮᠳᠡᠭᠴᠦᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠪᠣᠯᠪᠠᠰᠤᠷᠠᠯ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠦᠢᠯᠡᠰ ᠤᠨ ᠬᠠᠤᠯᠢ ᠳᠦᠷᠢᠮᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠴᠢᠩᠭᠠᠷᠠᠭᠤᠯᠵᠤ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ ᠤᠨ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠡᠷᠬᠡ ᠲᠡᠭᠰᠢ ᠡᠷᠬᠡ ᠶᠢ ᠨᠠᠩ ᠰᠠᠶᠢᠲᠤᠷ ᠪᠡᠶᠡᠯᠡᠭᠦᠯᠦᠨ᠎ᠡ᠃ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠢ ᠠᠵᠤ ᠠᠬᠤᠢ ᠨᠡᠶᠢᠭᠡᠮ ᠯᠦᠭᠡ ᠵᠣᠬᠢᠴᠠᠩᠭᠤᠢ ᠪᠠᠷ ᠬᠥᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠳᠠ ᠶᠢᠨ ᠬᠥᠭᠵᠢᠯᠲᠡ ᠶᠢᠨ ᠬᠠᠷᠠᠯᠲᠠ  ᠯᠤᠭ᠎ᠠ ᠵᠣᠬᠢᠴᠠᠭᠤᠯᠤᠨ᠎ᠠ᠃ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠭᠦᠢᠴᠡᠳ ᠪᠣᠯᠭᠠᠵᠤ᠂ ᠪᠣᠳᠠᠰ ᠤᠨ ᠠᠮᠢᠳᠤᠷᠠᠯ ᠢ ᠨᠡᠩ ᠡᠯᠪᠡᠭ ᠳᠡᠯᠪᠡᠭ ᠪᠣᠯᠭᠠᠵᠤ᠂ ᠤᠶᠤᠨ ᠤ ᠠᠮᠢᠳᠤᠷᠠᠯ ᠢ ᠨᠡᠩ ᠡᠯᠪᠡᠭ ᠪᠠᠶᠠᠯᠢᠭ ᠪᠣᠯᠭᠠᠨ᠎ᠠ᠃ ᠡᠷᠬᠡ ᠲᠡᠭᠰᠢ ᠪᠠᠭᠲᠠᠭᠠᠮᠵᠢᠲᠠᠢ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠨ ᠵᠤᠵᠠᠭᠠᠨ ᠪᠣᠯᠭᠠᠵᠤ᠂ ᠵᠡᠮᠳᠡᠭᠴᠦᠳ ᠲᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠭᠦᠢᠴᠡᠳ ᠡᠳ᠋ᠯᠡᠭᠦᠯᠵᠦ᠂ ᠵᠡᠮᠳᠡᠭᠴᠦᠳ ᠤᠨ ᠠᠮᠤᠷ ᠲᠦᠪᠰᠢᠨ ᠤ ᠲᠥᠷᠥᠭᠳᠡᠯ ᠨᠡᠩ ᠪᠠᠲᠤᠯᠠᠭ᠎ᠠ ᠲᠠᠢ ᠪᠣᠯᠵᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠣᠳᠠᠲᠤ ᠠᠬᠢᠴᠠ ᠲᠠᠢ ᠪᠣᠯᠭᠠᠨ᠎ᠠ᠃ ᠳᠥᠷᠪᠡ᠂ ᠭᠤᠣᠯ ᠡᠭᠦᠷᠭᠡ ︵ᠨᠢᠭᠡ︶ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ 1. ᠵᠡᠮᠳᠡᠭᠴᠦᠳ ᠵᠢᠴᠢ ᠭᠡᠷ ᠪᠦᠯᠢ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ ᠨᠢᠭᠡ ᠳᠤ ᠵᠡᠮᠳᠡᠭᠴᠦᠳ ᠲᠤ ᠭᠦᠢᠴᠡᠳ ᠠᠵᠢᠯ ᠣᠯᠭᠤᠬᠤ ᠶᠢ ᠲᠦᠯᠬᠢᠨ ᠠᠬᠢᠭᠤᠯᠤᠨ᠎ᠠ᠃ ︽ᠵᠡᠮᠳᠡᠭᠴᠦᠳ ᠲᠤ ᠠᠵᠢᠯ ᠣᠯᠭᠤᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 488 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠢ ᠬᠠᠷᠢᠴᠠᠯ ᠶᠣᠰᠣᠭᠠᠷ ᠲᠣᠬᠢᠷᠠᠭᠤᠯᠤᠨ ᠠᠵᠢᠯ ᠣᠯᠭᠤᠬᠤ ᠠᠷᠭ᠎ᠠ︾ ᠶᠢᠨ ᠲᠤᠰᠬᠠᠢ ᠪᠤᠯᠤᠩ 1᠄ ︽13 · 5︾ ᠶᠢᠨ ᠲᠥᠯᠦᠪᠵᠢᠭᠦᠯᠭᠡ ᠵᠢᠴᠢ ︽14 · 5︾ ᠶᠢᠨ ᠲᠥᠯᠦᠪᠵᠢᠭᠦᠯᠭᠡ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠭᠤᠣᠯ ᠭᠦᠢᠴᠡᠳᠬᠡᠯ ᠲᠤᠭ᠎ᠠ ︽13 · 5︾ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ 2025 ᠣᠨ ᠤ ᠰᠢᠨᠵᠢ ᠴᠢᠨᠠᠷ ᠢ ᠭᠦᠨᠵᠡᠭᠡᠢ ᠨᠠᠶᠢᠳᠠᠪᠤᠷᠢᠵᠢᠭᠤᠯᠤᠨ᠎ᠠ 1. ᠵᠡᠮᠳᠡᠭᠴᠦᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ︵%︶∨ 7.5 ᠵᠢᠱᠢᠯᠲᠡ ᠶᠢᠨ ᠴᠢᠨᠠᠷ 2. ᠬᠤᠳᠠ ᠬᠥᠳᠡᠭᠡ ᠶᠢᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠥᠮᠥᠨ ᠤ ᠲᠤᠭ᠎ᠠ ︵ᠬᠥᠮᠥᠨ︶ ∨517∨ 700 ᠵᠢᠱᠢᠯᠲᠡ ᠶᠢᠨ ᠴᠢᠨᠠᠷ 3. ᠨᠥᠬᠦᠴᠡᠯ ᠳᠤ ᠨᠡᠶᠢᠴᠡᠬᠦ ᠵᠡᠮᠳᠡᠭᠴᠦᠳ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠢᠴᠠᠯ ︵% ︶ ᠤᠨ 100100 ᠶᠢᠨ ᠬᠢᠵᠠᠭᠠᠷᠯᠠᠬᠤ ᠴᠢᠨᠠᠷ ᠲᠤ ᠣᠷᠣᠭᠤᠯᠤᠨ᠎ᠠ 4. ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢᠨ ᠪᠦᠷᠬᠦᠴᠡ ᠶᠢᠨ ᠨᠣᠷᠮ᠎ᠠ ︵%︶ 100 100 ᠬᠢᠵᠠᠭᠠᠷᠯᠠᠬᠤ ᠴᠢᠨᠠᠷᠲᠠᠢ 5. ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠦᠷᠬᠦᠴᠡ ᠶᠢᠨ ᠨᠣᠷᠮ᠎ᠠ ︵%︶ 100 100 ᠬᠢᠵᠠᠭᠠᠷᠯᠠᠬᠤ ᠴᠢᠨᠠᠷᠲᠠᠢ 6. ᠵᠡᠮᠳᠡᠭᠴᠦᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ︵% ︶ ∨89.6∨ 90 ᠵᠢᠱᠢᠯᠲᠡ ᠶᠢᠨ ᠴᠢᠨᠠᠷ 7. ᠵᠡᠮᠳᠡᠭᠴᠦᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ︵%︶ ∨92> 95 ᠵᠢᠱᠢᠯᠲᠡ ᠶᠢᠨ ᠴᠢᠨᠠᠷ 8. ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ︵%︶ 95 > 97 ᠵᠢᠱᠢᠯᠲᠡ ᠶᠢᠨ ᠴᠢᠨᠠᠷ 9. ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ︵%︶ 90>95 ᠬᠢᠵᠠᠭᠠᠷᠯᠠᠬᠤ ᠴᠢᠨᠠᠷᠲᠠᠢ 10. ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠨᠣᠷᠮ᠎ᠠ ︵%︶ 90∨95 ᠬᠢᠵᠠᠭᠠᠷᠯᠠᠯ ᠤᠨ ᠴᠢᠨᠠᠷᠲᠠᠢ 11. ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ‌ᠦᠭᠡᠷᠴᠢᠯᠡᠯᠲᠡ ᠶᠢᠨ ᠲᠤᠭ᠎ᠠ ︵ᠡᠷᠦᠬᠡ︶ 245≥325 ᠬᠢᠵᠠᠭᠠᠷᠯᠠᠬᠤ ᠴᠢᠨᠠᠷᠲᠠᠢ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 180 ᠳ᠋ᠤᠭᠠᠷ ᠲᠣᠭᠠᠲᠤ︶᠂ ︽ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠢ ᠬᠠᠷᠢᠴᠠᠯ ᠶᠣᠰᠣᠭᠠᠷ ᠲᠣᠬᠢᠷᠠᠭᠤᠯᠤᠨ ᠠᠵᠢᠯ ᠣᠯᠭᠤᠬᠤ ᠠᠷᠭ᠎ᠠ︾᠂ ᠵᠡᠮᠳᠡᠭᠴᠦᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠬᠤ ᠪᠠ ᠠᠵᠢᠯ ᠠᠯᠳᠠᠯᠲᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠵᠡᠮᠳᠡᠭᠴᠦᠳ ᠤᠨ ᠬᠠᠷᠢᠴᠠᠯ ᠶᠣᠰᠣᠭᠠᠷ ᠠᠵᠢᠯ ᠣᠯᠬᠤ ᠣᠨ ᠤ ᠬᠢᠨᠠᠯᠲᠠ ᠶᠢ ᠵᠢᠷᠤᠮᠵᠢᠭᠤᠯᠤᠨ᠂ ᠪᠥᠬᠦ ᠤᠯᠤᠰ ᠲᠤ ᠰᠦᠯᠵᠢᠶᠡᠵᠢᠭᠦᠯᠦᠨ ᠭᠡᠷᠡᠴᠢᠯᠡᠬᠦ ᠪᠠ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ᠃ ᠣᠨ ᠢᠶᠠᠷ ᠨᠢᠭᠡᠴᠢ ᠪᠣᠯᠭᠠᠨ ᠰᠢᠯᠢ ᠶᠢᠨ ᠬᠤᠲᠠ ᠶᠢᠨ ᠠᠵᠢᠯ ᠣᠯᠬᠤ ᠨᠠᠰᠤᠨ ᠤ ᠬᠡᠪᠴᠢᠶᠡᠨ ᠳᠠᠬᠢ ᠵᠡᠮᠳᠡᠭᠴᠦᠳ ᠵᠢᠴᠢ ᠵᠡᠮᠳᠡᠭᠴᠦᠳ ᠤᠨ ᠭᠡᠷ ᠪᠦᠯᠢ ᠶᠢᠨ ᠠᠵᠢᠯ ᠣᠯᠭᠤᠯᠲᠠ ᠶᠢᠨ ᠪᠠᠶᠢᠳᠠᠯ ᠵᠢᠴᠢ ᠠᠵᠢᠯ ᠣᠯᠭᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠵᠤ᠂ ᠵᠡᠮᠳᠡᠭᠴᠦᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥᠯ ᠵᠦᠢᠯ ᠢ ᠥᠷᠨᠢᠭᠦᠯᠵᠦ᠂ ᠵᠡᠮᠳᠡᠭᠴᠦᠳ ᠢ ᠦᠨᠡᠨᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠣᠷᠣᠯᠭ᠎ᠠ ᠶᠢ  ᠨᠢ ᠨᠡᠮᠡᠭᠳᠡᠭᠦᠯᠦᠨ᠂ ᠠᠮᠢᠳᠤᠷᠠᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠬᠠᠷᠢᠴᠠᠯ ᠶᠣᠰᠣᠭᠠᠷ ᠵᠡᠮᠳᠡᠭᠴᠦᠳ ᠲᠤ ᠠᠵᠢᠯ ᠣᠯᠭᠤᠬᠤ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠤᠰᠢᠶᠠᠬᠤ ᠵᠡᠷᠭᠡ ᠬᠠᠤᠯᠢ ᠴᠠᠭᠠᠵᠠ ᠶᠢᠨ ᠡᠭᠦᠷᠭᠡ ᠶᠢ ᠴᠢᠩᠭ᠎ᠠ ᠭᠦᠢᠴᠡᠳᠬᠡᠨ᠎ᠡ᠃ ᠵᠡᠮᠳᠡᠭᠴᠦᠳ ᠲᠤ ᠠᠵᠢᠯ ᠣᠯᠭᠤᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠲᠣᠭᠲᠠᠭᠠᠯ ᠶᠣᠰᠣᠭᠠᠷ ᠨᠠᠭᠠᠲᠤ ᠵᠠᠬ᠎ᠠ ᠶᠢᠨ ᠪᠠᠲᠤᠯᠠᠭ᠎ᠠ ᠶᠢ ᠢᠳᠡᠭ ᠢᠳᠡᠭ ᠢᠶᠠᠷ ᠪᠠᠭᠤᠷᠠᠭᠤᠯᠬᠤ᠂ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠠᠰᠤᠬᠤ ᠵᠡᠷᠭᠡ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ ᠳᠦᠷᠢᠮ ᠪᠠ ᠠᠵᠢᠯ ᠣᠯᠭᠤᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠱᠠᠩᠨᠠᠯ ᠨᠥᠬᠦᠪᠦᠷᠢ᠂ ᠠᠵᠢᠯ ᠣᠯᠭᠤᠯᠲᠠ ᠶᠢᠨ ᠲᠡᠳᠬᠦᠮᠵᠢ᠂ ᠠᠵᠢᠯ ᠣᠯᠭᠤᠯᠲᠠ ᠶᠢᠨ ᠦᠢᠯᠡᠴᠢᠯᠡᠭᠡ ᠵᠡᠷᠭᠡ ᠶᠢᠨ ᠵᠠᠷᠤᠯᠭ᠎ᠠ ᠶᠢ ᠪᠠᠲᠣᠯᠠᠨ᠎ᠠ᠃ ︵ᠵᠡᠮᠳᠡᠭᠴᠦᠳ ᠤᠨ ᠬᠤᠯᠪᠣᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ ᠵᠡᠮᠳᠡᠭᠴᠦᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠨ᠎ᠡ᠃ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠡᠮᠳᠡᠭᠴᠦᠳ ᠢ ᠳᠥᠪᠬᠢᠨᠡᠭᠦᠯᠦᠨ ᠠᠵᠢᠯ ᠣᠯᠭᠤᠬᠤ ᠵᠢᠱᠢᠶ᠎ᠡ ᠦᠵᠡᠭᠦᠯᠬᠦ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠡᠮᠳᠡᠭᠴᠦᠳ ᠢ ᠬᠠᠪᠰᠤᠷᠤᠨ ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ᠂ ᠵᠡᠮᠳᠡᠭᠴᠦᠳ ᠢ ᠳᠥᠪᠬᠢᠨᠡᠭᠦᠯᠦᠨ ᠠᠵᠢᠯ ᠣᠯᠭᠤᠬᠤ ᠵᠡᠷᠭᠡ ᠠᠵᠢᠯ ᠣᠯᠭᠤᠬᠤ ᠦᠢᠯᠡᠴᠢᠯᠡᠭᠡ ᠪᠠ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯ ᠢ ᠬᠠᠪᠰᠤᠷᠤᠨ᠎ᠠ᠃ ᠵᠠᠰᠠᠭ ᠤᠨ ᠣᠷᠳᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠵᠡᠮᠳᠡᠭᠴᠦᠳ ᠲᠤ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠵᠡᠮᠳᠡᠭᠴᠦᠳ ᠲᠤ ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ 15 ᠰᠠᠭᠤᠷᠢᠨ ᠭᠠᠵᠠᠷ ᠢ ᠪᠣᠶ ᠪᠣᠯᠭᠠᠵᠤ᠂ ᠰᠤᠮᠤ᠂ ᠪᠠᠯᠭᠠᠰᠤ᠂ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠨ ᠱᠠᠲᠤᠨ ᠤ ᠵᠡᠮᠳᠡᠭᠴᠦᠳ ᠤᠨ ᠬᠤᠯᠪᠣᠭ᠎ᠠ ᠪᠠᠷ ᠨᠢᠭᠡᠴᠢ ᠪᠣᠯᠭᠠᠨ᠂ ᠠᠯᠬᠤᠮ ᠠᠯᠬᠤᠮ ᠢᠶᠠᠷ ᠬᠠᠮᠤᠷᠴᠤ᠂ ᠵᠡᠮᠳᠡᠭᠴᠦᠳ ᠤᠨ ᠣᠶᠢᠷ᠎ᠠ ᠬᠠᠪᠢ ᠳᠠᠭᠠᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ ᠳᠤ᠂ ᠵᠡᠮᠳᠡᠭᠴᠦᠳ ᠤᠨ ᠠᠵᠢᠯ ᠣᠯᠬᠤ ᠦᠢᠯᠡᠰ ᠪᠣᠰᠬᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠵᠡᠮᠳᠡᠭᠴᠦᠳ ᠲᠤ ᠲᠣᠬᠢᠷᠠᠬᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠡᠮᠳᠡᠭᠴᠦᠳ ᠤᠨ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠠᠬᠢᠭᠤᠯᠣᠨ᠎ᠠ᠃ ᠵᠡᠮᠳᠡᠭᠴᠦᠳ ᠤᠨ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠠᠵᠢᠯ ᠮᠡᠷᠭᠡᠵᠢᠯ ᠤᠨ ᠲᠥᠯᠦᠪᠵᠢᠭᠦᠯᠭᠡ ᠶᠢ ᠥᠷᠨᠢᠭᠦᠯᠵᠦ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠨᠠᠷᠢᠯᠢᠭ ᠣᠨᠣᠴᠠᠲᠠᠢ ᠦᠢᠯᠡᠴᠢᠯᠡᠭᠡ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠵᠡᠮᠳᠡᠭᠴᠦᠳ ᠲᠤ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠪᠣᠯᠪᠠᠰᠤᠷᠠᠭᠤᠯᠤᠯ ᠳᠤ ᠨᠥᠬᠦᠪᠦᠷᠢ ᠥᠭᠬᠦ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠢᠯᠴᠢᠨ ᠤ ᠡᠪᠯᠡᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 2᠄ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠭᠤᠣᠯᠳᠠᠯᠭ᠎ᠠ ᠲᠠᠢ ᠲᠥᠷᠥᠯ ᠵᠦᠢᠯ 1. ᠠᠵᠢᠯ ᠣᠯᠭᠤᠯᠲᠠ ᠶᠢ ᠬᠠᠷᠢᠴᠠᠯ ᠶᠣᠰᠣᠭᠠᠷ ᠲᠣᠬᠢᠷᠠᠭᠤᠯᠤᠨ᠎ᠠ᠃ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠵᠡᠮᠳᠡᠭᠴᠦᠳ ᠢ ᠵᠢᠱᠢᠶ᠎ᠡ ᠦᠵᠡᠭᠦᠯᠦᠨ ᠳᠠᠶᠢᠴᠢᠯᠠᠨ ᠠᠵᠢᠯ ᠣᠯᠭᠤᠵᠤ᠂ ᠣᠷᠣᠨ ᠲᠤᠭ᠎ᠠ ᠨᠢ 50 ᠬᠥᠮᠥᠨ ᠠᠴᠠ ᠳᠡᠭᠡᠭᠰᠢ ︵50 ᠬᠥᠮᠥᠨ ᠪᠠᠭᠲᠠᠨ᠎ᠠ︶ ᠨᠠᠮ ᠵᠠᠰᠠᠭ ᠤᠨ ᠪᠠᠶᠢᠭᠤᠯᠤᠯᠭ᠎ᠠ᠂ ᠣᠷᠣᠨ ᠲᠤᠭ᠎ᠠ ᠨᠢ 67 ᠬᠥᠮᠥᠨ ᠠᠴᠠ ᠳᠡᠭᠡᠭᠰᠢ ︵67 ᠬᠥᠮᠥᠨ ᠪᠠᠭᠲᠠᠨ᠎ᠠ︶ ᠠᠵᠢᠯ ᠦᠢᠯᠡᠰ ᠤᠨ ᠨᠢᠭᠡᠴᠡ ︵ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠪᠠᠭᠲᠠᠬᠤ ᠦᠭᠡᠢ︶ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠳᠤ ᠲᠣᠭᠲᠠᠭᠰᠠᠨ ᠬᠠᠷᠢᠴᠠᠯ ᠳᠤ ᠥᠯᠥ ᠬᠦᠷᠦᠭᠰᠡᠨ ᠪᠠᠶᠢᠪᠠᠯ᠂ 2025 ᠵᠢᠯ ᠤᠨ ᠡᠮᠦᠨ᠎ᠡ ᠠᠳᠠᠭ ᠲᠠᠭᠠᠨ 1 ᠨᠡᠷᠡᠰ ᠵᠡᠮᠳᠡᠭ ᠬᠥᠮᠥᠨ ᠢ ᠲᠣᠬᠢᠷᠠᠭᠤᠯᠤᠨ᠎ᠠ᠃ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠨᠦᠭᠦᠳ ᠡᠩ ᠲᠡᠷᠢᠭᠦᠨ ᠳᠤ ᠵᠡᠮᠳᠡᠭᠴᠦᠳ ᠢ ᠲᠥᠪᠬᠢᠨᠡᠭᠦᠯᠵᠦ ᠠᠵᠢᠯ ᠣᠯᠭᠤᠬᠤ ᠶᠠᠪᠤᠳᠠᠯ ᠢ ᠲᠣᠭᠲᠠᠭᠠᠭᠰᠠᠨ ᠬᠠᠷᠢᠴᠠᠯ ᠳᠤ ᠬᠦᠷᠭᠡᠨ᠎ᠡ᠃ ᠬᠠᠷᠢᠴᠠᠯ ᠠᠴᠠ ᠬᠡᠲᠦᠷᠡᠭᠦᠯᠦᠨ ᠵᠡᠮᠳᠡᠭᠴᠦᠳ ᠲᠤ ᠠᠵᠢᠯ ᠣᠯᠭᠤᠭᠰᠠᠨ ᠬᠥᠮᠥᠨ ᠬᠡᠷᠡᠭᠯᠡᠬᠦ ᠨᠢᠭᠡᠴᠡ ᠶᠢ ᠱᠠᠩᠨᠠᠨ ᠬᠥᠬᠢᠭᠦᠯᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠪᠠᠷ ᠬᠠᠷᠢᠴᠠᠯ ᠶᠣᠰᠣᠭᠠᠷ ᠲᠣᠬᠢᠷᠠᠭᠤᠯᠤᠭᠰᠠᠨ ᠦᠭᠡᠢ ᠮᠥᠷᠲᠡᠭᠡᠨ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠤᠰᠢᠶᠠᠬᠤ ᠶᠢ ᠲᠡᠪᠴᠢᠭᠰᠡᠨ᠂ ᠳᠤᠲᠠᠭᠤ ᠲᠤᠰᠢᠶᠠᠭᠰᠠᠨ ᠬᠥᠮᠥᠨ ᠬᠡᠷᠡᠭᠯᠡᠬᠦ ᠨᠢᠭᠡᠴᠡ ᠶᠢᠨ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠬᠤ ᠬᠡᠷᠡᠭᠲᠡᠢ᠃ 2. ᠠᠵᠢᠯ ᠣᠯᠭᠤᠯᠲᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ᠃ ᠵᠡᠮᠳᠡᠭᠴᠦᠳ ᠤᠨ ᠬᠠᠷᠢᠴᠠᠯ ᠲᠠᠢ ᠪᠠᠷ ᠠᠵᠢᠯ ᠣᠯᠬᠤ ᠣᠨ ᠤ ᠬᠢᠨᠠᠯᠲᠠ ᠶᠢ ᠵᠢᠷᠤᠮᠵᠢᠭᠤᠯᠵᠤ᠂ ᠪᠦᠬᠦ ᠤᠯᠤᠰ ᠲᠤ ᠰᠦᠯᠵᠢᠶᠡᠨ ᠳᠤ ᠬᠤᠯᠪᠣᠨ ᠭᠡᠷᠡᠴᠢᠯᠡᠬᠦ ᠪᠠ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ ᠶᠢ ᠪᠡᠶᠡᠯᠡᠭᠦᠯᠦᠨ᠎ᠡ᠃ 3. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠨᠥᠬᠦᠪᠦᠷᠢ᠃ ᠵᠡᠮᠳᠡᠭᠴᠦᠳ ᠢ ᠵᠢᠩᠬᠢᠨᠢ ᠪᠠᠷ ᠡᠯᠰᠡᠨ ᠬᠡᠷᠡᠭᠯᠡᠭᠰᠡᠨ ︵ᠤᠷᠢᠭᠰᠠᠨ︶ ᠬᠥᠮᠥᠨ ᠬᠡᠷᠡᠭᠯᠡᠬᠦ ᠨᠢᠭᠡᠴᠡ ᠳᠤ ᠲᠣᠭᠲᠠᠭᠠᠯ ᠶᠣᠰᠣᠭᠠᠷ ᠠᠵᠢᠯ ᠤᠨ ᠪᠠᠶᠢᠷᠢ᠂ ᠨᠡᠶᠢᠭᠡᠮ ᠤᠨ ᠳᠠᠭᠠᠳᠬᠠᠯ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠴᠤ ᠥᠭᠡᠷᠡᠴᠢᠯᠡᠬᠦ᠂ ᠠᠵᠢᠯ ᠮᠡᠷᠭᠡᠵᠢᠯ ᠤᠨ ᠬᠢᠨᠠᠨ ᠲᠣᠭᠲᠠᠭᠠᠯᠲᠠ ᠵᠡᠷᠭᠡ ᠨᠥᠬᠦᠪᠦᠷᠢ ᠣᠯᠭᠤᠨ᠎ᠠ᠃ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ᠂ ᠠᠮᠢᠳᠤᠯᠢᠭ ᠢᠶᠠᠷ ᠠᠵᠢᠯ ᠣᠯᠣᠭᠰᠠᠨ ᠵᠡᠮᠳᠡᠭᠴᠦᠳ ᠲᠤ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠥᠬᠦᠪᠦᠷᠢ ᠣᠯᠭᠤᠨ᠎ᠠ᠃ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠭᠰᠠᠨ ᠨᠡᠶᠢᠲᠡᠯᠢᠭ ᠵᠢᠱᠢᠶ᠎ᠡ ᠪᠠ ᠵᠡᠮᠳᠡᠭᠴᠦᠳ ᠤᠨ ᠠᠵᠢᠯ ᠣᠯᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ᠂ ᠬᠤᠪᠢ ᠬᠥᠮᠥᠨ ᠢ ᠰᠠᠶᠢᠰᠢᠶᠠᠨ ᠬᠥᠬᠢᠭᠦᠯᠦᠨ᠎ᠡ᠃ ᠨᠥᠬᠦᠴᠡᠯ ᠳᠤ ᠨᠡᠶᠢᠴᠡᠬᠦ ᠵᠡᠮᠳᠡᠭ ᠣᠶᠤᠲᠠᠳ ᠲᠤ ᠳᠠᠳᠤᠯᠭ᠎ᠠ ᠶᠢᠨ ᠬᠤᠭᠤᠴᠠᠭᠠᠨ ᠳᠤ ᠵᠣᠬᠢᠬᠤ ᠪᠠᠷᠢᠮᠵᠢᠶ᠎ᠠ ᠶᠢᠨ ᠨᠥᠬᠦᠪᠦᠷᠢ ᠣᠯᠭᠤᠨ᠎ᠠ᠃ 4. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠵᠠᠭᠪᠤᠷ᠃ ︽ᠢᠨᠲ᠋ᠧᠷ ᠰᠦᠯᠵᠢᠶ᠎ᠡ +︾ ᠶᠢᠨ ᠠᠵᠢᠯ ᠣᠯᠭᠤᠯᠲᠠ᠂ ᠭᠡᠷ ᠲᠡᠭᠡᠨ ᠠᠵᠢᠯ ᠣᠯᠭᠤᠯᠲᠠ᠂ ᠨᠡᠶᠢᠭᠡᠮ ᠲᠣᠭᠤᠷᠢᠭ ᠤᠨ ᠠᠵᠢᠯ ᠣᠯᠭᠤᠯᠲᠠ᠂ ᠠᠮᠢᠳᠤᠯᠢᠭ ᠠᠵᠢᠯ ᠣᠯᠭᠤᠯᠲᠠ᠂ ᠲᠤᠰᠠᠯᠠᠬᠤ ᠴᠢᠨᠠᠷᠲᠠᠢ ᠠᠵᠢᠯ ᠣᠯᠭᠤᠯᠲᠠ ᠵᠡᠷᠭᠡ ᠵᠡᠮᠳᠡᠭᠴᠦᠳ ᠤᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠳᠤ ᠲᠣᠬᠢᠷᠠᠭᠰᠠᠨ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ︽ᠠᠪᠤᠷᠠᠨ ᠲᠤᠰᠠᠯᠠᠬᠤ + ᠠᠵᠢᠯ ᠣᠯᠭᠤᠯᠲᠠ︾᠂ ︽ᠠᠵᠤ ᠦᠢᠯᠡᠰ + ᠠᠵᠢᠯ ᠣᠯᠭᠤᠯᠲᠠ︾᠂ ︽ᠨᠠᠷᠠᠲᠤ ᠲᠡᠮᠳᠡᠭᠲᠦ + ᠠᠵᠢᠯ ᠣᠯᠭᠤᠯᠲᠠ︾᠂ ︽ᠪᠣᠯᠪᠠᠰᠤᠷᠠᠭᠤᠯᠤᠯ + ᠠᠵᠢᠯ ᠣᠯᠭᠤᠯᠲᠠ︾ ᠶᠢᠨ ᠵᠠᠭᠪᠤᠷ ᠢ ᠰᠢᠨ᠎ᠡ ᠶᠢ ᠡᠭᠦᠳᠬᠦ ᠴᠢᠨᠠᠷᠲᠠᠢ ᠪᠠᠷ ᠲᠦᠯᠬᠢᠨ ᠠᠬᠢᠭᠤᠯᠵᠤ᠂ ᠵᠡᠮᠳᠡᠭᠴᠦᠳ ᠤᠨ ᠲᠥᠪᠯᠡᠷᠡᠭᠦᠯᠦᠨ ᠠᠵᠢᠯ ᠣᠯᠵᠤ ᠠᠳᠠᠯ ᠦᠢᠯᠡᠰ ᠴᠣᠭᠴᠠᠯᠠᠬᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠠᠵᠢᠯ ᠣᠯᠭᠤᠯᠲᠠ ᠶᠢ ᠲᠤᠰᠠᠯᠠᠬᠤ ᠰᠠᠷ᠎ᠠ︾᠂ ︽ᠲᠤᠰᠬᠠᠢ ᠠᠵᠢᠯᠲᠠᠨ ᠡᠯᠰᠡᠬᠦ ᠴᠤᠭᠯᠠᠭᠠᠨ︾ ᠵᠡᠷᠭᠡ ᠲᠤᠰᠬᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ 5. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠨ᠎ᠡ᠃ ᠨᠥᠬᠦᠴᠡᠯ ᠳᠤ ᠨᠡᠶᠢᠴᠡᠬᠦ ᠠᠵᠢᠯ ᠣᠯᠬᠤ ᠳᠤ ᠬᠦᠴᠢᠷᠲᠡᠢ ᠵᠡᠮᠳᠡᠭᠴᠦᠳ ᠵᠢᠴᠢ ᠰᠢᠭᠤᠳ ᠴᠢᠰᠤᠨ ᠲᠥᠷᠥᠯ ᠤᠨ ᠬᠥᠮᠥᠰ ᠢ ᠠᠵᠢᠯ ᠣᠯᠭᠤᠯᠲᠠ ᠶᠢᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ︽ᠨᠢᠭᠡ ᠴᠦ ᠠᠵᠢᠯ ᠣᠯᠣᠭᠰᠠᠨ ᠦᠭᠡᠢ︾ ᠵᠡᠮᠳᠡᠭᠴᠦᠳ ᠤᠨ ᠭᠡᠷ ᠪᠦᠯᠢ ᠳᠤ ᠨᠠᠭᠠᠲᠤ ᠵᠠᠬ᠎ᠠ ᠳᠠᠭᠠᠨ 1 ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠳᠡᠮᠵᠢᠨ ᠠᠵᠢᠯ ᠣᠯᠬᠤ ᠶᠢ ᠪᠡᠶᠡᠯᠡᠭᠦᠯᠬᠦ ᠳᠤ ᠬᠦᠴᠢᠷᠲᠡᠢ ᠬᠦᠴᠢᠷᠳᠡᠯᠲᠡᠢ ᠵᠡᠮᠳᠡᠭᠴᠦᠳ ᠲᠤ ᠦᠨᠳᠦᠰᠦᠨ ᠵᠦᠢᠯ ᠢ ᠨᠢ ᠪᠠᠲᠤᠯᠠᠨ ᠲᠥᠪᠬᠢᠨᠡᠭᠦᠯᠵᠦ᠂ ᠨᠥᠬᠦᠪᠦᠷᠢ ᠥᠭᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠮᠥᠨ ᠬᠦ ᠪᠤᠰᠤᠳ ᠠᠷᠭ᠎ᠠ ᠵᠠᠮ ᠢᠶᠠᠷ ᠳᠡᠮᠵᠢᠨ ᠠᠵᠢᠯ ᠣᠯᠬᠤ ᠶᠢ ᠪᠡᠶᠡᠯᠡᠭᠦᠯᠬᠦ ᠳᠤ ᠬᠦᠴᠢᠷᠲᠡᠢ ᠬᠦᠴᠢᠷᠳᠡᠯᠲᠡᠢ ᠵᠡᠮᠳᠡᠭᠴᠦᠳ ᠢ ᠳᠠᠬᠢᠨ ᠲᠠᠰ ᠳᠠᠷᠠᠭᠠᠯᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠡᠮᠵᠢᠨ ᠲᠥᠪᠬᠢᠨᠡᠭᠦᠯᠵᠦ ᠪᠣᠯᠣᠨ᠎ᠠ᠂ ᠨᠡᠶᠢᠲᠡ ᠲᠥᠪᠬᠢᠨᠡᠭᠦᠯᠬᠦ ᠤᠳᠠᠭ᠎ᠠ ᠶᠢ ᠵᠠᠷᠴᠢᠮ ᠳᠡᠭᠡᠷ᠎ᠡ ᠪᠠᠨ 2 ᠤᠳᠠᠭ᠎ᠠ ᠠᠴᠠ ᠬᠡᠲᠦᠷᠡᠭᠦᠯᠬᠦ ᠦᠭᠡᠢ᠃ ᠠᠵᠢᠯ ᠣᠯᠬᠤ ᠳᠤ ᠬᠦᠴᠢᠷᠲᠡᠢ ᠵᠡᠮᠳᠡᠭ ᠣᠶᠤᠲᠠᠳ ᠲᠤ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ︾ ᠶᠢ ᠭᠤᠣᠯᠳᠠᠯᠭ᠎ᠠ ᠲᠠᠢ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ 6. ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ᠃ ᠠᠵᠢᠯ ᠣᠯᠬᠤ ᠬᠦᠰᠡᠯ ᠡᠷᠡᠮᠡᠯᠵᠡᠯ ᠪᠠ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠢ ᠬᠠᠪᠰᠤᠷᠴᠤ ᠪᠠᠶᠢᠭᠠᠳ ᠵᠣᠬᠢᠴᠠᠩᠭᠤᠢ ᠪᠦᠬᠦᠢ ᠠᠵᠢᠯ ᠮᠡᠷᠭᠡᠵᠢᠯ ᠤᠨ ᠬᠡᠪ ᠴᠢᠨᠠᠷ ᠤᠨ ᠪᠣᠯᠪᠠᠰᠤᠷᠠᠭᠤᠯᠤᠯ᠂ ᠠᠵᠢᠯ ᠣᠯᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠨᠡᠶᠢᠳᠡᠮ ᠬᠦᠷᠲᠡᠭᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ ᠪᠤᠰᠤᠳ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠳᠠᠯ ᠦᠢᠯᠡᠰ ᠴᠣᠭᠴᠠᠯᠠᠬᠤ ᠬᠦᠰᠡᠯ ᠲᠠᠢ ᠵᠡᠮᠳᠡᠭᠴᠦᠳ ᠲᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ᠎ᠠ᠃ ᠪᠥᠬᠦ ᠣᠷᠣᠨ ᠵᠢᠴᠢ ᠪᠥᠬᠦ ᠤᠯᠤᠰ ᠤᠨ ᠵᠡᠮᠳᠡᠭᠴᠦᠳ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠪᠠ ᠵᠡᠮᠳᠡᠭᠴᠦᠳ ᠤᠨ ᠤᠷ᠎ᠠ ᠴᠢᠳᠠᠪᠤᠷᠢ ᠤᠨ ᠮᠦᠷᠦᠶᠢᠴᠡᠭᠡᠨ ᠳᠤ ᠢᠳᠡᠪᠬᠢᠲᠡᠢ ᠣᠷᠣᠯᠴᠠᠵᠤ᠂ ᠮᠠᠨ ᠤ ᠬᠤᠲᠠ ᠶᠢᠨ ᠵᠡᠮᠳᠡᠭᠴᠦᠳ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠪᠠ ᠤᠷ᠎ᠠ ᠴᠢᠳᠠᠪᠤᠷᠢ ᠤᠨ ᠮᠦᠷᠦᠶᠢᠴᠡᠭᠡᠨ ᠳᠤ ᠰᠢᠨ᠎ᠡ ᠶᠢ ᠡᠭᠦᠳᠦᠨ ᠥᠷᠨᠢᠭᠦᠯᠵᠦ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠤᠨ᠎ᠠ᠃ 7. ᠰᠣᠬᠤᠷ ᠬᠥᠮᠥᠨ ᠤ ᠢᠯᠢᠯᠭᠡ ᠪᠠᠷ ᠳᠡᠮᠵᠢᠨ ᠲᠤᠰᠠᠯᠠᠨ᠎ᠠ᠃ ᠰᠣᠬᠤᠷᠴᠤᠳ ᠤᠨ ᠢᠯᠢᠵᠦ ᠨᠤᠬᠤᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠳᠬᠦᠨ ᠳᠡᠮᠵᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠵᠡᠮᠳᠡᠭᠴᠦᠳ ᠢ ᠬᠠᠪᠰᠤᠷᠤᠨ ᠲᠡᠳᠬᠦᠵᠦ ᠪᠠᠶᠢᠭᠠᠳ ᠬᠥᠳᠡᠯᠮᠦᠷᠢ ᠶᠢᠨ ᠣᠷᠣᠯᠭ᠎ᠠ ᠶᠢ ᠨᠢ ᠨᠡᠮᠡᠭᠳᠡᠭᠦᠯᠦᠨ᠎ᠡ᠃ 8. ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠥᠪᠬᠢᠨᠡᠭᠦᠯᠦᠨ᠎ᠡ᠃ ᠵᠠᠰᠠᠭ ᠤᠨ ᠣᠷᠳᠣᠨ ᠤ ᠨᠡᠭᠡᠭᠡᠨ ᠬᠥᠭᠵᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠨᠥᠬᠦᠴᠡᠯ ᠳᠤ ᠨᠡᠶᠢᠴᠡᠬᠦ ᠵᠡᠮᠳᠡᠭᠴᠦᠳ ᠢ ᠤᠷᠢᠳᠠᠪᠠᠷ ᠲᠥᠪᠬᠢᠨᠡᠭᠦᠯᠦᠨ᠎ᠡ᠃ ᠰᠤᠮᠤ ᠪᠠᠯᠭᠠᠰᠤ ᠶᠢᠨ ᠲᠠᠯᠠᠪᠠᠶ᠂ ᠭᠠᠴᠠᠭ᠎ᠠ ᠶᠢᠨ ᠬᠤᠪᠢᠶᠠᠷᠢ ᠲᠠᠯᠠᠪᠠᠶ ᠳᠤ ᠪᠠᠶᠢᠭᠤᠯᠤᠭᠰᠠᠨ ᠴᠡᠪᠡᠷᠯᠡᠭᠴᠢ᠂ ᠤᠰᠤᠨ ᠬᠤᠭᠤᠯᠠᠢ ᠶᠢᠨ ᠠᠵᠢᠯᠲᠠᠨ᠂ ᠵᠠᠮ ᠬᠠᠮᠠᠭᠠᠯᠠᠭᠴᠢ᠂ ᠠᠮᠢ ᠠᠬᠤᠢ ᠶᠢᠨ ᠣᠶ ᠬᠠᠮᠠᠭᠠᠯᠠᠭᠴᠢ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ᠰᠣᠶᠣᠯ ᠤᠨ ᠥᠷᠲᠡᠭᠡ ᠶᠢᠨ ᠬᠠᠮᠢᠶᠠᠷᠤᠭᠴᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯᠲᠠᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠨᠥᠬᠦᠴᠡᠯ ᠳᠤ ᠨᠡᠶᠢᠴᠡᠬᠦ ᠵᠡᠮᠳᠡᠭᠴᠦᠳ ᠪᠤᠶᠤ ᠨᠢᠭᠡ ᠴᠦ ᠠᠵᠢᠯ ᠣᠯᠣᠭᠰᠠᠨ ᠦᠭᠡᠢ ᠵᠡᠮᠳᠡᠭᠴᠦᠳ ᠤᠨ ᠭᠡᠷ ᠪᠦᠯᠢ ᠶᠢᠨ ᠪᠦᠷᠢᠯᠳᠦᠭᠦᠨ ᠢ ᠤᠷᠢᠳᠠᠪᠠᠷ ᠲᠣᠬᠢᠷᠠᠭᠤᠯᠵᠤ ᠠᠵᠢᠯ ᠣᠯᠭᠤᠨ᠎ᠠ᠃ 9. ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠣᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠵᠡᠮᠳᠡᠭᠴᠦᠳ ᠤᠨ ᠲᠤᠰᠬᠠᠢ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠡᠮᠳᠡᠭᠴᠦᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ᠃ 10. ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠵᠡᠮᠳᠡᠭᠴᠦᠳ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠵᠡᠮᠳᠡᠭᠴᠦᠳ᠂ ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯ ᠲᠠᠢ ᠵᠡᠮᠳᠡᠭᠴᠦᠳ ᠢ ᠮᠥᠷᠳᠡᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠬᠠᠮᠣᠷᠬᠤ ᠶᠣᠰᠣᠲᠠᠢ ᠶᠢ ᠨᠢ ᠪᠦᠬᠦᠨ ᠢ ᠬᠠᠮᠣᠷᠬᠤ ᠬᠡᠷᠡᠭᠲᠡᠢ᠃ ᠮᠠᠯᠵᠢᠬᠤ ᠣᠷᠣᠨ ᠤ ᠵᠡᠮᠳᠡᠭᠴᠦᠳ ᠤᠨ ᠣᠷᠣᠨ ᠰᠠᠭᠤᠴᠠ ᠶᠢᠨ ᠰᠠᠭᠤᠷᠢ ᠭᠠᠵᠠᠷ᠂ ᠮᠠᠯᠵᠢᠯ ᠤᠨ ᠲᠠᠯᠠᠪᠠᠶ ᠶᠢᠨ ᠬᠡᠷᠡᠭᠯᠡᠬᠦ ᠡᠷᠬᠡ᠂ ᠮᠠᠯᠵᠢᠯ ᠤᠨ ᠲᠠᠯᠠᠪᠠᠶ ᠶᠢᠨ ᠳᠠᠭᠠᠭᠠᠴᠢᠯᠠᠨ ᠡᠵᠡᠩᠨᠡᠬᠦ ᠡᠷᠬᠡ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠵᠡᠷᠭᠡ ᠡᠷᠬᠡ ᠠᠰᠢᠭ ᠢ ᠪᠠᠲᠤᠯᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠲᠦᠷᠦᠭᠦᠯᠡᠵᠦ᠂ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠂ ᠵᠡᠮᠳᠡᠭᠴᠦᠳ ᠤᠨ ᠬᠤᠯᠪᠣᠭ᠎ᠠ ᠲᠤᠰᠢᠶᠠᠯ ᠤᠨ ᠶᠣᠰᠣᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ ᠲᠤᠰᠬᠠᠢ ᠪᠤᠯᠤᠩ 3᠄ ᠵᠡᠮᠳᠡᠭᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠣᠨ᠎ᠠ 1. ᠬᠥᠳᠡᠯᠦᠩᠭᠦᠢ ᠲᠣᠭᠲᠠᠴᠠ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠵᠡᠮᠳᠡᠭᠴᠦᠳ ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠵᠡᠮᠳᠡᠭᠴᠦᠳ᠂ ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯ ᠲᠠᠢ ᠵᠡᠮᠳᠡᠭᠴᠦᠳ ᠢ ᠮᠥᠷᠳᠡᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠬᠠᠮᠣᠷᠬᠤ ᠶᠣᠰᠣᠲᠠᠢ ᠶᠢ ᠨᠢ ᠪᠦᠬᠦᠨ ᠢ ᠬᠠᠮᠣᠷᠬᠤ ᠬᠡᠷᠡᠭᠲᠡᠢ᠃ 2. ᠭᠤᠣᠯᠳᠠᠯᠭ᠎ᠠ ᠲᠠᠢ ᠪᠠᠲᠤᠯᠠᠭ᠎ᠠ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠦᠨᠳᠦᠰᠦᠨ ᠱᠠᠲᠣᠨ ᠤ ᠵᠡᠮᠳᠡᠭᠴᠦᠳ ᠤᠨ ᠡᠷᠡᠭᠦᠯᠵᠢᠭᠦᠯᠬᠦ᠂ ᠠᠵᠢᠯ ᠣᠯᠭᠤᠬᠤ ᠴᠢᠬᠤᠯᠠᠲᠠᠢ ᠭᠤᠣᠯᠳᠠᠯᠭ᠎ᠠ ᠲᠠᠢ ᠬᠥᠮᠥᠰ ᠢ ᠤᠷᠢᠳᠠᠪᠠᠷ ᠪᠠᠲᠤᠯᠠᠵᠤ᠂ ᠵᠡᠮᠳᠡᠭᠴᠦᠳ ᠤᠨ ᠳᠣᠲᠣᠷᠠᠬᠢ ᠭᠤᠣᠯᠳᠠᠯᠭ᠎ᠠ ᠲᠠᠢ ᠬᠥᠮᠥᠰ ᠤᠨ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠡᠵᠡᠮᠰᠢᠵᠦ᠂ ᠵᠡᠮᠳᠡᠭᠴᠦᠳ ᠤᠨ ᠦᠢᠯᠡᠳᠪᠦᠷᠢᠯᠡᠯ ᠠᠮᠢᠳᠤᠷᠠᠯ ᠳᠤ ᠣᠷᠣᠯᠴᠠᠬᠤ ᠡᠯ᠎ᠡ ᠵᠦᠢᠯ ᠤᠨ ᠡᠷᠬᠡ ᠠᠰᠢᠭ ᠢ ᠬᠠᠮᠠᠭᠠᠯᠠᠨ᠎ᠠ᠃ 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠃ ᠵᠣᠯᠭᠠᠭᠤᠯᠬᠤ ᠠᠵᠢᠯ ᠢ ᠪᠠᠬᠢᠵᠢᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠪᠥᠬᠦ ᠲᠠᠯ᠎ᠠ ᠪᠠᠷ ᠡᠵᠡᠮᠰᠢᠵᠦ᠂ ᠦᠨᠳᠦᠰᠦᠨ ᠱᠠᠲᠤᠨ ᠤ ᠠᠵᠢᠯ ᠢ ᠬᠢᠨᠠᠨ ᠵᠢᠯᠤᠭᠤᠳᠬᠤ ᠪᠠᠨ ᠴᠢᠩᠭᠠᠷᠠᠭᠤᠯᠤᠨ᠂ ᠲᠤᠰᠬᠠᠢ ᠵᠦᠢᠯ ᠤᠨ ᠪᠡᠯᠡ ᠮᠥᠩᠭᠦ ᠪᠠ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠡᠷᠡᠭᠦᠯᠦᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ 4. ᠳ᠋ᠠᠶᠢᠲ᠋ᠠ ᠶᠢ ᠬᠠᠮᠲᠤᠪᠠᠷ ᠡᠳ᠋ᠯᠡᠬᠦ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠯᠤᠭ᠎ᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠵᠣᠯᠭᠠᠭᠤᠯᠬᠤ ᠶᠢ ᠬᠦᠴᠦ ᠪᠠᠨ ᠬᠠᠮᠲᠤᠳᠬᠠᠨ ᠥᠷᠨᠢᠭᠦᠯᠵᠦ᠂ ᠮᠠᠯᠵᠢᠬᠤ ᠣᠷᠣᠨ ᠤ ᠵᠡᠮᠳᠡᠭᠴᠦᠳ ᠤᠨ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠲᠤ ᠣᠷᠣᠯᠴᠠᠬᠤ ᠶᠢ ᠲᠡᠳᠬᠦᠨ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠨᠡᠮᠡᠭᠳᠡᠯ ᠤᠨ ᠣᠷᠣᠯᠭ᠎ᠠ ᠶᠢ ᠬᠤᠪᠢᠶᠠᠨ ᠡᠳ᠋ᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠯᠦᠭᠡ ᠪᠦᠲᠦᠮᠵᠢᠲᠡᠶ ᠵᠣᠯᠭᠠᠭᠤᠯᠣᠨ᠎ᠠ᠃ 3. ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠡᠨᠢᠭᠡ ᠳᠤ ᠬᠦᠴᠢᠷᠳᠡᠯᠲᠡᠢ ᠵᠡᠮᠳᠡᠭᠴᠦᠳ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠬᠦᠨᠳᠦ ᠵᠡᠮᠳᠡᠭᠴᠦᠳ ᠤᠨ ᠠᠵᠢᠯ ᠦᠭᠡᠢ ᠠᠮᠢᠳᠤᠷᠠᠯ ᠤᠨ ᠨᠥᠬᠦᠪᠦᠷᠢ ᠪᠠᠷ ᠰᠠᠭᠤᠷᠢ ᠪᠣᠯᠭᠠᠭᠰᠠᠨ᠂ ᠡᠮᠴᠢᠯᠡᠭᠡ ᠶᠢᠨ ᠲᠡᠩᠬᠡᠷᠡᠭᠦᠯᠦᠨ ᠲᠤᠰᠠᠯᠠᠬᠤ ᠪᠠᠷ ᠨᠥᠬᠦᠪᠦᠷᠢ ᠪᠣᠯᠭᠠᠭᠰᠠᠨ ᠵᠡᠮᠳᠡᠭᠴᠦᠳ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠢᠭᠡ ᠬᠥᠮᠥᠨ ᠳᠤ ᠨᠢᠭᠡ ᠲᠠᠩᠰᠠ ᠡᠪᠬᠡᠮᠡᠯ︾ ᠤᠨ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠂ ᠵᠠᠷᠤᠯᠭ᠎ᠠ ᠶᠢᠨ ᠬᠡᠯᠪᠡᠷᠢ ᠶᠢᠨ ᠶᠠᠳᠠᠭᠤ ᠬᠦᠴᠢᠷᠳᠡᠯᠲᠡᠢ ᠵᠡᠷᠭᠡ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠲᠦᠷ ᠴᠠᠭ ᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠬᠦᠴᠢᠷᠳᠡᠯᠲᠡᠢ ᠵᠡᠮᠳᠡᠭᠴᠦᠳ ᠢ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠡᠬᠢ ᠪᠠᠶᠠᠯᠢᠭ ᠢ ᠬᠠᠮᠲᠤᠪᠠᠷ ᠭᠥᠷᠳᠡᠬᠦ ᠲᠠᠪᠴᠠᠩ ᠢ ᠪᠠᠶᠢᠭᠤᠯᠵᠤ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠣᠯᠭᠤᠮᠵᠢ ᠲᠠᠢ ᠵᠡᠮᠳᠡᠭᠴᠦᠳ ᠤᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠵᠦ᠂ ᠬᠦᠴᠢᠷᠳᠡᠯᠲᠡᠢ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ ᠃ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠦᠴᠢᠷᠳᠡᠯᠲᠡᠢ ᠵᠡᠮᠳᠡᠭᠴᠦᠳ ᠤᠨ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠶᠠᠷ ᠲᠤ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠵᠡᠮᠳᠡᠭᠴᠦᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠲᠤ ᠨᠥᠬᠦᠪᠦᠷᠢ ᠥᠭᠬᠦ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠳᠤ ᠢᠮᠠᠭᠲᠠ ᠲᠣᠬᠢᠷᠠᠭᠤᠯᠣᠯᠲᠠ ᠬᠢᠨ᠎ᠡ᠃ ᠵᠡᠮᠳᠡᠭᠴᠦᠳ ᠤᠨ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠨᠡᠶᠢᠲᠡ ᠶᠢᠨ ᠲᠦᠷᠢᠶᠡᠰᠦᠨ ᠭᠡᠷ ᠪᠠᠶᠢᠰᠢᠩ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠯᠥᠪᠯᠡᠭᠡ ᠶᠢ ᠲᠦᠷᠭᠡᠪᠴᠢᠯᠡᠨ ᠬᠡᠷᠡᠭᠵᠢᠭᠦᠯᠵᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠮᠡᠳᠡᠭᠡ ᠵᠠᠩᠭᠢ ᠶᠢᠨ ᠬᠡᠷᠡᠭᠯᠡᠭᠡ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠭᠡᠷ ᠪᠦᠯᠢ ᠶᠢᠨ ᠰᠠᠭᠠᠳ ᠦᠭᠡᠢ ᠶᠢ ᠥᠭᠡᠷᠡᠴᠢᠯᠡᠬᠦ ᠵᠡᠷᠭᠡ ᠬᠠᠪᠰᠤᠷᠤᠨ ᠲᠡᠳᠬᠦᠬᠦ ᠳᠦᠷᠢᠮ ᠢ ᠰᠢᠯᠢᠳᠡᠭᠵᠢᠭᠦᠯᠵᠦ᠂ ᠵᠡᠮᠳᠡᠭᠴᠦᠳ ᠤᠨ ᠮᠠᠰᠢᠨᠲᠤ ᠰᠠᠭᠤᠳᠠᠯᠲᠤ ᠲᠡᠷᠭᠡ ᠶᠢᠨ ᠰᠢᠲᠠᠭᠠᠯᠭ᠎ᠠ ᠶᠢᠨ ᠲᠣᠰᠣᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠦᠢᠳᠬᠡᠯ ᠬᠤᠷᠢᠶᠠᠬᠤ ᠦᠭᠡᠢ ᠪᠠᠷ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠵᠡᠮᠳᠡᠭᠴᠦᠳ ᠲᠤ ᠬᠠᠷᠠᠭᠠᠯᠵᠠᠯ ᠲᠠᠢ ᠲᠥᠬᠦᠮ ᠦᠵᠡᠭᠦᠯᠬᠦ ᠦᠢᠯᠡᠴᠢᠯᠡᠭᠡᠨ ᠬᠠᠩᠭᠠᠬᠤ ᠶᠢ ᠵᠣᠷᠢᠭᠵᠢᠭᠤᠯᠤᠨ᠎ᠠ᠃ ︵ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠠᠴᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ ᠳᠤ ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠢ ᠬᠠᠪᠰᠤᠷᠤᠨ ᠲᠣᠭᠲᠠᠭᠠᠯ ᠶᠣᠰᠣᠭᠠᠷ ᠦᠨᠳᠦᠰᠦᠨ ᠨᠠᠰᠤᠵᠢᠯ ᠤᠨ ᠠᠰᠠᠷᠠᠮᠵᠢ ᠪᠠ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠴᠠ ᠬᠦᠴᠢᠷᠳᠡᠯ ᠲᠠᠢ ᠵᠡᠮᠳᠡᠭᠴᠦᠳ ᠲᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠨᠥᠬᠦᠴᠡᠯ ᠳᠤ ᠨᠡᠶᠢᠴᠡᠬᠦ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠵᠡᠮᠳᠡᠭᠴᠦᠳ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠬᠤ ᠶᠢᠨ ᠬᠠᠮᠲᠤ ᠲᠥᠯᠥᠪᠦᠷᠢ ᠥᠭᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠵᠢᠯ ᠣᠯᠣᠭᠰᠠᠨ ᠵᠡᠮᠳᠡᠭᠴᠦᠳ ᠤᠨ ᠠᠵᠢᠯ ᠠᠯᠳᠠᠯᠲᠠ ᠶᠢᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ ᠶᠢ ᠳᠡᠮᠵᠢᠵᠦ᠂ ᠵᠡᠮᠳᠡᠭᠴᠦᠳ ᠤᠨ ᠤᠷᠲᠤ ᠬᠤᠭᠤᠴᠠᠭ᠎ᠠ ᠪᠠᠷ ᠠᠰᠠᠷᠠᠨ ᠰᠤᠪᠢᠯᠠᠬᠤ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠵᠡᠮᠳᠡᠭᠴᠦᠳ ᠲᠤ ᠲᠣᠬᠢᠷᠠᠬᠤ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠨᠥᠬᠦᠪᠦᠷᠢ ᠵᠡᠷᠭᠡ ᠬᠤᠳᠠᠯᠳᠤᠭᠠᠨ ᠤ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠲᠦᠷᠦᠭᠦᠯᠡᠵᠦ᠂ ᠡᠳ᠋ ᠤᠨ ᠵᠠᠰᠠᠭ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠳᠥᠷᠪᠡ ᠳᠤ ᠵᠡᠮᠳᠡᠭ ᠴᠡᠷᠢᠭ ᠪᠠ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠢ ᠲᠦᠯᠬᠢᠨ ᠠᠬᠢᠭᠤᠯᠤᠨ᠎ᠠ᠃ ᠵᠡᠮᠳᠡᠭ ᠴᠡᠷᠢᠭ ᠪᠠ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠰᠢᠷᠬᠠᠲᠤᠭᠰᠠᠨ᠂ ᠡᠪᠡᠳᠴᠢᠯᠡᠭᠰᠡᠨ ᠵᠡᠮᠳᠡᠭ ᠴᠡᠷᠢᠭ ᠤᠨ ᠠᠮᠢᠳᠤᠷᠠᠯ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨᠢ ᠠᠵᠢᠯ ᠣᠯᠬᠤ ᠵᠡᠷᠭᠡ ᠬᠦᠴᠢᠷᠳᠡᠯ ᠳᠤ ᠬᠠᠪᠰᠤᠷᠤᠯᠭ᠎ᠠ ᠦᠵᠡᠭᠦᠯᠵᠦ᠂ ᠵᠡᠮᠳᠡᠭ ᠴᠡᠷᠢᠭ᠂ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠶᠢᠭᠡᠮ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠡᠳ᠋ᠯᠡᠬᠦ ᠶᠢ ᠲᠦᠯᠬᠢᠨ ᠠᠬᠢᠭᠤᠯᠤᠨ᠎ᠠ᠃ ︵ᠠᠷᠠᠳ ᠤᠨ ᠵᠡᠪᠰᠡᠭᠲᠦ ᠬᠦᠴᠦᠨ ᠤ ᠶᠠᠮᠤᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠪᠤ ᠳᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠦᠨᠳᠦ ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ᠂ ᠠᠮᠤᠷ ᠲᠦᠪᠰᠢᠨ ᠤ ᠡ᠊ᠨᠳᠡᠯ ᠵᠡᠷᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠳᠤᠮᠳᠠᠬᠢ ᠵᠡᠮᠳᠡᠭᠴᠦᠳ ᠤᠨ ᠨᠡᠶᠢᠭᠡᠮ ᠤᠨ ᠳᠡᠮᠵᠢᠯᠭᠡ ᠪᠠ ᠰᠡᠷᠭᠡᠶᠢᠯᠡᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠵᠡᠮᠳᠡᠭᠴᠦᠳ ᠲᠥᠪᠯᠡᠷᠡᠭᠰᠡᠨ ᠭᠠᠵᠠᠷ ᠲᠠᠯᠠᠪᠤᠷ ᠪᠠ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠣᠰᠯᠠᠭᠤᠯᠤᠨ ᠬᠠᠪᠰᠤᠷᠤᠨ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠢ ᠬᠠᠪᠰᠤᠷᠤᠨ ᠪᠠᠶᠢᠭᠠᠯᠢ ᠶᠢᠨ ᠭᠠᠮᠰᠢᠭ᠂ ᠠᠮᠤᠷ ᠲᠦᠪᠰᠢᠨ ᠵᠡᠷᠭᠡ ᠭᠡᠨᠡᠳᠲᠡ ᠶᠢᠨ ᠡ᠊ᠨᠳᠡᠯ ᠢ ᠨᠡᠩ ᠰᠠᠶᠢᠲᠤᠷ ᠠᠷᠭᠠᠴᠠᠨ᠎ᠠ᠃ ᠵᠡᠮᠳᠡᠭᠴᠦᠳ ᠤᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠪᠠ ᠪᠣᠯᠪᠠᠰᠤᠷᠠᠭᠤᠯᠤᠯ ᠢ ᠥᠷᠨᠢᠭᠦᠯᠵᠦ᠂ ᠵᠡᠮᠳᠡᠭᠴᠦᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠎ᠡ᠃ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 4᠄ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠲᠦᠷᠦᠯ1. ᠨᠡᠶᠢᠭᠡᠮ ᠤᠨ ᠪᠠᠲᠤᠯᠠᠭ᠎ᠠ᠃ ᠨᠠᠰᠤᠲᠠᠶᠢᠴᠤᠳ ᠲᠤ ᠲᠦᠰᠢᠭᠯᠡᠵᠦ ᠵᠡᠮᠳᠡᠭᠴᠦᠳ ᠢ ᠠᠰᠠᠷᠠᠬᠤ᠂ ᠨᠢᠭᠡ ᠡᠷᠦᠬᠡ ᠳᠤ ᠣᠯᠠᠨ ᠵᠡᠮᠳᠡᠭ᠂ ᠡᠪᠡᠳᠴᠢᠨ ᠲᠠᠢ ᠵᠡᠮᠳᠡᠭᠴᠦᠳ ᠢ ᠨᠢᠭᠡ ᠴᠣᠭᠴᠠᠵᠢᠭᠤᠯᠬᠤ ᠵᠡᠷᠭᠡ ᠣᠨᠴᠣᠭᠤᠢ ᠬᠦᠴᠢᠷᠳᠡᠯᠲᠡᠢ ᠭᠡᠷ ᠪᠦᠯᠢ ᠶᠢᠨ ᠳᠣᠲᠣᠷᠠᠬᠢ ᠬᠠᠷᠠᠭᠠᠯᠵᠠᠬᠤ ᠬᠥᠮᠥᠨ ᠦᠭᠡᠢ ᠵᠡᠮᠳᠡᠭᠴᠦᠳ ᠢ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠤᠨ ᠭᠡᠷ ᠪᠦᠯᠢ ᠶᠢᠨ ᠠᠰᠠᠷᠠᠨ ᠲᠡᠵᠢᠭᠡᠬᠦ ᠴᠢᠳᠠᠯ ᠦᠭᠡᠢ ᠬᠡᠦᠬᠡᠳ ᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠵᠤ᠂ ᠠᠰᠠᠷᠠᠨ ᠲᠡᠵᠢᠭᠡᠬᠦ ᠶᠣᠰᠣᠲᠠᠢ ᠶᠢ ᠨᠢ ᠪᠦᠬᠦᠨ ᠢ ᠠᠰᠠᠷᠠᠨ ᠲᠡᠵᠢᠭᠡᠬᠦ ᠶᠢ ᠦᠨᠡᠨᠬᠦ ᠪᠠᠲᠤᠯᠠᠨ᠎ᠠ᠃ 2. ᠲᠤᠰᠬᠠᠢ ᠵᠦᠢᠯ ᠤᠨ ᠲᠡᠩᠬᠡᠷᠡᠭᠦᠯᠦᠨ ᠲᠤᠰᠠᠯᠠᠬᠤ᠃ ᠡᠯ᠎ᠡ ᠵᠦᠢᠯ ᠤᠨ ᠲᠦᠭᠡᠮᠡᠯ ᠬᠠᠷᠠᠭᠠᠯᠵᠠᠯ ᠦᠵᠡᠭᠦᠯᠬᠦ ᠣᠨᠴᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠮᠢᠳᠤᠷᠠᠯ ᠨᠢ ᠬᠦᠴᠢᠷᠳᠡᠯ ᠲᠠᠢ ᠵᠡᠮᠳᠡᠭᠴᠦᠳ ᠢ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠢ ᠵᠡᠮᠳᠡᠭᠴᠦᠳ ᠤᠨ ᠭᠡᠷ ᠪᠦᠯᠢ ᠪᠣᠯᠣᠨ ᠡᠪᠡᠳᠴᠢᠨ ᠤ ᠰᠢᠯᠲᠠᠭᠠᠨ᠂ ᠭᠠᠮᠰᠢᠭ ᠤᠨ ᠰᠢᠯᠲᠠᠭᠠᠨ ᠠᠴᠠ ᠪᠣᠯᠵᠤ ᠰᠠᠨᠠᠭᠠᠨ ᠳᠤ ᠦᠭᠡᠢ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠠᠴᠠ ᠪᠣᠯᠵᠤ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯ ᠲᠠᠢ ᠵᠡᠮᠳᠡᠭᠴᠦᠳ ᠤᠨ ᠭᠡᠷ ᠪᠦᠯᠢ ᠳᠤ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠵᠣᠬᠢᠴᠠᠩᠭᠤᠢ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠨᠡᠶᠢᠭᠡᠮ ᠤᠨ ᠲᠤᠰᠬᠠᠢ ᠵᠦᠢᠯ ᠤᠨ ᠠᠪᠤᠷᠠᠨ ᠲᠤᠰᠠᠯᠠᠯᠲᠠ ᠣᠯᠭᠤᠨ᠎ᠠ᠃ 3. ᠬᠡᠦᠬᠡᠳ ᠢ ᠲᠡᠩᠬᠡᠷᠡᠭᠦᠯᠦᠨ ᠲᠤᠰᠠᠯᠠᠬᠤ᠃ ᠵᠡᠮᠳᠡᠭ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠵᠡᠮᠳᠡᠭ ᠬᠡᠦᠬᠡᠳ ᠤᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠵᠡᠮᠳᠡᠭ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠮᠢᠳᠤᠷᠠᠯ ᠳᠠᠭᠠᠨ ᠵᠥᠪ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠵᠡᠮᠳᠡᠭᠴᠦᠳ ᠢ ᠠᠪᠤᠷᠠᠨ ᠲᠤᠰᠠᠯᠠᠵᠤ ᠲᠥᠪᠬᠢᠨᠡᠭᠦᠯᠬᠦ ᠪᠠ ᠲᠦᠷᠦᠯ ᠰᠠᠳᠤᠨ ᠢᠶᠠᠨ ᠡᠷᠢᠬᠦ ᠦᠢᠯᠡᠴᠢᠯᠡᠭᠡ ᠶᠢ ᠴᠢᠩᠭᠠᠳᠬᠠᠨ᠎ᠠ᠃ 4. ᠨᠡᠶᠢᠭᠡᠮ ᠤᠨ ᠨᠥᠬᠦᠪᠦᠷᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠢ ᠭᠡᠷ ᠪᠦᠯᠢ ᠶᠢ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠤᠭᠠᠳᠤᠢ ᠣᠷᠣᠯᠭ᠎ᠠ ᠪᠠᠭᠠᠲᠠᠢ ᠭᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠲᠡᠨ᠂ ᠬᠦᠨᠳᠦ ᠵᠡᠮᠳᠡᠭ ᠬᠥᠮᠥᠰ ᠢ ᠭᠤᠶᠤᠴᠢᠯᠠᠯ ᠶᠣᠰᠣᠭᠠᠷ ︽ᠭᠠᠭᠴᠠ ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠵᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠥᠷᠭᠡᠳᠬᠡᠵᠦ᠂ ᠬᠤᠶᠠᠷ ᠵᠦᠢᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠬᠦᠨᠳᠦ ᠪᠤᠰᠤ ᠤᠶᠤᠨ ᠤ ᠮᠡᠳᠡᠯᠭᠡ᠂ ᠤᠶᠤᠨ ᠰᠠᠨᠠᠭᠠᠨ ᠤ ᠪᠠ ᠤᠯᠠᠨ ᠳᠠᠪᠬᠤᠷ ᠵᠡᠮᠳᠡᠭᠴᠦᠳ ᠲᠤ ᠬᠦᠷᠲᠡᠯ᠎ᠡ ᠥᠷᠭᠡᠳᠬᠡᠨ᠎ᠡ᠃ 5. ᠣᠷᠣᠨ ᠰᠠᠭᠤᠴᠠ ᠶᠢᠨ ᠪᠠᠲᠤᠯᠠᠭ᠎ᠠ᠃ ᠣᠷᠣᠨ ᠰᠠᠭᠤᠴᠠ ᠨᠢ ᠬᠦᠴᠢᠷᠳᠡᠯᠲᠡᠢ ᠣᠷᠣᠯᠭ᠎ᠠ ᠪᠠᠭᠠᠲᠠᠢ ᠵᠡᠮᠳᠡᠭᠴᠦᠳ ᠤᠨ ᠭᠡᠷ ᠪᠦᠯᠢ ᠶᠢ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠣᠷᠣᠨ ᠰᠠᠭᠤᠴᠠ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢ ᠤᠷᠢᠳᠠᠪᠠᠷ ᠲᠣᠬᠢᠷᠠᠭᠤᠯᠤᠨ᠂ ᠬᠥᠳᠡᠭᠡ ᠲᠣᠰᠬᠤᠨ ᠤ ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠬᠦ ᠶᠢᠨ ᠬᠠᠮᠲᠤ ᠬᠠᠷᠰᠢ ᠰᠠᠭᠠᠳ ᠦᠭᠡᠢ ᠪᠡᠯᠡᠳᠬᠡᠮᠵᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠤᠭᠰᠠᠷᠠᠬᠤ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠬᠡᠷᠡᠭᠲᠡᠢ᠃ 6. ᠨᠡᠶᠢᠭᠡᠮ ᠤᠨ ᠠᠰᠠᠷᠠᠮᠵᠢ᠃ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠤᠨ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠬᠠᠷᠠᠭᠠᠯᠵᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠳᠡᠮᠵᠢᠨ᠎ᠡ᠃7. ᠭᠡᠨᠡᠳᠲᠡ ᠶᠢᠨ ᠬᠡᠷᠡᠭ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠪᠠᠶᠢᠭᠤᠯᠤᠮᠵᠢ ᠶᠢᠨ ᠨᠢᠭᠡᠳᠦᠯᠲᠡᠢ ᠵᠢᠯᠣᠭᠤᠳᠤᠯᠭ᠎ᠠ ᠶᠢᠨ ᠳᠣᠣᠷ᠎ᠠ᠂ ᠡᠷᠡᠭᠦᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ᠂ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠠ ᠵᠡᠮᠳᠡᠭ ᠬᠡᠦᠬᠡᠳ᠂ ᠮᠡᠳᠡᠷᠡᠯ᠂ ᠣᠶᠤᠨ ᠤᠬᠠᠭᠠᠨ ᠪᠠ ᠬᠦᠨᠳᠦ ᠵᠡᠮᠳᠡᠭ ᠬᠥᠮᠥᠨ ᠵᠡᠷᠭᠡ ᠭᠤᠣᠯᠳᠠᠯᠭ᠎ᠠ ᠲᠠᠢ ᠬᠥᠮᠥᠰ ᠢ ᠳᠣᠪᠤᠶᠢᠯᠭᠠᠵᠤ᠂ ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ ᠬᠤᠭᠤᠴᠠᠭᠠᠨ ᠳᠠᠬᠢ ᠦᠢᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ︵ᠬᠤᠶᠠᠷ︶ ᠵᠡᠮᠳᠡᠭᠴᠦᠳ ᠤᠨ ᠠᠭᠤᠰᠤᠯᠴᠠᠨ ᠬᠥᠭᠵᠢᠬᠦ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ 1. ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ ᠨᠢᠭᠡ ᠳᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠶᠢ ᠲᠦᠯᠬᠢᠨ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠤ ᠣᠷᠣᠭᠤᠯᠤᠨ᠂ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠥᠬᠦ ᠣᠯᠠᠨ ᠲᠦᠮᠡᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠦᠵᠡᠯ ᠤᠬᠠᠮᠰᠠᠷ ᠢ ᠪᠣᠶ ᠪᠣᠯᠭᠠᠨ᠎ᠠ᠃ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠬᠡᠷᠡᠭᠵᠢᠭᠦᠯᠵᠦ᠂ ᠵᠡᠷᠡᠮᠳᠡᠭ ᠲᠦᠷᠦᠭᠦ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠨ᠂ ᠵᠡᠮᠳᠡᠭ ᠪᠣᠯᠬᠤ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ᠃ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ ᠡᠷᠡᠭᠦᠯᠵᠢᠭᠦᠯᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠲᠦᠯᠬᠢᠨ ᠠᠬᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ ᠲᠠᠷᠬᠠᠭᠠᠭᠰᠠᠨ ︽ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠤᠨ ᠪᠠᠷᠢᠮᠵᠢᠶ᠎ᠠ ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠢ ᠥᠷᠨᠢᠭᠦᠯᠵᠦ᠂ ᠵᠡᠮᠳᠡᠭᠴᠦᠳ ᠤᠨ ᠰᠠᠨᠠᠭᠠᠴᠢᠯᠠᠭ᠎ᠠ ᠠᠴᠠ ᠪᠠᠨ ᠡᠷᠡᠭᠦᠯᠵᠢᠬᠦ᠂ ᠬᠠᠷᠢᠯᠴᠠᠨ ᠬᠠᠪᠰᠤᠷᠤᠯᠴᠠᠵᠤ ᠡᠷᠡᠭᠦᠯᠵᠢᠬᠦ ᠶᠢ ᠵᠣᠷᠢᠭᠵᠢᠭᠤᠯᠣᠨ᠎ᠠ᠃ ᠵᠡᠮᠳᠡᠭᠴᠦᠳ ᠤᠨ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡᠨ ᠤ ᠠᠵᠢᠯᠯᠠᠭ᠎ᠠ ᠪᠠ ᠡᠷᠡᠭᠦᠯᠵᠢᠭᠦᠯᠭᠡ ᠶᠢᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠦᠢᠯᠡᠴᠢᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠪᠥᠬᠦ ᠬᠤᠲᠠ ᠶᠢᠨ 7 ᠨᠡᠶᠢᠭᠡᠮ ᠲᠣᠭᠤᠷᠢᠭ ᠤᠨ ᠡᠷᠡᠭᠦᠯᠵᠢᠯ ᠤᠨ ᠥᠷᠲᠡᠭᠡ ᠶᠢ ᠠᠰᠢᠭᠯᠠᠨ᠂ ᠵᠡᠮᠳᠡᠭᠴᠦᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ ᠵᠡᠮᠳᠡᠭᠴᠦᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ᠂ ᠰᠡᠳᠬᠢᠴᠡ ᠶᠢᠨ ᠡᠷᠡᠭᠦᠯ ᠮᠡᠨᠳᠦ ᠶᠢᠨ ᠯᠠᠪᠯᠠᠯᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ᠵᠡᠮᠳᠡᠭᠴᠦᠳ ᠲᠤ ᠦᠨᠳᠦᠰᠦᠨ ᠪᠠ ᠥᠪᠡᠷᠮᠢᠴᠡ ᠦᠢᠯᠡᠴᠢᠯᠡᠭᠡ ᠬᠠᠩᠭᠠᠨ᠎ᠠ᠃ ︽ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠬᠤ · ᠡᠷᠡᠭᠦᠯ ᠮᠡᠨᠳᠦ ᠶᠢ ᠳᠡᠮᠵᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠵᠡᠮᠳᠡᠭᠴᠦᠳ ᠢ ᠬᠠᠪᠰᠤᠷᠤᠨ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡᠨ ᠤ ᠨᠣᠷᠮ᠎ᠠ ᠶᠢ ᠵᠠᠭᠤᠨ ᠤ ᠶᠡᠷᠡ ᠠᠴᠠ ᠳᠡᠭᠡᠭᠰᠢ ᠳᠤ ᠬᠦᠷᠦᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ ᠳᠤ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠵᠡᠮᠳᠡᠭ ᠬᠡᠦᠬᠡᠳ ᠢ ᠡᠷᠡᠭᠦᠯᠵᠢᠭᠦᠯᠬᠦ ᠲᠡᠩᠬᠡᠷᠡᠭᠦᠯᠦᠨ ᠲᠤᠰᠠᠯᠠᠬᠤ ᠪᠠ ᠬᠠᠷᠠᠭᠠᠯᠵᠠᠨ ᠬᠠᠮᠠᠭᠠᠯᠠᠭᠴᠢ ᠳᠤ ᠨᠥᠬᠦᠪᠦᠷᠢ ᠥᠭᠬᠦ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭ ᠬᠡᠦᠬᠡᠳ ᠢ ᠡᠷᠡᠭᠦᠯᠵᠢᠭᠦᠯᠬᠦ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠯ᠎ᠡ ᠲᠥᠷᠥᠯ ᠤᠨ ᠡᠷᠡᠭᠦᠯᠵᠢᠭᠦᠯᠬᠦ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠡᠮᠳᠡᠭ ᠬᠡᠦᠬᠡᠳ ᠲᠤ ᠴᠠᠭ ᠲᠤᠬᠠᠢ ᠳᠤᠨᠢ ᠪᠦᠲᠦᠮᠵᠢᠲᠡᠶ ᠦᠨᠳᠦᠰᠦᠨ ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠬᠦ ᠶᠢ ᠪᠠᠲᠤᠯᠠᠨ᠎ᠠ᠃ ᠵᠡᠮᠳᠡᠭ ᠬᠡᠦᠬᠡᠳ ᠲᠤ ᠠᠩᠬᠠᠨ ᠤ ᠬᠤᠭᠤᠴᠠᠭᠠᠨ ᠤ ᠭᠠᠷ ᠲᠦᠷᠦᠭᠦ ᠶᠢ ᠥᠷᠭᠡᠳᠬᠡᠨ ᠬᠡᠷᠡᠭᠵᠢᠭᠦᠯᠵᠦ᠂ ᠬᠠᠷᠠᠭ᠎ᠠ ᠮᠠᠭᠤᠳᠠᠬᠤ᠂ ᠰᠡᠳᠬᠢᠴᠡ ᠶᠢᠨ ᠭᠠᠩᠰᠠᠷᠠᠯ ᠤᠨ ᠡᠷᠡᠭᠦᠯ ᠮᠡᠨᠳᠦ ᠳᠤ ᠭᠠᠷ ᠲᠦᠷᠦᠭᠦ ᠶᠢ ᠥᠷᠨᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠷᠡᠭᠦᠯᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠦᠢᠯᠡᠴᠢᠯᠡᠭᠡᠨ ᠤ ᠬᠡᠯᠬᠢᠶᠡᠰᠦ ᠶᠢ ᠤᠷᠲᠤᠳᠬᠠᠨ᠎ᠠ᠃ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠡᠷᠡᠭᠦᠯᠵᠢᠯ ᠤᠨ ᠴᠢᠳᠠᠮᠵᠢ ᠶᠢ ᠨᠡᠮᠡᠭᠳᠡᠭᠦᠯᠬᠦ ᠪᠠ ᠲᠡᠭᠦᠯᠳᠡᠷᠵᠢᠭᠦᠯᠬᠦ ᠶᠢ ᠳᠡᠮᠵᠢᠵᠦ᠂ ᠡᠷᠡᠭᠦᠯᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭ ᠬᠡᠦᠬᠡᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ 2025 ᠣᠨ ᠪᠣᠯᠬᠤ ᠳᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠪᠠᠲᠤᠯᠠᠭ᠎ᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠨᠳᠦᠰᠦᠨ ᠦᠢᠯᠡᠴᠢᠯᠡᠭᠡ ᠶᠢ ᠨᠡᠶᠢᠳᠡᠮ ᠡᠳ᠋ᠯᠡᠵᠦ᠂ ᠡᠷᠡᠭᠦᠯ ᠢᠶᠠᠷ ᠦᠰᠦᠨ ᠪᠣᠶᠢᠵᠢᠬᠤ᠂ ᠪᠦᠬᠦ ᠲᠠᠯ᠎ᠠ ᠪᠠᠷ ᠬᠥᠭᠵᠢᠬᠦ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃ ︵ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠳᠥᠷᠪᠡ ᠳᠤ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠨ ᠦᠢᠯᠡᠴᠢᠯᠡᠬᠦ ᠴᠤᠪᠤᠷᠠᠯ ᠢ ᠰᠢᠯᠢᠳᠡᠭᠵᠢᠭᠦᠯᠦᠨ᠂ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠳᠬᠦᠨ ᠤ ᠭᠠᠷᠴᠠᠭ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠎ᠠ᠃ ᠡᠷᠡᠭᠦᠯᠵᠢᠭᠦᠯᠬᠦ ᠶᠢᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠵᠣᠬᠢᠴᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠵᠢᠴᠢ ᠡᠮᠴᠢᠯᠡᠭᠡ᠂ ᠡᠷᠡᠭᠦᠯᠵᠢᠯ᠂ ᠨᠠᠰᠤᠵᠢᠯ ᠤᠨ ᠪᠠᠶᠢᠭᠤᠯᠤᠮᠵᠢ ᠪᠠ ᠵᠡᠮᠳᠡᠭᠴᠦᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ ᠪᠠᠶᠢᠭᠤᠯᠤᠮᠵᠢ ᠶᠢᠨ ᠡᠷᠡᠭᠦᠯᠵᠢᠭᠦᠯᠬᠦ ᠶᠢᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠵᠣᠬᠢᠴᠠᠭᠤᠯᠬᠤ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ ᠲᠤᠰᠠᠯᠠᠬᠤ ᠪᠠᠭᠠᠵᠢ ᠬᠡᠷᠡᠭᠰᠡᠯ ᠤᠨ ᠦᠵᠡᠭᠦᠯᠦᠯᠭᠡ ᠶᠢᠨ ᠲᠣᠭᠤᠷᠢᠭ ᠢ ᠪᠠᠶᠢᠭᠤᠯᠵᠤ᠂ ᠠᠮᠤᠷ ᠲᠦᠪᠰᠢᠨ ᠪᠥᠭᠡᠳ ᠪᠣᠳᠠᠲᠤ ᠬᠡᠷᠡᠭᠯᠡᠭᠡᠨ ᠤ ᠦᠨᠳᠦᠰᠦᠨ ᠬᠡᠯᠪᠡᠷᠢ ᠶᠢᠨ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠪᠤ ᠳᠤ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠠᠶᠢᠮᠠᠭ ᠤᠨ ᠵᠡᠮᠳᠡᠭᠴᠦᠳ ᠤᠨ ᠡᠷᠡᠭᠦᠯᠵᠢᠯ ᠤᠨ ᠲᠥᠪ ᠂ ᠦᠨᠳᠦᠰᠦᠨ ᠱᠠᠲᠤᠨ ᠤ ᠡᠷᠡᠭᠦᠯᠵᠢᠯ ᠤᠨ ᠪᠠᠶᠢᠭᠤᠯᠤᠮᠵᠢ ᠶᠢᠨ ᠭᠤᠷᠪᠠᠨ ᠱᠠᠲᠤᠨ ᠤ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠳᠤ ᠲᠦᠰᠢᠭᠯᠡᠨ᠂ ︽ᠢᠨᠲ᠋ᠧᠷ ᠰᠦᠯᠵᠢᠶ᠎ᠡ + ᠵᠡᠮᠳᠡᠭᠴᠦᠳ ᠤᠨ ᠡᠷᠡᠭᠦᠯᠵᠢᠯ︾ ᠤᠨ ᠠᠵᠢᠯ ᠤᠨ ᠵᠠᠭᠪᠤᠷ ᠢ ᠪᠠᠶᠢᠭᠤᠯᠵᠤ᠂ ᠡᠷᠡᠭᠦᠯᠵᠢᠯ ᠤᠨ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠠᠯᠤᠰ ᠠᠴᠠ ᠰᠣᠯᠢᠯᠴᠠᠨ ᠵᠢᠯᠤᠭᠤᠳᠬᠤ ᠪᠠ ᠬᠠᠮᠲᠤᠷᠠᠯᠴᠠᠬᠤ ᠲᠣᠭᠲᠠᠴᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠲᠤᠰᠬᠠᠶᠢᠵᠢᠭᠰᠠᠨ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠤᠨ᠂ ᠵᠡᠮᠳᠡᠭᠴᠦᠳ ᠤᠨ ᠨᠡᠶᠢᠭᠡᠮᠴᠢᠯᠡᠭᠰᠡᠨ ᠨᠠᠷᠢᠯᠢᠭ ᠣᠨᠣᠴᠠᠲᠠᠢ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠵᠢᠷᠭᠤᠭ᠎ᠠ ᠳᠤ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠵᠢᠷᠤᠮᠵᠢᠭᠤᠯᠤᠨ᠎ᠠ᠃ ᠭᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠬᠠᠷᠢᠯᠴᠠᠨ ᠵᠣᠯᠭᠠᠭᠤᠯᠤᠭᠰᠠᠨ ᠲᠤᠰᠬᠠᠶᠢᠵᠢᠭᠰᠠᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ ᠵᠡᠮᠳᠡᠭᠴᠦᠳ ᠤᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠪᠦᠬᠦᠨ ᠢ ᠬᠠᠮᠤᠷᠬᠤ᠂ ᠰᠢᠰᠲ᠋ᠧᠮᠵᠢᠭᠦᠯᠬᠦ᠂ ᠲᠡᠩᠴᠡᠭᠦᠷᠢᠰᠢᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠡᠮᠳᠡᠭᠴᠦᠳ ᠲᠤ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠬᠠᠩᠭᠠᠨ᠎ᠠ᠃ ᠵᠡᠮᠳᠡᠭᠴᠦᠳ ᠤᠨ ᠳᠣᠲᠣᠷᠠᠬᠢ ᠭᠤᠣᠯᠳᠠᠯᠭ᠎ᠠ ᠲᠠᠢ ᠬᠥᠮᠥᠰ ᠢ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠨᠥᠬᠦᠴᠡᠯ ᠳᠤ ᠨᠡᠶᠢᠴᠡᠬᠦ ᠮᠥᠷᠲᠡᠭᠡᠨ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠲᠠᠢ ᠬᠦᠨᠳᠦ ᠵᠡᠮᠳᠡᠭᠴᠦᠳ ᠲᠤ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠨᠡᠷᠡᠨ ᠬᠡᠷᠡᠯᠳᠦ ᠭᠡᠷ ᠣᠷᠣᠨ ᠤ ᠲᠥᠯᠥᠪᠯᠡᠭᠡ ᠳᠤ ᠲᠦᠰᠢᠭᠯᠡᠨ᠂ ᠱᠠᠭᠠᠷᠳᠠᠯᠭ᠎ᠠ ᠳᠤ ᠨᠡᠶᠢᠴᠡᠬᠦ ᠵᠡᠮᠳᠡᠭᠴᠦᠳ ᠲᠤ ᠵᠢᠯ ᠳᠠᠷᠠᠭᠠᠯᠠᠨ ᠭᠡᠷ ᠪᠦᠯᠢ ᠶᠢᠨ ᠠᠰᠠᠷᠠᠨ ᠰᠤᠪᠢᠯᠠᠯᠲᠠ ᠶᠢ ᠬᠠᠩᠭᠠᠵᠤ ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠡᠭᠦᠯᠴᠢ ᠪᠣᠯᠬᠤ ᠳᠤ ᠪᠥᠬᠦ ᠬᠤᠲᠠ ᠶᠢᠨ ᠪᠣᠶ ᠪᠦᠬᠦᠢ ᠬᠡᠷᠡᠭᠴᠡᠭᠡ ᠱᠠᠭᠠᠷᠳᠠᠯᠭ᠎ᠠ ᠲᠠᠢ ᠣᠶᠤᠨ ᠰᠠᠨᠠᠭ᠎ᠠ᠂ ᠣᠶᠤᠨ ᠤᠬᠠᠭᠠᠨ᠂ ᠬᠦᠨᠳᠦ ᠲᠠᠰ ᠤᠨ ᠵᠡᠮᠳᠡᠭ ᠬᠥᠮᠥᠨ ᠳᠤ ᠨᠠᠶᠢᠳᠠᠨ ᠠᠰᠠᠷᠠᠭᠤᠯᠵᠤ ᠠᠰᠠᠷᠠᠨ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 5᠄ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠭᠤᠣᠯᠳᠠᠯᠭ᠎ᠠ ᠲᠠᠢ ᠲᠥᠷᠥᠯ ᠵᠦᠢᠯ 1. ᠵᠡᠮᠳᠡᠭ ᠪᠣᠯᠬᠤ ᠶᠢ ᠰᠡᠷᠭᠡᠶᠢᠯᠡᠬᠦ ᠤᠬᠠᠭᠤᠯᠭ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠯᠬ᠎ᠠ ᠬᠡᠦᠬᠡᠳ ᠪᠣᠯᠣᠨ ᠬᠡᠦᠬᠡᠳ ᠤᠨ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠰᠢᠰᠲ᠋ᠧᠮᠵᠢ ᠶᠢ ᠰᠢᠭᠰᠢᠨ ᠪᠠᠶᠢᠴᠠᠭᠠᠬᠤ ᠪᠠ ᠵᠡᠮᠳᠡᠭ ᠬᠡᠦᠬᠡᠳ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠲᠤᠷᠰᠢᠯᠲᠠ ᠶᠢᠨ ᠣᠷᠣᠨ ᠳᠤ ᠵᠡᠮᠳᠡᠭ ᠢ ᠬᠢᠨᠠᠨ ᠬᠡᠮᠵᠢᠬᠦ ᠰᠢᠰᠲ᠋ᠧᠮᠵᠢ ᠪᠠᠶᠢᠭᠤᠯᠬᠤ ᠶᠢ ᠬᠡᠷᠡᠭᠵᠢᠭᠦᠯᠵᠦ᠂ ᠬᠡᠦᠬᠡᠳ ᠤᠨ ᠵᠡᠮᠳᠡᠭ ᠪᠣᠯᠬᠤ ᠴᠢᠨᠠᠷᠲᠠᠢ ᠡᠪᠡᠳᠴᠢᠨ ᠢ ᠡᠷᠲᠡ ᠣᠯᠵᠤ ᠮᠡᠳᠡᠬᠦ᠂ ᠡᠷᠲᠡ ᠣᠨᠣᠰᠢᠯᠠᠬᠤ᠂ ᠡᠷᠲᠡ ᠭᠠᠷ ᠲᠦᠷᠦᠭᠦ᠂ ᠡᠷᠲᠡ ᠡᠷᠡᠭᠦᠯᠵᠢᠭᠦᠯᠬᠦ ᠴᠢᠳᠠᠪᠤᠷᠢ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2. ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡ᠃ 2025 ᠣᠨ ᠤ ᠵᠢᠯ ᠤᠨ ᠡᠴᠦᠰ ᠪᠣᠯᠬᠤ ᠳᠤ᠂ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠠᠷᠢᠴᠠᠯ ᠢ 90% ᠠᠴᠠ ᠳᠡᠭᠡᠭᠰᠢ ᠳᠤ ᠬᠦᠷᠦᠭᠦᠯᠵᠦ᠂ ᠦᠨᠳᠦᠰᠦᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠠᠷᠢᠴᠠᠯ ᠢ 95% ᠠᠴᠠ ᠳᠡᠭᠡᠭᠰᠢ ᠳᠤ ᠬᠦᠷᠦᠭᠦᠯᠵᠦ ᠂ ᠬᠥᠮᠥᠨ ᠪᠦᠬᠦᠨ ᠳᠤ ᠡᠷᠡᠭᠦᠯᠵᠢᠯ ᠤᠨ ᠦᠢᠯᠡᠴᠢᠯᠡᠭᠡᠨ ᠤ ᠬᠠᠷᠠᠯᠲᠠ ᠶᠢ ᠡᠳ᠋ᠯᠡᠭᠦᠯᠬᠦ ᠪᠠᠷ ᠴᠢᠷᠮᠠᠶᠢᠨ᠎ᠠ᠃ 3. ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠦᠢᠯᠡᠴᠢᠯᠡᠭᠡ᠃ ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠣᠬᠢᠴᠠᠭᠤᠯᠤᠭᠴᠢ ᠶᠢᠨ ᠡᠩᠨᠡᠭᠡ ᠶᠢ ᠪᠠᠶᠢᠭᠤᠯᠵᠤ᠂ ᠣᠷᠣᠨ ᠪᠦᠰᠡ ᠶᠢᠨ ᠵᠡᠮᠳᠡᠭᠴᠦᠳ ᠤᠨ ᠲᠤᠭ᠎ᠠ ᠬᠡᠮᠵᠢᠶ᠎ᠡ ︵80 ︱ 150 ᠬᠥᠮᠥᠨ︶ ᠪᠠᠷ ᠬᠠᠮᠢᠶ᠎ᠠ ᠪᠦᠬᠦᠢ 1 ᠬᠥᠮᠥᠨ ᠢ ᠲᠣᠮᠢᠯᠠᠨ ᠡᠷᠡᠭᠦᠯᠵᠢᠯ ᠤᠨ ᠵᠣᠬᠢᠴᠠᠭᠤᠯᠤᠭᠴᠢ ᠶᠢᠨ ᠲᠤᠰᠢᠶᠠᠯ ᠢ ᠡᠭᠦᠷᠭᠡᠯᠡᠭᠦᠯᠬᠦ ᠶᠢᠨ ᠬᠠᠮᠲᠤ᠂ ᠴᠢᠬᠤᠯᠠ ᠪᠦᠬᠦᠢ ᠠᠵᠢᠯ ᠤᠨ ᠨᠥᠬᠦᠴᠡᠯ ᠪᠠ ᠣᠯᠭᠤᠮᠵᠢ ᠶᠢ ᠪᠠᠲᠤᠯᠠᠬᠤ ᠬᠡᠷᠡᠭᠲᠡᠢ᠃ 4. ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ᠃ ᠵᠡᠮᠳᠡᠭᠴᠦᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠭᠡᠷ᠎ᠡ ᠲᠣᠭᠲᠠᠭᠰᠠᠨ ᠡᠮᠴᠢ ᠠᠴᠠ ᠵᠡᠮᠳᠡᠭᠴᠦᠳ ᠲᠤ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠷᠡᠭᠦᠯᠵᠢᠯ ᠰᠤᠪᠢᠯᠠᠯᠲᠠ ᠵᠡᠷᠭᠡ ᠥᠪᠡᠷᠮᠢᠴᠡ ᠦᠢᠯᠡᠴᠢᠯᠡᠭᠡ ᠬᠠᠩᠭᠠᠬᠤ ᠶᠢ ᠪᠠᠲᠤᠯᠠᠨ᠂ ᠭᠡᠷ ᠲᠤᠨᠢ ᠡᠷᠡᠭᠦᠯᠵᠢᠭᠦᠯᠬᠦ ᠪᠤᠶᠤ ᠡᠷᠡᠭᠦᠯᠵᠢᠯ ᠤᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ ᠳᠤ ᠲᠠᠨᠢᠯᠴᠠᠭᠤᠯᠤᠨ ᠡᠷᠡᠭᠦᠯᠵᠢᠯ ᠬᠢᠯᠭᠡᠵᠦ᠂ ᠡᠷᠡᠭᠦᠯᠵᠢᠯ ᠤᠨ ᠲᠥᠰᠥᠯ ᠲᠣᠭᠲᠠᠭᠠᠨ᠂ ︽ᠨᠢᠭᠡ ᠬᠥᠮᠥᠨ ᠨᠢᠭᠡ ᠬᠡᠷᠡᠭ︾ ᠢ ᠭᠦᠢᠴᠡᠳᠬᠡᠨ᠎ᠡ᠃ 5. ᠵᠡᠮᠳᠡᠭ ᠬᠡᠦᠬᠡᠳ ᠢ ᠠᠪᠤᠷᠠᠨ ᠲᠤᠰᠠᠯᠠᠬᠤ᠃ 0-7 ᠨᠠᠰᠤᠨ ᠤ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ ᠶᠢ ᠠᠬᠢᠭᠤᠯᠵᠤ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠬᠦ ᠠᠪᠤᠷᠠᠨ ᠲᠤᠰᠠᠯᠠᠬᠤ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ 0-᡺7 ᠨᠠᠰᠤᠨ ᠤ ᠵᠡᠮᠳᠡᠭ ᠬᠡᠦᠬᠡᠳ ᠤᠨ ᠡᠷᠡᠭᠦᠯᠵᠢᠯ ᠤᠨ ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠭᠰᠠᠨ ᠰᠠᠭᠤᠷᠢᠨ ᠳᠡᠭᠡᠷ᠎ᠡ᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠨᠠᠰᠣᠨ ᠤ ᠬᠢᠵᠠᠭᠠᠷ ᠢ 14 ᠨᠠᠰᠤ ᠬᠦᠷᠲᠡᠯ᠎ᠡ ᠠᠭᠤᠵᠢᠭᠤ ᠲᠠᠯᠪᠢᠵᠤ᠂ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠤᠨ ᠬᠢᠵᠠᠭᠠᠷᠯᠠᠯ ᠢ ᠦᠭᠡᠶᠢᠰᠬᠡᠵᠦ᠂ ᠡᠷᠡᠭᠦᠯᠵᠢᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠷᠡᠭᠦᠯᠵᠢᠯ ᠤᠨ ᠦᠢᠯᠡᠴᠢᠯᠡᠭᠡᠨ ᠤ ᠲᠦᠷᠦᠯ ᠵᠦᠢᠯ ᠢ ᠥᠷᠭᠡᠳᠬᠡᠵᠦ᠂ ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠲᠠᠢ 0-14 ᠨᠠᠰᠤᠨ ᠤ ᠵᠡᠮᠳᠡᠭ ᠬᠡᠦᠬᠡᠳ ᠲᠤ ᠮᠡᠰᠡ ᠵᠠᠰᠠᠯ᠂ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠪᠠ ᠡᠷᠡᠭᠦᠯᠵᠢᠯ ᠤᠨ ᠪᠣᠯᠪᠠᠰᠤᠷᠠᠯ᠂ ᠹᠢᠽᠢᠺ ᠵᠠᠰᠠᠯ ᠵᠡᠷᠭᠡ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠪᠠ ᠨᠥᠬᠦᠪᠦᠷᠢ ᠶᠢ ᠪᠦᠬᠦ ᠲᠠᠯ᠎ᠠ ᠪᠠᠷ ᠬᠦᠷᠲᠡᠭᠡᠬᠦ ᠶᠢ ᠪᠡᠶᠡᠯᠡᠭᠦᠯᠦᠨ᠎ᠡ᠃ 6. ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ᠎ᠠ᠃ ︽ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠵᠦ ᠂ ᠪᠠᠷᠢᠮᠵᠢᠶ᠎ᠠ ᠶᠣᠰᠣᠭᠠᠷ ᠨᠥᠬᠦᠪᠦᠷᠢ ᠣᠯᠭᠤᠨ᠎ᠠ᠃ 7. ᠡᠷᠡᠭᠦᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ᠃ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠡᠷᠡᠭᠦᠯᠵᠢᠯ᠂ ᠨᠡᠶᠢᠭᠡᠮ ᠤᠨ ᠡᠷᠡᠭᠦᠯᠵᠢᠯ᠂ ᠰᠡᠳᠬᠢᠴᠡ ᠶᠢᠨ ᠡᠷᠡᠭᠦᠯᠵᠢᠯ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠂ ᠡᠷᠡᠭᠦᠯᠵᠢᠭᠦᠯᠦᠭᠴᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠵᠢᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠵᠡᠮᠳᠡᠭᠴᠦᠳ ᠲᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠪᠥᠬᠦ ᠲᠠᠯ᠎ᠠ ᠶᠢᠨ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ 8. ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠦᠢᠯᠡᠴᠢᠯᠡᠭᠡ᠃ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ᠂ ᠵᠡᠮᠳᠡᠭᠴᠦᠳ ᠤᠨ ᠭᠡᠷ ᠪᠦᠯᠢ ᠶᠢᠨ ᠬᠠᠯᠠᠭᠤᠨ ᠳᠤᠯᠠᠭᠠᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ ᠂ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠠᠴᠠ ᠡᠷᠭᠢᠯᠡᠵᠦ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ᠂ ᠵᠠᠰᠠᠭ ᠤᠨ ᠣᠷᠳᠣᠨ ᠠᠴᠠ ᠨᠥᠬᠦᠪᠦᠷᠢᠯᠡᠬᠦ ᠪᠤᠶᠤ ᠬᠤᠳᠠᠯᠳᠤᠨ ᠠᠪᠬᠤ᠂ ᠬᠤᠷᠰᠢᠨ ᠡᠵᠡᠩᠨᠡᠬᠦ ᠵᠡᠷᠭᠡ ᠣᠯᠠᠨ ᠵᠦᠢᠯ ᠤᠨ ᠠᠷᠭ᠎ᠠ ᠪᠠ ᠠᠷᠭ᠎ᠠ ᠵᠠᠮ ᠢ ᠬᠡᠷᠡᠭᠯᠡᠨ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠳᠤ ᠲᠣᠬᠢᠷᠠᠬᠤ ᠪᠠ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠵᠠᠭᠪᠤᠷ ᠢ ᠪᠣᠶ ᠪᠣᠯᠭᠠᠵᠤ᠂ ᠡᠯ᠎ᠡ ᠭᠠᠵᠠᠷ ᠤᠨ ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠪᠠᠲᠤᠯᠠᠨ᠎ᠠ᠃ ︽ᠨᠡᠷᠡᠨ ᠬᠡᠷᠡᠯᠳᠦ ᠭᠡᠷ ᠣᠷᠣᠨ︾ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠣᠯᠬᠤ ᠨᠠᠰᠤᠨ ᠤ ᠱᠠᠲᠤ ︵16 ︱ 59 ᠪᠦᠬᠦᠯᠢ ᠨᠠᠰᠤ︶ ᠶᠢᠨ ᠣᠶᠤᠨ ᠤᠬᠠᠭᠠᠨ᠂ ᠣᠶᠤᠨ ᠤᠬᠠᠭᠠᠨ ᠪᠠ ᠬᠦᠨᠳᠦ ᠲᠠᠰ ᠤᠨ ᠵᠡᠮᠳᠡᠭ ᠬᠥᠮᠥᠨ ᠳᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ᠃ ᠠᠵᠢᠯ ᠦᠭᠡᠢ ᠬᠦᠨᠳᠦ ᠵᠡᠮᠳᠡᠭ ᠬᠥᠮᠥᠰ᠂ ᠢᠯᠠᠩᠭᠤᠶ᠎ᠠ ᠤᠶᠤᠨ ᠰᠠᠨᠠᠭᠠᠨ ᠤ ᠪᠠ ᠤᠶᠤᠨ ᠮᠡᠳᠡᠯᠭᠡ ᠶᠢᠨ ᠬᠦᠨᠳᠦ ᠵᠡᠮᠳᠡᠭᠴᠦᠳ ᠢ ︽ᠲᠡᠵᠢᠭᠡᠬᠦ ᠶᠣᠰᠣᠲᠠᠢ ᠶᠢ ᠨᠢ ᠴᠥᠮ ᠲᠡᠵᠢᠭᠡᠬᠦ︾ ᠶᠢ ᠴᠢᠷᠮᠠᠶᠢᠨ ᠪᠡᠶᠡᠯᠡᠭᠦᠯᠦᠨ᠎ᠡ᠃ 2. ᠵᠡᠮᠳᠡᠭᠴᠦᠳ ᠤᠨ ᠣᠨᠴᠣᠭᠤᠢ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠨᠢᠭᠡ ᠳᠤ ᠪᠦᠷᠢᠨ ᠲᠡᠭᠦᠯᠳᠡᠷ ᠠᠭᠤᠰᠤᠯᠴᠠᠭᠰᠠᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠤᠷᠭᠠᠭᠤᠯᠢ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠢ ᠬᠠᠮᠤᠷᠤᠭᠰᠠᠨ ᠵᠡᠮᠳᠡᠭᠴᠦᠳ ᠤᠨ ᠠᠭᠤᠰᠤᠯᠴᠠᠭᠰᠠᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠵᠠᠰᠠᠭ ᠤᠨ ᠣᠷᠳᠣᠨ᠂ ᠨᠡᠶᠢᠭᠡᠮ ᠤᠨ ᠣᠯᠠᠨ ᠲᠠᠯ᠎ᠠ ᠠᠴᠠ ᠵᠡᠮᠳᠡᠭᠴᠦᠳ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠮᠵᠢᠭᠰᠡᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠵᠡᠮᠳᠡᠭ ᠬᠡᠦᠬᠡᠳ ᠢ ᠰᠤᠷᠭᠠᠭᠤᠯᠢ ᠳᠤ ᠰᠠᠭᠤᠯᠭᠠᠵᠤ ᠲᠥᠪᠬᠢᠨᠡᠭᠦᠯᠬᠦ ᠶᠢ ᠥᠷᠨᠢᠭᠦᠯᠵᠦ᠂ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠭᠤᠯᠬᠤ᠂ ᠡᠩ ᠤᠨ ᠰᠤᠷᠭᠠᠭᠤᠯᠢ ᠶᠢᠨ ᠠᠩᠭᠢ ᠳᠠᠭᠠᠵᠤ ᠰᠤᠷᠤᠯᠴᠠᠭᠤᠯᠬᠤ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠢᠭᠡ ᠬᠥᠮᠥᠨ ᠳᠤ ᠨᠢᠭᠡ ᠬᠡᠷᠡᠭ︾ ᠢ ᠨᠠᠶᠢᠳᠠᠪᠤᠷᠢᠵᠢᠭᠤᠯᠵᠤ᠂ ︽ᠣᠷᠣᠬᠤ ᠶᠣᠰᠣᠲᠠᠢ ᠶᠢ ᠪᠦᠬᠦᠨ ᠢ ᠣᠷᠣᠭᠤᠯᠬᠤ︾ ᠶᠢ ᠦᠨᠡᠨᠬᠦ ᠪᠠᠲᠤᠯᠠᠵᠤ᠂ ᠵᠡᠮᠳᠡᠭ ᠬᠡᠦᠬᠡᠳ ᠢ ᠡᠯᠰᠡᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠨᠥᠬᠦᠪᠦᠷᠢ ᠣᠯᠭᠤᠨ᠎ᠠ᠃ ︵ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ ᠣᠨᠴᠠᠭᠠᠶ ᠰᠤᠷᠭᠠᠨ ᠬᠥᠮᠦᠵᠢᠯ ᠤᠨ ᠠᠭᠤᠰᠤᠯᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ 2035︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠰᠤᠷᠭᠠᠨ ᠬᠥᠮᠦᠵᠢᠯ ᠤᠨ ᠳᠦᠷᠢᠮ︾ ᠢ ᠨᠠᠶᠢᠳᠠᠪᠤᠷᠢᠵᠢᠭᠤᠯᠵᠤ᠂ ᠡᠮᠨᠡᠯᠭᠡ᠂ ᠡᠷᠡᠭᠦᠯᠵᠢᠯ᠂ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠵᠡᠮᠳᠡᠭ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠵᠦ᠂ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠪᠠ ᠪᠠᠬᠢᠵᠢᠭᠦᠯᠦᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠵᠡᠮᠳᠡᠭ ᠰᠤᠷᠤᠭᠴᠢᠳ ᠲᠤ ᠴᠢᠭᠯᠡᠭᠦᠯᠬᠦ ᠴᠢᠨᠠᠷᠲᠠᠢ ᠰᠤᠷᠭᠠᠨ ᠬᠥᠮᠥᠵᠢᠭᠦᠯᠬᠦ᠂ ᠬᠠᠪᠰᠤᠷᠤᠨ ᠲᠡᠳᠬᠦᠬᠦ ᠪᠠ ᠡᠷᠡᠭᠦᠯᠵᠢᠭᠦᠯᠬᠦ ᠦᠢᠯᠡᠴᠢᠯᠡᠭᠡ ᠬᠠᠩᠭᠠᠨ᠎ᠠ᠃ ᠵᠡᠮᠳᠡᠭᠴᠦᠳ᠂ ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠵᠢᠴᠢ ᠴᠠᠬᠢᠯᠭᠠᠨ ᠬᠦᠴᠦᠨ ᠤ ᠶᠡᠭᠡ ᠰᠤᠷᠭᠠᠭᠤᠯᠢ ᠠᠴᠠ ᠲᠡᠭᠦᠰᠦᠭᠰᠡᠨ ᠵᠡᠮᠳᠡᠭᠴᠦᠳ ᠤᠨ ᠰᠤᠷᠤᠭᠴᠢᠳ ᠲᠤ ᠣᠯᠭᠤᠬᠤ ᠨᠥᠬᠦᠪᠦᠷᠢ ᠶᠢ ᠨᠠᠶᠢᠳᠠᠪᠤᠷᠢᠵᠢᠭᠤᠯᠤᠨ᠎ᠠ᠃ ︵ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ ᠳᠤ᠂ ᠠᠭᠤᠰᠤᠯᠴᠠᠭᠰᠠᠨ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠣᠨᠴᠣᠭᠤᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠡᠩ ᠤᠨ ᠰᠤᠷᠭᠠᠨ ᠬᠥᠮᠦᠵᠢᠯ᠂ ᠣᠨᠴᠣᠭᠤᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠨᠢᠭᠡᠳᠦᠯᠲᠡᠢ ᠲᠥᠯᠥᠪᠯᠡᠨ ᠵᠣᠬᠢᠴᠠᠩᠭᠤᠢ ᠪᠠᠷ ᠬᠥᠭᠵᠢᠬᠦ ᠶᠢ ᠣᠨᠴᠣᠭᠤᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠡᠮᠳᠡᠭ ᠰᠤᠷᠤᠭᠴᠢᠳ ᠤᠨ ᠣᠯᠠᠨ ᠶᠠᠩᠵᠤ ᠶᠢᠨ ᠠᠭᠤᠰᠤᠯᠴᠠᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 6᠄ ᠵᠡᠮᠳᠡᠭᠴᠦᠳ ᠤᠨ ᠰᠤᠷᠭᠠᠨ ᠬᠥᠮᠦᠵᠢᠯ ᠤᠨ ᠭᠤᠣᠯᠳᠠᠯᠭᠠᠲᠤ ᠲᠥᠷᠥᠯ ᠵᠦᠢᠯ 1. ᠠᠯᠪᠠᠨ ᠵᠢᠷᠤᠮ ᠤᠨ ᠰᠤᠷᠭᠠᠨ ᠬᠥᠮᠦᠵᠢᠯ᠃ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠬᠥᠮᠥᠨ ᠠᠮᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ 2025 ᠣᠨ ᠪᠣᠯᠬᠤ ᠳᠤ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 97% ᠳᠤ ᠬᠦᠷᠦᠭᠦᠯᠦᠨ᠎ᠡ᠃ 2. ᠳᠡᠭᠡᠳᠦ ᠵᠡᠷᠭᠡ ᠶᠢᠨ ᠰᠤᠷᠭᠠᠨ ᠬᠥᠮᠦᠵᠢᠯ᠃ ᠶᠡᠭᠡ ᠰᠤᠷᠭᠠᠭᠤᠯᠢ ᠶᠢᠨ ᠵᠡᠮᠳᠡᠭ ᠰᠢᠨ᠎ᠡ ᠰᠣᠷᠣᠭᠴᠢ ᠵᠢᠴᠢ ᠵᠡᠮᠳᠡᠭᠴᠦᠳ ᠤᠨ ᠭᠡᠷ ᠪᠦᠯᠢ ᠶᠢᠨ ᠣᠶᠤᠲᠠᠳ ᠤᠨ ᠰᠤᠷᠭᠠᠭᠤᠯᠢ ᠳᠤ ᠣᠷᠣᠬᠤ ᠶᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠡᠮᠳᠡᠭ ᠰᠤᠷᠤᠭᠴᠢᠳ ᠲᠤ ᠲᠤᠰᠠᠯᠠᠬᠤ ᠪᠠᠭᠠᠵᠢ ᠬᠡᠷᠡᠭᠰᠡᠯ᠂ ᠣᠨᠴᠣᠭᠤᠢ ᠰᠤᠷᠤᠯᠭ᠎ᠠ ᠶᠢᠨ ᠬᠡᠷᠡᠭᠰᠡᠯ᠂ ᠡᠷᠡᠭᠦᠯᠵᠢᠭᠦᠯᠬᠦ ᠪᠣᠯᠪᠠᠰᠤᠷᠠᠯ ᠪᠠ ᠬᠠᠷᠰᠢ ᠰᠠᠭᠠᠳ ᠦᠭᠡᠢ ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ ᠨᠥᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠤᠨ ᠵᠡᠮᠳᠡᠭ ᠰᠢᠯᠭᠠᠭᠤᠯᠤᠭᠰᠠᠳ ᠲᠤ ᠬᠠᠨᠳᠤᠭᠤᠯᠤᠨ ᠠᠰ ᠲᠤᠨᠢ ᠰᠢᠯᠭᠠᠵᠤ ᠠᠰ ᠲᠤᠨᠢ ᠡᠯᠰᠡᠬᠦ ᠶᠢ ᠳᠡᠮᠵᠢᠨ᠎ᠡ᠃ 3. ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ᠃ ᠵᠡᠮᠳᠡᠭᠴᠦᠳ ᠤᠨ ᠰᠤᠷᠭᠠᠨ ᠬᠥᠮᠦᠵᠢᠯ ᠤᠨ ᠲᠡᠩᠬᠡᠷᠡᠭᠦᠯᠦᠨ ᠲᠤᠰᠠᠯᠠᠬᠤ ᠶᠢ ᠥᠷᠨᠢᠭᠦᠯᠵᠦ᠂ ᠡᠷᠦᠬᠡ ᠠᠮᠠ ᠶᠢᠨ ᠲᠠᠩᠰᠠ ᠨᠢ ᠰᠢᠯᠢ ᠶᠢᠨ ᠭᠤᠣᠯ ᠬᠤᠲᠠ ᠶᠢᠨ ᠦᠨᠡᠮᠯᠡᠯ ᠲᠠᠢ ᠵᠡᠮᠳᠡᠭᠴᠦᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠳᠤᠮᠳᠠᠳᠤ ᠵᠡᠷᠭᠡ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠵᠦ ᠪᠠᠶᠢᠭ᠎ᠠ ᠬᠦᠴᠢᠷᠳᠡᠯᠲᠡᠢ ᠵᠡᠮᠳᠡᠭ ᠰᠤᠷᠤᠭᠴᠢᠳ ᠪᠠ ᠵᠡᠮᠳᠡᠭᠴᠦᠳ ᠤᠨ ᠭᠡᠷ ᠪᠦᠯᠢ ᠳᠤ ᠲᠡᠩᠬᠡᠷᠡᠭᠦᠯᠦᠨ ᠲᠤᠰᠠᠯᠠᠨ᠎ᠠ᠃ 3. ᠵᠡᠮᠳᠡᠭᠴᠦᠳ ᠤᠨ ᠣᠶᠤᠨ ᠤ ᠰᠣᠶᠣᠯ ᠤᠨ ᠠᠮᠢᠳᠤᠷᠠᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ ᠨᠢᠭᠡ ᠳᠤ᠂ ᠤᠳᠤ ᠦᠶ᠎ᠡ ᠶᠢᠨ ᠰᠢᠨ᠎ᠡ ᠮᠠᠶ᠋ᠢᠭ ᠤᠨ ᠵᠡᠮᠳᠡᠭᠴᠦᠳ ᠤᠨ ᠦᠵᠡᠯᠲᠡ ᠶᠢ ᠭᠦᠨᠵᠡᠭᠡᠢ ᠬᠥᠮᠦᠯᠢᠭ ᠦᠵᠡᠯ ᠤᠨ ᠦᠵᠡᠯ ᠰᠠᠨᠠᠭ᠎ᠠ ᠪᠠ ᠵᠡᠮᠳᠡᠭᠴᠦᠳ ᠤᠨ ︽ᠡᠷᠬᠡ ᠲᠡᠭᠰᠢ᠂ ᠣᠷᠣᠯᠴᠠᠬᠤ᠂ ᠬᠠᠮᠲᠤ ᠪᠠᠷ ᠡᠳ᠋ᠯᠡᠬᠦ︾ ᠤᠳᠤ ᠦᠶ᠎ᠡ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠳᠠᠷᠠᠭᠤᠯᠵᠤ᠂ ᠵᠡᠮᠳᠡᠭᠴᠦᠳ ᠢ ᠲᠡᠳᠬᠦᠨ ᠵᠡᠮᠳᠡᠭᠴᠦᠳ ᠢ ᠬᠠᠪᠰᠤᠷᠬᠤ ᠶᠠᠪᠤᠳᠠᠯ ᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠤᠨ᠎ᠠ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠬᠥᠲᠥᠯᠥᠨ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠡᠮᠳᠡᠭᠴᠦᠳ ᠢ ᠭᠠᠳᠠᠭᠤᠷᠴᠢᠯᠠᠬᠤ ᠶᠢ ᠠᠷᠢᠯᠭᠠᠬᠤ ᠬᠡᠷᠡᠭᠲᠡᠢ᠃ ᠵᠡᠮᠳᠡᠭᠴᠦᠳ ᠤᠨ ᠦᠢᠯᠡᠰ ᠤᠨ ᠬᠠᠮ ᠵᠠᠭᠤᠴᠢᠯᠠᠭᠤᠷ ᠤᠨ ᠤᠯᠠᠮᠵᠢᠯᠠᠬᠤ ᠴᠢᠳᠠᠪᠤᠷᠢ ᠶᠢ ᠴᠢᠩᠭᠠᠳᠬᠠᠵᠤ᠂ ᠵᠠᠭᠤᠴᠢᠯᠠᠭᠤᠷ ᠤᠨ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠲᠠᠪᠴᠠᠩ ᠢ ᠬᠡᠷᠡᠭᠯᠡᠨ᠂ ᠵᠡᠮᠳᠡᠭᠴᠦᠳ ᠤᠨ ᠦᠢᠯᠡᠰ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠵᠡᠮᠳᠡᠭᠴᠦᠳ ᠤᠨ ᠥᠯᠢᠭᠡᠷ ᠢ ᠰᠠᠶᠢᠲᠤᠷ ᠶᠠᠷᠢᠵᠤ᠂ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ ᠂ ᠬᠠᠯᠠᠮᠵᠢᠯᠠᠬᠤ᠂ ᠬᠠᠪᠰᠤᠷᠬᠤ ᠪᠣᠯᠪᠠᠰᠤᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠵᠡᠮᠳᠡᠭᠴᠦᠳ ᠢ ᠲᠤᠰᠠᠯᠠᠬᠤ ᠣᠯᠠᠨ ᠶᠠᠩᠵᠤ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠨᠡᠪᠲᠡᠷᠡᠭᠦᠯᠬᠦ᠂ ᠲᠠᠷᠬᠠᠭᠠᠬᠤ ᠶᠢ ᠰᠠᠶᠢᠲᠤᠷ ᠥᠷᠨᠢᠭᠦᠯᠵᠦ᠂ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠠᠭᠤᠰᠤᠯᠴᠠᠬᠤ ᠶᠢ ᠵᠣᠷᠢᠭᠵᠢᠭᠤᠯᠤᠨ᠎ᠠ᠃ ︵ᠤᠬᠠᠭᠤᠯᠬᠤ ᠬᠡᠯᠲᠡᠰ᠂ ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠵᠡᠮᠳᠡᠭᠴᠦᠳ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠪᠥᠬᠦ ᠬᠤᠲᠠ ᠶᠢᠨ ᠵᠡᠮᠳᠡᠭᠴᠦᠳ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠪᠠ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ᠵᠡᠮᠳᠡᠭᠴᠦᠳ ᠲᠤ ᠥᠪᠡᠷᠮᠢᠴᠡ᠂ ᠵᠦᠷᠢᠶᠡᠴᠢᠯᠡᠭᠰᠡᠨ ᠰᠣᠶᠣᠯ ᠤᠨ ᠦᠢᠯᠡᠴᠢᠯᠡᠭᠡᠨ ᠬᠠᠩᠭᠠᠨ᠎ᠠ᠃ ᠡᠯ᠎ᠡ ᠭᠠᠴᠠᠭᠠᠨ ᠤ ᠵᠡᠮᠳᠡᠭᠴᠦᠳ ᠤᠨ ᠰᠣᠶᠣᠯ ᠤᠨ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠠᠬᠢᠭᠤᠯᠵᠤ᠂ ᠵᠡᠮᠳᠡᠭᠴᠦᠳ ᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠬᠦ ᠬᠡᠷᠡᠭᠲᠡᠢ᠃ ᠮᠠᠯᠵᠢᠬᠤ ᠣᠷᠣᠨ ᠤ ᠬᠦᠨᠳᠦ ᠲᠡᠰ ᠤᠨ ᠵᠡᠮᠳᠡᠭᠴᠦᠳ ᠤᠨ ᠰᠣᠶᠣᠯ ᠤᠨ ᠦᠢᠯᠡᠴᠢᠯᠡᠭᠡ ᠶᠢ ᠴᠢᠩᠭᠠᠳᠬᠠᠨ᠂ ᠰᠣᠬᠤᠷ ᠬᠥᠮᠥᠨ᠂ ᠳᠦᠯᠡᠢ ᠬᠥᠮᠥᠨ᢭ ᠲᠤ ᠬᠠᠷᠰᠢ ᠰᠠᠭᠠᠳ ᠦᠭᠡᠢ ᠰᠣᠶᠣᠯ ᠤᠨ ᠪᠦᠲᠦᠭᠡᠭᠳᠡᠬᠦᠨ ᠬᠠᠩᠭᠠᠨ᠎ᠠ᠃ ᠵᠡᠮᠳᠡᠭᠴᠦᠳ ᠤᠨ ᠰᠣᠶᠣᠯ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠣᠷᠣᠨ ᠨᠤᠲᠤᠭ ᠤᠨ ᠵᠡᠮᠳᠡᠭᠴᠦᠳ ᠤᠨ ᠣᠨᠴᠠᠭᠠᠶ ᠤᠷᠠᠯᠢᠭ ᠢ ᠬᠥᠭᠵᠢᠭᠦᠯᠵᠦ᠂ ᠵᠡᠮᠳᠡᠭᠴᠦᠳ ᠤᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠷᠠᠳᠢᠣ᠋ ᠲᠧᠯᠸᠢᠰ ᠬᠤᠷᠢᠶ᠎ᠠ ᠶᠢᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠨᠡᠮᠡᠵᠦ ᠵᠡᠷᠭᠡ ᠳᠤᠨᠢ ᠨᠡᠪᠲᠡᠷᠡᠭᠦᠯᠬᠦ ᠶᠢ ᠳᠡᠮᠵᠢᠨ᠎ᠡ᠃ ᠣᠯᠠᠨ ᠨᠡᠶᠢᠲᠡ ᠶᠢᠨ ᠨᠣᠮ ᠤᠨ ᠰᠠᠩ ᠤᠨ ᠰᠣᠬᠤᠷᠴᠤᠳ ᠤᠨ ᠤᠩᠰᠢᠯᠭ᠎ᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠰᠣᠬᠤᠷᠴᠤᠳ ᠤᠨ ᠥᠰᠥᠭ ᠪᠢᠴᠢᠭ ᠤᠨ ᠨᠣᠮ ᠪᠢᠴᠢᠭ ᠵᠢᠴᠢ ᠬᠠᠮᠢᠶ᠎ᠠ ᠪᠦᠬᠦᠢ ᠤᠩᠰᠢᠯᠭ᠎ᠠ ᠶᠢᠨ ᠲᠥᠬᠦᠭᠡᠷᠦᠮᠵᠢ ᠶᠢ ᠲᠣᠬᠢᠷᠠᠭᠤᠯᠤᠨ᠂ ᠵᠡᠮᠳᠡᠭᠴᠦᠳ ᠲᠤ ᠲᠣᠬᠢᠷᠠᠬᠤ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠎ᠡ᠃ ︵ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠠᠴᠠ ᠲᠦᠷᠦᠭᠦᠯᠡᠵᠦ᠂ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ ᠳᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠤᠯ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠳᠡᠷᠭᠡᠳᠡᠬᠢ ᠦᠢᠯᠡᠴᠢᠯᠡᠭᠡ ᠶᠢ ᠠᠬᠢᠭᠤᠯᠣᠨ᠎ᠠ᠃ ᠡᠯ᠎ᠡ ᠲᠥᠷᠥᠯ ᠤᠨ ︽ᠵᠡᠮᠳᠡᠭ ᠡᠷᠡᠭᠦᠯ ᠠᠭᠤᠰᠤᠯᠴᠠᠭᠰᠠᠨ︾ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠬᠦ ᠶᠢ ᠵᠣᠷᠢᠭᠵᠢᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠨᠡᠶᠢᠭᠡᠮ ᠲᠣᠭᠤᠷᠢᠭ᠂ ᠭᠡᠷ ᠪᠦᠯᠢ ᠳᠤ ᠣᠷᠣᠬᠤ ᠶᠢ ᠠᠬᠢᠭᠤᠯᠤᠨ᠎ᠠ᠃ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠵᠤ᠂ ᠰᠢᠯᠢᠳᠡᠭ ᠵᠡᠮᠳᠡᠭ ᠲᠠᠮᠢᠷᠴᠢᠨ ᠢ ᠲᠠᠰᠤᠷᠠᠯᠲᠠ ᠦᠭᠡᠢ ᠠᠭᠤᠳᠠᠯᠤᠨ᠂ ᠰᠢᠯᠢᠨ ᠰᠣᠩᠭᠤᠵᠤ᠂ ᠬᠥᠮᠥᠵᠢᠭᠦᠯᠵᠦ᠂ ᠡᠯ᠎ᠡ ᠲᠥᠷᠥᠯ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠳᠤ ᠴᠢᠳᠠᠪᠤᠷᠢᠲᠠᠨ ᠬᠦᠷᠭᠡᠬᠦ ᠬᠡᠷᠡᠭᠲᠡᠢ᠃ ᠵᠡᠮᠳᠡᠭᠴᠦᠳ ᠤᠨ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠱᠠᠩᠨᠠᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠵᠡᠮᠳᠡᠭᠴᠦᠳ ᠤᠨ ᠤᠷᠤᠯᠳᠤᠭᠠᠨ ᠤ ᠪᠡᠶ᠎ᠡ ᠶᠢᠨ ᠲᠠᠮᠢᠷ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠡᠷᠡᠭᠦᠯᠵᠢᠯ ᠤᠨ ᠪᠡᠶ᠎ᠡ ᠶᠢᠨ ᠲᠠᠮᠢᠷ ᠤᠨ ᠭᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠣᠨ᠎ᠠ᠃ ︵ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠠᠴᠠ ᠲᠦᠷᠦᠭᠦᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 7᠄ ᠵᠡᠮᠳᠡᠭᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠭᠤᠣᠯᠳᠠᠯᠭ᠎ᠠ ᠲᠠᠢ ᠲᠥᠷᠥᠯ ᠵᠦᠢᠯ 1. ᠰᠢᠨ᠎ᠡ ᠮᠠᠶ᠋ᠢᠭ ᠤᠨ ᠵᠡᠮᠳᠡᠭᠴᠦᠳ ᠤᠨ ᠦᠵᠡᠯᠲᠡ᠃ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠵᠢᠴᠢ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠬᠥᠮᠥᠰ ᠢ ᠬᠥᠬᠢᠭᠦᠯᠦᠨ ᠰᠠᠶᠢᠰᠢᠶᠠᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠲᠡᠯᠢᠭ ᠵᠢᠱᠢᠶ᠎ᠡ᠂ ᠰᠣᠨᠢᠨ ᠮᠡᠳᠡᠭᠡᠨ ᠤ ᠬᠥᠮᠥᠨ ᠪᠠ ᠵᠡᠮᠳᠡᠭᠴᠦᠳ ᠢ ᠲᠤᠰᠠᠯᠠᠭᠰᠠᠨ ᠬᠥᠮᠥᠰ ᠢ ᠰᠣᠩᠭᠤᠨ ᠭᠠᠷᠭᠠᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠵᠤ᠂ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠪᠠ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠤᠨ᠎ᠠ᠃ 2. ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ᠃ ᠵᠡᠮᠳᠡᠭᠴᠦᠳ ᠢ ᠤᠶᠠᠯᠳᠤᠭᠤᠯᠤᠭᠰᠠᠨ ᠰᠣᠶᠣᠯ ᠤᠷᠠᠯᠢᠭ ᠤᠨ ᠵᠢᠱᠢᠶ᠎ᠡ ᠦᠵᠡᠭᠦᠯᠬᠦ ᠲᠥᠪ ᠢ ᠪᠠᠶᠢᠭᠤᠯᠵᠤ᠂ ᠵᠡᠮᠳᠡᠭᠴᠦᠳ ᠤᠨ ᠭᠠᠷ ᠤᠷᠠᠯᠠᠯ ᠤᠷᠠᠨ ᠵᠢᠷᠤᠭ᠂ ᠤᠷᠠᠨ ᠪᠢᠴᠢᠯᠭᠡ ᠤᠷᠠᠨ ᠵᠢᠷᠤᠭ᠂ ᠤᠳᠬ᠎ᠠ ᠵᠣᠬᠢᠶᠠᠯ᠂ ᠬᠡᠷᠡᠯ ᠵᠢᠷᠤᠭ ᠤᠨ ᠠᠵᠢᠯᠯᠠᠭ᠎ᠠ ᠪᠠ ᠵᠣᠬᠢᠶᠠᠨ ᠪᠦᠲᠦᠭᠡᠯᠭᠡ ᠶᠢ ᠥᠷᠨᠢᠭᠦᠯᠦᠨ᠎ᠡ ᠃ ᠮᠠᠨ ᠤ ᠬᠤᠲᠠ ᠶᠢᠨ ᠵᠡᠮᠳᠡᠭᠴᠦᠳ ᠤᠨ ᠰᠣᠶᠣᠯ ᠤᠷᠠᠯᠢᠭ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠬᠥᠮᠥᠵᠢᠭᠦᠯᠬᠦ᠂ ᠰᠢᠯᠢᠨ ᠳᠡᠪᠰᠢᠭᠦᠯᠬᠦ᠂ ᠬᠦᠷᠭᠡᠬᠦ᠂ ᠲᠣᠭᠯᠠᠯᠲᠠ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠢ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠤᠶᠤ ᠳᠣᠣᠷ᠎ᠠ ᠰᠦᠢᠳᠬᠡᠯ ᠬᠤᠷᠢᠶᠠᠬᠤ ᠶᠢ ᠵᠣᠷᠢᠭᠵᠢᠭᠤᠯᠤᠨ᠎ᠠ᠃ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ︽ᠣᠯᠠᠨ ᠤᠯᠤᠰ ᠤᠨ ᠵᠡᠮᠳᠡᠭᠴᠦᠳ ᠤᠨ ᠡᠳᠦᠷ︾ ᠵᠡᠷᠭᠡ ᠠᠯᠢ ᠣᠯᠠᠨ ᠵᠡᠮᠳᠡᠭᠴᠦᠳ ᠤᠨ ᠭᠤᠣᠯ ᠰᠡᠳᠦᠪᠲᠦ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠨᠣᠮ ᠲᠠᠢ ᠳᠤᠮᠳᠠᠳᠤ᠂ ᠤᠩᠰᠢᠯᠭ᠎ᠠ ᠲᠠᠢ ᠪᠢ︾ ︽ᠵᠡᠮᠳᠡᠭᠴᠦᠳ ᠤᠨ ᠰᠣᠶᠣᠯ ᠤᠨ ᠭᠠᠷᠠᠭ︾ ᠵᠡᠷᠭᠡ ᠣᠯᠠᠨ ᠨᠡᠶᠢᠲᠡ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠲᠠᠪᠤᠨ ᠨᠢᠭᠡ︾ ᠶᠢᠨ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠦᠨ᠂ ᠵᠡᠮᠳᠡᠭᠴᠦᠳ ᠤᠨ ᠰᠣᠶᠣᠯ ᠤᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ ᠣᠷᠣᠯᠴᠠᠬᠤ ᠬᠡᠮᠵᠢᠶ᠎ᠡ ᠶᠢ ᠥᠷᠭᠡᠳᠬᠡᠨ᠎ᠡ᠃ 3. ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ᠃ ᠪᠥᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠣᠨᠴᠠᠭᠠᠶ ᠣᠯᠢᠮᠫᠢᠺ ᠤᠨ ᠡᠳᠦᠷ ᠪᠠ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ᠡᠯ᠎ᠡ ᠲᠥᠷᠥᠯ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠳᠤ ᠴᠢᠳᠠᠪᠣᠷᠢᠲᠠᠨ ᠬᠦᠷᠭᠡᠨ᠎ᠡ᠃︵ᠭᠤᠷᠪᠠ︶ ᠵᠡᠮᠳᠡᠭᠴᠦᠳ ᠤᠨ ᠡᠷᠬᠡ ᠲᠡᠭᠰᠢ ᠪᠠᠷ ᠣᠷᠣᠯᠴᠠᠬᠤ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠦᠨ᠎ᠡ 1. ᠵᠡᠮᠳᠡᠭᠴᠦᠳ ᠤᠨ ᠠᠳᠠᠯᠢ ᠲᠡᠭᠰᠢ ᠡᠷᠬᠡ ᠠᠰᠢᠭ ᠢ ᠪᠠᠲᠤᠯᠠᠨ᠎ᠠ ᠨᠢᠭᠡ ᠳᠤ᠂ ᠵᠡᠮᠳᠡᠭᠴᠦᠳ ᠤᠨ ᠦᠢᠯᠡᠰ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠤᠬᠠᠢ ᠲᠣᠭᠲᠠᠭᠠᠯ ᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠵᠤ ᠵᠡᠮᠳᠡᠭᠴᠦᠳ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠠᠶᠢᠭᠤᠯᠤᠨ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠵᠡᠮᠳᠡᠭᠴᠦᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠤᠰᠬᠠᠢ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠡᠮᠳᠡᠭᠴᠦᠳ ᠤᠨ ᠬᠠᠤᠯᠢ ᠶᠢ ᠮᠡᠳᠡᠵᠦ ᠬᠠᠤᠯᠢ ᠶᠢ ᠣᠶᠢᠯᠠᠭᠠᠵᠣ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠶᠢ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢᠨ ᠵᠥᠪᠳᠡᠯᠴᠡᠬᠦ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠵᠡᠮᠳᠡᠭᠴᠦᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ︵ᠬᠠᠤᠯᠢ ᠴᠠᠭᠠᠵᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠤᠬᠠᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠥᠷᠲᠡᠭᠡ ᠶᠢ ᠵᠢᠷᠤᠮᠵᠢᠭᠤᠯᠤᠨ ᠪᠠᠶᠢᠭᠤᠯᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠪᠠ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠂ ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠵᠦ᠂ ᠵᠡᠮᠳᠡᠭᠴᠦᠳ ᠤᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠤᠣᠯᠳᠠᠯᠭ᠎ᠠ ᠲᠠᠢ ᠡᠲᠡᠭᠡᠳ ᠪᠣᠯᠭᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠬᠠᠷᠰᠢ ᠰᠠᠭᠠᠳ ᠦᠭᠡᠢ ᠴᠢᠳᠠᠮᠵᠢ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠰᠦᠯᠵᠢᠶᠡᠨ ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠣᠭᠲᠠᠴᠠ ᠶᠢ ᠶᠡᠬᠡᠪᠡᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠪᠠ ᠡᠷᠴᠢᠮ ᠢ ᠠᠰᠢᠭᠯᠠᠨ ᠵᠡᠮᠳᠡᠭᠴᠦᠳ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ ᠠᠬᠢᠭᠤᠯᠤᠨ᠎ᠠ᠃ ︵ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ ᠭᠤᠷᠪᠠ ᠳᠤ ᠵᠡᠮᠳᠡᠭᠴᠦᠳ ᠢ ᠲᠡᠳᠬᠦᠨ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠨ᠎ᠠ᠃ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠬᠤᠲᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠭᠤᠣᠯᠳᠠᠯᠭ᠎ᠠ ᠲᠠᠢ ᠡᠭᠦᠷᠭᠡ ᠳᠤ ᠣᠷᠣᠭᠤᠯᠤᠨ᠎ᠠ᠃ ᠵᠡᠮᠳᠡᠭᠴᠦᠳ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠢᠯᠡ ᠪᠣᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠶᠠᠩᠵᠤ ᠬᠡᠯᠪᠡᠷᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠲᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠵᠡᠮᠳᠡᠭᠴᠦᠳ ᠲᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠵᠡᠮᠳᠡᠭᠴᠦᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠨ᠎ᠠ᠃ ︵ᠬᠠᠤᠯᠢ ᠴᠠᠭᠠᠵᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠤᠬᠠᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 2. ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠴᠢᠩᠭᠠᠷᠠᠭᠤᠯᠤᠨ᠎ᠠ ᠨᠢᠭᠡ ᠳᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠰᠢᠯᠢ ᠶᠢᠨ ᠭᠤᠣᠯ ᠠᠶᠢᠮᠠᠭ ᠤᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠰᠢᠯᠢ ᠶᠢᠨ ᠬᠤᠲᠠ ᠶᠢᠨ ᠬᠤᠲᠠ ᠬᠥᠳᠡᠭᠡ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠰᠢᠨ᠎ᠡ ᠪᠠᠷ ᠪᠠᠶᠢᠭᠤᠯᠬᠤ ᠪᠡᠯᠡᠳᠬᠡᠮᠵᠢ ᠳᠤ ︽ᠬᠠᠷᠰᠢ ᠰᠠᠭᠠᠳ ᠦᠭᠡᠢ ᠵᠢᠷᠤᠭ ᠲᠥᠯᠥᠪᠯᠡᠭᠡ ᠶᠢᠨ ᠵᠢᠷᠤᠮᠵᠢᠯ︾ ︵GB50763 ︱ 2012︶ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠠᠮᠢᠶᠠᠷᠤᠯᠲᠠ ᠪᠣᠯᠣᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ︽ᠰᠠᠭᠠᠳ ᠦᠭᠡᠢ ᠪᠡᠯᠡᠳᠬᠡᠮᠵᠢ ᠶᠢ ᠭᠡᠷ ᠪᠦᠯᠢ ᠳᠤ ᠣᠷᠣᠭᠤᠯᠬᠤ︾ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠬᠦᠴᠢᠷᠳᠡᠯᠲᠡᠢ ᠬᠦᠨᠳᠦ ᠵᠡᠮᠳᠡᠭ ᠬᠥᠮᠥᠨ᠂ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠲᠤ ᠭᠡᠷ ᠪᠦᠯᠢ ᠶᠢᠨ ᠰᠠᠭᠠᠳ ᠦᠭᠡᠢ ᠪᠤᠶᠤ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠶᠢ ᠬᠠᠩᠭᠠᠵᠤ᠂ ᠰᠠᠭᠠᠳ ᠦᠭᠡᠢ ᠥᠭᠡᠷᠡᠴᠢᠯᠡᠯᠲᠡ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ ᠰᠠᠭᠠᠳ ᠦᠭᠡᠢ ᠪᠠᠷ ᠶᠠᠪᠤᠵᠤ ᠰᠠᠭᠤᠬᠤ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠴᠢᠩᠭᠠᠳᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠠᠳ ᠦᠭᠡᠢ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠰᠠᠭᠠᠳ ᠦᠭᠡᠢ ᠪᠠᠷ ᠲᠡᠷᠭᠡ ᠵᠣᠭᠰᠤᠭᠠᠬᠤ ᠪᠠᠶᠢᠷᠢ ᠶᠢᠨ ᠪᠠᠶᠢᠷᠢᠯᠠᠭᠤᠯᠤᠯᠲᠠ ᠶᠢ ᠪᠤᠰᠤᠳ ᠣᠯᠠᠨ ᠨᠡᠶᠢᠲᠡ ᠶᠢᠨ ᠲᠠᠯᠠᠪᠤᠷ ᠲᠠᠢ ᠬᠠᠮᠲᠤᠪᠠᠷ ᠡᠳ᠋ᠯᠡᠬᠦ ᠶᠢ ᠨᠠᠶᠢᠳᠠᠪᠤᠷᠢᠵᠢᠭᠤᠯᠵᠤ᠂ ᠵᠡᠮᠳᠡᠭᠴᠦᠳ᠂ ᠨᠠᠰᠤᠲᠠᠶᠢᠴᠤᠳ ᠵᠡᠷᠭᠡ ᠬᠥᠮᠥᠰ ᠤᠨ ᠵᠠᠮ ᠨᠡᠪᠲᠡᠷᠡᠯᠭᠡ ᠶᠢᠨ ᠠᠮᠤᠷ ᠲᠦᠪᠰᠢᠨ ᠪᠠ ᠬᠡᠷᠡᠭᠯᠡᠬᠦ ᠳᠤ ᠲᠥᠬᠦᠮ ᠦᠵᠡᠭᠦᠯᠬᠦ ᠶᠢ ᠪᠠᠲᠤᠯᠠᠨ᠎ᠠ᠃ ᠬᠠᠷᠰᠢ ᠰᠠᠭᠠᠳ ᠦᠭᠡᠢ ᠣᠷᠴᠢᠨ ᠲᠣᠭᠤᠷᠢᠨ ᠢ ᠳᠡᠭᠡᠭᠰᠢᠯᠡᠭᠦᠯᠬᠦ ᠲᠥᠯᠥᠪᠯᠡᠭᠡ ᠶᠢ ᠠᠬᠢᠭᠤᠯᠵᠤ᠂ ᠪᠠᠶᠢᠭᠤᠯᠤᠭᠰᠠᠨ ᠦᠭᠡᠢ ᠭᠤᠣᠯᠳᠠᠯᠭ᠎ᠠ ᠲᠠᠢ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠡᠷᠡᠭᠵᠢᠭᠦᠯᠦᠨ᠎ᠡ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ ᠮᠡᠳᠡᠭᠡ ᠵᠠᠩᠭᠢ ᠶᠢᠨ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠳᠤ ᠬᠠᠷᠰᠢ ᠰᠠᠭᠠᠳ ᠦᠭᠡᠢ ᠪᠠᠶᠢᠬᠤ ᠶᠢ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠭᠠᠵᠤ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠢᠴᠢ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠢ ᠬᠠᠷᠰᠢ ᠰᠠᠭᠠᠳ ᠦᠭᠡᠢ ᠰᠦᠯᠵᠢᠶᠡᠨ ᠤ ᠥᠷᠲᠡᠭᠡ ᠶᠢᠨ ᠵᠢᠷᠤᠭᠯᠠᠨ ᠲᠥᠯᠥᠪᠯᠡᠬᠦ ᠪᠠᠷᠢᠮᠵᠢᠶ᠎ᠠ ᠳᠤ ᠬᠦᠷᠦᠭᠦᠯᠵᠦ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠤ ᠥᠷᠲᠡᠭᠡ ᠳᠤ ᠬᠠᠷᠰᠢ ᠰᠠᠭᠠᠳ ᠦᠭᠡᠢ ᠭᠦᠶᠦᠯᠭᠡᠨ ᠦᠵᠡᠬᠦ ᠪᠠᠭᠠᠵᠢ ᠨᠡᠮᠡᠬᠦ ᠶᠢ ᠵᠣᠷᠢᠭᠵᠢᠭᠤᠯᠤᠨ᠎ᠠ᠃ ᠵᠡᠮᠳᠡᠭᠴᠦᠳ ᠲᠤ ᠬᠠᠨᠳᠤᠭᠤᠯᠤᠭᠰᠠᠨ ᠰᠢᠨ᠎ᠡ ᠬᠡᠯᠪᠡᠷᠢ ᠶᠢᠨ ᠬᠡᠷᠡᠭᠯᠡᠭᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠡᠯᠭᠡᠷᠡᠭᠦᠯᠵᠦ᠂ ᠭᠤᠣᠯᠳᠠᠯᠭ᠎ᠠ ᠲᠠᠢ ᠠᠰᠢᠭ ᠭᠥᠷᠳᠡᠬᠦ ᠵᠡᠮᠳᠡᠭᠴᠦᠳ ᠤᠨ ᠴᠢᠮᠡᠭᠡ ᠬᠤᠯᠪᠣᠭᠠᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠡᠵᠡᠩᠨᠡᠯᠲᠡ ᠶᠢᠨ ᠬᠤᠳᠠᠯᠳᠤᠭᠠᠴᠢᠨ ᠤ ᠡᠯᠧᠺᠲᠷᠣᠨ ᠬᠡᠪᠯᠡᠯ ᠤᠨ ᠲᠣᠮᠣ ᠥᠰᠥᠭ ᠤᠨ ᠲᠠᠩᠰᠠ᠂ ᠠᠪᠢᠶᠠᠨ ᠤ ᠲᠠᠩᠰᠠ ᠵᠡᠷᠭᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠵᠢᠯᠤᠭᠤᠳᠬᠤ ᠲᠥᠪ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 3. ᠵᠡᠮᠳᠡᠭᠴᠦᠳ ᠤᠨ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠴᠠᠭ ᠦᠶ᠎ᠡ ᠳᠤ ᠣᠷᠣᠬᠤ ᠶᠢ ᠳᠡᠮᠵᠢᠨ᠎ᠡ᠃ ᠵᠡᠮᠳᠡᠭᠴᠦᠳ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠬᠦ ᠵᠢᠴᠢ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠶᠢ ᠴᠢᠩᠭᠠᠷᠠᠭᠤᠯᠤᠨ᠂ ᠵᠡᠮᠳᠡᠭᠴᠦᠳ ᠢ ᠣᠨᠣᠪᠴᠢᠲᠠᠶᠢᠵᠢᠭᠤᠯᠤᠨ ᠢᠯᠭᠠᠨ ᠲᠠᠨᠢᠬᠤ᠂ ᠣᠨᠣᠪᠴᠢᠲᠠᠶᠢᠵᠢᠭᠤᠯᠤᠨ ᠵᠠᠳᠠᠯᠬᠤ᠂ ᠨᠠᠷᠢᠯᠢᠭᠵᠢᠭᠤᠯᠤᠨ ᠦᠢᠯᠡᠴᠢᠯᠡᠬᠦ ᠶᠢ ᠬᠡᠷᠡᠭᠵᠢᠭᠦᠯᠵᠦ᠂ ᠵᠡᠮᠳᠡᠭᠴᠦᠳ ᠤᠨ ᠠᠵᠢᠯ ᠦᠢᠯᠡᠰ ᠢ ᠣᠨᠣᠪᠴᠢᠲᠠᠶᠢᠵᠢᠭᠤᠯᠤᠨ ᠵᠠᠰᠠᠬᠤ ᠶᠢ ᠠᠬᠢᠭᠤᠯᠤᠨ᠎ᠠ᠃ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠵᠦ ᠪᠦᠷᠢᠳᠬᠡᠬᠦ ᠠᠵᠢᠯ ᠢ ᠴᠢᠩᠭᠠᠳᠬᠠᠵᠤ᠂ ᠪᠥᠬᠦ ᠬᠤᠲᠠ ᠶᠢᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠲᠠᠪᠴᠠᠩ ᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ︽ᠮᠤᠵᠢ ᠠᠯᠤᠰᠯᠠᠨ ᠨᠡᠶᠢᠳᠡᠮ ᠡᠷᠭᠢᠯᠡᠬᠦ ︾ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠲᠣᠮᠣ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ᠂ ᠴᠤᠪᠤᠷᠠᠯ ᠢ ᠰᠢᠯᠢᠳᠡᠭᠵᠢᠭᠦᠯᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠂ ᠵᠡᠮᠳᠡᠭᠴᠦᠳ ᠤᠨ ᠣᠯᠠᠨ ᠲᠦᠮᠡᠨ ᠳᠤ ᠨᠠᠩ ᠣᠯᠠᠨ ᠡᠰᠢᠲᠦ ᠦᠢᠯᠡᠴᠢᠯᠡᠭᠡᠨ ᠤ ᠠᠷᠭ᠎ᠠ ᠮᠠᠶ᠋ᠢᠭ ᠪᠠ ᠦᠢᠯᠡᠴᠢᠯᠡᠭᠡᠨ ᠤ ᠠᠭᠤᠯᠭ᠎ᠠ ᠶᠢ ᠬᠠᠩᠭᠠᠨ᠎ᠠ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠣᠶᠤᠨᠴᠢ ᠵᠢᠯᠤᠭᠤᠳᠬᠤ ᠲᠥᠪ᠂ ᠲᠤᠭ᠎ᠠ ᠪᠦᠷᠢᠳᠬᠡᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 8᠄ ᠵᠡᠮᠳᠡᠭᠴᠦᠳ ᠤᠨ ᠬᠠᠤᠯᠢ ᠳᠦᠷᠢᠮ᠂ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ᠂ ᠲᠣᠭᠠᠴᠢᠯᠠᠭᠰᠠᠨ ᠦᠢᠯᠡᠴᠢᠯᠡᠭᠡᠨ ᠤ ᠭᠤᠣᠯᠳᠠᠯᠭ᠎ᠠ ᠲᠠᠢ ᠲᠥᠷᠥᠯ ᠵᠦᠢᠯ 1. ᠬᠠᠤᠯᠢ ᠳᠦᠷᠢᠮ ᠤᠨ ᠪᠠᠶᠢᠭᠤᠯᠤᠯᠲᠠ᠃ ᠵᠡᠮᠳᠡᠭᠴᠦᠳ ᠪᠠ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠣᠷᠣᠯᠴᠠᠬᠤ᠂ ᠠᠷᠠᠳᠴᠢᠯᠠᠯ ᠢᠶᠠᠷ ᠵᠥᠪᠳᠡᠯᠴᠡᠬᠦ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ᠂ ᠵᠡᠮᠳᠡᠭᠴᠦᠳ ᠤᠨ ᠲᠦᠷᠦᠯ ᠰᠠᠳᠤᠨ ᠨᠠᠶᠢᠵᠠ ᠨᠥᠬᠦᠳ ᠪᠠ ᠵᠡᠮᠳᠡᠭᠴᠦᠳ ᠤᠨ ᠠᠵᠢᠯᠲᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠤᠨ᠎ᠠ᠃ 2. ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ᠃ ︽12345︾ ᠶᠢᠨ ᠵᠡᠮᠳᠡᠭᠴᠦᠳ ᠲᠤ ᠦᠢᠯᠡᠴᠢᠯᠡᠵᠦ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠡᠷᠬᠡ ᠠᠰᠢᠭ ᠲᠤ ᠬᠠᠯᠳᠠᠭᠰᠠᠨ ᠴᠢᠬᠤᠯᠠ ᠶᠡᠭᠡ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ 3. ᠰᠠᠭᠠᠳ ᠦᠭᠡᠢ ᠥᠭᠡᠷᠡᠴᠢᠯᠡᠬᠦ᠃ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠲᠡ ᠶᠢᠨ ᠬᠡᠷᠡᠭᠯᠡᠭᠡᠨ ᠤ ᠵᠠᠮ ᠬᠠᠷᠢᠯᠴᠠᠭ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠪᠠ ᠣᠷᠣᠰᠢᠨ ᠰᠠᠭᠤᠬᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠠᠷᠰᠢ ᠰᠠᠭᠠᠳ ᠦᠭᠡᠢ ᠥᠭᠡᠷᠡᠴᠢᠯᠡᠯᠲᠡ ᠶᠢ ᠪᠡᠶᠡᠯᠡᠭᠦᠯᠵᠦ 325 ᠡᠷᠦᠬᠡ ᠭᠡᠷ ᠪᠦᠯᠢ ᠳᠤ ᠣᠷᠣᠭᠤᠯᠪᠠ᠃ 4. ᠮᠡᠳᠡᠭᠡ ᠵᠠᠩᠭᠢ ᠳᠤ ᠬᠠᠷᠰᠢ ᠰᠠᠭᠠᠳ ᠦᠭᠡᠢ ᠪᠣᠯᠭᠠᠬᠤ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠣᠯᠠᠨ ᠨᠡᠶᠢᠲᠡ ᠶᠢᠨ ᠵᠠᠮ ᠬᠠᠷᠢᠯᠴᠠᠭ᠎ᠠ ᠨᠢ ᠠᠪᠢᠶ᠎ᠠ᠂ ᠥᠰᠥᠭ ᠪᠢᠴᠢᠭ ᠤᠨ ᠰᠠᠨᠠᠭᠤᠯᠤᠮᠵᠢ᠂ ᠰᠣᠬᠤᠷᠴᠤᠳ ᠤᠨ ᠪᠢᠴᠢᠭ᠂ ᠳᠣᠬᠢᠶᠠᠨ ᠤ ᠬᠡᠯᠡ ᠵᠡᠷᠭᠡ ᠮᠡᠳᠡᠭᠡ ᠵᠠᠩᠭᠢ ᠶᠢᠨ ᠰᠣᠯᠢᠯᠴᠠᠭᠠᠨ ᠤ ᠰᠠᠭᠠᠳ ᠦᠭᠡᠢ ᠦᠢᠯᠡᠴᠢᠯᠡᠭᠡ ᠬᠠᠩᠭᠠᠵᠤ᠂ ᠰᠣᠨᠣᠰᠬᠤ ᠴᠢᠳᠠᠪᠤᠷᠢ᠂ ᠦᠭᠡ ᠬᠡᠯᠡᠨ ᠤ ᠵᠡᠮᠳᠡᠭᠴᠦᠳ ᠤᠨ ᠰᠠᠭᠠᠳ ᠦᠭᠡᠢ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠳᠡᠮᠵᠢᠨ᠎ᠡ᠃ 5. ᠳᠤᠭᠠᠴᠠᠯᠠᠭᠰᠠᠨ ᠦᠢᠯᠡᠴᠢᠯᠡᠭᠡ᠃ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ᠂ ᠨᠡᠶᠢᠭᠡᠮ ᠤᠨ ᠪᠠᠲᠤᠯᠠᠭ᠎ᠠ᠂ ᠡᠷᠬᠡ ᠠᠰᠢᠭ ᠤᠨ ᠪᠠᠲᠤᠯᠠᠭ᠎ᠠ᠂ ᠰᠣᠶᠣᠯ ᠪᠡᠶ᠎ᠡ ᠶᠢᠨ ᠲᠠᠮᠢᠷ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠬᠦ ᠪᠠ ᠥᠷᠨᠢᠭᠦᠯᠵᠦ᠂ ᠵᠡᠮᠳᠡᠭᠴᠦᠳ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠨᠠᠩ ᠨᠠᠷᠢᠯᠢᠭ ᠣᠨᠣᠴᠠᠲᠠᠢ ᠪᠣᠯᠭᠠᠵᠤ᠂ ᠵᠡᠮᠳᠡᠭᠴᠦᠳ ᠲᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠨ᠎ᠠ᠃ 6. ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭᠴᠦᠳ ᠤᠨ ᠮᠡᠳᠡᠭᠡ ᠵᠠᠩᠭᠢ ᠶᠢᠨ ᠣᠳᠣᠬᠢᠴᠢᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠪᠠ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠳᠡᠭᠡᠳᠦ ᠳᠣᠣᠷᠠᠳᠤ ᠱᠠᠲᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠲᠤᠭ᠎ᠠ ᠪᠠᠷᠢᠮᠲᠠ ᠰᠣᠯᠢᠯᠴᠠᠬᠤ ᠪᠠ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠯᠦᠭᠡ ᠴᠠᠭ ᠲᠤᠬᠠᠢ ᠳᠤᠨᠢ ᠲᠤᠭ᠎ᠠ ᠪᠠᠷᠢᠮᠲᠠ ᠰᠣᠯᠢᠯᠴᠠᠬᠤ ᠶᠢ ᠬᠥᠨᠳᠡᠯᠡᠨ ᠴᠢᠭᠯᠡᠯ ᠢᠶᠠᠷ ᠬᠡᠷᠡᠭᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠣᠨᠣᠪᠴᠢᠲᠠᠶ ᠡᠵᠡᠮᠰᠢᠨ᠎ᠡ᠃ 7. ᠬᠠᠷᠠᠭᠠᠯᠵᠠᠯ ᠤᠨ ᠲᠥᠷᠥ ᠶᠢᠨ ᠪᠣᠳᠣᠯᠭ᠎ᠠ᠃ ᠵᠡᠮᠳᠡᠭᠴᠦᠳ ᠲᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠥᠷᠭᠡᠨ ᠳᠡᠯᠭᠡᠷ ᠭᠦᠨ ᠭᠦᠨᠵᠡᠭᠡᠢ ᠤᠬᠠᠭᠤᠯᠵᠤ᠂ ᠥᠷᠭᠡᠨ ᠤᠯᠠᠨ ᠵᠡᠮᠳᠡᠭᠴᠦᠳ ᠢ ᠲᠦᠷᠦ ᠶᠢᠨ ᠪᠣᠳᠣᠯᠭ᠎ᠠ ᠶᠢᠨ ᠮᠡᠷᠭᠡᠨ ᠬᠥᠮᠥᠨ ᠪᠣᠯᠭᠠᠬᠤ ᠬᠡᠷᠡᠭᠲᠡᠢ᠃ 4. ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦᠨᠢᠭᠡ ᠳᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠬᠤᠯᠪᠣᠭ᠎ᠠ ᠶᠢᠨ ᠳᠣᠲᠣᠭᠠᠳᠤ ᠶᠢᠨ ᠪᠠᠶᠢᠭᠤᠯᠤᠮᠵᠢ ᠶᠢ ᠵᠢᠷᠤᠮᠵᠢᠭᠤᠯᠤᠨ᠂ ᠰᠤᠮᠤ ᠪᠠᠯᠭᠠᠰᠤ ᠲᠠᠯᠠᠪᠤᠷ ᠤᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ ᠬᠠᠮᠢᠶᠠᠷᠤᠯᠲᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠎ᠡ᠃ ᠭᠠᠴᠠᠭ᠎ᠠ ︵ᠨᠡᠶᠢᠭᠡᠮ ᠲᠣᠭᠤᠷᠢᠭ︶ ᠶᠢᠨ ᠵᠡᠮᠳᠡᠭᠴᠦᠳ ᠤᠨ ᠨᠡᠶᠢᠭᠡᠮᠯᠢᠭ ᠢ ᠪᠠᠶᠢᠭᠤᠯᠤᠨ ᠪᠦᠷᠢᠨᠰᠢᠭᠦᠯᠵᠦ᠂ ︽ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ︾ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠲᠣᠣᠷ ᠰᠦᠯᠵᠢᠶ᠎ᠡ ᠶᠢ ᠪᠣᠶ ᠪᠣᠯᠭᠠᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮᠯᠢᠭ ᠤᠨ ᠦᠨᠳᠦᠰᠦᠨ ᠱᠠᠲᠤᠨ ᠳᠤ ᠲᠣᠰ ᠲᠥᠷᠥᠯ ᠤᠨ ᠵᠡᠮᠳᠡᠭᠴᠦᠳ ᠲᠠᠢ ᠥᠷᠭᠡᠨ ᠢᠶᠠᠷ ᠬᠠᠷᠢᠯᠴᠠᠬᠤ ᠪᠠ ᠪᠦᠲᠦᠮᠵᠢᠲᠡᠶ ᠪᠠᠷ ᠦᠢᠯᠡᠴᠢᠯᠡᠬᠦ ᠬᠡᠷᠡᠭᠴᠡᠭᠡ ᠶᠢ ᠬᠠᠩᠭᠠᠨ᠎ᠠ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ ᠲᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠬᠤᠲᠠ ᠶᠢᠨ ᠺᠠᠳ᠋ᠷ ᠤᠨ ᠡᠩᠨᠡᠭᠡ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠺᠠᠳ᠋ᠷ ᠢ ᠰᠢᠯᠢᠨ ᠰᠣᠩᠭᠤᠵᠤ ᠬᠥᠮᠥᠵᠢᠭᠦᠯᠬᠦ ᠶᠢ ᠴᠢᠬᠤᠯᠠᠴᠢᠯᠠᠨ᠂ ᠵᠡᠮᠳᠡᠭᠴᠦᠳ ᠤᠨ ᠠᠵᠢᠯ ᠤᠨ ᠺᠠᠳ᠋ᠷ ᠤᠨ ᠡᠩᠨᠡᠭᠡ ᠶᠢᠨ ᠢᠷᠡᠯᠲᠡ ᠶᠢ ᠰᠢᠨ᠎ᠡ ᠪᠠᠷ ᠡᠭᠦᠳᠦᠨ ᠥᠷᠭᠡᠳᠬᠡᠵᠦ᠂ ᠲᠤᠰᠬᠠᠢ ᠲᠤᠰᠢᠶᠠᠯ ᠢ ᠬᠠᠪᠰᠤᠷᠭᠠᠨ ᠬᠠᠷᠢᠭᠤᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠵᠡᠮᠳᠡᠭᠴᠦᠳ ᠤᠨ ᠠᠵᠢᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠵᠡᠮᠳᠡᠭ ᠵᠠᠯᠠᠭᠤ ᠭᠤᠣᠯᠯᠠᠭᠴᠢ ᠬᠦᠴᠦᠨ ᠤ ᠪᠣᠯᠪᠠᠰᠤᠷᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠪᠡᠯᠡᠳᠬᠡᠯ ᠺᠠᠳ᠋ᠷ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ᠠᠵᠢᠯ ᠮᠡᠷᠭᠡᠵᠢᠭᠦᠯᠬᠦ᠂ ᠲᠤᠰᠬᠠᠶᠢᠵᠢᠭᠤᠯᠬᠤ᠂ ᠨᠡᠶᠢᠭᠡᠮᠴᠢᠯᠡᠬᠦ ᠱᠠᠭᠠᠷᠳᠠᠯᠭ᠎ᠠ ᠶᠣᠰᠣᠭᠠᠷ᠂ ᠵᠡᠮᠳᠡᠭ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠰᠣᠯᠢᠯᠴᠠᠬᠤ᠂ ᠬᠡᠷᠡᠭᠯᠡᠬᠦ ᠪᠠ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠡᠮᠳᠡᠭ ᠺᠠᠳ᠋ᠷ ᠤᠨ ᠡᠩᠨᠡᠭᠡᠨ ᠤ ᠴᠢᠳᠠᠪᠤᠷᠢ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠵᠡᠮᠳᠡᠭᠴᠦᠳ ᠤᠨ ᠬᠤᠯᠪᠣᠭ᠎ᠠ ᠲᠦᠷᠦᠭᠦᠯᠡᠵᠦ᠂ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ ᠳᠤ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠪᠦᠲᠦᠮᠵᠢᠲᠡᠶ ᠠᠵᠢᠯᠯᠠᠭᠠᠨ ᠢ ᠴᠢᠩᠭᠠᠳᠬᠠᠨ᠎ᠠ᠃ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠲᠥᠯᠦᠪᠵᠢᠭᠦᠯᠭᠡ ᠳᠤ ᠣᠷᠣᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠵᠡᠮᠳᠡᠭᠴᠦᠳ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠪᠠ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ ᠠᠷᠠᠳ ᠠᠴᠠ ᠡᠷᠭᠢᠯᠡᠭᠰᠡᠨ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠳᠤ ᠳᠡᠮᠵᠢᠯᠭᠡ ᠦᠵᠡᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠦᠨ᠎ᠡ ᠲᠥᠯᠥᠪᠦᠷᠢ ᠦᠭᠡᠢ ᠪᠤᠶᠤ ᠬᠢᠮᠳᠠ ᠦᠨ᠎ᠡ ᠪᠠᠷ ᠬᠠᠩᠭᠠᠨ᠎ᠠ᠃ ︵ᠵᠡᠮᠳᠡᠭᠴᠦᠳ ᠤᠨ ᠬᠤᠯᠪᠣᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠤᠰᠬᠠᠢ ᠪᠤᠯᠤᠩ 9᠄ ᠵᠡᠮᠳᠡᠭᠴᠦᠳ ᠤᠨ ᠦᠨᠳᠦᠰᠦᠨ ᠱᠠᠲᠤᠨ ᠤ ᠰᠠᠭᠤᠷᠢ ᠴᠢᠨᠠᠷᠲᠠᠢ ᠠᠵᠢᠯ ᠤᠨ ᠭᠤᠣᠯᠳᠠᠯᠭ᠎ᠠ ᠲᠠᠢ ᠲᠥᠷᠥᠯ ᠵᠦᠢᠯ 1. ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠃ ᠵᠡᠮᠳᠡᠭᠴᠦᠳ ᠤᠨ ᠬᠤᠯᠪᠣᠭ᠎ᠠ ᠶᠢᠨ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ ᠶᠢ ᠵᠢᠷᠤᠮᠵᠢᠭᠤᠯᠵᠤ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠳᠤ ᠪᠦᠬᠦᠨ ᠢᠶᠠᠷ ᠢᠶᠠᠨ ᠵᠡᠮᠳᠡᠭᠴᠦᠳ ᠤᠨ ᠨᠡᠶᠢᠭᠡᠮᠯᠢᠭ ᠢ ᠪᠠᠶᠢᠭᠤᠯᠤᠨ᠎ᠠ᠃ ᠵᠡᠮᠳᠡᠭᠴᠦᠳ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ ᠭᠠᠴᠠᠭ᠎ᠠ ︵ᠨᠡᠶᠢᠭᠡᠮ ᠲᠣᠭᠤᠷᠢᠭ︶ ᠶᠢᠨ ᠤᠳᠤᠷᠢᠳᠬᠤ ᠪᠠᠭ ᠤᠨ ᠪᠦᠷᠢᠯᠳᠦᠭᠦᠨ ᠢᠶᠠᠷ ᠡᠭᠦᠷᠭᠡᠯᠡᠭᠦᠯᠬᠦ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ 2. ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠃ ᠵᠡᠮᠳᠡᠭᠴᠦᠳ ᠤᠨ ᠬᠤᠯᠪᠣᠭ᠎ᠠ ᠶᠢᠨ ᠵᠡᠮᠳᠡᠭ ᠺᠠᠳ᠋ᠷ ᠤᠨ ᠬᠠᠷᠢᠴᠠᠯ ᠢ 15% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠵᠡᠮᠳᠡᠭᠴᠦᠳ ᠤᠨ ᠤᠳᠤᠷᠢᠳᠬᠤ ᠺᠠᠳ᠋ᠷ ᠪᠣᠯᠣᠨ ᠲᠤᠰᠢᠶᠠᠯ ᠬᠠᠪᠰᠤᠷᠭᠠᠭᠰᠠᠨ᠂ ᠲᠤᠰᠢᠶᠠᠯ ᠡᠭᠦᠷᠭᠡᠯᠡᠭᠰᠡᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠶᠢ ᠲᠣᠬᠢᠷᠠᠭᠤᠯᠤᠨ᠎ᠠ᠃ 3. ᠲᠤᠰᠬᠠᠢ ᠲᠤᠰᠢᠶᠠᠯᠲᠤ ᠭᠡᠰᠢᠭᠦᠨ ᠤ ᠲᠣᠬᠢᠷᠠᠭᠤᠯᠤᠯᠲᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠣᠭᠠᠲᠤ ᠬᠤᠷᠠᠯ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠵᠡᠮᠳᠡᠭᠴᠦᠳ ᠤᠨ ᠨᠡᠶᠢᠭᠡᠮᠯᠢᠭ ᠤᠨ ᠲᠤᠰᠬᠠᠢ ᠲᠤᠰᠢᠶᠠᠯᠲᠤ ᠭᠡᠰᠢᠭᠦᠨ ᠤ ᠣᠯᠭᠤᠮᠵᠢ ᠶᠢ ᠰᠠᠶᠢᠵᠢᠷᠠᠭᠤᠯᠵᠤ᠂ ᠲᠡᠳᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠤᠰᠬᠠᠢ ᠲᠤᠰᠢᠶᠠᠯᠲᠤ ᠭᠡᠰᠢᠭᠦᠨ ᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ 4. ᠰᠠᠭᠤᠷᠢ ᠦᠢᠯᠡᠴᠢᠯᠡᠭᠡᠨ ᠤ ᠪᠡᠯᠡᠳᠬᠡᠮᠵᠢ᠃ ᠵᠡᠮᠳᠡᠭᠴᠦᠳ ᠢ ᠨᠠᠶᠢᠳᠠᠨ ᠠᠰᠠᠷᠠᠭᠤᠯᠬᠤ᠂ ᠠᠵᠢᠯ ᠣᠯᠭᠤᠬᠤ᠂ ᠶᠡᠷᠦᠩᠬᠡᠶᠢᠯᠡᠭᠰᠡᠨ ᠦᠢᠯᠡᠴᠢᠯᠡᠭᠡ᠂ ᠰᠣᠬᠤᠷ ᠬᠥᠮᠥᠨ ᠤ ᠢᠯᠢᠯᠭᠡ ᠵᠡᠷᠭᠡ ᠵᠡᠮᠳᠡᠭᠴᠦᠳ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠤᠨ᠎ᠠ᠃ ᠠᠶᠢᠮᠠᠭ ᠬᠤᠲᠠ ᠬᠤᠶᠠᠷ ᠱᠠᠲᠤᠨ ᠤ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠵᠢᠷᠤᠮᠵᠢᠭᠰᠠᠨ ᠪᠡᠯᠡ ᠮᠥᠩᠭᠦ ᠪᠠᠷ ᠳᠡᠮᠵᠢᠬᠦ ᠳᠦᠷᠢᠮ ᠢ ᠪᠠᠶᠢᠭᠤᠯᠤᠨ᠂ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠤᠰᠬᠠᠶᠢᠵᠢᠭᠰᠠᠨ᠂ ᠵᠢᠷᠤᠮᠵᠢᠭᠰᠠᠨ᠂ ᠣᠶᠤᠨᠴᠢᠯᠠᠭᠰᠠᠨ ᠠᠵᠢᠯᠯᠠᠭᠠᠨ ᠢ ᠠᠬᠢᠭᠤᠯᠤᠨ᠎ᠠ᠃ ︵ᠳᠥᠷᠪᠡ︶ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ 1. ᠵᠡᠮᠳᠡᠭᠴᠦᠳ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠲᠤᠯᠠᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠪᠠ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠠᠷᠢᠮᠲᠠᠯᠠᠨ᠎ᠠ᠃ ᠵᠡᠮᠳᠡᠭᠴᠦᠳ ᠤᠨ ᠠᠵᠢᠯ ᠤᠨ ᠺᠣᠮᠢᠰ ᠤᠨ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠡᠮᠳᠡᠭᠴᠦᠳ ᠤᠨ ᠠᠵᠢᠯ ᠢ ᠠᠬᠢᠭᠤᠯᠵᠤ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ︵ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 2. ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠤᠨ᠎ᠠ᠃ ᠨᠠᠮ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ︽ᠤᠯᠤᠰ ᠲᠥᠷᠥ ᠶᠢ ᠡᠷᠬᠢᠮᠯᠡᠬᠦ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠰᠤᠷᠲᠠᠯ ᠢ ᠬᠤᠪᠢᠷᠠᠭᠤᠯᠬᠤ᠂ ᠲᠤᠰᠬᠠᠢ ᠲᠤᠰᠢᠶᠠᠯ ᠢ ᠬᠠᠪᠰᠤᠷᠭᠠᠨ ᠬᠠᠷᠢᠭᠤᠴᠠᠬᠤ᠂ ᠲᠥᠯᠥᠭᠡᠯᠡᠭᠴᠢ ᠶᠢ ᠥᠷᠭᠡᠳᠬᠡᠬᠦ ᠂ ᠮᠡᠳᠡᠭᠡ ᠵᠠᠩᠭᠢᠵᠢᠭᠤᠯᠬᠤ᠂ ᠭᠤᠣᠯ ᠠᠵᠢᠯ ᠢ ᠲᠥᠪᠯᠡᠷᠡᠭᠦᠯᠬᠦ︾ ᠵᠡᠷᠭᠡ ᠡᠭᠦᠷᠭᠡ ᠶᠢᠨ ᠲᠣᠭᠤᠷᠢᠨ ᠳᠤ᠂ ︽ᠲᠥᠯᠥᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠤᠷᠢ ᠪᠠᠨ ᠬᠠᠤᠯᠢ ᠳᠦᠷᠢᠮ ᠶᠣᠰᠣᠭᠠᠷ ᠭᠦᠢᠴᠡᠳᠬᠡᠵᠦ ᠂ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠳᠠᠪᠠᠭᠤᠯᠢᠭ ᠢᠶᠠᠨ ᠪᠠᠳᠠᠷᠠᠭᠤᠯᠵᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠨ᠎ᠡ᠃ ᠵᠡᠮᠳᠡᠭᠴᠦᠳ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠶᠢ ᠰᠣᠨᠣᠰᠴᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠤᠤᠱᠯᠠᠭᠤᠯᠬᠤ ᠠᠵᠢᠯ ᠢ ᠰᠠᠶᠢᠲᠤᠷ ᠬᠢᠨ᠎ᠡ᠃ ᠥᠷᠭᠡᠨ ᠤᠯᠠᠨ ᠵᠡᠮᠳᠡᠭᠴᠦᠳ ᠤᠨ ᠠᠵᠢᠯᠲᠠᠳ ︽ᠬᠥᠮᠦᠯᠢᠭ ᠶᠣᠰᠣ ᠂ ᠠᠷᠢᠭᠤᠨ ᠴᠢᠬᠡᠴᠢ᠂ ᠦᠢᠯᠡᠴᠢᠯᠡᠬᠦ᠂ ᠬᠤᠪᠢ ᠨᠡᠮᠡᠷᠢ ᠦᠵᠡᠭᠦᠯᠬᠦ︾ ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠵᠢᠷᠤᠮᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠵᠦ ᠪᠠᠶᠢᠨ᠎ᠠ᠃ ︵ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 3. ᠵᠡᠮᠳᠡᠭᠴᠦᠳ ᠤᠨ ᠨᠢᠭᠦᠯᠡᠰᠦᠩᠭᠦᠢ ᠶᠢᠨ ᠦᠢᠯᠡᠰ ᠪᠠ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ ᠪᠠ ᠨᠡᠶᠢᠭᠡᠮ ᠢᠶᠠᠷ ᠢᠶᠠᠨ ᠣᠷᠣᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠨᠢᠭᠦᠯᠡᠰᠦᠩᠭᠦᠢ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠨᠠᠩ ᠣᠯᠠᠨ ᠨᠡᠶᠢᠭᠡᠮ ᠤᠨ ᠡᠬᠢ ᠪᠠᠶᠠᠯᠢᠭ ᠢ ᠳᠠᠶᠢᠴᠢᠯᠠᠨ᠂ ᠠᠷᠭ᠎ᠠ ᠮᠠᠶ᠋ᠢᠭ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠥᠷᠭᠡᠳᠬᠡᠨ᠂ ᠵᠡᠮᠳᠡᠭᠴᠦᠳ ᠤᠨ ᠨᠢᠭᠦᠯᠡᠰᠦᠩᠭᠦᠢ ᠶᠢᠨ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠢ ᠲᠡᠳᠬᠦᠬᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠪᠠᠷ ᠪᠣᠶᠢᠵᠢᠭᠤᠯᠵᠤ᠂ ᠵᠡᠮᠳᠡᠭᠴᠦᠳ ᠢ ᠲᠤᠰᠠᠯᠠᠬᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠦᠢᠯᠡᠰ ᠢ ᠬᠥᠬᠢᠭᠦᠯᠦᠨ ᠱᠠᠩᠨᠠᠨ᠎ᠠ᠃ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠨ ᠳᠠᠩᠰᠠᠯᠠᠬᠤ᠂ ᠦᠢᠯᠡᠴᠢᠯᠡᠭᠡᠨ ᠤ ᠲᠡᠮᠳᠡᠭᠯᠡᠯ ᠬᠢᠬᠦ᠂ ᠵᠣᠬᠢᠶᠠᠨ ᠪᠠᠶᠢᠭᠤᠯᠤᠨ ᠬᠠᠮᠢᠶᠠᠷᠬᠤ᠂ ᠦᠨᠡᠯᠡᠨ ᠤᠷᠮᠠᠰᠢᠭᠤᠯᠬᠤ᠂ ᠡᠷᠬᠡ ᠠᠰᠢᠭ ᠢ ᠬᠠᠮᠠᠭᠠᠯᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠣᠯᠠᠨ ᠲᠦᠮᠡᠨᠴᠢ ᠴᠢᠨᠠᠷᠲᠠᠢ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠡᠮᠳᠡᠭᠴᠦᠳ ᠲᠤ ᠠᠮᠢᠳᠤᠷᠠᠯ ᠢ ᠬᠠᠷᠠᠭᠠᠯᠵᠠᠬᠤ᠂ ᠰᠤᠷᠭᠠᠨ ᠬᠥᠮᠦᠵᠢᠯ ᠢ ᠳᠡᠮᠵᠢᠨ ᠰᠤᠷᠤᠯᠭ᠎ᠠ ᠶᠢ ᠲᠡᠳᠬᠦᠬᠦ᠂ ᠨᠡᠶᠢᠭᠡᠮ ᠲᠣᠭᠤᠷᠢᠭ ᠤᠨ ᠡᠮᠴᠢᠯᠡᠭᠡ ᠶᠢ ᠵᠢᠯᠤᠭᠤᠳᠬᠤ᠂ ᠰᠣᠶᠣᠯ ᠪᠡᠶ᠎ᠡ ᠶᠢᠨ ᠲᠠᠮᠢᠷ᠂ ᠶᠠᠪᠤᠵᠤ ᠰᠠᠭᠤᠬᠤ ᠳᠤ ᠬᠠᠪᠰᠤᠷᠬᠤ ᠵᠡᠷᠭᠡ ᠦᠢᠯᠡᠴᠢᠯᠡᠭᠡ ᠬᠠᠩᠭᠠᠵᠤ᠂ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠢ ᠪᠠᠶᠢᠩᠭᠤᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠶᠢ ᠠᠬᠢᠭᠤᠯᠤᠨ᠎ᠠ᠃ ︵ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 4. ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ ᠠᠵᠢᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠶᠢᠨ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠢ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠡᠵᠡᠩᠨᠡᠯᠲᠡ ᠳᠤ ᠣᠷᠣᠯᠴᠠᠬᠤ ᠶᠢ ᠰᠠᠨᠠᠭᠠᠴᠢᠯᠠᠨ᠎ᠠ᠃ ᠵᠡᠮᠳᠡᠭᠴᠦᠳ ᠤᠨ ᠠᠵᠢᠯ ᠦᠢᠯᠡᠰ ᠤᠨ ᠮᠥᠩᠭᠦᠨ ᠭᠦᠢᠯᠭᠡᠭᠡᠨ᠂ ᠭᠠᠶᠢᠯᠢ ᠲᠠᠲᠠᠪᠤᠷᠢ ᠵᠡᠷᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠠᠷᠭ᠎ᠠ ᠵᠠᠮ ᠢᠶᠠᠷ᠂ ᠣᠯᠠᠨ ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ᠵᠡᠮᠳᠡᠭᠴᠦᠳ ᠢ ᠲᠤᠰᠠᠯᠠᠬᠤ ᠡᠯ᠎ᠡ ᠲᠦᠷᠦᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠦᠴᠦᠨ ᠢ ᠲᠠᠲᠠᠵᠤ ᠪᠠᠶᠢᠭᠠᠳ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠦᠢᠯᠡᠰ ᠲᠤ ᠣᠷᠣᠯᠴᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠨᠤᠭᠤᠳ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠤᠳᠤᠯᠤᠯ ᠢ ᠴᠢᠩᠭᠠᠳᠬᠠᠬᠤ ᠶᠢ ᠵᠣᠷᠢᠭᠵᠢᠭᠤᠯᠤᠨ᠎ᠠ᠃ ︵ᠵᠡᠮᠳᠡᠭᠴᠦᠳ ᠤᠨ ᠬᠤᠯᠪᠣᠭᠠᠲᠤ ᠬᠤᠷᠠᠯ ᠲᠦᠷᠦᠭᠦᠯᠡᠵᠦ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠤᠰ ᠭᠠᠵᠠᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠂ ᠲᠥᠯᠦᠪᠵᠢᠭᠦᠯᠭᠡ ᠶᠢᠨ ᠭᠤᠣᠯ ᠪᠣᠯᠬᠤ ᠭᠦᠢᠴᠡᠳᠬᠡᠬᠦ ᠲᠤᠭ᠎ᠠ ᠶᠢ ᠲᠤᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠪᠣᠯᠣᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠡᠭᠦᠷᠭᠡ ᠪᠠᠨ ᠲᠠᠨᠢᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠮᠲᠤᠪᠠᠷ ᠰᠠᠶᠢᠲᠤᠷ ᠠᠳᠬᠤᠵᠤ ᠂ ᠭᠤᠣᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠵᠡᠮᠳᠡᠭᠴᠦᠳ ᠤᠨ ᠠᠵᠢᠯ ᠦᠢᠯᠡᠰ ᠤᠨ ᠵᠠᠷᠤᠳᠠᠯ ᠢ ᠪᠠᠲᠤᠯᠠᠬᠤ ᠲᠣᠭᠲᠠᠪᠤᠷᠢᠲᠠᠢ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠪᠡᠯᠡ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ᠂ ᠰᠠᠭᠤᠷᠢ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠠ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠠᠲᠠᠪᠤᠷᠢᠯᠠᠬᠤ ᠪᠦᠲᠦᠴᠡ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠵᠦ᠂ ᠰᠢᠰᠲ᠋ᠧᠮ ᠲᠠᠢ ᠪᠠᠷ ᠰᠢᠯᠢᠳᠡᠭᠵᠢᠭᠦᠯᠦᠨ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠵᠢᠯ ᠪᠦᠷᠢ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠣᠯᠣᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠣᠲᠣᠷ᠎ᠠ ᠠᠴᠠ ᠵᠣᠬᠢᠬᠤ ᠬᠠᠷᠢᠴᠠᠯ ᠤᠨ ᠲᠤᠰᠬᠠᠢ ᠵᠦᠢᠯ ᠤᠨ ᠪᠡᠯᠡ ᠮᠥᠩᠭᠦ ᠬᠤᠪᠢᠶᠠᠷᠢᠯᠠᠨ ᠭᠠᠷᠭᠠᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠢ ᠪᠠ ᠪᠡᠶ᠎ᠡ ᠶᠢᠨ ᠲᠠᠮᠢᠷ ᠤᠨ ᠦᠢᠯᠡᠰ ᠢ ᠳᠡᠮᠵᠢᠬᠦ ᠳᠤ ᠬᠡᠷᠡᠭᠯᠡᠨ᠎ᠡ᠃ ︵ᠭᠤᠷᠪᠠ︶ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠷᠠᠭᠤᠯᠤᠨ᠎ᠠ᠃ ᠵᠡᠮᠳᠡᠭᠴᠦᠳ ᠤᠨ ᠠᠵᠢᠯ ᠤᠨ ᠺᠣᠮᠢᠰ  ᠨᠢ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠣᠨ ᠤ ᠬᠢᠨᠠᠨ ᠬᠡᠮᠵᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠳ᠋ᠦᠩᠨᠡᠨ ᠦᠨᠡᠯᠡᠨ ᠵᠢᠱᠢᠬᠦ ᠶᠢ ᠴᠠᠭ  ᠲᠤᠨᠢ ᠲᠣᠬᠢᠷᠠᠭᠤᠯᠤᠨ ᠬᠢᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号