ᠰᠢᠯᠢ ᠶᠢᠨ ᠬᠤᠲᠠ ᠶᠢᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/11/22
ᠰᠢᠯᠢ ᠶᠢᠨ ᠬᠤᠲᠠ ᠶᠢᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠥᠰᠥᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢᠨ ᠬᠡᠷᠡᠭᠵᠢᠭᠦᠯᠬᠦ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠬᠤᠭᠤᠴᠠᠭᠠᠨ ᠳᠠᠬᠢ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠭᠡ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ ᠨᠢᠭᠡ᠂ ᠶᠡᠷᠦᠩᠬᠡᠢ ᠱᠠᠭᠠᠷᠳᠠᠯᠭ᠎ᠠ ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ  ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠳᠤᠮᠳᠠᠬᠢ ᠵᠢᠭᠤᠯᠴᠢᠯᠠᠯ ᠤᠨ ᠦᠢᠯᠡᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠶᠢᠨ ᠴᠢᠬᠤᠯᠠ ᠬᠥᠳᠡᠯᠭᠡᠬᠦ ᠬᠦᠴᠦᠨ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠮᠡᠳᠡᠷᠡᠬᠦ ᠴᠢᠬᠤᠯᠠ ᠠᠴᠢᠶᠠᠯᠠᠪᠤᠷᠢ ᠪᠣᠯᠭᠠᠨ᠎ᠠ᠃ ︵ᠬᠤᠶᠠᠷ︶ ᠶᠡᠷᠦᠩᠬᠡᠢ ᠬᠠᠷᠠᠯᠲᠠ᠃ 2025 ᠣᠨ ᠪᠣᠯᠬᠤ ᠳᠤ᠂ ᠰᠢᠯᠢ ᠶᠢᠨ ᠬᠤᠲᠠ ᠶᠢᠨ ᠵᠢᠭᠤᠯᠴᠢᠯᠠᠯ ᠤᠨ ᠰᠢᠯᠢᠳᠡᠭ ᠬᠠᠩᠭᠠᠯᠭ᠎ᠠ ᠶᠢ ᠨᠡᠩ ᠪᠠᠶᠠᠯᠢᠭᠵᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠮᠥᠨ ᠤ ᠲᠤᠭ᠎ᠠ ᠶᠢ ᠶᠡᠬᠡᠪᠡᠷ ᠨᠡᠮᠡᠭᠳᠡᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠢᠯᠡᠳᠲᠡ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠬᠢ ᠦᠢᠯᠡᠳᠦᠯ ᠢ ᠨᠡᠩ ᠲᠣᠪᠣᠶᠢᠮ᠎ᠠ ᠪᠣᠯᠭᠠᠨ᠎ᠠ᠃ ᠬᠤᠶᠠᠷ᠂ ᠭᠤᠣᠯ ᠡᠭᠦᠷᠭᠡ ︵ᠨᠢᠭᠡ︶ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠢᠭᠤᠯᠴᠢᠯᠠᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤᠮᠳᠠᠬᠢ ᠵᠢᠭᠤᠯᠴᠢᠯᠠᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠬᠠᠭᠤᠯᠭ᠎ᠠ ᠬᠥᠮᠦᠵᠢᠯ ᠤᠨ ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠭᠤᠯᠤᠭᠳᠠᠬᠤᠨ ᠨᠡᠮᠡᠷᠢᠯᠡᠨ᠎ᠡ᠃ 1. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠦᠵᠡᠮᠵᠢ ᠶᠢᠨ ᠣᠷᠣᠨ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠵᠢᠭᠤᠯᠴᠢᠯᠠᠯ ᠤᠨ ᠠᠵᠢᠯᠯᠠᠭ᠎ᠠ ᠶᠢ ᠲᠥᠰᠥᠪᠯᠡᠬᠦ᠂ ᠳᠡᠯᠭᠡᠨ ᠦᠵᠡᠭᠦᠯᠬᠦ᠂ ᠵᠢᠭᠤᠯᠴᠢᠯᠠᠯ ᠤᠨ ᠬᠥᠲᠥᠴᠢ ᠶᠢᠨ ᠲᠠᠶᠢᠯᠪᠤᠷᠢᠯᠠᠯᠲᠠ᠂ ᠵᠢᠭᠤᠯᠴᠢᠯᠠᠯ ᠤᠨ ᠲᠣᠭᠯᠠᠯᠲᠠ ᠵᠡᠷᠭᠡ ᠲᠠᠯ᠎ᠠ ᠪᠠᠷ ᠦᠨᠳᠦᠰᠦᠲᠡᠨ ᠨᠦᠭᠦᠳ ᠤᠨ ᠬᠠᠮᠲᠤᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠦᠷᠢ ᠲᠥᠷᠬᠦ ᠶᠢ ᠪᠦᠬᠦ ᠲᠠᠯ᠎ᠠ ᠪᠠᠷ ᠪᠤᠢ ᠪᠣᠯᠭᠠᠨ ᠲᠤᠪᠤᠶᠢᠯᠭᠠᠪᠠ᠃ ᠡᠯ᠎ᠡ ᠦᠨᠳᠦᠰᠦᠲᠡᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠬᠦ᠂ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠬᠦ᠂ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠭᠦᠳᠦᠨ ᠪᠦᠲᠦᠭᠡᠬᠦ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠪᠣᠶᠢᠵᠢᠭᠤᠯᠬᠤ ᠪᠠᠷ ᠭᠤᠣᠯ ᠠᠭᠤᠯᠭ᠎ᠠ ᠪᠣᠯᠭᠠᠭᠰᠠᠨ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠲᠥᠪᠯᠡᠷᠡᠭᠦᠯᠦᠨ ᠢᠯᠡᠷᠡᠭᠦᠯᠵᠦ᠂ ︽ᠲᠠᠯ᠎ᠠ ᠨᠤᠲᠤᠭ ᠤᠨ ᠪᠣᠯᠵᠤᠭ᠎ᠠ · ᠠᠭᠤᠯᠵᠠᠯᠲᠠ ᠶᠢᠨ ᠨᠠᠭᠠᠳᠤᠮ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠵᠢᠴᠢ ᠰᠢᠷᠢᠰ ᠠᠵᠢᠯᠯᠠᠭ᠎ᠠ ᠶᠢᠨ ᠨᠢᠭᠡ ᠪᠣᠯᠬᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠤᠷ᠎ᠠ ᠮᠡᠷᠭᠡᠵᠢᠯ ᠤᠨ ᠤᠷᠤᠯᠳᠤᠭᠠᠨ ᠢ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠥᠷᠥᠭᠳᠡᠯ ᠲᠠᠢ ᠪᠦᠲᠦᠮᠵᠢᠲᠡᠶ ᠪᠣᠶ ᠪᠣᠯᠭᠠᠨ ᠪᠠᠬᠢᠵᠢᠭᠦᠯᠵᠦ᠂ ︽ᠭᠤᠷᠪᠠ ᠠᠴᠠ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠬᠦ︾ ︽ᠳᠥᠷᠪᠡ ᠶᠢ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ 2. ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠦᠨ᠎ᠡ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠶᠡᠬᠡᠪᠡᠷ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠦᠪ ᠴᠢᠨᠠᠷ ᠢ ᠦᠷᠭᠦᠯᠵᠢᠯᠡᠭᠦᠯᠵᠦ᠂ ᠬᠤᠪᠢᠰᠬᠠᠯ ᠤᠨ ᠵᠢᠭᠤᠯᠴᠢᠯᠠᠯ ᠢ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠵᠢᠭᠤᠯᠴᠢᠯᠠᠯ ᠤᠨ ᠠᠵᠢᠯᠯᠠᠭ᠎ᠠ᠂ ᠵᠢᠭᠤᠯᠴᠢᠯᠠᠯ ᠤᠨ ᠤᠬᠠᠭᠤᠯᠭ᠎ᠠ᠂ ᠵᠢᠭᠤᠯᠴᠢᠯᠠᠯ ᠤᠨ ᠲᠠᠶᠢᠯᠪᠤᠷᠢᠯᠠᠯᠲᠠ᠂ ᠵᠢᠭᠤᠯᠴᠢᠯᠠᠯ ᠤᠨ ᠤᠷᠠᠨ ᠲᠣᠭᠯᠠᠯᠲᠠ᠂ ᠵᠢᠭᠤᠯᠴᠢᠯᠠᠯ ᠤᠨ ᠰᠣᠶᠣᠯ ᠤᠨ ᠡᠭᠦᠳᠦᠯᠲᠡ ᠵᠡᠷᠭᠡ ᠡᠯ᠎ᠡ ᠲᠠᠯ᠎ᠠ ᠳᠤ ᠠᠭᠤᠰᠬᠠᠨ ᠣᠷᠣᠭᠤᠯᠵᠤ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠪᠦᠯᠬᠦᠮᠳᠡᠨ ᠲᠡᠮᠡᠴᠡᠬᠦ ᠦᠵᠡᠯ ᠰᠠᠨᠠᠭ᠎ᠠ ᠶᠣᠰᠣ ᠮᠣᠷᠠᠯ ᠤᠨ ᠰᠠᠭᠤᠷᠢ ᠶᠢ ᠪᠠᠲᠤᠳᠬᠠᠨ᠎ᠠ᠃ 3. ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠠᠭᠤᠤ ᠶᠡᠭᠡ ᠠᠮᠵᠢᠯᠲᠠ ᠪᠦᠲᠦᠮᠵᠢ ᠶᠢ ᠶᠡᠭᠡ ᠪᠠᠷ ᠤᠬᠠᠭᠤᠯᠤᠨ᠎ᠠ᠃ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ᠂ ᠦᠨᠳᠦᠰᠦᠲᠡᠨ ᠨᠦᠭᠦᠳ ᠤᠨ ᠬᠠᠮᠲᠤᠪᠠᠷ ᠲᠡᠮᠡᠴᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠠᠮᠵᠢᠯᠲᠠ ᠶᠢ ᠲᠥᠪᠯᠡᠷᠡᠭᠦᠯᠦᠨ ᠬᠠᠷᠠᠭᠤᠯᠬᠤ ᠬᠡᠷᠡᠭᠲᠡᠢ᠃ ᠨᠥᠬᠦᠴᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠢ ᠪᠣᠶᠢᠵᠢᠭᠤᠯᠬᠤ ᠶᠢ ᠵᠣᠷᠢᠭᠵᠢᠭᠤᠯᠤᠨ ᠳᠡᠮᠵᠢᠵᠦ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠬᠥᠳᠡᠭᠡ ᠲᠣᠰᠬᠤᠨ ᠤ ᠠᠮᠠᠷᠠᠯᠲᠠ᠂ ᠪᠣᠬᠢᠷᠲᠤᠯ ᠦᠭᠡᠢ ᠢᠳᠡᠭᠡᠨ ᠤᠮᠳᠠᠭᠠᠨ᠂ ᠠᠷᠠᠳ ᠤᠨ ᠵᠠᠩ ᠳᠠᠳᠬᠠᠯ ᠢ ᠣᠶᠢᠯᠠᠭᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ 4. ᠲᠡᠦᠬᠡ ᠰᠣᠶᠣᠯ ᠤᠨ ᠥᠪ ᠤᠨ ᠡᠬᠢ ᠪᠠᠶᠠᠯᠢᠭ ᠢ ᠠᠮᠢᠳᠤᠯᠢᠭ ᠢᠶᠠᠷ ᠠᠰᠢᠭᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠪᠠᠷ ᠭᠤᠣᠯ ᠰᠡᠳᠦᠪ ᠪᠣᠯᠭᠠᠵᠤ᠂ ᠰᠢᠯᠢ ᠶᠢᠨ ᠬᠤᠲᠠ ᠶᠢᠨ ᠲᠡᠦᠬᠡᠨ ᠳᠡᠭᠡᠷᠡᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠬᠡᠷᠡᠭ᠂ ᠪᠠᠭᠤᠷᠢ ᠦᠯᠡᠳᠡᠭᠳᠡᠯ ᠵᠡᠷᠭᠡ ᠶᠢ ᠭᠦᠨᠵᠡᠭᠡᠢ ᠠᠭᠤᠳᠠᠯᠤᠨ ᠡᠮᠬᠢᠯᠡᠵᠦ᠂ ᠰᠣᠶᠣᠯ ᠤᠨ ᠥᠪ ᠤᠨ ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠡᠩ ᠤᠯᠠᠨ ᠵᠤᠭᠠᠴᠠᠭᠰᠠᠳ ᠢ ᠮᠦᠽᠧᠢ᠂ ᠰᠣᠶᠣᠯ ᠤᠨ ᠣᠷᠳᠣᠨ ᠳᠤ ᠣᠴᠢᠭᠤᠯᠵᠤ᠂ ᠰᠣᠶᠣᠯ ᠤᠨ ᠥᠪᠡᠷ ᠢ ᠪᠠᠨ ᠢᠲᠡᠭᠡᠬᠦ ᠪᠠ ᠥᠪᠡᠷ ᠢ ᠪᠠᠨ ᠬᠦᠴᠦᠷᠬᠡᠭᠵᠢᠭᠦᠯᠬᠦ ᠶᠢ ᠨᠡᠩ ᠰᠠᠶᠢᠲᠤᠷ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠪᠤᠢ ᠪᠣᠯᠭᠠᠨ᠎ᠠ᠃ 5. ᠰᠣᠶᠣᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠮᠠᠨ ᠤ ᠬᠤᠲᠠ ᠶᠢᠨ ᠣᠨᠴᠠᠯᠢᠭᠲᠤ ᠠᠮᠢ ᠠᠬᠤᠢ ᠶᠢᠨ ᠣᠷᠴᠢᠨ ᠲᠣᠭᠤᠷᠢᠨ ᠪᠠ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ︽ᠰᠣᠶᠣᠯ ᠢᠶᠠᠷ ᠵᠢᠭᠤᠯᠴᠢᠯᠠᠯ ᠢ ᠱᠤᠭᠤᠵᠤ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ︾ ᠶᠢ ᠪᠠᠷᠢᠮᠲᠠᠯᠠᠵᠤ᠂ ᠤᠯᠠᠮᠵᠢᠯᠠᠯᠲᠤ ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ ᠵᠡᠷᠭᠡ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ᠂ ᠠᠯᠢ ᠣᠯᠠᠨ ᠥᠪᠡᠷ ᠢᠶᠠᠨ ᠲᠡᠷᠭᠡ ᠵᠢᠯᠣᠭᠤᠳᠤᠨ ᠵᠣᠭᠠᠴᠠᠬᠤ᠂ ᠲᠡᠷᠭᠡᠨ ᠳᠡᠭᠡᠷᠡᠬᠢ ᠳᠠᠭᠤᠤ ᠬᠥᠭᠵᠢᠮ ᠤᠨ ᠲᠣᠭᠯᠠᠯᠲᠠ᠂ ᠵᠢᠭᠤᠯᠴᠢᠯᠠᠵᠤ ᠰᠡᠭᠦᠳᠡᠷᠯᠡᠨ ᠬᠡᠭᠡᠷ᠎ᠡ ᠪᠠᠭᠤᠳᠠᠯᠯᠠᠬᠤ ᠵᠡᠷᠭᠡ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠰᠣᠶᠣᠯ ᠢᠶᠠᠷ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠬᠥᠭᠵᠢᠭᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠤᠨ᠎ᠠ᠃ 6. ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠰᠣᠶᠣᠯ ᠤᠨ ᠲᠠᠯᠠᠪᠠᠶ ᠣᠷᠳᠣᠨ᠂ ᠦᠵᠡᠮᠵᠢ ᠶᠢᠨ ᠣᠷᠣᠨ ᠦᠵᠡᠮᠵᠢ ᠶᠢᠨ ᠴᠢᠭ᠂ ᠳᠡᠯᠭᠡᠨ ᠦᠵᠡᠭᠦᠯᠦᠯᠭᠡ᠂ ᠵᠢᠭᠤᠯᠴᠢᠯᠠᠯ ᠤᠨ ᠲᠠᠶᠢᠯᠤᠮᠵᠢ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠ ᠵᠢᠭᠤᠯᠴᠢᠯᠠᠯ ᠤᠨ ᠤᠬᠠᠭᠤᠯᠭ᠎ᠠ ᠶᠢᠨ ᠳᠤᠮᠳᠠ᠂ ᠬᠡᠯᠪᠡᠷᠢ ᠲᠠᠢ ᠪᠦᠲᠦᠮᠵᠢᠲᠡᠢ ᠰᠡᠷᠡᠭᠳᠡᠯ ᠲᠠᠢ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠶᠢᠨ ᠰᠣᠶᠣᠯ ᠤᠨ ᠣᠨᠴᠠᠯᠢᠭ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠤᠯᠤᠰ ᠤᠨ ᠳᠦᠷᠢ ᠲᠥᠷᠬᠦ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠵᠢᠭᠤᠯᠴᠢᠯᠠᠯ ᠢᠶᠠᠷ ᠳᠤᠮᠳᠠᠳᠤ ᠶᠢᠨ ᠰᠣᠶᠣᠯ ᠢ ᠣᠶᠢᠯᠠᠭᠠᠬᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠪᠠᠬᠢ ᠪᠤᠢ ᠪᠣᠯᠭᠠᠬᠤ ᠶᠠᠪᠤᠴᠠ ᠪᠣᠯᠭᠠᠨ᠎ᠠ᠃ ︵ᠬᠤᠶᠠᠷ︶ ᠥᠷᠲᠡᠭ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠠᠷᠢᠯᠴᠠᠨ ᠬᠠᠮᠵᠢᠯᠴᠠᠬᠤ ᠶᠢ ᠠᠬᠢᠭᠤᠯᠤᠨ᠂ ᠨᠠᠩ ᠣᠯᠠᠨ ᠶᠠᠰᠤ ᠴᠢᠨᠠᠷᠵᠢᠭᠰᠠᠨ᠂ ᠣᠨᠴᠠᠯᠢᠬᠵᠢᠭᠰᠠᠨ᠂ ᠵᠤᠷᠰᠢᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠤᠨ ᠣᠨᠣᠯᠵᠢᠬᠤᠨ ᠢ ᠢᠯᠡᠷᠡᠭᠦᠯᠦᠭᠰᠡᠨ ᠵᠢᠭᠤᠯᠴᠢᠯᠠᠯ ᠤᠨ ᠪᠦᠲᠦᠭᠡᠭᠳᠡᠬᠦᠨ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠨᠠᠩ ᠣᠯᠠᠨ ᠵᠤᠭᠠᠴᠠᠭᠰᠠᠳ ᠢ ᠰᠢᠯᠢ ᠶᠢᠨ ᠬᠤᠲᠠ ᠳᠤ ᠵᠢᠭᠤᠯᠴᠢᠯᠠᠭᠤᠯᠬᠤ ᠪᠠᠷ ᠲᠠᠲᠠᠬᠤ ᠬᠡᠷᠡᠭᠲᠡᠢ᠃ 7. ᠦᠨᠳᠦᠰᠦᠲᠡᠨ ᠤ ᠭᠠᠵᠠᠷ ᠣᠷᠣᠨ ᠤ ᠣᠯᠠᠨ ᠲᠦᠮᠡᠨ ᠤ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠢ ᠵᠣᠬᠢᠶᠠᠨ ᠪᠠᠶᠢᠭᠤᠯᠤᠨ᠎ᠠ᠃ ᠵᠢᠭᠤᠯᠴᠢᠯᠠᠯ ᠤᠨ ᠠᠵᠤ ᠠᠬᠤᠶᠢᠯᠠᠯ ᠤᠨ ᠡᠷᠬᠢᠨ ᠲᠣᠭᠤᠷᠢᠨ ᠠᠴᠠ ᠬᠤᠰᠢᠭᠤ ᠰᠢᠶᠠᠨ᠂ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠬᠦᠷᠲᠡᠯᠡᠬᠢ ᠲᠤᠰᠬᠠᠢ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠯᠤᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠨ ᠬᠤᠯᠪᠤᠭᠠᠯᠠᠨ ᠰᠢᠨ᠎ᠡ ᠶᠢ ᠡᠭᠦᠳᠴᠦ ᠬᠠᠮᠲᠤᠪᠠᠷ ᠪᠦᠲᠦᠭᠡᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠬᠤᠯᠪᠤᠭᠠᠯᠠᠨ ᠰᠢᠨ᠎ᠡ ᠶᠢ ᠡᠭᠦᠳᠴᠦ ᠬᠠᠮᠲᠤᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠨ᠎ᠠ᠃ ᠭᠤᠣᠯᠳᠠᠯᠭ᠎ᠠ ᠲᠠᠢ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠪᠠᠷᠢᠮᠵᠢᠶ᠎ᠠ ᠨᠢ ᠵᠢᠷᠤᠮᠵᠢᠭᠰᠠᠨ᠂ ᠳᠥᠭᠦᠮ ᠳᠥᠲᠡ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠴᠢᠯᠡᠭᠡ ᠬᠠᠩᠭᠠᠵᠤ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠵᠢᠭᠤᠯᠴᠢᠯᠠᠯ ᠤᠨ ᠳᠤᠮᠳᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠬᠤ ᠶᠢ ᠭᠦᠢᠴᠡᠳ ᠮᠡᠳᠡᠷᠡᠭᠦᠯᠵᠦ᠂ ︽ᠲᠠᠪᠤᠨ ᠡᠭᠡᠯᠢᠰᠢᠯ︾ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ 8. ᠣᠷᠣᠨ ᠪᠦᠰᠡ ᠠᠯᠤᠰᠯᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠨᠡᠭᠡᠭᠡᠨ ᠬᠥᠭᠵᠢᠭᠦᠯᠦᠨ᠎ᠡ᠃ ᠪᠥᠬᠦ ᠠᠶᠢᠮᠠᠭ ᠤᠨ ︽ᠨᠢᠭᠡ ᠴᠣᠭᠴᠠᠵᠢᠭᠤᠯᠤᠭᠰᠠᠨ ᠬᠤᠶᠠᠷ ᠵᠢᠭᠦᠷ · ᠣᠯᠠᠨ ᠴᠢᠭ᠋ ᠪᠥᠬᠦ ᠴᠠᠷᠠᠭ᠎ᠠ︾ ᠶᠢᠨ ᠵᠦᠷᠢᠶᠡᠴᠢᠯᠡᠭᠰᠡᠨ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠶᠢᠨ ᠳᠣᠣᠷ᠎ᠠ᠂ ᠪᠥᠬᠦ ᠬᠤᠲᠠ ᠶᠢᠨ ᠡᠯ᠎ᠡ ᠪᠠᠯᠭᠠᠰᠤ ᠰᠤᠮᠤ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠣᠭᠤᠷᠢᠨ ᠦᠵᠡᠬᠦ᠂ ᠰᠤᠳᠤᠯᠤᠨ ᠰᠤᠷᠤᠯᠴᠠᠬᠤ᠂ ᠵᠢᠭᠤᠯᠴᠢᠯᠠᠵᠤ ᠰᠡᠭᠦᠳᠡᠷᠯᠡᠬᠦ᠂ ᠣᠯᠠᠭᠠᠨ ᠬᠤᠪᠢᠰᠬᠠᠯ᠂ ᠪᠣᠳᠠᠰ ᠤᠨ ᠪᠤᠰᠤ ᠰᠣᠶᠣᠯ ᠤᠨ ᠥᠪ ᠂ ᠨᠠᠭᠠᠳᠤᠮ ᠵᠡᠷᠭᠡ ᠪᠠᠷ ᠭᠤᠣᠯ ᠰᠡᠳᠦᠪ ᠪᠣᠯᠭᠠᠨ ᠨᠢᠭᠡ ᠪᠦᠯᠦᠭ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠢᠭᠡᠳᠦᠯᠲᠡᠢ ᠲᠥᠯᠥᠪᠯᠡᠨ ᠪᠣᠶ ᠪᠣᠯᠭᠠᠵᠤ᠂ ᠰᠢᠯᠢ ᠶᠢᠨ ᠬᠤᠲᠠ ᠶᠢᠨ ᠣᠨᠴᠠᠯᠢᠭ ᠢ ᠢᠯᠡᠷᠡᠭᠦᠯᠦᠭᠰᠡᠨ ᠵᠢᠭᠤᠯᠴᠢᠯᠠᠯ ᠤᠨ ᠵᠠᠮ ᠱᠤᠭᠤᠮ ᠤᠨ ᠰᠢᠰᠲ᠋ᠧᠮᠵᠢ ᠶᠢ ᠪᠠᠶᠢᠭᠤᠯᠤᠨ᠎ᠠ︔ ᠣᠨᠴᠠᠯᠢᠭᠲᠤ ᠰᠣᠶᠣᠯ ᠤᠨ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠶᠢ ᠶᠡᠬᠡᠪᠡᠷ ᠬᠥᠭᠵᠢᠭᠦᠯᠦᠨ᠎ᠡ᠃ 9. ᠣᠷᠣᠨ ᠪᠦᠰᠡ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠡᠷᠬᠢᠨ ᠲᠣᠭᠤᠷᠢᠨ ᠤ ᠬᠤᠰᠢᠭᠤ ᠰᠢᠶᠠᠨ ᠯᠤᠭ᠎ᠠ ᠶᠢᠨ ᠭᠠᠳᠠᠨᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠰᠣᠶᠣᠯ ᠤᠨ ᠵᠢᠭᠤᠯᠴᠢᠯᠠᠯ ᠤᠨ ᠬᠦᠷᠢᠶ᠎ᠡ ᠶᠢ ᠪᠠᠶᠢᠭᠤᠯᠤᠨ᠎ᠠ᠃ ᠣᠷᠣᠨ ᠪᠦᠰᠡ ᠶᠢᠨ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ ᠵᠢᠭᠤᠯᠴᠢᠯᠠᠯ ᠤᠨ ᠦᠢᠯᠡᠳᠬᠦᠨ ᠤ ᠬᠠᠷᠢᠯᠴᠠᠨ ᠨᠥᠬᠦᠪᠦᠷᠢᠯᠡᠬᠦ᠂ ᠵᠠᠮ ᠱᠤᠭᠤᠮ ᠤᠨ ᠬᠠᠷᠢᠯᠴᠠᠨ ᠨᠡᠪᠲᠡᠷᠡᠯᠴᠡᠬᠦ᠂ ᠵᠠᠬ᠎ᠠ ᠳᠡᠯᠭᠡᠭᠦᠷ ᠤᠨ ᠬᠠᠷᠢᠯᠴᠠᠨ ᠬᠥᠳᠡᠯᠦᠯᠴᠡᠬᠦ᠂ ᠠᠶᠠᠨᠴᠢᠳ ᠤᠨ ᠢᠷᠡᠯᠲᠡ ᠶᠢᠨ ᠬᠠᠷᠢᠯᠴᠠᠨ ᠤᠷᠤᠰᠬᠤ ᠵᠢᠭᠤᠯᠴᠢᠯᠠᠯ ᠤᠨ ᠨᠢᠭᠡ ᠴᠣᠭᠴᠠᠵᠢᠭᠰᠠᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ︵ᠭᠤᠷᠪᠠ︶ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ ᠮᠠᠨ ᠤ ᠬᠤᠲᠠ ᠶᠢᠨ ᠥᠪᠡᠷᠮᠢᠴᠡ ᠪᠠᠶᠢᠭᠠᠯᠢ ᠶᠢᠨ ᠪᠠ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢᠶᠠᠷ ᠲᠦᠰᠢᠭ ᠪᠣᠯᠭᠠᠵᠤ᠂ ᠠᠷᠠᠳ ᠣᠯᠠᠨ ᠤ ᠴᠢᠨᠠᠷ ᠰᠠᠶᠢᠲᠠᠢ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠥᠷᠭᠡᠨ ᠢᠶᠠᠷ ᠭᠦᠨᠵᠡᠭᠡᠢ ᠣᠷᠣᠯᠴᠠᠬᠤ᠂ ᠵᠢᠭᠤᠯᠴᠢᠯᠠᠭᠴᠢᠳ ᠤᠨ ᠭᠦᠨᠵᠡᠭᠡᠢ ᠠᠭᠤᠰᠤᠯᠴᠠᠨ ᠣᠶᠢᠯᠠᠭᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠮᠠᠶ᠋ᠢᠭ ᠤᠨ ᠵᠢᠭᠤᠯᠴᠢᠯᠠᠯ ᠤᠨ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ 10. ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠡᠬᠡ ᠣᠷᠣᠨᠴᠢ ᠦᠵᠡᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠶᠢ ᠲᠤᠪᠤᠶᠢᠯᠭᠠᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠬᠢᠭᠡᠳ ᠬᠥᠳᠡᠭᠡ ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ ᠰᠢᠯᠢ ᠶᠢᠨ ᠬᠤᠲᠠ ᠶᠢᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠡᠮᠬᠢᠯᠡᠵᠦ᠂ ᠬᠤᠪᠢᠰᠬᠠᠯ ᠤᠨ ᠰᠣᠶᠣᠯ ᠤᠨ ᠳᠡᠯᠭᠡᠨ ᠦᠵᠡᠭᠦᠯᠬᠦ᠂ ᠲᠠᠶᠢᠯᠪᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠪᠢᠰᠬᠠᠯ ᠤᠨ ᠵᠢᠭᠤᠯᠴᠢᠯᠠᠯ ᠢ ᠬᠤᠪᠢᠰᠬᠠᠯ ᠤᠨ ᠰᠣᠶᠣᠯ ᠢ ᠦᠷᠭᠦᠯᠵᠢᠯᠡᠭᠦᠯᠬᠦ᠂ ᠬᠤᠪᠢᠰᠬᠠᠯ ᠤᠨ ᠭᠧᠨ ᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠣᠯᠭᠠᠨ᠎ᠠ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠬᠢᠭᠡᠳ ᠬᠥᠳᠡᠭᠡ ᠲᠣᠰᠬᠤᠨ ᠤ ᠵᠢᠭᠤᠯᠴᠢᠯᠠᠯ᠂ ᠰᠣᠶᠣᠯ ᠤᠨ ᠪᠦᠲᠦᠭᠡᠯᠴᠢ ᠰᠡᠳᠬᠢᠮᠵᠢ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠬᠡ ᠣᠷᠣᠨᠴᠢ ᠦᠵᠡᠯ ᠤᠨ ᠬᠥᠮᠦᠵᠢᠯ ᠢ ᠴᠢᠩᠭᠠᠳᠬᠠᠨ ᠰᠠᠶᠢᠵᠢᠷᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠪᠣᠶ ᠪᠣᠯᠭᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠭᠠᠨ᠎ᠠ᠃11. ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃ ᠰᠤᠳᠤᠯᠤᠨ ᠰᠤᠷᠤᠯᠴᠠᠵᠤ ᠵᠢᠭᠤᠯᠴᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠢᠯᠡᠳᠦᠯᠭᠡ ᠶᠢᠨ ᠬᠥᠮᠦᠵᠢᠯ ᠵᠡᠷᠭᠡ ᠠᠵᠢᠯᠯᠠᠭ᠎ᠠ ᠶᠢ ᠪᠠᠬᠢᠵᠢᠭᠦᠯᠬᠦ ᠪᠠᠷ ᠳᠠᠮᠵᠢᠭᠤᠯᠤᠨ᠂ ᠡᠯ᠎ᠡ ᠦᠨᠳᠦᠰᠦᠲᠡᠨ ᠤ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠢ ᠣᠶᠢᠯᠠᠭᠠᠭᠤᠯᠵᠤ᠂ ᠳᠤᠮᠳᠠᠳᠤ ᠶᠢᠨ ᠰᠣᠶᠣᠯ ᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠨᠢ ᠭᠦᠨᠵᠡᠭᠡᠶᠢᠷᠡᠭᠦᠯᠦᠨ᠎ᠡ᠃ ᠮᠦᠽᠧᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠮᠦᠽᠧᠢ ᠬᠢᠭᠡᠳ ᠰᠤᠷᠭᠠᠭᠤᠯᠢ ᠶᠢᠨ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ᠃ ᠮᠦᠽᠧᠢ ᠨᠢ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠪᠠᠷ ᠳᠡᠮᠵᠢᠵᠦ᠂ ᠮᠦᠽᠧᠢ ᠶᠢ ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠴᠢᠬᠤᠯᠠ ᠠᠴᠢᠶᠠᠯᠠᠪᠤᠷᠢ ᠪᠣᠯᠭᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠳᠤᠮᠳᠠ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠎ᠠ᠃ ᠰᠢᠯᠢᠳᠡᠭ ᠰᠠᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠢᠯᠣᠭᠤᠳᠤᠭᠴᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠲᠠᠯ᠎ᠠ ᠨᠤᠲᠤᠭ᠂ ᠠᠷᠠᠳ ᠤᠨ ᠵᠠᠩ ᠳᠠᠳᠬᠠᠯ᠂ ᠭᠠᠵᠠᠷ ᠰᠢᠨᠵᠢᠯᠡᠭᠡ ᠵᠡᠷᠭᠡ ᠤᠯᠠᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠳᠤᠯᠤᠨ ᠰᠤᠷᠤᠯᠴᠠᠬᠤ ᠳᠤᠮᠳᠠ ᠪᠠᠨ ᠳᠤᠮᠳᠠᠳᠤ ᠶᠢᠨ ᠰᠣᠶᠣᠯ ᠢ ᠣᠶᠢᠯᠠᠭᠠᠭᠤᠯᠤᠨ᠎ᠠ᠃ 12. ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠤᠳᠤ ᠪᠠᠶᠢᠭ᠎ᠠ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠰᠢᠨ᠎ᠡ ᠣᠷᠣᠨ ᠵᠠᠢ ᠶᠢ ᠥᠷᠭᠡᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠵᠤ᠂ ᠤᠳᠤ ᠦᠶ᠎ᠡ ᠶᠢᠨ ᠰᠡᠯᠡᠭᠦᠴᠡᠯ ᠵᠢᠭᠤᠯᠴᠢᠯᠠᠯ ᠤᠨ ᠰᠢᠨ᠎ᠡ ᠬᠡᠷᠡᠭᠴᠡᠭᠡ ᠶᠢ ᠬᠠᠩᠭᠠᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠶᠠᠪᠤᠳᠠᠯ ᠪᠣᠯᠣᠨ ᠰᠣᠶᠣᠯ ᠤᠨ ᠥᠪ ᠢ ᠲᠤᠪᠤᠶᠢᠯᠭᠠᠵᠦ᠂ ᠥᠪᠡᠷᠮᠢᠴᠡ ᠣᠨᠴᠠᠯᠢᠭ ᠲᠠᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠵᠤᠭᠠᠴᠠᠭᠰᠠᠳ ᠲᠤ ᠬᠥᠳᠡᠭᠡ ᠲᠣᠰᠬᠤᠨ ᠤ ᠵᠠᠩ ᠦᠢᠯᠡ ᠶᠢ ᠣᠶᠢᠯᠠᠭᠠᠭᠤᠯᠬᠤ ᠶᠢᠨ ᠬᠠᠮᠲᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠣᠶᠣᠯ ᠤᠨ ᠭᠤᠸ᠎ᠠ ᠰᠠᠶᠢᠬᠠᠨ ᠢ ᠣᠶᠢᠯᠠᠭᠠᠭᠤᠯᠬᠤ ᠬᠡᠷᠡᠭᠲᠡᠢ᠃ ︵ᠳᠥᠷᠪᠡ︶ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠭᠤᠣᠯ ᠴᠣᠭᠴᠠ ᠶᠢ ᠪᠣᠶᠢᠵᠢᠭᠤᠯᠤᠨ᠎ᠠ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠣᠷᠣᠯᠴᠠᠬᠤ ᠶᠢ ᠪᠠᠷᠢᠮᠲᠠᠯᠠᠨ᠂ ᠨᠡᠶᠢᠭᠡᠮ ᠤᠨ ᠬᠦᠴᠦᠨ ᠤ ᠰᠣᠶᠣᠯ ᠪᠠ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠳᠤ ᠣᠷᠣᠯᠴᠠᠬᠤ ᠶᠢ ᠢᠳᠡᠪᠬᠢᠲᠡᠢ ᠪᠠᠷ ᠵᠣᠷᠢᠭᠵᠢᠭᠤᠯᠵᠤ᠂ ᠨᠢᠭᠡ ᠪᠦᠯᠦᠭ ᠵᠢᠭᠤᠯᠴᠢᠯᠠᠯ ᠤᠨ ᠰᠢᠨ᠎ᠡ ᠪᠡᠶᠡᠴᠢ ᠴᠣᠭᠴᠠ ᠶᠢ ᠪᠣᠶᠢᠵᠢᠭᠤᠯᠤᠨ᠎ᠠ᠃ 13. ᠵᠢᠭᠤᠯᠴᠢᠯᠠᠯ ᠤᠨ ᠭᠤᠣᠯᠯᠠᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠵᠢᠭᠤᠯᠴᠢᠯᠠᠯ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠤᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠵᠢᠶᠦ᠋ᠨ ᡂᠢ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠬᠠᠭᠤᠯᠭ᠎ᠠ ᠶᠢᠨ ᠠᠭᠤᠷ ᠠᠮᠢᠰᠬᠤᠯ ᠢᠶᠠᠷ ᠥᠳᠬᠡᠨ ᠪᠠᠶᠢᠵᠤ᠂ ᠰᠣᠶᠣᠯ ᠤᠨ ᠡᠭᠦᠳᠦᠯᠲᠡ ᠶᠢᠨ ᠦᠢᠯᠡᠳᠬᠦᠨ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ ᠠᠬᠢᠭᠤᠯᠤᠨ᠎ᠠ᠃ ᠰᠢᠯᠢ ᠶᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠰᠢᠯᠢ ᠶᠢᠨ ᠵᠢᠦ ᠴᠢᠦᠢ ᠸᠠᠨ᠂ ᠳᠤᠮᠳᠠᠳᠤ ᠤᠯᠤᠰ ᠤᠨ ᠠᠳᠣᠭᠤᠨ ᠨᠡᠶᠢᠰᠯᠡᠯ ᠶᠢᠨ ᠭᠤᠣᠯ ᠲᠣᠭᠤᠷᠢᠭ ᠤᠨ ᠰᠣᠶᠣᠯ ᠠᠮᠢ ᠠᠬᠤᠢ ᠶᠢᠨ ᠵᠢᠭᠤᠯᠴᠢᠯᠠᠯ ᠵᠢᠴᠢ ᠰᠢᠯᠢ ᠶᠢᠨ ᠬᠤᠲᠠ ᠶᠢᠨ ᠣᠨᠴᠠᠯᠢᠭᠲᠤ ᠠᠷᠠᠳ ᠤᠨ ᠰᠠᠭᠤᠴᠠ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠵᠢᠭᠤᠯᠴᠢᠯᠠᠯ ᠤᠨ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ 14. ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠠᠬᠤᠶᠢᠯᠠᠯ ᠢ ᠬᠦᠴᠦᠯᠡᠨ ᠪᠣᠶᠢᠵᠢᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠮᠠᠯᠵᠢᠯ ᠤᠨ ᠲᠠᠯᠠᠪᠠᠶ᠂ ᠤᠯᠠᠮᠵᠢᠯᠠᠯᠲᠤ ᠡᠵᠡᠩᠨᠡᠯᠲᠡ ᠶᠢᠨ ᠮᠠᠯᠵᠢᠬᠤ ᠲᠠᠷᠢᠶᠠᠯᠠᠬᠤ ᠡᠷᠦᠬᠡ᠂ ᠤᠯᠠᠮᠵᠢᠯᠠᠯᠲᠤ ᠤᠷ᠎ᠠ ᠮᠡᠷᠭᠡᠵᠢᠯ ᠤᠨ ᠡᠵᠡᠩᠨᠡᠭᠴᠢ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠪᠠ ᠨᠤᠲᠤᠭ ᠲᠠᠭᠠᠨ ᠪᠤᠴᠠᠭᠰᠠᠳ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠪᠠ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠥᠬᠦᠴᠡᠯ ᠪᠦᠷᠢᠳᠦᠭᠰᠡᠨ ᠭᠠᠵᠠᠷ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠢ ᠰᠠᠶᠢᠵᠢᠷᠠᠭᠤᠯᠬᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠭᠠᠴᠠᠭ᠎ᠠ ᠶᠢᠨ ᠨᠡᠶᠢᠲᠡ ᠪᠠ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠡᠯᠡ ᠮᠥᠩᠭᠦ᠂ ᠮᠡᠷᠭᠡᠵᠢᠯ᠂ ᠮᠠᠯᠵᠢᠯ ᠤᠨ ᠲᠠᠯᠠᠪᠠᠶ᠂ ᠭᠡᠷ ᠪᠠᠶᠢᠰᠢᠩ ᠵᠢᠴᠢ ᠭᠠᠴᠠᠭ᠎ᠠ ᠶᠢᠨ ᠬᠠᠮᠲᠤ ᠶᠢᠨ ᠡᠳ᠋ ᠬᠥᠷᠥᠩᠭᠡ ᠵᠡᠷᠭᠡ ᠶᠢ ᠠᠰᠢᠭᠯᠠᠨ ᠬᠥᠳᠡᠭᠡ ᠲᠣᠰᠬᠤᠨ ᠤ ᠵᠢᠭᠤᠯᠴᠢᠯᠠᠯ ᠤᠨ ᠬᠤᠷᠰᠢᠶ᠎ᠠ᠂ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠲᠥᠷᠥᠯ ᠵᠦᠢᠯ ᠳᠤ ᠬᠤᠪᠢ ᠣᠷᠣᠭᠤᠯᠤᠨ ᠠᠰᠢᠭ ᠣᠯᠵᠠᠪᠤᠷᠢ ᠣᠯᠬᠤ ᠶᠢ ᠬᠥᠲᠥᠯᠥᠨ ᠵᠢᠯᠤᠭᠤᠳᠴᠤ᠂ ᠮᠠᠯᠴᠢᠨ᠂ ᠭᠠᠴᠠᠭ᠎ᠠ ᠶᠢᠨ ᠨᠡᠶᠢᠲᠡ᠂ ᠪᠡᠯᠡ ᠣᠷᠣᠭᠤᠯᠤᠭᠴᠢ ᠵᠡᠷᠭᠡ ᠡᠯ᠎ᠡ ᠲᠠᠯ᠎ᠠ ᠶᠢᠨ  ᠬᠢᠨ ᠢ ᠵᠢᠯᠣᠭᠤᠳᠤᠨ ᠠᠰᠢᠭ ᠲᠤᠰᠠ ᠶᠢᠨ ᠬᠤᠯᠪᠣᠭ᠎ᠠ ᠲᠠᠢ᠂ ᠬᠤᠷᠰᠢᠨ ᠡᠵᠡᠩᠨᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠠᠵᠤ ᠠᠬᠤᠶᠢᠯᠠᠯ ᠢ ᠪᠣᠶ ᠪᠣᠯᠭᠠᠨ᠎ᠠ᠃ 15. ᠵᠢᠭᠤᠯᠴᠢᠯᠠᠯ ᠤᠨ ᠤᠷᠠᠨ ᠰᠠᠶᠢᠬᠠᠨ ᠤ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠪᠥᠬᠦ ᠬᠤᠲᠠ ᠶᠢᠨ ᠦᠵᠡᠮᠵᠢ ᠶᠢᠨ ᠣᠷᠣᠨ ᠳᠤ ᠤᠷᠠᠨ ᠰᠠᠶᠢᠬᠠᠨ ᠤ ᠲᠣᠭᠯᠠᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ ᠤᠬᠠᠭᠠᠯᠠᠨ ᠭᠠᠷᠭᠠᠵᠤ᠂ ᠰᠣᠳᠣᠨ ᠤᠷᠠᠨ ᠰᠠᠶᠢᠬᠠᠨ ᠤ ᠲᠣᠭᠯᠠᠯᠲᠠ ᠶᠢ ᠦᠵᠡᠮᠵᠢ ᠶᠢᠨ ᠣᠷᠣᠨ ᠳᠤ ᠣᠷᠣᠭᠤᠯᠵᠤ᠂ ᠵᠢᠭᠤᠯᠴᠢᠯᠠᠭᠴᠢᠳ ᠤᠨ ᠬᠡᠷᠡᠭᠴᠡᠭᠡ ᠶᠢ ᠣᠷᠣᠨ ᠨᠤᠲᠤᠭ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ ᠲᠠᠢ ᠨᠢᠭᠡ ᠪᠦᠯᠦᠭ ᠳᠤᠮᠳᠠ ᠵᠢᠵᠢᠭ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠵᠣᠷᠢᠭᠵᠢᠭᠤᠯᠤᠨ ᠲᠡᠳᠬᠦᠨ᠎ᠡ᠃ ᠡᠯ᠎ᠡ ᠲᠥᠷᠥᠯ ᠤᠨ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠲᠣᠭᠯᠠᠯᠲᠠ ᠦᠢᠯᠡᠳᠬᠦ ᠪᠠᠶᠢᠭᠤᠯᠤᠮᠵᠢ ᠬᠢᠭᠡᠳ ᠲᠣᠭᠯᠠᠯᠲᠠ ᠶᠢᠨ ᠵᠠᠭᠤᠴᠢ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ ᠵᠡᠷᠭᠡ ᠶᠢᠨ ᠣᠯᠠᠨ ᠵᠦᠢᠯ ᠤᠨ ᠬᠡᠯᠪᠡᠷᠢ ᠪᠠᠷ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠳᠤ ᠣᠷᠣᠯᠴᠠᠬᠤ ᠶᠢ ᠳᠡᠮᠵᠢᠨ᠎ᠡ᠃ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠡᠵᠡᠩᠨᠡᠯᠲᠡ ᠶᠢᠨ ᠭᠤᠣᠯ ᠴᠣᠭᠴᠠ ᠶᠢᠨ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾᠂ ︽ᠮᠦᠽᠧᠢ ᠶᠢᠨ ᠡᠳᠦᠷ︾ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ ᠪᠥᠬᠦ ᠬᠤᠲᠠ ᠶᠢᠨ ᠴᠢᠬᠤᠯᠠ ᠵᠢᠭᠤᠯᠴᠢᠯᠠᠯ ᠤᠨ ᠪᠠᠶᠠᠷ ᠳᠤᠷᠠᠰᠬᠠᠯ ᠤᠨ ᠡᠳᠦᠷ ᠯᠦᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ︵ᠲᠠᠪᠤ︶ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠰᠠᠭᠤᠷᠢᠨ ᠭᠠᠵᠠᠷ ᠢ ᠰᠠᠶᠢᠲᠤᠷ ᠬᠡᠷᠡᠭᠯᠡᠨ᠎ᠡ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠬᠤᠲᠠ᠂ ᠦᠵᠡᠮᠵᠢ ᠶᠢᠨ ᠣᠷᠣᠨ᠂ ᠬᠥᠳᠡᠭᠡ ᠲᠣᠰᠬᠤᠨ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠤᠯᠤᠰ᠂ ᠪᠥᠬᠦ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠠᠴᠢ ᠬᠤᠯᠪᠣᠭᠳᠠᠯ ᠢ ᠳᠣᠪᠤᠶᠢᠯᠭᠠᠨ᠎ᠠ᠃ 16. ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠰᠢᠨ᠎ᠡ ᠣᠷᠣᠨ ᠵᠠᠢ ᠶᠢ ᠥᠷᠭᠡᠳᠬᠡᠨ᠎ᠡ᠃ ᠤᠯᠠᠮᠵᠢᠯᠠᠯᠲᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠣᠯᠠᠨ ᠡᠰᠢᠵᠢᠭᠰᠡᠨ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠤᠤᠯ ᠠᠮᠢ ᠠᠬᠤᠢ ᠨᠤᠲᠤᠭ ᠪᠡᠯᠴᠢᠭᠡᠷ ᠵᠡᠷᠭᠡ ᠪᠣᠬᠢᠷᠲᠤᠯ ᠦᠭᠡᠢ ᠠᠮᠢ ᠠᠬᠤᠢ ᠶᠢᠨ ᠡᠬᠢ ᠪᠠᠶᠠᠯᠢᠭ ᠤᠨ ᠲᠣᠭᠤᠷᠢᠨ ᠳᠤ᠂ ᠲᠡᠦᠬᠡ ᠶᠢᠨ ᠥᠯᠢᠭᠡᠷ᠂ ᠨᠤᠲᠤᠭ ᠤᠨ ᠵᠠᠩ ᠵᠠᠩᠰᠢᠯ ᠵᠠᠩ ᠦᠶᠯᠡ ᠵᠡᠷᠭᠡ ᠬᠥᠮᠥᠨ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠵᠢᠭᠤᠯᠴᠢᠯᠠᠯ ᠤᠨ ᠠᠭᠤᠰᠤᠯᠴᠠᠯ ᠤᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ︔ ᠣᠨᠴᠠᠯᠢᠭᠲᠤ ᠠᠮᠲᠠᠲᠤ ᠢᠳᠡᠭᠡᠨ᠂ ᠣᠨᠴᠠᠯᠢᠭᠲᠤ ᠪᠣᠳᠠᠰ ᠤᠨ ᠭᠠᠷᠤᠯᠲᠠ᠂ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠵᠠᠩ ᠦᠶᠯᠡ ᠠᠷᠠᠳ ᠤᠨ ᠳᠠᠭᠤᠤ ᠵᠡᠷᠭᠡ ᠡᠬᠢ ᠪᠠᠶᠠᠯᠢᠭ ᠲᠤ ᠲᠦᠰᠢᠭᠯᠡᠨ᠂ ᠰᠥᠨᠢ ᠶᠢᠨ ᠴᠤᠭᠯᠠᠭ᠎ᠠ ᠮᠠᠶᠢᠮᠠᠢ᠂ ᠲᠣᠭᠯᠠᠯᠲᠠ ᠶᠢᠨ ᠤᠷᠠᠯᠢᠭ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠰᠥᠨᠢ ᠶᠢᠨ ᠠᠵᠤ ᠠᠬᠤᠢ ᠶᠢ ᠬᠥᠲᠥᠯᠥᠨ ᠵᠢᠯᠤᠭᠤᠳᠴᠤ ᠬᠥᠭᠵᠢᠭᠦᠯᠦᠨ᠂ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ︔ ᠮᠠᠯᠴᠢᠳ ᠤᠨ ᠥᠪᠡᠷ ᠤᠨ ᠣᠷᠣᠨ ᠰᠠᠭᠤᠴᠠ ᠶᠢᠨ ᠭᠠᠵᠠᠷ ᠪᠠ ᠰᠤᠯᠠ ᠪᠠᠶᠢᠬᠤ ᠭᠡᠷ ᠬᠥᠷᠥᠩᠭᠡ ᠪᠠᠨ ᠠᠰᠢᠭᠯᠠᠨ᠂ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠪᠠ ᠬᠥᠳᠡᠭᠡ ᠲᠣᠰᠬᠤᠨ ᠤ ᠠᠮᠠᠷᠠᠯᠲᠠ ᠶᠢᠨ ᠪᠠᠭᠤᠳᠠᠯ ᠢ ᠥᠭᠡᠷᠡᠴᠢᠯᠡᠨ ᠬᠥᠭᠵᠢᠭᠦᠯᠵᠦ᠂ ᠬᠥᠳᠡᠭᠡ ᠲᠣᠰᠬᠤᠨ ᠤ ᠰᠣᠶᠣᠯ ᠤᠨ ᠠᠭᠤᠷ ᠠᠮᠢᠰᠬᠤᠯ ᠢᠶᠠᠷ ᠪᠠᠶᠠᠯᠢᠭ ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠤᠨ ᠣᠷᠣᠨ ᠵᠠᠢ ᠶᠢ ᠰᠢᠨ᠎ᠡ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ 17. ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠦᠨ ᠬᠤᠪᠢᠷᠠᠭᠤᠯᠬᠤ ᠶᠢ ᠪᠥᠬᠦ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠭᠰᠠᠨ ᠦᠷ᠎ᠡ ᠪᠦᠲᠦᠭᠡᠯ ᠤᠨ ᠦᠵᠡᠭᠦᠯᠦᠯᠭᠡ ᠶᠢ ᠡᠷᠬᠢᠯᠡᠨ᠎ᠡ᠃ ᠪᠣᠳᠠᠰ ᠤᠨ ᠪᠤᠰᠤ ᠵᠠᠯᠭᠠᠮᠵᠢᠯᠠᠭᠴᠢ ᠶᠢᠨ ᠬᠥᠳᠡᠭᠡ ᠲᠣᠰᠬᠤᠨ ᠤ ᠭᠠᠷ ᠤᠷᠠᠯᠠᠯ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠳᠤ ᠣᠷᠣᠯᠴᠠᠬᠤ ᠶᠢ ᠵᠣᠷᠢᠭᠵᠢᠭᠤᠯᠵᠤ᠂ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠪᠠᠷ ᠰᠠᠭᠤᠷᠢ ᠪᠣᠯᠭᠠᠨ᠂ ᠵᠣᠬᠢᠬᠤ ᠤᠯᠠᠮᠵᠢᠯᠠᠨ ᠵᠠᠯᠭᠠᠮᠵᠢᠯᠠᠬᠤ ᠰᠠᠭᠤᠷᠢ ᠪᠠ ᠦᠢᠯᠡᠳᠪᠦᠷᠢᠯᠡᠬᠦ ᠬᠡᠪᠴᠢᠶ᠎ᠡ ᠲᠠᠢ᠂ ᠬᠥᠭᠵᠢᠯᠲᠡ ᠶᠢᠨ ᠢᠷᠡᠭᠡᠳᠦᠢ ᠲᠠᠢ᠂ ᠠᠵᠢᠯ ᠣᠯᠭᠤᠯᠲᠠ ᠶᠢ ᠳᠠᠶᠢᠴᠢᠯᠠᠬᠤ ᠳᠤ ᠲᠤᠰᠠᠲᠠᠢ ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠤᠷᠠᠨ ᠳᠠᠷᠬ᠎ᠠ ᠶᠢ ᠬᠥᠭᠵᠢᠭᠦᠯᠦᠨ ᠮᠠᠨᠳᠤᠭᠤᠯᠬᠤ ᠭᠠᠷᠴᠠᠭ ᠲᠤ ᠣᠷᠣᠭᠤᠯᠤᠨ᠎ᠠ᠃ ᠪᠣᠳᠠᠰ ᠤᠨ ᠪᠤᠰᠤ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠢ ᠤᠬᠠᠭᠤᠯᠬᠤ ᠪᠠ ᠪᠣᠷᠣᠯᠠᠭᠤᠯᠬᠤ ᠶᠢ ᠶᠡᠬᠡᠪᠡᠷ ᠠᠬᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠣᠶᠢᠵᠢᠭᠤᠯᠤᠨ᠎ᠠ᠃ 18. ︽ᠬᠤᠶᠠᠷ ᠢ ᠴᠣᠭᠴᠠᠯᠠᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠬᠤᠶᠠᠷ ᠢ ᠴᠣᠭᠴᠠᠯᠠᠬᠤ︾ ᠲᠠᠢ ᠨᠢᠭᠲᠠ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠥᠷᠥᠭᠳᠡᠯ ᠲᠠᠢ ᠪᠦᠲᠦᠮᠵᠢᠲᠡᠢ ᠪᠤᠢ ᠪᠣᠯᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠪᠠ ᠲᠡᠦᠬᠡ ᠶᠢᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠮᠠᠨ ᠤ ᠬᠤᠲᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠪᠠᠶᠢᠳᠠᠯ ᠢ ᠲᠣᠳᠣᠷᠬᠠᠢ ᠬᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ︽ᠬᠤᠶᠠᠷ ᠢ ᠴᠣᠭᠴᠠᠯᠠᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠤᠯᠠᠬᠤᠢ᠂ ᠬᠥᠭᠵᠢᠮ ᠪᠥᠵᠢᠭ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠠᠰᠤᠷᠠᠯᠲᠠ ᠦᠭᠡᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠱᠠᠭᠠᠷᠳᠠᠯᠭ᠎ᠠ ᠶᠢ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠨᠡᠩ ᠤᠯᠠᠨ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠵᠤ᠂ ᠤᠯᠠᠮᠵᠢᠯᠠᠨ ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠲᠦᠭᠡᠨ ᠪᠠᠶᠢᠭᠤᠯᠤᠨ᠎ᠠ᠃ ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠭᠰᠡᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢᠨ ᠬᠠᠮᠢᠶ᠎ᠠ ᠪᠦᠬᠦᠢ ᠠᠵᠢᠯ ᠤᠨ ᠵᠣᠬᠢᠴᠠᠭᠤᠯᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠳ᠋ᠦᠩᠨᠡᠨ ᠳᠡᠯᠭᠡᠷᠡᠭᠦᠯᠬᠦ ᠵᠡᠷᠭᠡ ᠶᠢ ᠬᠠᠷᠢᠭᠤᠴᠠᠨ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠪᠠ ᠪᠣᠳᠠᠲᠠᠢ ᠬᠦᠴᠢᠷᠳᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠴᠠᠭ ᠲᠤᠬᠠᠢ ᠳᠤᠨᠢ ᠰᠢᠢᠳᠪᠦᠷᠢᠯᠡᠨ᠎ᠡ᠃ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠬᠤᠳᠠ ᠶᠢᠨ ᠠᠷᠠᠳ ᠤᠨ ᠵᠥᠪᠯᠡᠯ ᠳᠤ ᠭᠠᠷᠭᠠᠵᠤ᠂ ᠡᠳᠦᠷ ᠲᠤᠳᠤᠮ ᠤᠨ ᠠᠵᠢᠯ ᠢ ᠬᠠᠮᠢᠶᠠᠷᠣᠨ᠎ᠠ᠃︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠮᠠᠨ ᠤ ᠬᠤᠲᠠ ᠪᠣᠳᠠᠲᠤ ᠪᠠᠶᠢᠳᠠᠯ ᠢᠶᠠᠨ ᠦᠨᠳᠦᠰᠦᠯᠡᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ ᠳᠠᠶᠢᠴᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠩ ᠣᠯᠠᠨ ᠵᠢᠭᠤᠯᠴᠢᠯᠠᠭᠴᠢᠳ ᠢ ᠰᠢᠯᠢ ᠶᠢᠨ ᠬᠤᠲᠠ ᠳᠤ ᠣᠴᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠤᠨ ᠣᠶᠢᠯᠠᠭᠠᠭᠳᠠᠬᠤᠨ ᠢ ᠢᠯᠡᠷᠡᠭᠦᠯᠦᠭᠰᠡᠨ ᠵᠢᠭᠤᠯᠴᠢᠯᠠᠯ ᠤᠨ ᠪᠦᠲᠦᠭᠡᠭᠳᠡᠬᠦᠨ ᠪᠠ ᠣᠬᠢ ᠰᠢᠯᠢᠳᠡᠭ ᠵᠠᠮ ᠱᠤᠭᠤᠮ ᠢ ᠮᠡᠳᠡᠷᠡᠭᠦᠯᠬᠦ ᠪᠠᠷ ᠲᠠᠲᠠᠵᠤ ᠪᠠᠶᠢᠨ᠎ᠠ᠃ ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠰᠢᠯᠢ ᠶᠢᠨ ᠬᠤᠲᠠ ᠶᠢᠨ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠭᠦᠯᠦᠨ᠂ ᠨᠠᠩ ᠣᠯᠠᠨ ᠦᠨᠳᠦᠰᠦᠲᠡᠨ ᠤ ᠵᠤᠭᠠᠴᠠᠭᠰᠠᠳ ᠢ ᠰᠢᠯᠢ ᠶᠢᠨ ᠬᠤᠲᠠ ᠳᠤ ᠣᠴᠢᠭᠤᠯᠤᠨ ᠵᠢᠭᠤᠯᠴᠢᠯᠠᠭᠤᠯᠵᠤ᠂ ᠵᠢᠭᠤᠯᠴᠢᠯᠠᠯ ᠢᠶᠠᠷ ᠳᠠᠮᠵᠢᠭᠤᠯᠤᠨ ᠰᠢᠯᠢ ᠶᠢᠨ ᠬᠤᠲᠠ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠯᠢᠭᠡᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠥᠯᠢᠭᠡᠷ ᠢ ᠰᠠᠶᠢᠲᠤᠷ ᠶᠠᠷᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号