《 ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ ︾ ᠪᠤᠯᠠᠭᠠᠨ ᠰᠤᠮᠤ ᠶᠢᠨ ᠭᠠᠴᠠᠭᠠᠨ ᠤ ᠬᠤᠯᠪᠣᠭᠠᠲᠤ | ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠪᠠ︕ | ᠥᠷᠭᠡᠨ ᠠᠭᠤᠳᠠᠮ ᠲᠠᠯ᠎ᠠ ᠨᠤᠲᠤᠭ ᠮᠥᠩᠭᠦᠨ ᠥᠩᠭᠡ ᠪᠠᠷ ᠥᠩᠭᠡᠯᠡᠵᠦ᠂ ᠲᠦᠭ ᠲᠦᠮᠡᠨ ᠠᠵᠢᠨᠠᠢ | ᠬᠦᠯᠦᠭ ᠤᠨ ᠲᠠᠪᠬᠢᠯᠳᠣᠭᠠᠨ ᠤ ᠣᠮᠤᠭ ᠵᠣᠷᠢᠭ ᠡᠭᠦᠯᠡ ᠶᠢ ᠨᠡᠪᠳᠡᠯᠦᠨᠡ᠃ 11 ᠰᠠᠷ᠎ᠠ ᠶᠢᠨ 28 ᠤ ᠡᠳᠦᠷ ᠤᠨ | ᠦᠳᠡ ᠶᠢᠨ ᠡᠮᠦᠨ᠎ᠡ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ | ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ | ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠰᠢᠯᠢ ᠶᠢᠨ ᠬᠤᠲᠠ ᠶᠢᠨ ᠥᠷᠲᠡᠭᠡ ᠶᠢᠨ ᠪᠤᠯᠠᠭᠠᠨ ᠰᠤᠮᠤ ᠤ | ᠭᠠᠴᠠᠭ᠎ᠠ ᠶᠢᠨ ᠬᠤᠯᠪᠣᠭᠠᠲᠤ ᠤᠷᠤᠯᠳᠤᠭᠠᠨ ᠪᠤᠯᠠᠭᠠᠨ ᠰᠤᠮᠤ ᠶᠢᠨ ᠰᠢᠷᠠᠳᠠᠯ᠎ᠠ ᠭᠠᠴᠠᠭ᠎ᠠ ᠳᠤ ᠬᠥᠭᠵᠢᠶᠡᠨᠲᠡᠢ ᠡᠬᠢᠯᠡᠪᠡ | ᠃ | | ᠲᠤᠰ ᠤᠳᠠᠭᠠᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ ᠬᠤᠯᠪᠣᠭᠠᠲᠤ ᠤᠷᠤᠯᠳᠤᠭᠠᠨ ᠢ | ᠪᠤᠯᠠᠭᠠᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠤᠯᠠᠭᠠᠨ ᠰᠤᠮᠤᠨ ᠤ | ᠡᠯ᠎ᠡ ᠭᠠᠴᠠᠭ᠎ᠠ ᠳᠠᠭᠠᠭᠠᠴᠢᠯᠠᠨ ᠡᠷᠭᠢᠯᠡᠵᠦ᠂ ᠠᠪᠠᠬ᠎ᠠ ᠶᠢᠨ ᠨᠠᠷᠬᠢᠯ ᠣᠶᠠᠭ᠎ᠠ ᠨᠡᠶᠢᠭᠡᠮᠯᠢᠭ ᠬᠠᠮᠵᠢᠯᠴᠠᠨ ᠡᠷᠬᠢᠯᠡᠵᠦ᠂ | ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠮᠠᠨ ᠤ | ᠠᠶᠢᠮᠠᠭ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠮᠣᠩᠭᠤᠯ ᠮᠣᠷᠢᠨ ᠤ ᠵᠣᠷᠢᠭ | ᠰᠠᠨᠠᠭ᠎ᠠ ᠬᠤᠨᠳᠠᠭᠠᠳᠣ ᠤᠷᠤᠯᠳᠤᠭᠠᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ︾ ᠤᠨ ᠨᠠᠷᠠᠲᠤ | ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠬᠦᠴᠦᠯᠡᠨ ᠪᠣᠶ ᠪᠣᠯᠭᠠᠪᠠ᠃ | ᠠᠶᠢᠮᠠᠭ ᠤᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠵᠤᠭᠠᠴᠠᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠮᠢᠩ ᠵᠢᠶᠠᠨ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠭᠦᠸᠧ ᠵᠤ᠋᠂ | ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠪᠦᠦ ᠹᠦ᠋ ᠱᠧᠩ᠂ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠦ ᡁᠢ ᠮᠢᠨ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ | ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠲᠣᠶᠠᠭ᠎ᠠ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠨᠠᠪᠴᠢᠮ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠳᠠᠷᠤᠭ᠎ᠠ ᠢᠪᠡᠭᠡᠯᠳᠦ ᠵᠢᠴᠢ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠤᠳᠤᠷᠢᠳᠤᠯᠭ᠎ᠠ᠂ ᠠᠬ᠎ᠠ ᠳᠡᠭᠦᠦ ᠰᠤᠮᠤ ᠪᠠᠯᠭᠠᠰᠤ | ᠲᠠᠯᠠᠪᠠᠶ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ | ᠨᠠᠷ ᠤᠷᠢᠯᠭ᠎ᠠ ᠪᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠪᠤᠯᠠᠭᠠᠨ ᠰᠣᠮᠣᠨ ᠤ ᠨᠠᠮ ᠤᠨ ᠬᠤᠷᠢᠶᠠᠨ ᠤ ᠱᠦᠵᠢ ᠶᠠᠨ ᠹᠠᠩ ᠪᠠᠶᠠᠷ ᠤᠨ ᠦᠭᠡ ᠬᠡᠯᠡᠪᠡ | ᠬᠤᠳᠠ ᠶᠢᠨ ᠤᠯᠤᠰ ᠲᠤᠶᠢᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠵᠣᠣ ᠭᠦᠸᠧ ᠵᠣ᠋ ᠤᠷᠤᠯᠳᠤᠭᠠᠨ ᠡᠬᠢᠯᠡᠭᠰᠡᠨ ᠢ ᠵᠠᠷᠯᠠᠪᠠ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠲᠦᠳᠡᠭ ᠭᠠᠯ ᠨᠣᠴᠣᠭᠠᠵᠤ᠂ ᠮᠣᠷᠢᠨ ᠤ | ᠮᠠᠭᠲᠠᠭᠠᠯ ᠢ ᠤᠶᠠᠩᠭᠠᠯᠠᠨ ᠤᠩᠰᠢᠪᠠ᠃ ᠮᠣᠷᠢᠨ ᠤ ᠤᠷᠤᠯᠳᠤᠭᠠᠨ ᠡᠬᠢᠯᠡᠭᠰᠡᠨ ᠤ ᠲᠠᠷᠠᠭ᠎ᠠ᠂ ᠬᠥᠭᠵᠢᠮ | ᠬᠥᠭᠵᠢᠮᠳᠡᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠦᠳᠡᠭ ᠭᠠᠯ ᠢ ᠲᠣᠭᠤᠷᠢᠨ ᠳᠠᠭᠤᠯᠠᠨ | ᠪᠥᠵᠢᠭᠯᠡᠵᠦ᠂ ᠡᠨᠡᠬᠦ ᠨᠤᠲᠤᠭ ᠳᠡᠪᠢᠰᠬᠡᠷ ᠲᠠᠬᠢ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ ᠤᠷᠤᠯᠳᠤᠭᠠᠨ ᠤ | ᠲᠠᠮᠢᠷᠴᠢᠳ ᠲᠤ ᠵᠥᠩᠨᠡᠯ ᠳᠡᠪᠰᠢᠭᠦᠯᠵᠦ᠂ ᠲᠤᠰ ᠤᠳᠠᠭ᠎ᠠ ᠶᠢᠨ ︽ᠮᠣᠩᠭᠤᠯ ᠮᠣᠷᠢᠨ ᠤ ᠵᠣᠷᠢᠭ ᠰᠠᠨᠠᠭ᠎ᠠ | ᠬᠤᠨᠳᠠᠭᠠᠳᠣ ︾ ᠬᠤᠯᠪᠣᠭᠠᠲᠤ ᠤᠷᠤᠯᠳᠤᠭᠠᠨ ᠤ ᠲᠡᠭᠦᠰ ᠠᠮᠵᠢᠯᠲᠠ ᠲᠠᠢ ᠪᠣᠯᠬᠤ ᠶᠢ ᠵᠥᠩᠨᠡᠪᠡ᠃ | | ᠲᠣᠰ ᠤᠳᠠᠭᠠᠨ ᠤ ᠬᠤᠯᠪᠣᠭᠠᠲᠤ ᠤᠷᠤᠯᠳᠤᠭᠠᠨ ᠤ ᠲᠥᠷᠥᠯ ᠵᠦᠢᠯ ᠪᠣᠯ ᠮᠣᠩᠭᠤᠯ ᠮᠣᠷᠢᠨ ᠤ | ᠳᠠᠭᠠᠭᠠᠴᠠ ᠶᠢᠨ ᠤᠷᠤᠯᠳᠤᠭᠠᠨ ᠪᠣᠯᠣᠨ᠎ᠠ᠂ ᠪᠤᠯᠠᠭᠠᠨ ᠰᠤᠮᠤ ᠶᠢᠨ 9 ᠭᠠᠴᠠᠭᠠᠨ ᠤ ᠬᠡᠳᠦᠨ ᠵᠠᠭᠤᠨ ᠲᠠᠮᠢᠷᠴᠢᠨ ᠢ 3 | ᠳᠤᠭᠤᠶᠢᠯᠠᠩ ᠬᠤᠪᠢᠶᠠᠨ ᠮᠦᠷᠦᠶᠢᠴᠡᠭᠦᠯᠵᠦ᠂ ᠡᠯ᠎ᠡ ᠭᠠᠴᠠᠭᠠᠨ ᠤ ᠲᠦᠷᠦᠭᠦᠸ 8 ᠶᠢ ᠰᠣᠩᠭᠤᠵᠤ᠂ 12 | ᠰᠠᠷ᠎ᠠ ᠶᠢᠨ 10 ᠤ ᠡᠳᠦᠷ ᠤᠨ ᠰᠤᠮᠤ ᠶᠢᠨ ᠲᠠᠰ ᠤᠨ ᠮᠣᠷᠢᠨ ᠤᠷᠤᠯᠳᠤᠭᠠᠨ ᠳᠤ ᠣᠷᠣᠯᠴᠠᠭᠤᠯᠤᠨ᠎ᠠ᠃ | | ᠲᠣᠰ ᠤᠳᠠᠭᠠᠨ ᠤ ᠠᠵᠢᠯᠯᠠᠭ᠎ᠠ ᠳᠤ ᠮᠠᠰᠢ ᠣᠯᠠᠨ ᠬᠥᠮᠥᠨ ᠣᠷᠣᠯᠴᠠᠵᠣ᠂ ᠰᠣᠩᠭᠤᠳᠠᠭ ᠤᠷᠤᠯᠳᠤᠭᠠᠨ ᠳᠤ | ᠣᠷᠣᠯᠴᠠᠬᠤ ᠶᠢᠨ ᠵᠡᠷᠭᠡ ᠳᠤ ᠪᠠᠰᠠ ᠬᠡᠲᠦ ᠮᠣᠷᠢᠨ ᠤ ᠦᠵᠡᠭᠦᠯᠦᠯᠭᠡ᠂ ᠤᠷᠠᠨ ᠰᠠᠶᠢᠬᠠᠨ ᠤ ᠲᠣᠭᠯᠠᠯᠲᠠ᠂ | ᠤᠨᠤᠭᠠᠨ ᠤ ᠥᠩᠭᠡᠷᠡᠯᠲᠡ᠂ ᠬᠤᠷᠰᠢᠯᠴᠠᠬᠤ ᠲᠣᠭᠯᠠᠭᠠᠮ ᠵᠡᠷᠭᠡ ᠶᠢ ᠲᠣᠬᠢᠷᠠᠭᠤᠯᠵᠤ᠂ ᠶᠡᠭᠡ ᠲᠣᠭᠤᠭ᠎ᠠ ᠪᠠᠷ | ᠴᠢᠨᠠᠭᠰᠠᠨ ᠭᠦᠵᠡᠭᠡ ᠶᠢᠨ ᠪᠣᠭᠤᠳᠠᠭ᠂ ᠭᠠᠤᠯᠢᠨ ᠲᠣᠭᠤᠭ᠎ᠠ ᠪᠠᠷ ᠴᠢᠨᠠᠭᠰᠠᠨ ᠮᠢᠬ᠎ᠠ᠂ ᠬᠠᠳᠠᠭᠰᠠᠨ ᠮᠢᠬ᠎ᠠ ᠲᠠᠢ | ᠰᠦ ᠲᠠᠢ ᠴᠠᠢ ᠵᠡᠷᠭᠡ ᠥᠪᠡᠷᠮᠢᠴᠡ ᠣᠨᠴᠠᠯᠢᠭ ᠲᠠᠢ ᠢᠳᠡᠭᠡᠨ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠪᠠ ᠡᠯ᠎ᠡ ᠭᠠᠵᠠᠷ ᠤᠨ ᠵᠤᠭᠠᠴᠠᠭᠰᠠᠳ ᠤᠨ ᠠᠵᠢᠯᠯᠠᠭᠠᠨ ᠤ ᠥᠩᠭᠡᠷᠡᠭᠡᠯᠲᠡ ᠶᠢ ᠪᠠᠶᠠᠯᠢᠭᠵᠢᠭᠤᠯᠤᠭᠰᠠᠨ | ᠪᠠᠶᠢᠨ᠎ᠠ᠃ | ᠠᠵᠢᠨᠠᠢ ᠬᠦᠯᠦᠭ ᠱᠠᠯᠠᠮᠠᠭᠠᠶᠢᠯᠠᠨ ᠳᠠᠪᠬᠢᠵᠤ᠂ ᠤᠷᠤᠯᠳᠤᠭᠠᠨ ᠤ ᠥᠩᠭᠡ ᠭᠢᠯᠪᠠᠭ᠎ᠠ ᠪᠠᠨ ᠰᠠᠴᠣᠷᠠᠭᠤᠯᠣᠨ᠎ᠠ︕ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠭᠠᠴᠠᠭᠠᠨ ᠤ ᠲᠠᠰ ᠤᠨ 15 ᠺᠢᠯᠣᠮᠧᠲᠷ ᠤᠨ | ᠳᠠᠭᠠᠭᠠᠴᠠ ᠶᠢᠨ ᠤᠷᠤᠯᠳᠤᠭᠠᠨ ᠤ ᠨᠢᠭᠡ ᠠᠴᠠ ᠨᠠᠢᠮᠠᠳᠤᠭᠠᠷ ᠳᠡᠰ ᠤᠨ ᠱᠠᠩᠨᠠᠯ ᠳᠤ ᠨᠡᠶᠢᠲᠡ 72 ᠨᠡᠷᠡᠰ | ᠰᠢᠯᠭᠠᠷᠠᠭᠤᠯᠵᠤ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ | ᠳᠤᠮᠳᠠᠳᠤ ᠤᠯᠤᠰ ᠤᠨ ᠠᠳᠣᠨ ᠰᠣᠶᠣᠯ ᠤᠨ ᠲᠦᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ ᠠᠴᠠ | ᠳᠠᠪᠠᠭᠰᠠᠨ ᠬᠤᠯᠪᠣᠭᠠᠲᠤ ᠤᠷᠤᠯᠳᠤᠭᠠᠨ ᠤ ᠰᠢᠯᠢ ᠶᠢᠨ ᠬᠤᠲᠠ ᠶᠢᠨ ᠥᠷᠲᠡᠭᠡ ᠶᠢᠨ ᠪᠤᠯᠠᠭᠠᠨ ᠰᠤᠮᠤ ᠶᠢᠨ | ᠭᠠᠴᠠᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠣᠯᠪᠠ︕ | | 2014 ᠣᠨ ᠤ 1 ᠰᠠᠷ᠎ᠠ ᠶᠢᠨ 27 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠬᠠᠬᠢᠷ ᠬᠦᠢᠲᠡᠨ ᠢ | ᠬᠠᠶᠢᠬᠤᠷᠤᠯ ᠦᠭᠡᠢ ᠪᠠᠷ ᠰᠢᠯᠢ ᠶᠢᠨ ᠭᠤᠣᠯ ᠤᠨ ᠲᠠᠯ᠎ᠠ ᠨᠤᠲᠤᠭ ᠲᠤ ᠢᠷᠡᠵᠦ᠂ ᠡᠯ᠎ᠡ ᠦᠨᠳᠦᠰᠦᠲᠡᠨ ᠡᠯ᠎ᠡ | ᠡᠲᠡᠭᠡᠳ ᠤᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠪᠤᠯᠠᠭᠠᠨ ᠰᠤᠮᠤ ᠶᠢᠨ ᠡᠪᠦᠯ ᠤᠨ ᠤᠯᠠᠷᠢᠯ ᠤᠨ | ᠨᠠᠭᠠᠳᠤᠮ ᠳᠤ ᠣᠷᠣᠯᠴᠠᠭᠠᠳ᠂ ︽ᠪᠢᠳᠡ ᠠᠵᠢᠯ ᠬᠢᠵᠦ ᠦᠢᠯᠡᠰ ᠴᠣᠭᠴᠠᠯᠠᠬᠤ ᠳᠠᠭᠠᠨ ᠮᠣᠩᠭᠤᠯ ᠮᠣᠷᠢ ᠰᠢᠭ᠋ | ᠲᠡᠰᠪᠦᠷᠢ ᠬᠠᠲᠠᠭᠤᠵᠢᠯᠲᠠᠢ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠭᠰᠣᠬᠤ ᠦᠭᠡᠢ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃ | ᠠᠷᠪᠠᠨ ᠵᠢᠯ ᠤᠨ ᠲᠤᠷᠰᠢ᠂ ᠪᠤᠯᠠᠭᠠᠨ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠤ ᠦᠢᠯᠡᠰ ᠢ ᠬᠥᠭᠵᠢᠭᠦᠯᠬᠦ᠂ ᠬᠦᠳᠡᠭᠡ ᠲᠣᠰᠬᠤᠨ ᠢ | ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠮᠠᠯᠵᠢᠬᠤ | ᠣᠷᠣᠨ ᠤ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠰᠠᠭᠤᠷᠢ ᠲᠥᠬᠦᠭᠡᠷᠦᠮᠵᠢ ᠶᠡᠬᠡᠪᠡᠷ ᠰᠠᠶᠢᠵᠢᠷᠠᠵᠤ᠂ ᠮᠠᠯᠴᠢᠳ ᠤᠨ | ᠠᠮᠢᠳᠤᠷᠠᠯ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠤᠯᠠᠨ ᠦᠨᠳᠦᠰᠦᠲᠡᠨ ᠲᠠᠢ ᠶᠡᠭᠡ ᠭᠡᠷ ᠪᠦᠯᠢ ᠪᠠᠶᠠᠷ | ᠪᠠᠶᠠᠰᠬᠤᠯᠠᠩ ᠲᠠᠢ ᠃ ᠢᠷᠡᠭᠡᠳᠦᠢ ᠳᠤ᠂ ᠪᠤᠯᠠᠭᠠᠨ ᠰᠤᠮᠤ ᠦᠷᠭᠦᠯᠵᠢᠯᠡᠨ ᠦᠨᠳᠦᠰᠦᠲᠡᠨ ᠨᠦᠭᠦᠳ ᠤᠨ ᠬᠥᠪᠡᠭᠦᠳ | ᠥᠬᠢᠳ ᠢ ᠪᠦᠯᠬᠦᠮᠳᠡᠭᠦᠯᠦᠨ ᠳᠠᠭᠠᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠵᠤ︾᠂ ᠪᠦᠯᠬᠦᠮᠳᠡᠨ ᠲᠡᠮᠡᠴᠡᠵᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠣᠣ | ᠰᠢᠨ᠎ᠡ ᠬᠠᠭᠤᠳᠠᠰᠤ ᠶᠢ ᠪᠢᠴᠢᠭᠯᠡᠨ᠎ᠡ᠃ |