︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ︾︱ ᠪᠤᠯᠠᠭᠠᠨ ᠰᠤᠮᠤ ᠶᠢᠨ ᠭᠠᠴᠠᠭᠠᠨ ᠤ ᠬᠠᠮᠲᠤᠷᠠᠭᠰᠠᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ ᠪᠠᠶᠢᠨ᠎ᠠ︕
ᠨᠡᠶᠢᠲᠡᠯᠡᠭᠰᠡᠨ ᠴᠠᠭ᠄
2023/11/29
   ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ︾︱ ᠪᠤᠯᠠᠭᠠᠨ ᠰᠤᠮᠤ ᠶᠢᠨ ᠭᠠᠴᠠᠭᠠᠨ ᠤ ᠬᠠᠮᠲᠤᠷᠠᠭᠰᠠᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ ᠪᠠᠶᠢᠨ᠎ᠠ︕     ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ  ᠎ ᠢ ᠪᠠᠶᠢᠭᠤᠯᠵᠤ᠂ ᠳᠣᠣᠷ᠎ᠠ ᠨᠢ 13 ᠠᠵᠢᠯᠯᠠᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ 4 ᠤᠳᠠᠭ᠎ᠠ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠤᠷᠤᠯᠳᠤᠭᠠᠨ ᠤ ᠪᠡᠯᠡᠳᠬᠡᠯ᠂ ᠠᠵᠢᠯᠲᠠᠨ ᠢ ᠵᠣᠬᠢᠶᠠᠨ ᠪᠠᠶᠢᠭᠤᠯᠬᠤ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠵᠦ᠂ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠪᠣᠳᠠᠲᠠᠢ ᠪᠠᠶᠢᠴᠠᠭᠠᠯᠲᠠ ᠬᠢᠵᠦ ᠲᠠᠯᠠᠪᠣᠷ ᠰᠣᠩᠭᠤᠨ᠎ᠠ     ᠮᠠᠯᠵᠢᠬᠤ ᠣᠷᠣᠨ ᠳᠤ ᠣᠯᠠᠨ ᠤᠳᠠᠭ᠎ᠠ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠷᠠᠯ ᠤᠨ ᠲᠠᠯᠠᠪᠣᠷ ᠤᠨ ᠪᠠᠶᠢᠷᠢᠯᠠᠭᠤᠯᠣᠯᠲᠠ ᠎ ᠶᠢ ᠰᠣᠩᠭᠤᠪᠠ     ᠣᠨᠴᠠᠯᠢᠭᠲᠤ ᠪᠠᠶᠢᠷᠢᠯᠠᠭᠤᠯᠤᠯᠲᠠ    20 ᠭᠠᠷᠤᠢ ᠮᠠᠰᠢᠨ ᠲᠡᠷᠭᠡ᠂ 60 ᠭᠠᠷᠤᠢ ᠺᠠᠳ᠋ᠷ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠬᠥᠳᠡᠯᠭᠡᠵᠦ᠂ ᠲᠡᠷᠢᠭᠦᠯᠡᠭᠴᠢ ᠶᠢᠨ ᠲᠠᠶᠢᠰᠠ᠂ ᠮᠣᠩᠭᠤᠯ ᠭᠡᠷ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ᠂ ᠡᠮ ᠡᠮᠨᠡᠯᠭᠡ ᠶᠢᠨ ᠠᠪᠤᠷᠠᠯᠳᠠ ᠶᠢᠨ ᠲᠣᠭᠤᠷᠢᠭ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠣᠨᠴᠠᠯᠢᠭᠲᠤ ᠢᠳᠡᠭᠡᠨ ᠤᠮᠳᠠᠭᠠᠨ᠂ ᠲᠦᠳᠡᠭ ᠭᠠᠯ ᠤᠨ ᠲᠣᠭᠯᠠᠯᠲᠠ ᠵᠡᠷᠭᠡ ᠣᠨᠴᠠᠯᠢᠭᠲᠤ ᠲᠠᠯᠠᠪᠤᠷ ᠢ ᠪᠠᠶᠢᠷᠢᠯᠠᠭᠤᠯᠵᠤ᠂ ᠭᠠᠵᠠᠷ ᠣᠷᠣᠨ ᠤ ᠰᠣᠶᠣᠯ ᠢ ᠢᠯᠡᠷᠡᠭᠦᠯᠪᠡ     ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ    ᠰᠤᠮᠤᠨ ᠤ 10 ᠭᠠᠷᠤᠢ ᠺᠠᠳ᠋ᠷ ᠵᠣᠴᠢᠯᠠᠬᠤ ᠦᠢᠯᠡᠴᠢᠯᠡᠭᠡᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠦ ᠲᠠᠢ ᠴᠠᠢ ᠴᠢᠨᠠᠬᠤ᠂ ᠮᠢᠬ᠎ᠠ ᠴᠢᠨᠠᠬᠤ᠂ ᠪᠤᠤᠰᠠ ᠵᠢᠩᠨᠡᠬᠦ᠂ ᠭᠠᠯ ᠨᠣᠴᠣᠭᠠᠨ ᠲᠦᠯᠡᠰᠢ ᠨᠡᠮᠡᠬᠦ᠂ ᠲᠤᠬᠠᠢ ᠶᠢᠨ ᠲᠠᠯᠠᠪᠤᠷ ᠲᠤ ᠢᠷᠡᠭᠰᠡᠨ ᠵᠣᠴᠢᠨ᠂ ᠵᠤᠭᠠᠴᠠᠭᠰᠠᠳ ᠪᠣᠯᠣᠨ ᠮᠠᠯᠴᠢᠨ ᠲᠦᠮᠡᠨ ᠳᠤ ᠬᠠᠯᠠᠭᠤᠨ ᠳᠣᠲᠣᠨᠣ ᠵᠣᠴᠢᠯᠠᠭᠠᠨ ᠤ ᠦᠢᠯᠡᠴᠢᠯᠡᠭᠡ ᠬᠠᠩᠭᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号