《 ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ  ︾  ᠪᠤᠯᠠᠭᠠᠨ ᠰᠤᠮᠤ ᠶᠢᠨ ᠭᠠᠴᠠᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠪᠠ︕
ᠨᠡᠶᠢᠲᠡᠯᠡᠭᠰᠡᠨ ᠴᠠᠭ᠄
2023/11/29
《 ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ  ︾  ᠪᠤᠯᠠᠭᠠᠨ ᠰᠤᠮᠤ ᠶᠢᠨ ᠭᠠᠴᠠᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠪᠠ︕       ᠥᠷᠭᠡᠨ ᠠᠭᠤᠳᠠᠮ ᠲᠠᠯ᠎ᠠ ᠨᠤᠲᠤᠭ ᠮᠥᠩᠭᠦᠨ ᠥᠩᠭᠡ ᠪᠠᠷ ᠥᠩᠭᠡᠯᠡᠵᠦ᠂ ᠲᠦᠭ ᠲᠦᠮᠡᠨ ᠠᠵᠢᠨᠠᠢ ᠬᠦᠯᠦᠭ ᠤᠨ ᠲᠠᠪᠬᠢᠯᠳᠣᠭᠠᠨ ᠤ ᠣᠮᠤᠭ ᠵᠣᠷᠢᠭ ᠡᠭᠦᠯᠡ ᠶᠢ ᠨᠡᠪᠳᠡᠯᠦᠨ᠎ᠡ᠃ 11 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ  ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠰᠢᠯᠢ ᠶᠢᠨ ᠬᠤᠲᠠ ᠶᠢᠨ ᠥᠷᠲᠡᠭᠡ ᠶᠢᠨ ᠪᠤᠯᠠᠭᠠᠨ ᠰᠤᠮᠤ  ᠤ ᠭᠠᠴᠠᠭ᠎ᠠ ᠶᠢᠨ ᠬᠤᠯᠪᠣᠭᠠᠲᠤ ᠤᠷᠤᠯᠳᠤᠭᠠᠨ ᠪᠤᠯᠠᠭᠠᠨ ᠰᠤᠮᠤ ᠶᠢᠨ ᠰᠢᠷᠠᠳᠠᠯ᠎ᠠ ᠭᠠᠴᠠᠭ᠎ᠠ ᠳᠤ ᠬᠥᠭᠵᠢᠶᠡᠨᠲᠡᠢ ᠡᠬᠢᠯᠡᠪᠡ        ᠲᠤᠰ ᠤᠳᠠᠭᠠᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ  ᠬᠤᠯᠪᠣᠭᠠᠲᠤ ᠤᠷᠤᠯᠳᠤᠭᠠᠨ ᠢ ᠪᠤᠯᠠᠭᠠᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠤᠯᠠᠭᠠᠨ ᠰᠤᠮᠤᠨ ᠤ ᠡᠯ᠎ᠡ ᠭᠠᠴᠠᠭ᠎ᠠ ᠳᠠᠭᠠᠭᠠᠴᠢᠯᠠᠨ ᠡᠷᠭᠢᠯᠡᠵᠦ᠂ ᠠᠪᠠᠬ᠎ᠠ ᠶᠢᠨ ᠨᠠᠷᠬᠢᠯ ᠣᠶᠠᠭ᠎ᠠ ᠨᠡᠶᠢᠭᠡᠮᠯᠢᠭ  ᠬᠠᠮᠵᠢᠯᠴᠠᠨ ᠡᠷᠬᠢᠯᠡᠵᠦ᠂ ᠠᠵᠢᠯᠯᠠᠭ᠎ᠠ ᠨᠢ ᠰᠢ ᠶᠢᠨ ᠫᠢᠩ   ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ ᠤᠷᠤᠯᠳᠤᠭᠠᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ︾ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠬᠦᠴᠦᠯᠡᠨ ᠪᠣᠶ ᠪᠣᠯᠭᠠᠪᠠ᠃       ᠠᠶᠢᠮᠠᠭ ᠤᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠵᠤᠭᠠᠴᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠮᠢᠩ ᠵᠢᠶᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠭᠦᠸᠧ ᠵᠤ᠋᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠪᠦᠦ ᠹᠦ᠋ ᠱᠧᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠦ ᡁᠢ ᠮᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠲᠣᠶᠠᠭ᠎ᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠨᠠᠪᠴᠢᠮ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠳᠠᠷᠤᠭ᠎ᠠ ᠢᠪᠡᠭᠡᠯᠳᠦ ᠵᠢᠴᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠤᠳᠤᠷᠢᠳᠤᠯᠭ᠎ᠠ᠂ ᠠᠬ᠎ᠠ ᠳᠡᠭᠦᠦ ᠰᠤᠮᠤ ᠪᠠᠯᠭᠠᠰᠤ ᠲᠠᠯᠠᠪᠠᠶ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠤᠷᠢᠯᠭ᠎ᠠ ᠪᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠤᠯᠠᠭᠠᠨ ᠰᠣᠮᠣᠨ ᠤ  ᠨᠠᠮ ᠤᠨ ᠬᠤᠷᠢᠶᠠᠨ ᠤ ᠱᠦᠵᠢ ᠶᠠᠨ ᠹᠠᠩ ᠪᠠᠶᠠᠷ ᠤᠨ ᠦᠭᠡ ᠬᠡᠯᠡᠪᠡ ᠬᠤᠳᠠ ᠶᠢᠨ ᠤᠯᠤᠰ ᠲᠤᠶᠢᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠭᠦᠸᠧ ᠵᠣ᠋ ᠤᠷᠤᠯᠳᠤᠭᠠᠨ ᠡᠬᠢᠯᠡᠭᠰᠡᠨ ᠢ ᠵᠠᠷᠯᠠᠪᠠ      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠲᠦᠳᠡᠭ ᠭᠠᠯ ᠨᠣᠴᠣᠭᠠᠵᠤ᠂ ᠮᠣᠷᠢᠨ ᠤ ᠮᠠᠭᠲᠠᠭᠠᠯ ᠢ ᠤᠶᠠᠩᠭᠠᠯᠠᠨ ᠤᠩᠰᠢᠪᠠ᠃  ᠮᠣᠷᠢᠨ ᠤ ᠤᠷᠤᠯᠳᠤᠭᠠᠨ ᠡᠬᠢᠯᠡᠭᠰᠡᠨ ᠤ ᠲᠠᠷᠠᠭ᠎ᠠ᠂ ᠬᠥᠭᠵᠢᠮ ᠬᠥᠭᠵᠢᠮᠳᠡᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠦᠳᠡᠭ ᠭᠠᠯ ᠢ ᠲᠣᠭᠤᠷᠢᠨ ᠳᠠᠭᠤᠯᠠᠨ ᠪᠥᠵᠢᠭᠯᠡᠵᠦ᠂ ᠡᠨᠡᠬᠦ ᠨᠤᠲᠤᠭ ᠳᠡᠪᠢᠰᠬᠡᠷ ᠲᠠᠬᠢ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ ᠤᠷᠤᠯᠳᠤᠭᠠᠨ ᠤ ᠲᠠᠮᠢᠷᠴᠢᠳ ᠲᠤ ᠵᠥᠩᠨᠡᠯ ᠳᠡᠪᠰᠢᠭᠦᠯᠵᠦ᠂ ᠲᠤᠰ ᠤᠳᠠᠭ᠎ᠠ ᠶᠢᠨ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ  ︾ ᠬᠤᠯᠪᠣᠭᠠᠲᠤ ᠤᠷᠤᠯᠳᠤᠭᠠᠨ ᠤ ᠲᠡᠭᠦᠰ ᠠᠮᠵᠢᠯᠲᠠ ᠲᠠᠢ ᠪᠣᠯᠬᠤ ᠶᠢ ᠵᠥᠩᠨᠡᠪᠡ᠃       ᠲᠣᠰ ᠤᠳᠠᠭᠠᠨ ᠤ ᠬᠤᠯᠪᠣᠭᠠᠲᠤ ᠤᠷᠤᠯᠳᠤᠭᠠᠨ ᠤ ᠲᠥᠷᠥᠯ ᠵᠦᠢᠯ ᠪᠣᠯ ᠮᠣᠩᠭᠤᠯ ᠮᠣᠷᠢᠨ ᠤ ᠳᠠᠭᠠᠭᠠᠴᠠ ᠶᠢᠨ ᠤᠷᠤᠯᠳᠤᠭᠠᠨ ᠪᠣᠯᠣᠨ᠎ᠠ᠂ ᠪᠤᠯᠠᠭᠠᠨ ᠰᠤᠮᠤ ᠶᠢᠨ 9 ᠭᠠᠴᠠᠭᠠᠨ ᠤ ᠬᠡᠳᠦᠨ ᠵᠠᠭᠤᠨ ᠲᠠᠮᠢᠷᠴᠢᠨ ᠢ 3 ᠳᠤᠭᠤᠶᠢᠯᠠᠩ ᠬᠤᠪᠢᠶᠠᠨ  ᠮᠦᠷᠦᠶᠢᠴᠡᠭᠦᠯᠵᠦ᠂ ᠡᠯ᠎ᠡ ᠭᠠᠴᠠᠭᠠᠨ ᠤ ᠲᠦᠷᠦᠭᠦᠸ 8 ᠶᠢ ᠰᠣᠩᠭᠤᠵᠤ᠂ 12 ᠰᠠᠷ᠎ᠠ ᠶᠢᠨ 10 ᠤ ᠡᠳᠦᠷ ᠤᠨ ᠰᠤᠮᠤ ᠶᠢᠨ ᠲᠠᠰ ᠤᠨ ᠮᠣᠷᠢᠨ ᠤᠷᠤᠯᠳᠤᠭᠠᠨ ᠳᠤ ᠣᠷᠣᠯᠴᠠᠭᠤᠯᠤᠨ᠎ᠠ᠃      ᠲᠣᠰ ᠤᠳᠠᠭᠠᠨ ᠤ ᠠᠵᠢᠯᠯᠠᠭ᠎ᠠ ᠳᠤ  ᠮᠠᠰᠢ ᠣᠯᠠᠨ ᠬᠥᠮᠥᠨ ᠣᠷᠣᠯᠴᠠᠵᠣ᠂ ᠰᠣᠩᠭᠤᠳᠠᠭ ᠤᠷᠤᠯᠳᠤᠭᠠᠨ ᠳᠤ ᠣᠷᠣᠯᠴᠠᠬᠤ ᠶᠢᠨ ᠵᠡᠷᠭᠡ ᠳᠤ ᠪᠠᠰᠠ ᠬᠡᠲᠦ ᠮᠣᠷᠢᠨ ᠤ ᠦᠵᠡᠭᠦᠯᠦᠯᠭᠡ᠂ ᠤᠷᠠᠨ ᠰᠠᠶᠢᠬᠠᠨ ᠤ ᠲᠣᠭᠯᠠᠯᠲᠠ᠂ ᠤᠨᠤᠭᠠᠨ ᠤ ᠥᠩᠭᠡᠷᠡᠯᠲᠡ᠂ ᠬᠤᠷᠰᠢᠯᠴᠠᠬᠤ ᠲᠣᠭᠯᠠᠭᠠᠮ ᠵᠡᠷᠭᠡ ᠶᠢ ᠲᠣᠬᠢᠷᠠᠭᠤᠯᠵᠤ᠂ ᠶᠡᠭᠡ ᠲᠣᠭᠤᠭ᠎ᠠ ᠪᠠᠷ ᠴᠢᠨᠠᠭᠰᠠᠨ ᠭᠦᠵᠡᠭᠡ ᠶᠢᠨ ᠪᠣᠭᠤᠳᠠᠭ᠂ ᠭᠠᠤᠯᠢᠨ ᠲᠣᠭᠤᠭ᠎ᠠ ᠪᠠᠷ ᠴᠢᠨᠠᠭᠰᠠᠨ ᠮᠢᠬ᠎ᠠ᠂ ᠬᠠᠳᠠᠭᠰᠠᠨ ᠮᠢᠬ᠎ᠠ ᠲᠠᠢ ᠰᠦ ᠲᠠᠢ ᠴᠠᠢ ᠵᠡᠷᠭᠡ ᠥᠪᠡᠷᠮᠢᠴᠡ ᠣᠨᠴᠠᠯᠢᠭ ᠲᠠᠢ ᠢᠳᠡᠭᠡᠨ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠪᠠ ᠡᠯ᠎ᠡ ᠭᠠᠵᠠᠷ ᠤᠨ ᠵᠤᠭᠠᠴᠠᠭᠰᠠᠳ ᠤᠨ ᠠᠵᠢᠯᠯᠠᠭᠠᠨ ᠤ ᠥᠩᠭᠡᠷᠡᠭᠡᠯᠲᠡ ᠶᠢ ᠪᠠᠶᠠᠯᠢᠭᠵᠢᠭᠤᠯᠤᠭᠰᠠᠨ ᠪᠠᠶᠢᠨ᠎ᠠ᠃   ᠠᠵᠢᠨᠠᠢ ᠬᠦᠯᠦᠭ ᠱᠠᠯᠠᠮᠠᠭᠠᠶᠢᠯᠠᠨ ᠳᠠᠪᠬᠢᠵᠤ᠂ ᠤᠷᠤᠯᠳᠤᠭᠠᠨ ᠤ ᠥᠩᠭᠡ ᠭᠢᠯᠪᠠᠭ᠎ᠠ ᠪᠠᠨ ᠰᠠᠴᠣᠷᠠᠭᠤᠯᠣᠨ᠎ᠠ︕ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠭᠠᠴᠠᠭᠠᠨ ᠤ ᠲᠠᠰ ᠤᠨ 15 ᠺᠢᠯᠣᠮᠧᠲᠷ ᠤᠨ ᠳᠠᠭᠠᠭᠠᠴᠠ ᠶᠢᠨ ᠤᠷᠤᠯᠳᠤᠭᠠᠨ ᠤ ᠨᠢᠭᠡ ᠠᠴᠠ ᠨᠠᠢᠮᠠᠳᠤᠭᠠᠷ ᠳᠡᠰ ᠤᠨ ᠱᠠᠩᠨᠠᠯ ᠳᠤ ᠨᠡᠶᠢᠲᠡ 72 ᠨᠡᠷᠡᠰ ᠰᠢᠯᠭᠠᠷᠠᠭᠤᠯᠵᠤ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠣᠨ ᠰᠣᠶᠣᠯ ᠤᠨ ᠲᠦᠪ ᠤᠨ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ   ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠰᠢᠯᠢ ᠶᠢᠨ ᠬᠤᠲᠠ ᠶᠢᠨ ᠥᠷᠲᠡᠭᠡ ᠶᠢᠨ ᠪᠤᠯᠠᠭᠠᠨ ᠰᠤᠮᠤ ᠶᠢᠨ ᠭᠠᠴᠠᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠣᠯᠪᠠ︕      2014 ᠣᠨ ᠤ 1 ᠰᠠᠷ᠎ᠠ ᠶᠢᠨ 27 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠬᠠᠬᠢᠷ ᠬᠦᠢᠲᠡᠨ ᠢ ᠬᠠᠶᠢᠬᠤᠷᠤᠯ ᠦᠭᠡᠢ ᠪᠠᠷ ᠰᠢᠯᠢ ᠶᠢᠨ ᠭᠤᠣᠯ ᠤᠨ ᠲᠠᠯ᠎ᠠ ᠨᠤᠲᠤᠭ ᠲᠤ ᠢᠷᠡᠵᠦ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠪᠤᠯᠠᠭᠠᠨ ᠰᠤᠮᠤ ᠶᠢᠨ ᠡᠪᠦᠯ ᠤᠨ ᠤᠯᠠᠷᠢᠯ ᠤᠨ ᠨᠠᠭᠠᠳᠤᠮ ᠳᠤ ᠣᠷᠣᠯᠴᠠᠭᠠᠳ᠂ ︽ᠪᠢᠳᠡ ᠠᠵᠢᠯ ᠬᠢᠵᠦ ᠦᠢᠯᠡᠰ ᠴᠣᠭᠴᠠᠯᠠᠬᠤ ᠳᠠᠭᠠᠨ ᠮᠣᠩᠭᠤᠯ ᠮᠣᠷᠢ ᠰᠢᠭ᠋ ᠲᠡᠰᠪᠦᠷᠢ ᠬᠠᠲᠠᠭᠤᠵᠢᠯᠲᠠᠢ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃ ᠠᠷᠪᠠᠨ ᠵᠢᠯ ᠤᠨ ᠲᠤᠷᠰᠢ᠂ ᠪᠤᠯᠠᠭᠠᠨ ᠰᠤᠮᠤ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠤ ᠦᠢᠯᠡᠰ ᠢ ᠬᠥᠭᠵᠢᠭᠦᠯᠬᠦ᠂  ᠬᠦᠳᠡᠭᠡ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠮᠠᠯᠵᠢᠬᠤ ᠣᠷᠣᠨ ᠤ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠰᠠᠭᠤᠷᠢ ᠲᠥᠬᠦᠭᠡᠷᠦᠮᠵᠢ ᠶᠡᠬᠡᠪᠡᠷ ᠰᠠᠶᠢᠵᠢᠷᠠᠵᠤ᠂ ᠮᠠᠯᠴᠢᠳ ᠤᠨ ᠠᠮᠢᠳᠤᠷᠠᠯ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠤᠯᠠᠨ ᠦᠨᠳᠦᠰᠦᠲᠡᠨ ᠲᠠᠢ ᠶᠡᠭᠡ ᠭᠡᠷ ᠪᠦᠯᠢ ᠪᠠᠶᠠᠷ ᠪᠠᠶᠠᠰᠬᠤᠯᠠᠩ ᠲᠠᠢ  ᠃ ᠢᠷᠡᠭᠡᠳᠦᠢ ᠳᠤ᠂ ᠪᠤᠯᠠᠭᠠᠨ ᠰᠤᠮᠤ ᠦᠷᠭᠦᠯᠵᠢᠯᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠢ ᠪᠦᠯᠬᠦᠮᠳᠡᠭᠦᠯᠦᠨ ᠳᠠᠭᠠᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ︾᠂ ᠪᠦᠯᠬᠦᠮᠳᠡᠨ ᠲᠡᠮᠡᠴᠡᠵᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠣᠣ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号