︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ︾︱ ᠪᠤᠯᠠᠭᠠᠨ ᠰᠤᠮᠤ ᠶᠢᠨ ᠭᠠᠴᠠᠭᠠᠨ ᠤ ᠬᠠᠮᠲᠤᠷᠠᠭᠰᠠᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ ᠪᠠᠶᠢᠨ᠎ᠠ︕
ᠨᠡᠶᠢᠲᠡᠯᠡᠭᠰᠡᠨ ᠴᠠᠭ᠄
2023/11/29
   ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ︾︱ ᠪᠤᠯᠠᠭᠠᠨ ᠰᠤᠮᠤ ᠶᠢᠨ ᠭᠠᠴᠠᠭᠠᠨ ᠤ ᠬᠠᠮᠲᠤᠷᠠᠭᠰᠠᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ ᠪᠠᠶᠢᠨ᠎ᠠ︕     ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ   ᠢ ᠪᠠᠶᠢᠭᠤᠯᠵᠤ᠂ ᠳᠣᠣᠷ᠎ᠠ ᠨᠢ 13 ᠠᠵᠢᠯᠯᠠᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ 4 ᠤᠳᠠᠭ᠎ᠠ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠤᠷᠤᠯᠳᠤᠭᠠᠨ ᠤ ᠪᠡᠯᠡᠳᠬᠡᠯ᠂ ᠠᠵᠢᠯᠲᠠᠨ ᠢ ᠵᠣᠬᠢᠶᠠᠨ ᠪᠠᠶᠢᠭᠤᠯᠬᠤ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠵᠦ᠂ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠪᠣᠳᠠᠲᠠᠢ ᠪᠠᠶᠢᠴᠠᠭᠠᠯᠲᠠ ᠬᠢᠵᠦ ᠲᠠᠯᠠᠪᠣᠷ ᠰᠣᠩᠭᠤᠨ᠎ᠠ     ᠮᠠᠯᠵᠢᠬᠤ ᠣᠷᠣᠨ ᠳᠤ ᠣᠯᠠᠨ ᠤᠳᠠᠭ᠎ᠠ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠷᠠᠯ ᠤᠨ ᠲᠠᠯᠠᠪᠣᠷ ᠤᠨ ᠪᠠᠶᠢᠷᠢᠯᠠᠭᠤᠯᠣᠯᠲᠠ  ᠶᠢ ᠰᠣᠩᠭᠤᠪᠠ     ᠣᠨᠴᠠᠯᠢᠭᠲᠤ ᠪᠠᠶᠢᠷᠢᠯᠠᠭᠤᠯᠤᠯᠲᠠ    20 ᠭᠠᠷᠤᠢ ᠮᠠᠰᠢᠨ ᠲᠡᠷᠭᠡ᠂ 60 ᠭᠠᠷᠤᠢ ᠺᠠᠳ᠋ᠷ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠬᠥᠳᠡᠯᠭᠡᠵᠦ᠂ ᠲᠡᠷᠢᠭᠦᠯᠡᠭᠴᠢ ᠶᠢᠨ ᠲᠠᠶᠢᠰᠠ᠂ ᠮᠣᠩᠭᠤᠯ ᠭᠡᠷ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ᠂ ᠡᠮ ᠡᠮᠨᠡᠯᠭᠡ ᠶᠢᠨ ᠠᠪᠤᠷᠠᠯᠳᠠ ᠶᠢᠨ ᠲᠣᠭᠤᠷᠢᠭ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠣᠨᠴᠠᠯᠢᠭᠲᠤ ᠢᠳᠡᠭᠡᠨ ᠤᠮᠳᠠᠭᠠᠨ᠂ ᠲᠦᠳᠡᠭ ᠭᠠᠯ ᠤᠨ ᠲᠣᠭᠯᠠᠯᠲᠠ ᠵᠡᠷᠭᠡ ᠣᠨᠴᠠᠯᠢᠭᠲᠤ ᠲᠠᠯᠠᠪᠤᠷ ᠢ ᠪᠠᠶᠢᠷᠢᠯᠠᠭᠤᠯᠵᠤ᠂ ᠭᠠᠵᠠᠷ ᠣᠷᠣᠨ ᠤ ᠰᠣᠶᠣᠯ ᠢ ᠢᠯᠡᠷᠡᠭᠦᠯᠪᠡ     ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ    ᠰᠤᠮᠤᠨ ᠤ 10 ᠭᠠᠷᠤᠢ ᠺᠠᠳ᠋ᠷ ᠵᠣᠴᠢᠯᠠᠬᠤ ᠦᠢᠯᠡᠴᠢᠯᠡᠭᠡᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠦ ᠲᠠᠢ ᠴᠠᠢ ᠴᠢᠨᠠᠬᠤ᠂ ᠮᠢᠬ᠎ᠠ ᠴᠢᠨᠠᠬᠤ᠂ ᠪᠤᠤᠰᠠ ᠵᠢᠩᠨᠡᠬᠦ᠂ ᠭᠠᠯ ᠨᠣᠴᠣᠭᠠᠨ ᠲᠦᠯᠡᠰᠢ ᠨᠡᠮᠡᠬᠦ᠂ ᠲᠤᠬᠠᠢ ᠶᠢᠨ ᠲᠠᠯᠠᠪᠤᠷ ᠲᠤ ᠢᠷᠡᠭᠰᠡᠨ ᠵᠣᠴᠢᠨ᠂ ᠵᠤᠭᠠᠴᠠᠭᠰᠠᠳ ᠪᠣᠯᠣᠨ ᠮᠠᠯᠴᠢᠨ ᠲᠦᠮᠡᠨ ᠳᠤ ᠬᠠᠯᠠᠭᠤᠨ ᠳᠣᠲᠣᠨᠣ ᠵᠣᠴᠢᠯᠠᠭᠠᠨ ᠤ ᠦᠢᠯᠡᠴᠢᠯᠡᠭᠡ ᠬᠠᠩᠭᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号